ᠬᠢᠩᠭᠠᠨ ᠠᠶᠢᠮᠠᠭ ᠤᠨ ᠴᠡᠷᠢᠭ  ᠤᠨ ᠠᠯᠪᠠ ᠠᠴᠠ ᠬᠠᠯᠠᠭᠳᠠᠭᠰᠠᠳ ᠤᠨ ᠶᠠᠪᠤᠳᠠᠯ ᠤᠨ ᠲᠣᠪᠴᠢᠶ᠎ᠠ
ᠨᠡᠶᠢᠲᠡᠯᠡᠭᠰᠡᠨ ᠴᠠᠭ᠄
2021/7/8
    ᠭᠤᠣᠯ ᠡᠭᠦᠷᠭᠡ ᠬᠠᠷᠢᠭᠤᠴᠠᠯᠭ᠎ᠠ᠄     ᠨᠢᠭᠡ  ᠂ ᠴᠡᠷᠢᠭ ᠠᠴᠠ ᠰᠢᠯᠵᠢᠭᠰᠡᠨ ᠺᠠᠳ᠋ᠷ᠂ ᠴᠡᠷᠢᠭ ᠠᠴᠠ ᠬᠠᠯᠠᠭᠳᠠᠭᠰᠠᠨ ᠺᠠᠳ᠋ᠷ᠂ ᠠᠵᠢᠯ ᠠᠴᠠ ᠪᠠᠨ ᠲᠠᠷᠬᠠᠯᠠᠭᠳᠠᠵᠦ ᠠᠮᠠᠷᠠᠭᠰᠠᠨ ᠺᠠᠳ᠋ᠷ᠂ ᠴᠡᠷᠢᠭ ᠤᠨ ᠠᠯᠪᠠᠨ ᠠᠴᠠ ᠬᠠᠯᠠᠭᠳᠠᠭᠰᠠᠨ ᠪᠠᠶᠢᠯᠳᠤᠭᠴᠢ ᠪᠣᠯᠤᠨ ᠴᠡᠷᠢᠭ ᠤᠨ  ᠬᠠᠷᠢᠶᠠᠯᠠᠯ ᠦᠭᠡᠶ ᠠᠵᠢᠯ ᠠᠴᠠ ᠪᠠᠨ ᠠᠮᠠᠷᠠᠭᠰᠠᠨ ᠠᠵᠢᠯᠴᠢᠨ ᠢ ᠬᠦᠯᠢᠶᠡᠨ ᠠᠪᠴᠤ ᠲᠥᠪᠬᠢᠨᠡᠭᠦᠯᠬᠦ ᠠᠵᠢᠯ ᠪᠣᠯᠤᠨ ᠪᠡᠶ᠎ᠡ ᠪᠠᠨ ᠳᠠᠭᠠᠭᠠᠵᠤ ᠠᠵᠢᠯ ᠰᠣᠩᠭᠤᠬᠤ᠂ ᠠᠵᠢᠯ ᠤᠯᠤᠭᠰᠠᠨ ᠴᠡᠷᠢᠭ ᠤᠨ ᠠᠯᠪᠠᠨ ᠠᠴᠠ ᠬᠠᠯᠠᠭᠳᠠᠭᠰᠠᠨ ᠤᠨ ᠦᠢᠯᠡᠴᠢᠯᠡᠭᠡ ᠬᠠᠮᠢᠶᠠᠷᠤᠯᠲᠠ ᠶᠢᠨ ᠠᠵᠢᠯ  ᠂ ᠪᠦᠬᠦ ᠠᠶᠢᠮᠠᠭ ᠤᠨ ᠴᠡᠷᠢᠭ ᠤᠨ ᠠᠯᠪᠠᠨ ᠠᠴᠠ ᠬᠠᠯᠠᠭᠳᠠᠭᠰᠠᠳ   ᠤᠨ ᠮᠡᠷᠭᠡᠵᠢᠯ ᠤᠨ ᠴᠢᠳᠠᠪᠤᠷᠢ ᠶᠢᠨ ᠬᠥᠮᠦᠵᠢᠯ ᠪᠣᠯᠪᠠᠰᠤᠷᠠᠭᠤᠯᠤᠯ ᠤᠨ ᠠᠵᠢᠯ᠂ ᠴᠡᠷᠢᠭ ᠤᠨ ᠠᠯᠪᠠᠨ ᠠᠴᠠ ᠬᠠᠯᠠᠭᠳᠠᠭᠰᠠᠳ ᠪᠣᠯᠤᠨ ᠴᠡᠷᠢᠭ ᠢ ᠳᠠᠭᠠᠵᠤ᠂ ᠭᠡᠷ ᠪᠦᠯᠢ ᠶᠢ ᠨᠢ ᠳᠠᠭᠠᠵᠤ ᠠᠵᠢᠯ ᠣᠯᠵᠤ ᠠᠳᠠᠯ ᠦᠢᠯᠡᠰ ᠴᠣᠭᠴᠠᠯᠠᠬᠤ ᠶᠢ ᠵᠣᠬᠢᠴᠠᠭᠤᠯᠤᠨ ᠲᠡᠳᠬᠦᠨ᠎ᠡ  ᠶᠢ ᠬᠠᠷᠢᠭᠤᠴᠠᠨ᠎ᠠ᠃       ᠬᠤᠶᠠᠷ  ᠂ ᠪᠦᠬᠦ ᠠᠶᠢᠮᠠᠭ ᠤᠨ ᠴᠡᠷᠢᠭ ᠢᠶᠠᠨ ᠬᠦᠷᠢᠶᠡᠯᠡᠨ ᠭᠡᠷ ᠪᠦᠯᠢ  ᠶᠢᠨ ᠬᠢᠨ ᠢ ᠬᠠᠷᠠᠭᠠᠯᠵᠠᠬᠤ ᠠᠵᠢᠯ   ᠢ ᠵᠣᠬᠢᠶᠠᠨ ᠪᠠᠶᠢᠭᠤᠯᠤᠨ ᠵᠢᠯᠣᠭᠤᠳᠴᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠴᠡᠷᠢᠭ ᠤᠨ ᠠᠯᠪᠠᠨ ᠠᠴᠠ  ᠬᠠᠯᠠᠭᠳᠠᠭᠰᠠᠳ ᠤᠨ ᠡᠮᠴᠢᠯᠡᠭᠡ᠂ ᠰᠤᠪᠢᠯᠠᠯᠲᠠ᠂ ᠨᠠᠰᠤᠵᠢᠯ ᠵᠡᠷᠭᠡ ᠪᠠᠶᠢᠭᠤᠯᠤᠮᠵᠢ ᠶᠢᠨ ᠲᠥᠯᠥᠪᠵᠢᠭᠦᠯᠭᠡ ᠶᠢᠨ ᠲᠥᠷᠥ ᠶᠢᠨ ᠪᠣᠳᠣᠯᠭ᠎ᠠ ᠶᠢ ᠲᠣᠭᠲᠠᠭᠠᠬᠤ ᠶᠢᠨ ᠬᠠᠮᠲᠤ ᠵᠢᠯᠣᠭᠤᠳᠤᠨ ᠬᠡᠷᠡᠭᠵᠢᠭᠦᠯᠵᠦ᠂ ᠠᠯᠪᠠᠨ ᠴᠡᠷᠢᠭ᠂ ᠴᠡᠷᠢᠭ ᠤᠨ ᠠᠯᠪᠠᠨ ᠠᠴᠠ  ᠬᠠᠯᠠᠭᠳᠠᠭᠰᠠᠳ  ᠂ ᠴᠡᠷᠢᠭ ᠠᠩᠭᠢ ᠶᠢᠨ ᠪᠢᠴᠢᠭ ᠤᠨ ᠲᠤᠰᠢᠶᠠᠯᠲᠠᠨ ᠪᠣᠯᠤᠨ ᠴᠡᠷᠢᠭ ᠤᠨ ᠭᠡᠷ ᠪᠦᠯᠢ ᠳᠤ ᠬᠠᠷᠠᠭᠠᠯᠵᠠᠯ ᠦᠵᠡᠭᠦᠯᠬᠦ᠂ ᠠᠰᠠᠷᠠᠮᠵᠢ ᠦᠵᠡᠭᠦᠯᠬᠦ ᠵᠡᠷᠭᠡ ᠠᠵᠢᠯ ᠢ ᠬᠠᠷᠢᠭᠤᠴᠠᠨ᠎ᠠ᠃     ᠭᠤᠷᠪᠠ  ᠂ ᠣᠷᠣᠨ ᠨᠤᠲᠤᠭ ᠲᠤ ᠰᠢᠯᠵᠢᠭᠦᠯᠦᠨ ᠲᠤᠰᠢᠶᠠᠭᠰᠠᠨ ᠠᠵᠢᠯ ᠠᠴᠠ ᠪᠠᠨ   ᠲᠠᠷᠬᠠᠯᠠᠭᠳᠠᠵᠦ ᠠᠮᠠᠷᠠᠭᠰᠠᠨ ᠴᠡᠷᠢᠭ᠂ ᠨᠥᠬᠦᠴᠡᠯ ᠳᠤ ᠨᠡᠶᠢᠴᠡᠬᠦ ᠪᠤᠰᠤᠳ ᠴᠡᠷᠢᠭ ᠤᠨ ᠠᠯᠪᠠ ᠠᠴᠠ ᠬᠠᠯᠠᠭᠳᠠᠭᠰᠠᠳ ᠪᠠ ᠴᠡᠷᠢᠭ  ᠤᠨ ᠬᠠᠷᠢᠶᠠᠯᠠᠯ ᠥᠬᠡᠶ ᠠᠵᠢᠯ ᠠᠴᠠ ᠪᠠᠨ  ᠲᠠᠷᠬᠠᠯᠠᠭᠳᠠᠵᠦ   ᠠᠮᠠᠷᠠᠭᠰᠠᠨ ᠠᠵᠢᠯᠴᠢᠨ ᠤ ᠣᠷᠣᠨ ᠰᠠᠭᠤᠴᠠ ᠶᠢᠨ ᠪᠠᠲᠤᠯᠠᠭ᠎ᠠ ᠶᠢᠨ ᠠᠵᠢᠯ ᠵᠢᠴᠢ ᠴᠡᠷᠢᠭ ᠤᠨ ᠠᠯᠪᠠ ᠠᠴᠠ  ᠬᠠᠯᠠᠭᠳᠠᠭᠰᠠᠳ ᠤᠨ ᠡᠮᠴᠢᠯᠡᠭᠡᠨ ᠤ ᠪᠠᠲᠤᠯᠠᠭ᠎ᠠ᠂ ᠨᠡᠶᠢᠭᠡᠮ ᠤᠨ ᠳᠠᠭᠠᠳᠬᠠᠯ ᠵᠡᠷᠭᠡ ᠣᠯᠭᠤᠮᠵᠢ ᠶᠢᠨ ᠪᠠᠲᠤᠯᠠᠭ᠎ᠠ ᠶᠢᠨ ᠠᠵᠢᠯ ᠢ ᠵᠣᠬᠢᠶᠠᠨ ᠪᠠᠶᠢᠭᠤᠯᠤᠨ ᠵᠣᠬᠢᠴᠠᠭᠤᠯᠤᠨ ᠨᠠᠶᠢᠳᠠᠪᠤᠷᠢᠵᠢᠭᠤᠯᠤᠨ᠎ᠠ᠃       ᠳᠥᠷᠪᠡ᠂ ᠪᠥᠬᠦ ᠠᠶᠢᠮᠠᠭ ᠤᠨ ᠰᠢᠷᠬᠠᠲᠤᠵᠤ ᠡᠪᠡᠳᠴᠢᠯᠡᠭᠰᠡᠨ ᠵᠡᠮᠳᠡᠭ ᠪᠣᠯᠤᠭᠰᠠᠨ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠦᠶᠯᠡᠴᠢᠯᠡᠭᠡ ᠬᠠᠮᠢᠶᠠᠷᠤᠯᠲᠠ ᠪᠠ ᠠᠰᠠᠷᠠᠮᠵᠢ ᠶᠢᠨ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠴᠤ᠂ ᠦᠷᠭᠦᠯᠵᠢᠯᠡᠨ ᠴᠡᠷᠢᠭ ᠤᠨ ᠠᠯᠪᠠ ᠬᠠᠭᠠᠬᠤ ᠳᠤ ᠳᠣᠭᠢᠷᠠᠬᠤ ᠥᠬᠡᠶ ᠰᠢᠷᠬᠠᠲᠤᠵᠤ ᠡᠪᠡᠳᠴᠢᠯᠡᠭᠰᠡᠨ ᠵᠡᠮᠳᠡᠭ ᠪᠣᠯᠤᠭᠰᠠᠨ ᠴᠡᠷᠢᠭ ᠤᠨ ᠬᠠᠮᠢᠶ᠎ᠠ ᠪᠥᠬᠦᠶ ᠦᠶᠯᠡᠴᠢᠯᠡᠭᠡᠨ ᠤ ᠠᠵᠢᠯ ᠢ ᠡᠭᠦᠷᠭᠡᠯᠡᠨ᠎ᠡ᠃      ᠲᠠᠪᠤ  ᠂ ᠴᠡᠷᠢᠭ ᠤᠨ ᠠᠯᠪᠠᠨ ᠠᠴᠠ ᠬᠠᠯᠠᠭᠳᠠᠭᠰᠠᠳ ᠤᠨ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠪᠠ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢᠨ ᠨᠠᠶᠢᠳᠠᠪᠤᠷᠢᠵᠢᠭᠤᠯᠤᠯᠲᠠ ᠶᠢ ᠬᠢᠨᠠᠨ  ᠪᠠᠶᠢᠴᠠᠭᠠᠵᠦ᠂ ᠴᠡᠷᠢᠭ ᠤᠨ ᠠᠯᠪᠠᠨ ᠠᠴᠠ  ᠬᠠᠯᠠᠭᠳᠠᠭᠰᠠᠳ ᠤᠨ ᠡᠷᠬᠡ ᠠᠰᠢᠭ ᠢ ᠬᠠᠮᠠᠭᠠᠯᠠᠬᠤ ᠪᠠ ᠬᠤᠯᠪᠣᠭᠳᠠᠯ ᠪᠦᠬᠦᠢ ᠬᠥᠮᠦᠰ ᠢ ᠬᠠᠪᠰᠤᠷᠤᠨ ᠲᠡᠳᠬᠦᠵᠦ ᠲᠤᠰᠠᠯᠠᠬᠤ ᠵᠡᠷᠭᠡ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃     ᠵᠢᠷᠭᠤᠭ᠎ᠠ  ᠂ ᠦᠷᠡᠭᠳᠡᠭᠰᠡᠨ ᠪᠠᠭᠠᠲᠤᠷᠴᠤᠳ ᠵᠢᠴᠢ ᠴᠡᠷᠢᠭ ᠤᠨ ᠠᠯᠪᠠᠨ ᠠᠴᠠ  ᠬᠠᠯᠠᠭᠳᠠᠭᠰᠠᠳ ᠤᠨ ᠢᠷᠠᠭᠤ ᠠᠯᠳᠠᠷ ᠤᠨ ᠱᠠᠩᠨᠠᠯ᠂ ᠴᠡᠷᠢᠭ ᠬᠥᠮᠦᠨ ᠤ ᠨᠡᠶᠢᠲᠡ ᠶᠢᠨ ᠣᠩᠭᠤᠨ ᠤ ᠬᠠᠮᠢᠶᠠᠷᠤᠯᠲᠠ ᠬᠠᠮᠠᠭᠠᠯᠠᠯᠲᠠ᠂ ᠳᠤᠷᠠᠰᠬᠠᠯ  ᠤᠨ ᠠᠵᠢᠯᠯᠠᠭ᠎ᠠ ᠵᠡᠷᠭᠡ ᠠᠵᠢᠯ ᠢ ᠬᠠᠷᠢᠭᠤᠴᠠᠨ᠎ᠠ᠃                                        
 
ᠢᠷᠡᠯᠲᠡ᠄ ᠬᠢᠩᠭᠠᠨ ᠠᠶᠢᠮᠠᠭ ᠤᠨ ᠴᠡᠷᠢᠭ  ᠤᠨ ᠠᠯᠪᠠ ᠠᠴᠠ ᠬᠠᠯᠠᠭᠳᠠᠭᠰᠠᠳ ᠤᠨ ᠶᠠᠪᠤᠳᠠᠯ ᠤᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号