ᠲᠡᠪᠰᠡᠭ ᠰᠤᠷᠭᠠᠭᠤᠯᠢ ︽ᠯᠸᠢ ᠹᠸᠡᠭ ᠠᠴᠠ ᠲᠠᠭᠠᠨ ᠰᠤᠷᠤᠯᠴᠠᠬᠤ︾ ᠰᠠᠶᠢᠨ ᠲᠤᠷ᠎ᠠ ᠶᠢᠨ ᠦᠢᠯᠡᠴᠢᠯᠡᠬᠡᠨ ᠤ ᠠᠵᠢᠯᠯᠠᠭᠠᠨ ᠦᠷᠨᠢᠬᠦᠯᠪᠡ
ᠨᠡᠶᠢᠲᠡᠯᠡᠭᠰᠡᠨ ᠴᠠᠭ᠄
2021/3/8
     ︵ᠰᠤᠷᠪᠤᠯᠵᠢᠯᠠᠬᠴᠢ ᠮᠸᠢ ᠬᠤᠸᠠ︶ 3 ᠰᠠᠷ᠎ᠠ ᠶᠢᠨ 2 ᠤᠨ ᠡᠳᠤᠷ᠂ ᠰᠤᠷᠪᠤᠯᠵᠢᠯᠠᠬᠴᠢ ᠬᠤᠷᠴᠢᠨ ᠪᠠᠷᠠᠭᠤᠨ ᠭᠠᠷᠤᠨ ᠡᠮᠤᠨᠡᠳᠤ ᠬᠤᠰᠢᠭᠤᠨ ᠤ ᠲᠡᠪᠰᠡᠭ ᠰᠤᠷᠭᠠᠭᠤᠯᠢ ᠳᠤ ᠬᠦᠷᠬᠦ ᠳᠤ᠂ ᠰᠤᠷᠤᠬᠴᠢᠳ ᠰᠠᠷᠠᠭᠤᠯ ᠠᠭᠤᠳᠠᠮ ᠰᠤᠷᠭᠠᠭᠤᠯᠢ ᠶᠢᠨ ᠬᠦᠷᠢᠶᠡᠨ ᠳᠤ ᠪᠠᠨ ᠪᠠᠶᠠᠷ ᠬᠦᠷ ᠲᠠᠢ ᠪᠠᠷ ᠪᠡᠶ᠎ᠠ ᠲᠠᠮᠢᠷ ᠤᠨ ᠬᠢᠴᠢᠶᠡᠯ ᠤᠷᠤᠵᠤ᠂ ᠵᠢᠭᠠᠨ ᠰᠤᠷᠭᠠᠬᠤ ᠠᠰᠡᠷ ᠤᠨ ᠡᠮᠤᠨ᠎ᠠ ᠰᠤᠷᠭᠠᠭᠤᠯᠢ ᠶᠢᠨ ᠬᠤᠪᠴᠠᠰᠤ ᠡᠮᠤᠰᠦᠭᠰᠡᠨ ᠬᠡᠰᠡᠭ ᠰᠤᠷᠤᠬᠴᠢ ᠱᠦᠭᠦᠷ ᠬᠦᠷᠵᠠ ᠠᠳᠬᠤᠨ᠂ ᠰᠤᠷᠭᠠᠭᠤᠯᠢ ᠶᠢᠨ ᠵᠠᠬᠢᠷᠤᠯ ᠪᠠᠭᠰᠢ ᠨᠡᠷ ᠤᠨ ᠢᠶᠠᠨ ᠲᠠᠶᠢᠴᠢᠯᠠᠯᠳᠠ ᠲᠤᠤᠷ᠎ᠠ ︽ᠯᠸᠢ ᠹᠸᠡᠭ ᠠᠴᠠ ᠲᠠᠭᠠᠨ ᠰᠤᠷᠤᠯᠴᠠᠬᠤ︾ ᠰᠢᠷᠢᠰ ᠠᠵᠢᠯᠯᠠᠭᠠᠨ ᠦᠷᠨᠢᠬᠦᠯᠬᠦ ᠪᠠᠷ ᠪᠡᠯᠡᠳᠭᠡᠵᠤ ᠪᠠᠶᠢᠯ᠎ᠠ᠃          ᠭᠤᠷᠪᠠᠳᠤᠭᠠᠷ ᠰᠠᠷ᠎ᠠ ᠪᠤᠯ ︽ᠯᠸᠢ ᠹᠸᠡᠭ ᠠᠴᠠ ᠲᠠᠭᠠᠨ ᠰᠤᠷᠤᠯᠴᠠᠬᠤ︾ ᠠᠵᠢᠯᠯᠠᠭᠠᠨ ᠤ ᠰᠠᠷ᠎ᠠ ᠪᠤᠯᠤᠨ᠎ᠠ᠃ ᠪᠠᠭᠰᠢ ᠰᠤᠷᠤᠬᠴᠢᠳ ᠤᠨ ᠢᠶᠠᠨ ᠲᠤᠮᠳᠠ ᠯᠸᠢ ᠹᠸᠡᠭ ᠤᠨ ᠵᠤᠷᠢᠭ ᠰᠠᠨᠠᠭ᠎ᠠ ᠶᠢ ᠱᠤᠭᠤᠵᠤ᠂ ᠪᠤᠰᠤᠳ ᠲᠤ ᠬᠠᠷᠠᠮ ᠦᠭᠡᠢ ᠦᠢᠯᠡᠴᠢᠯᠡᠬᠦ᠂ ᠬᠠᠶᠢᠷ᠎ᠠ ᠨᠦᠬᠦᠷᠯᠡᠯ ᠢ ᠡᠷᠬᠢᠮᠯᠡᠬᠦ᠂ ᠬᠠᠷᠢᠯᠴᠡᠨ ᠬᠠᠪᠰᠤᠷᠤᠯᠴᠠᠵᠤ ᠬᠠᠮᠳᠤ ᠪᠠᠷ ᠲᠠᠪᠰᠢᠬᠤ ᠰᠠᠶᠢᠨ ᠰᠠᠶᠢᠬᠠᠨ ᠬᠡᠪ ᠰᠤᠷᠳᠡᠯ ᠢ ᠪᠤᠢ ᠪᠤᠯᠭᠠᠬᠤ ᠪᠠᠷ 3 ᠰᠠᠷ᠎ᠠ ᠶᠢᠨ 2 ᠤᠨ ᠡᠳᠤᠷ ᠡᠮᠤᠨᠡᠳᠤ ᠬᠤᠰᠢᠭᠤᠨ ᠤ ᠲᠡᠪᠰᠡᠭ ᠰᠤᠷᠭᠠᠭᠤᠯᠢ ᠪᠠᠭᠰᠢ ᠰᠤᠷᠤᠭᠴᠢᠳ ᠢᠶᠠᠨ ᠵᠤᠬᠢᠶᠠᠨ ᠪᠠᠶᠢᠭᠤᠯᠤᠨ᠂ ᠭᠤᠤᠨᠢ ᠨᠠᠰᠤᠳᠡᠨ ᠶᠢᠨ ᠬᠠᠢ ᠶᠢᠨ ᠭᠡᠷ ᠲᠤ ᠬᠦᠷᠴᠤ ᠴᠤᠩᠬᠤ ᠡᠭᠦᠳᠡ ᠶᠢ ᠨᠢ ᠵᠦᠯᠭᠦᠵᠤ ᠬᠦᠷᠢᠶ᠎ᠠ ᠬᠠᠰᠢᠶ᠎ᠠ ᠶᠢ ᠨᠢ ᠴᠡᠪᠡᠷᠯᠡᠨ ᠬᠠᠶᠢᠷ᠎ᠠ ᠬᠠᠯᠠᠮᠵᠢ ᠬᠦᠷᠳᠡᠭᠡᠭᠰᠡᠨ ᠮᠦᠷᠳᠡᠬᠡᠨ ᠲᠡᠪᠰᠡᠭ ᠪᠠᠯᠭᠠᠰᠤᠨ ᠳᠠᠬᠢ ᠵᠦᠪᠯᠡᠯᠳᠤ ᠶᠢᠨ ᠤᠯᠠᠭᠠᠨ ᠴᠡᠷᠢᠭ ᠤᠨ ᠦᠷᠡᠭᠳᠡᠭᠰᠡᠨ ᠪᠠᠭᠠᠳᠤᠷᠴᠤᠳ ᠤᠨ ᠲᠤᠷᠠᠰᠬᠠᠯ ᠤᠨ ᠬᠦᠰᠢᠶᠡᠨ ᠤ ᠤᠷᠴᠢᠨ ᠲᠤᠭᠤᠷᠢᠨ ᠢ ᠱᠦᠭᠦᠷᠳᠡᠨ ᠴᠡᠪᠡᠷᠯᠡᠵᠤ᠂ ᠦᠷᠡᠭᠳᠡᠭᠰᠡᠨ ᠪᠠᠭᠠᠳᠤᠷᠴᠤᠳ ᠤᠨ ᠬᠦᠰᠢᠶᠡᠨ ᠳᠤ ᠴᠠᠭᠠᠷᠢᠬᠳᠤ ᠴᠡᠴᠡᠭ ᠬᠦᠷᠭᠡᠨ᠂ ᠪᠤᠳᠠᠳᠤ ᠦᠢᠯᠡ ᠠᠵᠢᠯᠯᠠᠭᠠᠨ ᠢᠶᠠᠷ ᠢᠶᠠᠨ ᠯᠸᠢ ᠹᠸᠡᠭ ᠤᠨ ᠵᠤᠷᠢᠭ ᠰᠠᠨᠠᠭ᠎ᠠ ᠶᠢ ᠦᠢᠯᠡᠳᠤᠯᠭᠡᠵᠢᠬᠦᠯᠵᠤ᠂ ᠰᠠᠶᠢᠨ ᠬᠦᠮᠤᠨ ᠤ ᠰᠠᠶᠢᠨ ᠦᠢᠯᠡ ᠠᠵᠢᠯᠯᠠᠭ᠎ᠠ ᠪᠠᠷ ᠰᠢᠨ᠎ᠠ ᠴᠠᠭ ᠦᠶ᠎ᠠ ᠶᠢᠨ ᠵᠠᠯᠠᠭᠤ ᠪᠠᠭᠠᠴᠤᠳ ᠤᠨ ᠰᠢᠯᠢᠳᠡᠭ ᠰᠤᠷᠳᠡᠯ ᠢ ᠪᠠᠳᠠᠷᠠᠭᠤᠯᠤᠬᠰᠠᠨ ᠪᠠᠶᠢᠨ᠎ᠠ᠃    

         

ᠵᠢᠷᠤᠭ 1. 2 . ᠪᠠᠭᠰᠢ ᠰᠤᠷᠤᠬᠴᠢᠳ ᠵᠦᠪᠯᠡᠯᠳᠤ ᠶᠢᠨ ᠤᠯᠠᠭᠠᠨ ᠴᠡᠷᠢᠭ ᠤᠨ ᠦᠷᠡᠭᠳᠡᠭᠰᠡᠨ ᠪᠠᠭᠠᠳᠤᠷᠴᠤᠳ ᠤᠨ

ᠲᠤᠷᠠᠰᠬᠠᠯ ᠤᠨ ᠬᠦᠰᠢᠶᠡᠨ ᠤ ᠤᠷᠴᠢᠨ ᠲᠤᠭᠤᠷᠢᠨ ᠢ ᠱᠦᠭᠦᠷᠳᠡᠨ ᠴᠡᠪᠡᠷᠯᠡᠵᠦ ᠪᠤᠢ᠃    3. ᠰᠤᠷᠤᠬᠴᠢᠳ

ᠭᠤᠤᠨᠢ ᠨᠠᠰᠤᠳᠡᠨ ᠶᠢᠨ ᠬᠠᠢ ᠶᠢᠨ ᠭᠡᠷ ᠲᠤ ᠬᠦᠷᠴᠤ ᠴᠤᠩᠬᠤ ᠡᠭᠦᠳᠡ ᠶᠢ ᠨᠢ ᠵᠦᠯᠭᠦᠵᠤ ᠬᠦᠷᠢᠶ᠎ᠠ ᠬᠠᠰᠢᠶ᠎ᠠ ᠶᠢ ᠨᠢ

ᠴᠡᠪᠡᠷᠯᠡᠵᠤ ᠪᠤᠢ᠃

 
ᠢᠷᠡᠯᠲᠡ᠄ ᠬᠢᠩᠭᠠᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号