ᠬᠢᠩᠭᠠᠨ ᠠᠶᠢᠮᠠᠭ ᠤᠨ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ
ᠨᠡᠶᠢᠲᠡᠯᠡᠭᠰᠡᠨ ᠴᠠᠭ᠄
2021/7/6
     ᠨᠢᠭᠡᠳᠦᠭᠡᠷ ᠵᠦᠶᠯ    ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠵᠥᠪᠰᠢᠶᠡᠷᠡᠭᠰᠡᠨ  ︽ᠬᠢᠩᠭᠠᠨ ᠠᠶᠢᠮᠠᠭ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠲᠥᠰᠦᠯ  ︾ ᠪᠣᠯᠤᠨ ᠠᠶᠢᠮᠠᠭ ᠤᠨ ᠨᠠᠮ ᠤᠨ  ᠬᠤᠷᠢᠶ᠎ᠠ ᠶᠢᠨ ᠠᠯᠪᠠᠨ ᠭᠡᠷ᠂ ᠵᠠᠬᠢᠷᠭ᠎ᠠ ᠶᠢᠨ ᠠᠯᠪᠠᠨ ᠭᠡᠷ ᠤᠨ ᠳᠠᠷᠤᠮᠠᠯᠯᠠᠨ ᠲᠠᠷᠬᠠᠭᠠᠭᠰᠠᠨ ︽ᠬᠢᠩᠭᠠᠨ ᠠᠶᠢᠮᠠᠭ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠬᠡᠷᠡᠭᠵᠢᠭᠦᠯᠬᠦ ᠰᠠᠨᠠᠯ︾ ᠢ ᠦᠨᠳᠦᠰᠦᠯᠡᠨ᠂ ᠲᠤᠰ ᠲᠣᠭᠲᠠᠭᠠᠯ ᠢ ᠲᠣᠭᠲᠠᠭᠠᠪᠠ᠃     ᠬᠤᠶᠠᠳᠤᠭᠠᠷ ᠵᠦᠶᠯ    ᠬᠢᠩᠭᠠᠨ ᠠᠢᠮᠠᠭ ᠤᠨ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠪᠣᠯ ᠠᠢᠮᠠᠭ ᠤᠨ ᠵᠠᠬᠢᠷᠭ᠎ᠠ ᠶᠢᠨ ᠠᠵᠢᠯ ᠤᠨ ᠰᠠᠯᠠᠭ᠎ᠠ ᠮᠥᠴᠢᠷ ᠮᠥᠨ᠂ ᠭᠠᠵᠠᠷ ᠤᠨ ᠳᠡᠰ ᠲᠤ ᠬᠢᠩᠭᠠᠨ ᠠᠢᠮᠠᠭ ᠤᠨ ᠮᠣᠩᠭᠤᠯ ᠬᠡᠯᠡ ᠪᠢᠴᠢᠭ ᠤᠨ ᠠᠵᠢᠯ ᠤᠨ ᠵᠥᠪᠯᠡᠯ ᠤᠨ ᠫᠠᠶᠢᠰᠠ ᠶᠢ ᠨᠡᠮᠡᠵᠦ ᠡᠯᠭᠦᠨ᠂ ᠠᠢᠮᠠᠭ ᠤᠨ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ ᠤᠨ ᠤᠳᠤᠷᠢᠳᠤᠯᠭ᠎ᠠ ᠳᠤ ᠬᠠᠷᠢᠶᠠᠯᠠᠭᠤᠯᠤᠨ᠎ᠠ᠃        ᠭᠤᠷᠪᠠᠳᠤᠭᠠᠷ ᠵᠦᠢᠯ     ᠠᠶᠢᠮᠠᠭ ᠤᠨ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ ᠭᠤᠣᠯ ᠡᠭᠦᠷᠭᠡ ᠬᠠᠷᠢᠭᠤᠴᠠᠯᠭ᠎ᠠ ᠪᠣᠯ᠄      ᠨᠢᠭᠡ  ᠂ ᠨᠠᠮ ᠤᠨ ᠦᠨᠳᠦᠰᠦᠲᠡᠨ ᠤ ᠠᠵᠢᠯ ᠤᠨ ᠲᠤᠬᠠᠢ ᠴᠢᠭᠯᠡᠯᠲᠡ ᠲᠥᠷᠥ ᠶᠢᠨ ᠪᠣᠳᠣᠯᠭ᠎ᠠ ᠪᠣᠯᠤᠨ ᠠᠶᠢᠮᠠᠭ ᠤᠨ ᠨᠠᠮ ᠤᠨ ᠬᠤᠷᠢᠶᠠᠨ ᠤ ᠬᠠᠮᠢᠶ᠎ᠠ ᠪᠦᠬᠦᠢ ᠰᠢᠶᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠦᠨᠳᠦᠰᠦᠲᠡᠨ ᠤ ᠣᠨᠣᠯ ᠪᠣᠯᠤᠨ ᠦᠨᠳᠦᠰᠦᠲᠡᠨ ᠤ ᠠᠵᠢᠯ ᠤᠨ ᠴᠢᠬᠤᠯᠠ ᠶᠡᠭᠡ ᠠᠰᠠᠭᠤᠳᠠᠯ ᠤᠨ ᠪᠠᠶᠢᠴᠠᠭᠠᠨ ᠰᠤᠳᠤᠯᠤᠯᠲᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠦᠨᠳᠦᠰᠦᠲᠡᠨ ᠤ ᠠᠵᠢᠯ ᠪᠣᠯᠤᠨ ᠴᠥᠭᠡᠨ ᠲᠣᠭᠠᠲᠤ ᠦᠨᠳᠦᠰᠦᠲᠡᠨ ᠤ ᠦᠭᠡ ᠬᠡᠯᠡ ᠦᠰᠦᠭ ᠪᠢᠴᠢᠭ ᠤᠨ ᠠᠵᠢᠯ  ᠤᠨ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠶᠢ ᠳᠤᠷᠠᠳᠤᠨ᠎ᠠ᠃ ᠪᠦᠬᠦ ᠠᠶᠢᠮᠠᠭ ᠤᠨ ᠦᠨᠳᠦᠰᠦᠲᠡᠨ ᠤ ᠠᠵᠢᠯ ᠪᠣᠯᠤᠨ ᠴᠥᠭᠡᠨ ᠲᠣᠭᠠᠲᠤ ᠦᠨᠳᠦᠰᠦᠲᠡᠨ ᠤ ᠦᠭᠡ ᠬᠡᠯᠡ ᠦᠰᠦᠭ ᠪᠢᠴᠢᠭ ᠤᠨ ᠬᠠᠤᠯᠢ ᠴᠠᠭᠠᠵᠠ᠂ ᠬᠠᠤᠯᠢ ᠲᠣᠭᠲᠠᠭᠠᠯ᠂ ᠲᠥᠷᠥ ᠶᠢᠨ ᠪᠣᠳᠣᠯᠭ᠎ᠠ ᠶᠢ ᠬᠡᠷᠡᠭᠵᠢᠭᠦᠯᠵᠦ ᠪᠠᠶᠢᠭ᠎ᠠ ᠪᠠᠶᠢᠳᠠᠯ ᠢ ᠰᠢᠮᠳᠠᠭᠤᠯᠤᠨ ᠪᠠᠶᠢᠴᠠᠭᠠᠬᠤ ᠶᠢ ᠡᠭᠦᠷᠭᠡᠯᠡᠨ᠎ᠡ᠃ ᠪᠦᠬᠦ ᠠᠶᠢᠮᠠᠭ ᠤᠨ ᠦᠨᠳᠦᠰᠦᠲᠡᠨ ᠤ ᠠᠵᠢᠯ ᠪᠠ ᠴᠥᠭᠡᠨ ᠲᠣᠭᠠᠲᠤ ᠦᠨᠳᠦᠰᠦᠲᠡᠨ ᠤ ᠦᠭᠡ ᠬᠡᠯᠡ ᠦᠰᠦᠭ ᠪᠢᠴᠢᠭ ᠤᠨ ᠠᠵᠢᠯ ᠤᠨ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢ ᠲᠣᠭᠲᠠᠭᠠᠬᠤ ᠳᠤ ᠣᠷᠣᠯᠴᠠᠨ᠎ᠠ  ᠃ ᠪᠦᠬᠦ ᠠᠶᠢᠮᠠᠭ ᠤᠨ ᠦᠨᠳᠦᠰᠦᠲᠡᠨ ᠤ ᠣᠨᠣᠯ᠂ ᠦᠨᠳᠦᠰᠦᠲᠡᠨ ᠤ ᠲᠥᠷᠥ  ᠶᠢᠨ ᠪᠣᠳᠣᠯᠭ᠎ᠠ᠂ ᠴᠥᠭᠡᠨ ᠲᠣᠭᠠᠲᠤ ᠦᠨᠳᠦᠰᠦᠲᠡᠨ ᠤ ᠦᠭᠡ ᠬᠡᠯᠡ ᠦᠰᠦᠭ ᠪᠢᠴᠢᠭ ᠤᠨ ᠲᠥᠷᠥ ᠶᠢᠨ ᠪᠣᠳᠣᠯᠭ᠎ᠠ  ᠶᠢᠨ ᠤᠬᠠᠭᠤᠯᠭ᠎ᠠ ᠬᠥᠮᠦᠵᠢᠯ ᠤᠨ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃         ᠬᠤᠶᠠᠷ᠂ ᠦᠨᠳᠦᠰᠦᠲᠡᠨ ᠤ ᠣᠷᠣᠨ ᠤ ᠥᠪᠡᠷᠲᠡᠭᠡᠨ ᠵᠠᠰᠠᠬᠤ ᠳᠦᠷᠢᠮ ᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠵᠣᠬᠢᠴᠠᠭᠤᠯᠤᠨ  ᠵᠢᠯᠤᠭᠤᠳᠤᠨ᠎ᠠ᠃ ᠦᠨᠳᠦᠰᠦᠲᠡᠨ ᠤ ᠬᠠᠷᠢᠴᠠᠭ᠎ᠠ ᠶᠢ ᠵᠣᠬᠢᠴᠠᠭᠤᠯᠬᠤ ᠠᠵᠢᠯ ᠤᠨ ᠰᠠᠨᠠᠭᠤᠯᠭ᠎ᠠ ᠶᠢ ᠰᠤᠳᠤᠯᠤᠨ ᠳᠤᠷᠠᠳᠴᠤ᠂ ᠦᠨᠳᠦᠰᠦᠲᠡᠨ ᠤ ᠬᠠᠷᠢᠴᠠᠭᠠᠨ ᠤ ᠳᠤᠮᠳᠠᠬᠢ ᠴᠢᠬᠤᠯᠠ ᠶᠡᠭᠡ ᠬᠡᠷᠡᠭ ᠶᠠᠪᠤᠳᠠᠯ ᠢ ᠵᠣᠬᠢᠴᠠᠭᠤᠯᠤᠨ ᠰᠢᠢᠳᠪᠦᠷᠢᠯᠡᠨ᠎ᠡ᠃ ᠴᠥᠭᠡᠨ ᠲᠣᠭᠠᠲᠤ ᠦᠨᠳᠦᠰᠦᠲᠡᠨ ᠤ ᠡᠷᠬᠡ ᠠᠰᠢᠭ ᠲᠤ  ᠬᠤᠯᠪᠤᠭᠳᠠᠬᠤ ᠤᠴᠢᠷ ᠶᠠᠪᠤᠳᠠᠯ ᠢ ᠬᠢᠨᠠᠯᠲᠠ ᠲᠠᠯᠪᠢᠨ ᠰᠢᠢᠳᠪᠦᠷᠢᠯᠡᠵᠦ᠂ ᠴᠥᠭᠡᠨ ᠲᠣᠭᠠᠲᠤ ᠦᠨᠳᠦᠰᠦᠲᠡᠨ ᠤ ᠬᠠᠤᠯᠢ ᠶᠣᠰᠣᠨ ᠤ ᠡᠷᠬᠡ ᠠᠰᠢᠭ ᠢ ᠪᠠᠲᠤᠯᠠᠨ᠎ᠠ᠃ ᠪᠦᠬᠦ ᠠᠶᠢᠮᠠᠭ ᠤᠨ ᠨᠡᠢᠭᠡᠮ ᠤᠨ ᠲᠣᠭᠲᠠᠭᠤᠨ ᠢ ᠬᠠᠮᠠᠭᠠᠯᠠᠬᠤ ᠠᠵᠢᠯ ᠳᠤ ᠣᠷᠣᠯᠴᠠᠵᠤ᠂ ᠡᠯ᠎ᠡ ᠦᠨᠳᠦᠰᠦᠲᠡᠨ ᠤ ᠬᠠᠮᠳᠤ ᠪᠠᠷ ᠪᠦᠯᠬᠦᠮᠳᠡᠨ ᠲᠡᠮᠡᠴᠡᠬᠦ᠂ ᠬᠠᠮᠲᠤᠪᠠᠷ ᠴᠡᠴᠡᠭᠯᠡᠨ ᠬᠥᠭᠵᠢᠬᠦ ᠶᠢ ᠠᠬᠢᠭᠤᠯᠵᠤ᠂ ᠤᠯᠤᠰ ᠣᠷᠣᠨ ᠤ ᠨᠢᠭᠡᠳᠦᠯ ᠢ ᠬᠠᠮᠠᠭᠠᠯᠠᠨ᠎ᠠ᠃     ᠭᠤᠷᠪᠠ᠂  ᠴᠥᠭᠡᠨ ᠲᠣᠭᠠᠲᠤ ᠦᠨᠳᠦᠰᠦᠲᠡᠨ ᠪᠣᠯᠤᠨ ᠴᠥᠭᠡᠨ ᠲᠣᠭᠠᠲᠤ ᠦᠨᠳᠦᠰᠦᠲᠡᠨ ᠲᠥᠪᠯᠡᠷᠡᠨ ᠰᠠᠭᠤᠭ᠎ᠠ ᠭᠠᠵᠠᠷ ᠣᠷᠣᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠲᠠᠯ᠎ᠠ ᠶᠢᠨ ᠠᠰᠠᠭᠤᠳᠠᠯ ᠢ ᠰᠤᠳᠤᠯᠤᠨ ᠵᠠᠳᠠᠯᠬᠤ ᠶᠢᠨ ᠬᠠᠮᠲᠤ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠳᠤᠷᠠᠳᠤᠨ᠎ᠠ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠵᠣᠬᠢᠴᠠᠭᠤᠯᠤᠨ ᠰᠢᠮᠳᠠᠭᠤᠯᠵᠤ ᠪᠠᠶᠢᠭᠠᠳ ᠦᠨᠳᠦᠰᠦᠲᠡᠨ ᠤ ᠠᠵᠢᠯ ᠤᠨ ᠬᠠᠮᠢᠶ᠎ᠠ ᠪᠦᠬᠦᠢ ᠡᠭᠦᠷᠭᠡ ᠬᠠᠷᠢᠭᠤᠴᠠᠯᠭ᠎ᠠ ᠶᠢ ᠨᠢ ᠭᠦᠢᠴᠡᠳᠬᠡᠯᠭᠡᠵᠦ᠂ ᠦᠨᠳᠦᠰᠦᠲᠡᠨ ᠤ ᠲᠥᠷᠥ ᠶᠢᠨ ᠪᠣᠳᠣᠯᠭ᠎ᠠ ᠶᠢ ᠠᠵᠤ ᠠᠬᠤᠶ ᠶᠢᠨ ᠬᠥᠭᠵᠢᠯᠲᠡ ᠪᠣᠯᠤᠨ ᠨᠡᠶᠢᠭᠡᠮ ᠤᠨ ᠦᠢᠯᠡᠰ ᠤᠨ ᠬᠤᠯᠪᠣᠭᠳᠠᠯ ᠪᠦᠬᠦᠢ ᠬᠦᠷᠢᠶᠡᠨ ᠳᠤ ᠬᠡᠷᠡᠭᠵᠢᠭᠦᠯᠬᠦ᠂ ᠵᠣᠯᠭᠠᠭᠤᠯᠬᠤ  ᠶᠢ ᠠᠬᠢᠭᠤᠯᠤᠨ᠎ᠠ᠃ ᠰᠢᠨᠵᠢᠯᠡᠬᠦ ᠤᠬᠠᠭᠠᠨ ᠮᠡᠷᠭᠡᠵᠢᠯ ᠤᠨ ᠬᠥᠭᠵᠢᠯᠲᠡ ᠶᠢ ᠵᠣᠬᠢᠴᠠᠭᠤᠯᠬᠤ᠂ ᠠᠵᠢᠯ ᠲᠥᠷᠥᠯ ᠤᠨ ᠰᠢᠰᠲ᠋ᠧᠮ ᠢᠶᠠᠷ ᠢᠶᠠᠨ ᠲᠤᠰᠠᠯᠠᠬᠤ ᠪᠠ ᠠᠵᠤ ᠠᠬᠤᠶ ᠮᠡᠷᠭᠡᠵᠢᠯ ᠤᠨ ᠬᠤᠷᠰᠢᠯᠴᠠᠭ᠎ᠠ᠂ ᠦᠨᠳᠦᠰᠦᠲᠡᠨ ᠤ ᠠᠷᠠᠯᠵᠢᠶ᠎ᠠ᠂ ᠦᠨᠳᠦᠰᠦᠲᠡᠨ ᠤ ᠣᠨᠴᠠ ᠬᠡᠷᠡᠭᠴᠡᠭᠡᠲᠦ ᠬᠡᠷᠡᠭᠰᠡᠯ ᠤᠨ ᠦᠢᠯᠡᠳᠪᠦᠷᠢᠯᠡᠯ ᠵᠡᠷᠭᠡ ᠬᠤᠯᠪᠣᠭᠳᠠᠯ ᠪᠦᠬᠦᠢ ᠠᠵᠢᠯ ᠳᠤ ᠣᠷᠣᠯᠴᠠᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠯᠠᠯᠤ ᠶᠢᠨ ᠢᠳᠡᠭᠡᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ᠃ ᠬᠤᠰᠢᠭᠤ ᠰᠢᠶᠠᠨ ᠬᠤᠲᠠ ᠶᠢᠨ ᠦᠨᠳᠦᠰᠦᠲᠡᠨ ᠤ ᠠᠵᠢᠯ ᠪᠠ ᠮᠣᠩᠭᠤᠯ ᠬᠡᠯᠡ ᠪᠢᠴᠢᠭ ᠤᠨ ᠠᠵᠢᠯ ᠳᠤ ᠲᠤᠬᠠᠶᠢᠯᠠᠭᠰᠠᠨ ᠠᠵᠢᠯ ᠤᠨ ᠵᠢᠯᠣᠭᠤᠳᠤᠯᠭ᠎ᠠ ᠬᠢᠨ᠎ᠡ᠃        ᠳᠥᠷᠪᠡ᠂ ᠴᠥᠭᠡᠨ ᠲᠣᠭᠠᠲᠤ ᠦᠨᠳᠦᠰᠦᠲᠡᠨ ᠤ ᠠᠵᠢᠯ ᠦᠢᠯᠡᠰ ᠵᠡᠷᠭᠡ ᠲᠤᠰᠬᠠᠶ ᠵᠦᠢᠯ ᠤᠨ ᠲᠥᠯᠥᠪᠵᠢᠭᠦᠯᠭᠡ ᠶᠢ ᠬᠡᠷᠡᠭᠵᠢᠭᠦᠯᠵᠦ ᠪᠠᠶᠢᠭ᠎ᠠ ᠪᠠᠶᠢᠳᠠᠯ ᠳᠤ ᠬᠢᠨᠠᠯᠲᠠ ᠲᠠᠯᠪᠢᠨ ᠪᠠᠶᠢᠴᠠᠭᠠᠵᠤ᠂ ᠪᠦᠬᠦ ᠠᠶᠢᠮᠠᠭ ᠤᠨ ᠠᠵᠤ ᠠᠬᠤᠶ ᠨᠡᠶᠢᠭᠡᠮ ᠤᠨ ᠬᠠᠮᠢᠶ᠎ᠠ ᠪᠦᠬᠦᠢ ᠬᠦᠷᠢᠶᠡᠨ ᠤ ᠬᠥᠭᠵᠢᠯᠲᠡ ᠶᠢᠨ ᠲᠥᠯᠥᠪᠵᠢᠭᠦᠯᠭᠡ ᠶᠢ ᠲᠤᠭᠤᠷᠪᠢᠬᠤ  ᠳᠤ ᠣᠷᠣᠯᠴᠠᠵᠤ᠂ ᠴᠥᠭᠡᠨ ᠲᠣᠭᠠᠲᠤ ᠦᠨᠳᠦᠰᠦᠲᠡᠨ ᠤ ᠠᠵᠢᠯ ᠦᠢᠯᠡᠰ ᠤᠨ ᠬᠥᠭᠵᠢᠯᠲᠡ ᠶᠢ ᠶᠡᠷᠦᠩᠬᠡᠶᠢᠯᠡᠨ ᠦᠨᠡᠯᠡᠵᠦ ᠬᠢᠨᠠᠨ ᠬᠡᠮᠵᠢᠬᠦ ᠰᠢᠰᠲ᠋ᠧᠮᠵᠢ ᠶᠢ ᠪᠠᠶᠢᠭᠤᠯᠤᠨ ᠲᠡᠭᠦᠯᠳᠡᠷᠵᠢᠭᠦᠯᠬᠦ  ᠂ ᠦᠨᠳᠦᠰᠦᠲᠡᠨ ᠤ ᠬᠡᠷᠡᠭ ᠡᠷᠬᠢᠯᠡᠬᠦ ᠦᠢᠯᠡᠴᠢᠯᠡᠭᠡᠨ ᠤ ᠰᠢᠰᠲ᠋ᠧᠮᠵᠢ ᠪᠣᠯᠤᠨ ᠦᠨᠳᠦᠰᠦᠲᠡᠨ ᠤ ᠬᠡᠷᠡᠭ ᠡᠷᠬᠢᠯᠡᠤ᠋ ᠬᠠᠮᠢᠶᠠᠷᠤᠯᠲᠠ ᠶᠢᠨ ᠮᠡᠳᠡᠭᠡ ᠵᠠᠩᠭᠢᠴᠢᠯᠠᠬᠤ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃            ᠲᠠᠪᠤ᠂ ᠡᠯ᠎ᠡ ᠬᠤᠰᠢᠭᠤ ᠰᠢᠶᠠᠨ ᠬᠤᠲᠠ ᠶᠢᠨ ᠦᠨᠳᠦᠰᠦᠲᠡᠨ ᠤ ᠬᠡᠷᠡᠭ ᠡᠷᠬᠢᠯᠡᠬᠦ ᠰᠠᠯᠠᠭ᠎ᠠ ᠮᠥᠴᠢᠷ ᠤᠨ ᠬᠠᠮᠢᠶᠠᠷᠤᠯᠲᠠ ᠶᠢᠨ ᠡᠭᠦᠷᠭᠡ ᠴᠢᠳᠠᠪᠤᠷᠢ ᠪᠠᠨ ᠬᠠᠤᠯᠢ ᠶᠣᠰᠣᠭᠠᠷ ᠭᠦᠢᠴᠡᠳᠬᠡᠬᠦ ᠶᠢ ᠵᠢᠯᠣᠭᠤᠳᠬᠤ ᠡᠭᠦᠷᠭᠡ ᠬᠠᠷᠢᠭᠤᠴᠠᠯᠭ᠎ᠠ ᠪᠠᠨ ᠴᠢᠩᠭᠠᠳᠬᠠᠵᠤ᠂ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠨ᠂ ᠪᠦᠬᠦ ᠠᠶᠢᠮᠠᠭ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠬᠥᠬᠢᠭᠦᠯᠦᠨ ᠰᠠᠶᠢᠰᠢᠶᠠᠬᠤ ᠠᠵᠢᠯᠯᠠᠭ᠎ᠠ ᠶᠢ ᠳᠠᠭᠠᠭᠠᠨ ᠡᠷᠬᠢᠯᠡᠵᠦ᠂ ᠦᠨᠳᠦᠰᠦᠲᠡᠨ ᠤ ᠰᠢᠶᠠᠩ ᠲᠠᠢ ᠬᠠᠷᠢᠯᠴᠠᠨ᠂ ᠴᠥᠭᠡᠨ ᠲᠣᠭᠠᠲᠤ ᠦᠨᠳᠦᠰᠦᠲᠡᠨ ᠤ ᠰᠤᠷᠤᠯᠴᠠᠬᠤ᠂ ᠲᠣᠭᠤᠷᠢᠨ ᠦᠵᠡᠬᠦ᠂ ᠰᠢᠨᠵᠢᠯᠡᠨ ᠪᠠᠶᠢᠴᠠᠭᠠᠬᠤ ᠵᠡᠷᠭᠡ ᠶᠠᠪᠤᠳᠠᠯ ᠢ ᠵᠣᠬᠢᠶᠠᠨ ᠪᠠᠶᠢᠭᠤᠯᠤᠨ ᠵᠣᠬᠢᠴᠠᠭᠤᠯᠤᠨ᠎ᠠ᠃       ᠵᠢᠷᠭᠤᠭ᠎ᠠ  ᠂ ᠴᠥᠭᠡᠨ ᠲᠣᠭᠠᠲᠤ ᠦᠨᠳᠦᠰᠦᠲᠡᠨ ᠤ ᠦᠭᠡ ᠬᠡᠯᠡ ᠦᠰᠦᠭ ᠪᠢᠴᠢᠭ ᠢ ᠰᠤᠷᠤᠯᠴᠠᠬᠤ᠂ ᠬᠡᠷᠡᠭᠯᠡᠬᠦ᠂ ᠰᠤᠳᠤᠯᠬᠤ᠂ ᠬᠥᠭᠵᠢᠭᠦᠯᠬᠦ᠂ ᠠᠪᠤᠷᠠᠬᠤ᠂ ᠬᠠᠮᠠᠭᠠᠯᠠᠬᠤ᠂ ᠤᠯᠠᠮᠵᠢᠯᠠᠬᠤ ᠠᠵᠢᠯ ᠢ ᠬᠠᠮᠢᠶᠠᠷᠤᠨ᠎ᠠ᠃ ᠴᠥᠭᠡᠨ ᠲᠣᠭᠠᠲᠤ ᠦᠨᠳᠦᠰᠦᠲᠡᠨ ᠤ ᠦᠭᠡ ᠬᠡᠯᠡ ᠦᠰᠦᠭ ᠪᠢᠴᠢᠭ ᠤᠨ ᠦᠨᠳᠦᠰᠦᠲᠡᠨ ᠤ ᠰᠤᠷᠭᠠᠨ ᠬᠥᠮᠦᠵᠢᠯ᠂ ᠣᠷᠴᠢᠭᠤᠯᠭ᠎ᠠ᠂ ᠬᠡᠪᠯᠡᠯ᠂ ᠰᠣᠨᠢᠨ ᠰᠡᠳᠬᠦᠯ᠂ ᠷᠠᠳᠢᠣ᠋ ᠨᠡᠪᠲᠡᠷᠡᠭᠦᠯᠭᠡ ᠺᠢᠨᠣ᠋ ᠲᠧᠯᠸᠢᠰ ᠪᠣᠯᠤᠨ ᠦᠨᠳᠦᠰᠦᠲᠡᠨ ᠤ ᠡᠷᠲᠡᠨ ᠤ ᠨᠣᠮ ᠪᠢᠴᠢᠭ ᠢ ᠴᠤᠭᠯᠠᠭᠤᠯᠬᠤ᠂ ᠡᠮᠬᠢᠳᠬᠡᠬᠦ᠂ ᠬᠡᠪᠯᠡᠭᠦᠯᠬᠦ ᠠᠵᠢᠯ ᠢ ᠵᠢᠯᠣᠭᠤᠳᠤᠨ᠎ᠠ᠃      ᠳᠤᠯᠤᠭ᠎ᠠ  ᠂ ᠦᠨᠳᠦᠰᠦᠲᠡᠨ ᠤ ᠠᠵᠢᠯ ᠤᠨ ᠬᠦᠷᠢᠶᠡᠨ ᠳᠠᠬᠢ ᠬᠤᠯᠪᠣᠭᠳᠠᠯ ᠪᠦᠬᠦᠢ ᠭᠠᠳᠠᠭᠠᠳᠤ  ᠤᠯᠤᠰ ᠪᠠ ᠰᠢᠶᠠᠩᠭᠠᠩ ᠣᠣᠮᠧᠨ ᠲᠠᠶᠢᠸᠠᠨ ᠯᠤᠭ᠎ᠠ ᠶᠢᠨ ᠰᠣᠯᠢᠯᠴᠠᠭ᠎ᠠ ᠬᠠᠮᠲᠤᠷᠠᠯᠴᠠᠭ᠎ᠠ ᠶᠢ ᠵᠣᠬᠢᠶᠠᠨ ᠪᠠᠶᠢᠭᠤᠯᠵᠤ ᠵᠣᠬᠢᠴᠠᠭᠤᠯᠤᠨ᠎ᠠ᠃ ᠦᠨᠳᠦᠰᠦᠲᠡᠨ ᠤ ᠬᠡᠷᠡᠭ ᠶᠠᠪᠤᠳᠠᠯ ᠳᠤ ᠬᠤᠯᠪᠣᠭᠳᠠᠬᠤ ᠭᠠᠳᠠᠭᠠᠳᠤ ᠤᠬᠠᠭᠤᠯᠭ᠎ᠠ ᠶᠢᠨ ᠠᠵᠢᠯ  ᠳᠤ ᠣᠷᠣᠯᠴᠠᠨ᠎ᠠ᠃      ᠨᠠᠶᠮᠠ  ᠂ ᠴᠥᠭᠡᠨ ᠲᠣᠭᠠᠲᠤ ᠦᠨᠳᠦᠰᠦᠲᠡᠨ ᠤ ᠴᠢᠳᠠᠪᠤᠷᠢᠲᠠᠨ ᠤ ᠡᠩᠨᠡᠭᠡᠨ ᠤ ᠪᠠᠶᠢᠭᠤᠯᠤᠯᠲᠠ ᠶᠢᠨ ᠲᠥᠯᠥᠪᠵᠢᠭᠦᠯᠭᠡ ᠶᠢ ᠲᠤᠭᠤᠷᠪᠢᠬᠤ ᠳᠤ ᠣᠷᠣᠯᠴᠠᠵᠤ᠂ ᠴᠥᠭᠡᠨ ᠲᠣᠭᠠᠲᠤ ᠦᠨᠳᠦᠰᠦᠲᠡᠨ ᠤ ᠺᠠᠳ᠋ᠷ ᠲᠠᠢ ᠬᠠᠷᠢᠯᠴᠠᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ   ᠲᠠᠢ ᠬᠠᠮᠵᠢᠯᠴᠠᠨ ᠴᠥᠭᠡᠨ ᠲᠣᠭᠠᠲᠤ ᠦᠨᠳᠦᠰᠦᠲᠡᠨ ᠤ ᠺᠠᠳ᠋ᠷ ᠢ ᠬᠥᠮᠦᠵᠢᠭᠦᠯᠬᠦ᠂  ᠰᠤᠷᠭᠠᠨ ᠬᠥᠮᠦᠵᠢᠭᠦᠯᠬᠦ ᠪᠠ ᠬᠡᠷᠡᠭᠯᠡᠬᠦ ᠠᠵᠢᠯ ᠢ ᠰᠠᠶᠢᠲᠤᠷ ᠬᠢᠨ᠎ᠡ᠃        ᠶᠢᠰᠦ᠂ ᠵᠥᠪᠰᠢᠶᠡᠷᠡᠯ ᠤᠨ ᠡᠷᠬᠡ ᠶᠢ ᠬᠠᠷᠢᠴᠠᠩᠭᠤᠢ ᠲᠥᠪᠯᠡᠷᠡᠭᠦᠯᠬᠦ ᠥᠭᠡᠷᠡᠴᠢᠯᠡᠯᠲᠡ ᠶᠢᠨ ᠱᠠᠭᠠᠷᠳᠠᠯᠭ᠎ᠠ ᠶᠢ ᠦᠨᠳᠦᠰᠦᠯᠡᠨ᠂ ᠠᠶᠢᠮᠠᠭ ᠤᠨ ᠵᠠᠬᠢᠷᠭ᠎ᠠ ᠠᠴᠠ ᠬᠤᠪᠢᠶᠠᠷᠢᠯᠠᠨ ᠰᠢᠯᠵᠢᠭᠦᠯᠦᠭᠰᠡᠨ ᠬᠢᠨᠠᠨ ᠵᠥᠪᠰᠢᠶᠡᠷᠡᠬᠦ ᠵᠦᠢᠯᠡᠰ ᠲᠤ ᠬᠢᠨᠠᠨ ᠵᠥᠪᠰᠢᠶᠡᠷᠡᠬᠦ ᠡᠭᠦᠷᠭᠡ ᠬᠠᠷᠢᠭᠤᠴᠠᠯᠭ᠎ᠠ ᠶᠢ ᠳᠠᠬᠢᠵᠤ ᠡᠭᠦᠷᠭᠡᠯᠡᠬᠦ ᠦᠭᠡᠶ᠂ ᠬᠢᠨᠠᠨ ᠬᠠᠮᠢᠶᠠᠷᠬᠤ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠨ᠎ᠡ᠃       ᠠᠷᠪᠠ  ᠂ ᠠᠶᠢᠮᠠᠭ ᠤᠨ ᠨᠠᠮ ᠤᠨ ᠬᠤᠷᠢᠶ᠎ᠠ᠂ ᠠᠶᠢᠮᠠᠭ ᠤᠨ ᠵᠠᠬᠢᠷᠭ᠎ᠠ ᠶᠢᠨ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ  ᠃                              
 
ᠢᠷᠡᠯᠲᠡ᠄ ᠬᠢᠩᠭᠠᠨ ᠠᠶᠢᠮᠠᠭ ᠤᠨ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号