ᠬᠢᠩᠭᠠᠨ ᠠᠶᠢᠮᠠᠭ ᠤᠨ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠳᠠ ᠶᠢᠨ ᠲᠣᠪᠴᠢᠶ᠎ᠠ
ᠨᠡᠶᠢᠲᠡᠯᠡᠭᠰᠡᠨ ᠴᠠᠭ᠄
2021/6/7
     ᠨᠠᠮ ᠤᠨ ᠲᠥᠪ ᠬᠤᠷᠢᠶᠠᠨ ᠤ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠳᠠ ᠶᠢᠨ ᠠᠵᠢᠯ ᠤᠨ ᠲᠤᠬᠠᠶ ᠴᠢᠭᠯᠡᠯᠲᠡ ᠲᠥᠷᠥ ᠶᠢᠨ ᠪᠣᠳᠣᠯᠭ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠢᠩᠭᠠᠨ ᠠᠶᠢᠮᠠᠭ ᠤᠨ ᠨᠠᠮ ᠤᠨ ᠬᠤᠷᠢᠶᠠᠨ ᠤ ᠬᠠᠮᠢᠶ᠎ᠠ ᠪᠦᠬᠦᠢ ᠰᠢᠶᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠶᠠᠪᠤᠴᠠ ᠳᠤ ᠠᠵᠤ ᠦᠢᠯᠡᠳᠪᠦᠷᠢ ᠪᠠ ᠮᠡᠳᠡᠭᠡ  ᠵᠠᠩᠭᠢᠴᠢᠯᠠᠯᠳᠠ ᠶᠢᠨ ᠠᠵᠢᠯ ᠳᠠᠬᠢ ᠨᠠᠮ ᠤᠨ ᠲᠥᠪᠯᠡᠷᠡᠩᠭᠦᠶ ᠨᠢᠭᠡᠳᠦᠯᠲᠡᠶ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠬᠤ ᠬᠡᠷᠡᠭᠲᠡᠶ᠃      ᠨᠢᠭᠡ  ᠂ ᠤᠯᠤᠰ᠂ ᠥᠪᠡᠷᠲᠡᠭᠡᠨ ᠵᠠᠰᠠᠬᠤ ᠣᠷᠣᠨ ᠪᠣᠯᠤᠨ ᠬᠢᠩᠭᠠᠨ ᠠᠶᠢᠮᠠᠭ ᠤᠨ ᠠᠵᠤ ᠦᠢᠯᠡᠳᠪᠦᠷᠢ᠂ ᠮᠡᠳᠡᠭᠡ ᠵᠠᠩᠭᠢᠴᠢᠯᠠᠯᠳᠠ ᠶᠢᠨ ᠬᠥᠭᠵᠢᠯᠲᠡ ᠶᠢᠨ ᠲᠤᠬᠠᠶ ᠬᠠᠤᠯᠢ ᠴᠠᠭᠠᠵᠠ ᠬᠠᠤᠯᠢ ᠲᠣᠭᠲᠠᠭᠠᠯ ᠪᠣᠯᠤᠨ ᠴᠢᠭᠯᠡᠯᠲᠡ ᠲᠥᠷᠥ ᠶᠢᠨ ᠪᠣᠳᠣᠯᠭ᠎ᠠ ᠶᠢ  ᠲᠤᠭᠤᠰᠢᠯᠠᠭᠤᠯᠤᠨ ᠬᠡᠷᠡᠭᠵᠢᠭᠦᠯᠵᠦ᠂ ᠬᠢᠩᠭᠠᠨ ᠠᠶᠢᠮᠠᠭ ᠤᠨ ᠠᠵᠤ ᠦᠢᠯᠡᠳᠪᠦᠷᠢ ᠪᠣᠯᠤᠨ ᠮᠡᠳᠡᠭᠡ ᠵᠠᠩᠭᠢᠴᠢᠯᠠᠯᠳᠠ ᠶᠢᠨ ᠬᠥᠭᠵᠢᠯᠲᠡ ᠶᠢᠨ ᠲᠥᠯᠥᠪᠵᠢᠭᠦᠯᠭᠡ᠂ ᠣᠨ ᠤ ᠲᠥᠯᠥᠪᠯᠡᠭᠡ᠂ ᠠᠵᠤ ᠦᠢᠯᠡᠰ  ᠤᠨ ᠲᠥᠷᠥ ᠶᠢᠨ ᠪᠣᠳᠣᠯᠭ᠎ᠠ ᠶᠢ ᠲᠤᠭᠤᠷᠪᠢᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠰᠢᠨ᠎ᠡ ᠬᠡᠯᠪᠡᠷᠢ ᠶᠢᠨ ᠠᠵᠤ ᠦᠢᠯᠡᠳᠪᠦᠷᠢᠵᠢᠯᠲᠡ ᠶᠢᠨ ᠶᠠᠪᠤᠴᠠ ᠳᠠᠬᠢ ᠴᠢᠬᠤᠯᠠ ᠶᠡᠭᠡ ᠠᠰᠠᠭᠤᠳᠠᠯ ᠢ ᠵᠣᠬᠢᠴᠠᠭᠤᠯᠤᠨ ᠰᠢᠶᠳᠪᠦᠷᠢᠯᠡᠵᠦ᠂ ᠠᠵᠤ ᠦᠢᠯᠡᠰ ᠤᠨ ᠪᠦᠲᠦᠴᠡ ᠶᠢᠨ ᠪᠠᠶᠢᠯᠳᠤᠬᠤ ᠪᠣᠳᠣᠯᠭ᠎ᠠ ᠶᠢᠨ ᠴᠢᠨᠠᠷᠲᠠᠶ ᠲᠣᠬᠢᠷᠠᠭᠤᠯᠤᠯᠲᠠ ᠪᠣᠯᠤᠨ ᠰᠢᠯᠢᠳᠡᠭᠵᠢᠭᠦᠯᠦᠨ ᠳᠡᠰ ᠳᠡᠪᠰᠢᠭᠦᠯᠬᠦ ᠶᠢ ᠠᠬᠢᠭᠤᠯᠤᠨ᠎ᠠ᠃       ᠬᠤᠶᠠᠷ᠂ ᠬᠢᠩᠭᠠᠨ ᠠᠶᠢᠮᠠᠭ ᠤᠨ ᠠᠵᠤ ᠦᠢᠯᠡᠳᠪᠦᠷᠢ᠂ ᠮᠡᠳᠡᠭᠡ ᠵᠠᠩᠭᠢ ᠶᠢᠨ ᠠᠵᠤ ᠦᠢᠯᠡᠰ ᠤᠨ ᠠᠵᠢᠯᠯᠠᠭᠠᠨ ᠤ ᠪᠠᠶᠢᠳᠠᠯ ᠢ ᠬᠢᠨᠠᠨ  ᠰᠢᠨᠵᠢᠯᠡᠵᠦ ᠵᠠᠳᠠᠯᠤᠨ᠂ ᠲᠥᠰᠦᠭᠡᠯᠡᠵᠦ  ᠤᠷᠢᠳᠴᠢᠯᠠᠨ ᠰᠡᠷᠡᠮᠵᠢᠯᠡᠭᠦᠯᠬᠦ ᠪᠠ ᠮᠡᠳᠡᠭᠡ ᠵᠠᠩᠭᠢ ᠪᠠᠷ ᠬᠥᠲᠥᠯᠥᠨ ᠵᠢᠯᠣᠭᠤᠳᠴᠤ᠂ ᠠᠵᠤ ᠦᠢᠯᠡᠳᠪᠦᠷᠢ ᠶᠢᠨ ᠠᠵᠢᠯᠯᠠᠭᠠᠨ ᠳᠠᠬᠢ ᠦᠢᠯᠡᠳᠪᠦᠷᠢᠯᠡᠯ  ᠤᠨ ᠴᠢᠬᠤᠯᠠ ᠬᠦᠴᠦᠨ ᠵᠦᠢᠯ ᠢ ᠶᠡᠷᠦᠩᠬᠡᠶᠢᠯᠡᠨ ᠵᠣᠬᠢᠴᠠᠭᠤᠯᠬᠤ᠂ ᠠᠵᠢᠯ ᠲᠥᠷᠥᠯ ᠤᠨ ᠠᠵᠢᠯᠯᠠᠭᠠᠨ ᠤ ᠬᠥᠭᠵᠢᠯᠲᠡ ᠳᠠᠬᠢ ᠬᠤᠯᠪᠣᠭᠳᠠᠯ ᠪᠦᠬᠦᠢ ᠠᠰᠠᠭᠤᠳᠠᠯ ᠢ ᠵᠣᠬᠢᠴᠠᠭᠤᠯᠤᠨ ᠰᠢᠶᠳᠪᠦᠷᠢᠯᠡᠬᠦ ᠶᠢ ᠬᠠᠷᠢᠭᠤᠴᠠᠨ᠎ᠠ᠃     ᠭᠤᠷᠪᠠ᠂ ᠠᠵᠤ ᠦᠢᠯᠡᠳᠪᠦᠷᠢ᠂ ᠮᠡᠳᠡᠭᠡ ᠵᠠᠩᠭᠢᠴᠢᠯᠠᠯᠳᠠ ᠶᠢᠨ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠬᠡᠪᠴᠢᠶ᠎ᠡ ᠪᠣᠯᠤᠨ ᠴᠢᠭᠯᠡᠯ᠂ ᠥᠪᠡᠷᠲᠡᠭᠡᠨ ᠵᠠᠰᠠᠬᠤ ᠣᠷᠣᠨ ᠪᠣᠯᠤᠨ ᠬᠢᠩᠭᠠᠨ ᠠᠶᠢᠮᠠᠭ ᠤᠨ  ᠡᠳ᠋ ᠤᠨ ᠵᠠᠰᠠᠭ ᠤᠨ ᠴᠢᠨᠠᠷᠲᠠᠶ ᠪᠦᠲᠦᠭᠡᠨ ᠪᠠᠶᠢᠭᠤᠯᠤᠯᠲᠠ ᠶᠢᠨ ᠪᠡᠯᠡ ᠮᠥᠩᠭᠦ ᠶᠢᠨ ᠲᠣᠬᠢᠷᠠᠭᠤᠯᠤᠯᠲᠠ ᠶᠢᠨ ᠰᠠᠨᠠᠭᠤᠯᠭ᠎ᠠ  ᠲᠤᠷᠠᠳᠬᠤ ᠶᠢ ᠬᠠᠷᠢᠭᠤᠴᠠᠵᠦ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠲᠥᠷᠥᠯ ᠵᠦᠢᠯ ᠤᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃      ᠲᠦᠷᠪᠠ᠂  ᠪᠦᠬᠦ ᠠᠶᠢᠮᠠᠭ ᠤᠨ ᠠᠵᠤ ᠦᠶᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠪᠠᠶᠢᠷᠢᠯᠠᠭᠤᠯᠤᠯᠲᠠ  ᠶᠢᠨ ᠲᠥᠯᠥᠪᠵᠢᠭᠦᠯᠭᠡ ᠶᠢ ᠵᠢᠯᠣᠭᠤᠳᠴᠤ᠂ ᠠᠵᠤ ᠦᠶᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠡᠷᠡᠭᠦᠯ ᠢᠶᠠᠷ ᠬᠥᠭᠵᠢᠬᠦ ᠶᠢ ᠠᠬᠢᠭᠤᠯᠤᠨ᠎ᠠ᠃     ᠲᠠᠪᠤ  ᠂ ᠠᠵᠢᠯ ᠲᠥᠷᠥᠯ ᠤᠨ ᠮᠡᠷᠭᠡᠵᠢᠯ ᠤᠨ ᠰᠢᠨ᠎ᠡ ᠶᠢ ᠡᠭᠦᠳᠬᠦ ᠪᠠ ᠮᠡᠷᠭᠡᠵᠢᠯ ᠤᠨ ᠳᠠᠪᠰᠢᠯᠲᠠ ᠶᠢ ᠵᠢᠯᠣᠭᠤᠳᠴᠤ᠂ ᠤᠯᠠᠮᠵᠢᠯᠠᠯᠲᠤ ᠠᠵᠤ ᠦᠶᠯᠡᠰ ᠤᠨ ᠮᠡᠷᠭᠡᠵᠢᠯ ᠤᠨ ᠥᠭᠡᠷᠡᠴᠢᠯᠡᠯᠲᠡ ᠶᠢᠨ ᠬᠠᠮᠢᠶ᠎ᠠ ᠪᠦᠬᠦᠢ ᠲᠥᠷᠥ  ᠶᠢᠨ ᠪᠣᠳᠣᠯᠭ᠎ᠠ ᠪᠣᠯᠤᠨ ᠠᠵᠤ ᠦᠶᠯᠡᠰ ᠤᠨ ᠪᠦᠲᠦᠴᠡ ᠶᠢᠨ ᠲᠣᠬᠢᠷᠠᠭᠤᠯᠤᠯᠲᠠ ᠶᠢᠨ ᠰᠠᠨᠠᠭᠤᠯᠭ᠎ᠠ ᠶᠢ ᠳᠤᠷᠠᠳᠤᠨ᠎ᠠ᠃ ᠠᠵᠤ ᠦᠶᠯᠡᠳᠪᠦᠷᠢ ᠶᠢᠨ ᠬᠡᠪᠴᠢᠶᠡᠨ ᠳᠠᠬᠢ ᠠᠵᠢᠯ ᠲᠥᠷᠥᠯ ᠤᠨ ᠬᠠᠮᠢᠶᠠᠷᠤᠯᠲᠠ ᠶᠢ ᠬᠠᠷᠢᠭᠤᠴᠠᠨ᠎ᠠ᠃ ᠬᠢᠩᠭᠠᠨ ᠠᠶᠢᠮᠠᠭ ᠤᠨ ᠳᠠᠪᠤᠰᠤᠨ ᠤ ᠦᠶᠯᠡᠰ ᠤᠨ ᠭᠤᠤᠯᠴᠢᠯᠠᠨ ᠬᠠᠮᠢᠶᠠᠷᠬᠤ ᠪᠠᠶᠢᠭᠤᠯᠤᠮᠵᠢ ᠶᠢᠨ ᠠᠵᠢᠯ ᠲᠥᠷᠥᠯ ᠤᠨ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠶᠢ ᠬᠠᠤᠯᠢ ᠶᠣᠰᠣᠭᠠᠷ ᠭᠦᠶᠴᠡᠳᠬᠡᠨ᠎ᠡ᠃ ᠪᠦᠬᠦ ᠠᠶᠢᠮᠠᠭ ᠤᠨ ᠠᠷᠠᠳ  ᠤᠨ ᠬᠡᠷᠡᠭᠴᠡᠭᠡᠨ ᠤ ᠳᠡᠯᠪᠡᠷᠡᠬᠦ ᠡᠳ᠋ ᠪᠣᠳᠠᠰ ᠤᠨ  ᠠᠶᠤᠯᠭᠦᠢ ᠦᠶᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃      ᠵᠢᠷᠭᠤᠭ᠎ᠠ᠂ ᠠᠵᠤ ᠦᠶᠯᠡᠳᠪᠦᠷᠢ ᠶᠢᠨ ᠪᠣᠬᠢᠷᠲᠤᠯ ᠥᠬᠡᠶ ᠬᠥᠭᠵᠢᠯᠲᠡ ᠶᠢ ᠵᠢᠯᠣᠭᠤᠳᠤᠨ᠎ᠠ᠃ ᠠᠵᠤ ᠦᠢᠯᠡᠳᠪᠦᠷᠢ ᠶᠢᠨ ᠡᠨᠧᠷᠭᠢ ᠠᠷᠪᠢᠯᠠᠵᠤ ᠬᠤᠷᠣᠭᠳᠠᠯ ᠢ ᠪᠠᠭᠠᠰᠬᠠᠬᠤ ᠪᠠ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ᠂ ᠠᠷᠢᠭᠤᠨ ᠴᠡᠪᠡᠷ ᠦᠢᠯᠡᠳᠪᠦᠷᠢᠯᠡᠯ ᠢ ᠠᠬᠢᠭᠤᠯᠬᠤ ᠲᠦᠷᠦ ᠶᠢᠨ ᠪᠤᠳᠤᠯᠭ᠎ᠠ ᠵᠢᠴᠢ ᠲᠥᠯᠥᠪᠵᠢᠭᠦᠯᠭᠡ  ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃ ᠠᠵᠤ ᠦᠢᠯᠡᠳᠪᠦᠷᠢ ᠶᠢᠨ ᠡᠨᠧᠷᠭᠢ ᠠᠷᠪᠢᠯᠠᠬᠤ ᠪᠠ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ ᠠᠵᠢᠯ ᠢ ᠵᠢᠯᠣᠭᠤᠳᠴᠤ᠂ ᠬᠠᠮᠢᠶ᠎ᠠ ᠪᠦᠬᠦᠢ ᠴᠢᠬᠤᠯᠠ ᠶᠡᠭᠡ ᠵᠢᠱᠢᠶ᠎ᠡ ᠦᠵᠡᠭᠦᠯᠬᠦ ᠲᠥᠷᠥᠯ ᠵᠦᠢᠯ ᠪᠣᠯᠤᠨ ᠰᠢᠨ᠎ᠡ ᠦᠢᠯᠡᠳᠬᠦᠨ᠂ ᠰᠢᠨ᠎ᠡ ᠮᠡᠷᠭᠡᠵᠢᠯ᠂ ᠰᠢᠨ᠎ᠡ ᠲᠥᠬᠦᠭᠡᠷᠦᠮᠵᠢ᠂ ᠰᠢᠨ᠎ᠡ  ᠮᠠᠲ᠋ᠧᠷᠢᠶᠠᠯ ᠢ ᠳᠡᠯᠭᠡᠷᠡᠭᠦᠯᠦᠨ ᠬᠡᠷᠡᠭᠯᠡᠬᠦ ᠠᠵᠢᠯ ᠢ ᠵᠣᠬᠢᠶᠠᠨ ᠪᠠᠶᠢᠭᠤᠯᠤᠨ ᠵᠣᠬᠢᠴᠠᠭᠤᠯᠤᠨ᠎ᠠ᠃ ᠠᠵᠤ ᠦᠶᠯᠡᠳᠪᠦᠷᠢ ᠶᠢᠨ ᠡᠨᠧᠷᠭᠢ ᠠᠷᠪᠢᠯᠠᠬᠤ ᠶᠢᠨ ᠬᠢᠨᠠᠨ ᠪᠠᠶᠢᠴᠠᠭᠠᠬᠤ ᠠᠵᠢᠯ ᠢ ᠬᠠᠷᠢᠭᠤᠴᠠᠨ᠎ᠠ᠃         ᠳᠣᠯᠤᠭ᠎ᠠ᠂ ᠠᠵᠤ ᠦᠶᠯᠡᠳᠪᠦᠷᠢ ᠪᠣᠯᠤᠨ ᠮᠡᠳᠡᠭᠡ ᠵᠠᠩᠭᠢ ᠶᠢᠨ ᠮᠡᠷᠭᠡᠵᠢᠯ ᠤᠨ ᠦᠶᠯᠡᠴᠢᠯᠡᠭᠡᠨ ᠤ ᠦᠶᠯᠡᠰ  ᠤᠨ ᠰᠢᠨ᠎ᠡ ᠶᠢ ᠡᠭᠦᠳᠬᠦ ᠰᠢᠰᠲ᠋ᠧᠮᠵᠢ ᠶᠢᠨ ᠪᠠᠶᠢᠭᠤᠯᠤᠯᠲᠠ ᠶᠢ ᠬᠠᠷᠢᠭᠤᠴᠠᠵᠤ᠂ ᠮᠡᠷᠭᠡᠵᠢᠯ ᠤᠨ ᠰᠢᠨ᠎ᠡ ᠶᠢ ᠡᠭᠦᠳᠬᠦ ᠪᠠ ᠦᠶᠯᠡᠳᠪᠦᠷᠢᠯᠡᠬᠦ ᠵᠢᠭᠠᠬᠤ ᠰᠤᠳᠤᠯᠬᠤ ᠬᠡᠷᠡᠭᠯᠡᠬᠦ ᠶᠢ ᠬᠠᠷᠢᠯᠴᠠᠨ ᠤᠶᠠᠯᠳᠤᠭᠤᠯᠬᠤ ᠶᠢ  ᠠᠬᠢᠭᠤᠯᠤᠨ᠎ᠠ᠃ ᠠᠵᠤ ᠦᠶᠯᠡᠳᠪᠦᠷᠢ ᠶᠢᠨ ᠠᠵᠢᠯ ᠲᠥᠷᠥᠯ ᠤᠨ ᠶᠠᠰᠤ ᠴᠢᠨᠠᠷ ᠤᠨ ᠬᠠᠮᠢᠶᠠᠷᠤᠯᠲᠠ ᠪᠠ ᠨᠡᠷᠡᠲᠦ ᠲᠥᠷᠥᠯ ᠲᠡᠮᠳᠡᠭᠲᠦ ᠶᠢ ᠪᠣᠶᠢᠵᠢᠭᠤᠯᠬᠤ ᠶᠢ ᠵᠢᠯᠣᠭᠤᠳᠤᠨ᠎ᠠ᠃          ᠨᠠᠶᠮᠠ᠂ ᠲᠣᠨᠤᠭ ᠲᠥᠬᠦᠭᠡᠷᠦᠮᠵᠢ ᠦᠶᠯᠡᠳᠬᠦ ᠦᠶᠯᠡᠰ ᠢ ᠬᠥᠭᠵᠢᠭᠦᠯᠦᠨ ᠮᠠᠨᠳᠤᠭᠤᠯᠬᠤ ᠠᠵᠢᠯ ᠢ ᠵᠣᠬᠢᠶᠠᠨ ᠪᠠᠶᠢᠭᠤᠯᠤᠨ ᠵᠣᠬᠢᠴᠠᠭᠤᠯᠵᠤ᠂ ᠮᠡᠷᠭᠡᠵᠢᠯ ᠤᠨ ᠲᠣᠨᠤᠭ ᠲᠥᠬᠦᠭᠡᠷᠦᠮᠵᠢ ᠶᠢᠨ ᠬᠥᠭᠵᠢᠯᠲᠡ ᠪᠣᠯᠤᠨ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ ᠲᠥᠯᠥᠪᠵᠢᠭᠦᠯᠭᠡ᠂ ᠲᠥᠷᠥ ᠶᠢᠨ ᠪᠣᠳᠣᠯᠭ᠎ᠠ ᠶᠢ ᠰᠤᠳᠤᠯᠤᠨ ᠲᠣᠭᠲᠠᠭᠠᠵᠤ᠂  ᠭᠠᠳᠠᠭᠠᠳᠤ ᠠᠴᠠ ᠤᠷᠤᠭᠤᠯᠤᠭᠰᠠᠨ ᠮᠡᠷᠭᠡᠵᠢᠯ ᠤᠨ ᠲᠣᠨᠤᠭ ᠲᠥᠬᠦᠭᠡᠷᠦᠮᠵᠢ ᠶᠢ ᠰᠢᠩᠭᠡᠭᠡᠨ ᠰᠢᠨ᠎ᠡ ᠶᠢ ᠡᠭᠦᠳᠬᠦ ᠶᠢ ᠵᠢᠯᠣᠭᠤᠳᠤᠨ᠎ᠠ᠃ ᠬᠥᠩᠭᠡᠨ ᠦᠢᠯᠡᠳᠪᠦᠷᠢ᠂ ᠨᠡᠬᠡᠮᠡᠯ᠂ ᠢᠳᠡᠭᠡᠨ᠂ ᠡᠮ ᠡᠮᠨᠡᠯᠭᠡ ᠵᠡᠷᠭᠡ ᠬᠡᠷᠡᠭᠯᠡᠭᠡᠨ ᠤ ᠵᠦᠢᠯ ᠤᠨ ᠠᠵᠤ ᠦᠢᠯᠡᠳᠪᠦᠷᠢ ᠶᠢᠨ ᠠᠵᠢᠯ ᠲᠥᠷᠥᠯ ᠤᠨ ᠬᠠᠮᠢᠶᠠᠷᠤᠯᠲᠠ ᠶᠢᠨ ᠠᠵᠢᠯ ᠢ ᠡᠭᠦᠷᠭᠡᠯᠡᠵᠦ᠂ ᠠᠵᠢᠯ ᠲᠥᠷᠥᠯ ᠤᠨ ᠬᠥᠭᠵᠢᠯᠲᠡ ᠶᠢᠨ ᠲᠥᠯᠥᠪᠵᠢᠭᠦᠯᠭᠡ ᠶᠢ ᠰᠤᠳᠤᠯᠤᠨ ᠲᠣᠭᠲᠠᠭᠠᠬᠤ ᠶᠢᠨ ᠬᠠᠮᠲᠤ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠳᠤᠷᠠᠳᠤᠨ᠎ᠠ᠃ ᠤᠯᠤᠰ ᠤᠨ ᠴᠡᠷᠢᠭ ᠤᠨ ᠬᠡᠷᠡᠭᠯᠡᠭᠡ ᠪᠠ ᠠᠷᠠᠳ ᠤᠨ ᠬᠡᠷᠡᠭᠯᠡᠭᠡ ᠶᠢ ᠤᠶᠠᠯᠳᠤᠭᠤᠯᠤᠭᠰᠠᠨ ᠬᠥᠭᠵᠢᠯᠲᠡ ᠶᠢᠨ ᠲᠥᠯᠥᠪᠵᠢᠭᠦᠯᠭᠡ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠴᠡᠷᠢᠭ  ᠤᠨ ᠬᠡᠷᠡᠭᠯᠡᠭᠡ ᠪᠠ ᠠᠷᠠᠳ ᠤᠨ ᠬᠡᠷᠡᠭᠯᠡᠭᠡ ᠶᠢ ᠤᠶᠠᠯᠳᠤᠭᠤᠯᠤᠭᠰᠠᠨ ᠠᠵᠤ ᠦᠢᠯᠡᠰ ᠤᠨ ᠬᠥᠭᠵᠢᠯᠲᠡ ᠶᠢ ᠠᠬᠢᠭᠤᠯᠤᠨ᠎ᠠ᠃      ᠶᠢᠰᠦ᠂ ᠠᠵᠤ ᠦᠢᠯᠡᠳᠪᠦᠷᠢ ᠶᠢᠨ  ᠬᠡᠪᠴᠢᠶᠠᠨ ᠤ ᠮᠡᠳᠡᠭᠡ  ᠵᠠᠩᠭᠢᠵᠢᠯᠠᠯᠳᠠ ᠶᠢᠨ ᠠᠵᠢᠯ ᠢ ᠬᠠᠷᠢᠭᠤᠴᠠᠨ᠎ᠠ᠃ ᠮᠡᠳᠡᠭᠡ ᠵᠠᠩᠭᠢᠵᠢᠯᠠᠯᠳᠠ ᠪᠠ ᠠᠵᠤ ᠦᠢᠯᠡᠳᠪᠦᠷᠢᠵᠢᠯᠲᠡ ᠶᠢᠨ ᠠᠭᠤᠰᠤᠯᠳᠤᠨ ᠬᠥᠭᠵᠢᠬᠦ ᠶᠢ ᠠᠬᠢᠭᠤᠯᠤᠨ᠎ᠠ᠃ ᠠᠵᠤ ᠦᠶᠯᠡᠳᠪᠦᠷᠢ ᠶᠢᠨ ᠢᠨᠲ᠋ᠧᠷ ᠰᠦᠯᠵᠢᠶ᠎ᠡ᠂ ᠵᠥᠭᠡᠯᠡᠨ ᠲᠣᠨᠤᠭ ᠤᠨ ᠦᠶᠯᠡᠰ᠂ ᠮᠡᠳᠡᠭᠡ ᠵᠠᠩᠭᠢ ᠶᠢᠨ ᠦᠶᠯᠡᠴᠢᠯᠡᠭᠡᠨ  ᠤ ᠦᠶᠯᠡᠰ ᠤᠨ ᠬᠥᠭᠵᠢᠯᠲᠡ ᠶᠢ ᠠᠬᠢᠭᠤᠯᠤᠨ᠎ᠠ᠃ ᠠᠵᠤ ᠦᠶᠯᠡᠳᠪᠦᠷᠢ ᠶᠢᠨ ᠡᠵᠡᠮᠰᠢᠯ ᠤᠨ ᠰᠢᠰᠲ᠋ᠧᠮ ᠤᠨ ᠲᠣᠤᠷ ᠰᠦᠯᠵᠢᠶ᠎ᠡ ᠪᠠ ᠮᠡᠳᠡᠭᠡ ᠵᠠᠩᠭᠢ ᠶᠢᠨ ᠠᠮᠤᠷ ᠲᠦᠪᠰᠢᠨ ᠢ ᠬᠠᠷᠢᠭᠤᠴᠠᠨ᠎ᠠ᠃ ᠴᠢᠮᠡᠭᠡ ᠨᠡᠪᠲᠡᠷᠡᠯᠭᠡ ᠶᠢᠨ  ᠰᠦᠯᠵᠢᠶᠡᠨ ᠤ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠵᠢᠯᠣᠭᠤᠳᠤᠨ᠎ᠠ᠃      ᠠᠷᠪᠠ  ᠂ ᠳᠤᠮᠳᠠ ᠵᠢᠵᠢᠭ ᠠᠵᠤ ᠠᠬᠤᠶᠢᠯᠠᠯ ᠵᠢᠴᠢ ᠨᠡᠶᠢᠲᠡ ᠶᠢᠨ ᠥᠮᠴᠢᠯᠡᠯ ᠤᠨ ᠪᠤᠰᠤ ᠠᠵᠤ ᠦᠶᠯᠡᠳᠪᠦᠷᠢ ᠶᠢᠨ ᠠᠵᠤ ᠠᠬᠤᠶ ᠶᠢᠨ ᠬᠥᠭᠵᠢᠯᠲᠡ ᠶᠢ ᠵᠢᠯᠣᠭᠤᠳᠬᠤ᠂ ᠶᠡᠷᠦᠩᠬᠡᠶᠢᠯᠡᠨ ᠵᠣᠬᠢᠴᠠᠭᠤᠯᠬᠤ ᠪᠠ ᠦᠶᠯᠡᠴᠢᠯᠡᠬᠦ ᠶᠢ ᠬᠠᠷᠢᠭᠤᠴᠠᠨ᠎ᠠ᠃ ᠳᠤᠮᠳᠠ ᠵᠢᠵᠢᠭ ᠠᠵᠤ ᠠᠬᠤᠶᠢᠯᠠᠯ ᠪᠠ ᠨᠡᠶᠢᠲᠡ ᠶᠢᠨ ᠥᠮᠴᠢᠯᠡᠯ ᠤᠨ ᠪᠤᠰᠤ ᠠᠵᠤ ᠦᠢᠯᠡᠳᠪᠦᠷᠢ ᠶᠢᠨ ᠠᠵᠤ ᠠᠬᠤᠢ ᠶᠢᠨ ᠬᠥᠭᠵᠢᠯᠲᠡ ᠶᠢ ᠠᠬᠢᠭᠤᠯᠬᠤ ᠬᠤᠯᠪᠣᠭᠳᠠᠯ ᠪᠦᠬᠦᠢ ᠲᠦᠷᠦ ᠶᠢᠨ ᠪᠤᠳᠤᠯᠭ᠎ᠠ ᠪᠠ ᠠᠷᠭ᠎ᠠ ᠬᠡᠮᠵᠢᠶ᠎ᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃ ᠳᠤᠮᠳᠠ ᠵᠢᠵᠢᠭ ᠠᠵᠤ ᠠᠬᠤᠶᠢᠯᠠᠯ ᠤᠨ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃        ᠠᠷᠪᠠᠨ ᠨᠢᠭᠡ  ᠂ ᠠᠶᠢᠮᠠᠭ ᠤᠨ ᠨᠠᠮ ᠤᠨ ᠬᠤᠷᠢᠶᠠᠨ ᠤ ᠰᠦᠯᠵᠢᠶᠡᠨ ᠤ ᠠᠮᠤᠷ ᠲᠦᠪᠰᠢᠨ ᠪᠠ ᠮᠡᠳᠡᠭᠡ ᠵᠠᠩᠭᠢᠴᠢᠯᠠᠯᠳᠠ ᠶᠢᠨ ᠵᠥᠪᠯᠡᠯ ᠤᠨ ᠠᠯᠪᠠᠨ ᠭᠡᠷ ᠤᠨ ᠬᠤᠯᠪᠣᠭᠳᠠᠯ ᠪᠦᠬᠦᠢ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ᠃ ᠬᠢᠩᠭᠠᠨ ᠠᠶᠢᠮᠠᠭ ᠤᠨ ᠠᠵᠤ ᠦᠶᠯᠡᠳᠪᠦᠷᠢ ᠪᠠ ᠮᠡᠳᠡᠭᠡ  ᠵᠠᠩᠭᠢᠴᠢᠯᠠᠯᠳᠠ ᠶᠢᠨ ᠲᠣᠪᠴᠢᠶ᠎ᠠ ᠨᠢ ᠠᠵᠤ ᠦᠶᠯᠡᠳᠪᠦᠷᠢ ᠶᠢᠨ ᠬᠡᠪᠴᠢᠶᠡᠨ ᠤ ᠮᠡᠳᠡᠭᠡ ᠵᠠᠩᠭᠢᠴᠢᠯᠠᠯᠳᠠ ᠶᠢᠨ ᠠᠵᠢᠯ ᠢ ᠬᠠᠷᠢᠭᠤᠴᠠᠵᠤ᠂ ᠠᠵᠤ ᠦᠶᠯᠡᠳᠪᠦᠷᠢ ᠶᠢᠨ ᠢᠨᠲ᠋ᠧᠷ ᠰᠦᠯᠵᠢᠶ᠎ᠡ ᠶᠢᠨ ᠬᠥᠭᠵᠢᠯᠲᠡ ᠶᠢ ᠠᠬᠢᠭᠤᠯᠤᠨ᠂ ᠴᠢᠮᠡᠭᠡ ᠬᠤᠯᠪᠣᠭ᠎ᠠ ᠶᠢᠨ ᠲᠣᠤᠷ ᠰᠦᠯᠵᠢᠶ᠎ᠡ ᠶᠢᠨ ᠰᠠᠭᠤᠷᠢ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢ ᠵᠢᠯᠣᠭᠤᠳᠤᠨ ᠵᠣᠬᠢᠴᠠᠭᠤᠯᠤᠨ᠎ᠠ᠃ ᠠᠶᠢᠮᠠᠭ ᠤᠨ ᠨᠠᠮ ᠤᠨ ᠬᠤᠷᠢᠶᠠᠨ ᠤ ᠰᠦᠯᠵᠢᠶᠡᠨ ᠤ ᠠᠮᠤᠷ ᠲᠦᠪᠰᠢᠨ ᠪᠠ ᠮᠡᠳᠡᠭᠡ  ᠵᠠᠩᠭᠢᠴᠢᠯᠠᠯᠳᠠ ᠶᠢᠨ ᠵᠥᠪᠯᠡᠯ  ᠤᠨ ᠠᠯᠪᠠᠨ ᠭᠡᠷ ᠪᠦᠬᠦ ᠠᠶᠢᠮᠠᠭ ᠤᠨ ᠮᠡᠳᠡᠭᠡ  ᠵᠠᠩᠭᠢᠴᠢᠯᠠᠯᠳᠠ ᠶᠢ ᠠᠬᠢᠭᠤᠯᠬᠤ ᠠᠵᠢᠯ ᠢ ᠬᠠᠷᠢᠭᠤᠴᠠᠨ᠎ᠠ᠃      ᠠᠷᠪᠠᠨ ᠬᠤᠶᠠᠷ᠂ ᠬᠢᠩᠭᠠᠨ ᠠᠶᠢᠮᠠᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ  ︵ᠡᠨᠧᠷᠭᠢ  ᠶᠢᠨ ᠲᠣᠪᠴᠢᠶ᠎ᠠ︶ ᠯᠤᠭ᠎ᠠ ᠶᠢᠨ ᠬᠤᠯᠪᠣᠭᠳᠠᠯ ᠪᠦᠬᠦᠢ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ᠃ ᠬᠢᠩᠭᠠᠨ ᠠᠶᠢᠮᠠᠭ ᠤᠨ ᠠᠵᠤ ᠦᠢᠯᠡᠳᠪᠦᠷᠢ ᠪᠣᠯᠤᠨ ᠮᠡᠳᠡᠭᠡ ᠵᠠᠩᠭᠢᠴᠢᠯᠠᠯᠳᠠ ᠶᠢᠨ ᠲᠣᠪᠴᠢᠶ᠎ᠠ ᠨᠢ ᠪᠦᠬᠦ ᠠᠶᠢᠮᠠᠭ ᠤᠨ ᠴᠠᠬᠢᠯᠭᠠᠨ ᠬᠦᠴᠦᠨ ᠤ ᠠᠵᠢᠯᠯᠠᠭᠠᠨ ᠢ ᠬᠢᠨᠠᠨ ᠬᠡᠮᠵᠢᠬᠦ ᠶᠢ ᠬᠠᠷᠢᠭᠤᠴᠠᠵᠤ᠂ ᠴᠠᠬᠢᠯᠭᠠᠨ ᠭᠠᠷᠭᠠᠬᠤ ᠠᠵᠤ ᠠᠬᠤᠶᠢᠯᠠᠯ  ᠤᠨ ᠣᠨ ᠤ ᠴᠠᠬᠢᠯᠭᠠᠨ ᠭᠠᠷᠭᠠᠬᠤ ᠬᠡᠮᠵᠢᠶ᠎ᠡ ᠶᠢᠨ ᠵᠢᠱᠢᠭᠰᠡᠨ ᠲᠣᠬᠢᠷᠠᠭᠤᠯᠤᠨ ᠡᠵᠡᠮᠰᠢᠯ ᠤᠨ ᠬᠠᠷᠠᠯᠲᠠ ᠪᠣᠯᠤᠨ ᠴᠠᠬᠢᠯᠭᠠᠨ ᠬᠦᠴᠦᠨ ᠤ ᠵᠠᠬ᠎ᠠ ᠳᠡᠯᠭᠡᠭᠦᠷ ᠤᠨ ᠪᠦᠲᠦᠭᠡᠨ ᠪᠠᠶᠢᠭᠤᠯᠤᠯᠲᠠ ᠶᠢᠨ ᠬᠡᠷᠡᠭᠵᠢᠭᠦᠯᠬᠦ ᠲᠥᠰᠦᠯ ᠢ ᠨᠠᠶᠢᠳᠠᠪᠤᠷᠢᠵᠢᠭᠤᠯᠵᠤ᠂ ᠴᠠᠬᠢᠯᠭᠠᠨ ᠬᠦᠴᠦᠨ ᠤ ᠵᠠᠬ᠎ᠠ ᠳᠡᠯᠭᠡᠭᠦᠷ ᠤᠨ ᠡᠮᠬᠢ ᠳᠢᠭᠯᠢᠮ ᠢ   ᠬᠠᠮᠠᠭᠠᠯᠠᠨ᠎ᠠ᠃ ᠴᠠᠬᠢᠯᠭᠠᠨ ᠬᠦᠴᠦᠨ ᠤ ᠪᠤᠰᠤᠳ ᠡᠭᠦᠷᠭᠡ ᠴᠢᠳᠠᠪᠤᠷᠢ ᠶᠢ ᠬᠢᠩᠭᠠᠨ ᠠᠶᠢᠮᠠᠭ ᠤᠨ ᠬᠥᠭᠵᠢᠭᠦᠯᠦᠯᠲᠡ ᠥᠭᠡᠷᠡᠴᠢᠯᠡᠯᠲᠡ  ᠶᠢᠨ ᠵᠥᠪᠯᠡᠯ ︵ᠡᠨᠧᠷᠭᠢ ᠶᠢᠨ ᠲᠣᠪᠴᠢᠶ᠎ᠠ  ︶ ᠠᠴᠠ ᠬᠠᠷᠢᠭᠤᠴᠠᠨ᠎ᠠ᠃      ᠠᠷᠪᠠᠨ ᠭᠤᠷᠪᠠ᠂ ᠠᠶᠢᠮᠠᠭ ᠤᠨ ᠨᠠᠮ ᠤᠨ ᠬᠤᠷᠢᠶ᠎ᠠ᠂ ᠠᠶᠢᠮᠠᠭ ᠤᠨ ᠵᠠᠬᠢᠷᠭ᠎ᠠ  ᠶᠢᠨ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃
 
ᠢᠷᠡᠯᠲᠡ᠄ ᠠᠶᠢᠮᠠᠭ ᠤᠨ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠳᠠ ᠶᠢᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号