ᠬᠢᠩᠭᠠᠨ ᠠᠶᠢᠮᠠᠭ ᠤᠨ ᠳᠤᠳᠤᠭᠠᠳᠤ ᠶᠢ ᠬᠠᠮᠠᠭᠠᠯᠠᠬᠤ ᠲᠤᠪᠴᠢᠶ᠎ᠠ
ᠨᠡᠶᠢᠲᠡᠯᠡᠭᠰᠡᠨ ᠴᠠᠭ᠄
2021/3/30
    ᠤᠳᠤ ᠶᠢᠨ ᠠᠵᠢᠯᠳᠠᠨ ᠤ ᠤᠷᠤᠨ ᠲᠤᠭ᠎ᠠ ᠶᠢᠨ ᠶᠤᠰᠤᠭᠠᠷ᠂ ᠬᠢᠩᠭᠠᠨ ᠠᠶᠢᠮᠠᠭ ᠤᠨ ᠲᠤᠳᠤᠭᠠᠳᠤ ᠶᠢ ᠬᠠᠮᠠᠭᠠᠯᠠᠬᠤ ᠲᠤᠪᠴᠢᠶ᠎ᠠ30 ᠭᠠᠷᠤᠢ ᠲᠤᠳᠤᠭᠠᠳᠤ ᠪᠠᠶᠢᠭᠤᠯᠤᠮᠵᠢ ᠲᠠᠢ ᠪᠠᠶᠢᠵᠦ᠂ ᠡᠩᠭᠨᠡᠭᠡᠨ ᠤ ᠬᠠᠮᠢᠶᠠᠷᠤᠯᠳᠠ᠂ ᠲᠤᠷᠰᠢᠨ ᠪᠠᠶᠢᠴᠠᠭᠠᠵᠦ ᠴᠤᠬᠢᠯᠳᠠ ᠦᠭᠬᠦ᠂ ᠪᠠᠳᠤᠯᠠᠭ᠎ᠠ ᠳᠤ ᠦᠢᠯᠡᠴᠢᠯᠡᠬᠦ ᠵᠡᠷᠭᠡ ᠡᠷᠬᠡ ᠲᠤᠰᠢᠶᠠᠯ ᠢ ᠢᠯᠡᠭᠡᠨ ᠡᠭᠦᠷᠭᠡᠯᠡᠨ᠎ᠡ᠃     ᠴᠠᠭᠳᠠᠭᠠᠨ ᠤ ᠶᠠᠪᠤᠳᠠᠯ ᠤᠨ ᠰᠢᠮᠳᠠᠭᠤᠯᠤᠨ ᠪᠠᠶᠢᠴᠠᠭᠠᠬᠤ ᠰᠠᠯᠪᠤᠷᠢ ᠠᠩᠭᠢ᠄ ᠪᠦᠬᠦ ᠠᠶᠢᠮᠠᠭ ᠤᠨ ᠲᠤᠳᠤᠭᠠᠳᠤ ᠶᠢ ᠬᠠᠮᠠᠭᠠᠯᠠᠬᠤ ᠪᠠᠶᠢᠭᠤᠯᠭ᠎ᠠ ᠵᠢᠴᠢ ᠠᠷᠠᠳ ᠤᠨ ᠴᠠᠭᠳᠠᠭ᠎ᠠ ᠶᠢᠨ ᠬᠠᠤᠯᠢ ᠶᠤᠰᠤᠭᠠᠷ  ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠬᠦ᠂ ᠡᠷᠬᠡ ᠲᠤᠰᠢᠶᠠᠯ ᠢᠶᠠᠨ ᠬᠡᠷᠡᠭᠵᠢᠭᠦᠯᠬᠦ ᠪᠠ ᠰᠠᠬᠢᠯᠭ᠎ᠠ ᠪᠠᠳᠤ ᠶᠢ ᠵᠢᠷᠤᠮᠯᠠᠨ ᠰᠠᠬᠢᠬᠤ ᠪᠠᠶᠢᠳᠠᠯ ᠢ ᠵᠢᠯᠤᠭᠤᠳᠤᠨ ᠬᠢᠨᠠᠯᠳᠠ ᠲᠠᠯᠪᠢᠵᠦ᠂ ᠤᠯᠠᠨ ᠲᠦᠮᠡᠨ ᠤ ᠬᠠᠮᠢᠶ᠎ᠠ ᠪᠦᠬᠦᠢ ᠢᠯᠡᠴᠢᠯᠡᠨ ᠮᠡᠳᠡᠭᠦᠯᠬᠦ᠂ ᠵᠠᠭᠠᠯᠳᠤᠬᠤ ᠪᠠ ᠠᠰᠠᠭᠤᠨ ᠯᠠᠪᠯᠠᠬᠤ ᠶᠢ ᠬᠦᠯᠢᠶᠡᠨ ᠠᠪᠴᠤ ᠰᠢᠢᠳᠪᠦᠷᠢᠯᠡᠬᠦ ᠶᠢᠨ ᠳᠠᠭᠠᠤ ᠬᠢᠨᠠᠨ ᠪᠠᠶᠢᠴᠠᠭᠠᠵᠦ ᠬᠠᠷᠢᠭᠤ ᠲᠤᠰᠬᠠᠨ᠂ ᠪᠦᠬᠦ ᠠᠶᠢᠮᠠᠭ ᠤᠨ ᠲᠤᠳᠤᠭᠠᠳᠤ ᠶᠢ ᠬᠠᠮᠠᠭᠠᠯᠠᠬᠤ ᠵᠢᠴᠢ ᠠᠷᠠᠳ ᠤᠨ ᠴᠠᠭᠳᠠᠭ᠎ᠠ ᠶᠢᠨ ᠬᠠᠤᠯᠢ ᠬᠡᠷᠡᠭᠵᠢᠭᠦᠯᠬᠦ ᠵᠦᠢ ᠶᠤᠰᠤᠨ ᠤ ᠡᠷᠬᠡ ᠠᠰᠢᠭ ᠢ ᠬᠠᠮᠠᠭᠠᠯᠠᠨ᠎ᠠ᠃      ᠠᠯᠪᠠᠨ ᠭᠡᠷ᠄ ᠬᠢᠩᠭᠠᠨ ᠠᠶᠢᠮᠠᠭ ᠤᠨ ᠲᠤᠳᠤᠭᠠᠳᠤ ᠶᠢ ᠬᠠᠮᠠᠭᠠᠯᠠᠬᠤ ᠲᠤᠪᠴᠢᠶᠠᠨ ᠤ ᠪᠠᠶᠢᠭᠤᠯᠭ᠎ᠠ ᠶᠢᠨ ᠪᠢᠴᠢᠭ ᠮᠠᠲ᠋ᠧᠷᠢᠶᠠᠯ ᠴᠠᠬᠢᠯᠭᠠᠨ ᠮᠡᠳᠡᠭᠡ᠂ ᠬᠤᠷᠠᠯ ᠤᠨ ᠶᠠᠪᠤᠳᠡᠯ᠂ ᠨᠢᠭᠤᠴᠠ ᠮᠠᠲ᠋ᠧᠷᠢᠶᠠᠯ᠂ ᠳᠠᠩᠰᠠ ᠡᠪᠬᠡᠮᠡᠯ᠂ ᠲᠤᠭ᠎ᠠ ᠪᠦᠷᠢᠳᠭᠡᠯ᠂ ᠪᠠᠶᠢᠴᠠᠭᠠᠨ ᠰᠤᠳᠤᠯᠤᠯᠳᠠ ᠵᠢᠴᠢ ᠡᠬᠡ ᠨᠤᠤᠷᠠᠭ ᠲᠤᠭᠤᠷᠪᠢᠬᠤ ᠵᠡᠷᠭᠡ ᠠᠵᠢᠯ ᠢ ᠬᠠᠷᠢᠭᠤᠴᠠᠨ᠎ᠠ      ᠠᠵᠢᠯᠲᠠᠨ ᠤ ᠶᠠᠪᠤᠳᠠᠯ ᠤᠨ ᠰᠠᠯᠠᠭ᠎ᠠ᠄ ᠪᠦᠬᠦ ᠠᠶᠢᠮᠠᠭ ᠤᠨ ᠳᠣᠲᠣᠭᠠᠳᠤ ᠶᠢ ᠬᠠᠮᠠᠭᠠᠯᠠᠬᠤ ᠡᠩᠨᠡᠭᠡᠨ ᠤ ᠪᠠᠶᠢᠭᠤᠯᠤᠯᠲᠠ ᠶᠢᠨ ᠠᠵᠢᠯ ᠤᠨ ᠬᠥᠭᠵᠢᠯᠲᠡ ᠶᠢᠨ ᠲᠥᠯᠥᠪᠵᠢᠭᠦᠯᠭᠡ ᠪᠠ ᠲᠥᠯᠥᠪᠯᠡᠭᠡ ᠶᠢ ᠰᠤᠳᠤᠯᠤᠨ ᠲᠣᠭᠲᠠᠭᠠᠵᠤ ᠂ ᠬᠢᠩᠭᠠᠨ ᠠᠶᠢᠮᠠᠭ ᠤᠨ ᠳᠣᠲᠣᠭᠠᠳᠤ ᠶᠢ ᠬᠠᠮᠠᠭᠠᠯᠠᠬᠤ ᠪᠠᠶᠢᠭᠤᠯᠤᠯᠭ᠎ᠠ ᠵᠢᠴᠢ ᠰᠢᠭᠤᠳ ᠬᠠᠷᠢᠶ᠎ᠠ ᠨᠢᠭᠡᠴᠡ ᠶᠢᠨ ᠪᠠᠶᠢᠭᠤᠯᠤᠮᠵᠢ ᠶᠢᠨ ᠣᠷᠣᠨ ᠲᠤᠭ᠎ᠠ᠂ ᠠᠵᠢᠯᠲᠠᠨ ᠤ ᠶᠠᠪᠤᠳᠠᠯ ᠤᠨ ᠬᠠᠮᠢᠶᠠᠷᠤᠯᠲᠠ᠂ ᠴᠠᠭᠳᠠᠭ᠎ᠠ ᠶᠢᠨ ᠴᠣᠯᠠ ᠶᠢᠨ ᠬᠠᠮᠢᠶᠠᠷᠤᠯᠲᠠ ᠵᠡᠷᠭᠡ ᠠᠵᠢᠯ ᠢ ᠡᠭᠦᠷᠭᠡᠯᠡᠵᠦ᠂ ᠪᠦᠬᠦ ᠠᠶᠢᠮᠠᠭ ᠤᠨ ᠳᠣᠲᠣᠭᠠᠳᠤ ᠶᠢ ᠬᠠᠮᠠᠭᠠᠯᠠᠬᠤ ᠠᠷᠠᠳ ᠤᠨ ᠴᠠᠭᠳᠠᠭ᠎ᠠ ᠶᠢᠨ ᠴᠣᠯᠠ ᠶᠢᠨ ᠬᠠᠮᠢᠶᠠᠷᠤᠯᠲᠠ ᠶᠢᠨ ᠠᠵᠢᠯ ᠢ ᠵᠢᠯᠣᠭᠤᠳᠴᠤ᠂ ᠬᠠᠮᠵᠢᠨ ᠬᠠᠮᠢᠶᠠᠷᠬᠤ ᠺᠠᠳ᠋ᠷ ᠢ ᠬᠢᠨᠠᠨ ᠰᠢᠯᠭᠠᠬᠤ ᠠᠵᠢᠯ ᠢ ᠬᠠᠷᠢᠭᠤᠴᠠᠬᠤ ᠶᠢᠨ ᠬᠠᠮᠲᠤ ᠲᠣᠮᠢᠯᠠᠵᠤ ᠪᠠᠭᠤᠯᠭᠠᠬᠤ᠂ ᠰᠤᠯᠢᠯᠴᠠᠬᠤ ᠶᠢ ᠰᠠᠨᠠᠯ ᠲᠤᠷᠠᠳᠤᠨ᠎ᠠ᠃     ᠤᠬᠠᠭᠤᠯᠬᠤ ᠰᠠᠯᠠᠭ᠎ᠠ᠄ ᠪᠦᠬᠦ ᠠᠶᠢᠮᠠᠭ ᠤᠨ ᠳᠣᠲᠣᠭᠠᠳᠤ ᠶᠢ ᠬᠠᠮᠠᠭᠠᠯᠠᠬᠤ ᠡᠩᠨᠡᠭᠡᠨ ᠤ ᠦᠵᠡᠯ ᠰᠠᠨᠠᠭ᠎ᠠ ᠤᠯᠤᠰ ᠲᠥᠷᠥ ᠰᠣᠶᠣᠯ ᠤᠨ ᠪᠠᠶᠢᠭᠤᠯᠤᠯᠲᠠ ᠶᠢᠨ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠴᠠᠭᠳᠠᠭᠠᠨ ᠤ ᠨᠡᠶᠢᠲᠡ ᠶᠢᠨ ᠬᠠᠷᠢᠴᠠᠭ᠎ᠠ ᠶᠢ ᠵᠣᠬᠢᠶᠠᠨ ᠪᠠᠶᠢᠭᠤᠯᠤᠨ ᠪᠠᠶᠢᠭᠤᠯᠵᠤ᠂ ᠴᠢᠬᠤᠯᠠ ᠶᠡᠭᠡ ᠠᠵᠢᠯᠯᠠᠭ᠎ᠠ᠂ ᠴᠢᠬᠤᠯᠠ ᠶᠡᠭᠡ ᠬᠡᠷᠡᠭ ᠢ ᠲᠥᠪᠯᠡᠷᠡᠭᠦᠯᠦᠨ ᠤᠬᠠᠭᠤᠯᠵᠤ ᠮᠡᠳᠡᠭᠡᠯᠡᠬᠦ ᠠᠵᠢᠯ ᠢ ᠥᠷᠨᠢᠭᠦᠯᠦᠨ᠎ᠡ᠃      ᠵᠢᠯᠣᠭᠤᠳᠬᠤ ᠲᠥᠪ᠄ ᠴᠠᠭᠳᠠᠭᠠᠨ ᠤ ᠶᠠᠪᠤᠳᠠᠯ ᠤᠨ ᠴᠢᠬᠤᠯᠠ ᠶᠡᠭᠡ ᠠᠵᠢᠯᠯᠠᠭ᠎ᠠ᠂ ᠬᠦᠨᠳᠦ ᠶᠡᠭᠡ ᠭᠡᠨᠡᠳᠲᠡ ᠶᠢᠨ ᠬᠡᠷᠡᠭ ᠪᠠ ᠬᠦᠨᠳᠦ ᠶᠡᠭᠡ ᠠᠮᠤᠷ ᠲᠦᠪᠰᠢᠨ ᠤ ᠡ᠊ᠨᠳᠡᠯ ᠤᠨ ᠪᠡᠯᠡᠳᠬᠡᠯ ᠲᠥᠰᠦᠯ ᠢ ᠲᠣᠭᠲᠠᠭᠠᠬᠤ ᠶᠢᠨ ᠬᠠᠮᠲᠤ ᠵᠣᠬᠢᠴᠠᠭᠤᠯᠤᠨ ᠰᠢᠢᠳᠪᠦᠷᠢᠯᠡᠬᠦ ᠶᠢ ᠵᠢᠯᠣᠭᠤᠳᠴᠤ᠂ ᠨᠡᠶᠢᠭᠡᠮ ᠤᠨ  ᠦᠢᠯᠡᠴᠢᠯᠡᠭᠡᠨ ᠤ ᠬᠠᠮᠲᠤᠷᠠᠭᠰᠠᠨ ᠠᠵᠢᠯᠯᠠᠭᠠᠨ ᠤ ᠠᠵᠢᠯ ᠢ ᠵᠢᠯᠣᠭᠤᠳᠤᠨ ᠵᠣᠬᠢᠴᠠᠭᠤᠯᠵᠤ᠂ ᠪᠥᠬᠦ ᠠᠶᠢᠮᠠᠭ ᠤᠨ ᠡᠯ᠎ᠡ ᠱᠠᠲᠤᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠵᠢᠵᠢᠭᠦᠷᠯᠡᠬᠦ ᠪᠠ ᠪᠡᠯᠡᠳᠬᠡᠯ ᠠᠵᠢᠯ ᠢ ᠵᠢᠯᠣᠭᠤᠳᠴᠤ᠂ ᠪᠠᠶᠢᠴᠠᠭᠠᠵᠤ᠂ ᠬᠢᠨᠠᠯᠲᠠ ᠲᠠᠯᠪᠢᠨ᠎ᠠ᠃    ᠨᠢᠭᠤᠴᠠ ᠮᠡᠳᠡᠭᠡ ᠶᠢᠨ ᠲᠥᠪ᠄ ᠰᠦᠯᠵᠢᠶ᠎ᠡ᠂ ᠰᠣᠨᠢᠨ ᠰᠡᠳᠬᠦᠯ᠂ ᠠᠵᠢᠯ ᠲᠥᠷᠥᠯ ᠤᠨ ᠮᠡᠳᠡᠭᠦᠯᠦᠯᠲᠡ᠂  ᠨᠢᠭᠤᠴᠠ ᠮᠡᠳᠡᠭᠡ ᠶᠢᠨ ᠰᠢᠰᠲ᠋ᠧᠮ ᠵᠡᠷᠭᠡ ᠠᠷᠭ᠎ᠠ ᠵᠠᠮ ᠢᠶᠠᠷ ᠮᠠᠲ᠋ᠧᠷᠢᠶᠠᠯ ᠴᠤᠭᠯᠠᠭᠤᠯᠵᠤ᠂ ᠵᠥᠪ ᠣᠨᠣᠪᠴᠢᠲᠠᠶ ᠵᠠᠳᠠᠯᠤᠯᠲᠠ ᠶᠢᠨ ᠠᠷᠭ᠎ᠠ ᠪᠠ ᠪᠠᠭᠠᠵᠢ ᠶᠢ ᠬᠡᠷᠡᠭᠯᠡᠨ᠂ ᠴᠤᠭᠯᠠᠭᠤᠯᠤᠭᠰᠠᠨ ᠮᠡᠳᠡᠭᠡ ᠵᠠᠩᠭᠢ ᠳᠤ ᠵᠠᠳᠠᠯᠤᠯᠲᠠ ᠬᠢᠬᠦ ᠶᠢᠨ ᠬᠠᠮᠲᠤ ᠵᠠᠳᠠᠯᠤᠯᠲᠠ ᠶᠢᠨ ᠮᠡᠳᠡᠭᠦᠯᠦᠯᠲᠡ ᠬᠢᠵᠦ᠂ ᠬᠠᠮᠢᠶ᠎ᠠ ᠪᠥᠬᠦᠶ ᠰᠠᠯᠠᠭ᠎ᠠ ᠮᠥᠴᠢᠷ ᠲᠤ ᠬᠠᠩᠭᠠᠬᠤ ᠶᠢ ᠬᠠᠷᠢᠭᠤᠴᠠᠨ᠎ᠠ᠃     ᠤᠯᠤᠰ ᠤᠨ ᠳᠣᠲᠣᠭᠠᠳᠤ ᠶᠢᠨ ᠠᠮᠤᠷ ᠢ ᠬᠠᠮᠠᠭᠠᠯᠠᠬᠤ ᠰᠠᠯᠪᠤᠷᠢ ᠠᠩᠭᠢ᠄ ᠪᠥᠬᠦ ᠠᠶᠢᠮᠠᠭ ᠤᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠤᠯᠤᠰ ᠤᠨ ᠠᠮᠤᠷ ᠲᠦᠪᠰᠢᠨ ᠪᠠ ᠨᠡᠶᠢᠭᠡᠮ ᠤᠨ ᠲᠣᠭᠲᠠᠭᠤᠨ ᠢ ᠬᠠᠮᠠᠭᠠᠯᠠᠬᠤ ᠬᠠᠮᠢᠶ᠎ᠠ ᠪᠥᠬᠦᠶ ᠠᠵᠢᠯ ᠢ ᠵᠣᠬᠢᠶᠠᠨ ᠪᠠᠶᠢᠭᠤᠯᠵᠤ᠂ ᠵᠢᠯᠣᠭᠤᠳᠴᠤ᠂ ᠵᠣᠬᠢᠴᠠᠭᠤᠯᠤᠨ᠎ᠠ᠃ᠠᠵᠤ ᠠᠬᠤᠶ ᠶᠢᠨ ᠶᠠᠯᠠᠲᠤ ᠬᠡᠷᠡᠭ ᠢ ᠲᠤᠷᠰᠢᠨ ᠪᠠᠶᠢᠴᠠᠭᠠᠬᠤ ᠰᠠᠯᠪᠤᠷᠢ ᠠᠩᠭᠢ᠄ ᠪᠥᠬᠦ ᠠᠶᠢᠮᠠᠭ ᠤᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠠᠵᠤ ᠠᠬᠤᠶ ᠶᠢᠨ ᠶᠠᠯᠠᠲᠤ ᠬᠡᠷᠡᠭ ᠢ ᠲᠤᠷᠰᠢᠨ ᠪᠠᠶᠢᠴᠠᠭᠠᠬᠤ ᠠᠵᠢᠯ ᠢ ᠵᠣᠬᠢᠶᠠᠨ ᠪᠠᠶᠢᠭᠤᠯᠵᠤ᠂ ᠵᠢᠯᠣᠭᠤᠳᠬᠤ ᠪᠠ ᠬᠢᠨᠠᠯᠲᠠ ᠲᠠᠯᠪᠢᠵᠤ᠂ ᠳᠡᠭᠡᠳᠦ ᠱᠠᠲᠤᠨ ᠤ ᠪᠠᠶᠢᠭᠤᠯᠭ᠎ᠠ ᠶᠢᠨ ᠲᠤᠰᠢᠶᠠᠨ ᠰᠶᠢᠳᠪᠦᠷᠢᠯᠡᠭᠦᠯᠦᠭᠰᠡᠨ ᠠᠵᠤ ᠠᠬᠤᠶ ᠶᠢᠨ ᠬᠦᠨᠳᠦ ᠶᠡᠭᠡ ᠶᠠᠯᠠᠲᠤ ᠬᠡᠷᠡᠭ ᠢ ᠳᠠᠭᠠᠭᠠᠨ  ᠭᠦᠢᠴᠡᠳᠭᠡᠵᠦ᠂ ᠪᠥᠬᠦ ᠠᠶᠢᠮᠠᠭ ᠤᠨ ᠠᠵᠤ ᠠᠬᠤᠶ ᠶᠢᠨ ᠶᠠᠯᠠᠲᠤ ᠬᠡᠷᠡᠭ ᠤᠨ ᠢᠯᠡᠴᠢᠯᠡᠨ ᠮᠡᠳᠡᠭᠦᠯᠦᠯᠲᠡ ᠶᠢ ᠭᠥᠯᠢᠶᠡᠨ ᠠᠪᠴᠤ᠂ ᠣᠷᠣᠨ ᠪᠦᠰᠡ ᠠᠯᠤᠰᠯᠠᠭᠰᠠᠨ ᠠᠵᠤ ᠠᠬᠤᠶ ᠶᠢᠨ ᠶᠠᠯᠠᠲᠤ ᠬᠡᠷᠡᠭ ᠢ ᠲᠤᠷᠰᠢᠨ ᠪᠠᠶᠢᠴᠠᠭᠠᠬᠤ ᠠᠵᠢᠯ ᠢ ᠬᠠᠮᠵᠢᠨ ᠵᠣᠬᠢᠴᠠᠭᠤᠯᠤᠨ᠎ᠠ᠃      ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠰᠠᠯᠪᠤᠷᠢ ᠠᠩᠭᠢ᠄ ᠪᠥᠬᠦ ᠠᠶᠢᠮᠠᠭ ᠤᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠠᠵᠢᠯ ᠢ ᠲᠥᠯᠥᠪᠵᠢᠭᠦᠯᠦᠨ ᠬᠡᠷᠡᠭᠵᠢᠭᠦᠯᠵᠦ᠂ ᠨᠡᠶᠢᠭᠡᠮ ᠤᠨ ᠠᠮᠤᠷ ᠢ ᠬᠠᠮᠠᠭᠠᠯᠠᠬᠤ ᠡᠮᠬᠢ ᠳᠢᠭᠯᠢᠮ ᠳᠤ ᠬᠤᠤᠷ ᠬᠥᠨᠥᠭᠡᠯ ᠤᠴᠠᠷᠠᠭᠤᠯᠤᠭᠰᠠᠨ ᠬᠦᠨᠳᠦ ᠶᠡᠭᠡ ᠬᠡᠷᠡᠭ ᠢ  ᠮᠦᠷᠳᠡᠨ  ᠭᠦᠢᠴᠡᠳᠭᠡᠵᠦ᠂ ᠣᠯᠠᠨ ᠨᠡᠶᠢᠲᠡ ᠶᠢᠨ ᠠᠮᠤᠷ ᠲᠦᠪᠰᠢᠨ ᠤ ᠠᠵᠢᠯ ᠲᠥᠷᠥᠯ᠂ ᠲᠠᠯᠠᠪᠤᠷ ᠭᠠᠵᠠᠷ᠂ ᠠᠶᠤᠯᠳᠤ ᠪᠣᠳᠠᠰ ᠤᠨ ᠬᠠᠮᠢᠶᠠᠷᠤᠯᠲᠠ ᠵᠢᠴᠢ ᠴᠢᠬᠤᠯᠠ ᠶᠡᠭᠡ ᠪᠥᠲᠥᠭᠡᠨ ᠪᠠᠶᠢᠭᠤᠯᠤᠯᠲᠠ ᠶᠢᠨ ᠪᠠᠷᠢᠯᠭ᠎ᠠ᠂ ᠲᠣᠮᠣ ᠬᠡᠯᠪᠡᠷᠢ ᠶᠢᠨ ᠠᠵᠢᠯᠯᠠᠭ᠎ᠠ ᠶᠢᠨ ᠠᠮᠤᠷ ᠢ ᠬᠠᠮᠠᠭᠠᠯᠠᠬᠤ ᠠᠵᠢᠯ ᠢ ᠵᠢᠯᠣᠭᠤᠳᠤᠨ ᠬᠢᠨᠠᠯᠲᠠ ᠲᠠᠯᠪᠢᠵᠤ ᠂ ᠪᠥᠬᠦ ᠠᠶᠢᠮᠠᠭ ᠤᠨ ᠠᠮᠤᠷ ᠢ ᠬᠠᠮᠠᠭᠠᠯᠠᠬᠤ  ᠦᠢᠯᠡᠴᠢᠯᠡᠭᠡᠨ ᠤ  ᠦᠢᠯᠡᠰ ᠤᠨ ᠬᠠᠮᠢᠶᠠᠷᠤᠯᠲᠠ ᠵᠢᠴᠢ ᠮᠡᠷᠭᠡᠵᠢᠯ ᠤᠨ ᠰᠡᠷᠭᠡᠶᠢᠯᠡᠯᠲᠡ ᠬᠡᠷᠡᠭᠯᠡᠯᠲᠡ ᠶᠢᠨ ᠠᠵᠢᠯ ᠢ ᠵᠢᠯᠣᠭᠤᠳᠤᠨ᠎ᠠ᠃      ᠡᠷᠦᠬᠡ ᠠᠮᠠ ᠶᠢᠨ ᠶᠠᠪᠤᠳᠠᠯ ᠤᠨ ᠰᠠᠯᠪᠤᠷᠢ ᠠᠩᠭᠢ᠄ ᠡᠷᠦᠬᠡ ᠠᠮᠠ ᠶᠢᠨ ᠶᠠᠪᠤᠳᠠᠯ ᠤᠨ ᠬᠠᠮᠢᠶᠠᠷᠤᠯᠲᠠ ᠶᠢᠨ ᠲᠥᠷᠥ ᠶᠢᠨ ᠪᠣᠳᠣᠯᠭ᠎ᠠ ᠶᠢ ᠰᠤᠳᠤᠯᠤᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠡᠷᠦᠬᠡ ᠠᠮᠠ ᠶᠢᠨ ᠬᠠᠷᠢᠶ᠎ᠠ᠂ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ᠪᠠ ᠬᠥᠮᠦᠨ ᠠᠮᠠ ᠶᠢᠨ ᠪᠦᠷᠢᠳᠬᠡᠯ ᠤᠨ ᠠᠵᠢᠯ ᠢ ᠬᠢᠨᠠᠨ ᠬᠠᠮᠢᠶᠠᠷᠴᠤ᠂ ᠪᠦᠬᠦ ᠠᠶᠢᠮᠠᠭ ᠤᠨ ᠳᠣᠲᠣᠭᠠᠳᠤ ᠶᠢ ᠬᠠᠮᠠᠭᠠᠯᠠᠬᠤ ᠲᠣᠮᠢᠯᠠᠭᠰᠠᠨ ᠰᠠᠯᠪᠤᠷᠢ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠢ ᠰᠤᠳᠤᠯᠤᠨ ᠲᠥᠯᠥᠪᠵᠢᠭᠦᠯᠵᠦ ᠵᠢᠯᠤᠭᠤᠳᠤᠨ᠎ᠠ᠃      ᠡᠷᠡᠭᠦᠤ ᠶᠢᠨ ᠴᠠᠭᠳᠠᠭ᠎ᠠ ᠶᠢᠨ ᠰᠠᠯᠪᠤᠷᠢ ᠠᠩᠭᠢ᠄ ᠪᠥᠬᠦ ᠠᠶᠢᠮᠠᠭ ᠤᠨ ᠳᠣᠲᠣᠭᠠᠳᠤ ᠶᠢ ᠬᠠᠮᠠᠭᠠᠯᠠᠬᠤ ᠡᠷᠡᠭᠦᠤ ᠶᠢᠨ ᠬᠡᠷᠡᠭ ᠤᠨ ᠲᠤᠷᠰᠢᠨ ᠪᠠᠶᠢᠴᠠᠭᠠᠬᠤ ᠠᠵᠢᠯ ᠤᠨ ᠲᠥᠯᠥᠪᠵᠢᠭᠦᠯᠭᠡ ᠵᠢᠴᠢ ᠬᠡᠷᠡᠭᠵᠢᠭᠦᠯᠬᠦ ᠲᠥᠯᠥᠪᠯᠡᠭᠡ ᠶᠢ ᠰᠤᠳᠤᠯᠤᠨ ᠲᠣᠭᠲᠠᠭᠠᠵᠦ  ᠂ ᠪᠦᠬᠦ ᠠᠶᠢᠮᠠᠭ ᠤᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠡᠷᠡᠭᠦᠤ ᠶᠢᠨ ᠬᠡᠷᠡᠭ ᠤᠨ ᠶᠠᠯᠠᠲᠤ ᠬᠡᠷᠡᠭ ᠢ ᠲᠤᠷᠰᠢᠨ ᠪᠠᠶᠢᠴᠠᠭᠠᠵᠤ ᠬᠡᠷᠡᠭ ᠰᠢᠢᠳᠪᠦᠷᠢᠯᠡᠬᠦ ᠠᠵᠢᠯ ᠢ ᠵᠢᠯᠣᠭᠤᠳᠤᠨ ᠬᠢᠨᠠᠯᠲᠠ ᠲᠠᠯᠪᠢᠵᠦ᠂  ᠪᠦᠬᠦ ᠣᠷᠣᠨ ᠤ ᠬᠦᠨᠳᠦ ᠣᠨᠴᠠ ᠶᠡᠭᠡ ᠂ ᠬᠦᠴᠢᠷ ᠲᠦᠪᠡᠭᠲᠡᠶ ᠡᠷᠡᠭᠦᠤ ᠶᠢᠨ ᠬᠡᠷᠡᠭ ᠤᠨ ᠲᠠᠯᠠᠪᠠᠢ ᠶᠢᠨ ᠬᠠᠶᠢᠨ ᠪᠠᠶᠢᠴᠠᠭᠠᠯᠲᠠ ᠪᠠ ᠰᠢᠯᠭᠠᠨ ᠪᠠᠶᠢᠴᠠᠭᠠᠵᠤ ᠰᠢᠯᠭᠠᠨ ᠲᠣᠭᠲᠠᠭᠠᠬᠤ ᠠᠵᠢᠯ ᠢ ᠡᠭᠦᠷᠭᠡᠯᠡᠨ᠂ ᠡᠷᠡᠭᠦᠦ ᠶᠢᠨ ᠬᠡᠷᠡᠭ ᠢ ᠬᠠᠮᠵᠢᠨ ᠪᠠᠶᠢᠴᠠᠭᠠᠬᠤ ᠪᠠ ᠲᠤᠰᠬᠠᠢ ᠲᠡᠮᠡᠴᠡᠯ ᠤᠨ ᠴᠢᠬᠤᠯᠠ ᠬᠡᠷᠡᠭᠲᠡᠨ ᠢ ᠨᠡᠬᠡᠮᠵᠢᠯᠡᠨ ᠪᠠᠷᠢᠪᠴᠢᠯᠠᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠬᠦᠨᠳᠦ ᠨᠣᠴᠢᠲᠠᠶ ᠬᠦᠴᠦᠷᠬᠡᠭᠯᠡᠯ᠂ ᠬᠠᠷ᠎ᠠ ᠬᠠᠷᠭᠢᠰ ᠬᠦᠴᠦᠨ ᠳᠤ ᠬᠤᠯᠪᠣᠭᠳᠠᠭᠰᠠᠨ ᠵᠡᠷᠭᠡ ᠬᠦᠨᠳᠦ ᠶᠡᠭᠡ ᠡᠷᠡᠭᠦᠤ ᠶᠢᠨ ᠬᠡᠷᠡᠭ ᠪᠠ ᠳᠡᠭᠡᠳᠦ ᠱᠠᠲᠤᠨ ᠤ ᠪᠠᠶᠢᠭᠤᠯᠭ᠎ᠠ ᠠᠴᠠ ᠲᠤᠰᠢᠶᠠᠨ ᠰᠶᠢᠳᠪᠦᠷᠢᠯᠡᠭᠦᠯᠦᠭᠰᠡᠨ ᠡᠷᠡᠭᠦᠤ ᠶᠢᠨ ᠬᠡᠷᠡᠭ ᠢ  ᠲᠠᠩᠨᠠᠨ ᠰᠢᠢᠳᠪᠦᠷᠢᠯᠡᠵᠦ᠂ ᠪᠦᠬᠦ ᠠᠶᠢᠮᠠᠭ ᠤᠨ ᠳᠣᠲᠣᠭᠠᠳᠤ ᠶᠢ ᠬᠠᠮᠠᠭᠠᠯᠠᠬᠤ ᠡᠷᠡᠭᠦᠤ ᠶᠢᠨ ᠬᠡᠷᠡᠭ ᠤᠨ ᠰᠢᠨᠵᠢᠯᠡᠬᠦ ᠤᠬᠠᠭᠠᠨ ᠮᠡᠷᠭᠡᠵᠢᠯ ᠂ ᠡᠷᠡᠭᠦᠤ ᠶᠢᠨ ᠬᠡᠷᠡᠭ ᠤᠨ ᠲᠤᠷᠰᠢᠨ ᠪᠠᠶᠢᠴᠠᠭᠠᠯᠲᠠ ᠶᠢᠨ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢᠨ ᠠᠵᠢᠯ ᠢ ᠬᠠᠮᠢᠶᠠᠷᠤᠨ  ᠵᠢᠯᠤᠭᠤᠳᠴᠤ᠂ ᠪᠦᠬᠦ ᠠᠶᠢᠮᠠᠭ ᠤᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠬᠢᠨᠠᠨ ᠲᠣᠭᠲᠠᠭᠠᠬᠤ ᠪᠠᠶᠢᠭᠤᠯᠤᠮᠵᠢ ᠂  ᠬᠢᠨᠠᠨ ᠲᠣᠭᠲᠠᠭᠠᠭᠴᠢ ᠶᠢᠨ ᠳᠠᠩᠰᠠᠯᠠᠯᠲᠠ ᠶᠢᠨ ᠬᠠᠮᠢᠶᠠᠷᠤᠯᠲᠠ ᠶᠢᠨ ᠠᠵᠢᠯ ᠢ ᠵᠢᠯᠣᠭᠤᠳᠤᠨ᠎ᠠ᠂᠃      ᠰᠦᠯᠵᠢᠶᠡᠨ ᠤ ᠠᠮᠤᠷ ᠲᠦᠪᠰᠢᠨ ᠢ ᠬᠠᠮᠠᠭᠠᠯᠠᠬᠤ ᠰᠠᠯᠪᠤᠷᠢ ᠠᠩᠭᠢ᠄ ᠪᠥᠬᠦ ᠠᠶᠢᠮᠠᠭ ᠤᠨ ᠳᠣᠲᠣᠭᠠᠳᠤ ᠶᠢ ᠬᠠᠮᠠᠭᠠᠯᠠᠬᠤ ᠰᠦᠯᠵᠢᠶᠡᠨ ᠤ ᠠᠮᠤᠷ ᠲᠦᠪᠰᠢᠨ ᠢ ᠬᠠᠮᠠᠭᠠᠯᠠᠬᠤ ᠠᠵᠢᠯ ᠤᠨ ᠲᠥᠯᠥᠪᠵᠢᠭᠦᠯᠭᠡ ᠶᠢ ᠰᠤᠳᠤᠯᠤᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠪᠥᠬᠦ ᠠᠶᠢᠮᠠᠭ ᠤᠨ ᠰᠦᠯᠵᠢᠶᠡᠨ ᠤ ᠮᠡᠳᠡᠭᠡ ᠵᠠᠩᠭᠢ ᠶᠢᠨ ᠠᠮᠤᠷ ᠲᠦᠪᠰᠢᠨ ᠤ ᠮᠡᠷᠭᠡᠵᠢᠯ ᠤᠨ ᠵᠢᠷᠤᠮᠵᠢᠯ ᠢ ᠲᠣᠭᠲᠠᠭᠠᠬᠤ ᠳᠤ ᠣᠷᠣᠯᠴᠠᠵᠤ᠂ ᠮᠡᠳᠡᠭᠡ ᠵᠠᠩᠭᠢ ᠶᠢᠨ ᠰᠦᠯᠵᠢᠶᠡᠨ ᠤ ᠬᠠᠤᠯᠢ ᠠᠴᠠ ᠵᠥᠷᠢᠴᠡᠭᠰᠡᠨ ᠶᠠᠯᠠᠲᠤ ᠬᠡᠷᠡᠭ ᠢ ᠪᠠᠶᠢᠴᠠᠭᠠᠨ ᠰᠢᠢᠳᠪᠦᠷᠢᠯᠡᠵᠦ᠂ ᠪᠥᠬᠦ ᠠᠶᠢᠮᠠᠭ ᠤᠨ ᠰᠦᠯᠵᠢᠶᠡᠨ ᠤ ᠠᠮᠤᠷ ᠲᠦᠪᠰᠢᠨ ᠤ ᠵᠡᠷᠭᠡ ᠳᠡᠰ ᠢ ᠬᠠᠮᠠᠭᠠᠯᠠᠬᠤ ᠠᠵᠢᠯ ᠢ ᠬᠢᠨᠠᠨ ᠪᠠᠶᠢᠴᠠᠭᠠᠵᠤ ᠵᠢᠯᠣᠭᠤᠳᠤᠨ᠎ᠠ᠃      ᠵᠠᠮ ᠬᠠᠷᠢᠯᠴᠠᠭᠠᠨ ᠤ ᠲᠣᠭᠤᠷᠢᠨ ᠪᠠᠶᠢᠴᠠᠭᠠᠬᠤ ᠰᠠᠯᠪᠤᠷᠢ ᠠᠩᠭᠢ᠄ ᠪᠦᠬᠦ ᠠᠶᠢᠮᠠᠭ ᠤᠨ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠲᠥᠷᠥ ᠶᠢᠨ ᠪᠣᠳᠣᠯᠭ᠎ᠠ᠂ ᠬᠠᠤᠯᠢ ᠲᠣᠭᠲᠠᠭᠠᠯ ᠤᠨ ᠲᠥᠰᠦᠯ ᠪᠠ ᠮᠡᠷᠭᠡᠵᠢᠯ ᠤᠨ ᠪᠠᠷᠢᠮᠵᠢᠶ᠎ᠠ ᠶᠢ ᠰᠤᠳᠤᠯᠤᠨ ᠲᠣᠭᠲᠠᠭᠠᠵᠤ᠂ ᠪᠦᠬᠦ ᠠᠶᠢᠮᠠᠭ ᠤᠨ ᠳᠣᠲᠣᠭᠠᠳᠤ ᠶᠢ ᠬᠠᠮᠠᠭᠠᠯᠠᠬᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠠᠵᠢᠯ ᠤᠨ ᠲᠥᠯᠥᠪᠵᠢᠭᠦᠯᠭᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠵᠠᠮ ᠬᠠᠷᠢᠯᠴᠠᠭᠠᠨ ᠤ ᠡᠮᠬᠢ ᠳᠢᠭᠯᠢᠮ ᠪᠠ ᠵᠠᠰᠠᠮᠠᠯ ᠵᠠᠮ ᠤᠨ ᠠᠮᠤᠷ ᠲᠦᠪᠰᠢᠨ ᠤ ᠡᠮᠬᠢ ᠳᠢᠭᠯᠢᠮ ᠢ ᠬᠠᠮᠠᠭᠠᠯᠠᠨ᠂ ᠪᠦᠬᠦ ᠠᠶᠢᠮᠠᠭ ᠤᠨ ᠳᠣᠲᠣᠭᠠᠳᠤ ᠶᠢ ᠬᠠᠮᠠᠭᠠᠯᠠᠬᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠵᠠᠮ ᠬᠠᠷᠢᠯᠴᠠᠭᠠᠨ ᠤ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠬᠦ ᠵᠢᠴᠢ ᠵᠠᠮ ᠬᠠᠷᠢᠯᠴᠠᠭᠠᠨ ᠤ  ᠡ᠊ᠨᠳᠡᠯ ᠢ  ᠰᠢᠢᠳᠪᠦᠷᠢᠯᠡᠬᠦ ᠠᠵᠢᠯ ᠢ ᠬᠢᠨᠠᠨ ᠵᠢᠯᠣᠭᠤᠳᠴᠤ᠂ ᠪᠦᠬᠦ ᠠᠶᠢᠮᠠᠭ ᠤᠨ ᠮᠠᠰᠢᠨᠲᠤ ᠲᠡᠷᠭᠡ᠂ ᠵᠢᠯᠣᠭᠤᠴᠢ ᠵᠢᠴᠢ ᠮᠠᠰᠢᠨᠲᠤ ᠲᠡᠷᠭᠡᠨ ᠤ ᠫᠠᠶᠢᠰᠠ ᠶᠢᠨ ᠬᠠᠮᠢᠶᠠᠷᠤᠯᠲᠠ ᠶᠢᠨ ᠠᠵᠢᠯ ᠢ ᠵᠢᠯᠣᠭᠤᠳᠴᠤ᠂ ᠬᠤᠲᠠ ᠶᠢᠨ ᠵᠠᠮ ᠤᠨ ᠪᠦᠲᠦᠭᠡᠨ ᠪᠠᠶᠢᠭᠤᠯᠤᠯᠲᠠ ᠪᠠ ᠵᠠᠮ ᠬᠠᠷᠢᠯᠴᠠᠭᠠᠨ ᠤ ᠠᠮᠤᠷ ᠲᠦᠪᠰᠢᠨ ᠤ ᠪᠡᠯᠡᠳᠬᠡᠮᠵᠢ ᠶᠢᠨ ᠲᠥᠯᠥᠪᠵᠢᠭᠦᠯᠭᠡ ᠶᠢᠨ ᠠᠵᠢᠯ ᠳᠤ ᠣᠷᠣᠯᠴᠠᠨ ᠵᠢᠯᠣᠭᠤᠳᠴᠤ᠂ ᠪᠦᠬᠦ ᠠᠶᠢᠮᠠᠭ ᠤᠨ ᠳᠣᠲᠣᠭᠠᠳᠤ ᠶᠢ ᠬᠠᠮᠠᠭᠠᠯᠠᠬᠤ ᠵᠠᠮ ᠬᠠᠷᠢᠯᠴᠠᠭᠠᠨ ᠤ ᠠᠮᠤᠷ ᠲᠦᠪᠰᠢᠨ ᠤ ᠤᠬᠠᠭᠤᠯᠭ᠎ᠠ ᠶᠢᠨ ᠠᠵᠢᠯ ᠢ ᠵᠢᠯᠣᠭᠤᠳᠤᠨ᠎ᠠ᠃     ᠰᠦᠷᠳᠡᠭᠦᠯᠦᠯ ᠢ ᠡᠰᠡᠷᠭᠦᠴᠡᠬᠦ ᠰᠠᠯᠪᠤᠷᠢ ᠠᠩᠭᠢ᠄ ᠪᠦᠬᠦ ᠠᠶᠢᠮᠠᠭ ᠤᠨ ᠳᠣᠲᠣᠭᠠᠳᠤ ᠶᠢ ᠬᠠᠮᠠᠭᠠᠯᠠᠬᠤ ᠪᠠᠶᠢᠭᠤᠯᠤᠯᠭ᠎ᠠ ᠶᠢᠨ ᠬᠦᠴᠦᠷᠬᠡᠭᠯᠡᠯ ᠰᠦᠷᠳᠡᠭᠦᠯᠦᠯ ᠤᠨ ᠠᠵᠢᠯᠯᠠᠭ᠎ᠠ ᠶᠢ ᠰᠡᠷᠭᠡᠶᠢᠯᠡᠬᠦ᠂ ᠳᠠᠩᠨᠠᠬᠤ᠂ ᠴᠣᠬᠢᠯᠲᠠ ᠥᠭᠬᠦ ᠬᠤᠯᠪᠣᠭᠳᠠᠯ ᠪᠦᠬᠦᠢ ᠠᠵᠢᠯ ᠢ ᠵᠣᠬᠢᠶᠠᠨ ᠪᠠᠶᠢᠭᠤᠯᠵᠤ᠂ ᠵᠢᠯᠣᠭᠤᠳᠴᠤ᠂ ᠵᠣᠬᠢᠴᠠᠭᠤᠯᠤᠨ᠎ᠠ᠃      ᠬᠢᠯᠢ ᠪᠠᠷ ᠣᠷᠣᠵᠤ ᠭᠠᠷᠬᠤ ᠬᠠᠮᠢᠶᠠᠷᠤᠯᠲᠠ ᠶᠢᠨ ᠲᠣᠪᠴᠢᠶ᠎ᠠ᠄ ᠪᠦᠬᠦ ᠠᠶᠢᠮᠠᠭ ᠤᠨ ᠬᠢᠯᠢ ᠶᠢᠨ ᠭᠠᠳᠠᠨᠠᠬᠢ ᠬᠥᠮᠦᠰ ᠪᠠ ᠰᠢᠶᠠᠩᠭᠠᠩ᠂ ᠣᠣᠮᠧᠨ᠂ ᠲᠠᠶᠢᠸᠠᠨ ᠤ ᠰᠠᠭᠤᠭᠠᠯᠢ ᠠᠷᠠᠳ ᠤᠨ ᠬᠢᠯᠢ ᠪᠠᠷ ᠣᠷᠣᠵᠤ ᠭᠠᠷᠬᠤ ᠠᠵᠢᠯ ᠢ ᠬᠠᠮᠢᠶᠠᠷᠤᠨ ᠬᠢᠨᠠᠯᠲᠠ ᠲᠠᠯᠪᠢᠵᠤ᠂ ᠠᠶᠢᠮᠠᠭ ᠤᠨ ᠳᠣᠲᠣᠭᠠᠳᠤ ᠶᠢᠨ ᠰᠠᠭᠤᠭᠠᠯᠢ ᠠᠷᠠᠳ ᠤᠨ ᠬᠤᠪᠢ ᠶᠢᠨ ᠶᠠᠪᠤᠳᠠᠯ ᠢᠶᠠᠷ ᠭᠠᠳᠠᠭᠠᠳᠤ ᠳᠤ ᠭᠠᠷᠬᠤ ᠵᠢᠴᠢ ᠰᠢᠶᠠᠩᠭᠠᠩ᠂ ᠣᠣᠮᠧᠨ᠂ ᠲᠠᠶᠢᠸᠠᠨ ᠳᠤ ᠣᠴᠢᠵᠤ ᠢᠷᠡᠬᠦ ᠶᠢ ᠬᠢᠨᠠᠨ ᠵᠥᠪᠰᠢᠶᠡᠷᠡᠬᠦ ᠠᠵᠢᠯ ᠢ ᠳᠠᠭᠠᠭᠠᠨ ᠬᠢᠵᠦ᠂ ᠣᠷᠣᠵᠤ ᠭᠠᠷᠬᠤ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠶᠢ ᠪᠠᠶᠢᠴᠠᠭᠠᠨ  ᠰᠢᠢᠳᠪᠦᠷᠢᠯᠡᠬᠦ ᠶᠢ ᠵᠢᠯᠣᠭᠤᠳᠤᠨ᠎ᠠ᠃      ᠮᠡᠷᠭᠡᠵᠢᠯ ᠤᠨ ᠮᠦᠷᠳᠡᠨ ᠪᠠᠶᠢᠴᠠᠭᠠᠬᠤ ᠰᠠᠯᠪᠤᠷᠢ ᠠᠩᠭᠢ᠄ ᠪᠦᠬᠦ ᠠᠶᠢᠮᠠᠭ ᠤᠨ ᠳᠣᠲᠣᠭᠠᠳᠤ ᠶᠢ ᠬᠠᠮᠠᠭᠠᠯᠠᠬᠤ ᠮᠡᠷᠭᠡᠵᠢᠯ ᠤᠨ ᠮᠦᠷᠳᠡᠨ ᠪᠠᠶᠢᠴᠠᠭᠠᠬᠤ ᠠᠵᠢᠯ ᠤᠨ ᠲᠥᠯᠥᠪᠵᠢᠭᠦᠯᠭᠡ ᠶᠢ ᠰᠤᠳᠤᠯᠤᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠬᠦᠨᠳᠦ ᠣᠨᠴᠠ ᠶᠡᠭᠡ ᠶᠠᠯᠠᠲᠤ ᠬᠡᠷᠡᠭ ᠤᠨ ᠮᠡᠷᠭᠡᠵᠢᠯ ᠤᠨ ᠲᠠᠩᠨᠠᠯᠲᠠ ᠶᠢᠨ ᠠᠵᠢᠯ ᠢ  ᠳᠠᠭᠠᠭᠠᠨ ᠭᠦᠢᠴᠡᠳᠬᠡᠬᠦ ᠪᠠ ᠵᠢᠯᠣᠭᠤᠳᠴᠤ᠂ ᠪᠦᠬᠦ ᠠᠶᠢᠮᠠᠭ ᠤᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠲᠠᠩᠨᠠᠯᠲᠠ ᠶᠢᠨ ᠮᠡᠷᠭᠡᠵᠢᠯ ᠤᠨ ᠬᠡᠷᠡᠭᠯᠡᠯᠲᠡ᠂ ᠵᠢᠯᠣᠭᠤᠳᠤᠯᠭ᠎ᠠ ᠪᠠ ᠬᠠᠮᠢᠶᠠᠷᠤᠯᠲᠠ ᠵᠡᠷᠭᠡ ᠠᠵᠢᠯ ᠢ ᠬᠠᠷᠢᠭᠤᠴᠠᠨ᠎ᠠ᠃       ᠬᠤᠷᠢᠭᠤᠯ ᠤᠨ ᠭᠠᠵᠠᠷ ᠤᠨ ᠬᠠᠮᠢᠶᠠᠷᠤᠯᠲᠠ ᠶᠢᠨ ᠰᠠᠯᠪᠤᠷᠢ ᠠᠩᠭᠢ᠄ ᠪᠥᠬᠦ ᠠᠶᠢᠮᠠᠭ ᠤᠨ ᠳᠣᠲᠣᠭᠠᠳᠤ ᠶᠢ ᠬᠠᠮᠠᠭᠠᠯᠠᠬᠤ ᠬᠤᠷᠢᠭᠤᠯ ᠤᠨ ᠭᠠᠵᠠᠷ ᠤᠨ ᠬᠠᠮᠢᠶᠠᠷᠤᠯᠲᠠ ᠶᠢᠨ ᠠᠵᠢᠯ ᠤᠨ ᠲᠥᠯᠥᠪᠵᠢᠭᠦᠯᠭᠡ ᠵᠢᠴᠢ ᠬᠡᠷᠡᠭᠵᠢᠭᠦᠯᠬᠦ ᠲᠥᠯᠥᠪᠯᠡᠭᠡ ᠶᠢ ᠰᠤᠳᠤᠯᠤᠨ ᠲᠣᠭᠲᠠᠭᠠᠵᠤ᠂ ᠪᠥᠬᠦ ᠠᠶᠢᠮᠠᠭ ᠤᠨ ᠳᠣᠲᠣᠭᠠᠳᠤ ᠶᠢ ᠬᠠᠮᠠᠭᠠᠯᠠᠬᠤ ᠪᠠᠶᠢᠭᠤᠯᠤᠯᠭ᠎ᠠ ᠶᠢᠨ ᠬᠢᠨᠠᠯᠲᠠ ᠬᠠᠮᠢᠶᠠᠷᠤᠯᠲᠠ ᠶᠢᠨ ᠲᠠᠯᠠᠪᠤᠷ ᠤᠨ ᠲᠤᠬᠠᠶᠢᠯᠠᠭᠰᠠᠨ ᠠᠵᠢᠯ ᠵᠢᠴᠢ ᠠᠮᠤᠷ ᠲᠦᠪᠰᠢᠨ ᠤ ᠰᠡᠷᠭᠡᠶᠢᠯᠡᠯᠲᠡ ᠶᠢᠨ ᠠᠵᠢᠯ ᠢ ᠵᠢᠯᠣᠭᠤᠳᠤᠨ ᠬᠠᠮᠢᠶᠠᠷᠴᠤ᠂ ᠬᠢᠨᠠᠯᠲᠠ ᠬᠠᠮᠢᠶᠠᠷᠤᠯᠲᠠ ᠶᠢᠨ ᠲᠠᠯᠠᠪᠤᠷ ᠤᠨ ᠬᠢᠨᠠᠨ ᠬᠠᠮᠢᠶᠠᠷᠤᠭᠳᠠᠵᠤ ᠪᠠᠶᠢᠭ᠎ᠠ ᠬᠥᠮᠦᠰ ᠢ ᠰᠤᠷᠭᠠᠨ ᠬᠥᠮᠦᠵᠢᠭᠦᠯᠵᠦ ᠠᠪᠤᠷᠬᠠᠤ ᠪᠠ ᠠᠮᠢᠳᠤᠷᠠᠯ ᠡᠷᠡᠭᠦᠯ ᠬᠠᠮᠠᠭᠠᠯᠠᠯ ᠤᠨ ᠬᠠᠮᠢᠶᠠᠷᠤᠯᠲᠠ ᠵᠡᠷᠭᠡ ᠠᠵᠢᠯ ᠢ ᠵᠢᠯᠣᠭᠤᠳᠤᠨ᠎ᠠ᠃       ᠬᠠᠤᠯᠢ ᠲᠦᠷᠢᠮ ᠤᠨ ᠰᠠᠯᠪᠤᠷᠢ ᠠᠩᠭᠢ᠄ ᠪᠥᠬᠦ ᠠᠶᠢᠮᠠᠭ ᠤᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠬᠠᠤᠯᠢ ᠬᠡᠷᠡᠭᠵᠢᠭᠦᠯᠦᠯᠲᠡ ᠶᠢ ᠵᠢᠷᠤᠮᠵᠢᠭᠤᠯᠬᠤ ᠪᠠᠶᠢᠭᠤᠯᠤᠯᠲᠠ ᠪᠠ ᠬᠠᠤᠯᠢ ᠪᠠᠷ ᠵᠠᠰᠠᠬᠤ ᠳᠣᠲᠣᠭᠠᠳᠤ ᠶᠢ ᠬᠠᠮᠠᠭᠠᠯᠠᠬᠤ ᠪᠠᠶᠢᠭᠤᠯᠤᠯᠲᠠ ᠶᠢᠨ ᠠᠵᠢᠯ ᠢ ᠲᠦᠷᠦᠭᠦᠯᠡᠨ ᠬᠠᠷᠢᠭᠤᠴᠠᠵᠤ᠂ ᠳᠣᠲᠣᠭᠠᠳᠤ ᠶᠢ ᠬᠠᠮᠠᠭᠠᠯᠠᠬᠤ ᠠᠵᠢᠯ ᠤᠨ ᠬᠤᠯᠪᠣᠭᠳᠠᠯ ᠪᠥᠬᠦᠶ ᠣᠷᠣᠨ ᠨᠤᠲᠤᠭ ᠤᠨ ᠴᠢᠨᠠᠷᠲᠠᠶ ᠬᠠᠤᠯᠢ ᠲᠦᠷᠢᠮ ᠪᠠ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠲᠤᠭᠤᠷᠪᠢᠬᠤ ᠳᠤ ᠣᠷᠣᠯᠴᠠᠵᠤ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠳᠣᠲᠣᠭᠠᠳᠤ ᠶᠢᠨ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠪᠠ ᠬᠢᠩᠭᠠᠨ ᠠᠶᠢᠮᠠᠭ ᠤᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠰᠢᠢᠳᠪᠦᠷᠢᠯᠡᠭᠰᠡᠨ ᠡᠷᠡᠭᠦᠤ ᠶᠢᠨ ᠬᠡᠷᠡᠭ ᠢ ᠬᠠᠤᠯᠢ ᠴᠠᠭᠠᠵᠠ ᠪᠠᠷ ᠬᠢᠨᠠᠨ ᠬᠠᠷᠭᠤᠭᠤᠯᠬᠤ᠂ ᠬᠠᠤᠯᠢ ᠴᠠᠭᠠᠵᠠ ᠶᠢᠨ ᠪᠢᠴᠢᠭ ᠬᠠᠷ᠎ᠠ ᠶᠢᠨ ᠠᠵᠢᠯ ᠢ ᠡᠭᠦᠷᠭᠡᠯᠡᠵᠦ᠂ ᠬᠢᠩᠭᠠᠨ ᠠᠶᠢᠮᠠᠭ ᠤᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠳᠤ ᠬᠤᠯᠪᠣᠭᠳᠠᠬᠤ ᠵᠠᠰᠠᠭ ᠵᠠᠬᠢᠷᠭᠠᠨ ᠤ ᠵᠠᠷᠭᠤ᠂ ᠭᠡᠷᠡᠴᠢᠯᠡᠭᠡ ᠰᠣᠨᠣᠰᠬᠤ᠂ ᠵᠠᠰᠠᠭ ᠵᠠᠬᠢᠷᠭᠠᠨ ᠢᠶᠠᠷ ᠳᠠᠬᠢᠨ ᠵᠥᠪᠯᠡᠬᠦ᠂ ᠤᠯᠤᠰ ᠤᠨ ᠲᠥᠯᠥᠪᠦᠷᠢ ᠥᠭᠬᠦ᠂ ᠡᠷᠡᠭᠦᠤ ᠶᠢᠨ ᠬᠡᠷᠡᠭ ᠢ ᠳᠠᠬᠢᠨ ᠵᠥᠪᠯᠡᠵᠦ ᠳᠠᠬᠢᠨ ᠬᠢᠨᠠᠬᠤ ᠵᠡᠷᠭᠡ ᠠᠵᠢᠯ ᠢ ᠬᠠᠷᠢᠭᠤᠴᠠᠨ᠎ᠠ᠃      ᠴᠠᠭᠳᠠᠭᠠᠨ ᠤ ᠶᠠᠪᠤᠳᠠᠯ ᠤᠨ ᠪᠠᠲᠤᠯᠠᠭ᠎ᠠ ᠶᠢᠨ ᠰᠠᠯᠠᠭ᠎ᠠ᠄ ᠪᠥᠬᠦ ᠠᠶᠢᠮᠠᠭ ᠤᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠴᠢᠬᠤᠯᠠ ᠶᠡᠭᠡ ᠴᠠᠭᠳᠠᠭᠠᠨ ᠤ ᠶᠠᠪᠤᠳᠠᠯ ᠤᠨ ᠠᠵᠢᠯᠯᠠᠭ᠎ᠠ ᠶᠢ ᠪᠠᠲᠤᠯᠠᠬᠤ ᠠᠵᠢᠯ ᠢ ᠵᠣᠬᠢᠶᠠᠨ ᠪᠠᠶᠢᠭᠤᠯᠤᠨ ᠵᠣᠬᠢᠴᠠᠭᠤᠯᠵᠤ᠂ ᠪᠥᠬᠦ ᠠᠶᠢᠮᠠᠭ ᠤᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠵᠠᠷᠤᠳᠠᠯ ᠤᠨ ᠪᠠᠲᠤᠯᠠᠭ᠎ᠠ᠂ ᠲᠣᠨᠤᠭ ᠲᠥᠬᠦᠭᠡᠷᠦᠮᠵᠢ ᠬᠤᠪᠴᠠᠰᠤ ᠬᠤᠨᠠᠷ ᠤᠨ ᠪᠠᠲᠤᠯᠠᠭ᠎ᠠ ᠪᠠ ᠰᠠᠭᠤᠷᠢ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠵᠢᠴᠢ ᠬᠢᠨᠠᠯᠲᠠ ᠲᠠᠯᠪᠢᠬᠤ᠂ ᠪᠠᠶᠢᠴᠠᠭᠠᠬᠤ ᠠᠵᠢᠯ ᠢ ᠵᠢᠯᠤᠭᠤᠳᠤᠨ ᠬᠠᠮᠢᠶᠠᠷᠴᠤ᠂ ᠨᠠᠶᠢᠷᠠᠭᠤᠯᠤᠨ ᠵᠣᠬᠢᠶᠠᠬᠤ ᠲᠣᠪᠴᠢᠶ᠎ᠠ ᠶᠢᠨ ᠪᠠᠶᠢᠭᠤᠯᠭ᠎ᠠ ᠪᠠ ᠰᠢᠭᠤᠳ ᠬᠠᠷᠢᠶ᠎ᠠ ᠨᠢᠭᠡᠴᠢ ᠶᠢᠨ ᠵᠠᠷᠤᠳᠠᠯ ᠤᠨ ᠲᠥᠰᠦᠪ ᠪᠠ ᠲᠥᠰᠦᠪ ᠤᠨ ᠭᠦᠢᠴᠡᠳᠭᠡᠯ ᠢ ᠨᠠᠶᠢᠷᠠᠭᠤᠯᠤᠨ᠂  ᠲᠤᠪᠴᠢᠶ᠎ᠠ ᠶᠢᠨ ᠪᠠᠶᠢᠭᠤᠯᠭ᠎ᠠ ᠶᠢᠨ ᠡᠳ᠋ ᠤᠨ ᠶᠠᠪᠤᠳᠠᠯ ᠵᠢᠴᠢ ᠡᠯ᠎ᠡ  ᠵᠦᠢᠯ ᠤᠨ ᠵᠠᠷᠤᠳᠠᠯ ᠢ ᠬᠠᠮᠢᠠᠶ᠋ᠷᠴᠤ᠂ ᠬᠢᠨᠠᠨ ᠬᠠᠷᠭᠤᠭᠤᠯᠵᠦ ᠬᠢᠨᠠᠯᠳᠠ ᠲᠠᠯᠪᠢᠨ᠎ᠠ᠃ ᠬᠠᠮᠢᠶᠠᠷᠤᠯᠲᠠ ᠶᠢᠨ ᠲᠣᠪᠴᠢᠶ᠎ᠠ ᠶᠢᠨ ᠪᠠᠶᠢᠭᠤᠯᠭ᠎ᠠ ᠶᠢᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢ  ᠬᠠᠮᠢᠶᠠᠷᠤᠨ᠎ᠠ᠃      ᠬᠤᠤᠷᠳᠤ ᠡᠳ᠋ ᠢ ᠴᠠᠭᠠᠵᠠᠯᠠᠬᠤ ᠰᠠᠯᠪᠤᠷᠢ ᠠᠩᠭᠢ᠄ ᠪᠥᠬᠦ ᠠᠶᠢᠮᠠᠭ ᠤᠨ ᠳᠣᠲᠣᠭᠠᠳᠤ ᠶᠢ ᠬᠠᠮᠠᠭᠠᠯᠠᠬᠤ ᠬᠤᠤᠷᠲᠤ ᠡᠳ᠋ ᠢ ᠴᠠᠭᠠᠵᠠᠯᠠᠬᠤ ᠠᠵᠢᠯ ᠢ ᠡᠵᠡᠮᠰᠢᠨ ᠵᠢᠯᠣᠭᠤᠳᠴᠤ᠂ ᠬᠤᠤᠷᠲᠤ ᠡᠳ᠋ ᠤᠨ ᠬᠡᠷᠡᠭ ᠢ ᠲᠠᠩᠨᠠᠨ ᠰᠢᠢᠳᠪᠦᠷᠢᠯᠡᠬᠦ᠂ ᠬᠤᠤᠷᠲᠤ ᠡᠳ᠋ ᠢ ᠰᠢᠯᠭᠠᠨ ᠪᠠᠶᠢᠴᠠᠭᠠᠵᠤ ᠬᠢᠨᠠᠨ ᠲᠣᠭᠲᠠᠭᠠᠬᠤ᠂ ᠨᠡᠶᠢᠭᠡᠮ ᠲᠣᠭᠤᠷᠢᠭ  ᠠᠴᠠ ᠬᠤᠤᠷ ᠲᠠᠲᠠᠬᠤ ᠶᠢ ᠵᠣᠭᠰᠣᠭᠠᠬᠤ᠂ ᠨᠡᠶᠢᠭᠡᠮ ᠲᠣᠭᠤᠷᠢᠭ ᠠᠴᠠ ᠡᠷᠡᠭᠦᠯᠵᠢᠭᠦᠯᠬᠦ᠂ ᠡᠷᠡᠭᠦᠯᠵᠢᠯ ᠤᠨ ᠲᠠᠯᠠᠪᠤᠷ ᠤᠨ ᠬᠤᠤᠷ ᠲᠠᠲᠠᠬᠤ ᠶᠢ ᠵᠣᠭᠰᠣᠭᠠᠬᠤ᠂ ᠬᠤᠤᠷᠲᠤ ᠡᠳ᠋  ᠢ ᠴᠠᠭᠠᠵᠠᠯᠠᠬᠤ ᠤᠷᠢᠳᠴᠢᠯᠠᠨ ᠰᠡᠷᠭᠡᠶᠢᠯᠡᠬᠦ ᠬᠥᠮᠦᠵᠢᠯ ᠵᠡᠷᠭᠡ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠴᠤ ᠵᠣᠬᠢᠴᠠᠭᠤᠯᠤᠨ᠎ᠠ᠃      ᠰᠢᠨᠵᠢᠯᠡᠬᠦ ᠤᠬᠠᠭᠠᠨ ᠮᠡᠷᠭᠡᠵᠢᠯ ᠤᠨ ᠮᠡᠳᠡᠭᠡ ᠵᠩᠭᠢᠴᠢᠯᠠᠯᠳᠠ ᠶᠢᠨ ᠰᠠᠯᠪᠤᠷᠢ ᠠᠩᠭᠢ᠄ ᠪᠥᠬᠦ ᠠᠶᠢᠮᠠᠭ ᠤᠨ ᠳᠣᠲᠣᠭᠠᠳᠤ ᠶᠢ ᠬᠠᠮᠠᠭᠠᠯᠠᠬᠤ ᠰᠢᠨᠵᠢᠯᠡᠬᠦ ᠤᠬᠠᠭᠠᠨ ᠮᠡᠷᠭᠡᠵᠢᠯ ᠢᠶᠠᠷ ᠴᠠᠭᠳᠠᠭ᠎ᠠ ᠶᠢ ᠬᠦᠴᠦᠷᠬᠡᠭᠵᠢᠭᠦᠯᠬᠦ᠂ ᠰᠠᠭᠤᠷᠢ ᠮᠡᠳᠡᠭᠡ ᠵᠩᠭᠢᠴᠢᠯᠠᠯᠳᠠ ᠪᠠ ᠮᠡᠳᠡᠭᠡ ᠵᠠᠩᠭᠢ ᠴᠢᠮᠡᠭᠡ ᠬᠤᠯᠪᠣᠭᠠᠨ ᠤ ᠠᠵᠢᠯ ᠤᠨ ᠲᠥᠯᠥᠪᠵᠢᠭᠦᠯᠭᠡ ᠶᠢ ᠰᠤᠳᠤᠯᠤᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠳᠣᠲᠣᠭᠠᠳᠤ ᠶᠢ ᠬᠠᠮᠠᠭᠠᠯᠠᠬᠤ ᠰᠢᠨᠵᠢᠯᠡᠬᠦ ᠤᠬᠠᠭᠠᠨ ᠮᠡᠷᠭᠡᠵᠢᠯ ᠤᠨ ᠬᠠᠮᠢᠶᠠᠷᠤᠯᠲᠠ ᠬᠡᠷᠡᠭᠯᠡᠯᠲᠡ ᠪᠠ ᠨᠡᠶᠢᠭᠡᠮ ᠤᠨ ᠣᠯᠠᠨ ᠨᠡᠶᠢᠲᠡ ᠶᠢᠨ ᠠᠮᠤᠷ ᠲᠦᠪᠰᠢᠨ ᠤ ᠮᠡᠷᠭᠡᠵᠢᠯ ᠤᠨ ᠰᠡᠷᠭᠡᠶᠢᠯᠡᠯᠲᠡ ᠬᠠᠮᠢᠶᠠᠷᠤᠯᠲᠠ ᠶᠢᠨ ᠠᠵᠢᠯ ᠢ ᠡᠭᠦᠷᠭᠡᠯᠡᠵᠦ᠂ ᠪᠥᠬᠦ ᠠᠶᠢᠮᠠᠭ ᠤᠨ ᠳᠣᠲᠣᠭᠠᠳᠤ ᠶᠢ ᠬᠠᠮᠠᠭᠠᠯᠠᠬᠤ ᠰᠢᠨᠵᠢᠯᠡᠬᠦ ᠤᠬᠠᠭᠠᠨ ᠮᠡᠷᠭᠡᠵᠢᠯ ᠤᠨ ᠮᠡᠳᠡᠭᠡ ᠵᠠᠩᠭᠢᠵᠢᠯᠲᠠ ᠶᠢᠨ ᠰᠠᠭᠤᠷᠢ ᠪᠥᠲᠥᠭᠡᠨ ᠪᠠᠶᠢᠭᠤᠯᠤᠯᠲᠠ ᠵᠢᠴᠢ ᠴᠢᠮᠡᠭᠡ ᠬᠤᠯᠪᠣᠭᠠᠨ ᠤ ᠲᠥᠬᠦᠭᠡᠷᠦᠮᠵᠢ ᠶᠢᠨ ᠬᠠᠮᠢᠶᠠᠷᠤᠯᠲᠠ ᠬᠠᠮᠠᠭᠠᠯᠠᠯᠲᠠ ᠬᠡᠷᠡᠭᠯᠡᠯᠲᠡ ᠵᠡᠷᠭᠡ ᠠᠵᠢᠯ ᠢ ᠵᠢᠯᠣᠭᠤᠳᠤᠨ᠎ᠠ᠃      ᠴᠠᠭᠳᠠᠭᠠᠨ ᠤ ᠶᠠᠪᠤᠳᠠᠯ ᠤᠨ ᠲᠥᠪ᠄ ᠬᠢᠩᠭᠠᠨ ᠠᠶᠢᠮᠠᠭ ᠤᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠪᠠᠶᠢᠭᠤᠯᠭ᠎ᠠ ᠶᠢᠨ ᠵᠠᠰᠠᠭ ᠵᠠᠬᠢᠷᠭᠠᠨ ᠤ ᠠᠯᠪᠠᠯᠠᠬᠤ ᠲᠣᠭᠤᠷᠢᠭ ᠵᠢᠴᠢ ᠠᠯᠪᠠᠨ ᠠᠰᠠᠷ᠂ ᠲᠤᠬᠠᠶᠢᠯᠠᠭᠰᠠᠨ ᠠᠵᠢᠯ ᠤᠨ ᠮᠡᠷᠭᠡᠵᠢᠯ ᠳᠤ ᠬᠡᠷᠡᠭᠯᠡᠬᠦ ᠬᠡᠷ ᠪᠠᠶᠢᠰᠢᠩ ᠤᠨ ᠡᠳᠦᠷ ᠲᠤᠲᠤᠮ ᠤᠨ ᠬᠠᠮᠢᠶᠠᠷᠤᠯᠲᠠ᠂ ᠬᠠᠮᠠᠭᠠᠯᠠᠯᠲᠠ᠂ ᠰᠡᠯᠪᠢᠨ ᠵᠠᠰᠠᠯᠲᠠ ᠪᠠ ᠠᠯᠪᠠᠨ ᠶᠠᠪᠤᠳᠠᠯ ᠤᠨ ᠲᠡᠷᠭᠡ ᠬᠥᠰᠬᠡ᠂ ᠬᠤᠷᠠᠯ ᠤᠨ ᠲᠠᠯᠠᠪᠤᠷ ᠤᠨ ᠠᠵᠢᠯᠯᠠᠭᠠᠨ ᠤ ᠬᠠᠮᠢᠶᠠᠷᠤᠯᠲᠠ ᠶᠢᠨ ᠠᠵᠢᠯ ᠢ ᠬᠠᠷᠢᠭᠤᠴᠠᠵᠤ᠂ ᠬᠢᠩᠭᠠᠨ ᠠᠶᠢᠮᠠᠭ ᠤᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠪᠠᠶᠢᠭᠤᠯᠭ᠎ᠠ ᠶᠢᠨ ᠦᠨᠳᠦᠰᠦᠨ ᠪᠥᠲᠥᠭᠡᠨ ᠪᠠᠶᠢᠭᠤᠯᠤᠯᠲᠠ ᠶᠢᠨ ᠲᠥᠯᠥᠪᠵᠢᠭᠦᠯᠭᠡ ᠪᠠ ᠠᠮᠤᠷ ᠲᠦᠪᠰᠢᠨ ᠤ ᠬᠠᠮᠠᠭᠠᠯᠠᠯᠲᠠ ᠶᠢᠨ ᠠᠵᠢᠯ ᠢ ᠵᠣᠬᠢᠶᠠᠨ ᠪᠠᠶᠢᠭᠤᠯᠤᠨ ᠬᠠᠮᠢᠶᠠᠷᠬᠤ ᠪᠠ ᠬᠡᠷᠡᠭᠵᠢᠭᠦᠯᠦᠨ᠎ᠡ᠃      ᠵᠠᠬᠢᠳᠠᠯ ᠰᠤᠷᠪᠤᠯᠵᠢᠯᠠᠭ᠎ᠠ ᠶᠢᠨ ᠰᠠᠯᠠᠭ᠎ᠠ᠄ ᠪᠦᠬᠦ ᠠᠶᠢᠮᠠᠭ ᠤᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠵᠠᠬᠢᠳᠠᠯ ᠰᠤᠷᠪᠤᠯᠵᠢᠯᠠᠭ᠎ᠠ ᠶᠢᠨ ᠠᠵᠢᠯ ᠢ ᠵᠢᠯᠣᠭᠤᠳᠴᠤ᠂ ᠣᠯᠠᠨ ᠲᠦᠮᠡᠨ ᠤ ᠵᠠᠬᠢᠳᠠᠯ ᠰᠤᠷᠪᠤᠯᠵᠢᠯᠠᠭ᠎ᠠ ᠶᠢᠨ ᠵᠦᠢᠯᠡᠰ ᠢ ᠰᠢᠢᠳᠪᠦᠷᠢᠯᠡᠨ᠂ ᠴᠢᠬᠤᠯᠠ ᠶᠡᠭᠡ ᠬᠦᠴᠢᠷ ᠲᠦᠪᠡᠭᠲᠡᠢ ᠵᠠᠬᠢᠳᠠᠯ ᠰᠤᠷᠪᠤᠯᠵᠢᠯᠠᠭ᠎ᠠ ᠶᠢᠨ ᠬᠡᠷᠡᠭ ᠢ ᠬᠦᠯᠢᠶᠡᠨ ᠠᠪᠬᠤ ᠪᠠ ᠪᠠᠶᠢᠴᠠᠭᠠᠨ ᠰᠢᠢᠳᠪᠦᠷᠢᠯᠡᠵᠦ᠂ ᠳᠡᠭᠡᠷ᠎ᠡ ᠱᠠᠲᠤᠨ ᠤ ᠪᠠᠶᠢᠭᠤᠯᠭ᠎ᠠ ᠶᠢᠨ ᠲᠤᠰᠢᠶᠠᠨ ᠰᠢᠢᠳᠪᠦᠷᠢᠯᠡᠭᠦᠯᠦᠭᠰᠡᠨ ᠵᠠᠬᠢᠳᠠᠯ ᠰᠤᠷᠪᠤᠯᠵᠢᠯᠠᠭ᠎ᠠ ᠶᠢᠨ ᠬᠡᠷᠡᠭ ᠢ ᠳᠠᠭᠠᠭᠠᠨ ᠰᠢᠢᠳᠪᠦᠷᠢᠯᠡᠨ᠎ᠡ᠃ᠢᠳᠡᠭᠡᠨ ᠪᠠ ᠡᠮ ᠤᠨ ᠵᠦᠢᠯᠡᠰ  ᠪᠤᠯᠤᠨ ᠣᠷᠴᠢᠨ ᠲᠣᠭᠤᠷᠢᠨ ᠤ ᠶᠠᠯᠠᠲᠤ ᠠᠵᠢᠯᠯᠠᠭ᠎ᠠ ᠶᠢ ᠮᠦᠷᠳᠡᠨ ᠪᠠᠶᠢᠴᠠᠭᠠᠬᠤ ᠰᠠᠯᠪᠤᠷᠢ ᠠᠩᠭᠢ᠄ ᠪᠦᠬᠦ ᠠᠶᠢᠮᠠᠭ ᠤᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠢᠳᠡᠭᠡᠨ ᠪᠠ ᠡᠮ ᠤᠨ ᠵᠦᠢᠯᠡᠰ ᠪᠤᠯᠤᠨ ᠣᠷᠴᠢᠨ ᠲᠣᠭᠤᠷᠢᠨ ᠤ ᠶᠠᠯᠠᠲᠤ ᠠᠵᠢᠯᠯᠠᠭ᠎ᠠ ᠶᠢ ᠤᠷᠢᠳᠴᠢᠯᠠᠨ ᠰᠡᠷᠭᠡᠶᠢᠯᠡᠬᠦ᠂ ᠴᠣᠬᠢᠯᠲᠠ ᠥᠭᠬᠦ ᠠᠵᠢᠯ ᠤᠨ ᠲᠥᠯᠥᠪᠵᠢᠭᠦᠯᠭᠡ ᠶᠢ ᠰᠤᠳᠤᠯᠤᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠬᠠᠮᠢᠶ᠎ᠠ ᠪᠦᠬᠦᠢ ᠶᠠᠯᠠᠲᠤ ᠠᠵᠢᠯᠯᠠᠭ᠎ᠠ ᠶᠢᠨ ᠮᠡᠳᠡᠭᠡ ᠵᠠᠩᠭᠢ ᠪᠠ ᠵᠢᠮ᠎ᠡ ᠶᠣᠰᠣ ᠶᠢ ᠴᠤᠭᠯᠠᠭᠤᠯᠤᠨ ᠵᠠᠳᠠᠯᠬᠤ ᠶᠢᠨ ᠬᠠᠮᠲᠤ ᠠᠷᠭᠠᠴᠠᠬᠤ ᠪᠣᠳᠣᠯᠭ᠎ᠠ ᠳᠤᠷᠠᠳᠴᠤ᠂ ᠪᠦᠬᠦ ᠠᠶᠢᠮᠠᠭ ᠤᠨ ᠢᠳᠡᠭᠡᠨ ᠪᠠ ᠡᠮ ᠤᠨ ᠵᠦᠢᠯᠡᠰ  ᠪᠤᠯᠤᠨ ᠣᠷᠴᠢᠨ ᠲᠣᠭᠤᠷᠢᠨ ᠤ ᠬᠦᠷᠢᠶᠡᠨ  ᠤ ᠶᠠᠯᠠᠲᠤ ᠬᠡᠷᠡᠭ ᠢ ᠲᠠᠩᠨᠠᠨ ᠰᠢᠢᠳᠪᠦᠷᠢᠯᠡᠬᠦ ᠠᠵᠢᠯ ᠢ ᠵᠣᠬᠢᠶᠠᠨ ᠪᠠᠶᠢᠭᠤᠯᠵᠤ ᠵᠣᠬᠢᠴᠠᠭᠤᠯᠤᠨ ᠵᠢᠯᠣᠭᠤᠳᠴᠤ᠂ ᠬᠠᠮᠢᠶ᠎ᠠ ᠪᠦᠬᠦᠢ ᠰᠠᠯᠠᠭ᠎ᠠ ᠮᠥᠴᠢᠷ  ᠯᠦᠭᠡ  ᠬᠠᠮᠳᠤᠷᠠᠨ ᠬᠦᠳᠦᠯᠦᠯᠴᠡᠵᠦ ᠬᠠᠤᠯᠢ ᠬᠡᠷᠡᠭᠵᠢᠭᠦᠯᠬᠦ ᠲᠣᠭᠲᠠᠴᠠ ᠶᠢ ᠪᠠᠶᠢᠭᠤᠯᠬᠤ ᠶᠢᠨ ᠳᠠᠭᠠᠤ  ᠲᠤᠰᠬᠠᠢ  ᠵᠦᠢᠯ ᠢ ᠲᠦᠪᠯᠡᠷᠡᠭᠦᠯᠦᠨ ᠴᠡᠭᠴᠡᠯᠡᠨ ᠵᠠᠰᠠᠬᠤ ᠠᠵᠢᠯᠯᠠᠭ᠎ᠠ ᠳᠤ ᠣᠷᠣᠯᠴᠠᠨ᠎ᠠ᠃
 
ᠢᠷᠡᠯᠲᠡ᠄ ᠬᠢᠩᠭᠠᠨ ᠠᠶᠢᠮᠠᠭ ᠤᠨ ᠳᠤᠳᠤᠭᠠᠳᠤ ᠶᠢ ᠬᠠᠮᠠᠭᠠᠯᠠᠬᠤ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号