ᠬᠢᠩᠭᠠᠨ ᠠᠶᠢᠮᠠᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ
ᠨᠡᠶᠢᠲᠡᠯᠡᠭᠰᠡᠨ ᠴᠠᠭ᠄
2021/6/28
   ᠭᠤᠣᠯ ᠡᠭᠦᠷᠭᠡ ᠬᠠᠷᠢᠭᠤᠴᠠᠯᠭ᠎ᠠ    1. ᠤᠯᠤᠰ ᠪᠣᠯᠤᠨ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠢ ᠬᠥᠭᠵᠢᠭᠦᠯᠬᠦ ᠲᠤᠬᠠᠶ ᠴᠢᠭᠯᠡᠯᠲᠡ᠂ ᠲᠥᠷᠥ ᠶᠢᠨ ᠪᠣᠳᠣᠯᠭ᠎ᠠ᠂ ᠬᠠᠤᠯᠢ ᠲᠣᠭᠲᠠᠭᠠᠯ᠂ ᠳᠦᠷᠢᠮ ᠢ ᠲᠤᠭᠤᠰᠢᠯᠠᠭᠤᠯᠤᠨ ᠬᠡᠷᠡᠭᠵᠢᠭᠦᠯᠬᠦ ᠶᠢᠨ ᠬᠠᠮᠲᠤ ᠵᠣᠬᠢᠶᠠᠨ ᠪᠠᠶᠢᠭᠤᠯᠤᠨ ᠬᠢᠨᠠᠯᠲᠠ ᠲᠠᠯᠪᠢᠵᠤ ᠬᠡᠷᠡᠭᠵᠢᠭᠦᠯᠦᠨ᠎ᠡ᠃    2. ᠪᠦᠬᠦ ᠠᠶᠢᠮᠠᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠥᠭᠵᠢᠯᠲᠡ ᠶᠢᠨ ᠪᠠᠶᠢᠷᠢᠯᠠᠭᠤᠯᠤᠯᠲᠠ ᠪᠣᠯᠤᠨ ᠤᠷᠢᠳᠠᠪᠠᠷ ᠬᠢᠬᠦ ᠬᠦᠷᠢᠶ᠎ᠡ ᠬᠡᠪᠴᠢᠶ᠎ᠡ ᠶᠢ ᠰᠤᠳᠤᠯᠤᠨ ᠲᠣᠭᠲᠠᠭᠠᠵᠤ᠂ ᠪᠦᠬᠦ ᠠᠶᠢᠮᠠᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠥᠭᠵᠢᠯᠲᠡ᠂ ᠠᠷᠠᠳ ᠤᠨ ᠬᠡᠷᠡᠭᠯᠡᠭᠡᠨ ᠤ ᠰᠢᠨᠵᠢᠯᠡᠬᠦ ᠤᠬᠠᠭᠠᠨ ᠮᠡᠷᠭᠡᠵᠢᠯ ᠤᠨ ᠬᠥᠭᠵᠢᠯᠲᠡ ᠶᠢᠨ ᠲᠤᠮᠳᠠ ᠤᠷᠲᠤ ᠬᠤᠭᠤᠴᠠᠭᠠᠨ ᠤ ᠲᠥᠯᠥᠪᠵᠢᠭᠦᠯᠭᠡ ᠪᠣᠯᠤᠨ ᠣᠨ ᠤ ᠲᠥᠯᠥᠪᠯᠡᠭᠡ ᠶᠢ ᠨᠠᠶᠢᠷᠠᠭᠤᠯᠤᠨ ᠵᠣᠬᠢᠶᠠᠬᠤ  ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃    3. ᠪᠦᠬᠦ ᠠᠶᠢᠮᠠᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠪᠠᠶᠢᠭᠤᠯᠤᠯ ᠤᠨ ᠥᠭᠡᠷᠡᠴᠢᠯᠡᠯᠲᠡ ᠶᠢᠨ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠪᠠ ᠠᠷᠭ᠎ᠠ ᠬᠡᠮᠵᠢᠶ᠎ᠡ ᠶᠢ ᠰᠤᠳᠤᠯᠤᠨ ᠳᠤᠷᠠᠳᠤᠨ᠎ᠠ᠃ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠰᠢᠰᠲ᠋ᠧᠮᠵᠢ ᠶᠢᠨ ᠪᠠᠶᠢᠭᠤᠯᠤᠯᠲᠠ ᠶᠢ ᠠᠬᠢᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ ᠪᠦᠬᠦ ᠠᠶᠢᠮᠠᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠪᠠᠶᠢᠭᠤᠯᠤᠯ ᠤᠨ ᠥᠭᠡᠷᠡᠴᠢᠯᠡᠯᠲᠡ ᠶᠢᠨ ᠠᠵᠢᠯ ᠢ ᠵᠢᠯᠣᠭᠤᠳᠤᠨ᠎ᠠ᠃    4 . ᠰᠢᠨᠵᠢᠯᠡᠬᠦ ᠤᠬᠠᠭᠠᠨ ᠮᠡᠷᠭᠡᠵᠢᠯ ᠤᠨ ᠣᠷᠣᠭᠤᠯᠤᠯᠲᠠ ᠶᠢ ᠣᠯᠠᠨ ᠠᠷᠭ᠎ᠠ ᠵᠠᠮ ᠢᠶᠠᠷ ᠨᠡᠮᠡᠭᠳᠡᠭᠦᠯᠬᠦ ᠠᠷᠭ᠎ᠠ ᠬᠡᠮᠵᠢᠶ᠎ᠡ ᠶᠢ ᠰᠤᠳᠤᠯᠤᠨ᠎ᠠ᠃ ᠰᠢᠨᠵᠢᠯᠡᠬᠦ ᠤᠬᠠᠭᠠᠨ ᠮᠡᠷᠭᠡᠵᠢᠯ ᠤᠨ ᠡᠬᠢ ᠪᠠᠶᠠᠯᠢᠭ ᠤᠨ ᠲᠣᠬᠢᠷᠠᠭᠤᠯᠤᠯᠲᠠ ᠶᠢ ᠰᠢᠯᠢᠳᠡᠭᠵᠢᠭᠦᠯᠦᠨ᠎ᠡ᠃ ᠰᠢᠰᠲ᠋ᠧᠮᠵᠢᠭᠦᠯᠦᠨ ᠬᠠᠮᠢᠶᠠᠷᠴᠤ ᠪᠠᠶᠢᠭ᠎ᠠ ᠰᠢᠨᠵᠢᠯᠡᠬᠦ ᠤᠬᠠᠭᠠᠨ ᠤ ᠠᠵᠢᠯ ᠦᠢᠯᠡᠰ ᠤᠨ ᠵᠠᠷᠤᠳᠠᠯ᠂ ᠰᠢᠨᠵᠢᠯᠡᠬᠦ ᠤᠬᠠᠭᠠᠨ ᠮᠡᠷᠭᠡᠵᠢᠯ ᠤᠨ  ︽ᠭᠤᠷᠪᠠᠨ ᠵᠦᠢᠯ ᠤᠨ ᠵᠠᠷᠤᠳᠠᠯ︾ ᠪᠣᠯᠤᠨ ᠰᠢᠨᠵᠢᠯᠡᠬᠦ ᠤᠬᠠᠭᠠᠨ ᠮᠡᠷᠭᠡᠵᠢᠯ ᠤᠨ ᠭᠠᠳᠠᠭᠠᠳᠤ ᠶᠠᠪᠤᠳᠠᠯ ᠤᠨ ᠵᠠᠷᠤᠳᠠᠯ ᠵᠡᠷᠭᠡ ᠬᠤᠯᠪᠣᠭᠳᠠᠯ ᠪᠦᠬᠦᠢ ᠵᠠᠷᠤᠳᠠᠯ ᠤᠨ ᠲᠥᠰᠦᠪ᠂ ᠲᠥᠰᠦᠪ  ᠤᠨ ᠭᠦᠢᠴᠡᠳᠬᠡᠯ  ᠢ ᠬᠠᠷᠢᠭᠤᠴᠠᠨ᠎ᠠ᠃    5 . ᠪᠦᠬᠦ ᠠᠶᠢᠮᠠᠭ ᠤᠨ ᠰᠠᠭᠤᠷᠢ ᠰᠤᠳᠤᠯᠤᠯ᠂ ᠳᠡᠭᠡᠳᠦ ᠰᠢᠨ᠎ᠡ ᠮᠡᠷᠭᠡᠵᠢᠯ ᠤᠨ ᠬᠥᠭᠵᠢᠯᠲᠡ ᠶᠢ ᠴᠢᠩᠭᠠᠳᠬᠠᠬᠤ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠪᠠ ᠪᠠᠶᠢᠭᠠᠯᠢ ᠶᠢᠨ ᠰᠢᠨᠵᠢᠯᠡᠬᠦ ᠤᠬᠠᠭᠠᠨ ᠤ ᠰᠠᠭᠤᠷᠢ ᠮᠥᠩᠭᠦ ᠶᠢᠨ ᠲᠥᠯᠥᠪᠯᠡᠭᠡ᠂ ᠪᠣᠭᠤᠮᠲᠠ ᠰᠢᠪᠲᠤᠯᠬᠤ ᠲᠥᠯᠥᠪᠯᠡᠭᠡ ᠶᠢ ᠰᠤᠳᠤᠯᠤᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃    6 . ᠳᠡᠭᠡᠳᠦ ᠰᠢᠨ᠎ᠡ ᠮᠡᠷᠭᠡᠵᠢᠯ ᠤᠨ ᠠᠵᠤ ᠦᠶᠯᠡᠰᠴᠢᠯᠡᠯᠲᠡ ᠵᠢᠴᠢ ᠬᠡᠷᠡᠭᠯᠡᠭᠡᠨ ᠤ ᠮᠡᠷᠭᠡᠵᠢᠯ ᠤᠨ ᠨᠡᠭᠡᠭᠡᠯᠲᠡ ᠬᠢᠭᠡᠳ ᠳᠡᠯᠭᠡᠷᠡᠭᠦᠯᠬᠦ ᠠᠵᠢᠯ ᠢ ᠴᠢᠩᠭᠠᠷᠠᠭᠤᠯᠬᠤ ᠬᠡᠷᠡᠭᠲᠡᠶ᠃ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ  ᠤᠨ ᠬᠤᠪᠢᠷᠠᠭᠤᠯᠤᠯᠲᠠ ᠶᠢ ᠵᠢᠯᠣᠭᠤᠳᠤᠨ᠎ᠠ᠃  ᠪᠦᠬᠦ ᠠᠶᠢᠮᠠᠭ ᠤᠨ ᠳᠡᠭᠡᠳᠦ ᠰᠢᠨ᠎ᠡ ᠮᠡᠷᠭᠡᠵᠢᠯ ᠤᠨ ᠭᠤᠤᠯᠳᠠᠯᠭ᠎ᠠ  ᠲᠠᠢ ᠰᠢᠨ᠎ᠡ ᠦᠶᠯᠡᠳᠬᠦᠨ ᠤ ᠠᠵᠢᠯ ᠢ ᠬᠠᠮᠢᠶᠠᠷᠤᠨ᠎ᠠ᠃  ᠭᠠᠯ ᠪᠠᠮᠪᠠᠷ ᠤᠨ ᠲᠥᠯᠥᠪᠯᠡᠭᠡ᠂ ᠤᠴᠢ ᠶᠢᠨ ᠲᠥᠯᠥᠪᠯᠡᠭᠡ ᠂ ᠦᠷ᠎ᠡ ᠪᠦᠲᠦᠭᠡᠯ ᠢ ᠳᠡᠯᠭᠡᠷᠡᠭᠦᠯᠬᠦ ᠲᠥᠯᠥᠪᠯᠡᠭᠡ ᠵᠡᠷᠭᠡ ᠰᠢᠨᠵᠢᠯᠡᠬᠦ ᠤᠬᠠᠭᠠᠨ ᠮᠡᠷᠭᠡᠵᠢᠯ ᠢ ᠨᠡᠭᠡᠭᠡᠨ ᠠᠰᠢᠭᠯᠠᠬᠤ ᠲᠥᠯᠥᠪᠯᠡᠭᠡ ᠶᠢ ᠲᠣᠭᠲᠠᠭᠠᠵᠤ ᠵᠢᠯᠣᠭᠤᠳᠤᠨ ᠬᠡᠷᠡᠭᠵᠢᠭᠦᠯᠬᠦ ᠶᠢ ᠬᠠᠷᠢᠭᠤᠴᠠᠨ᠎ᠠ᠃    7 . ᠪᠦᠬᠦ ᠠᠶᠢᠮᠠᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ᠂ ᠢᠨᠵᠧᠨᠧᠷᠢᠩ ᠤᠨ ᠮᠡᠷᠭᠡᠵᠢᠯ ᠤᠨ ᠰᠤᠳᠤᠯᠤᠨ ᠨᠡᠭᠡᠭᠡᠬᠦ ᠲᠥᠪ᠂ ᠰᠢᠨᠵᠢᠯᠡᠬᠦ ᠤᠬᠠᠭᠠᠨ ᠮᠡᠷᠭᠡᠵᠢᠯ ᠤᠨ ᠬᠦᠷᠢᠶᠡᠯᠡᠩ ᠲᠣᠭᠤᠷᠢᠭ ᠪᠠ ᠭᠤᠣᠯᠳᠠᠯᠭ᠎ᠠ ᠲᠠᠢ ᠲᠤᠷᠰᠢᠯᠲᠠ ᠶᠢᠨ ᠲᠠᠰᠤᠭ ᠵᠡᠷᠭᠡ ᠰᠢᠨᠵᠢᠯᠡᠬᠦ ᠤᠬᠠᠭᠠᠨ ᠮᠡᠷᠭᠡᠵᠢᠯ ᠤᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠥᠯᠥᠪᠵᠢᠭᠦᠯᠭᠡ᠂ ᠲᠥᠯᠥᠪᠯᠡᠭᠡ ᠶᠢ ᠨᠠᠶᠢᠷᠠᠭᠤᠯᠤᠨ ᠵᠣᠬᠢᠶᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃    8 . ᠰᠢᠨᠵᠢᠯᠡᠬᠦ ᠤᠬᠠᠭᠠᠨ ᠮᠡᠷᠭᠡᠵᠢᠯ ᠤᠨ ᠴᠢᠳᠠᠪᠤᠷᠢᠲᠠᠨ ᠤ ᠡᠬᠢ ᠪᠠᠶᠠᠯᠢᠭ ᠤᠨ ᠵᠦᠢ ᠵᠣᠬᠢᠰᠲᠠᠶ ᠲᠣᠬᠢᠷᠠᠭᠤᠯᠤᠯᠲᠠ ᠶᠢ ᠰᠤᠳᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯᠲᠠᠨ ᠤ ᠢᠳᠡᠪᠬᠢᠵᠢᠯ ᠢ ᠭᠦᠢᠴᠡᠳ ᠪᠠᠳᠠᠷᠠᠭᠤᠯᠤᠨ᠂ ᠰᠢᠨᠵᠢᠯᠡᠬᠦ ᠤᠬᠠᠭᠠᠨ ᠮᠡᠷᠭᠡᠵᠢᠯ ᠤᠨ ᠴᠢᠳᠠᠪᠤᠷᠢᠲᠠᠨ ᠤ ᠥᠰᠦᠨ ᠪᠣᠶᠢᠵᠢᠬᠤ ᠰᠠᠶᠢᠨ ᠰᠠᠶᠢᠬᠠᠨ ᠣᠷᠴᠢᠨ ᠲᠣᠭᠤᠷᠢᠨ ᠢ ᠡᠭᠦᠳᠬᠦ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢ ᠳᠤᠷᠠᠳᠤᠨ᠎ᠠ᠃   9 . ᠪᠦᠬᠦ ᠠᠶᠢᠮᠠᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠠᠮᠵᠢᠯᠴᠠᠭ᠎ᠠ ᠪᠠ ᠰᠣᠯᠢᠯᠴᠠᠭᠠᠨ ᠤ ᠠᠵᠢᠯ ᠢ ᠰᠢᠰᠲ᠋ᠧᠮᠵᠢᠭᠦᠯᠦᠨ ᠬᠠᠮᠢᠶᠠᠷᠤᠨ᠎ᠠ᠃ ᠰᠢᠨᠵᠢᠯᠡᠬᠦ ᠤᠬᠠᠭᠠᠨ ᠮᠡᠷᠭᠡᠵᠢᠯ ᠤᠨ ᠬᠠᠮᠲᠤᠷᠠᠯᠴᠠᠭᠠᠨ ᠤ ᠲᠥᠯᠥᠪᠯᠡᠭᠡ ᠶᠢ ᠨᠠᠶᠢᠷᠠᠭᠤᠯᠤᠨ ᠵᠣᠬᠢᠶᠠᠨ᠎ᠠ᠃ ᠠᠯᠪᠠᠨ ᠲᠠᠯ᠎ᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠠᠮᠲᠤᠷᠠᠯᠴᠠᠭᠠᠨ ᠤ ᠬᠡᠯᠡᠯᠴᠡᠭᠡᠷ᠂ ᠬᠡᠯᠡᠯᠴᠡᠭᠡᠷ ᠢ ᠵᠥᠪᠳᠡᠯᠴᠡᠨ ᠲᠣᠭᠲᠠᠭᠠᠬᠤ ᠪᠠ  ᠬᠡᠷᠡᠭᠵᠢᠭᠦᠯᠦᠨ᠎ᠡ  ᠃ ᠴᠢᠬᠤᠯᠠ ᠪᠦᠬᠦᠢ ᠠᠷᠠᠳ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠠᠮᠲᠤᠷᠠᠯᠴᠠᠭ᠎ᠠ ᠰᠣᠯᠢᠯᠴᠠᠭᠠᠨ ᠤ ᠠᠵᠢᠯᠯᠠᠭ᠎ᠠ ᠶᠢ ᠵᠣᠬᠢᠴᠠᠭᠤᠯᠤᠨ᠎ᠠ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠭᠠᠳᠠᠭᠠᠳᠤ ᠳᠤ ᠭᠠᠷᠬᠤ᠂ ᠬᠢᠯᠢ ᠠᠴᠠ ᠭᠠᠷᠬᠤ ᠪᠠ ᠭᠠᠳᠠᠭᠠᠳᠤ ᠤᠯᠤᠰ᠂ ᠭᠠᠵᠠᠷ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠰᠣᠯᠢᠯᠴᠠᠭᠠᠨ ᠤ ᠪᠦᠯᠬᠦᠮ ᠳᠤᠭᠤᠶᠢᠯᠠᠩ ᠢ ᠤᠷᠢᠵᠤ ᠬᠢᠨᠠᠨ ᠬᠠᠷᠭᠤᠭᠤᠯᠤᠨ᠎ᠠ᠃    10 . ᠪᠦᠬᠦ ᠠᠶᠢᠮᠠᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ᠂ ᠰᠢᠨᠵᠢᠯᠡᠬᠦ ᠤᠬᠠᠭᠠᠨ ᠮᠡᠷᠭᠡᠵᠢᠯ ᠤᠨ ᠱᠠᠩᠨᠠᠯ᠂ ᠰᠢᠨᠵᠢᠯᠡᠬᠦ ᠤᠬᠠᠭᠠᠨ ᠮᠡᠷᠭᠡᠵᠢᠯ ᠤᠨ ᠨᠢᠭᠤᠴᠠ ᠶᠢ ᠬᠠᠮᠠᠭᠠᠯᠠᠬᠤ᠂ ᠮᠡᠷᠭᠡᠵᠢᠯ ᠤᠨ ᠵᠠᠬ᠎ᠠ ᠳᠡᠯᠭᠡᠭᠦᠷ᠂ ᠬᠤᠯᠪᠣᠭᠳᠠᠯ ᠪᠦᠬᠦᠢ ᠰᠢᠨᠵᠢᠯᠡᠬᠦ ᠤᠬᠠᠭᠠᠨ ᠮᠡᠷᠭᠡᠵᠢᠯ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠮᠠᠭᠠᠯᠠᠯᠲᠠ ᠵᠡᠷᠭᠡ ᠠᠵᠢᠯ ᠢ ᠰᠢᠰᠲ᠋ᠧᠮᠵᠢᠭᠦᠯᠦᠨ ᠬᠠᠮᠢᠶᠠᠷᠬᠤ ᠶᠢ ᠬᠠᠷᠢᠭᠤᠴᠠᠨ᠎ᠠ᠃ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠠᠵᠢᠯ ᠤᠨ ᠲᠥᠯᠥᠪᠵᠢᠭᠦᠯᠭᠡ ᠲᠣᠭᠲᠠᠭᠠᠵᠤ᠂ ᠲᠥᠷᠥ ᠶᠢᠨ ᠪᠣᠳᠣᠯᠭ᠎ᠠ ᠪᠠᠷ ᠬᠥᠲᠥᠯᠥᠨ ᠵᠢᠯᠣᠭᠤᠳᠬᠤ ᠶᠢ ᠬᠡᠷᠡᠭᠵᠢᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠠᠵᠢᠯ ᠤᠨ ᠬᠥᠭᠵᠢᠯᠲᠡ ᠶᠢ ᠠᠬᠢᠭᠤᠯᠤᠨ᠎ᠠ᠃ ᠰᠢᠨᠵᠢᠯᠡᠬᠦ ᠤᠬᠠᠭᠠᠨ ᠮᠡᠷᠭᠡᠵᠢᠯ ᠤᠨ ᠵᠥᠪᠯᠡᠯᠭᠡ ᠥᠭᠬᠦ᠂ ᠳᠠᠭᠠᠭᠠᠴᠢᠯᠠᠯᠲᠠ ᠵᠠᠷᠯᠠᠬᠤ᠂ ᠦᠨᠡᠯᠡᠨ ᠵᠢᠱᠢᠬᠦ ᠵᠡᠷᠭᠡ ᠨᠡᠶᠢᠭᠡᠮ ᠤᠨ ᠵᠠᠭᠤᠴᠢ ᠵᠣᠬᠢᠶᠠᠨ ᠪᠠᠶᠢᠭᠤᠯᠤᠯᠲᠠ ᠶᠢᠨ ᠬᠥᠭᠵᠢᠯᠲᠡ ᠶᠢ ᠠᠬᠢᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃   11 . ᠰᠢᠨᠵᠢᠯᠡᠬᠦ ᠤᠬᠠᠭᠠᠨ ᠮᠡᠷᠭᠡᠵᠢᠯ ᠤᠨ ᠮᠡᠳᠡᠭᠡ ᠵᠠᠩᠭᠢ᠂ ᠰᠢᠨᠵᠢᠯᠡᠬᠦ ᠤᠬᠠᠭᠠᠨ ᠮᠡᠷᠭᠡᠵᠢᠯ ᠤᠨ ᠲᠤᠭ᠎ᠠ ᠪᠦᠷᠢᠳᠬᠡᠯ ᠤᠨ ᠠᠵᠢᠯ ᠢ ᠬᠠᠷᠢᠭᠤᠴᠠᠨ᠎ᠠ᠃ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠶᠢ ᠪᠠᠶᠢᠭᠤᠯᠬᠤ ᠪᠠ ᠲᠣᠬᠢᠷᠠᠭᠤᠯᠬᠤ ᠶᠢ ᠬᠢᠨᠠᠨ ᠬᠠᠷᠭᠤᠭᠤᠯᠤᠨ᠎ᠠ᠃ ᠪᠦᠬᠦ ᠠᠶᠢᠮᠠᠭ ᠤᠨ ᠠᠷᠠᠳ ᠠᠴᠠ ᠡᠵᠡᠩᠨᠡᠭᠰᠡᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯ ᠢ ᠵᠢᠯᠣᠭᠤᠳᠤᠨ᠎ᠠ᠃   12 . ᠠᠶᠢᠮᠠᠭ ᠤᠨ ᠵᠠᠬᠢᠷᠭ᠎ᠠ ᠶᠢ ᠲᠥᠯᠥᠭᠡᠯᠡᠨ ᠪᠦᠬᠦ ᠠᠶᠢᠮᠠᠭ ᠤᠨ ᠲᠤᠰᠬᠠᠶ ᠠᠰᠢᠭ ᠤᠨ ᠠᠵᠢᠯ ᠢ ᠬᠠᠮᠢᠶᠠᠷᠤᠨ᠎ᠠ᠃   13 . ᠠᠶᠢᠮᠠᠭ ᠤᠨ ᠵᠠᠬᠢᠷᠭ᠎ᠠ ᠪᠠ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ ᠤᠨ ᠲᠤᠰᠢᠶᠠᠨ ᠭᠦᠶᠴᠡᠳᠬᠡᠯᠭᠡᠬᠦ ᠪᠤᠰᠤᠳ ᠵᠦᠶᠯᠡᠰ ᠢ ᠳᠠᠭᠠᠭᠠᠨ ᠭᠦᠶᠴᠡᠳᠬᠡᠨ᠎ᠡ᠃
 
ᠢᠷᠡᠯᠲᠡ᠄ ᠬᠢᠩᠭᠠᠨ ᠠᠶᠢᠮᠠᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号