ᠬᠢᠩᠭᠠᠨ ᠠᠶᠢᠮᠠᠭ ᠤᠨ ᠰᠤᠷᠭᠠᠨ ᠬᠦᠮᠦᠵᠢᠯ ᠤᠨ ᠲᠤᠪᠴᠢᠶ᠎ᠠ
ᠨᠡᠶᠢᠲᠡᠯᠡᠭᠰᠡᠨ ᠴᠠᠭ᠄
2021/6/21
    ᠭᠤᠤᠯ ᠡᠭᠦᠷᠭᠡ ᠬᠠᠷᠢᠭᠤᠴᠠᠯᠭ᠎ᠠ᠄      ᠨᠢᠭᠡ᠂ ᠨᠠᠮ ᠪᠠ ᠤᠯᠤᠰ ᠤᠨ ᠰᠤᠷᠭᠠᠨ ᠬᠦᠮᠦᠵᠢᠯ ᠤᠨ ᠠᠵᠢᠯ ᠤᠨ ᠴᠢᠭᠯᠡᠯᠳᠡ᠂ ᠲᠦᠷᠦ ᠶᠢᠨ ᠪᠤᠳᠤᠯᠭ᠎ᠠ ᠪᠠ ᠬᠠᠤᠯᠢ ᠴᠠᠭᠠᠵᠠ ᠬᠠᠤᠯᠢ ᠲᠤᠭᠳᠠᠭᠠᠯ ᠵᠢᠴᠢ ᠦᠪᠡᠷᠳᠡᠭᠡᠨ ᠵᠠᠰᠠᠬᠤ ᠤᠷᠤᠨ ᠤ ᠰᠤᠷᠭᠠᠨ ᠬᠦᠮᠦᠵᠢᠯ ᠤᠨ ᠬᠦᠭᠵᠢᠯᠳᠡ ᠶᠢᠨ ᠴᠢᠭᠯᠡᠯᠳᠡ᠂ ᠲᠦᠷᠦ ᠶᠢᠨ ᠪᠤᠳᠤᠯᠭ᠎ᠠ᠂ ᠠᠷᠭ᠎ᠠ  ᠠᠪᠴᠡᠯ ᠢ ᠲᠤᠭᠤᠰᠢᠯᠠᠭᠤᠯᠤᠨ ᠬᠡᠷᠡᠭᠵᠢᠭᠦᠯᠵᠦ᠂ ᠪᠦᠬᠦ ᠠᠶᠢᠮᠠᠭ ᠤᠨ ᠰᠤᠷᠭᠠᠨ ᠬᠦᠮᠦᠵᠢᠯ ᠤᠨ ᠦᠭᠡᠷᠡᠴᠢᠯᠡᠯᠳᠡ ᠬᠦᠭᠵᠢᠯᠳᠡ ᠶᠢᠨ ᠪᠠᠶᠢᠯᠳᠤᠬᠤ ᠪᠤᠳᠤᠯᠭ᠎ᠠ ᠪᠤᠯᠤᠨ ᠰᠤᠷᠭᠠᠨ ᠬᠦᠮᠦᠵᠢᠯ ᠤᠨ ᠦᠢᠯᠡᠰ ᠤᠨ ᠬᠦᠭᠵᠢᠯᠳᠡ ᠶᠢᠨ ᠲᠦᠯᠦᠪᠵᠢᠭᠦᠯᠭᠡ ᠶᠢ ᠲᠤᠭᠤᠷᠪᠢᠨ ᠲᠤᠭᠳᠠᠭᠠᠬᠤ ᠶᠢᠨ ᠬᠠᠮᠳᠤ ᠵᠤᠬᠢᠶᠠᠨ ᠪᠠᠶᠢᠭᠤᠯᠤᠨ ᠬᠢᠨᠠᠯᠳᠠ ᠲᠠᠯᠪᠢᠨ ᠬᠡᠷᠡᠭᠵᠢᠭᠦᠯᠦᠨ᠎ᠡ᠃ ᠪᠦᠬᠦ ᠠᠶᠢᠮᠠᠭ ᠤᠨ ᠰᠤᠷᠭᠠᠨ ᠬᠦᠮᠦᠵᠢᠯ ᠤᠨ ᠰᠢᠰᠲ᠋ᠧᠮ ᠤᠨ ᠰᠤᠷᠭᠠᠨ ᠬᠦᠮᠦᠵᠢᠯ ᠤᠨ ᠵᠠᠰᠠᠭ ᠵᠠᠬᠢᠷᠭᠠᠨ ᠤ ᠬᠢᠨᠠᠨ  ᠰᠢᠯᠭᠠᠬᠤ ᠠᠵᠢᠯ ᠢ ᠬᠠᠷᠢᠭᠤᠴᠠᠨ᠎ᠠ  ᠃       ᠬᠤᠶᠠᠷ᠂ ᠪᠦᠬᠦ ᠠᠶᠢᠮᠠᠭ ᠤᠨ ᠡᠯ᠎ᠡ ᠱᠠᠳᠤᠨ ᠤ ᠡᠯ᠎ᠡ ᠲᠦᠷᠦᠯ ᠤᠨ ᠰᠤᠷᠭᠠᠨ ᠬᠦᠮᠦᠵᠢᠯ ᠢ ᠨᠢᠭᠡᠳᠦᠯᠲᠠᠢ ᠲᠦᠯᠦᠪᠵᠢᠭᠦᠯᠬᠦ ᠪᠠ ᠵᠤᠬᠢᠴᠠᠭᠤᠯᠤᠨ ᠬᠠᠮᠢᠶᠠᠷᠬᠤ ᠶᠢ ᠬᠠᠷᠢᠭᠤᠴᠠᠵᠦ᠂ ᠪᠦᠬᠦ ᠠᠶᠢᠮᠠᠭ ᠤᠨ ᠲᠤᠮᠳᠠ ᠵᠠᠷᠭᠡ ᠵᠢᠴᠢ ᠲᠤᠷᠤᠭᠰᠢᠬᠢ ᠡᠯ᠎ᠡ ᠲᠦᠷᠦᠯ ᠤᠨ ᠰᠤᠷᠭᠠᠭᠤᠯᠢ ᠶᠢᠨ ᠰᠤᠷᠭᠠᠨ ᠬᠦᠮᠦᠵᠢᠯ ᠤᠨ ᠵᠢᠭᠠᠨ ᠰᠤᠷᠭᠠᠯᠳᠠ ᠶᠢᠨ ᠦᠭᠡᠷᠡᠴᠢᠯᠡᠯᠳᠡ ᠶᠢ ᠵᠢᠯᠤᠭᠤᠳᠤᠨ᠎ᠠ᠃ ᠰᠤᠷᠭᠠᠨ ᠬᠦᠮᠦᠵᠢᠯ ᠤᠨ ᠦᠨᠳᠦᠰᠦᠨ ᠮᠡᠳᠡᠭᠡ ᠵᠠᠩᠭᠢ  ᠶᠢ ᠪᠦᠷᠢᠳᠭᠡᠬᠦ  ᠂ ᠵᠠᠳᠠᠯᠬᠤ᠂ ᠨᠡᠶᠢᠳᠡᠯᠡᠬᠦ ᠶᠢ ᠬᠠᠷᠢᠭᠤᠴᠠᠨ᠎ᠠ᠃       ᠭᠤᠷᠪᠠ᠂ ᠠᠯᠪᠠᠨ ᠵᠢᠷᠤᠮ ᠤᠨ ᠰᠤᠷᠭᠠᠨ ᠬᠦᠮᠦᠵᠢᠯ ᠤᠨ ᠲᠡᠩᠴᠡᠭᠦᠷᠢᠲᠠᠢ ᠬᠦᠭᠵᠢᠯᠳᠡ ᠶᠢ ᠲᠦᠯᠬᠢᠨ ᠠᠬᠢᠭᠤᠯᠬᠤ ᠪᠠ ᠰᠤᠷᠭᠠᠨ ᠬᠦᠮᠦᠵᠢᠯ ᠤᠨ ᠡᠷᠬᠡ ᠲᠡᠭᠰᠢ ᠪᠠᠶᠢᠬᠤ ᠶᠢ ᠲᠦᠯᠬᠢᠨ ᠠᠬᠢᠭᠤᠯᠬᠤ ᠶᠢ ᠬᠠᠷᠢᠭᠤᠴᠠᠵᠦ᠂ ᠶᠢᠰᠦᠨ ᠵᠢᠯ ᠤᠨ ᠠᠯᠪᠠᠨ ᠵᠢᠷᠤᠮ ᠤᠨ ᠰᠤᠷᠭᠠᠨ ᠬᠦᠮᠦᠵᠢᠯ  ᠢ ᠦᠨᠳᠦᠷ ᠲᠦᠪᠰᠢᠨ ᠴᠢᠨᠠᠷ ᠰᠠᠶᠢᠲᠠᠢ ᠲᠦᠭᠡᠮᠡᠯᠵᠢᠭᠦᠯᠬᠦ ᠠᠵᠢᠯ ᠢ ᠵᠤᠬᠢᠶᠠᠨ ᠪᠠᠶᠢᠭᠤᠯᠤᠨ ᠬᠡᠷᠡᠭᠵᠢᠭᠦᠯᠵᠦ᠂ ᠡᠩ ᠤᠨ ᠦᠨᠳᠦᠷ ᠵᠡᠷᠭᠡ ᠶᠢᠨ ᠲᠤᠮᠳᠠᠳᠤ ᠰᠤᠷᠭᠠᠭᠤᠯᠢ ᠶᠢᠨ ᠰᠤᠷᠭᠠᠨ ᠬᠦᠮᠦᠵᠢᠯ᠂ ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠦᠮᠦᠵᠢᠯ᠂ ᠦᠨᠳᠦᠰᠦᠳᠡᠨ ᠤ  ᠰᠠᠭᠤᠷᠢ ᠰᠤᠷᠭᠠᠨ ᠬᠦᠮᠦᠵᠢᠯ᠂ ᠠᠷᠠᠳ ᠠᠴᠠ ᠡᠷᠬᠢᠯᠡᠭᠰᠡᠨ ᠰᠠᠭᠤᠷᠢ ᠰᠤᠷᠭᠠᠨ ᠬᠦᠮᠦᠵᠢᠯ ᠪᠠ ᠤᠨᠴᠠᠭᠠᠢ ᠰᠤᠷᠭᠠᠨ ᠬᠦᠮᠦᠵᠢᠯ ᠤᠨ ᠠᠵᠢᠯ ᠢ ᠵᠢᠯᠤᠭᠤᠤᠨ᠎ᠠ  ᠃ ᠲᠤᠮᠳᠠᠳᠤ ᠪᠠᠭ᠎ᠠ ᠰᠤᠷᠭᠠᠭᠤᠯᠢ ᠶᠢᠨ ᠰᠤᠷᠭᠠᠭᠤᠯᠢ ᠶᠢᠨ ᠭᠠᠳᠠᠨᠠᠬᠢ ᠰᠤᠷᠭᠠᠨ ᠬᠦᠮᠦᠵᠢᠯ ᠪᠠ ᠠᠮᠤᠷ ᠲᠦᠪᠰᠢᠨ ᠤ ᠬᠠᠮᠢᠶᠠᠷᠤᠯᠳᠠ ᠶᠢ ᠵᠢᠯᠤᠭᠤᠳᠴᠤ᠂ ᠬᠡᠪ ᠴᠢᠨᠠᠷ ᠤᠨ ᠰᠤᠷᠭᠠᠨ ᠬᠦᠮᠦᠵᠢᠯ ᠢ ᠪᠦᠬᠦ ᠲᠠᠯ᠎ᠠ ᠪᠠᠷ ᠬᠡᠷᠡᠭᠵᠢᠭᠦᠯᠦᠨ᠎ᠡ᠃      ᠲᠦᠷᠪᠡ᠂ ᠰᠤᠷᠭᠠᠨ ᠬᠦᠮᠦᠵᠢᠯ ᠤᠨ ᠬᠢᠨᠠᠨ ᠵᠢᠯᠤᠭᠤᠳᠬᠤ ᠠᠵᠢᠯ ᠢ ᠵᠢᠯᠤᠭᠤᠳᠬᠤ ᠶᠢᠨ ᠬᠠᠮᠳᠤ ᠵᠤᠬᠢᠶᠠᠨ ᠪᠠᠶᠢᠭᠤᠯᠤᠨ᠎ᠠ᠃ ᠶᠢᠰᠦᠨ ᠵᠢᠯ ᠤᠨ ᠠᠯᠪᠠᠨ ᠵᠢᠷᠤᠮ ᠤᠨ ᠰᠤᠷᠭᠠᠨ ᠬᠦᠮᠦᠵᠢᠯ ᠢ ᠲᠦᠭᠡᠮᠡᠯᠵᠢᠭᠦᠯᠬᠦ ᠶᠢ ᠵᠤᠬᠢᠶᠠᠨ ᠪᠠᠶᠢᠭᠤᠯᠤᠨ᠂ ᠵᠠᠯᠠᠭᠤᠴᠤᠳ  ᠢᠳᠡᠷᠴᠤᠳ ᠤᠨ ᠦᠰᠦᠭ ᠦᠯᠦ ᠲᠠᠨᠢᠬᠤ ᠶᠠᠪᠤᠳᠠᠯ ᠢ ᠠᠷᠢᠯᠭᠠᠬᠤ ᠪᠠ ᠲᠤᠮᠳᠠᠳᠤ ᠪᠠᠭ᠎ᠠ ᠰᠤᠷᠭᠠᠭᠤᠯᠢ  ᠳᠤ ᠬᠡᠪ ᠴᠢᠨᠠᠷ ᠤᠨ ᠰᠤᠷᠭᠠᠨ ᠬᠦᠮᠦᠵᠢᠯ ᠢ ᠬᠡᠷᠡᠭᠵᠢᠭᠦᠯᠬᠦ ᠠᠵᠢᠯ ᠢ ᠬᠢᠨᠠᠨ ᠵᠢᠯᠤᠭᠤᠳᠴᠤ ᠦᠨᠡᠯᠡᠨ ᠵᠢᠱᠢᠨ᠎ᠡ᠃ ᠰᠠᠭᠤᠷᠢ ᠰᠤᠷᠭᠠᠨ ᠬᠦᠮᠦᠵᠢᠯ ᠤᠨ ᠬᠦᠭᠵᠢᠯᠳᠡ ᠶᠢᠨ ᠲᠦᠪᠰᠢᠨ ᠪᠠ ᠶᠠᠰᠤ ᠴᠢᠨᠠᠷ ᠢ ᠬᠢᠨᠠᠨ ᠬᠡᠮᠵᠢᠬᠦ ᠠᠵᠢᠯ ᠢ ᠵᠤᠬᠢᠶᠠᠨ ᠪᠠᠶᠢᠭᠤᠯᠵᠦ᠂ ᠰᠤᠷᠭᠠᠨ ᠬᠦᠮᠦᠵᠢᠯ ᠤᠨ ᠬᠢᠨᠠᠨ ᠵᠢᠯᠤᠭᠤᠳᠬᠤ ᠮᠡᠳᠡᠭᠦᠯᠦᠯᠳᠡ ᠶᠢ ᠨᠡᠶᠢᠳᠡᠯᠡᠨ᠎ᠡ᠃     ᠲᠠᠪᠤ᠂ ᠠᠵᠢᠯ ᠤᠯᠭᠤᠬᠤ ᠪᠠᠷ ᠤᠳᠤᠷᠢᠳᠤᠮᠵᠢ ᠪᠤᠯᠭᠠᠭᠰᠠᠨ ᠠᠵᠢᠯ ᠮᠡᠷᠭᠡᠵᠢᠯ ᠤᠨ ᠰᠤᠷᠭᠠᠨ ᠬᠦᠮᠦᠵᠢᠯ ᠤᠨ ᠬᠦᠭᠵᠢᠯᠳᠡ ᠪᠠ ᠦᠭᠡᠷᠡᠴᠢᠯᠡᠯᠳᠡ ᠶᠢ ᠵᠢᠯᠤᠭᠤᠳᠴᠤ᠂ ᠦᠨᠳᠦᠰᠦᠳᠡᠨ ᠤ ᠲᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠨ ᠬᠦᠮᠦᠵᠢᠯ᠂ ᠠᠷᠠᠳ ᠠᠴᠠ ᠡᠷᠬᠢᠯᠡᠭᠰᠡᠨ ᠲᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠨ ᠬᠦᠮᠦᠵᠢᠯ᠂ ᠠᠵᠢᠯᠳᠠᠨ ᠤ ᠰᠤᠷᠭᠠᠨ ᠬᠦᠮᠦᠵᠢᠯ᠂ ᠮᠠᠯᠴᠢᠨ ᠲᠠᠷᠢᠶᠠᠴᠢᠳ ᠤᠨ ᠰᠤᠷᠭᠠᠨ ᠬᠦᠮᠦᠵᠢᠯ᠂ ᠨᠡᠶᠢᠭᠡᠮ ᠲᠤᠭᠤᠷᠢᠭ ᠤᠨ ᠰᠤᠷᠭᠠᠨ ᠬᠦᠮᠦᠵᠢᠯ ᠵᠢᠴᠢ ᠡᠯ᠎ᠡ ᠲᠦᠷᠦᠯ ᠤᠨ ᠨᠠᠰᠤᠨ ᠳᠤ ᠬᠦᠷᠦᠭᠰᠡᠳ ᠤᠨ ᠰᠤᠷᠭᠠᠨ ᠬᠦᠮᠦᠵᠢᠯ ᠢ ᠵᠢᠯᠤᠭᠤᠳᠤᠨ᠎ᠠ     ᠵᠢᠷᠭᠤᠭ᠎ᠠ᠂ ᠦᠨᠳᠦᠰᠦᠳᠡᠨ ᠤ ᠰᠤᠷᠭᠠᠨ ᠬᠦᠮᠦᠵᠢᠯ ᠤᠨ ᠠᠵᠢᠯ ᠢ ᠨᠢᠭᠡᠳᠦᠯᠲᠠᠢ ᠲᠦᠯᠦᠪᠯᠡᠬᠦ ᠪᠠ  ᠵᠢᠯᠤᠭᠤᠳᠴᠤ᠂ ᠦᠨᠳᠦᠰᠦᠳᠡᠨ ᠤ ᠰᠤᠷᠭᠠᠨ ᠬᠦᠮᠦᠵᠢᠯ ᠤᠨ ᠬᠦᠭᠵᠢᠯᠳᠡ ᠦᠭᠡᠷᠡᠴᠢᠯᠡᠯᠳᠡ ᠶᠢᠨ ᠲᠦᠷᠦ ᠶᠢᠨ ᠪᠤᠳᠤᠯᠭ᠎ᠠ ᠶᠢᠨ ᠠᠷᠭ᠎ᠠ ᠬᠡᠮᠵᠢᠶ᠎ᠡ ᠶᠢ ᠵᠤᠬᠢᠶᠠᠨ ᠪᠠᠶᠢᠭᠤᠯᠤᠨ ᠬᠢᠨᠠᠯᠳᠠ ᠲᠠᠯᠪᠢᠬᠤ ᠶᠢᠨ ᠬᠠᠮᠳᠤ ᠬᠡᠷᠡᠭᠵᠢᠭᠦᠯᠵᠦ᠂ ᠦᠨᠳᠦᠰᠦᠳᠡᠨ ᠤ ᠰᠤᠷᠭᠠᠨ ᠬᠦᠮᠦᠵᠢᠯ ᠵᠢᠭᠠᠨ ᠰᠤᠷᠭᠠᠯᠳᠠ ᠶᠢᠨ ᠠᠵᠢᠯ᠂ ᠪᠠᠭᠰᠢ ᠶᠢᠨ ᠡᠩᠨᠡᠭᠡᠨ ᠤ ᠪᠠᠶᠢᠭᠤᠯᠤᠯᠳᠠ  ᠢ ᠲᠦᠯᠦᠪᠵᠢᠭᠦᠯᠦᠨ ᠵᠢᠯᠤᠭᠤᠳᠤᠨ᠎ᠠ᠃ ᠰᠤᠷᠭᠠᠨ ᠬᠦᠮᠦᠵᠢᠯ ᠤᠨ ᠰᠢᠰᠲ᠋ᠧᠮ ᠤᠨ ᠦᠨᠳᠦᠰᠦᠳᠡᠨ ᠤ ᠪᠦᠯᠬᠦᠮᠳᠡᠯ ᠳᠠᠪᠰᠢᠯᠳᠡ ᠶᠢᠨ ᠬᠦᠮᠦᠵᠢᠯ ᠪᠠ ᠴᠦᠬᠡᠨ ᠲᠤᠭᠠᠳᠤ ᠦᠨᠳᠦᠰᠦᠳᠡᠨ ᠤ ᠦᠭᠡ ᠬᠡᠯᠡ ᠦᠰᠦᠭ ᠪᠢᠴᠢᠭ ᠤᠨ ᠵᠢᠷᠤᠮᠵᠢᠭᠤᠯᠤᠯᠳᠠ ᠶᠢᠨ ᠠᠵᠢᠯ ᠢ ᠵᠢᠯᠤᠭᠤᠳᠤᠨ᠎ᠠ᠃     ᠲᠤᠯᠤᠭ᠎ᠠ᠂ ᠲᠤᠰ ᠰᠠᠯᠠᠭ᠎ᠠ ᠮᠦᠴᠢᠷ ᠤᠨ ᠢᠶᠠᠨ ᠰᠤᠷᠭᠠᠨ ᠬᠦᠮᠦᠵᠢᠯ ᠤᠨ ᠵᠠᠷᠤᠳᠠᠯ ᠢ ᠨᠢᠭᠡᠳᠦᠯᠲᠠᠢ ᠲᠦᠯᠦᠪᠯᠡᠨ ᠬᠠᠮᠢᠶᠠᠷᠬᠤ ᠶᠢ ᠬᠠᠷᠢᠭᠤᠴᠠᠵᠦ᠂ ᠰᠤᠷᠭᠠᠨ ᠬᠦᠮᠦᠵᠢᠯ ᠤᠨ ᠵᠠᠷᠤᠳᠠᠯ ᠴᠤᠭᠯᠠᠭᠤᠯᠬᠤ᠂ ᠬᠡᠷᠡᠭᠯᠡᠬᠦ᠂ ᠰᠤᠷᠭᠠᠨ ᠬᠦᠮᠦᠵᠢᠯ ᠤᠨ ᠦᠨᠳᠦᠰᠦᠨ ᠪᠦᠳᠦᠭᠡᠨ ᠪᠠᠶᠢᠭᠤᠯᠤᠯᠳᠠ ᠶᠢᠨ ᠪᠡᠯᠡ ᠤᠷᠤᠭᠤᠯᠤᠯᠳᠠ ᠶᠢᠨ ᠲᠦᠷᠦ ᠶᠢᠨ ᠪᠤᠳᠤᠯᠭ᠎ᠠ ᠶᠢ ᠲᠤᠭᠳᠠᠭᠠᠬᠤ  ᠳᠤ ᠤᠷᠤᠯᠴᠠᠵᠦ᠂ ᠰᠤᠷᠭᠠᠨ ᠬᠦᠮᠦᠵᠢᠯ ᠤᠨ ᠵᠠᠷᠤᠳᠠᠯ ᠢ ᠬᠡᠷᠡᠭᠯᠡᠵᠦ ᠪᠠᠶᠢᠭ᠎ᠠ ᠪᠠᠶᠢᠳᠠᠯ ᠢ ᠬᠢᠨᠠᠨ ᠬᠡᠮᠵᠢᠵᠦ᠂ ᠰᠤᠷᠭᠠᠨ ᠬᠦᠮᠦᠵᠢᠯ ᠤᠨ  ᠵᠠᠷᠤᠳᠠᠯ ᠤᠨ ᠪᠡᠯᠡ ᠤᠷᠤᠭᠤᠯᠤᠯᠳᠠ ᠶᠢᠨ ᠪᠠᠶᠢᠳᠠᠯ ᠢ ᠪᠦᠷᠢᠳᠭᠡᠬᠦ ᠶᠢ ᠬᠠᠷᠢᠭᠤᠴᠠᠨ᠎ᠠ᠃      ᠨᠠᠢᠮᠠ  ᠂ ᠡᠯ᠎ᠡ ᠱᠠᠳᠤᠨ ᠤ ᠡᠯ᠎ᠡ ᠲᠦᠷᠦᠯ ᠤᠨ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠦᠷᠦ ᠶᠢᠨ ᠠᠵᠢᠯ᠂ ᠰᠤᠷᠭᠠᠭᠤᠯᠢ ᠶᠢᠨ ᠶᠤᠰᠤ ᠮᠤᠷᠠᠯ ᠤᠨ ᠬᠦᠮᠦᠵᠢᠯ ᠤᠨ ᠠᠵᠢᠯ᠂ ᠪᠡᠶ᠎ᠠ ᠶᠢᠨ ᠲᠠᠮᠢᠷ ᠡᠷᠡᠭᠦᠯ ᠬᠠᠮᠠᠭᠠᠯᠠᠯ ᠤᠷᠠᠯᠢᠭ ᠤᠨ ᠬᠦᠮᠦᠵᠢᠯ ᠵᠢᠴᠢ ᠤᠯᠤᠰ ᠤᠨ ᠪᠠᠳᠤᠯᠠᠨ ᠬᠠᠮᠠᠭᠠᠯᠠᠯᠳᠠ ᠶᠢᠨ ᠬᠦᠮᠦᠵᠢᠯ ᠤᠨ ᠠᠵᠢᠯ ᠢ ᠵᠢᠯᠤᠭᠤᠳᠤᠨ᠎ᠠ᠃      ᠶᠢᠰᠦ᠂ ᠪᠠᠭᠰᠢ ᠶᠢᠨ ᠠᠵᠢᠯ ᠢ ᠭᠤᠤᠯᠴᠢᠯᠠᠨ ᠬᠠᠮᠢᠶᠠᠷᠴᠤ᠂ ᠡᠯ᠎ᠡ ᠱᠠᠳᠤᠨ ᠤ ᠡᠯ᠎ᠡ ᠲᠦᠷᠦᠯ ᠤᠨ ᠰᠤᠷᠭᠠᠭᠤᠯᠢ ᠶᠢᠨ ᠪᠠᠭᠰᠢ᠂ ᠲᠤᠮᠳᠠᠳᠤ ᠪᠠᠭ᠎ᠠ ᠰᠤᠷᠭᠠᠭᠤᠯᠢ ᠶᠢᠨ ᠵᠠᠬᠢᠷᠤᠯ ᠪᠠ ᠰᠤᠷᠭᠠᠨ ᠬᠦᠮᠦᠵᠢᠯ ᠤᠨ ᠵᠠᠰᠠᠭ ᠵᠠᠬᠢᠷᠭᠠᠨ ᠤ ᠺᠠᠳ᠋ᠷ ᠤᠨ ᠡᠩᠨᠡᠭᠡ ᠶᠢᠨ ᠪᠠᠶᠢᠭᠤᠯᠤᠯᠳᠠ ᠶᠢᠨ ᠠᠵᠢᠯ ᠢ ᠵᠢᠯᠤᠭᠤᠳᠤᠨ᠎ᠠ᠃ ᠪᠠᠭᠰᠢ ᠶᠢᠨ ᠬᠢᠷᠢ ᠭᠡᠮ ᠤᠨ ᠲᠦᠷᠢᠮ ᠪᠠ ᠪᠠᠭᠰᠢ ᠶᠢᠨ ᠦᠷᠬᠦᠯᠵᠢᠯᠡᠭᠰᠡᠨ ᠰᠤᠷᠭᠠᠨ ᠬᠦᠮᠦᠵᠢᠯ ᠤᠨ ᠠᠵᠢᠯ ᠢ ᠵᠤᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠬᠤᠯᠪᠤᠭᠳᠠᠯ ᠪᠦᠬᠦᠢ ᠰᠠᠯᠠᠭ᠎ᠠ ᠮᠦᠴᠢᠷ ᠲᠠᠢ ᠬᠠᠮᠳᠤᠷᠠᠨ ᠡᠯ᠎ᠡ ᠱᠠᠳᠤᠨ ᠤ ᠡᠯ᠎ᠡ ᠲᠦᠷᠦᠯ ᠤᠨ ᠰᠤᠷᠭᠠᠭᠤᠯᠢ ᠶᠢᠨ ᠤᠷᠤᠨ ᠲᠤᠭ᠎ᠠ ᠶᠢᠨ ᠬᠤᠪᠢᠶᠠᠷᠢᠯᠠᠯᠳᠠ ᠶᠢᠨ ᠪᠠᠶᠢᠳᠠᠯ ᠢ ᠬᠢᠨᠠᠨ ᠰᠢᠯᠭᠠᠨ᠎ᠠ᠃ ᠪᠠᠭᠰᠢ ᠶᠢᠨ ᠪᠤᠯᠪᠠᠰᠤᠷᠠᠭᠤᠯᠤᠯ ᠤᠨ ᠪᠠᠶᠢᠭᠤᠯᠭ᠎ᠠ ᠶᠢᠨ ᠪᠦᠳᠦᠭᠡᠨ ᠪᠠᠶᠢᠭᠤᠯᠤᠯᠳᠠ ᠶᠢᠨ ᠠᠵᠢᠯ ᠢ ᠵᠢᠯᠤᠭᠤᠳᠤᠨ ᠪᠠᠶᠢᠴᠠᠭᠠᠨ᠎ᠠ᠃    ᠠᠷᠪᠠ᠂ ᠪᠦᠬᠦ ᠠᠶᠢᠮᠠᠭ ᠤᠨ ᠡᠯ᠎ᠡ ᠱᠠᠳᠤᠨ ᠤ ᠡᠯ᠎ᠡ ᠲᠦᠷᠦᠯ ᠤᠨ ᠰᠤᠷᠭᠠᠭᠤᠯᠢ ᠶᠢᠨ ᠰᠤᠷᠭᠠᠨ ᠬᠦᠮᠦᠵᠢᠯ ᠤᠨ ᠰᠣᠳᠣᠯᠣᠯ ᠪᠠ ᠵᠢᠭᠠᠨ ᠰᠤᠷᠭᠠᠬᠤ ᠰᠤᠳᠤᠯᠤᠯ ᠤᠨ ᠠᠵᠢᠯ ᠢ ᠵᠤᠬᠢᠶᠠᠨ ᠪᠠᠶᠢᠭᠤᠯᠤᠨ ᠵᠢᠯᠤᠭᠤᠳᠤᠨ᠎ᠠ᠃    ᠠᠷᠪᠠᠨ ᠨᠢᠭᠡ᠂ ᠪᠦᠬᠦ ᠠᠶᠢᠮᠠᠭ ᠤᠨ ᠡᠩ ᠤᠨ᠂ ᠨᠠᠰᠤᠨ ᠳᠤ ᠬᠦᠷᠦᠭᠰᠡᠳ ᠤᠨ ᠰᠣᠷᠤᠭᠴᠢ ᠡᠯᠰᠡᠬᠦ ᠰᠢᠯᠭᠠᠯᠳᠠ ᠵᠢᠴᠢ ᠦᠪᠡᠷ ᠤᠨ ᠰᠤᠷᠤᠭᠰᠠᠳ ᠤᠨ ᠰᠢᠯᠭᠠᠯᠳᠠ᠂ ᠦᠨᠳᠦᠷ ᠵᠡᠷᠭᠡ ᠶᠢᠨ ᠲᠤᠮᠳᠠᠳᠤ ᠰᠤᠷᠭᠠᠭᠤᠯᠢ ᠬᠠᠮ ᠰᠢᠯᠭᠠᠯᠳᠠ ᠶᠢᠨ ᠬᠠᠮᠢᠶᠠᠷᠤᠯᠳᠠ ᠵᠡᠷᠭᠡ ᠠᠵᠢᠯ ᠢ ᠬᠠᠷᠢᠭᠤᠴᠠᠨ᠎ᠠ᠃    ᠠᠷᠪᠠᠨ ᠬᠤᠶᠠᠷ᠂ ᠤᠯᠤᠰ ᠤᠨ ᠦᠭᠡ ᠬᠡᠯᠡ ᠦᠰᠦᠭ ᠪᠢᠴᠢᠭ ᠤᠨ ᠠᠵᠢᠯ ᠤᠨ ᠴᠢᠭᠯᠡᠯᠳᠡ᠂ ᠲᠦᠷᠦ ᠶᠢᠨ ᠪᠤᠳᠤᠯᠭ᠎ᠠ ᠶᠢ  ᠤᠬᠠᠭᠤᠯᠤᠨ ᠲᠤᠭᠤᠰᠢᠯᠠᠭᠤᠯᠤᠨ ᠨᠠᠶᠢᠳᠠᠪᠤᠷᠢᠵᠢᠭᠤᠯᠵᠦ᠂ ᠪᠦᠬᠦ ᠠᠶᠢᠮᠠᠭ ᠤᠨ ᠬᠢᠲᠠᠳ ᠦᠭᠡ ᠬᠡᠯᠡ ᠦᠰᠦᠭ ᠪᠢᠴᠢᠭ ᠤᠨ ᠠᠵᠢᠯ ᠤᠨ ᠤᠷᠳᠤ ᠬᠤᠭᠤᠴᠠᠭᠠᠨ ᠤ ᠲᠦᠯᠦᠪᠵᠢᠭᠦᠯᠭᠡ ᠶᠢ ᠨᠠᠶᠢᠷᠠᠭᠤᠯᠤᠨ ᠵᠤᠬᠢᠶᠠᠨ᠎ᠠ᠃  ᠰᠠᠯᠠᠭ᠎ᠠ ᠮᠦᠴᠢᠷ᠂  ᠠᠵᠢᠯ ᠲᠦᠷᠦᠯ ᠤᠨ ᠬᠢᠲᠠᠳ ᠬᠡᠯᠡ ᠦᠰᠦᠭ ᠪᠢᠴᠢᠭ ᠤᠨ ᠠᠵᠢᠯ ᠢ ᠵᠤᠬᠢᠴᠠᠭᠤᠯᠤᠨ ᠵᠢᠯᠤᠭᠤᠳᠬᠤ ᠪᠠ ᠬᠢᠨᠠᠨ ᠪᠠᠶᠢᠴᠠᠭᠠᠨ᠎ᠠ᠃ ᠨᠡᠶᠢᠳᠡᠯᠢᠭ ᠬᠡᠯᠡ ᠶᠢ ᠲᠡᠯᠭᠡᠷᠡᠭᠦᠯᠬᠦ ᠠᠵᠢᠯ ᠪᠠ ᠨᠡᠶᠢᠳᠡᠯᠢᠭ ᠬᠡᠯᠡᠨ ᠤ ᠪᠠᠭᠰᠢ ᠶᠢ ᠪᠤᠯᠪᠠᠰᠤᠷᠠᠭᠤᠯᠬᠤ ᠠᠵᠢᠯ ᠢ ᠵᠢᠯᠤᠭᠤᠳᠤᠨ᠎ᠠ᠃    ᠠᠷᠪᠠᠨ ᠭᠤᠷᠪᠠ᠂ ᠰᠤᠷᠭᠠᠨ ᠬᠦᠮᠦᠵᠢᠯ ᠤᠨ ᠲᠠᠯ᠎ᠡ ᠪᠠᠷ ᠬᠢ ᠤᠯᠠᠨ ᠤᠯᠤᠰ ᠤᠨ ᠬᠠᠮᠳᠤᠷᠠᠯᠴᠠᠭ᠎ᠠ ᠪᠠ ᠰᠤᠯᠢᠯᠴᠠᠭ᠎ᠠ ᠪᠤᠯᠤᠨ ᠭᠠᠳᠠᠭᠠᠳᠤ ᠤᠬᠠᠭᠤᠯᠭ᠎ᠠ ᠶᠢᠨ ᠠᠵᠢᠯ ᠢ ᠵᠤᠬᠢᠶᠠᠨ ᠪᠠᠶᠢᠭᠤᠯᠤᠨ ᠵᠢᠯᠤᠭᠤᠳᠤᠨ᠎ᠠ᠃ᠠᠷᠪᠠᠨ ᠲᠦᠷᠪᠡ᠂ ᠠᠶᠢᠮᠠᠭ ᠤᠨ ᠵᠠᠬᠢᠷᠭ᠎ᠠ ᠪᠤᠯᠤᠨ ᠦᠪᠡᠷᠳᠡᠭᠡᠨ ᠵᠠᠰᠠᠬᠤ ᠤᠷᠤᠨ ᠤ ᠰᠤᠷᠭᠠᠨ ᠬᠦᠮᠦᠵᠢᠯ ᠤᠨ ᠲᠢᠩᠬᠢᠮ ᠤᠨ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃
 
ᠢᠷᠡᠯᠲᠡ᠄ ᠠᠶᠢᠮᠠᠭ ᠤᠨ ᠰᠤᠷᠭᠠᠨ ᠬᠦᠮᠦᠵᠢᠯ ᠤᠨ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号