ᠬᠢᠩᠭᠠᠨ ᠠᠶᠢᠮᠠᠭ  ᠤᠨ ᠵᠠᠬᠢᠷᠭ᠎ᠠ ᠶᠢᠨ ᠮᠥᠩᠭᠦᠨ ᠭᠦᠢᠯᠭᠡᠭᠡᠨ ᠤ ᠠᠵᠢᠯ ᠤᠨ ᠠᠯᠪᠠᠨ ᠭᠡᠷ
ᠨᠡᠶᠢᠲᠡᠯᠡᠭᠰᠡᠨ ᠴᠠᠭ᠄
2021/3/30
   ᠭᠤᠣᠯ ᠡᠭᠦᠷᠭᠡ ᠬᠠᠷᠢᠭᠤᠴᠠᠯᠭ᠎ᠠ    ᠨᠢᠭᠡ  ᠂ ᠨᠠᠮ ᠤᠨ ᠲᠥᠪ ᠬᠤᠷᠢᠶᠠᠨ ᠤ ᠮᠥᠩᠭᠦᠨ ᠭᠦᠢᠯᠭᠡᠭᠡᠨ ᠤ ᠠᠵᠢᠯ ᠤᠨ ᠲᠤᠬᠠᠶ ᠴᠢᠭᠯᠡᠯᠲᠡ ᠲᠥᠷᠥ ᠶᠢᠨ ᠪᠣᠳᠣᠯᠭ᠎ᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠶᠢᠮᠠᠭ ᠤᠨ ᠨᠠᠮ ᠤᠨ ᠬᠤᠷᠢᠶᠠᠨ ᠤ ᠰᠢᠢᠳᠪᠦᠷᠢᠳᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ  ᠲᠤᠭᠤᠰᠢᠯᠠᠭᠤᠯᠵᠦ᠂ ᠪᠦᠬᠦ ᠠᠶᠢᠮᠠᠭ ᠤᠨ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠬᠥᠭᠵᠢᠯᠲᠡ ᠶᠢᠨ ᠶᠡᠷᠦᠩᠬᠡᠢ ᠲᠥᠯᠥᠪᠵᠢᠭᠦᠯᠪᠡ᠂ ᠲᠥᠷᠦ ᠶᠢᠨ ᠪᠣᠳᠣᠯᠭ᠎ᠠ  ᠶᠢᠨ ᠠᠷᠭ᠎ᠠ ᠬᠡᠮᠵᠢᠶ᠎ᠡ᠂ ᠠᠵᠢᠯ ᠤᠨ ᠲᠥᠯᠥᠪᠯᠡᠭᠡ ᠶᠢ ᠰᠤᠳᠤᠯᠤᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠪᠦᠬᠦ ᠠᠶᠢᠮᠠᠭ ᠤᠨ ᠮᠥᠩᠭᠦᠨ ᠭᠦᠢᠯᠭᠡᠭᠡᠨ ᠤ ᠭᠦᠢᠴᠡᠳᠭᠡᠯ ᠤᠨ ᠪᠠᠶᠢᠳᠠᠯ ᠢ ᠵᠠᠳᠠᠯᠵᠤ᠂ ᠬᠥᠳᠡᠯᠦᠯ ᠪᠠᠶᠢᠳᠠᠯ ᠢ ᠡᠵᠡᠮᠰᠢᠨ᠂ ᠰᠢᠯᠭᠠᠨ ᠦᠨᠡᠯᠡᠬᠦ ᠲᠣᠭᠲᠠᠴᠠ ᠶᠢ ᠲᠡᠭᠦᠯᠳᠡᠷᠵᠢᠭᠦᠯᠵᠦ᠂  ᠭᠠᠵᠠᠷ ᠤᠷᠤᠨ ᠤ ᠮᠥᠩᠭᠦᠨ ᠭᠦᠢᠯᠭᠡᠭᠡᠨ ᠤ ᠥᠭᠡᠷᠡᠴᠢᠯᠡᠯᠲᠡ ᠪᠠ ᠰᠢᠨ᠎ᠡ ᠶᠢ ᠡᠭᠦᠳᠬᠦ ᠶᠢ ᠭᠦᠨᠵᠡᠭᠡᠶᠢᠷᠡᠭᠦᠯᠦᠨ᠎ᠡ  ᠃       ᠬᠤᠶᠠᠷ᠂ ᠮᠦᠩᠭᠦᠨ ᠭᠦᠢᠯᠭᠡᠭᠡᠨ ᠤ ᠬᠠᠮᠢᠶᠠᠷᠤᠯᠳᠠ ᠶᠢᠨ ᠰᠠᠯᠠᠭ᠎ᠠ ᠮᠦᠴᠢᠷ᠂ ᠮᠦᠩᠭᠦᠨ ᠭᠦᠢᠯᠭᠡᠭᠡᠨ ᠤ ᠪᠠᠶᠢᠭᠤᠯᠤᠮᠵᠢ ᠲᠠᠢ ᠨᠡᠪᠲᠡᠷᠡᠯᠴᠡᠨ ᠵᠤᠬᠢᠴᠠᠭᠤᠯᠬᠤ ᠶᠢ ᠬᠠᠷᠢᠭᠤᠴᠠᠵᠦ᠂ ᠮᠡᠳᠡᠭᠡ ᠵᠠᠩᠭᠢ ᠶᠢᠨ ᠰᠤᠯᠢᠯᠴᠠᠭ᠎ᠠ ᠪᠤᠯᠤᠨ ᠦᠢᠯᠡᠴᠢᠯᠡᠭᠡᠨ ᠤ ᠠᠵᠢᠯ ᠢ ᠴᠢᠩᠭᠠᠳᠬᠠᠨ᠂ ᠭᠠᠵᠠᠷ ᠤᠷᠤᠨ ᠤ ᠬᠠᠤᠯᠢ ᠶᠢᠨ ᠡᠷᠭᠡᠳᠡᠨ ᠤ ᠮᠦᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠦᠭᠡᠷᠡᠴᠢᠯᠡᠯᠳᠡ ᠬᠦᠭᠵᠢᠯᠳᠡ ᠶᠢ ᠵᠢᠯᠤᠭᠤᠳᠴᠤ᠂ ᠭᠠᠵᠠᠷ ᠤᠷᠤᠨ ᠤ ᠬᠠᠤᠯᠢ ᠶᠢᠨ ᠡᠷᠭᠡᠳᠡᠨ ᠤ ᠮᠦᠩᠭᠦᠨ ᠭᠦᠢᠯᠭᠡᠭᠡᠨ ᠤ ᠪᠠᠶᠢᠭᠤᠯᠤᠮᠵᠢ ᠶᠢᠨ  ᠬᠦᠨᠳᠦ ᠴᠢᠬᠤᠯᠠ ᠬᠡᠷᠡᠭ ᠶᠠᠪᠤᠳᠠᠯ ᠢ ᠵᠤᠬᠢᠴᠠᠭᠤᠯᠤᠨ᠎ᠠ᠃     ᠭᠤᠷᠪᠠ᠂ ᠪᠦᠬᠦ ᠠᠶᠢᠮᠠᠭ  ᠤᠨ ᠮᠦᠩᠭᠦᠨ ᠭᠦᠢᠯᠭᠡᠭᠡᠨ ᠤ ᠬᠦᠭᠵᠢᠯᠳᠡ ᠶᠢᠨ ᠲᠦᠯᠦᠪᠵᠢᠭᠦᠯᠭᠡ ᠶᠢ ᠲᠦᠭᠡᠮᠡᠯᠵᠢᠭᠦᠯᠬᠦ  ᠶᠢᠨ ᠬᠠᠮᠳᠤ ᠵᠤᠬᠢᠶᠠᠨ ᠪᠠᠶᠢᠭᠤᠯᠤᠨ ᠬᠡᠷᠡᠭᠵᠢᠭᠦᠯᠵᠦ ︽ᠮᠠᠯ ᠠᠵᠦ ᠠᠬᠤᠢ ᠲᠠᠷᠢᠶᠠᠯᠠᠩ ᠮᠠᠯᠵᠢᠬᠤ ᠲᠠᠷᠢᠶᠠᠯᠠᠬᠤ ᠤᠷᠤᠨ ᠮᠠᠯᠴᠢᠨ ᠲᠠᠷᠢᠶᠠᠴᠢᠨ︾  ︽ᠵᠢᠵᠢᠭ  ᠪᠢᠴᠢᠯ ᠠᠵᠦ ᠠᠬᠤᠶᠢᠯᠠᠯ︾ ᠶᠢᠨ ᠮᠦᠩᠭᠦᠨ ᠭᠦᠢᠯᠭᠡᠭᠡᠨ ᠤ ᠦᠢᠯᠡᠴᠢᠯᠡᠭᠡᠨ ᠤ ᠰᠢᠰᠲ᠋ᠧᠮ ᠢ  ᠪᠤᠶᠢᠵᠢᠭᠤᠯᠬᠤ ᠪᠠ ᠬᠦᠭᠵᠢᠭᠦᠯᠦᠨ᠎ᠡ᠃                          ᠲᠦᠷᠪᠡ᠂ ᠮᠦᠩᠭᠦᠨ ᠭᠦᠢᠯᠭᠡᠭᠡᠨ ᠤ ᠬᠠᠮᠢᠶᠠᠷᠤᠯᠳᠠ ᠶᠢᠨ ᠰᠠᠯᠠᠭ᠎ᠠ ᠮᠦᠴᠢᠷ ᠲᠠᠢ ᠵᠣᠬᠢᠴᠠᠯᠳᠤᠨ ᠬᠠᠮᠵᠢᠯᠴᠠᠵᠤ ᠮᠠᠨ ᠤ ᠠᠶᠢᠮᠠᠭ ᠤᠨ ᠡᠯ᠎ᠡ ᠲᠦᠷᠦᠯ ᠤᠨ ᠮᠦᠩᠭᠦᠨ ᠭᠦᠢᠯᠭᠡᠭᠡᠨ ᠤ ᠪᠠᠶᠢᠭᠤᠯᠤᠮᠵᠢ ᠶᠢ ᠬᠢᠨᠠᠨ ᠬᠠᠮᠢᠶᠠᠷᠤᠨ᠎ᠠ᠃ ᠠᠶᠢᠮᠠᠭ ᠲᠤ ᠰᠠᠭᠤᠭ᠎ᠠ ᠮᠦᠩᠭᠦᠨ ᠭᠦᠢᠯᠭᠡᠭᠡᠨ ᠤ ᠪᠠᠶᠢᠭᠤᠯᠤᠮᠵᠢ  ᠢ ᠵᠤᠬᠢᠴᠠᠭᠤᠯᠤᠨ ᠮᠠᠨ ᠤ ᠠᠶᠢᠮᠠᠭ ᠤᠨ ᠠᠵᠦ ᠠᠬᠤᠢ ᠶᠢᠨ ᠬᠦᠭᠵᠢᠯᠳᠡ ᠳᠤ ᠦᠢᠯᠡᠴᠢᠯᠡᠭᠦᠯᠵᠦ᠂ ᠮᠦᠩᠭᠦᠨ ᠭᠦᠢᠯᠭᠡᠭᠡᠨ ᠤ ᠦᠢᠯᠡᠴᠢᠯᠡᠭᠡᠨ ᠤ ᠪᠤᠳᠠᠳᠠᠤ ᠠᠵᠦ ᠠᠬᠤᠢ ᠶᠢᠨ ᠴᠢᠳᠠᠪᠤᠷᠢ ᠶᠢ ᠴᠢᠩᠭᠠᠳᠬᠠᠨ᠂ ᠮᠦᠩᠬᠦᠨ ᠭᠦᠢᠯᠭᠡᠭᠡᠨ ᠤ ᠠᠮᠢ ᠠᠬᠤᠢ ᠶᠢᠨ ᠤᠷᠴᠢᠨ ᠲᠤᠭᠤᠷᠢᠨ ᠢ ᠰᠢᠯᠢᠳᠡᠭᠵᠢᠭᠦᠯᠦᠨ᠎ᠡ᠃     ᠲᠠᠪᠤ  ᠂ ᠣᠯᠠᠨ ᠳᠡᠰ ᠳᠠᠪᠬᠤᠷᠭ᠎ᠠ ᠪᠦᠬᠦᠢ ᠬᠥᠷᠥᠩᠭᠡ ᠶᠢᠨ ᠵᠠᠬ᠎ᠠ ᠳᠡᠯᠭᠡᠭᠦᠷ ᠤᠨ ᠬᠥᠭᠵᠢᠯᠲᠡ ᠶᠢᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠤᠭᠤᠰᠢᠯᠠᠭᠤᠯᠤᠨ ᠬᠡᠷᠡᠭᠵᠢᠭᠦᠯᠦᠨ᠎ᠡ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠵᠣᠬᠢᠴᠠᠭᠤᠯᠤᠨ ᠠᠵᠤ ᠠᠬᠤᠶᠢᠯᠠᠯ ᠤᠨ ᠰᠲ᠋ᠣᠺ ᠤᠨ ᠵᠠᠬ᠎ᠠ ᠳᠡᠯᠭᠡᠭᠦᠷ ᠲᠤ ᠭᠠᠷᠬᠤ᠂ ᠫᠠᠶᠢᠰᠠ ᠡᠯᠭᠦᠬᠦ ᠠᠵᠢᠯ ᠢ  ᠠᠬᠢᠭᠤᠯᠤᠨ᠎ᠠ᠃ ᠠᠵᠤ ᠠᠬᠤᠶᠢᠯᠠᠯ  ᠤᠨ ᠵᠢᠭᠡᠯᠡᠯᠭᠡ ᠶᠢᠨ ᠲᠡᠮᠳᠡᠭᠲᠦ ᠲᠠᠷᠬᠠᠭᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠰᠢᠭᠤᠳ ᠪᠡᠯᠡ ᠲᠣᠬᠢᠷᠠᠭᠤᠯᠬᠤ  ᠶᠢ ᠵᠢᠯᠤᠭᠤᠳᠤᠨ᠎ᠠ᠃     ᠵᠢᠷᠭᠤᠭ᠎ᠠ᠂ ᠵᠠᠰᠠᠭ ᠤᠨ ᠣᠷᠳᠣᠨ ᠤ ᠪᠡᠯᠡ ᠲᠣᠬᠢᠷᠠᠭᠤᠯᠬᠤ ᠲᠠᠪᠴᠠᠩ ᠤᠨ ᠺᠣᠮᠫᠠᠨᠢ ᠶᠢᠨ ᠬᠡᠯᠪᠡᠷᠢ ᠪᠠᠨ  ᠬᠤᠪᠢᠷᠠᠭᠤᠯᠤᠨ ᠬᠦᠭᠵᠢᠭᠦᠯᠬᠦ ᠪᠠ ᠬᠢᠨᠠᠯᠲᠠ ᠲᠠᠯᠪᠢᠬᠤ ᠶᠢ ᠬᠠᠷᠢᠭᠤᠴᠠᠨ᠎ᠠ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠵᠢᠯᠴᠠᠨ ᠣᠷᠣᠨ ᠨᠤᠲᠤᠭ ᠤᠨ ᠵᠠᠰᠠᠭ ᠤᠨ ᠣᠷᠳᠣᠨ ᠤ ᠥᠭᠴᠡᠭᠡ ᠶᠢᠨ ᠬᠠᠮᠢᠶᠠᠷᠤᠯᠲᠠ ᠶᠢᠨ ᠠᠵᠢᠯ ᠢ ᠰᠠᠶᠢᠲᠤᠷ ᠬᠢᠨ᠎ᠡ᠃    ᠳᠣᠯᠤᠭ᠎ᠠ᠂ ᠬᠤᠯᠪᠣᠭᠳᠠᠯ ᠪᠥᠬᠦᠶ ᠰᠠᠯᠠᠭ᠎ᠠ ᠮᠥᠴᠢᠷ ᠲᠠᠢ ᠵᠣᠬᠢᠴᠠᠯᠳᠤᠨ ᠬᠠᠮᠵᠢᠯᠴᠠᠵᠤ ᠪᠠᠶᠢᠭᠠᠳ ᠣᠷᠣᠨ ᠨᠤᠲᠤᠭ ᠤᠨ ᠮᠥᠩᠭᠦᠨ  ᠭᠦᠢᠯᠭᠡᠭᠡᠨ ᠤ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠪᠠ ᠰᠢᠢᠳᠪᠦᠷᠢᠯᠡᠨ᠎ᠡ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠵᠣᠬᠢᠴᠠᠭᠤᠯᠤᠨ ᠬᠠᠤᠯᠢ ᠶᠤᠰᠤᠠᠭᠷ ᠬᠠᠤᠯᠢ ᠪᠤᠰᠤ ᠪᠠᠷ ᠪᠡᠯᠡ ᠴᠤᠭᠯᠠᠭᠤᠯᠬᠤ ᠵᠡᠷᠭᠡ ᠬᠠᠤᠯᠢ ᠪᠤᠰᠤ ᠮᠥᠩᠭᠦᠨ ᠭᠦᠢᠯᠭᠡᠭᠡᠨ ᠤ ᠠᠵᠢᠯᠯᠠᠭ᠎ᠠ ᠶᠢ ᠰᠡᠷᠭᠡᠶᠢᠯᠡᠬᠦ ᠪᠠ ᠰᠢᠢᠳᠪᠦᠷᠢᠯᠡᠬᠦ ᠠᠵᠢᠯ ᠢ ᠰᠠᠶᠢᠲᠤᠷ ᠬᠢᠨ᠎ᠡ᠃    ᠨᠠᠢᠮᠠ᠂ ᠪᠦᠬᠦ ᠠᠶᠢᠮᠠᠭ ᠤᠨ ᠪᠡᠯᠡ ᠲᠣᠬᠢᠷᠠᠭᠤᠯᠭ᠎ᠠ ᠶᠢᠨ ᠳᠠᠭᠠᠭᠠᠯᠲᠠ ᠶᠢᠨ ᠪᠠᠶᠢᠭᠤᠯᠤᠮᠵᠢ᠂ ᠪᠠᠭ᠎ᠠ ᠲᠣᠭᠠᠨ ᠤ ᠢᠲᠡᠭᠡᠮᠵᠢᠲᠦ ᠵᠢᠭᠡᠯᠡᠯᠭᠡ ᠶᠢᠨ ᠺᠣᠮᠫᠠᠨᠢ᠂ ᠳᠠᠨᠵᠢᠯᠠᠬᠤ ᠭᠠᠵᠠᠷ᠂ ᠪᠡᠯᠡ ᠲᠣᠬᠢᠷᠠᠭᠤᠯᠭ᠎ᠠ ᠶᠢᠨ ᠲᠦᠷᠢᠶᠡᠰᠦᠯᠡᠬᠦ ᠺᠣᠮᠫᠠᠨᠢ ᠂ ᠬᠤᠳᠠᠯᠳᠤᠭᠠᠨ ᠤ  ᠪᠠᠳᠤᠯᠠᠭ᠎ᠠ ᠶᠢᠨ  ᠺᠣᠮᠫᠠᠨᠢ᠂ ᠣᠷᠣᠨ ᠨᠤᠲᠤᠭ ᠤᠨ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠺᠣᠮᠫᠠᠨᠢ ᠳᠤ ᠬᠢᠨᠠᠯᠲᠠ ᠲᠠᠯᠪᠢᠵᠤ ᠬᠠᠮᠢᠶᠠᠷᠬᠤ ᠶᠢ ᠡᠭᠦᠷᠭᠡᠯᠡᠨ᠎ᠡ᠃     ᠶᠢᠰᠦ  ᠂ ᠪᠦᠬᠦ ᠠᠶᠢᠮᠠᠭ ᠤᠨ ᠪᠡᠯᠡ ᠣᠷᠣᠭᠤᠯᠬᠤ ᠺᠣᠮᠫᠠᠨᠢ᠂ ᠢᠲᠡᠭᠡᠮᠵᠢ ᠪᠠᠷ ᠬᠠᠷᠢᠯᠴᠠᠨ ᠬᠠᠪᠰᠤᠷᠤᠯᠴᠠᠬᠤ ᠶᠢ ᠥᠷᠨᠢᠭᠦᠯᠬᠦ  ᠮᠠᠯᠴᠢᠨ ᠲᠠᠷᠢᠶᠠᠴᠢᠨ ᠤ ᠲᠤᠰᠬᠠᠶ ᠠᠵᠢᠯ ᠤᠨ ᠬᠤᠷᠰᠢᠶ᠎ᠠ᠂ ᠨᠡᠶᠢᠭᠡᠮ ᠤᠨ ᠨᠡᠶᠢᠲᠡ ᠣᠯᠠᠨ ᠢᠶᠠᠷ ᠢᠶᠠᠨ ᠬᠤᠷᠠᠮᠳᠤᠭᠤᠯᠬᠤ ᠪᠠᠶᠢᠭᠤᠯᠤᠮᠵᠢ᠂ ᠡᠷᠬᠡ ᠠᠰᠢᠭ ᠤᠨ ᠲᠥᠷᠥᠯ ᠤᠨ ᠠᠷᠠᠯᠵᠢᠶᠠᠨ ᠤ ᠲᠠᠯᠠᠪᠤᠷ ᠭᠠᠵᠠᠷ ᠤᠨ ᠬᠠᠮᠢᠶᠠᠷᠤᠯᠲᠠ ᠶᠢᠨ ᠲᠥᠷᠥ ᠶᠢᠨ ᠪᠣᠳᠣᠯᠭ᠎ᠠ ᠶᠢ ᠲᠤᠭᠤᠷᠪᠢᠨ ᠲᠣᠭᠲᠠᠭᠠᠨ᠎ᠠ᠃ ᠲᠡᠭᠦᠨ ᠤ ᠲᠤᠬᠠᠶᠢᠯᠠᠭᠰᠠᠨ ᠠᠵᠢᠯ ᠢ ᠵᠢᠯᠣᠭᠤᠳᠬᠤ ᠪᠠ ᠬᠢᠨᠠᠯᠲᠠ ᠲᠠᠯᠪᠢᠬᠤ ᠶᠢ ᠬᠠᠷᠢᠭᠤᠴᠠᠨ᠎ᠠ᠃       ᠠᠷᠪᠠ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠰᠦᠯᠵᠢᠶᠡᠨ ᠤ ᠢᠲᠡᠭᠡᠮᠵᠢᠲᠦ ᠵᠢᠭᠡᠯᠡᠯᠭᠡ ᠶᠢᠨ ᠮᠡᠳᠡᠭᠡ ᠵᠠᠩᠭᠢ ᠶᠢᠨ ᠵᠠᠭᠤᠴᠢ ᠪᠠᠶᠢᠭᠤᠯᠤᠮᠵᠢ ᠳᠤ ᠬᠢᠨᠠᠯᠲᠠ ᠲᠠᠯᠪᠢᠬᠤ ᠠᠵᠢᠯ ᠢ ᠰᠠᠶᠢᠲᠤᠷ ᠬᠢᠨ᠎ᠡ᠃     ᠠᠷᠪᠠᠨ ᠨᠢᠭᠡ  ᠂  ᠮᠥᠩᠭᠦᠨ ᠭᠦᠢᠯᠭᠡᠨᠭᠨ ᠤ ᠣᠷᠣᠨ ᠪᠦᠰᠡ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠦᠨ᠎ᠡ᠃ ᠪᠦᠬᠦ ᠠᠶᠢᠮᠠᠭ ᠤᠨ ᠮᠥᠩᠭᠦᠨ ᠭᠦᠢᠯᠭᠡᠭᠡᠨ ᠤ ᠴᠢᠳᠠᠪᠤᠷᠢᠲᠠᠨ ᠤ ᠡᠩᠨᠡᠭᠡᠨ ᠤ ᠪᠠᠶᠢᠭᠤᠯᠤᠯᠲᠠ ᠶᠢᠨ ᠲᠥᠯᠥᠪᠵᠢᠭᠦᠯᠭᠡ ᠶᠢ ᠲᠤᠭᠤᠷᠪᠢᠨ ᠲᠣᠭᠲᠠᠭᠠᠬᠤ ᠵᠢᠴᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃     ᠠᠷᠪᠠᠨ ᠬᠤᠶᠠᠷ  ᠂ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠠᠴᠠ ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠦᠨ᠎ᠡ᠃
 
ᠢᠷᠡᠯᠲᠡ᠄ ᠬᠢᠩᠭᠠᠨ ᠠᠶᠢᠮᠠᠭ  ᠤᠨ ᠵᠠᠬᠢᠷᠭ᠎ᠠ ᠶᠢᠨ ᠮᠥᠩᠭᠦᠨ ᠭᠦᠢᠯᠭᠡᠭᠡᠨ ᠤ ᠠᠵᠢᠯ ᠤᠨ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号