ᠬᠢᠩᠭᠠᠨ ᠠᠶᠢᠮᠠᠭ ᠤᠨ ᠡᠳ᠋ ᠤᠨ ᠵᠠᠰᠠᠭ ᠤᠨ ᠲᠤᠪᠴᠢᠶ᠎ᠠ
ᠨᠡᠶᠢᠲᠡᠯᠡᠭᠰᠡᠨ ᠴᠠᠭ᠄
2021/6/7
    ᠭᠤᠤᠯ ᠡᠭᠦᠷᠭᠡ ᠬᠠᠷᠢᠭᠤᠴᠠᠯᠭ᠎ᠠ      ᠨᠢᠭᠡ᠂ ᠤᠯᠤᠰ ᠪᠤᠯᠤᠨ ᠦᠪᠡᠷᠳᠡᠭᠡᠨ ᠵᠠᠰᠠᠬᠤ ᠤᠷᠤᠨ ᠤ ᠡᠳ᠋ ᠤᠨ ᠵᠠᠰᠠᠭ᠂ ᠭᠠᠶᠢᠯᠢ ᠶᠢᠨ ᠶᠠᠪᠤᠳᠠᠯ ᠤᠨ ᠴᠢᠭᠯᠡᠯᠳᠡ ᠲᠦᠷᠦ ᠶᠢᠨ ᠪᠤᠳᠤᠯᠭ᠎ᠠ ᠶᠢ ᠲᠤᠭᠤᠰᠢᠯᠠᠭᠤᠯᠵᠦ᠂ ᠪᠦᠬᠦ ᠠᠶᠢᠮᠠᠭ ᠤᠨ ᠡᠳ᠋ ᠤᠨ ᠵᠠᠰᠠᠭ ᠭᠠᠶᠢᠯᠢ ᠶᠢᠨ ᠬᠦᠭᠵᠢᠯᠳᠡ ᠶᠢᠨ ᠪᠠᠶᠢᠯᠳᠤᠬᠤ ᠪᠤᠳᠤᠯᠭ᠎ᠠ᠂ ᠲᠦᠯᠦᠪᠵᠢᠭᠦᠯᠭᠡ᠂ ᠲᠦᠷᠦ ᠶᠢᠨ ᠪᠤᠳᠤᠯᠭ᠎ᠠ ᠪᠠ ᠦᠭᠡᠷᠡᠴᠢᠯᠡᠯᠳᠡ ᠶᠢᠨ ᠲᠦᠰᠦᠯ ᠢ ᠲᠤᠭᠤᠷᠪᠢᠨ ᠲᠤᠭᠳᠠᠭᠠᠬᠤ ᠶᠢᠨ ᠬᠠᠮᠳᠤ ᠵᠤᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠬᠤᠷᠸ᠎ᠠ ᠠᠵᠦ ᠠᠬᠤᠢ ᠶᠢᠨ ᠪᠠᠶᠢᠳᠠᠯ ᠢ ᠵᠠᠳᠠᠯᠤᠨ ᠵᠢᠱᠢᠵᠦ᠂ ᠬᠤᠷᠸ᠎ᠠ ᠠᠵᠦ ᠠᠬᠤᠢ ᠶᠢᠨ ᠲᠦᠷᠦ ᠶᠢᠨ ᠪᠤᠳᠤᠯᠭ᠎ᠠ ᠶᠢ ᠲᠤᠭᠤᠷᠪᠢᠨ ᠲᠤᠭᠳᠠᠭᠠᠬᠤ ᠳᠤ ᠤᠷᠤᠯᠴᠠᠵᠦ᠂ ᠡᠳ᠋ ᠤᠨ ᠵᠠᠰᠠᠭ ᠭᠠᠶᠢᠯᠢ ᠶᠢᠨ ᠲᠦᠷᠦ ᠶᠢᠨ ᠪᠤᠳᠤᠯᠭ᠎ᠠ ᠶᠢ ᠬᠡᠷᠡᠭᠯᠡᠨ ᠬᠤᠷᠸ᠎ᠠ ᠲᠤᠬᠢᠷᠠᠭᠤᠯᠭ᠎ᠠ ᠡᠵᠡᠮᠳᠡᠯ ᠢ ᠬᠡᠷᠡᠭᠵᠢᠭᠦᠯᠬᠦ ᠪᠠ ᠨᠡᠶᠢᠭᠡᠮ ᠤᠨ ᠡᠳ᠋ ᠤᠨ ᠬᠦᠴᠦᠨ ᠢ ᠶᠡᠷᠦᠩᠬᠡᠶᠢᠯᠡᠭᠰᠡᠨ ᠲᠡᠩᠴᠡᠭᠦᠷᠢᠲᠠᠢ ᠪᠠᠶᠢᠯᠭᠠᠬᠤ ᠰᠠᠨᠠᠭᠤᠯᠭ᠎ᠠ ᠶᠢ ᠲᠤᠷᠠᠳᠤᠨ᠎ᠠ᠃ ᠠᠶᠢᠮᠠᠭ ᠪᠤᠯᠤᠨ ᠬᠤᠰᠢᠭᠤ ᠰᠢᠶᠠᠨ ᠬᠤᠳᠠ ︵ᠲᠤᠭᠤᠷᠢᠭ︶᠂ ᠠᠶᠢᠮᠠᠭ ᠤᠨ ᠵᠠᠬᠢᠷᠭ᠎ᠠ ᠬᠢᠭᠡᠳ ᠠᠵᠦ ᠠᠬᠤᠶᠢᠯᠠᠯ ᠯᠤᠭ᠎ᠠ ᠶᠢᠨ ᠬᠤᠪᠢᠶᠠᠷᠢᠯᠠᠯᠳᠠ ᠶᠢᠨ ᠲᠦᠷᠦ ᠶᠢᠨ ᠪᠤᠳᠤᠯᠭ᠎ᠠ ᠪᠠ ᠠᠷᠭ᠎ᠠ ᠶᠢ ᠲᠤᠭᠤᠷᠪᠢᠨ ᠲᠤᠭᠳᠠᠭᠠᠵᠦ᠂ ᠨᠡᠶᠢᠳᠡ ᠶᠢᠨ ᠠᠰᠠᠷᠠᠮᠵᠢ ᠶᠢᠨ ᠦᠢᠯᠡᠰ ᠤᠨ ᠬᠦᠭᠵᠢᠯᠳᠡ ᠶᠢ ᠵᠤᠷᠢᠭᠵᠢᠭᠤᠯᠬᠤ ᠡᠳ᠋ ᠤᠨ ᠵᠠᠰᠠᠭ ᠭᠠᠶᠢᠯᠢ ᠶᠢᠨ ᠲᠦᠷᠦ ᠶᠢᠨ ᠪᠤᠳᠤᠯᠭ᠎ᠠ ᠶᠢ ᠪᠤᠷᠢᠨᠰᠢᠭᠦᠯᠦᠨ᠎ᠡ᠃ ᠪᠦᠬᠦ ᠠᠶᠢᠮᠠᠭ ᠤᠨ ᠡᠳ᠋  ᠤᠨ ᠵᠠᠰᠠᠭ ᠤᠨ ᠬᠠᠮᠢᠶᠠᠷᠤᠯᠳᠠ ᠶᠢᠨ ᠪᠠᠶᠢᠭᠤᠯᠤᠯ ᠤᠨ ᠦᠭᠡᠷᠡᠴᠢᠯᠡᠯᠳᠡ ᠶᠢ ᠲᠦᠯᠬᠢᠨ ᠠᠬᠢᠭᠤᠯᠤᠨ᠎ᠠ᠃       ᠬᠤᠶᠠᠷ᠂ ᠠᠶᠢᠮᠠᠭ ᠤᠨ ᠱᠠᠳᠤᠨ ᠤ ᠡᠯ᠎ᠡ ᠵᠦᠢᠯ ᠤᠨ ᠡᠳ᠋ ᠤᠨ ᠵᠠᠰᠠᠭ ᠤᠨ ᠤᠷᠤᠯᠭ᠎ᠠ ᠵᠠᠷᠤᠯᠭ᠎ᠠ ᠶᠢ ᠬᠠᠮᠢᠶᠠᠷᠬᠤ ᠶᠢ ᠬᠠᠷᠢᠭᠤᠴᠠᠨ᠎ᠠ᠃ ᠠᠶᠢᠮᠠᠭ ᠤᠨ ᠱᠠᠳᠤᠨ ᠤ ᠤᠨ ᠤ ᠲᠦᠰᠦᠪ ᠪᠠ ᠲᠦᠰᠦᠪ ᠤᠨ ᠬᠦᠢᠴᠡᠳᠭᠡᠯ ᠤᠨ ᠡᠬᠡ ᠨᠤᠤᠷᠠᠭ ᠢ ᠨᠠᠶᠢᠷᠠᠭᠤᠯᠤᠨ ᠵᠤᠬᠢᠶᠠᠬᠤ ᠶᠢᠨ ᠬᠠᠮᠳᠤ ᠵᠤᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠪᠦᠬᠦ ᠠᠶᠢᠮᠠᠭ ᠤᠨ ᠵᠠᠷᠤᠯᠭ᠎ᠠ ᠶᠢᠨ ᠪᠠᠷᠢᠮᠵᠢᠶ᠎ᠠ᠂ ᠲᠤᠭᠳᠠᠭᠠᠭᠰᠠᠨ ᠨᠤᠷᠮ᠎ᠠ ᠶᠢ ᠵᠤᠬᠢᠶᠠᠨ ᠪᠠᠶᠢᠭᠤᠯᠤᠨ ᠲᠤᠭᠳᠠᠭᠠᠵᠦ᠂ ᠰᠠᠯᠠᠭ᠎ᠠ ᠮᠦᠴᠢᠷ ︵ᠨᠢᠭᠡᠴᠢ︶ ᠤᠨ ᠤᠨ ᠤ ᠲᠦᠰᠦᠪ ᠪᠠ ᠲᠦᠰᠦᠪ ᠤᠨ ᠭᠦᠢᠴᠡᠳᠭᠡᠯ ᠢ ᠬᠢᠨᠠᠨ ᠬᠠᠷᠭᠤᠭᠤᠯᠵᠦ ᠴᠤᠬᠤᠯᠠᠪᠤᠷᠢ ᠦᠭᠭᠦᠨ᠎ᠡ  ᠃ ᠠᠶᠢᠮᠠᠭ ᠤᠨ ᠵᠠᠬᠢᠷᠭ᠎ᠠ ᠶᠢᠨ ᠨᠠᠶᠢᠳᠠᠯᠭ᠎ᠠ ᠪᠠᠷ ᠠᠶᠢᠮᠠᠭ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠵᠦᠪᠯᠡᠯ ᠳᠤ ᠡᠳ᠋ ᠤᠨ ᠵᠠᠰᠠᠭ ᠤᠨ ᠲᠦᠰᠦᠪ᠂ ᠬᠡᠷᠡᠭᠵᠢᠭᠦᠯᠦᠯᠳᠡ ᠪᠠ ᠲᠦᠰᠦᠪ ᠤᠨ ᠭᠦᠢᠴᠡᠳᠭᠡᠯ ᠵᠡᠷᠭᠡ ᠪᠠᠶᠢᠳᠠᠯ ᠢᠶᠠᠨ ᠮᠡᠳᠡᠭᠦᠯᠦᠨ᠎ᠡ᠃ ᠠᠶᠢᠮᠠᠭ ᠤᠨ ᠱᠠᠳᠤᠨ ᠤ ᠲᠦᠰᠦᠪ ᠪᠠ ᠲᠦᠰᠦᠪ ᠤᠨ ᠭᠦᠢᠴᠡᠳᠭᠡᠯ ᠢ ᠢᠯᠡ ᠪᠤᠯᠭᠠᠬᠤ ᠶᠢ ᠬᠠᠷᠢᠭᠤᠴᠠᠨ᠎ᠠ᠃ ᠬᠢᠩᠭᠠᠨ ᠠᠶᠢᠮᠠᠭ ᠤᠨ ᠡᠳ᠋ ᠤᠨ ᠵᠠᠰᠠᠭ ᠬᠢᠭᠡᠳ ᠦᠪᠡᠷᠳᠡᠭᠡᠨ ᠵᠠᠰᠠᠬᠤ ᠤᠷᠤᠨ᠂ ᠬᠤᠰᠢᠭᠤ ᠰᠢᠶᠠᠨ ᠬᠤᠳᠠ ︵ᠲᠤᠭᠤᠷᠢᠭ︶ ᠶᠢᠨ ᠡᠳ᠋ ᠤᠨ ᠵᠠᠰᠠᠭ ᠤᠨ ᠤᠨ ᠤ ᠡᠴᠦᠰ ᠤᠨ  ᠳ᠋ᠦᠩᠨᠡᠨ ᠪᠤᠳᠤᠬᠤ ᠶᠠᠪᠤᠳᠠᠯ ᠢ ᠭᠦᠢᠴᠡᠳᠭᠡᠨ᠎ᠡ᠃      ᠭᠤᠷᠪᠠ᠂ ᠠᠵᠢᠯ ᠤᠨ ᠬᠤᠪᠢᠶᠠᠷᠢ ᠶᠤᠰᠤᠭᠠᠷ ᠵᠠᠰᠠᠭ ᠤᠨ ᠤᠷᠳᠤᠨ ᠤ ᠭᠠᠶᠢᠯᠢ ᠶᠢᠨ ᠪᠤᠰᠤ ᠤᠷᠤᠯᠭ᠎ᠠ  ᠶᠢ ᠬᠠᠮᠢᠶᠠᠷᠤᠨ᠎ᠠ᠃ ᠵᠠᠰᠠᠭ ᠤᠨ ᠤᠷᠳᠤᠨ ᠤ ᠴᠢᠨᠠᠷᠲᠠᠢ ᠰᠠᠭᠤᠷᠢ ᠮᠦᠩᠭᠦᠨ ᠤ ᠬᠠᠮᠢᠶᠠᠷᠤᠯᠳᠠ ᠶᠢ ᠬᠠᠷᠢᠭᠤᠴᠠᠵᠦ᠂ ᠲᠤᠭᠳᠠᠭᠠᠯ ᠶᠤᠰᠤᠭᠠᠷ ᠵᠠᠰᠠᠭ ᠵᠠᠬᠢᠷᠭᠠᠨ ᠤ ᠠᠵᠢᠯ ᠦᠢᠯᠡᠰ ᠤᠨ ᠴᠢᠨᠠᠷᠲᠠᠢ ᠰᠦᠢᠳᠭᠡᠯ ᠬᠤᠷᠢᠶᠠᠬᠤ ᠶᠢ ᠬᠠᠮᠢᠶᠠᠷᠤᠨ᠎ᠠ ᠃ ᠡᠳ᠋ ᠤᠨ ᠵᠠᠰᠠᠭ ᠤᠨ ᠫᠢᠶᠤᠤ ᠪᠠᠷᠢᠮᠳᠠ ᠶᠢ ᠬᠠᠮᠢᠶᠠᠷᠤᠨ᠎ᠠ᠃ ᠰᠤᠭᠤᠯᠤᠭ᠎ᠠ ᠶᠢᠨ ᠬᠠᠮᠢᠶᠠᠷᠤᠯᠳᠠ ᠶᠢᠨ ᠬᠤᠯᠪᠤᠭᠳᠠᠯ ᠪᠦᠬᠦᠢ ᠠᠷᠭ᠎ᠠ ᠶᠢ ᠲᠤᠭᠤᠰᠢᠯᠠᠭᠤᠯᠤᠨ ᠬᠡᠷᠡᠭᠵᠢᠭᠦᠯᠵᠦ᠂ ᠰᠤᠭᠤᠯᠤᠭ᠎ᠠ ᠶᠢᠨ ᠵᠠᠬ᠎ᠠ ᠲᠡᠯᠭᠡᠭᠦᠷ ᠢ ᠬᠢᠨᠠᠨ ᠬᠠᠮᠢᠶᠠᠷᠴᠤ᠂ ᠰᠤᠭᠤᠯᠤᠭ᠎ᠠ ᠶᠢᠨ ᠪᠡᠯᠡ ᠮᠦᠩᠬᠦ ᠶᠢ ᠲᠤᠭᠳᠠᠭᠠᠯ ᠶᠤᠰᠤᠭᠠᠷ ᠬᠠᠮᠢᠶᠠᠷᠤᠨ᠎ᠠ᠃     ᠲᠦᠷᠪᠡ᠂ ᠠᠶᠢᠮᠠᠭ ᠤᠨ ᠤᠯᠤᠰ ᠤᠨ ᠬᠦᠮᠦᠷᠭᠡ ᠶᠢᠨ ᠬᠠᠮᠢᠶᠠᠷᠤᠯᠳᠠ ᠶᠢᠨ ᠲᠦᠷᠢᠮ᠂ ᠤᠯᠤᠰ ᠤᠨ ᠬᠦᠮᠦᠷᠭᠡ ᠶᠢᠨ ᠲᠦᠪᠯᠡᠷᠡᠭᠦᠯᠦᠨ ᠬᠤᠷᠢᠶᠠᠬᠤ ᠪᠠ ᠤᠯᠭᠤᠬᠤ ᠲᠦᠷᠢᠮ ᠢ ᠵᠤᠬᠢᠶᠠᠨ ᠪᠠᠶᠢᠭᠤᠯᠤᠨ ᠲᠤᠭᠳᠠᠭᠠᠵᠦ᠂  ᠠᠶᠢᠮᠠᠭ ᠤᠨ ᠤᠯᠤᠰ ᠤᠨ ᠬᠦᠮᠦᠷᠭᠡ ᠶᠢᠨ ᠲᠤᠬᠠᠶᠢᠯᠠᠭᠰᠠᠨ ᠠᠵᠢᠯ ᠢ ᠵᠢᠯᠤᠭᠤᠳᠬᠤ ᠪᠠ ᠬᠢᠨᠠᠯᠳᠠ ᠲᠠᠯᠪᠢᠵᠦ᠂ ᠤᠯᠤᠰ ᠤᠨ ᠬᠦᠮᠦᠷᠭᠡ ᠶᠢᠨ ᠪᠡᠯᠡᠨ ᠵᠤᠭᠤᠰ ᠤᠨ ᠬᠠᠮᠢᠶᠠᠷᠤᠯᠳᠠ ᠶᠢᠨ ᠠᠵᠢᠯ ᠢ ᠦᠷᠨᠢᠭᠦᠯᠦᠨ᠎ᠡ᠃ ᠵᠠᠰᠠᠭ ᠤᠨ ᠤᠷᠳᠤᠨ ᠤ ᠡᠳ᠋  ᠤᠨ  ᠶᠠᠪᠤᠳᠠᠯ ᠤᠨ ᠮᠡᠳᠡᠭᠦᠯᠦᠯᠳᠡ ᠶᠢ ᠨᠠᠶᠢᠷᠠᠭᠤᠯᠤᠨ ᠵᠤᠬᠢᠶᠠᠬᠤ ᠶᠢᠨ ᠬᠠᠮᠳᠤ ᠵᠤᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠵᠠᠰᠠᠭ ᠤᠨ ᠤᠷᠳᠤᠨ ᠤ ᠬᠤᠳᠠᠯᠳᠤᠨ ᠠᠪᠬᠤ ᠲᠦᠷᠢᠮ ᠢ ᠵᠤᠬᠢᠶᠠᠨ ᠪᠠᠶᠢᠭᠤᠯᠤᠨ ᠨᠠᠶᠢᠳᠠᠪᠤᠷᠢᠵᠢᠭᠤᠯᠬᠤ ᠶᠢᠨ ᠬᠠᠮᠳᠤ ᠬᠢᠨᠠᠯᠳᠠ ᠲᠠᠯᠪᠢᠨ ᠬᠠᠮᠢᠶᠠᠷᠤᠨ᠎ᠠ᠃     ᠲᠠᠪᠤ᠂ ᠤᠯᠤᠰ᠂ ᠦᠪᠡᠷᠳᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠤᠯᠤᠰ ᠤᠨ ᠲᠤᠳᠤᠭᠠᠳᠤ ᠶᠢᠨ ᠦᠭᠴᠡᠭᠡᠨ ᠤ ᠬᠠᠮᠢᠶᠠᠷᠤᠯᠳᠠ ᠶᠢᠨ ᠲᠦᠷᠢᠮ ᠪᠤᠯᠤᠨ ᠲᠦᠷᠦ ᠶᠢᠨ ᠪᠤᠳᠤᠯᠭ᠎ᠠ ᠶᠢ ᠲᠤᠭᠤᠰᠢᠯᠠᠭᠤᠯᠤᠨ ᠬᠡᠷᠡᠭᠵᠢᠭᠦᠯᠦᠨ᠎ᠡ᠃ ᠪᠦᠬᠦ ᠠᠶᠢᠮᠠᠭ ᠤᠨ ᠵᠠᠰᠠᠭ ᠤᠨ ᠤᠷᠳᠤᠨ ᠤ ᠴᠢᠨᠠᠷᠲᠠᠢ ᠦᠭᠴᠡᠭᠡᠨ ᠤ ᠬᠠᠮᠢᠶᠠᠷᠤᠯᠳᠠ ᠶᠢᠨ ᠲᠦᠷᠢᠮ ᠪᠠ ᠠᠷᠭ᠎ᠠ ᠶᠢ ᠬᠠᠤᠯᠢ ᠶᠤᠰᠤᠭᠠᠷ ᠲᠤᠭᠳᠠᠭᠠᠨ᠎ᠠ᠃ ᠵᠠᠰᠠᠭ  ᠤᠷᠳᠤᠨ ᠤ ᠴᠢᠨᠠᠷᠲᠠᠢ ᠦᠭᠴᠡᠭᠡᠨ ᠤ ᠲᠦᠭᠰᠢᠭᠦᠷᠢ ᠢ ᠬᠠᠮᠢᠶᠠᠷᠤᠨ ᠡᠵᠡᠮᠳᠡᠬᠦ᠂ ᠲᠤᠭ᠎ᠠ ᠬᠢᠵᠠᠭᠠᠷᠯᠠᠨ ᠬᠠᠮᠢᠶᠠᠷᠬᠤ ᠶᠢ ᠬᠠᠷᠢᠭᠤᠴᠠᠨ᠎ᠠ᠃ ᠵᠠᠰᠠᠭ ᠤᠨ ᠤᠷᠳᠤᠨ ᠤ ᠭᠠᠳᠠᠭᠠᠳᠤ ᠦᠭᠴᠡᠭᠡ ᠶᠢᠨ ᠬᠠᠮᠢᠶ᠎ᠠ ᠪᠦᠬᠦᠢ ᠠᠵᠢᠯ ᠢ ᠨᠢᠭᠡᠳᠦᠯᠲᠠᠢ ᠬᠠᠮᠢᠶᠠᠷᠬᠤ ᠶᠢ ᠬᠠᠷᠢᠭᠤᠴᠠᠨ᠎ᠠ  ᠃      ᠵᠢᠷᠭᠤᠭ᠎ᠠ᠂ ᠤᠯᠤᠰ ᠤᠨ ᠦᠮᠴᠢᠯᠡᠯᠳᠦ ᠡᠳ᠋ ᠬᠦᠷᠦᠩᠭᠡ ᠶᠢᠨ ᠬᠠᠮᠢᠶᠠᠷᠤᠯᠳᠠ ᠶᠢᠨ ᠪᠠᠶᠢᠳᠠᠯ ᠤᠨ ᠮᠡᠳᠡᠭᠦᠯᠦᠯᠳᠡ ᠶᠢ ᠲᠦᠷᠦᠭᠦᠯᠡᠵᠦ ᠨᠠᠶᠢᠷᠠᠭᠤᠯᠤᠨ ᠵᠤᠬᠢᠶᠠᠨ᠎ᠠ᠃ ᠠᠶᠢᠮᠠᠭ ᠤᠨ ᠵᠠᠬᠢᠷᠭ᠎ᠠ ᠠᠴᠠ ᠤᠯᠭᠤᠭᠰᠠᠨ ᠡᠷᠬᠡ ᠶᠢ ᠦᠨᠳᠦᠰᠦᠯᠡᠨ᠂ ᠠᠶᠢᠮᠠᠭ ᠤᠨ ᠱᠠᠳᠤᠨ ᠤ ᠤᠯᠤᠰ ᠤᠨ ᠦᠮᠴᠢᠯᠡᠯᠳᠦ ᠮᠦᠩᠭᠦᠨ ᠭᠦᠢᠯᠭᠡᠭᠡᠨ ᠤ ᠬᠦᠷᠦᠩᠭᠡ ᠶᠢᠨ ᠪᠡᠯᠡ ᠭᠠᠷᠭᠠᠭᠴᠢ ᠶᠢᠨ ᠡᠭᠦᠷᠭᠡ ᠬᠠᠷᠢᠭᠤᠴᠠᠯᠭ᠎ᠠ ᠶᠢ ᠨᠢᠭᠡᠳᠦᠯᠲᠠᠢ ᠲᠦᠪᠯᠡᠷᠡᠭᠦᠯᠦᠨ ᠭᠦᠢᠴᠡᠳᠭᠡᠵᠦ᠂ ᠤᠯᠤᠰ ᠤᠨ ᠦᠮᠴᠢᠯᠡᠯᠳᠦ ᠮᠦᠩᠭᠦᠨ ᠭᠦᠢᠯᠭᠡᠭᠡᠨ ᠤ ᠬᠦᠷᠦᠩᠭᠡ ᠶᠢᠨ ᠬᠠᠮᠢᠶᠠᠷᠤᠯᠳᠠ ᠶᠢᠨ ᠲᠦᠷᠢᠮ ᠲᠤᠭᠳᠠᠭᠠᠯ  ᠪᠠ ᠡᠳ᠋  ᠤᠨ ᠵᠠᠰᠠᠭ ᠬᠢᠭᠡᠳ ᠮᠦᠩᠭᠦᠨ ᠭᠦᠢᠯᠭᠡᠭᠡᠨ ᠤ ᠵᠤᠬᠢᠴᠠᠯᠳᠤᠨ ᠬᠠᠮᠵᠢᠯᠴᠠᠬᠤ ᠬᠠᠮᠢᠶ᠎ᠠ ᠪᠦᠬᠦᠢ ᠲᠦᠷᠦ ᠶᠢᠨ ᠪᠤᠳᠤᠯᠭ᠎ᠠ ᠶᠢ  ᠲᠤᠭᠤᠷᠢᠪᠢᠨ ᠲᠤᠭᠳᠠᠭᠠᠵᠦ᠂ ᠵᠠᠰᠠᠭ ᠤᠨ ᠤᠷᠳᠤᠨ ᠪᠤᠯᠤᠨ ᠨᠡᠶᠢᠭᠡᠮ ᠤᠨ ᠬᠦᠷᠦᠩᠭᠡ ᠶᠢᠨ ᠬᠠᠮᠳᠤᠷᠠᠯᠴᠠᠨ ᠬᠠᠮᠢᠶᠠᠷᠬᠤ ᠠᠵᠢᠯ ᠢ ᠬᠠᠷᠢᠭᠤᠴᠠᠨ᠎ᠠ᠃ ᠵᠠᠰᠠᠭ ᠵᠠᠬᠢᠷᠭᠠᠨ ᠤ ᠠᠵᠢᠯ ᠦᠢᠯᠡᠰ ᠤᠨ ᠨᠢᠭᠡᠴᠢ ᠶᠢᠨ ᠤᠯᠤᠰ ᠤᠨ ᠦᠮᠴᠢᠯᠡᠯᠳᠦ ᠡᠳ᠋ ᠬᠦᠷᠦᠩᠭᠡ ᠶᠢᠨ ᠬᠠᠮᠢᠶᠠᠷᠤᠯᠳᠠ ᠶᠢᠨ ᠲᠦᠷᠢᠮ ᠲᠤᠭᠳᠠᠭᠠᠯ ᠢ ᠲᠤᠭᠤᠷᠪᠢᠨ ᠲᠤᠭᠳᠠᠭᠠᠬᠤ ᠶᠢᠨ ᠬᠠᠮᠳᠤ ᠵᠤᠬᠢᠶᠠᠨ ᠪᠠᠶᠢᠭᠤᠯᠤᠨ ᠬᠡᠷᠡᠭᠵᠢᠭᠦᠯᠵᠦ᠂ ᠲᠤᠭᠳᠠᠭᠠᠯ ᠶᠤᠰᠤᠭᠠᠷ ᠠᠶᠢᠮᠠᠭ ᠤᠨ ᠱᠠᠳᠤᠨ ᠤ ᠵᠠᠰᠠᠭ ᠵᠠᠬᠢᠷᠭᠠᠨ ᠤ ᠠᠵᠢᠯ ᠦᠢᠯᠡᠰ ᠤᠨ ᠨᠢᠭᠡᠴᠢ ᠶᠢᠨ ᠤᠯᠤᠰ ᠤᠨ ᠦᠮᠴᠢᠯᠡᠯᠳᠦ ᠡᠳ᠋ ᠬᠦᠷᠦᠩᠭᠡ ᠶᠢ ᠬᠠᠮᠢᠶᠠᠷᠤᠨ᠎ᠠ᠃     ᠲᠤᠯᠤᠭ᠎ᠠ᠂ ᠪᠦᠬᠦ ᠠᠶᠢᠮᠠᠭ ᠤᠨ ᠤᠯᠤᠰ ᠤᠨ ᠦᠮᠴᠢᠯᠡᠯᠳᠦ ᠬᠦᠷᠦᠩᠭᠡ ᠶᠢᠨ ᠡᠵᠡᠩᠨᠡᠯᠳᠡ ᠶᠢᠨ ᠲᠦᠰᠦᠪ ᠪᠠ ᠲᠦᠰᠦᠪ ᠤᠨ ᠭᠦᠢᠴᠡᠳᠭᠡᠯ ᠤᠨ ᠲᠦᠰᠦᠯ ᠢ ᠬᠢᠨᠠᠬᠤ ᠶᠢᠨ ᠬᠠᠮᠳᠤ ᠬᠤᠷᠢᠶᠠᠩᠭᠤᠶᠢᠯᠠᠨ ᠨᠠᠶᠢᠷᠠᠭᠤᠯᠤᠨ ᠵᠤᠬᠢᠶᠠᠬᠤ ᠶᠢ ᠬᠠᠷᠢᠭᠤᠴᠠᠨ᠎ᠠ᠃  ᠤᠯᠤᠰ ᠤᠨ ᠦᠮᠴᠢᠯᠡᠯᠳᠦ ᠬᠦᠷᠦᠩᠭᠡ ᠶᠢᠨ ᠡᠵᠡᠩᠨᠡᠯᠳᠡ ᠶᠢᠨ ᠲᠦᠰᠦᠪ ᠤᠨ ᠲᠦᠷᠢᠮ ᠪᠠ ᠠᠷᠭ᠎ᠠ ᠶᠢ ᠵᠤᠬᠢᠶᠠᠨ ᠪᠠᠶᠢᠭᠤᠯᠤᠨ ᠬᠡᠷᠡᠭᠵᠢᠭᠦᠯᠵᠦ᠂ ᠠᠶᠢᠮᠠᠭ ᠤᠨ ᠱᠠᠳᠤᠨ ᠤ ᠠᠵᠦ ᠠᠬᠤᠶᠢᠯᠠᠯ ᠤᠨ ᠤᠯᠤᠰ ᠤᠨ ᠦᠮᠴᠢᠯᠡᠯᠳᠦ ᠬᠦᠷᠦᠩᠭᠡ ᠶᠢᠨ ᠠᠰᠢᠭ ᠤᠯᠵᠠᠪᠤᠷᠢ ᠶᠢ ᠬᠤᠷᠢᠶᠠᠨ᠎ᠠ᠃ ᠠᠵᠦ ᠠᠬᠤᠶᠢᠯᠠᠯ ᠤᠨ ᠡᠳ᠋  ᠤᠨ ᠶᠠᠪᠤᠳᠠᠯ ᠤᠨ ᠲᠦᠷᠢᠮ ᠢ ᠵᠤᠬᠢᠶᠠᠨ ᠪᠠᠶᠢᠭᠤᠯᠵᠦ ᠬᠡᠷᠡᠭᠵᠢᠭᠦᠯᠦᠨ᠎ᠡ᠃    ᠨᠠᠢᠮᠠ᠂ ᠪᠦᠬᠦ ᠠᠶᠢᠮᠠᠭ ᠤᠨ ᠨᠡᠶᠢᠭᠡᠮ ᠤᠨ ᠳᠠᠭᠠᠳᠬᠠᠯ ᠤᠨ ᠰᠠᠭᠤᠷᠢ ᠮᠦᠩᠭᠦᠨ ᠤ ᠲᠦᠰᠦᠪ ᠪᠠ ᠲᠦᠰᠦᠪ ᠤᠨ ᠭᠦᠢᠴᠡᠳᠭᠡᠯ ᠤᠨ ᠲᠦᠰᠦᠯ ᠢ ᠬᠢᠨᠠᠨ ᠬᠠᠷᠭᠤᠭᠤᠯᠬᠤ ᠶᠢᠨ ᠬᠠᠮᠳᠤ ᠬᠤᠷᠢᠶᠠᠩᠭᠤᠶᠢᠯᠠᠨ‌ᠨᠠᠶᠢᠷᠠᠭᠤᠯᠤᠨ ᠵᠤᠬᠢᠶᠠᠬᠤ ᠶᠢ ᠬᠠᠷᠢᠭᠤᠴᠠᠵᠦ᠂ ᠬᠤᠯᠪᠤᠭᠳᠠᠯ ᠪᠦᠬᠦᠢ ᠰᠠᠯᠠᠭ᠎ᠠ ᠮᠦᠴᠢᠷ ᠲᠠᠢ ᠬᠠᠮᠳᠤᠷᠠᠨ ᠬᠤᠯᠪᠤᠭᠳᠠᠯ ᠪᠦᠬᠦᠢ ᠪᠡᠯᠡ ᠮᠦᠩᠭᠦ ︵ᠰᠠᠭᠤᠷᠢ ᠮᠦᠩᠬᠦ︶ ᠶᠢᠨ ᠡᠳ᠋ ᠤᠨ ᠶᠠᠪᠤᠳᠠᠯ ᠤᠨ ᠬᠠᠮᠢᠶᠠᠷᠤᠯᠳᠠ ᠶᠢᠨ ᠲᠦᠷᠢᠮ ᠢ ᠲᠤᠭᠤᠷᠪᠢᠨ ᠲᠤᠭᠳᠠᠭᠠᠵᠦ᠂ ᠨᠡᠶᠢᠭᠡᠮ ᠤᠨ ᠳᠠᠭᠠᠳᠬᠠᠯ ᠤᠨ ᠰᠠᠭᠤᠷᠢ ᠮᠦᠩᠭᠦᠨ ᠤ ᠡᠳ᠋  ᠤᠨ ᠵᠠᠰᠠᠭ ᠤᠨ ᠬᠢᠨᠠᠯᠳᠠ ᠬᠠᠮᠢᠶᠠᠷᠤᠯᠳᠠ ᠶᠢᠨ ᠠᠵᠢᠯ ᠢ ᠡᠭᠦᠷᠭᠡᠯᠡᠨ᠎ᠡ᠃    ᠶᠢᠰᠦ᠂ ᠠᠶᠢᠮᠠᠭ ᠤᠨ ᠵᠠᠬᠢᠷᠭ᠎ᠠ ᠶᠢᠨ ᠤᠯᠭᠤᠭᠰᠠᠨ ᠡᠷᠬᠡ ᠶᠤᠰᠤᠭᠠᠷ᠂ ᠪᠡᠯᠡ ᠭᠠᠷᠭᠠᠭᠴᠢ ᠶᠢᠨ ᠡᠭᠦᠷᠭᠡ ᠬᠠᠷᠢᠭᠤᠴᠯᠠᠭ᠎ᠠ ᠶᠢ ᠡᠭᠦᠷᠭᠡᠯᠡᠵᠦ᠂ ᠠᠶᠢᠮᠠᠭ ᠤᠨ ᠲᠤᠰ ᠱᠠᠳᠤᠨ ᠤ ᠠᠵᠦ ᠠᠬᠤᠶᠢᠯᠠᠯ ︵ᠮᠦᠩᠭᠦᠨ ᠭᠦᠢᠯᠭᠡᠭᠡᠨ ᠤ ᠲᠦᠷᠦᠯ ᠤᠨ ᠠᠵᠦ ᠠᠬᠤᠶᠢᠯᠠᠯ ᠶᠢ ᠪᠠᠭᠳᠠᠭᠠᠬᠤ ᠦᠭᠡᠢ︶ ᠤᠨ ᠤᠯᠤᠰ ᠤᠨ ᠦᠮᠴᠢᠯᠡᠯᠳᠦ ᠡᠳ᠋ ᠬᠦᠷᠦᠩᠭᠡ ᠶᠢ ᠬᠢᠨᠠᠨ ᠬᠠᠮᠢᠶᠠᠷᠴᠤ᠂ ᠤᠯᠤᠰ ᠤᠨ ᠦᠮᠴᠢᠯᠡᠯᠳᠦ ᠡᠳ᠋ ᠬᠦᠷᠦᠩᠭᠡ ᠶᠢᠨ  ᠦᠨ᠎ᠡ ᠶᠢ ᠪᠠᠳᠠᠯᠠᠵᠦ ᠦᠷᠳᠡᠭ ᠢ ᠨᠡᠮᠡᠭᠳᠡᠯ ᠢ ᠠᠬᠢᠭᠤᠯᠤᠨ᠎ᠠ᠃ ᠬᠢᠨᠠᠨ ᠬᠠᠮᠢᠶᠠᠷᠴᠤ ᠪᠠᠶᠢᠭ᠎ᠠ ᠠᠵᠦ ᠠᠬᠤᠶᠢᠯᠠᠯ ᠤᠨ ᠴᠠᠯᠢᠩ ᠤᠨ ᠬᠤᠪᠢᠶᠠᠷᠢᠯᠠᠯᠳᠠ ᠶᠢᠨ ᠬᠠᠮᠢᠶᠠᠷᠤᠯᠳᠠ ᠶᠢ ᠬᠠᠷᠢᠭᠤᠴᠠᠵᠦ᠂ ᠬᠢᠨᠠᠨ ᠬᠠᠮᠢᠶᠠᠷᠴᠤ ᠪᠠᠶᠢᠭ᠎ᠠ ᠠᠵᠦ ᠠᠬᠤᠶᠢᠯᠠᠯ ᠤᠨ ᠬᠠᠷᠢᠭᠤᠴᠠᠯᠭᠠᠳᠠᠨ ᠤ ᠤᠷᠤᠯᠭ᠎ᠠ ᠶᠢᠨ ᠬᠤᠪᠢᠶᠠᠷᠢᠯᠠᠯᠳᠠ ᠶᠢᠨ ᠲᠦᠷᠦ ᠶᠢᠨ ᠪᠤᠳᠤᠯᠭ᠎ᠠ ᠶᠢ ᠲᠤᠭᠳᠠᠭᠠᠬᠤ ᠶᠢᠨ ᠬᠠᠮᠳᠤ ᠵᠤᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠤᠯᠤᠰ ᠤᠨ ᠦᠮᠴᠢᠯᠡᠯᠳᠦ ᠠᠵᠦ ᠠᠬᠤᠶᠢᠯᠠᠯ ᠤᠨ ᠦᠭᠡᠷᠡᠴᠢᠯᠡᠯᠳᠡ ᠪᠠ ᠲᠠᠬᠢᠨ ᠪᠠᠶᠢᠭᠤᠯᠬᠤ ᠶᠢ ᠵᠢᠯᠤᠭᠤᠳᠤᠨ ᠠᠬᠢᠭᠤᠯᠵᠦ᠂ ᠤᠯᠤᠰ ᠤᠨ ᠦᠮᠴᠢᠯᠡᠯᠳᠦ  ᠠᠵᠦ ᠠᠬᠤᠢ ᠶᠢᠨ ᠪᠠᠶᠢᠷᠢᠭᠤᠯᠤᠯᠳᠠ ᠪᠠ ᠪᠦᠳᠦᠴᠡ ᠶᠢᠨ ᠲᠤᠬᠢᠷᠠᠭᠤᠯᠤᠯᠳᠠ ᠶᠢ ᠲᠦᠯᠬᠢᠨ ᠠᠬᠢᠭᠤᠯᠵᠦ᠂ ᠪᠡᠯᠡ ᠭᠠᠷᠭᠠᠭᠰᠠᠨ ᠠᠵᠦ ᠠᠬᠤᠶᠢᠯᠠᠯ ᠤᠨ ᠲᠡᠭᠡᠭᠡᠰᠢ ᠲᠤᠰᠢᠶᠠᠭᠰᠠᠨ ᠤᠯᠤᠰ ᠤᠨ ᠦᠮᠴᠢᠯᠡᠯᠳᠦ ᠬᠦᠷᠦᠩᠭᠡ ᠶᠢᠨ ᠠᠰᠢᠭ ᠤᠷᠤᠯᠭ᠎ᠠ ᠶᠢᠨ ᠠᠵᠢᠯ ᠢ ᠵᠤᠬᠢᠶᠠᠨ ᠪᠠᠶᠢᠭᠤᠯᠤᠨ ᠬᠠᠷᠢᠭᠤᠴᠠᠨ᠎ᠠ᠃ ᠬᠢᠨᠠᠨ ᠬᠠᠮᠢᠶᠠᠷᠴᠤ ᠪᠠᠶᠢᠭ᠎ᠠ ᠤᠯᠤᠰ ᠤᠨ ᠦᠮᠴᠢᠯᠡᠯᠳᠦ ᠠᠵᠦ ᠠᠬᠤᠶᠢᠯᠠᠯ ᠤᠨ ᠨᠠᠮ ᠤᠨ ᠪᠠᠶᠢᠭᠤᠯᠤᠯᠳᠠ ᠶᠢᠨ ᠠᠵᠢᠯ ᠢ ᠬᠠᠷᠢᠭᠤᠴᠠᠨ᠎ᠠ᠃     ᠠᠷᠪᠠ᠂ ᠠᠶᠢᠮᠠᠭ ᠤᠨ ᠡᠳ᠋ ᠤᠨ ᠵᠠᠰᠠᠭ ᠤᠨ ᠠᠵᠦ ᠠᠬᠤᠢ ᠶᠢᠨ ᠬᠦᠭᠵᠢᠯᠳᠡ ᠶᠢᠨ ᠵᠠᠷᠤᠯᠭ᠎ᠠ᠂ ᠡᠯ᠎ᠡ ᠱᠠᠳᠤᠨ ᠤ ᠵᠠᠰᠠᠭ ᠤᠨ ᠤᠷᠳᠤᠨ ᠤ ᠴᠢᠨᠠᠷᠲᠠᠢ ᠪᠡᠯᠡ ᠤᠷᠤᠭᠤᠯᠤᠯᠳᠠ ᠶᠢᠨ ᠲᠦᠷᠦᠯ ᠵᠦᠢᠯ ᠤᠨ ᠡᠳ᠋ ᠤᠨ ᠵᠠᠰᠠᠭ  ᠠᠴᠠ ᠵᠤᠭᠤᠰ ᠰᠠᠯᠭᠠᠨ ᠦᠭᠬᠦ ᠶᠢ ᠭᠦᠢᠴᠡᠳᠭᠡᠬᠦ ᠪᠠ ᠬᠢᠨᠠᠯᠳᠠ ᠲᠠᠯᠪᠢᠬᠤ ᠶᠢ ᠬᠠᠷᠢᠭᠤᠴᠠᠵᠦ᠂ ᠪᠦᠬᠦ ᠠᠶᠢᠮᠠᠭ ᠤᠨ ᠦᠨᠳᠦᠰᠦᠨ ᠪᠦᠳᠦᠭᠡᠨ ᠪᠠᠶᠢᠭᠤᠯᠤᠯᠳᠠ ᠶᠢᠨ ᠪᠡᠯᠡ ᠤᠷᠤᠭᠤᠯᠤᠯᠳᠠ ᠶᠢᠨ ᠬᠤᠯᠪᠤᠭᠳᠠᠯ ᠪᠦᠬᠦᠢ ᠲᠦᠷᠦ ᠶᠢᠨ ᠪᠤᠳᠤᠯᠭ᠎ᠠ ᠶᠢ ᠲᠤᠭᠤᠷᠪᠢᠨ ᠲᠤᠭᠳᠠᠭᠠᠬᠤ ᠳᠤ ᠤᠷᠤᠯᠴᠠᠵᠦ᠂ ᠦᠨᠳᠦᠰᠦᠨ ᠪᠦᠳᠦᠭᠡᠨ ᠪᠠᠶᠢᠭᠤᠯᠤᠯᠳᠠ ᠶᠢᠨ ᠡᠳ᠋ ᠤᠨ ᠶᠠᠪᠤᠳᠠᠯ ᠤᠨ ᠲᠦᠷᠢᠮ ᠢ ᠲᠤᠭᠤᠰᠢᠯᠠᠭᠤᠯᠤᠨ᠎ᠠ᠃     ᠠᠷᠪᠠᠨ ᠨᠢᠭᠡ᠂ ᠪᠦᠬᠦ ᠠᠶᠢᠮᠠᠭ ᠤᠨ ᠨᠢᠭᠳᠠᠯᠠᠨ ᠪᠤᠳᠤᠬᠤ ᠠᠵᠢᠯ ᠢ ᠬᠠᠮᠢᠶᠠᠷᠬᠤ ᠶᠢ ᠬᠠᠷᠢᠭᠤᠴᠠᠵᠦ᠂ ᠨᠢᠭᠳᠠᠯᠠᠨ ᠪᠤᠳᠤᠬᠤ ᠠᠵᠢᠯᠯᠠᠭ᠎ᠠ ᠳᠤ ᠬᠢᠨᠠᠯᠳᠠ ᠲᠠᠯᠪᠢᠬᠤ ᠪᠠ ᠲᠡᠭᠦᠨ ᠢ ᠵᠢᠷᠤᠮᠵᠢᠭᠤᠯᠵᠦ᠂  ᠳᠠᠩᠰᠠᠯᠠᠭᠤᠯᠤᠭᠰᠠᠨ ᠨᠢᠭᠳᠠᠯᠠᠨ ᠪᠤᠳᠤᠭᠴᠢ ᠪᠤᠯᠤᠨ ᠨᠢᠭᠳᠠᠯᠠᠨ ᠪᠤᠳᠤᠭᠴᠢ ᠶᠢᠨ ᠬᠡᠷᠡᠭ ᠡᠷᠬᠢᠯᠡᠬᠦ ᠭᠠᠵᠠᠷ ᠤᠨ ᠲᠤᠬᠠᠶᠢᠯᠠᠭᠰᠠᠨ ᠠᠵᠢᠯ ᠢ ᠵᠢᠯᠤᠭᠤᠳᠬᠤ ᠪᠠ ᠬᠢᠨᠠᠯᠳᠠ ᠲᠠᠯᠪᠢᠵᠦ᠂ ᠨᠡᠶᠢᠭᠡᠮ ᠤᠨ ᠬᠢᠨᠠᠨ ᠪᠤᠳᠤᠯᠳᠠ ᠶᠢ ᠵᠢᠯᠤᠭᠤᠳᠤᠨ᠎ᠠ ᠬᠠᠮᠢᠶᠠᠷᠤᠨ᠎ᠠ᠃ ᠡᠳ᠋ ᠬᠦᠷᠦᠩᠭᠡ ᠶᠢᠨ ᠦᠨᠡᠯᠡᠨ ᠵᠢᠱᠢᠬᠦ ᠬᠤᠯᠪᠤᠭᠳᠠᠯ ᠪᠦᠬᠦᠢ ᠠᠵᠢᠯ ᠢ ᠬᠠᠤᠯᠢ ᠶᠠᠰᠤᠭᠠᠷ ᠬᠠᠮᠢᠶᠠᠷᠤᠨ᠎ᠠ᠃       ᠠᠷᠪᠠᠨ ᠬᠤᠶᠠᠷ᠂ ᠡᠳ᠋ ᠤᠨ ᠵᠠᠰᠠᠭ ᠭᠠᠶᠢᠯᠢ ᠶᠢᠨ ᠬᠠᠤᠯᠢ ᠴᠠᠭᠠᠵᠠ ᠬᠠᠤᠯᠢ ᠲᠤᠭᠳᠠᠭᠠᠯ᠂ ᠲᠦᠷᠦ ᠶᠢᠨ ᠪᠤᠳᠤᠯᠭ᠎ᠠ ᠶᠢ ᠬᠡᠷᠡᠭᠵᠢᠭᠦᠯᠵᠦ ᠪᠠᠶᠢᠭ᠎ᠠ ᠪᠠᠶᠢᠳᠠᠯ ᠳᠤ ᠬᠢᠨᠠᠯᠳᠠ ᠲᠠᠯᠪᠢᠵᠦ ᠪᠠᠶᠢᠴᠠᠭᠠᠬᠤ ᠶᠢ ᠬᠠᠷᠢᠭᠤᠴᠠᠵᠦ᠂ ᠡᠳ᠋ ᠤᠨ ᠵᠠᠰᠠᠭ ᠤᠨ ᠤᠷᠤᠯᠭ᠎ᠠ ᠵᠠᠷᠤᠯᠭ᠎ᠠ ᠶᠢᠨ ᠬᠠᠮᠢᠶᠠᠷᠤᠯᠳᠠ ᠳᠠᠬᠢ ᠴᠢᠬᠤᠯᠠ ᠶᠡᠭᠡ ᠠᠰᠠᠭᠤᠳᠠᠯ ᠢ ᠲᠤᠰᠬᠠᠨ᠎ᠠ᠃ ᠲᠦᠰᠦᠪ ᠤᠨ ᠦᠷ᠎ᠡ ᠪᠦᠳᠦᠮᠵᠢ ᠶᠢᠨ ᠬᠠᠮᠢᠶᠠᠷᠤᠯᠳᠠ ᠶᠢᠨ ᠬᠠᠮᠢᠶ᠎ᠠ ᠪᠤᠬᠦᠢ ᠠᠵᠢᠯ ᠢ ᠵᠤᠬᠢᠶᠠᠨ ᠪᠠᠶᠢᠭᠤᠯᠤᠨ ᠬᠡᠷᠡᠭᠵᠢᠭᠦᠯᠬᠦ ᠶᠢ ᠬᠠᠷᠢᠭᠤᠴᠠᠨ᠎ᠠ᠃ ᠲᠤᠳᠤᠭᠠᠳᠤ ᠶᠢᠨ ᠡᠵᠡᠮᠳᠡᠯ ᠢ ᠱᠠᠯᠠᠪᠳᠠᠨ ᠵᠢᠯᠤᠭᠤᠳᠴᠤ ᠵᠢᠷᠤᠮᠵᠢᠭᠤᠯᠤᠨ᠂ ᠡᠳ᠋ ᠤᠨ ᠵᠠᠰᠠᠭ ᠤᠨ ᠬᠠᠮᠢᠶᠠᠷᠤᠯᠳᠠ ᠶᠢ ᠴᠢᠩᠭᠠᠳᠬᠠᠬᠤ ᠲᠦᠷᠦ ᠶᠢᠨ ᠪᠤᠳᠤᠯᠭ᠎ᠠ ᠪᠠ ᠰᠠᠨᠠᠭᠤᠯᠭ᠎ᠠ ᠶᠢ ᠲᠤᠷᠠᠳᠤᠨ᠎ᠠ᠃     ᠠᠷᠪᠠᠨ ᠭᠤᠷᠪᠠ᠂  ᠠᠶᠢᠮᠠᠭ ᠤᠨ ᠨᠠᠮ ᠤᠨ ᠬᠤᠷᠢᠶ᠎ᠠ᠂ ᠠᠶᠢᠮᠠᠭ ᠤᠨ ᠵᠠᠬᠢᠷᠭ᠎ᠠ ᠶᠢᠨ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃
 
ᠢᠷᠡᠯᠲᠡ᠄ ᠠᠶᠢᠮᠠᠭ ᠤᠨ ᠡᠳ᠋ ᠤᠨ ᠵᠠᠰᠠᠭ ᠤᠨ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号