ᠭᠤᠣᠯ ᠡᠭᠦᠷᠭᠡ ᠴᠢᠳᠠᠪᠤᠷᠢ᠄ | ᠨᠢᠭᠡ ᠂ ᠤᠯᠤᠰ᠂ ᠥᠪᠡᠷᠲᠡᠭᠡᠨ ᠵᠠᠰᠠᠬᠤ ᠣᠷᠣᠨ ᠤ ᠤᠯᠤᠰ ᠤᠨ ᠳᠣᠲᠣᠭᠠᠳᠤ ᠭᠠᠳᠠᠭᠠᠳᠤ ᠶᠢᠨ ᠠᠷᠠᠯᠵᠢᠶ᠎ᠠ᠂ | ᠣᠯᠠᠨ ᠤᠯᠤᠰ ᠤᠨ ᠠᠵᠤ ᠠᠬᠤᠢ ᠶᠢᠨ ᠬᠠᠮᠲᠤᠷᠠᠯᠴᠠᠭ᠎ᠠ᠂ ᠭᠠᠳᠠᠭᠠᠳᠤ ᠶᠢᠨ ᠬᠤᠳᠠᠯᠳᠤᠭᠠᠴᠢᠨ ᠤ ᠪᠡᠯᠡ | ᠣᠷᠣᠭᠤᠯᠤᠯᠲᠠ ᠶᠢᠨ ᠠᠵᠢᠯ ᠤᠨ ᠲᠤᠬᠠᠢ ᠴᠢᠭᠯᠡᠯᠲᠡ ᠲᠥᠷᠥ ᠶᠢᠨ ᠪᠣᠳᠣᠯᠭ᠎ᠠ᠂ ᠬᠠᠤᠯᠢ ᠴᠠᠭᠠᠵᠠ ᠬᠠᠤᠯᠢ | ᠲᠣᠭᠲᠠᠭᠠᠯ ᠢ ᠲᠤᠭᠤᠰᠢᠯᠠᠭᠤᠯᠤᠨ ᠬᠡᠷᠡᠭᠵᠢᠭᠦᠯᠵᠦ᠂ ᠠᠶᠢᠮᠠᠭ ᠤᠨ ᠨᠠᠮ ᠤᠨ ᠬᠤᠷᠢᠶᠠᠨ ᠤ ᠬᠠᠮᠢᠶ᠎ᠠ ᠪᠦᠬᠦᠢ | ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠤᠨ᠎ᠠ᠃ | ᠬᠤᠶᠠᠷ᠂ ᠭᠦᠢᠯᠭᠡᠭᠡᠨ ᠤ ᠠᠵᠤ ᠦᠢᠯᠡᠰ ᠤᠨ ᠪᠦᠲᠦᠴᠡ ᠶᠢᠨ ᠲᠣᠬᠢᠷᠠᠭᠤᠯᠤᠯᠲᠠ ᠶᠢ ᠠᠬᠢᠭᠤᠯᠵᠤ᠂ | ᠬᠤᠳᠠᠯᠳᠤᠭ᠎ᠠ ᠠᠷᠠᠯᠵᠢᠶᠠᠨ ᠤ ᠦᠢᠯᠡᠴᠢᠯᠡᠭᠡᠨ ᠤ ᠦᠢᠯᠡᠰ ᠪᠣᠯᠤᠨ ᠨᠡᠶᠢᠭᠡᠮ ᠲᠣᠭᠤᠷᠢᠭ ᠤᠨ ᠬᠤᠳᠠᠯᠳᠤᠭᠠᠨ ᠤ | ᠬᠥᠭᠵᠢᠯᠲᠡ ᠶᠢ ᠵᠢᠯᠣᠭᠤᠳᠤᠨ᠂ ᠳᠤᠮᠳᠠ ᠵᠢᠵᠢᠭ ᠬᠤᠳᠠᠯᠳᠤᠭ᠎ᠠ ᠠᠷᠠᠯᠵᠢᠶᠠᠨ ᠤ ᠠᠵᠤ ᠠᠬᠤᠶᠢᠯᠠᠯ ᠤᠨ | ᠬᠥᠭᠵᠢᠯᠲᠡ ᠶᠢ ᠠᠬᠢᠭᠤᠯᠬᠤ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠶᠢ ᠳᠤᠷᠠᠳᠴᠤ᠂ ᠭᠦᠢᠯᠭᠡᠭᠡᠨ ᠤ | ᠪᠠᠷᠢᠮᠵᠢᠶᠠᠵᠢᠭᠤᠯᠤᠯᠳᠠ ᠪᠠ ᠬᠡᠯᠬᠢᠶ᠎ᠡ ᠡᠵᠡᠩᠨᠡᠯᠲᠡ᠂ ᠬᠤᠳᠠᠯᠳᠤᠭᠠᠨ ᠤ ᠣᠨᠴᠠ ᠵᠥᠪᠰᠢᠶᠡᠷᠡᠭᠰᠡᠨ ᠡᠵᠡᠩᠨᠡᠯᠲᠡ᠂ | ᠪᠠᠷᠠᠭᠠᠨ ᠤ ᠭᠦᠢᠯᠭᠡᠭᠡᠨ ᠤ ᠬᠦᠷᠭᠡᠯᠳᠡ᠂ ᠡᠯᠧᠺᠲᠷᠣᠨ ᠬᠤᠳᠠᠯᠳᠤᠭᠠᠨ ᠤ ᠶᠠᠪᠤᠳᠠᠯ ᠵᠡᠷᠭᠡ ᠣᠳᠣ ᠦᠶ᠎ᠡ ᠶᠢᠨ | ᠭᠦᠢᠯᠭᠡᠭᠡᠨ ᠤ ᠠᠷᠭ᠎ᠠ ᠮᠠᠶ᠋ᠢᠭ ᠤᠨ ᠬᠥᠭᠵᠢᠯᠲᠡ ᠶᠢ ᠠᠬᠢᠭᠤᠯᠤᠨ᠎ᠠ᠃ | ᠭᠤᠷᠪᠠ ᠵᠠᠬ᠎ᠠ ᠳᠡᠯᠭᠡᠭᠦᠷ ᠤᠨ ᠰᠢᠰᠲ᠋ᠧᠮᠵᠢ ᠶᠢᠨ ᠪᠠᠶᠢᠭᠤᠯᠤᠯᠲᠠ ᠶᠢ ᠠᠬᠢᠭᠤᠯᠬᠤ ᠠᠷᠭ᠎ᠠ ᠬᠡᠮᠵᠢᠶ᠎ᠡ ᠶᠢ | ᠰᠤᠳᠤᠯᠤᠨ ᠳᠤᠷᠠᠳᠴᠤ᠂ ᠬᠤᠲᠠ ᠬᠥᠳᠡᠭᠡ ᠶᠢᠨ ᠵᠠᠬ᠎ᠠ ᠳᠡᠯᠭᠡᠭᠦᠷ ᠤᠨ ᠬᠥᠭᠵᠢᠯᠲᠡ ᠶᠢ ᠠᠬᠢᠭᠤᠯᠤᠨ᠎ᠠ᠃ ᠶᠡᠭᠡ | ᠬᠡᠮᠵᠢᠶᠡᠨ ᠤ ᠲᠠᠸᠠᠷ ᠤᠨ ᠪᠥᠭᠡᠮ ᠢᠶᠠᠷ ᠬᠤᠳᠠᠯᠳᠤᠬᠤ ᠵᠠᠬ᠎ᠠ ᠳᠡᠯᠭᠡᠭᠦᠷ ᠤᠨ ᠲᠥᠯᠥᠪᠵᠢᠭᠦᠯᠭᠡ ᠪᠣᠯᠤᠨ ᠬᠤᠲᠠ ᠶᠢᠨ | ᠬᠤᠳᠠᠯᠳᠤᠭᠠᠨ ᠤ ᠦᠢᠯᠡᠰ ᠤᠨ ᠲᠣᠣᠷ ᠴᠡᠭ ᠤᠨ ᠲᠥᠯᠥᠪᠵᠢᠭᠦᠯᠭᠡ ᠶᠢ ᠵᠢᠯᠣᠭᠤᠳᠴᠤ᠂ ᠬᠤᠳᠠᠯᠳᠤᠭᠠᠨ ᠤ | ᠦᠢᠯᠡᠰ ᠤᠨ ᠰᠢᠰᠲ᠋ᠧᠮᠵᠢ ᠶᠢᠨ ᠪᠠᠶᠢᠭᠤᠯᠤᠯᠲᠠ ᠶᠢᠨ ᠠᠵᠢᠯ ᠢ ᠲᠦᠯᠬᠢᠨ ᠠᠬᠢᠭᠤᠯᠤᠨ᠎ᠠ᠃ ᠬᠥᠳᠡᠭᠡ ᠲᠣᠰᠬᠤᠨ ᠤ | ᠵᠠᠬ᠎ᠠ ᠳᠡᠯᠭᠡᠭᠦᠷ ᠤᠨ ᠰᠢᠰᠲ᠋ᠧᠮᠵᠢ ᠶᠢᠨ ᠪᠠᠶᠢᠭᠤᠯᠤᠯᠲᠠ ᠶᠢ ᠠᠬᠢᠭᠤᠯᠵᠤ᠂ ᠬᠥᠳᠡᠭᠡ ᠲᠣᠰᠬᠤᠨ ᠤ ᠤᠳᠤ ᠦᠶ᠎ᠡ ᠶᠢᠨ | ᠭᠦᠢᠯᠭᠡᠭᠡᠨ ᠤ ᠰᠦᠯᠵᠢᠶᠡᠨ ᠢᠨᠵᠧᠨᠧᠷᠢᠩ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠡᠯᠧᠺᠲᠷᠣᠨ | ᠬᠤᠳᠠᠯᠳᠤᠭᠠᠨ ᠤ ᠶᠠᠪᠤᠳᠠᠯ ᠢ ᠬᠥᠳᠡᠭᠡ ᠲᠣᠰᠬᠤᠨ ᠳᠤ ᠣᠷᠣᠭᠤᠯᠬᠤ ᠠᠵᠢᠯ ᠢ ᠠᠬᠢᠭᠤᠯᠤᠨ᠎ᠠ᠃ | ᠳᠥᠷᠪᠡ᠂ ᠪᠦᠬᠦ ᠠᠶᠢᠮᠠᠭ ᠤᠨ ᠴᠢᠬᠤᠯᠠ ᠬᠡᠷᠡᠭᠯᠡᠭᠡᠨ ᠤ ᠵᠦᠢᠯ ᠤᠨ ᠵᠠᠬ᠎ᠠ ᠳᠡᠯᠭᠡᠭᠦᠷ ᠤᠨ ᠲᠣᠬᠢᠷᠠᠭᠤᠯᠭ᠎ᠠ | ᠡᠵᠡᠮᠰᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠠᠮᠢᠳᠤᠷᠠᠯ ᠤᠨ ᠴᠢᠬᠤᠯᠠ ᠬᠡᠷᠡᠭᠴᠡᠭᠡᠨ ᠤ ᠵᠦᠢᠯ ᠤᠨ ᠵᠠᠬ᠎ᠠ | ᠳᠡᠯᠭᠡᠭᠦᠷ ᠤᠨ ᠬᠠᠩᠭᠠᠯᠭ᠎ᠠ ᠶᠢᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠤᠨ | ᠪᠦᠷᠢᠨᠰᠢᠭᠦᠯᠦᠨ᠎ᠡ᠃ ᠵᠠᠬ᠎ᠠ ᠳᠡᠯᠭᠡᠭᠦᠷ ᠤᠨ ᠠᠵᠢᠯᠯᠠᠭᠠᠨ᠂ ᠲᠠᠸᠠᠷ ᠤᠨ ᠬᠠᠩᠭᠠᠯᠭ᠎ᠠ ᠬᠡᠷᠡᠭᠴᠡᠭᠡ ᠶᠢᠨ ᠪᠠᠶᠢᠳᠠᠯ ᠢ | ᠬᠢᠨᠠᠨ ᠬᠡᠮᠵᠢᠵᠦ ᠵᠠᠳᠠᠯᠤᠯᠳᠠ ᠬᠢᠨ᠎ᠡ᠃ ᠲᠠᠸᠠᠷ ᠤᠨ ᠦᠨ᠎ᠡ ᠬᠠᠩᠰᠢ ᠶᠢᠨ ᠮᠡᠳᠡᠭᠡ ᠵᠠᠩᠭᠢ ᠶᠢ ᠪᠠᠶᠢᠴᠠᠭᠠᠨ ᠵᠠᠳᠠᠯᠵᠤ᠂ | ᠤᠷᠢᠳᠴᠢᠯᠠᠨ ᠲᠥᠰᠦᠭᠡᠯᠡᠵᠦ ᠰᠡᠷᠡᠮᠵᠢᠯᠡᠭᠦᠯᠬᠦ ᠪᠠ ᠮᠡᠳᠡᠭᠡ ᠵᠠᠩᠭᠢ ᠶᠢ ᠬᠥᠲᠥᠯᠥᠨ ᠵᠢᠯᠣᠭᠤᠳᠬᠤ ᠬᠡᠷᠡᠭᠲᠡᠶ᠃ | ᠮᠢᠬᠠᠨ ᠤ ᠵᠦᠢᠯ ᠵᠡᠷᠭᠡ ᠴᠢᠬᠤᠯᠠ ᠬᠡᠷᠡᠭᠯᠡᠭᠡᠨ ᠤ ᠵᠦᠢᠯ ᠢ ᠨᠥᠭᠡᠴᠡᠯᠡᠬᠦ ᠬᠠᠮᠢᠶᠠᠷᠤᠯᠲᠠ ᠪᠣᠯᠤᠨ ᠵᠠᠬ᠎ᠠ | ᠳᠡᠯᠭᠡᠭᠦᠷ ᠤᠨ ᠲᠣᠬᠢᠷᠠᠭᠤᠯᠭ᠎ᠠ ᠡᠵᠡᠮᠰᠢᠯ ᠢ ᠬᠠᠷᠢᠭᠤᠴᠠᠨ᠎ᠠ᠃ ᠬᠠᠤᠯᠢ ᠶᠣᠰᠣᠭᠠᠷ ᠪᠣᠯᠪᠠᠰᠤᠷᠠᠭᠤᠯᠤᠭᠰᠠᠨ | ᠲᠣᠰᠣᠨ ᠤ ᠭᠦᠢᠯᠭᠡᠭᠡᠨ ᠳᠤ ᠬᠢᠨᠠᠯᠲᠠ ᠲᠠᠯᠪᠢᠵᠤ ᠬᠠᠮᠢᠶᠠᠷᠤᠨ᠎ᠠ᠃ | ᠲᠠᠪᠤ ᠂ ᠵᠠᠬ᠎ᠠ ᠳᠡᠯᠭᠡᠭᠦᠷ ᠤᠨ ᠠᠵᠤ ᠠᠬᠤᠶ ᠶᠢᠨ ᠡᠮᠬᠢ ᠳᠢᠭᠯᠢᠮ ᠢ ᠵᠣᠬᠢᠴᠠᠭᠤᠯᠤᠨ ᠴᠡᠭᠴᠡᠯᠡᠬᠦ ᠪᠠ | ᠵᠢᠷᠤᠮᠵᠢᠭᠤᠯᠵᠤ᠂ ᠬᠤᠳᠠᠯᠳᠤᠭᠠᠨ ᠤ ᠢᠲᠡᠭᠡᠮᠵᠢᠲᠦ ᠪᠣᠷᠣᠯᠠᠭᠤᠯᠭ᠎ᠠ ᠶᠢ ᠵᠢᠯᠣᠭᠤᠳᠤᠨ᠂ ᠵᠠᠬ᠎ᠠ ᠳᠡᠯᠭᠡᠭᠦᠷ ᠤᠨ | ᠢᠲᠡᠭᠡᠮᠵᠢ ᠶᠢᠨ ᠣᠯᠠᠨ ᠨᠡᠶᠢᠲᠡ ᠶᠢᠨ ᠦᠢᠯᠡᠴᠢᠯᠡᠭᠡᠨ ᠤ ᠲᠠᠪᠴᠠᠩ ᠤᠨ ᠪᠠᠶᠢᠭᠤᠯᠤᠯᠲᠠ ᠶᠢ ᠠᠬᠢᠭᠤᠯᠤᠨ᠎ᠠ᠃ | ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠣᠨᠴᠣᠭᠤᠶ ᠭᠦᠢᠯᠭᠡᠭᠡᠨ ᠤ ᠠᠵᠢᠯ ᠲᠥᠷᠥᠯ ᠳᠤ ᠬᠢᠨᠠᠯᠲᠠ ᠲᠠᠯᠪᠢᠵᠤ | ᠬᠠᠮᠢᠶᠠᠷᠤᠨ᠎ᠠ᠃ ᠠᠷᠠᠯᠵᠢᠶ᠎ᠠ ᠬᠤᠳᠠᠯᠳᠤᠭᠠᠨ ᠤ ᠦᠢᠯᠡᠴᠢᠯᠡᠭᠡᠨ ᠤ ᠦᠢᠯᠡᠰ ᠤᠨ ᠠᠶᠤᠯᠭᠦᠢ ᠦᠢᠯᠡᠳᠪᠦᠷᠢᠯᠡᠯ ᠤᠨ | ᠠᠵᠢᠯ ᠢ ᠰᠢᠮᠳᠠᠭᠤᠯᠤᠨ ᠵᠢᠯᠣᠭᠤᠳᠬᠤ ᠶᠢ ᠬᠠᠷᠢᠭᠤᠴᠠᠨ᠎ᠠ᠃ | ᠵᠢᠷᠭᠤᠭ᠎ᠠ᠂ ᠭᠠᠳᠠᠭᠠᠳᠤ ᠠᠷᠠᠯᠵᠢᠶ᠎ᠠ ᠶᠢ ᠠᠬᠢᠭᠤᠯᠬᠤ ᠨᠡᠮᠡᠭᠳᠡᠯ ᠤᠨ ᠠᠷᠭ᠎ᠠ ᠮᠠᠶ᠋ᠢᠭ ᠢ ᠬᠤᠪᠢᠷᠠᠭᠤᠯᠬᠤ | ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠤᠭᠤᠷᠪᠢᠵᠤ᠂ ᠠᠷᠠᠯᠵᠢᠶ᠎ᠠ ᠶᠢ ᠠᠬᠢᠭᠤᠯᠬᠤ ᠠᠵᠢᠯᠯᠠᠭ᠎ᠠ ᠪᠣᠯᠤᠨ | ᠭᠠᠳᠠᠭᠠᠳᠤ ᠠᠷᠠᠯᠵᠢᠶ᠎ᠠ ᠶᠢ ᠠᠬᠢᠭᠤᠯᠬᠤ ᠰᠢᠰᠲ᠋ᠧᠮᠵᠢ ᠶᠢᠨ ᠪᠠᠶᠢᠭᠤᠯᠤᠯᠲᠠ ᠶᠢ ᠵᠢᠯᠣᠭᠤᠳᠴᠤ᠂ ᠥᠪᠡᠷᠲᠡᠭᠡᠨ | ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠲᠠᠢ ᠬᠠᠮᠵᠢᠯᠴᠠᠨ ᠭᠠᠳᠠᠭᠠᠳᠤ ᠠᠷᠠᠯᠵᠢᠶᠠᠨ ᠤ ᠬᠠᠮᠢᠶ᠎ᠠ | ᠪᠦᠬᠦᠢ ᠲᠠᠸᠠᠷ᠂ ᠮᠡᠷᠭᠡᠵᠢᠯ ᠢ ᠭᠠᠳᠠᠭᠠᠳᠤ ᠠᠴᠠ ᠣᠷᠣᠭᠤᠯᠵᠤ ᠭᠠᠷᠭᠠᠬᠤ ᠲᠥᠯᠥᠪᠯᠡᠭᠡ ᠶᠢᠨ ᠬᠠᠮᠢᠶᠠᠷᠤᠯᠲᠠ ᠶᠢ | ᠥᠷᠨᠢᠭᠦᠯᠦᠨ᠎ᠡ᠃ ᠤᠯᠤᠰ᠂ ᠥᠪᠡᠷᠲᠡᠭᠡᠨ ᠵᠠᠰᠠᠬᠤ ᠣᠷᠣᠨ ᠤ ᠭᠠᠳᠠᠭᠠᠳᠤ ᠮᠡᠷᠭᠡᠵᠢᠯ ᠤᠨ ᠠᠷᠠᠯᠵᠢᠶ᠎ᠠ᠂ ᠭᠠᠳᠠᠭᠠᠳᠤ | ᠭᠠᠷᠭᠠᠯᠲᠠ ᠶᠢᠨ ᠵᠠᠬᠢᠷᠤᠨ ᠬᠠᠮᠢᠶᠠᠷᠤᠯᠲᠠ ᠵᠢᠴᠢ ᠮᠡᠷᠭᠡᠵᠢᠯ᠂ ᠢᠵᠢ ᠪᠦᠷᠢᠨ ᠲᠥᠬᠦᠭᠡᠷᠦᠮᠵᠢ ᠶᠢ ᠭᠠᠳᠠᠭᠠᠳᠤ ᠠᠴᠠ | ᠣᠷᠣᠭᠤᠯᠵᠤ ᠭᠠᠳᠠᠭᠠᠳᠤ ᠳᠤ ᠭᠠᠷᠭᠠᠬᠤ ᠶᠢ ᠵᠣᠷᠢᠭᠵᠢᠭᠤᠯᠬᠤ ᠠᠷᠠᠯᠵᠢᠶᠠᠨ ᠤ ᠲᠥᠷᠥ ᠶᠢᠨ ᠪᠣᠳᠣᠯᠭ᠎ᠠ ᠪᠠ | ᠪᠣᠯᠪᠠᠰᠤᠷᠠᠭᠤᠯᠬᠤ ᠠᠷᠠᠯᠵᠢᠶ᠎ᠠ ᠶᠢᠨ ᠬᠠᠮᠢᠶᠠᠷᠤᠯᠲᠠ ᠶᠢᠨ ᠠᠷᠭ᠎ᠠ ᠶᠢ ᠬᠡᠷᠡᠭᠵᠢᠭᠦᠯᠦᠨ᠎ᠡ᠃ ᠭᠠᠳᠠᠭᠠᠳᠤ ᠠᠴᠠ | ᠣᠷᠣᠭᠤᠯᠵᠤ ᠭᠠᠳᠠᠭᠠᠳᠤ ᠳᠤ ᠭᠠᠷᠭᠠᠬᠤ ᠠᠷᠠᠯᠵᠢᠶᠠᠨ ᠤ ᠪᠠᠷᠢᠮᠵᠢᠶᠠᠵᠢᠭᠤᠯᠬᠤ ᠠᠵᠢᠯ ᠢ ᠲᠦᠯᠬᠢᠨ ᠠᠬᠢᠭᠤᠯᠤᠨ᠎ᠠ᠃ | ᠲᠧᠭᠨᠢᠭ ᠮᠡᠷᠭᠡᠵᠢᠯ ᠢ ᠣᠷᠣᠭᠤᠯᠬᠤ᠂ ᠲᠤᠨᠤᠭ ᠲᠥᠬᠦᠭᠡᠷᠦᠮᠵᠢ ᠶᠢ ᠭᠠᠳᠠᠭᠠᠳᠤ ᠠᠴᠠ ᠣᠷᠣᠭᠤᠯᠬᠤ᠂ ᠭᠠᠳᠠᠭᠠᠳᠤ ᠳᠤ | ᠭᠠᠷᠭᠠᠬᠤ ᠲᠧᠭᠨᠢᠭ ᠮᠡᠷᠭᠡᠵᠢᠯ ᠢ ᠤᠯᠤᠰ ᠠᠴᠠ ᠬᠢᠵᠠᠭᠠᠷᠯᠠᠬᠤ ᠠᠵᠢᠯ ᠳᠤ ᠬᠠᠤᠯᠢ ᠶᠣᠰᠣᠭᠠᠷ ᠬᠢᠨᠠᠯᠲᠠ ᠲᠠᠯᠪᠢᠨ᠎ᠠ᠃ | ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠲᠠᠢ ᠬᠠᠮᠵᠢᠯᠴᠠᠨ ᠬᠤᠳᠠᠯᠳᠤᠭᠠᠨ ᠤ | ᠶᠠᠪᠤᠳᠠᠯ ᠤᠨ ᠶᠠᠮᠤᠨ ᠤ ᠡᠷᠬᠡ ᠣᠯᠭᠤᠭᠰᠠᠨ ᠲᠠᠷᠬᠠᠬᠤ ᠶᠢ ᠰᠡᠷᠭᠡᠶᠢᠯᠡᠬᠦ ᠵᠡᠷᠭᠡ ᠤᠯᠤᠰ ᠤᠨ ᠠᠮᠤᠷ ᠲᠦᠪᠰᠢᠨ ᠯᠦᠭᠡ | ᠬᠤᠯᠪᠣᠭᠳᠠᠬᠤ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠵᠥᠪᠰᠢᠶᠡᠷᠡᠯ ᠤᠨ ᠦᠨᠡᠮᠯᠡᠯ ᠤᠨ | ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ | ᠳᠣᠯᠤᠭ᠎ᠠ᠂ ᠤᠯᠤᠰ᠂ ᠥᠪᠡᠷᠲᠡᠭᠡᠨ ᠵᠠᠰᠠᠬᠤ ᠣᠷᠣᠨ ᠤ ᠦᠢᠯᠡᠴᠢᠯᠡᠭᠡᠨ ᠤ ᠠᠷᠠᠯᠵᠢᠶ᠎ᠠ ᠶᠢᠨ ᠬᠥᠭᠵᠢᠯᠲᠡ ᠶᠢᠨ | ᠲᠥᠯᠥᠪᠵᠢᠭᠦᠯᠭᠡ ᠶᠢ ᠬᠡᠷᠡᠭᠵᠢᠭᠦᠯᠬᠦ ᠶᠢᠨ ᠬᠠᠮᠲᠤ ᠬᠤᠯᠪᠤᠭᠳᠠᠯ ᠪᠦᠬᠦᠢ ᠠᠵᠢᠯ ᠢ ᠥᠷᠨᠢᠭᠦᠯᠦᠨ᠎ᠡ᠃ ᠬᠤᠯᠪᠣᠭᠳᠠᠯ | ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠤᠯᠤᠰ᠂ ᠥᠪᠡᠷᠲᠡᠭᠡᠨ ᠵᠠᠰᠠᠬᠤ ᠣᠷᠣᠨ ᠤ ᠦᠢᠯᠡᠴᠢᠯᠡᠭᠡᠨ ᠤ | ᠭᠠᠳᠠᠭᠠᠳᠤ ᠭᠠᠷᠭᠠᠯᠳᠠ ᠶᠢ ᠠᠬᠢᠭᠤᠯᠬᠤ ᠪᠠ ᠦᠢᠯᠡᠴᠢᠯᠡᠭᠡ ᠶᠢ ᠭᠠᠳᠠᠭᠰᠢ ᠳᠠᠭᠠᠭᠠᠴᠢᠯᠠᠭᠤᠯᠬᠤ ᠬᠥᠭᠵᠢᠯᠲᠡ ᠶᠢᠨ | ᠲᠥᠯᠥᠪᠵᠢᠭᠦᠯᠭᠡ ᠪᠣᠯᠤᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠣᠭᠲᠠᠭᠠᠨ ᠨᠠᠶᠢᠳᠠᠪᠤᠷᠢᠵᠢᠭᠤᠯᠬᠤ ᠶᠢᠨ | ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠦᠢᠯᠡᠴᠢᠯᠡᠭᠡ ᠶᠢ ᠭᠠᠳᠠᠭᠰᠢ ᠳᠠᠭᠠᠭᠠᠴᠢᠯᠠᠭᠤᠯᠬᠤ ᠲᠠᠪᠴᠠᠩ ᠤᠨ | ᠪᠠᠶᠢᠭᠤᠯᠤᠯᠲᠠ ᠶᠢ ᠠᠬᠢᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠲᠠᠢ | ᠬᠠᠮᠵᠢᠯᠴᠠᠨ ᠬᠠᠮᠢᠶ᠎ᠠ ᠪᠦᠬᠦᠢ ᠲᠣᠭᠲᠠᠭᠠᠯ ᠪᠠ ᠳᠡᠰ ᠳᠠᠷᠠᠭᠠᠯᠠᠯ ᠶᠣᠰᠣᠭᠠᠷ ᠬᠤᠷᠠᠯ ᠦᠵᠡᠰᠬᠦᠯᠡᠩ ᠢ ᠮᠡᠳᠡᠭᠦᠯᠦᠨ | ᠵᠥᠪᠰᠢᠶᠡᠷᠡᠭᠦᠯᠬᠦ ᠠᠵᠢᠯ ᠢ ᠰᠠᠶᠢᠲᠤᠷ ᠬᠢᠨ᠎ᠡ᠃ | ᠨᠠᠢᠮᠠ᠂ ᠡᠷᠬᠡ ᠤᠯᠭᠤᠯᠳᠠ ᠶᠢ ᠦᠨᠳᠦᠰᠦᠯᠡᠵᠦ ᠬᠢᠩᠭᠠᠨ ᠠᠶᠢᠮᠠᠭ ᠤᠨ ᠵᠠᠬᠢᠷᠭ᠎ᠠ ᠶᠢ ᠲᠥᠯᠥᠭᠡᠯᠡᠨ | ᠭᠠᠳᠠᠭᠠᠳᠤ ᠤᠯᠤᠰ ᠯᠤᠭ᠎ᠠ ᠠᠵᠤ ᠠᠬᠤᠶ ᠠᠷᠠᠯᠵᠢᠶᠠᠨ ᠤ ᠬᠡᠯᠡᠯᠴᠡᠭᠡ ᠬᠢᠬᠦ ᠶᠢᠨ ᠬᠠᠮᠲᠤ ᠬᠤᠯᠪᠣᠭᠳᠠᠯ ᠪᠦᠬᠦᠢ | ᠪᠢᠴᠢᠭ ᠮᠠᠲ᠋ᠧᠷᠢᠶᠠᠯ ᠳᠤ ᠭᠠᠷ ᠤᠨ ᠦᠰᠦᠭ ᠵᠢᠷᠤᠵᠤ᠂ ᠤᠯᠤᠰ ︵ᠣᠷᠣᠨ︶ ᠪᠠ ᠣᠷᠣᠨ ᠨᠤᠲᠤᠭ ᠤᠨ | ᠬᠤᠭᠤᠷᠣᠨᠳᠣᠬᠢ ᠠᠵᠤ ᠠᠬᠤᠶ ᠠᠷᠠᠯᠵᠢᠶᠠᠨ ᠤ ᠬᠠᠷᠢᠴᠠᠭᠠᠨ ᠳᠠᠬᠢ ᠴᠢᠬᠤᠯᠠ ᠬᠡᠷᠡᠭ ᠶᠠᠪᠤᠳᠠᠯ ᠢ ᠰᠢᠢᠳᠪᠦᠷᠢᠯᠡᠨ᠎ᠡ᠃ | ᠳᠤᠮᠳᠠᠳᠤ ᠤᠯᠤᠰ ᠲᠤ ᠰᠠᠭᠤᠭ᠎ᠠ ᠭᠠᠳᠠᠭᠠᠳᠤ ᠶᠢᠨ ᠠᠯᠪᠠᠨ ᠤ ᠲᠠᠯ᠎ᠠ ᠶᠢᠨ ᠬᠤᠳᠠᠯᠳᠤᠭᠠᠨ ᠤ ᠶᠠᠪᠤᠳᠠᠯ ᠤᠨ | ᠪᠠᠶᠢᠭᠤᠯᠤᠮᠵᠢ᠂ ᠥᠪᠡᠷᠲᠡᠭᠡᠨ ᠵᠠᠰᠠᠬᠤ ᠣᠷᠣᠨ ᠳᠤ ᠰᠠᠭᠤᠭ᠎ᠠ ᠭᠠᠳᠠᠭᠠᠳᠤ ᠶᠢᠨ ᠬᠤᠳᠠᠯᠳᠤᠭᠠᠴᠢᠨ ᠤ ᠲᠥᠯᠥᠭᠡᠯᠡᠬᠦ | ᠪᠠᠶᠢᠭᠤᠯᠤᠮᠵᠢ ᠪᠣᠯᠤᠨ ᠮᠠᠨ ᠤ ᠤᠯᠤᠰ ᠤᠨ ᠭᠠᠳᠠᠭᠠᠳᠤ ᠳᠤ ᠰᠠᠭᠤᠭ᠎ᠠ ᠡᠯᠴᠢᠨ ᠰᠠᠶᠢᠳ ᠤᠨ ᠶᠠᠮᠤᠨ ︵ᠺᠤᠨᠰᠦ᠋ᠯ︶ | ᠤ ᠭᠠᠵᠠᠷ ᠤᠨ ᠬᠤᠳᠠᠯᠳᠤᠭ᠎ᠠ ᠡᠷᠬᠢᠯᠡᠬᠦ ᠭᠠᠵᠠᠷ ᠲᠠᠢ ᠬᠠᠮᠵᠢᠯᠴᠠᠨ ᠬᠠᠷᠢᠯᠴᠠᠨ᠎ᠠ᠃ | ᠶᠢᠰᠦ᠂ ᠮᠠᠨ ᠤ ᠤᠯᠤᠰ ᠤᠨ ᠳᠡᠯᠡᠬᠡᠶ ᠶᠢᠨ ᠠᠷᠠᠯᠵᠢᠶᠠᠨ ᠤ ᠵᠣᠬᠢᠶᠠᠨ ᠪᠠᠶᠢᠭᠤᠯᠤᠯᠲᠠ ᠳᠤ ᠤᠷᠤᠭᠰᠠᠨ | ᠬᠤᠯᠪᠤᠭᠳᠠᠯ ᠪᠦᠬᠦᠢ ᠲᠥᠷᠥ ᠶᠢᠨ ᠪᠣᠳᠣᠯᠭ᠎ᠠ ᠪᠣᠯᠤᠨ ᠬᠠᠤᠯᠢ ᠴᠠᠭᠠᠵᠠ ᠬᠠᠤᠯᠢ ᠲᠣᠭᠲᠠᠭᠠᠯ ᠢ | ᠨᠠᠶᠢᠳᠠᠪᠤᠷᠢᠵᠢᠭᠤᠯᠬᠤ ᠶᠢᠨ ᠬᠠᠮᠲᠤ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠢ | ᠬᠠᠪᠰᠤᠷᠤᠨ ᠬᠠᠮᠢᠶ᠎ᠠ ᠪᠦᠬᠦᠢ ᠠᠵᠢᠯ ᠢ ᠥᠷᠨᠢᠭᠦᠯᠦᠨ᠎ᠡ᠃ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ | ᠭᠤᠣᠯᠴᠢ ᠠᠷᠠᠯᠵᠢᠶᠠᠨ ᠤ ᠬᠤᠯᠪᠤᠭᠳᠠᠯ ᠪᠦᠬᠦᠢ ᠠᠵᠢᠯ ᠢ ᠵᠣᠬᠢᠴᠠᠭᠤᠯᠤᠨ ᠵᠢᠯᠣᠭᠤᠳᠤᠨ᠎ᠠ᠃ ᠬᠤᠳᠠᠯᠳᠤᠭᠠᠨ ᠤ | ᠶᠠᠪᠤᠳᠠᠯ ᠤᠨ ᠲᠢᠩᠬᠢᠮ ᠤᠨ ᠬᠢᠩᠭᠠᠨ ᠠᠶᠢᠮᠠᠭ ᠲᠤ ᠬᠤᠯᠪᠤᠭᠳᠠᠬᠤ ᠠᠵᠤ ᠠᠬᠤᠢ ᠠᠷᠠᠯᠵᠢᠶᠠᠨ ᠤ ᠬᠡᠯᠡᠯᠴᠡᠭᠡ ᠳᠤ | ᠤᠷᠤᠯᠴᠠᠨ᠎ᠠ᠃ | ᠠᠷᠪᠠ᠂ ᠬᠢᠩᠭᠠᠨ ᠠᠶᠢᠮᠠᠭ ᠤᠨ ᠭᠠᠳᠠᠭᠠᠳᠤ ᠯᠤᠭ᠎ᠠ ᠶᠢᠨ ᠠᠵᠤ ᠠᠬᠤᠶ ᠶᠢᠨ ᠬᠠᠮᠳᠤᠷᠠᠯᠴᠠᠭ᠎ᠠ ᠶᠢᠨ ᠠᠵᠢᠯ ᠢ | ᠬᠠᠷᠢᠭᠤᠴᠠᠵᠤ᠂ ᠣᠷᠣᠰ᠂ ᠮᠣᠩᠭᠤᠯ ᠤᠯᠤᠰ ᠪᠣᠯᠤᠨ ︽ᠨᠢᠭᠡ ᠪᠦᠰᠡ ᠨᠢᠭᠡ ᠵᠠᠮ︾ ᠳᠠᠭᠠᠤ ᠤᠯᠤᠰ ᠯᠤᠭ᠎ᠠ ᠶᠢᠨ | ᠠᠵᠤ ᠠᠬᠤᠶ ᠠᠷᠠᠯᠵᠢᠶᠠᠨ ᠤ ᠬᠠᠮᠳᠤᠷᠠᠯᠴᠠᠭ᠎ᠠ ᠶᠢ ᠴᠢᠩᠭᠠᠳᠬᠠᠨ᠎ᠠ᠃ ᠤᠯᠤᠰ᠂ ᠥᠪᠡᠷᠲᠡᠭᠡᠨ ᠵᠠᠰᠠᠬᠤ ᠣᠷᠣᠨ ᠤ | ᠭᠠᠳᠠᠭᠠᠳᠤ ᠯᠤᠭ᠎ᠠ ᠶᠢᠨ ᠠᠵᠤ ᠠᠬᠤᠶ ᠶᠢᠨ ᠬᠠᠮᠳᠤᠷᠠᠯᠴᠠᠭ᠎ᠠ ᠶᠢᠨ ᠲᠥᠷᠥ ᠶᠢᠨ ᠪᠣᠳᠣᠯᠭ᠎ᠠ ᠶᠢ ᠬᠡᠷᠡᠭᠵᠢᠭᠦᠯᠵᠦ᠂ | ᠭᠠᠳᠠᠭᠠᠳᠤ ᠳᠤ ᠪᠠᠷᠢᠯᠭ᠎ᠠ ᠶᠢᠨ ᠠᠵᠢᠯ ᠳᠠᠭᠠᠭᠠᠴᠢᠯᠠᠬᠤ᠂ ᠭᠠᠳᠠᠭᠠᠳᠤ ᠳᠤ ᠬᠥᠳᠡᠯᠮᠦᠷᠢ ᠬᠦᠴᠦ ᠲᠣᠮᠢᠯᠠᠬᠤ᠂ | ᠬᠢᠯᠢ ᠶᠢᠨ ᠭᠠᠳᠠᠨᠠᠬᠢ ᠡᠬᠢ ᠪᠠᠶᠠᠯᠢᠭ ᠤᠨ ᠲᠠᠯ᠎ᠠ ᠪᠠᠷ ᠬᠠᠮᠳᠤᠷᠠᠨ ᠠᠵᠢᠯᠯᠠᠬᠤ᠂ ᠭᠠᠳᠠᠭᠠᠳᠤ ᠳᠤ ᠪᠡᠯᠡ | ᠤᠷᠤᠭᠤᠯᠤᠨ ᠠᠵᠤ ᠠᠬᠤᠶᠢᠯᠠᠯ ᠨᠡᠭᠡᠭᠡᠨ ᠡᠷᠬᠢᠯᠡᠬᠦ ︵ᠮᠥᠩᠭᠦᠨ ᠭᠦᠢᠯᠭᠡᠭᠡᠨ ᠤ ᠠᠵᠤ ᠠᠬᠤᠶᠢᠯᠠᠯ ᠠᠴᠠ ᠭᠠᠳᠠᠨ᠎ᠠ | ︶ ᠶᠢ ᠬᠠᠤᠯᠢ ᠶᠣᠰᠣᠭᠠᠷ ᠬᠠᠮᠢᠶᠠᠷᠤᠨ᠎ᠠ᠃ ᠥᠪᠡᠷᠲᠡᠭᠡᠨ ᠵᠠᠰᠠᠬᠤ ᠣᠷᠣᠨ ᠤ ᠭᠠᠳᠠᠭᠠᠳᠤ ᠳᠤ ᠲᠤᠰᠠᠯᠠᠮᠵᠢ ᠦᠵᠡᠭᠦᠯᠬᠦ | ᠠᠵᠢᠯ ᠤᠨ ᠡᠭᠦᠷᠭᠡ ᠬᠠᠷᠢᠭᠤᠴᠠᠯᠭ᠎ᠠ ᠪᠣᠯᠤᠨ ᠤᠯᠤᠰ ᠤᠨ ᠭᠠᠳᠠᠭᠠᠳᠤ ᠳᠤ ᠲᠤᠰᠠᠯᠠᠮᠵᠢ ᠦᠵᠡᠭᠦᠯᠬᠦ ᠲᠥᠷᠥᠯ | ᠵᠦᠢᠯ ᠢ ᠡᠭᠦᠷᠭᠡᠯᠡᠨ᠎ᠡ᠃ | ᠠᠷᠪᠠᠨ ᠨᠢᠭᠡ᠂ ᠭᠠᠳᠠᠭᠠᠳᠤ ᠶᠢᠨ ᠬᠤᠳᠠᠯᠳᠤᠭᠠᠴᠢᠨ ᠤ ᠪᠡᠯᠡ ᠣᠷᠣᠭᠤᠯᠬᠤ ᠠᠵᠢᠯ ᠢ ᠵᠢᠯᠣᠭᠤᠳᠤᠨ | ᠬᠠᠮᠢᠶᠠᠷᠤᠨ᠎ᠠ᠃ ᠤᠯᠤᠰ ᠪᠠ ᠥᠪᠡᠷᠲᠡᠭᠡᠨ ᠵᠠᠰᠠᠬᠤ ᠣᠷᠣᠨ ᠤ ᠭᠠᠳᠠᠭᠠᠳᠤ ᠶᠢᠨ ᠬᠤᠳᠠᠯᠳᠤᠭᠠᠴᠢᠨ ᠤ ᠪᠡᠯᠡ | ᠣᠷᠣᠭᠤᠯᠤᠯᠲᠠ ᠶᠢᠨ ᠲᠥᠷᠦ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠪᠠ ᠬᠥᠭᠵᠢᠯᠲᠡ ᠶᠢᠨ ᠲᠥᠯᠥᠪᠵᠢᠭᠦᠯᠭᠡ ᠶᠢ | ᠨᠠᠢᠳᠠᠪᠤᠷᠢᠵᠢᠭᠤᠯᠵᠦ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠠᠶᠢᠮᠠᠭ ᠤᠨ ᠵᠠᠬᠢᠷᠭ᠎ᠠ ᠶᠢᠨ | ᠭᠠᠳᠠᠭᠠᠳᠤ ᠶᠢᠨ ᠬᠤᠳᠠᠯᠳᠤᠭᠠᠴᠢᠨ ᠤ ᠪᠡᠯᠡ ᠣᠷᠣᠭᠤᠯᠤᠯᠲᠠ ᠶᠢᠨ ᠲᠥᠷᠦ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ | ᠠᠬᠢᠭᠤᠯᠤᠨ ᠨᠠᠶᠢᠳᠠᠪᠤᠷᠢᠵᠢᠭᠤᠯᠤᠨ᠎ᠠ᠃ ᠭᠠᠳᠠᠭᠠᠳᠤ ᠶᠢᠨ ᠬᠤᠳᠠᠯᠳᠤᠭᠠᠴᠢᠨ ᠤ ᠪᠡᠯᠡ ᠣᠷᠣᠭᠤᠯᠤᠯᠲᠠ ᠶᠢ | ᠠᠬᠢᠭᠤᠯᠬᠤ ᠬᠠᠮᠢᠶ᠎ᠠ ᠪᠦᠬᠦᠢ ᠠᠵᠢᠯ ᠢ ᠬᠠᠷᠢᠭᠤᠴᠠᠨ᠎ᠠ᠃ ᠭᠠᠳᠠᠭᠠᠳᠤ ᠶᠢᠨ ᠬᠤᠳᠠᠯᠳᠤᠭᠠᠴᠢᠨ ᠤ ᠪᠡᠯᠡ | ᠣᠷᠣᠭᠤᠯᠤᠭᠰᠠᠨ ᠠᠵᠤ ᠠᠬᠤᠶᠢᠯᠠᠯ ᠤᠨ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ᠂ ᠳᠦᠷᠢᠮ | ᠲᠣᠭᠲᠠᠭᠠᠯ ᠵᠢᠴᠢ ᠭᠡᠷ᠎ᠡ ᠶᠢᠨ ᠳᠦᠷᠢᠮ ᠢ ᠬᠡᠷᠡᠭᠵᠢᠭᠦᠯᠵᠦ ᠪᠠᠶᠢᠭ᠎ᠠ ᠪᠠᠶᠢᠳᠠᠯ ᠢ ᠬᠠᠤᠯᠢ ᠶᠣᠰᠣᠭᠠᠷ ᠬᠢᠨᠠᠨ | ᠪᠠᠶᠢᠴᠠᠭᠠᠬᠤ ᠶᠢᠨ ᠬᠠᠮᠲᠤ ᠬᠤᠯᠪᠣᠭᠳᠠᠯ ᠪᠦᠬᠦᠢ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠨ᠎ᠡ᠃ ᠠᠶᠢᠮᠠᠭ ᠤᠨ | ᠳᠣᠲᠣᠭᠠᠳᠤ ᠶᠢᠨ ᠤᠯᠤᠰ ᠤᠨ ᠳᠡᠰ᠂ ᠥᠪᠡᠷᠲᠡᠭᠡᠨ ᠵᠠᠰᠠᠬᠤ ᠣᠷᠣᠨ ᠤ ᠲᠠᠰ ᠤᠨ ᠠᠵᠤ ᠠᠬᠤᠶ ᠮᠡᠷᠭᠡᠵᠢᠯ ᠤᠨ | ᠨᠡᠭᠡᠭᠡᠯᠲᠡ ᠶᠢᠨ ᠲᠣᠭᠤᠷᠢᠭ᠂ ᠬᠢᠯᠢ ︵ᠬᠢᠯᠢ ᠠᠯᠤᠰᠯᠠᠭᠰᠠᠨ︶ ᠶᠢᠨ ᠠᠵᠤ ᠠᠬᠤᠶ ᠶᠢᠨ ᠬᠠᠮᠳᠤᠷᠠᠯᠴᠠᠭᠠᠨ ᠤ | ᠣᠷᠣᠨ ᠤ ᠬᠤᠯᠪᠣᠭᠳᠠᠯ ᠪᠦᠬᠦᠢ ᠠᠵᠢᠯ ᠢ ᠵᠢᠯᠣᠭᠤᠳᠤᠨ᠎ᠠ᠃ | ᠠᠷᠪᠠᠨ ᠬᠤᠶᠠᠷ᠂ ᠬᠢᠩᠭᠠᠨ ᠠᠶᠢᠮᠠᠭ ᠤᠨ ᠪᠤᠭᠤᠮᠳᠠ ᠶᠢᠨ ᠠᠵᠢᠯ ᠢ ᠬᠠᠮᠢᠶᠠᠷᠤᠨ᠎ᠠ᠃ ᠪᠤᠭᠤᠮᠳᠠ ᠶᠢᠨ | ᠠᠵᠢᠯ ᠤᠨ ᠬᠠᠤᠯᠢ ᠲᠤᠷᠢᠮ ᠲᠦᠷᠦ ᠶᠢᠨ ᠪᠤᠳᠤᠯᠭ᠎ᠠ ᠲᠤᠭᠤᠰᠢᠯᠠᠭᠤᠯᠤᠨ ᠨᠠᠶᠢᠳᠠᠪᠤᠷᠢᠵᠢᠭᠤᠯᠤᠨ᠎ᠠ᠃ ᠪᠤᠭᠤᠮᠳᠠ ᠶᠢᠨ | ᠠᠵᠢᠯ ᠦᠷᠨᠢᠭᠦᠯᠬᠦ ᠶᠢ ᠵᠢᠯᠤᠭᠤᠳᠤᠨ᠎ᠠ᠃ ᠪᠤᠭᠤᠮᠳᠠ ᠶᠢᠨ ᠠᠵᠦ ᠠᠬᠤᠢ ᠶᠢᠨ ᠬᠦᠭᠵᠢᠯᠳᠡ ᠶᠢᠨ ᠲᠦᠷᠦ ᠶᠢᠨ | ᠪᠤᠳᠤᠯᠭ᠎ᠠ ᠶᠢᠨ ᠰᠠᠨᠠᠭᠤᠯᠭ᠎ᠠ ᠶᠢ ᠲᠤᠷᠠᠳᠤᠨ᠎ᠠ᠃ ᠪᠦᠬᠦ ᠠᠶᠢᠮᠠᠭ ᠤᠨ ᠪᠤᠭᠤᠮᠳᠠ ᠶᠢᠨ ᠬᠦᠭᠵᠢᠯᠳᠡ ᠶᠢᠨ | ᠲᠦᠯᠦᠪᠵᠢᠭᠦᠯᠭᠡ᠂ ᠬᠢᠯᠢ ᠶᠢᠨ ᠪᠤᠭᠤᠮᠳᠠ ᠶᠢᠨ ᠤᠨᠴᠠᠭᠠᠢ ᠬᠢᠨᠠᠨ ᠬᠠᠮᠢᠶᠠᠷᠬᠤ ᠤᠷᠤᠨ ︵ᠲᠠᠯᠠᠪᠤᠷ︶ ᠶᠢᠨ | ᠬᠦᠭᠵᠢᠯᠳᠡ ᠶᠢᠨ ᠲᠦᠯᠦᠪᠵᠢᠭᠦᠯᠭᠡ ᠶᠢ ᠲᠤᠭᠤᠷᠪᠢᠨ᠎ᠠ᠃ ᠪᠤᠭᠤᠮᠳᠠ ᠶᠢᠨ ᠨᠡᠬᠡᠬᠡᠯᠳᠡ᠂ ᠪᠦᠳᠦᠭᠡᠨ ᠪᠠᠶᠢᠭᠤᠯᠤᠯᠳᠠ᠂ | ᠡᠵᠡᠩᠨᠡᠯᠳᠡ᠂ ᠬᠠᠭᠠᠬᠤ ᠵᠡᠷᠭᠡ ᠠᠵᠢᠯ ᠢ ᠵᠤᠬᠢᠶᠠᠨ ᠪᠠᠶᠢᠭᠤᠯᠤᠨ ᠵᠤᠬᠢᠴᠠᠭᠤᠯᠤᠨ᠎ᠠ᠃ ᠪᠤᠭᠤᠮᠳᠠ ᠶᠢᠨ ᠰᠠᠭᠤᠷᠢ | ᠲᠦᠭᠦᠭᠡᠷᠦᠮᠵᠢ ᠶᠢᠨ ᠪᠦᠳᠦᠭᠡᠨ ᠪᠠᠶᠢᠭᠤᠯᠤᠯᠳᠠ᠂ ᠢᠵᠢ ᠪᠦᠷᠢᠨ ᠲᠦᠭᠦᠭᠡᠷᠦᠮᠵᠢ ᠢ ᠪᠠᠶᠢᠴᠠᠭᠠᠬᠤ ᠪᠠ ᠪᠤᠭᠤᠮᠳᠠ ᠶᠢᠨ | ᠲᠤᠭᠳᠠᠭᠠᠭᠰᠠᠨ ᠠᠵᠢᠯ ᠢ ᠵᠢᠯᠤᠭᠤᠳᠤᠨ᠎ᠠ᠃ ᠪᠤᠭᠤᠮᠳᠠ ᠶᠢᠨ ︽ ᠶᠡᠭᠡ ᠪᠤᠭᠤᠮᠳᠠ ᠶᠢ ᠦᠩᠭᠡᠷᠡᠬᠦ︾ ᠪᠦᠳᠦᠭᠡᠨ | ᠪᠠᠶᠢᠭᠤᠯᠤᠯᠳᠠ ᠶᠢ ᠵᠤᠬᠢᠶᠠᠨ ᠪᠠᠶᠢᠭᠤᠯᠵᠦ᠂ ᠪᠤᠭᠤᠮᠳᠠ ᠶᠢᠨ ᠬᠤᠳᠠᠯᠳᠤᠭ᠎ᠠ ᠡᠵᠡᠩᠨᠡᠬᠦ ᠤᠷᠴᠢᠨ ᠨᠦᠬᠦᠴᠡᠯ ᠢ | ᠰᠢᠯᠢᠳᠡᠭᠵᠢᠭᠦᠯᠬᠦ ᠶᠢ ᠵᠤᠬᠢᠶᠠᠨ ᠪᠠᠶᠢᠭᠤᠯᠤᠨ ᠲᠦᠯᠬᠢᠨ ᠠᠬᠢᠭᠤᠯᠤᠨ᠎ᠠ᠃ ᠪᠤᠭᠤᠮᠳᠠ ᠶᠢᠨ ᠪᠤᠭᠤᠮᠳᠠ ᠦᠩᠭᠡᠷᠡᠬᠦ | ᠲᠤᠮᠳᠠᠬᠢ ᠡᠯ᠎ᠡ ᠰᠠᠯᠠᠭ᠎ᠠ ᠮᠦᠴᠢᠷ ᠤᠨ ᠠᠵᠢᠯ ᠤᠨ ᠬᠠᠷᠢᠴᠠᠭ᠎ᠠ ᠶᠢ ᠵᠤᠬᠢᠴᠠᠭᠤᠯᠤᠨ᠎ᠠ᠃ ᠠᠶᠢᠮᠠᠭ ᠤᠨ ᠪᠤᠭᠤᠮᠳᠠ ᠶᠢᠨ | ᠠᠵᠢᠯ ᠤᠨ ᠬᠤᠯᠪᠤᠭᠠᠳᠤ ᠬᠤᠷᠠᠯᠳᠤᠭᠠᠨ ᠤ ᠡᠳᠦᠷ ᠲᠤᠳᠤᠮ ᠤᠨ ᠠᠵᠢᠯ ᠢ ᠡᠭᠦᠡᠭᠡᠯᠡᠨᠡ᠃ ᠪᠦᠬᠦ ᠠᠶᠢᠮᠠᠭ ᠤᠨ | ᠪᠤᠭᠤᠮᠳᠠ ᠶᠢᠨ ᠮᠡᠳᠡᠭᠡ ᠵᠠᠩᠭᠢᠵᠢᠯᠠᠯᠳᠠ᠂ ᠡᠯᠧᠺᠲᠷᠤᠨᠴᠢᠯᠠᠯᠳᠠ ᠪᠠ ᠤᠶᠤᠨᠴᠢᠯᠠᠯᠳᠠ ᠪᠤᠭᠤᠮᠳᠠ ᠶᠢᠨ ᠪᠦᠳᠦᠭᠡᠨ | ᠪᠠᠶᠢᠭᠤᠯᠤᠯᠳᠠ ᠶᠢᠨ ᠬᠠᠮᠢᠶᠠᠷᠤᠯᠳᠠ ᠶᠢ ᠵᠢᠯᠤᠭᠤᠳᠴᠤ᠂ ᠪᠦᠬᠦ ᠠᠶᠢᠮᠠᠭ ᠤᠨ ᠪᠤᠭᠤᠮᠳᠠ ᠶᠢᠨ ︽ᠭᠠᠭᠴᠠ | ᠴᠤᠩᠬᠤᠪᠴᠢ︾ ᠶᠢᠨ ᠪᠦᠳᠦᠭᠡᠨ ᠪᠠᠶᠢᠭᠤᠯᠤᠯᠳᠠ ᠪᠠ ᠬᠡᠷᠡᠭᠯᠡᠯᠳᠡ ᠶᠢ ᠲᠦᠭᠡᠮᠡᠯᠵᠢᠭᠦᠯᠬᠦ ᠶᠢ ᠬᠠᠷᠢᠭᠤᠴᠠᠨ᠎ᠠ᠃ | ᠪᠤᠭᠤᠮᠳᠠ ᠶᠢᠨ ᠤᠷᠤᠨ ᠤ ᠤᠯᠠᠨ ᠨᠡᠶᠢᠳᠡ ᠶᠢᠨ ᠠᠮᠤᠷ ᠲᠦᠪᠰᠢᠨ ᠤ ᠬᠡᠷᠡᠭ ᠪᠠᠴᠢᠮ ᠪᠠᠶᠢᠳᠠᠯ ᠢ ᠠᠷᠭᠠᠴᠠᠭᠠᠬᠤ | ᠬᠠᠮᠢᠶ᠎ᠠ ᠪᠦᠬᠦᠢ ᠠᠵᠢᠯ ᠢ ᠵᠢᠯᠤᠭᠤᠳᠴᠤ᠂ ᠪᠤᠭᠤᠮᠳᠠ ᠶᠢᠨ ᠤᠷᠤᠨ ᠤ ᠠᠮᠤᠷ ᠲᠦᠪᠰᠢᠨ ᠤ ᠬᠠᠮᠳᠤᠷᠠᠨ ᠰᠡᠷᠭᠡᠶᠢᠯᠡᠨ | ᠡᠵᠡᠮᠳᠡᠬᠦ ᠠᠵᠢᠯ ᠤᠨ ᠲᠦᠷᠢᠮ ᠢ ᠲᠦᠷᠦᠭᠦᠯᠡᠨ ᠲᠤᠭᠤᠷᠪᠢᠨ᠎ᠠ᠃ ᠪᠤᠭᠤᠮᠳᠠ ᠶᠢᠨ ᠡᠵᠡᠩᠨᠡᠯᠳᠡ ᠶᠢ ᠬᠢᠨᠠᠨ ᠡᠵᠡᠮᠳᠡᠬᠦ | ᠪᠤᠯᠤᠨ ᠬᠦᠳᠡᠯᠦᠩᠭᠦᠢ ᠦᠨᠡᠯᠡᠯᠳᠡ ᠶᠢ ᠬᠠᠷᠢᠭᠤᠴᠠᠵᠦ᠂ ᠪᠤᠭᠤᠮᠳᠠ ᠶᠢᠨ ᠲᠤᠭ᠎ᠠ ᠪᠠᠷᠢᠮᠳᠠ ᠶᠢ ᠵᠠᠳᠠᠯᠠᠬᠤ ᠶᠢ ᠬᠢᠨᠠᠨ | ᠰᠢᠯᠭᠠᠵᠦ᠂ ᠪᠦᠬᠦ ᠠᠶᠢᠮᠠᠭ ᠤᠨ ᠪᠤᠭᠤᠮᠳᠠ ᠶᠢᠨ ᠲᠤᠮᠤ ᠳ᠋ᠠᠶᠢᠲ᠋ᠠ ᠶᠢᠨ ᠬᠡᠷᠡᠭᠯᠡᠯᠳᠡ ᠶᠢᠨ ᠲᠤᠰᠬᠠᠢ ᠲᠦᠯᠦᠪᠵᠢᠭᠦᠯᠭᠡ | ᠲᠤᠭᠤᠷᠪᠢᠬᠤ ᠶᠢᠨ ᠬᠠᠮᠳᠤ ᠵᠤᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠲᠤᠮᠳᠠᠳᠤ ᠮᠤᠩᠭᠤᠯ ᠤᠷᠤᠰ ᠤᠨ ᠠᠵᠦ | ᠠᠬᠤᠢ ᠶᠢᠨ ᠬᠤᠩᠬᠢᠯ ᠤᠨ ᠪᠠᠶᠢᠭᠤᠯᠤᠯᠳᠠ ᠶᠢᠨ ᠠᠵᠢᠯ ᠢ ᠲᠦᠯᠬᠢᠨ ᠠᠬᠢᠭᠤᠯᠬᠤ ᠲᠤᠮᠳᠠ ᠵᠠᠮ ᠳᠠᠭᠠᠤ ᠤᠯᠤᠰ | ᠪᠤᠯᠤᠨ ᠭᠠᠵᠠᠷ ᠤᠷᠤᠨ ᠤ ᠪᠤᠭᠤᠮᠳᠠ ᠶᠢᠨ ᠬᠠᠮᠳᠤᠷᠠᠯᠴᠠᠭ᠎ᠠ ᠶᠢᠨ ᠬᠡᠷᠡᠭ ᠶᠠᠪᠤᠳᠠᠯ ᠢ ᠵᠤᠬᠢᠴᠠᠭᠤᠯᠤᠨ᠎ᠠ᠃ | ᠪᠤᠭᠤᠮᠳᠠ ᠶᠢᠨ ᠤᠷᠤᠨ ᠤ ᠤᠯᠠᠨ ᠤᠯᠤᠰ ᠤᠨ ᠬᠠᠮᠳᠤᠠᠯᠴᠠᠭᠠ ᠰᠤᠯᠢᠯᠴᠠᠭ᠎ᠠ᠂ ᠬᠤᠯᠪᠤᠭᠠᠯᠠᠨ ᠪᠠᠶᠢᠴᠠᠭᠠᠬᠤ ᠬᠠᠮᠢᠶ᠎ᠠ | ᠪᠦᠬᠦᠢ ᠬᠡᠷᠡᠭ ᠶᠠᠪᠤᠳᠠᠯ ᠢ ᠵᠤᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠪᠦᠬᠦ ᠠᠶᠢᠮᠠᠭ ᠤᠨ ᠪᠤᠭᠤᠮᠳᠠ ᠪᠤᠯᠤᠨ | ᠤᠯᠤᠰ ᠤᠨ ᠲᠤᠳᠤᠭᠠᠳᠤ ᠶᠢᠨ ᠪᠤᠰᠤᠳ ᠪᠤᠭᠤᠮᠳᠠ ᠶᠢᠨ ᠤᠷᠤᠨ ᠪᠦᠰᠡ ᠠᠯᠤᠰᠯᠠᠭᠰᠠᠨ ᠬᠠᠮᠳᠤᠷᠠᠯᠴᠠᠭ᠎ᠠ ᠶᠢ | ᠠᠬᠢᠭᠤᠯᠤᠨ᠎ᠠ᠃ ᠮᠠᠨ ᠤ ᠠᠶᠢᠮᠠᠭ ᠤᠨ ᠤᠮᠠᠷᠠᠳᠤ ᠳᠤ ᠨᠡᠬᠡᠬᠡᠯᠳᠡ ᠬᠢᠬᠦ᠂ ᠤᠷᠤᠰ ᠮᠤᠩᠭᠤᠯ ᠤᠯᠤᠰ ᠤᠨ | ᠬᠠᠮᠳᠤᠷᠠᠯᠴᠠᠭ᠎ᠠ ᠶᠢᠨ ᠰᠢᠨ᠎ᠡ ᠶᠢ ᠡᠭᠦᠳᠬᠦ ᠲᠤᠭᠳᠠᠴᠠ ᠶᠢᠨ ᠬᠤᠯᠪᠤᠭᠳᠠᠯ ᠪᠦᠬᠦᠢ ᠠᠵᠢᠯ ᠢ ᠲᠦᠷᠦᠭᠦᠯᠡᠨ | ᠠᠬᠢᠭᠤᠯᠤᠨ᠎ᠠ᠃ | ᠠᠷᠪᠠᠨ ᠭᠤᠷᠪᠠ᠂ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠤᠨ | ᠬᠤᠯᠪᠣᠭᠳᠠᠯ ᠪᠦᠬᠦᠢ ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯ ᠤᠳ ᠢ ᠬᠦᠯᠢᠶᠡᠨ ᠠᠪᠴᠤ ᠰᠢᠢᠳᠪᠦᠷᠢᠯᠡᠬᠦ᠂ | ᠬᠢᠨᠠᠬᠤ᠂ ᠪᠣᠳᠠᠲᠠᠶ ᠭᠠᠵᠠᠷ ᠲᠤᠨᠢ ᠣᠴᠢᠵᠤ ᠪᠠᠶᠢᠴᠠᠭᠠᠬᠤ᠂ ᠰᠢᠯᠭᠠᠨ ᠠᠪᠬᠤ ᠪᠠ ᠳᠠᠮᠵᠢᠭᠤᠯᠤᠨ ᠮᠡᠳᠡᠭᠦᠯᠬᠦ ᠵᠡᠷᠭᠡ | ᠠᠵᠢᠯ ᠢ ᠬᠠᠷᠢᠭᠤᠴᠠᠨ᠎ᠠ᠃ | ᠠᠷᠪᠠᠨ ᠳᠥᠷᠪᠡ ᠂ ᠬᠠᠷᠢᠴᠠᠩᠭᠤᠶ ᠲᠥᠪᠯᠡᠷᠡᠭᠦᠯᠬᠦ ᠵᠥᠪᠰᠢᠶᠡᠷᠡᠯ ᠤᠨᠡᠷᠬᠡ ᠶᠢᠨ ᠥᠭᠡᠷᠡᠴᠢᠯᠡᠯᠲᠡ ᠶᠢᠨ | ᠱᠠᠭᠠᠷᠳᠠᠯᠭ᠎ᠠ ᠶᠢ ᠦᠨᠳᠦᠰᠦᠯᠡᠨ᠂ ᠠᠶᠢᠮᠠᠭ ᠤᠨ ᠵᠠᠬᠢᠷᠭ᠎ᠠ ᠠᠴᠠ ᠬᠤᠪᠢᠶᠠᠷᠢᠯᠠᠨ ᠰᠢᠯᠵᠢᠭᠦᠯᠦᠭᠰᠡᠨ ᠬᠢᠨᠠᠨ | ᠵᠥᠪᠰᠢᠶᠡᠷᠡᠬᠦ ᠵᠦᠢᠯᠡᠰ ᠲᠤ ᠬᠢᠨᠠᠨ ᠵᠥᠪᠰᠢᠶᠡᠷᠡᠬᠦ ᠡᠭᠦᠷᠭᠡ ᠬᠠᠷᠢᠭᠤᠴᠠᠯᠭ᠎ᠠ ᠶᠢ ᠳᠠᠬᠢᠵᠤ ᠡᠭᠦᠷᠭᠡᠯᠡᠬᠦ ᠦᠭᠡᠶ᠂ ᠬᠢᠨᠠᠨ | ᠬᠠᠮᠢᠶᠠᠷᠬᠤ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠨ᠎ᠡ᠃ | ᠠᠷᠪᠠᠨ ᠲᠠᠪᠤ ᠂ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠠᠴᠠ ᠲᠤᠰᠢᠶᠠᠭᠰᠠᠨ ᠪᠤᠰᠤᠳ ᠡᠭᠦᠷᠭᠡ ᠶᠢ | ᠪᠡᠶᠡᠯᠡᠭᠦᠯᠦᠨ᠎ᠡ᠃ |