ᠤᠢᠢᠷ᠎ᠠ ᠶᠢᠨ ᠡᠳᠤᠷ᠂ ᠠᠶᠢᠮᠠᠭ ᠤᠨ ᠤᠳᠬ᠎ᠠ ᠤᠷᠠᠯᠢᠭ ᠤᠨ ᠬᠢᠨ ᠤ ᠬᠤᠯᠪᠤᠭ᠎ᠠ ᠶᠢᠨ ᠶᠠᠳᠠᠭᠤ ᠠᠴᠠ | ᠠᠩᠬᠢᠵᠢᠷᠠᠭᠤᠯᠬᠤ ᠪᠤᠭᠤᠮᠳᠠ ᠰᠢᠪᠳᠤᠯᠬᠤ ᠪᠠ ᠬᠦᠳᠡᠭᠡ ᠲᠤᠰᠬᠤᠨ ᠢ ᠬᠦᠭᠵᠢᠬᠦᠯᠤᠨ ᠮᠠᠨᠳᠤᠭᠤᠯᠬᠤ ᠰᠤᠶᠤᠯ | ᠤᠷᠠᠯᠢᠭ ᠤᠨ ︽ᠬᠤᠤᠰ ᠠᠷᠪᠠ ᠵᠠᠭᠤ ᠮᠢᠩᠭᠠᠨ︾ ᠰᠠᠶᠢᠨ ᠲᠤᠷᠠᠴᠤᠥᠯ ᠤᠨ ᠦᠢᠯᠡᠴᠢᠯᠡᠭᠡᠨ ᠤ ᠢᠨᠵᠧᠨᠧᠷᠢᠩ ᠤᠨ | ᠠᠵᠢᠯᠯᠠᠭ᠎ᠠ ᠨᠢ ᠪᠦᠬᠦ ᠠᠶᠢᠮᠠᠭ ᠤᠨ 2020 ᠤᠨ ᠤ ᠰᠤᠷᠳᠠᠯ ᠤᠬᠠᠭᠤᠯᠭ᠎ᠠ ᠦᠵᠡᠯ ᠰᠠᠨᠠᠭ᠎ᠠ ᠰᠤᠶᠤᠯ ᠤᠨ | ᠠᠵᠢᠯ ᠤᠨ ᠰᠢᠨ᠎ᠠ ᠶᠢ ᠡᠬᠦᠳᠬᠦ ᠳᠠᠬᠢ ᠰᠢᠯᠢᠳᠡᠭ ᠨᠡᠶᠢᠳᠡᠯᠢᠭ ᠵᠢᠱᠢᠶ᠎ᠠ ᠪᠠᠷ ᠦᠨᠡᠯᠡᠭᠳᠡᠪᠡ᠃ | ᠲᠤᠰ ᠠᠵᠢᠯᠯᠠᠭ᠎ᠠ ᠶᠢ 2019 ᠤᠨ ᠤ 5 ᠰᠠᠷ᠎ᠠ ᠠᠴᠠ ᠡᠬᠢᠯᠡᠨ ᠶᠠᠪᠤᠭᠳᠠᠭᠤᠯᠵᠤ᠂ ᠵᠢᠯ ᠭᠠᠷᠤᠢ ᠶᠢᠨ | ᠬᠤᠭᠤᠴᠠᠭᠠᠨ ᠳᠤ ᠨᠡᠶᠢᠭᠡᠮ ᠤᠨ ᠤᠬᠢ ᠰᠠᠶᠢᠨ᠂ ᠦᠷᠭᠡᠨ ᠲᠡᠯᠭᠡᠷ ᠦᠨᠡᠯᠡᠯᠳᠠ ᠶᠢ ᠤᠯᠤᠭᠰᠠᠨ ᠪᠠᠶᠢᠨ᠎ᠠ᠃ ᠲᠤᠰ | ᠠᠵᠢᠯᠯᠠᠭᠠᠨ ᠳᠤ ᠰᠤᠶᠤᠯ ᠤᠨ ᠤᠷᠠᠯᠢᠬᠴᠢᠨ 100 ᠭᠠᠷᠤᠢ ᠤᠷᠤᠯᠴᠠᠵᠤ᠂ ᠤᠳᠬ᠎ᠠ ᠵᠤᠬᠢᠶᠠᠯ᠂ ᠲᠠᠭᠤᠥ ᠬᠦᠭᠵᠢᠮ | ᠂ ᠪᠦᠵᠢᠭ᠂ ᠭᠡᠷᠡᠯ ᠵᠢᠷᠤᠭ᠂ ᠤᠷᠠᠨ ᠵᠢᠷᠤᠭ᠂ ᠤᠷᠠᠨ ᠪᠢᠴᠢᠯᠭᠡ ᠵᠡᠷᠭᠡ ᠤᠷᠠᠯᠢᠭ ᠤᠨ ᠤᠯᠠᠨ ᠲᠦᠷᠤᠯ ᠤᠨ | ᠠᠵᠢᠯᠯᠠᠭ᠎ᠠ ᠶᠢ ᠪᠠᠭᠳᠠᠭᠠᠵᠤ᠂ ᠪᠦᠬᠦ ᠠᠶᠢᠮᠠᠭ ᠤᠨ 6 ᠬᠤᠰᠢᠭᠤ ᠰᠢᠶᠠᠨ ᠬᠤᠳᠠ ᠶᠢᠨ ᠨᠡᠶᠢᠭᠡᠮ ᠲᠤᠭᠤᠷᠢᠭ ᠵᠢᠴᠢ | ᠶᠠᠳᠠᠭᠤ ᠬᠦᠴᠢᠷᠳᠠᠯ ᠲᠠᠢ ᠭᠠᠴᠠᠭ᠎ᠠ ᠲᠤᠰᠬᠤᠨ ᠢ ᠬᠠᠮᠤᠷᠤᠬᠰᠠᠨ ᠪᠠᠶᠢᠨ᠎ᠠ᠃ ᠡᠨᠡ ᠬᠦ ᠠᠵᠢᠯᠯᠠᠭ᠎ᠠ ᠳᠤ | ᠤᠷᠠᠯᠢᠬᠴᠢᠳ ᠢᠳᠡᠪᠬᠢᠯᠠᠨ ᠤᠷᠤᠯᠴᠠᠵᠤ᠂ ᠨᠡᠶᠢᠳᠠ 1000 ᠭᠠᠷᠤᠢ ᠤᠷᠠᠨ ᠪᠦᠳᠤᠭᠡᠯ ᠪᠦᠳᠦᠭᠡᠵᠦ᠂ ᠲᠤᠬᠠᠢ ᠶᠢᠨ | ᠭᠠᠵᠠᠷ ᠤᠨ ᠤᠯᠠᠨ ᠲᠦᠮᠡᠨ ᠤ ᠲᠠᠭᠠᠰᠢᠶᠠᠯ ᠢ ᠤᠯᠵᠦ᠂ ᠠᠷᠠᠳ ᠤᠯᠠᠨ ᠤ ᠰᠤᠶᠤᠯ ᠤᠨ ᠠᠮᠢᠳᠤᠷᠠᠯ ᠢ ᠨᠢ | ᠪᠡᠶᠡᠯᠢᠬᠵᠢᠭᠤᠯᠪᠡ᠃ | ᠰᠤᠶᠤᠯ ᠤᠷᠠᠯᠢᠭ ᠤᠨ ︽ᠬᠤᠤᠰ ᠠᠷᠪᠠ ᠵᠠᠭᠤ ᠮᠢᠩᠭᠠᠨ︾ ᠰᠠᠶᠢᠨ ᠲᠤᠷᠠᠴᠤᠤᠯ ᠤᠨ ᠦᠢᠯᠡᠴᠢᠯᠡᠭᠡᠨ ᠤ | ᠠᠵᠢᠯᠯᠠᠭ᠎ᠠ ᠨᠢ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠠᠵᠢᠯ ᠤᠨ ᠶᠠᠪᠤᠴᠠ ᠳᠤ ᠰᠢᠨ᠎ᠠ ᠶᠢ | ᠡᠭᠦᠳᠴᠦ᠂ ᠰᠤᠶᠤᠯ ᠤᠷᠠᠯᠢᠭ ᠤᠨ ᠤᠨᠴᠠᠯᠢᠭᠳᠤ ᠪᠦᠳᠤᠭᠡᠯ ᠢ ᠪᠦᠳᠦᠭᠡᠨ᠂ ᠰᠤᠶᠤᠯ ᠢ ᠬᠦᠳᠡᠭᠡ ᠳᠤ ᠬᠦᠷᠭᠡᠨ᠂ | ᠤᠷᠠᠯᠢᠬᠴᠢᠳ ᠢ ᠤᠯᠠᠨ ᠲᠦᠮᠡᠨ ᠤ ᠲᠤᠮᠳᠠ ᠬᠦᠨᠵᠡᠭᠡᠶᠢᠷᠡᠭᠦᠯᠵᠦ᠂ ᠰᠤᠶᠤᠯ ᠤᠷᠠᠯᠢᠭ ᠢᠶᠠᠷ ᠤᠯᠠᠨ ᠲᠦᠮᠡᠨ ᠳᠤ | ᠦᠢᠯᠡᠴᠢᠯᠡᠬᠦ ᠶᠢ ᠦᠢᠯᠡᠳᠤᠯᠭᠡᠵᠢᠬᠦᠯᠦᠭᠰᠡᠨ ᠨᠢᠭᠡᠨ ᠤᠳᠠᠭᠠᠨ ᠤ ᠪᠦᠳᠦᠮᠵᠢᠳᠠᠢ ᠬᠢᠳᠡᠯ ᠪᠤᠯᠬᠤ ᠶᠤᠮ᠃ ᠮᠦᠨ | ᠰᠤᠶᠤᠯ ᠤᠷᠠᠯᠢᠭ ᠤᠨ ᠰᠢᠯᠢᠳᠡᠭ ᠡᠬᠢ ᠪᠠᠶᠠᠯᠢᠭ ᠢ ᠦᠨᠳᠤᠰᠤᠨ ᠱᠠᠳᠤᠨ ᠳᠤ ᠬᠦᠷᠭᠡᠬᠦ ᠶᠢ ᠠᠬᠢᠭᠤᠯᠵᠤ᠂ | ᠦᠨᠳᠤᠰᠤᠨ ᠱᠠᠳᠤᠨ ᠤ ᠰᠤᠶᠤᠯ ᠤᠷᠠᠯᠢᠭ ᠤᠨ ᠬᠦᠭᠵᠢᠯᠳᠡ ᠳᠤ ᠠᠮᠢᠯᠠᠯ ᠤᠨ ᠬᠦᠴᠤᠨ ᠤᠯᠭᠤᠵᠠᠢ᠃ ᠡᠬᠦᠨ ᠤ | ᠬᠠᠮᠳᠤ᠂ ᠦᠢᠯᠡᠴᠢᠯᠡᠭᠡᠨ ᠤ ᠠᠵᠢᠯᠯᠠᠭ᠎ᠠ ᠦᠷᠨᠢᠭᠦᠯᠬᠦ ᠪᠠᠷ ᠲᠠᠮᠵᠢᠨ ᠤᠷᠠᠯᠢᠬᠴᠢᠳ ᠠᠷᠠᠳ ᠲᠦᠮᠡᠨ ᠤ ᠪᠤᠳᠠᠳᠤ | ᠠᠮᠢᠳᠤᠷᠠᠯ ᠢᠶᠠᠷ ᠵᠤᠬᠢᠶᠠᠨ ᠪᠦᠳᠤᠭᠡᠬᠦ ᠶᠢᠨ ᠡᠬᠢ ᠰᠤᠷᠪᠤᠯᠵᠢ ᠪᠠᠨ ᠪᠤᠯᠭᠠᠨ᠂ ᠠᠮᠢᠳᠤᠷᠠᠯ ᠲᠠᠢ ᠤᠢᠢᠷᠠᠳᠤᠭᠰᠠᠨ | ᠰᠢᠯᠢᠳᠡᠭ ᠪᠦᠳᠤᠭᠡᠯ ᠢ ᠵᠤᠬᠢᠶᠠᠨ ᠪᠦᠳᠦᠭᠡᠵᠦ᠂ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠳᠤ | ᠬᠦᠴᠦᠯᠡᠭᠰᠡᠨ ᠢᠶᠠᠷ ᠪᠠᠷᠠᠬᠤ ᠦᠭᠡᠢ᠂ ᠬᠦᠳᠡᠭᠡ ᠲᠤᠰᠬᠤᠨ ᠢ ᠬᠦᠭᠵᠢᠬᠦᠯᠤᠨ ᠮᠠᠨᠳᠤᠭᠤᠯᠬᠤ ᠳᠤ ᠴᠤ ᠨᠢᠭᠳᠠᠷᠠᠯ ᠤᠨ | ᠬᠦᠴᠤᠨ ᠬᠠᠩᠭᠠᠭᠰᠠᠨ ᠪᠠᠶᠢᠨ᠎ᠠ᠃ ︵ᠴᠠᠶᠢᠯᠭᠠᠨ︶ |