ᠬᠢᠩᠭᠠᠨ ᠠᠶᠢᠮᠠᠭ ᠤᠨ ᠵᠠᠬᠢᠳᠠᠯ ᠰᠤᠷᠪᠤᠯᠵᠢᠯᠠᠭ᠎ᠠ ᠶᠢᠨ ᠲᠣᠪᠴᠢᠶ᠎ᠠ
ᠨᠡᠶᠢᠲᠡᠯᠡᠭᠰᠡᠨ ᠴᠠᠭ᠄
2021/4/20
   ᠭᠤᠣᠯ ᠡᠭᠦᠷᠭᠡ ᠬᠠᠷᠢᠭᠤᠴᠠᠯᠭ᠎ᠠ     ᠨᠢᠭᠡ  ᠂ ᠨᠠᠮ ᠤᠨ ᠲᠥᠪ ᠬᠤᠷᠢᠶᠠᠨ ᠤ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠲᠤᠬᠠᠶ ᠴᠢᠭᠯᠡᠯᠲᠡ ᠲᠥᠷᠥ ᠶᠢᠨ ᠪᠣᠳᠣᠯᠭ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠶᠢᠮᠠᠭ ᠤᠨ ᠨᠠᠮ ᠤᠨ ᠬᠤᠷᠢᠶᠠᠨ ᠤ ᠬᠠᠮᠢᠶ᠎ᠠ ᠪᠦᠬᠦᠢ ᠰᠢᠶᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠶᠠᠪᠤᠴᠠ ᠳᠤ  ᠵᠠᠬᠢᠳᠠᠯ ᠰᠤᠷᠪᠤᠯᠵᠢᠯᠠᠭ᠎ᠠ ᠶᠢᠨ ᠠᠵᠢᠯ ᠳᠠᠬᠢ ᠨᠠᠮ ᠤᠨ ᠲᠥᠪᠯᠡᠷᠡᠩᠭᠦᠶ ᠨᠢᠭᠡᠳᠦᠯᠲᠡᠶ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠬᠤ ᠬᠡᠷᠡᠭᠲᠡᠶ᠃    ᠬᠤᠶᠠᠷ  ᠂ ᠡᠯ᠎ᠡ ᠬᠤᠰᠢᠭᠤ ᠰᠢᠶᠠᠨ ᠬᠤᠲᠠ  ᠰᠠᠯᠠᠭ᠎ᠠ ᠮᠥᠴᠢᠷ ᠤᠨ ᠵᠠᠬᠢᠳᠠᠯ ᠰᠤᠷᠪᠤᠯᠵᠢᠯᠠᠭ᠎ᠠ ᠶᠢᠨ ᠠᠵᠢᠯ ᠢ ᠵᠣᠬᠢᠴᠠᠭᠤᠯᠤᠨ ᠵᠢᠯᠣᠭᠤᠳᠬᠤ ᠶᠢ ᠬᠠᠷᠢᠭᠤᠴᠠᠨ᠎ᠠ᠃     ᠭᠤᠷᠪᠠ  ᠂ ᠨᠠᠮ ᠤᠨ ᠲᠥᠪ ᠬᠤᠷᠢᠶ᠎ᠠ ᠲᠥᠷᠥ ᠶᠢᠨ ᠶᠠᠪᠤᠳᠠᠯ ᠤᠨ ᠬᠤᠷᠢᠶ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠵᠠᠰᠠᠭ ᠤᠨ ᠣᠷᠳᠣᠨ᠂ ᠠᠶᠢᠮᠠᠭ ᠤᠨ ᠨᠠᠮ ᠤᠨ ᠬᠤᠷᠢᠶ᠎ᠠ  ᠂ ᠠᠶᠢᠮᠠᠭ ᠤᠨ ᠵᠠᠬᠢᠷᠭ᠎ᠠ ᠵᠢᠴᠢ ᠤᠳᠤᠷᠢᠳᠤᠯᠭ᠎ᠠ ᠶᠢᠨ ᠲᠤᠰᠢᠶᠠᠨ ᠰᠢᠶᠳᠪᠦᠷᠢᠯᠡᠭᠦᠯᠦᠭᠰᠡᠨ ᠵᠠᠬᠢᠳᠠᠯ ᠰᠤᠷᠪᠤᠯᠵᠢᠯᠠᠭ᠎ᠠ ᠶᠢᠨ ᠵᠦᠢᠯᠡᠰ ᠢ ᠳᠠᠭᠠᠭᠠᠨ ᠭᠦᠢᠴᠡᠳᠬᠡᠨ᠎ᠡ᠃ ᠠᠷᠠᠳ ᠢᠷᠭᠡᠨ᠂ ᠬᠠᠤᠯᠢ ᠶᠢᠨ ᠡᠷᠭᠡᠳᠡᠨ ᠪᠤᠶᠤ ᠪᠤᠰᠤᠳ ᠵᠣᠬᠢᠶᠠᠨ ᠪᠠᠶᠢᠭᠤᠯᠤᠯᠲᠠ ᠶᠢᠨ ᠳᠤᠷᠠᠳᠤᠭᠰᠠᠨ ᠵᠠᠬᠢᠳᠠᠯ ᠰᠤᠷᠪᠤᠯᠵᠢᠯᠠᠭ᠎ᠠ ᠶᠢᠨ ᠵᠦᠢᠯᠡᠰ ᠢ ᠬᠦᠯᠢᠶᠡᠨ ᠠᠪᠴᠤ ᠰᠢᠶᠳᠪᠦᠷᠢᠯᠡᠬᠦ ᠠᠵᠢᠯ ᠢ ᠬᠠᠷᠢᠭᠤᠴᠠᠨ᠎ᠠ᠃ ᠠᠷᠠᠳ ᠣᠯᠠᠨ ᠤ ᠰᠠᠨᠠᠯ ᠰᠠᠨᠠᠭᠤᠯᠭ᠎ᠠ ᠶᠢ  ᠬᠤᠷᠢᠶᠠᠨ᠎ᠠ᠃    ᠳᠥᠷᠪᠡ  ᠂ ᠡᠯ᠎ᠡ ᠬᠤᠰᠢᠭᠤ ᠰᠢᠶᠠᠨ ᠬᠤᠲᠠ ᠡᠯ᠎ᠡ ᠰᠠᠯᠠᠭ᠎ᠠ ᠮᠥᠴᠢᠷ ᠲᠤ  ᠵᠠᠬᠢᠳᠠᠯ ᠰᠤᠷᠪᠤᠯᠵᠢᠯᠠᠭ᠎ᠠ ᠶᠢᠨ ᠵᠦᠢᠯ ᠢ ᠰᠢᠯᠵᠢᠭᠦᠯᠦᠨ ᠰᠢᠶᠳᠪᠦᠷᠢᠯᠡᠭᠦᠯᠬᠦ᠂ ᠲᠤᠰᠢᠶᠠᠨ ᠰᠢᠶᠳᠪᠦᠷᠢᠯᠡᠭᠦᠯᠬᠦ᠂  ᠵᠠᠬᠢᠳᠠᠯ ᠰᠤᠷᠪᠤᠯᠵᠢᠯᠠᠭ᠎ᠠ ᠶᠢᠨ ᠵᠦᠢᠯ ᠢ ᠭᠦᠢᠴᠡᠳᠬᠡᠬᠦ ᠪᠠ ᠵᠠᠬᠢᠳᠠᠯ ᠰᠤᠷᠪᠤᠯᠵᠢᠯᠠᠭ᠎ᠠ ᠶᠢᠨ ᠬᠠᠷᠢᠭᠤᠴᠠᠯᠭ᠎ᠠ ᠶᠢᠨ ᠳᠦᠷᠢᠮ ᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠰᠢᠮᠳᠠᠭᠤᠯᠤᠨ ᠪᠠᠶᠢᠴᠠᠭᠠᠬᠤ ᠶᠢ ᠬᠠᠷᠢᠭᠤᠴᠠᠨ᠎ᠠ᠃ ᠭᠠᠵᠠᠷ ᠣᠷᠣᠨ ᠠᠯᠤᠰᠯᠠᠭᠰᠠᠨ᠂ ᠰᠠᠯᠠᠭ᠎ᠠ ᠮᠥᠴᠢᠷ ᠠᠯᠤᠰᠯᠠᠭᠰᠠᠨ᠂ ᠠᠵᠢᠯ ᠲᠥᠷᠥᠯ ᠠᠯᠤᠰᠯᠠᠭᠰᠠᠨ  ᠵᠠᠬᠢᠳᠠᠯ ᠰᠤᠷᠪᠤᠯᠵᠢᠯᠠᠭ᠎ᠠ  ᠶᠢᠨ ᠵᠦᠢᠯᠡᠰ ᠢ ᠵᠣᠬᠢᠴᠠᠭᠤᠯᠤᠨ ᠰᠢᠶᠳᠪᠦᠷᠢᠯᠡᠬᠦ ᠶᠢ ᠬᠠᠷᠢᠭᠤᠴᠠᠨ᠎ᠠ᠃      ᠲᠠᠪᠤ᠂ ᠵᠠᠬᠢᠳᠠᠯ ᠰᠤᠷᠪᠤᠯᠵᠢᠯᠠᠭ᠎ᠠ ᠶᠢᠨ ᠠᠰᠠᠭᠤᠳᠠᠯ ᠢ ᠵᠢᠭᠰᠠᠭᠠᠨ ᠪᠠᠶᠢᠴᠠᠭᠠᠵᠤ ᠠᠷᠢᠯᠭᠠᠬᠤ ᠳᠦᠷᠢᠮ ᠢ ᠬᠠᠷᠢᠭᠤᠴᠠᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠵᠠᠬᠢᠳᠠᠯ ᠰᠤᠷᠪᠤᠯᠵᠢᠯᠠᠭ᠎ᠠ ᠶᠢᠨ ᠪᠠᠶᠢᠳᠠᠯ ᠢ ᠵᠠᠳᠠᠯᠬᠤ ᠶᠢ ᠬᠠᠷᠢᠭᠤᠴᠠᠵᠤ᠂ ᠲᠤᠷᠰᠢᠯᠭ᠎ᠠ  ᠪᠠᠨ ᠳ᠋ᠦᠩᠨᠡᠨ᠂ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠳᠤ ᠬᠠᠮᠢᠶ᠎ᠠ ᠪᠦᠬᠦᠢ ᠰᠠᠨᠠᠯ ᠪᠠ ᠰᠠᠨᠠᠭᠤᠯᠭ᠎ᠠ ᠳᠤᠷᠠᠳᠤᠨ᠎ᠠ᠃      ᠵᠢᠷᠭᠤᠭ᠎ᠠ᠂ ᠵᠠᠬᠢᠳᠠᠯ ᠰᠤᠷᠪᠤᠯᠵᠢᠯᠠᠭ᠎ᠠ ᠶᠢᠨ ᠥᠭᠡᠷᠡᠴᠢᠯᠡᠯᠲᠡ᠂ ᠵᠠᠬᠢᠳᠠᠯ ᠰᠤᠷᠪᠤᠯᠵᠢᠯᠠᠭ᠎ᠠ ᠶᠢᠨ ᠬᠠᠤᠯᠢ ᠪᠠᠷ ᠵᠠᠰᠠᠬᠤ ᠪᠠᠶᠢᠭᠤᠯᠤᠯᠲᠠ ᠶᠢᠨ ᠠᠵᠢᠯ ᠢ ᠬᠠᠷᠢᠭᠤᠴᠠᠨ᠎ᠠ᠃ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠲᠥᠰᠦᠯ ᠢ ᠲᠤᠭᠤᠷᠪᠢᠨ ᠪᠢᠴᠢᠨ᠎ᠡ᠃ ᠪᠦᠬᠦ ᠠᠶᠢᠮᠠᠭ ᠤᠨ ᠵᠠᠬᠢᠳᠠᠯ ᠰᠤᠷᠪᠤᠯᠵᠢᠯᠠᠭ᠎ᠠ ᠶᠢᠨ ᠮᠡᠳᠡᠭᠡ ᠵᠠᠩᠭᠢ ᠶᠢᠨ ᠰᠢᠰᠲ᠋ᠧᠮ ᠤᠨ ᠪᠠᠶᠢᠭᠤᠯᠤᠯᠲᠠ ᠪᠠ ᠬᠠᠮᠢᠶᠠᠷᠤᠯᠲᠠ ᠶᠢᠨ ᠠᠵᠢᠯ ᠢ ᠬᠠᠷᠢᠭᠤᠴᠠᠨ ᠵᠢᠯᠣᠭᠤᠳᠤᠨ᠎ᠠ᠃      ᠳᠣᠯᠤᠭ᠎ᠠ  ᠂ ᠪᠦᠬᠦ ᠠᠶᠢᠮᠠᠭ ᠤᠨ ᠵᠠᠬᠢᠳᠠᠯ ᠰᠤᠷᠪᠤᠯᠵᠢᠯᠠᠭ᠎ᠠ ᠶᠢᠨ ᠰᠠᠯᠠᠭ᠎ᠠ ᠮᠥᠴᠢᠷ ᠤᠨ ᠡᠩᠨᠡᠭᠡᠨ ᠤ ᠪᠠᠶᠢᠭᠤᠯᠤᠯᠲᠠ᠂ ᠨᠠᠮ ᠤᠨ ᠰᠤᠷᠲᠠᠯ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠪᠣᠯᠤᠨ ᠪᠣᠯᠪᠠᠰᠤᠷᠠᠭᠤᠯᠤᠯ ᠤᠨ ᠠᠵᠢᠯ ᠢ ᠬᠠᠷᠢᠭᠤᠴᠠᠨ ᠵᠢᠯᠣᠭᠤᠳᠤᠨ᠎ᠠ᠃     ᠨᠠᠶᠮᠠ  ᠂ ᠠᠶᠢᠮᠠᠭ ᠤᠨ  ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠬᠠᠮᠲᠤᠷᠠᠭᠰᠠᠨ ᠬᠤᠷᠠᠯᠳᠤᠭᠠᠨ ᠤ ᠠᠯᠪᠠᠨ ᠭᠡᠷ ᠤᠨ ᠡᠳᠦᠷ ᠲᠤᠲᠤᠮ ᠤᠨ ᠠᠵᠢᠯ ᠢ ᠬᠠᠷᠢᠭᠤᠴᠠᠵᠤ᠂ ᠠᠶᠢᠮᠠᠭ ᠤᠨ  ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠬᠠᠮᠲᠤᠷᠠᠭᠰᠠᠨ ᠬᠤᠷᠠᠯᠳᠤᠭᠠᠨ ᠤ ᠲᠣᠭᠲᠠᠭᠠᠭᠰᠠᠨ ᠵᠦᠢᠯ ᠤᠨ ᠨᠠᠶᠢᠳᠠᠪᠤᠷᠢᠵᠢᠭᠤᠯᠤᠯᠲᠠ ᠶᠢ ᠰᠢᠮᠳᠠᠭᠤᠯᠤᠨ ᠪᠠᠶᠢᠴᠠᠭᠠᠨ᠎ᠠ᠃     ᠶᠢᠰᠦ  ᠂ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠤᠬᠠᠭᠤᠯᠭ᠎ᠠ᠂ ᠮᠡᠳᠡᠭᠡ ᠵᠠᠩᠭᠢ ᠨᠡᠶᠢᠲᠡᠯᠡᠬᠦ ᠪᠠ ᠭᠠᠳᠠᠭᠠᠳᠤ ᠲᠠᠢ ᠰᠣᠯᠢᠯᠴᠠᠬᠤ ᠶᠢ ᠵᠣᠬᠢᠴᠠᠭᠤᠯᠤᠨ᠎ᠠ᠃     ᠠᠷᠪᠠ  ᠂ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠠᠴᠠ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃
 
ᠢᠷᠡᠯᠲᠡ᠄ ᠬᠢᠩᠭᠠᠨ ᠠᠶᠢᠮᠠᠭ ᠤᠨ ᠵᠠᠬᠢᠳᠠᠯ ᠰᠤᠷᠪᠤᠯᠵᠢᠯᠠᠭ᠎ᠠ ᠶᠢᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号