ᠬᠢᠩᠭᠠᠨ ᠠᠶᠢᠮᠠᠭ ᠤᠨ ᠵᠠᠬᠢᠷᠭ᠎ᠠ ᠶᠢᠨ ᠭᠠᠳᠠᠭᠠᠳᠤ ᠶᠠᠪᠤᠳᠠᠯ ᠤᠨ ᠠᠯᠪᠠᠨ ᠭᠡᠷ
ᠨᠡᠶᠢᠲᠡᠯᠡᠭᠰᠡᠨ ᠴᠠᠭ᠄
2021/4/20
   ᠭᠤᠤᠯ ᠡᠭᠦᠷᠭᠡ ᠬᠠᠷᠢᠭᠤᠴᠠᠯᠭ᠎ᠠ᠄     ᠨᠢᠭᠡ᠄ ᠨᠠᠮ ᠤᠨ ᠭᠠᠳᠠᠭᠠᠳᠤ ᠶᠠᠪᠤᠳᠠᠯ ᠤᠨ ᠠᠵᠢᠯ ᠤᠨ ᠲᠤᠬᠠᠢ ᠴᠢᠭᠯᠡᠯᠳᠡ᠂ ᠲᠦᠷᠦ ᠶᠢᠨ ᠪᠤᠳᠤᠯᠭ᠎ᠠ  ᠪᠤᠯᠤᠨ ᠤᠯᠤᠰ᠂ ᠦᠪᠡᠷᠳᠡᠭᠡᠨ ᠵᠠᠰᠠᠬᠤ ᠤᠷᠤᠨ ᠤ ᠬᠤᠯᠪᠤᠭᠳᠠᠯ ᠪᠦᠬᠦᠢ ᠬᠠᠤᠯᠢ ᠴᠠᠭᠠᠵᠠ ᠬᠠᠤᠯᠢ ᠲᠤᠭᠳᠠᠭᠠᠯ ᠢ ᠲᠤᠭᠤᠰᠢᠯᠠᠭᠤᠯᠤᠨ ᠬᠡᠷᠡᠭᠵᠢᠭᠦᠯᠵᠦ᠂  ᠠᠶᠢᠮᠠᠭ ᠤᠨ ᠨᠠᠮ  ᠤᠨ ᠬᠤᠷᠢᠶ᠎ᠠ᠂ ᠠᠶᠢᠮᠠᠭ ᠤᠨ ᠵᠠᠬᠢᠷᠭ᠎ᠠ ᠶᠢᠨ ᠭᠠᠳᠠᠭᠠᠳᠤ ᠶᠠᠪᠤᠳᠠᠯ ᠤᠨ ᠠᠵᠢᠯ ᠤᠨ ᠲᠤᠬᠠᠢ ᠵᠢᠭᠠᠪᠤᠷᠢ ᠪᠠ ᠲᠤᠭᠳᠠᠭᠠᠯ ᠢ ᠬᠢᠨᠠᠮᠠᠭᠠᠢ ᠨᠠᠶᠢᠳᠠᠪᠤᠷᠢᠵᠢᠭᠤᠯᠵᠦ᠂ ᠪᠦᠬᠦ ᠠᠶᠢᠮᠠᠭ ᠤᠨ ᠭᠠᠳᠠᠭᠠᠳᠤ ᠶᠠᠪᠤᠳᠠᠯ ᠤᠨ ᠠᠵᠢᠯ ᠤᠨ ᠲᠦᠷᠢᠮ ᠪᠤᠯᠤᠨ ᠠᠵᠢᠯ ᠤᠨ ᠲᠦᠯᠦᠪᠵᠢᠭᠦᠯᠭᠡ ᠶᠢ ᠰᠤᠳᠤᠯᠤᠨ ᠲᠤᠭᠳᠠᠭᠠᠬᠤ ᠶᠢᠨ ᠬᠠᠮᠳᠤ ᠬᠢᠨᠠᠯᠳᠠ ᠲᠠᠯᠪᠢᠨ ᠬᠡᠷᠡᠭᠵᠢᠭᠦᠯᠦᠨ᠎ᠡ᠃      ᠬᠤᠶᠠᠷ᠂ ᠪᠦᠬᠦ ᠠᠶᠢᠮᠠᠭ ᠤᠨ ᠭᠠᠳᠠᠭᠠᠳᠤ ᠶᠠᠪᠤᠳᠠᠯ ᠤᠨ ᠠᠵᠢᠯ ᠳᠤ ᠶᠡᠷᠦᠩᠬᠡᠶᠢᠯᠡᠭᠰᠡᠨ ᠰᠢᠰᠲ᠋ᠧᠮᠵᠢᠭᠦᠯᠦᠨ ᠬᠠᠮᠢᠶᠠᠷᠬᠤ ᠡᠭᠦᠷᠭᠡ ᠴᠢᠳᠠᠪᠤᠷᠢ ᠶᠢ ᠬᠡᠷᠡᠭᠵᠢᠭᠦᠯᠵᠦ᠂ ᠠᠶᠢᠮᠠᠭ ᠤᠨ ᠨᠠᠮ ᠤᠨ ᠬᠤᠷᠢᠶ᠎ᠠ᠂ ᠠᠶᠢᠮᠠᠭ ᠤᠨ ᠵᠠᠬᠢᠷᠭ᠎ᠠ ᠳᠤ  ᠪᠦᠬᠦ ᠠᠶᠢᠮᠠᠭ ᠤᠨ ᠴᠢᠬᠤᠯᠠ ᠭᠠᠳᠠᠭᠠᠳᠤ ᠶᠠᠪᠤᠳᠠᠯ ᠤᠨ ᠠᠰᠠᠭᠤᠳᠠᠯ ᠤᠨ ᠲᠤᠬᠠᠢ ᠵᠢᠭᠠᠪᠤᠷᠢ  ᠠᠪᠤᠯᠳᠠ ᠪᠤᠯᠤᠨ ᠮᠡᠳᠡᠭᠦᠯᠦᠯᠳᠡ ᠶᠢ  ᠬᠠᠷᠢᠭᠤᠴᠠᠨ ᠮᠡᠳᠡᠭᠦᠯᠦᠨ᠎ᠡ᠃ ᠠᠶᠢᠮᠠᠭ ᠤᠨ ᠨᠠᠮ ᠤᠨ ᠬᠤᠷᠢᠶ᠎ᠠ᠂ ᠠᠶᠢᠮᠠᠭ ᠤᠨ ᠵᠠᠬᠢᠷᠭ᠎ᠠ ᠶᠢᠨ ᠲᠤᠰᠢᠶᠠᠭᠰᠠᠨ ᠵᠢᠴᠢ ᠠᠶᠢᠮᠠᠭ ᠤᠨ ᠰᠢᠭᠤᠳ ᠬᠠᠷᠢᠶ᠎ᠠ ᠪᠠᠶᠢᠭᠤᠯᠭ᠎ᠠ ᠪᠤᠯᠤᠨ ᠡᠯ᠎ᠡ ᠬᠤᠰᠢᠭᠤ ᠰᠢᠶᠠᠨ ᠬᠤᠳᠠ ᠶᠢᠨ ᠮᠡᠳᠡᠭᠦᠯᠦᠨ ᠬᠦᠷᠭᠡᠭᠰᠡᠨ ᠬᠤᠯᠪᠤᠭᠳᠠᠯ ᠪᠦᠬᠦᠢ ᠭᠠᠳᠠᠭᠠᠳᠤ ᠶᠠᠪᠤᠳᠠᠯ ᠤᠨ ᠠᠰᠠᠭᠤᠳᠠᠯ ᠤᠨ ᠲᠤᠬᠠᠢ ᠵᠢᠭᠠᠪᠤᠷᠢ  ᠠᠪᠤᠯᠳᠠ ᠪᠠ ᠮᠡᠳᠡᠭᠦᠯᠦᠯᠳᠡ ᠶᠢ ᠭᠠᠷᠳᠠᠨ ᠭᠦᠢᠴᠡᠳᠭᠡᠨ᠎ᠡ  ᠃      ᠭᠤᠷᠪᠠ᠂  ᠪᠦᠬᠦ ᠠᠶᠢᠮᠠᠭ ᠤᠨ ᠭᠠᠳᠠᠭᠠᠳᠤ ᠶᠠᠪᠤᠳᠠᠯ ᠤᠨ ᠠᠵᠢᠯ ᠤᠨ ᠴᠢᠭᠯᠡᠯᠳᠡ ᠲᠦᠷᠦ ᠶᠢᠨ ᠪᠤᠳᠤᠯᠭ᠎ᠠ ᠪᠠ ᠬᠤᠯᠪᠤᠭᠳᠠᠯ ᠪᠦᠬᠦᠢ ᠬᠠᠤᠯᠢ ᠴᠠᠭᠠᠵᠠ᠂ ᠬᠠᠤᠯᠢ  ᠲᠤᠭᠳᠠᠭᠠᠯ ᠢ ᠲᠤᠭᠤᠰᠢᠯᠠᠭᠤᠯᠤᠨ ᠬᠡᠷᠡᠭᠵᠢᠭᠦᠯᠦᠭᠰᠡᠨ ᠪᠠᠶᠢᠳᠠᠯ ᠢ ᠬᠢᠨᠠᠨ ᠪᠠᠶᠢᠴᠠᠭᠠᠵᠦ᠂ ᠬᠡᠷᠡᠭᠵᠢᠭᠦᠯᠬᠦ ᠲᠤᠮᠳᠠ ᠢᠯᠡᠷᠡᠭᠰᠡᠨ ᠠᠰᠠᠭᠤᠳᠠᠯ ᠵᠢᠴᠢ ᠭᠠᠳᠠᠭᠠᠳᠤ ᠶᠠᠪᠤᠳᠠᠯ ᠤᠨ ᠰᠠᠬᠢᠯᠭ᠎ᠠ ᠪᠠᠳᠤ ᠠᠴᠠ ᠵᠦᠷᠢᠴᠡᠭᠰᠡᠨ ᠬᠦᠨᠳᠦ ᠶᠡᠭᠡ ᠬᠡᠷᠡᠭ ᠶᠠᠪᠤᠳᠠᠯ ᠳᠤ ᠰᠢᠢᠳᠪᠦᠷᠢᠯᠡᠬᠦ ᠰᠠᠨᠠᠯ ᠲᠤᠷᠠᠳᠤᠨ᠎ᠠ᠃ ᠪᠦᠬᠦ ᠠᠶᠢᠮᠠᠭ ᠤᠨ ᠭᠠᠳᠠᠭᠠᠳᠤ ᠲᠠᠢ ᠬᠤᠯᠪᠤᠭᠳᠠᠭᠰᠠᠨ ᠴᠢᠬᠤᠯᠠ ᠲᠤᠮᠤ ᠬᠡᠷᠡᠭ ᠶᠠᠪᠤᠳᠠᠯ ᠢ ᠬᠠᠷᠢᠭᠤᠴᠠᠨ ᠰᠢᠢᠳᠪᠦᠷᠢᠯᠡᠬᠦ ᠪᠤᠶᠤ ᠬᠠᠮᠵᠢᠨ ᠰᠢᠢᠳᠪᠦᠷᠢᠯᠡᠨ᠎ᠡ᠃    ᠲᠦᠷᠪᠡ᠂  ᠠᠶᠢᠯᠴᠢᠯᠠᠬᠤ ᠪᠠᠷ ᠢᠷᠡᠭᠰᠡᠨ ᠴᠢᠬᠤᠯᠠ ᠭᠠᠳᠠᠭᠠᠳᠤ ᠶᠢᠨ ᠵᠤᠴᠢᠳ ᠢ ᠵᠤᠬᠢᠶᠠᠨ ᠪᠠᠶᠢᠭᠤᠯᠵᠦ ᠲᠤᠰᠴᠤ ᠠᠪᠤᠨ᠎ᠠ᠃ ᠡᠯ᠎ᠡ ᠬᠤᠰᠢᠭᠤ ᠰᠢᠶᠠᠨ ᠬᠤᠳᠠ᠂ ᠡᠯ᠎ᠡ ᠰᠠᠯᠠᠭ᠎ᠠ ᠮᠦᠴᠢᠷ ᠵᠢᠴᠢ ᠠᠵᠦ ᠠᠬᠤᠶᠢᠯᠠᠯ ᠠᠵᠢᠯ ᠦᠢᠯᠡᠰ ᠤᠨ ᠪᠠᠶᠢᠭᠤᠯᠭ᠎ᠠ ᠶᠢ ᠵᠢᠯᠤᠭᠤᠳᠤᠨ᠂ ᠭᠠᠳᠠᠭᠠᠳᠤ ᠠᠴᠠ ᠠᠶᠢᠯᠴᠢᠯᠠᠬᠤ ᠪᠠᠷ ᠢᠷᠡᠭᠰᠡᠨ ᠭᠠᠳᠠᠭᠠᠳᠤ ᠶᠢᠨ ᠵᠤᠴᠢᠨ ᠢ ᠵᠤᠴᠢᠯᠠᠬᠤ ᠠᠵᠢᠯ ᠪᠠ ᠭᠠᠳᠠᠭᠠᠳᠤ ᠶᠠᠪᠤᠳᠠᠯ ᠤᠨ ᠠᠵᠢᠯ ᠢ ᠰᠠᠶᠢᠳᠤᠷ ᠬᠢᠵᠦ᠂ ᠠᠶᠢᠮᠠᠭ ᠤᠨ ᠨᠠᠮ ᠵᠠᠰᠠᠭ ᠤᠨ ᠤᠳᠤᠷᠢᠳᠤᠯᠭ᠎ᠠ ᠶᠢᠨ ᠭᠠᠳᠠᠭᠠᠳᠤ ᠲᠠᠢ ᠬᠠᠷᠢᠯᠴᠠᠬᠤ ᠶᠠᠪᠤᠳᠠᠯ ᠢ ᠭᠦᠢᠴᠡᠳᠭᠡᠨ᠎ᠡ᠃     ᠲᠠᠪᠤ᠂ ᠪᠦᠬᠦ ᠠᠶᠢᠮᠠᠭ ᠤᠨ ᠠᠯᠪᠠᠨ ᠶᠠᠪᠤᠳᠠᠯ ᠢᠶᠠᠷ ᠭᠠᠳᠠᠭᠠᠳᠤ ︵ᠬᠢᠯᠢ︶ ᠳᠤ ᠭᠠᠷᠬᠤ ᠪᠦᠯᠬᠦᠮ ᠲᠤᠭᠤᠶᠢᠯᠠᠩ ᠢ ᠬᠢᠨᠠᠨ ᠬᠠᠷᠭᠤᠭᠤᠯᠵᠦ ᠬᠢᠨᠠᠨ ᠵᠦᠪᠰᠢᠶᠡᠷᠡᠬᠦ ᠠᠵᠢᠯ ᠢ ᠬᠠᠷᠢᠭᠤᠴᠠᠵᠦ᠂ ᠠᠯᠪᠠᠨ ᠶᠠᠪᠤᠳᠠᠯ ᠤᠨ ᠫᠠᠰᠫᠤᠷᠲ ᠪᠠ ᠰᠢᠶᠠᠩᠭᠠᠩ ᠤᠤᠮᠧᠨ ᠳᠤ ᠤᠴᠢᠬᠤ ᠨᠡᠪᠲᠡᠷᠡᠯ ᠤᠨ ᠦᠨᠡᠮᠯᠡᠯ ᠤᠨ ᠠᠵᠢᠯ ᠢ ᠬᠠᠮᠢᠶᠠᠷᠤᠨ᠎ᠠ᠃     ᠵᠢᠷᠭᠤᠭ᠎ᠠ᠂ ᠠᠶᠢᠮᠠᠭ ᠤᠨ ᠠᠷᠠᠳ ᠲᠦᠮᠡᠨ ᠤ ᠭᠠᠳᠠᠭᠠᠳᠤ ᠲᠠᠢ ᠨᠦᠬᠦᠷᠰᠡᠭ ᠢᠶᠠᠷ ᠶᠠᠪᠤᠯᠴᠠᠬᠤ ᠨᠡᠶᠢᠭᠡᠮᠯᠢᠭ ᠤᠨ ᠠᠵᠢᠯ ᠢ ᠵᠢᠯᠤᠭᠤᠳᠤᠨ᠎ᠠ᠃ ᠪᠦᠬᠦ ᠠᠶᠢᠮᠠᠭ ᠤᠨ ᠭᠠᠳᠠᠭᠠᠳᠤ ᠯᠤᠭ᠎ᠠ ᠨᠦᠬᠦᠷᠰᠡᠭ ᠬᠤᠳᠠ᠂ ᠨᠦᠬᠦᠷᠰᠡᠭ ᠤᠷᠤᠨ᠂ ᠨᠦᠬᠦᠷᠰᠡᠭ ᠦᠨᠳᠦᠰᠦᠨ ᠱᠠᠳᠤᠨ ᠤ ᠨᠢᠭᠡᠴᠢ ᠶᠢ ᠪᠠᠶᠢᠭᠤᠯᠤᠨ ᠦᠷᠨᠢᠭᠦᠯᠬᠦ ᠠᠵᠢᠯ ᠢ ᠵᠢᠯᠤᠭᠤᠳᠤᠨ ᠬᠠᠮᠢᠶᠠᠷᠤᠨ᠎ᠠ᠃ ᠪᠦᠬᠦ ᠠᠶᠢᠮᠠᠭ ᠤᠨ ᠢᠷᠭᠡᠳ ᠤᠨ ᠭᠠᠳᠠᠭᠠᠳᠤ ᠯᠤᠭ᠎ᠠ ᠨᠦᠬᠦᠷᠰᠡᠭ ᠢᠶᠠᠷ ᠶᠠᠪᠤᠯᠴᠠᠬᠤ ᠠᠵᠢᠯ ᠢ ᠵᠢᠯᠤᠭᠤᠳᠤᠨ᠎ᠠ᠃      ᠲᠤᠯᠤᠭ᠎ᠠ᠂ ᠬᠤᠯᠪᠤᠭᠳᠠᠯ ᠪᠦᠬᠦᠢ ᠰᠠᠯᠠᠭ᠎ᠠ ᠮᠦᠴᠢᠷ ᠲᠠᠢ ᠬᠠᠮᠳᠤᠷᠠᠵᠦ ᠪᠠᠶᠢᠭᠠᠳ ᠭᠠᠳᠠᠭᠠᠳᠤ  ᠤᠬᠠᠭᠤᠯᠭ᠎ᠠ ᠪᠠ ᠤᠯᠠᠨ ᠲᠦᠮᠡᠨᠴᠢ ᠴᠢᠨᠠᠷᠲᠠᠢ ᠭᠠᠳᠠᠭᠠᠳᠤ ᠶᠠᠪᠤᠳᠠᠯ ᠤᠨ ᠬᠦᠮᠦᠵᠢᠯ ᠤᠨ ᠠᠵᠢᠯ ᠢ ᠰᠠᠶᠢᠳᠤᠷ ᠬᠢᠵᠦ᠂ ᠬᠤᠯᠪᠤᠭᠳᠠᠯ ᠪᠦᠬᠦᠢ ᠰᠠᠯᠠᠭ᠎ᠠ ᠮᠦᠴᠢᠷ ᠲᠤ ᠴᠢᠬᠤᠯᠠ ᠶᠡᠭᠡ    ᠤᠯᠠᠨ ᠤᠯᠤᠰ ᠤᠨ ᠠᠰᠠᠭᠤᠳᠠᠯ ᠤᠨ ᠤᠬᠠᠭᠤᠯᠬᠤ ᠮᠠᠲ᠋ᠧᠷᠢᠶᠠᠯ ᠪᠤᠯᠤᠨ ᠭᠠᠳᠠᠭᠠᠳᠤ ᠳᠤ ᠢᠯᠡᠳᠭᠡᠬᠦ ᠬᠡᠯᠡ ᠶᠠᠷᠢᠶ᠎ᠠ ᠶᠢ ᠬᠠᠩᠭᠠᠨ᠎ᠠ᠃ ᠬᠤᠯᠪᠤᠭᠳᠠᠯ ᠪᠦᠬᠦᠢ ᠲᠦᠷᠢᠮ ᠲᠤᠭᠳᠠᠭᠠᠯ ᠶᠣᠰᠤᠭᠠᠷ᠂ ᠭᠠᠳᠠᠭᠠᠳᠤ ᠶᠢᠨ ᠬᠦᠮᠦᠨ ᠮᠠᠨ ᠤ ᠠᠶᠢᠮᠠᠭ ᠲᠤ ᠢᠷᠡᠵᠦ ᠰᠤᠷᠪᠤᠯᠵᠢᠯᠠᠬᠤ ᠵᠡᠷᠭᠡ  ᠬᠤᠯᠪᠤᠭᠳᠠᠯ ᠪᠦᠬᠦᠢ ᠶᠠᠪᠤᠳᠠᠯ ᠪᠠ ᠭᠠᠳᠠᠭᠠᠳᠤ ᠤᠯᠤᠰ ᠪᠤᠯᠤᠨ ᠰᠢᠶᠠᠩᠭᠠᠩ ᠤᠤᠮᠧᠨ ᠤ ᠰᠤᠨᠢᠨ ᠮᠡᠳᠡᠭᠡᠨ ᠤ ᠪᠠᠶᠢᠭᠤᠯᠤᠮᠵᠢ ᠬᠢᠭᠡᠳ ᠰᠤᠷᠪᠤᠯᠵᠢᠯᠠᠭᠴᠢᠳ ᠮᠠᠨ ᠤ ᠠᠶᠢᠮᠠᠭ ᠲᠤ ᠢᠷᠡᠵᠦ ᠰᠤᠷᠪᠤᠯᠵᠢᠯᠠᠬᠤ ᠵᠡᠷᠭᠡ ᠶᠠᠪᠤᠳᠠᠯ ᠢ ᠬᠠᠮᠢᠶᠠᠷᠬᠤ ᠶᠢ ᠬᠠᠷᠢᠭᠤᠴᠠᠨ᠎ᠠ ᠃       ᠨᠠᠢᠮᠠ᠂ ᠬᠤᠯᠪᠤᠭᠳᠠᠯ ᠪᠦᠬᠦᠢ ᠬᠢᠯᠢ ᠶᠢᠨ ᠶᠠᠪᠤᠳᠠᠯ ᠤᠨ ᠬᠠᠮᠢᠶᠠᠷᠤᠯᠳᠠ ᠵᠢᠴᠢ ᠬᠢᠯᠢ ᠶᠢᠨ ᠭᠠᠳᠠᠭᠠᠳᠤ ᠲᠠᠢ ᠬᠤᠯᠪᠤᠭᠳᠠᠬᠤ ᠬᠡᠷᠡᠭ ᠶᠠᠪᠤᠳᠠᠯ ᠢ ᠰᠤᠳᠤᠯᠤᠨ ᠰᠢᠢᠳᠪᠦᠷᠢᠯᠡᠨ᠎ᠡ᠃ ᠬᠢᠯᠢ ᠶᠢᠨ ᠬᠡᠯᠡᠯᠴᠡᠭᠡ ᠠᠭᠤᠯᠵᠠᠯᠳᠠ ᠶᠢᠨ ᠠᠵᠢᠯ  ᠳᠤ  ᠵᠢᠯᠤᠭᠤᠳᠤᠯᠭ᠎ᠠ ᠪᠠ ᠲᠦᠷᠦ ᠶᠢᠨ ᠪᠤᠳᠤᠯᠭ᠎ᠠ ᠶᠢᠨ ᠪᠤᠭᠤᠮᠳᠠ ᠶᠢ ᠠᠳᠬᠤᠨ᠎ᠠ᠃ᠶᠢᠰᠦ᠂ ᠠᠶᠢᠮᠠᠭ ᠤᠨ ᠨᠠᠮ ᠤᠨ ᠬᠤᠷᠢᠶ᠎ᠠ᠂ ᠠᠶᠢᠮᠠᠭ ᠤᠨ ᠵᠠᠬᠢᠷᠭ᠎ᠠ  ᠠᠴᠠ ᠲᠤᠰᠢᠶᠠᠭᠰᠠᠨ ᠪᠤᠰᠤᠳ ᠡᠭᠦᠷᠭᠡ ᠶᠢ ᠭᠦᠢᠴᠡᠳᠭᠡᠨ᠎ᠡ᠃
 
ᠢᠷᠡᠯᠲᠡ᠄ ᠬᠢᠩᠭᠠᠨ ᠠᠶᠢᠮᠠᠭ ᠤᠨ ᠵᠠᠬᠢᠷᠭ᠎ᠠ ᠶᠢᠨ ᠭᠠᠳᠠᠭᠠᠳᠤ ᠶᠠᠪᠤᠳᠠᠯ ᠤᠨ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号