ᠭᠤᠤᠯ ᠡᠭᠦᠷᠭᠡ ᠬᠠᠷᠢᠭᠤᠴᠠᠯᠭ᠎ᠠ᠄ | ᠨᠢᠭᠡ᠂ ᠵᠠᠬ᠎ᠠ ᠳᠡᠯᠭᠡᠭᠦᠷ ᠤᠨ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃ ᠤᠯᠤᠰ᠂ | ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠠᠵᠢᠯ ᠤᠨ ᠲᠤᠬᠠᠶ ᠬᠠᠤᠯᠢ | ᠴᠠᠭᠠᠵᠠ ᠬᠠᠤᠯᠢ ᠲᠣᠭᠲᠠᠭᠠᠯ᠂ ᠳᠦᠷᠢᠮ ᠢ ᠲᠤᠭᠤᠰᠢᠯᠠᠭᠤᠯᠤᠨ ᠬᠡᠷᠡᠭᠵᠢᠭᠦᠯᠦᠨ᠎ᠡ᠃ ᠪᠦᠬᠦ ᠠᠶᠢᠮᠠᠭ ᠤᠨ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠪᠣᠭᠤᠮᠲᠠ ᠶᠢᠨ ᠳᠦᠷᠢᠮ ᠲᠣᠭᠲᠠᠭᠠᠯ ᠤᠨ ᠴᠢᠨᠠᠷᠲᠠᠶ ᠪᠢᠴᠢᠭ | ᠮᠠᠲ᠋ᠧᠷᠢᠶᠠᠯ ᠢ ᠲᠤᠭᠤᠷᠪᠢᠬᠤ ᠳᠤ ᠣᠷᠣᠯᠴᠠᠨ᠎ᠠ᠃ ᠶᠠᠰᠤ ᠴᠢᠨᠠᠷ ᠢᠶᠠᠷ ᠠᠶᠢᠮᠠᠭ ᠢᠶᠠᠨ ᠬᠦᠴᠦᠷᠬᠡᠭᠵᠢᠭᠦᠯᠬᠦ | ᠪᠠᠶᠢᠯᠳᠤᠬᠤ ᠪᠣᠳᠣᠯᠭ᠎ᠠ᠂ ᠢᠳᠡᠭᠡᠨ ᠤ ᠠᠮᠤᠷ ᠲᠦᠪᠰᠢᠨ ᠤ ᠪᠠᠶᠢᠯᠳᠤᠬᠤ ᠪᠣᠳᠣᠯᠭ᠎ᠠ ᠪᠠ ᠪᠠᠷᠢᠮᠵᠢᠶᠠᠵᠢᠭᠤᠯᠬᠤ | ᠪᠠᠶᠢᠯᠳᠤᠬᠤ ᠪᠣᠳᠣᠯᠭ᠎ᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠪᠦᠬᠦ ᠠᠶᠢᠮᠠᠭ ᠤᠨ ᠵᠠᠬ᠎ᠠ ᠳᠡᠯᠭᠡᠭᠦᠷ ᠤᠨ | ᠬᠢᠨᠠᠯᠲᠠ ᠬᠠᠮᠢᠶᠠᠷᠤᠯᠲᠠ ᠶᠢᠨ ᠲᠠᠯ᠎ᠠ ᠶᠢᠨ ᠬᠤᠯᠪᠣᠭᠳᠠᠯ ᠪᠦᠬᠦᠢ ᠠᠵᠢᠯ ᠤᠨ ᠲᠥᠯᠥᠪᠵᠢᠭᠦᠯᠭᠡ ᠶᠢ ᠬᠠᠷᠢᠭᠤᠴᠠᠨ | ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠵᠠᠬ᠎ᠠ ᠳᠡᠯᠭᠡᠭᠦᠷ ᠤᠨ ᠡᠮᠬᠢ ᠳᠢᠭᠯᠢᠮ ᠢ | ᠵᠢᠷᠤᠮᠵᠢᠭᠤᠯᠤᠨ ᠬᠠᠮᠠᠭᠠᠯᠠᠵᠤ᠂ ᠦᠨᠡᠨᠴᠢ ᠢᠲᠡᠭᠡᠮᠵᠢᠲᠡᠶ᠂ ᠡᠷᠬᠡ ᠲᠡᠭᠰᠢ ᠪᠠᠷ ᠥᠷᠢᠰᠦᠯᠳᠦᠬᠦ ᠵᠠᠬ᠎ᠠ ᠳᠡᠯᠭᠡᠭᠦᠷ ᠤᠨ | ᠣᠷᠴᠢᠨ ᠲᠣᠭᠤᠷᠢᠨ ᠢ ᠪᠤᠢ ᠪᠣᠯᠭᠠᠨ᠎ᠠ᠃ | ᠬᠤᠶᠠᠷ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢ ᠨᠢᠭᠡᠳᠦᠯᠲᠡᠶ ᠳᠠᠩᠰᠠᠯᠠᠨ ᠲᠡᠮᠳᠡᠭᠯᠡᠬᠦ ᠶᠢ ᠬᠠᠷᠢᠭᠤᠴᠠᠨ᠎ᠠ | ᠃ ᠠᠶᠢᠮᠠᠭ ᠤᠨ ᠡᠯ᠎ᠡ ᠲᠥᠷᠥᠯ ᠤᠨ ᠠᠵᠤ ᠠᠬᠤᠶᠢᠯᠠᠯ᠂ ᠲᠠᠷᠢᠶᠠᠴᠢᠨ ᠮᠠᠯᠴᠢᠳ ᠤᠨ ᠲᠤᠰᠬᠠᠶ ᠬᠤᠷᠰᠢᠶᠠᠵᠢᠯ | ᠪᠣᠯᠤᠨ ᠡᠵᠡᠩᠨᠡᠯᠲᠡ ᠶᠢᠨ ᠠᠵᠢᠯᠯᠠᠭ᠎ᠠ ᠬᠢᠵᠦ ᠪᠠᠶᠢᠭ᠎ᠠ ᠨᠢᠭᠡᠴᠢ᠂ ᠬᠤᠪᠢ ᠶᠢᠨ ᠠᠵᠤ ᠦᠢᠯᠡᠳᠪᠦᠷᠢ ᠬᠤᠳᠠᠯᠳᠤᠭᠠᠨ | ᠤ ᠡᠷᠦᠬᠡ ᠵᠢᠴᠢ ᠡᠷᠬᠡ ᠣᠯᠭᠤᠭᠰᠠᠨ ᠬᠡᠪᠴᠢᠶᠡᠨ ᠳᠣᠲᠣᠷᠠᠬᠢ ᠭᠠᠳᠠᠭᠠᠳᠤ ᠤᠯᠤᠰ ︵ᠭᠠᠵᠠᠷ ᠣᠷᠣᠨ︶ ᠤᠨ ᠠᠵᠤ | ᠠᠬᠤᠶᠢᠯᠠᠯ ᠤᠨ ᠪᠠᠶᠢᠩᠭᠤ ᠰᠠᠭᠤᠭ᠎ᠠ ᠲᠥᠯᠥᠭᠡᠯᠡᠬᠦ ᠪᠠᠶᠢᠭᠤᠯᠤᠮᠵᠢ ᠵᠡᠷᠭᠡ ᠵᠠᠬ᠎ᠠ ᠳᠡᠯᠭᠡᠭᠦᠷ ᠤᠨ ᠭᠤᠣᠯ ᠴᠣᠭᠴᠠ ᠶᠢ | ᠳᠠᠩᠰᠠᠯᠠᠨ ᠲᠡᠮᠳᠡᠭᠯᠡᠬᠦ ᠠᠵᠢᠯ ᠢ ᠵᠢᠯᠣᠭᠤᠳᠤᠨ᠎ᠠ᠃ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠮᠡᠳᠡᠭᠡ ᠵᠠᠩᠭᠢ ᠶᠢ | ᠢᠯᠡ ᠨᠡᠶᠢᠲᠡᠯᠡᠬᠦ ᠪᠠ ᠬᠠᠮᠲᠤᠪᠠᠷ ᠭᠥᠷᠳᠡᠬᠦ ᠲᠣᠭᠲᠠᠴᠠ ᠶᠢ ᠪᠠᠶᠢᠭᠤᠯᠵᠤ᠂ ᠬᠤᠯᠪᠣᠭᠳᠠᠯ ᠪᠥᠬᠦᠶ ᠮᠡᠳᠡᠭᠡ ᠵᠠᠩᠭᠢ ᠶᠢ | ᠬᠠᠤᠯᠢ ᠶᠣᠰᠣᠭᠠᠷ ᠵᠠᠷᠯᠠᠨ ᠨᠡᠶᠢᠲᠡᠯᠡᠬᠦ ᠪᠠ ᠬᠠᠮᠲᠤᠪᠠᠷ ᠭᠥᠷᠳᠡᠵᠦ᠂ ᠢᠲᠡᠭᠡᠮᠵᠢ ᠶᠢᠨ ᠬᠢᠨᠠᠯᠲᠠ ᠬᠠᠮᠢᠶᠠᠷᠤᠯᠲᠠ ᠶᠢ | ᠴᠢᠩᠭᠠᠳᠬᠠᠨ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ | ᠠᠬᠢᠭᠤᠯᠤᠨ᠎ᠠ᠃ | ᠭᠤᠷᠪᠠ᠂ ᠵᠠᠬ᠎ᠠ ᠳᠡᠯᠭᠡᠭᠦᠷ ᠤᠨ ᠡᠮᠬᠢ ᠵᠢᠷᠤᠮ ᠢ ᠬᠢᠨᠠᠨ ᠬᠠᠮᠢᠶᠠᠷᠬᠤ ᠶᠢ ᠬᠠᠷᠢᠭᠤᠴᠠᠨ᠎ᠠ᠃ ᠵᠠᠬ᠎ᠠ | ᠳᠡᠯᠭᠡᠭᠦᠷ ᠤᠨ ᠡᠮᠬᠢ ᠵᠢᠷᠣᠮ ᠢ ᠵᠢᠷᠤᠮᠵᠢᠭᠤᠯᠤᠨ ᠬᠠᠮᠠᠭᠠᠯᠠᠵᠤ᠂ ᠵᠠᠬ᠎ᠠ ᠳᠡᠯᠭᠡᠭᠦᠷ ᠤᠨ ᠠᠷᠠᠯᠵᠢᠶ᠎ᠠ᠂ ᠰᠦᠯᠵᠢᠶᠡᠨ ᠤ | ᠲᠠᠸᠠᠷ ᠤᠨ ᠠᠷᠠᠯᠵᠢᠶ᠎ᠠ ᠵᠢᠴᠢ ᠬᠤᠯᠪᠣᠭᠳᠠᠯ ᠪᠦᠬᠦᠢ ᠦᠢᠯᠡᠴᠢᠯᠡᠭᠡᠨ ᠤ ᠠᠵᠢᠯᠯᠠᠭ᠎ᠠ ᠶᠢ ᠬᠠᠤᠯᠢ ᠶᠣᠰᠣᠭᠠᠷ ᠬᠢᠨᠠᠨ | ᠬᠠᠮᠢᠶᠠᠷᠤᠨ᠎ᠠ᠃ ᠦᠨ᠎ᠡ ᠬᠠᠩᠰᠢ ᠰᠦᠢᠳᠬᠡᠯ ᠬᠤᠷᠢᠶᠠᠬᠤ ᠲᠠᠯ᠎ᠠ ᠪᠠᠷ ᠬᠠᠤᠯᠢ ᠲᠣᠭᠲᠠᠭᠠᠯ ᠶᠢ ᠵᠥᠷᠢᠴᠡᠭᠰᠡᠨ | ᠠᠵᠢᠯᠯᠠᠭ᠎ᠠ᠂ ᠵᠦᠢ ᠪᠤᠰᠤ ᠪᠠᠷ ᠥᠷᠢᠰᠥᠯᠳᠦᠭᠰᠡᠨ᠂ ᠬᠠᠤᠯᠢ ᠶᠢ ᠵᠦᠷᠢᠴᠡᠭᠰᠡᠨ ᠰᠢᠭᠤᠳ ᠪᠤᠷᠤᠯᠠᠭᠤᠯᠭ᠎ᠠ᠂ | ᠳᠠᠮᠵᠢᠭᠤᠯᠤᠨ ᠪᠤᠷᠤᠯᠠᠭᠤᠯᠭ᠎ᠠ᠂ ᠲᠠᠸᠠᠷ ᠤᠨ ᠲᠡᠮᠳᠡᠭ ᠤᠨ ᠲᠤᠰᠬᠠᠶ ᠠᠰᠢᠭ ᠤᠨ ᠮᠡᠳᠡᠯᠭᠡ ᠶᠢᠨ ᠪᠦᠲᠦᠭᠡᠭᠳᠡᠬᠦᠨ ᠤ | ᠥᠮᠴᠢᠯᠡᠬᠦ ᠡᠷᠬᠡ ᠳᠤ ᠬᠠᠯᠳᠠᠭᠰᠠᠨ ᠪᠠ ᠬᠤᠳᠠᠯ ᠬᠠᠭᠤᠷᠮᠠᠭ ᠴᠢᠨᠠᠷ ᠮᠠᠭᠤ ᠦᠢᠯᠡᠳᠬᠦᠨ ᠦᠢᠯᠡᠳᠴᠦ | ᠪᠣᠷᠣᠯᠠᠭᠤᠯᠤᠭᠰᠠᠨ ᠠᠵᠢᠯᠯᠠᠭ᠎ᠠ ᠶᠢ ᠪᠠᠶᠢᠴᠠᠭᠠᠨ ᠰᠢᠶᠳᠪᠦᠷᠢᠯᠡᠬᠦ ᠶᠢ ᠵᠣᠬᠢᠶᠠᠨ ᠪᠠᠶᠢᠭᠤᠯᠤᠨ ᠵᠢᠯᠣᠭᠤᠳᠤᠨ᠎ᠠ᠃ ᠵᠠᠷ | ᠮᠡᠳᠡᠭᠡ ᠶᠢᠨ ᠦᠢᠯᠡᠰ ᠤᠨ ᠬᠥᠭᠵᠢᠯᠲᠡ ᠶᠢ ᠵᠢᠯᠣᠭᠤᠳᠴᠤ᠂ ᠵᠠᠷ ᠮᠡᠳᠡᠭᠡ ᠶᠢᠨ ᠠᠵᠢᠯᠯᠠᠭ᠎ᠠ ᠶᠢ ᠬᠢᠨᠠᠨ | ᠬᠠᠮᠢᠶᠠᠷᠤᠨ᠎ᠠ᠃ ᠦᠨᠡᠮᠯᠡᠯ ᠦᠭᠡᠶ ᠪᠠᠷ ᠦᠢᠯᠡᠳᠪᠦᠷᠢᠯᠡᠵᠦ ᠡᠵᠡᠩᠨᠡᠬᠦ ᠪᠠ ᠦᠨᠡᠮᠯᠡᠯ ᠦᠭᠡᠶ ᠪᠠᠷ ᠦᠢᠯᠡᠳᠪᠦᠷᠢᠯᠡᠵᠦ | ᠡᠵᠡᠩᠨᠡᠬᠦ ᠬᠠᠮᠢᠶ᠎ᠠ ᠪᠦᠬᠦᠢ ᠦᠢᠯᠡ ᠠᠵᠢᠯᠯᠠᠭ᠎ᠠ ᠪᠠᠶᠢᠴᠠᠭᠠᠨ ᠰᠢᠶᠳᠪᠦᠷᠢᠯᠡᠬᠦ ᠶᠢ ᠵᠢᠯᠣᠭᠤᠳᠤᠨ᠎ᠠ᠃ ᠬᠢᠩᠭᠠᠨ | ᠠᠶᠢᠮᠠᠭ ᠤᠨ ᠬᠡᠷᠡᠭᠯᠡᠭᠴᠢᠳ ᠤᠨ ᠨᠡᠶᠢᠭᠡᠮᠯᠢᠭ ᠤᠨ ᠬᠡᠷᠡᠭᠯᠡᠭᠡᠨ ᠤ ᠡᠷᠬᠡ ᠪᠠᠨ ᠬᠠᠮᠠᠭᠠᠯᠠᠬᠤ ᠠᠵᠢᠯ ᠥᠷᠨᠢᠭᠦᠯᠬᠦ ᠶᠢ | ᠵᠢᠯᠣᠭᠤᠳᠤᠨ᠎ᠠ᠃ | ᠳᠥᠷᠪᠡ ᠂ ᠶᠠᠰᠤ ᠴᠢᠨᠠᠷ ᠤᠨ ᠬᠤᠷᠸ᠎ᠠ ᠬᠠᠮᠢᠶᠠᠷᠤᠯᠲᠠ ᠶᠢ ᠬᠠᠷᠢᠭᠤᠴᠠᠨ᠎ᠠ᠃ ᠠᠶᠢᠮᠠᠭ ᠤᠨ ᠶᠠᠰᠤ ᠴᠢᠨᠠᠷ | ᠤᠨ ᠬᠥᠭᠵᠢᠯᠲᠡ ᠶᠢᠨ ᠳᠦᠷᠢᠮ ᠪᠠ ᠠᠷᠭ᠎ᠠ ᠬᠡᠮᠵᠢᠶ᠎ᠡ ᠶᠢ ᠲᠥᠯᠥᠪᠯᠡᠨ ᠬᠡᠷᠡᠭᠵᠢᠭᠦᠯᠵᠦ᠂ ᠨᠡᠷᠡᠲᠦ ᠲᠡᠮᠲᠡᠭᠳᠦ ᠶᠢᠨ | ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠠᠬᠢᠭᠤᠯᠤᠨ᠎ᠠ᠃ ᠶᠠᠰᠤ ᠴᠢᠨᠠᠷ ᠤᠨ ᠰᠠᠭᠤᠷᠢ ᠪᠡᠯᠡᠳᠬᠡᠮᠵᠢ ᠶᠢᠨ | ᠪᠦᠲᠦᠭᠡᠨ ᠪᠠᠶᠢᠭᠤᠯᠤᠯᠲᠠ ᠬᠢᠭᠡᠳ ᠬᠡᠷᠡᠭᠯᠡᠯᠲᠡ ᠶᠢ ᠨᠢᠭᠡᠳᠦᠯᠲᠡᠶ ᠲᠦᠯᠦᠪᠵᠢᠭᠦᠯᠵᠦ᠂ ᠬᠤᠯᠪᠣᠭᠳᠠᠯ ᠪᠦᠬᠦᠢ ᠰᠠᠯᠠᠭ᠎ᠠ | ᠮᠥᠴᠢᠷ ᠲᠠᠢ ᠬᠠᠮᠲᠤᠷᠠᠨ ᠴᠢᠬᠤᠯᠠ ᠶᠡᠭᠡ ᠪᠠᠷᠢᠯᠭ᠎ᠠ ᠶᠢᠨ ᠲᠥᠬᠦᠭᠡᠷᠦᠮᠵᠢ ᠶᠢᠨ ᠶᠠᠰᠤ ᠴᠢᠨᠠᠷ ᠢ ᠬᠢᠨᠠᠨ ᠬᠠᠮᠢᠶᠠᠷᠬᠤ | ᠳᠦᠷᠢᠮ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠶᠠᠰᠤ ᠴᠢᠨᠠᠷ ᠤᠨ ᠬᠦᠨᠳᠦ ᠶᠡᠭᠡ ᠡ᠊ᠨᠳᠡᠯ ᠤᠨ ᠪᠠᠶᠢᠴᠠᠭᠠᠯᠳᠠ | ᠶᠢ ᠵᠣᠬᠢᠶᠠᠨ ᠪᠠᠶᠢᠭᠤᠯᠵᠤ᠂ ᠵᠡᠷᠡᠮᠳᠡᠭ ᠦᠢᠯᠡᠳᠬᠦᠨ ᠢ ᠡᠭᠡᠭᠦᠯᠦᠨ ᠠᠪᠴᠢᠷᠠᠬᠤ ᠳᠦᠷᠢᠮ ᠢ ᠪᠠᠶᠢᠭᠤᠯᠬᠤ ᠶᠢᠨ | ᠬᠠᠮᠲᠤ ᠨᠢᠭᠡᠳᠦᠯᠲᠡᠶ ᠬᠡᠷᠡᠭᠵᠢᠭᠦᠯᠵᠦ᠂ ᠦᠢᠯᠡᠳᠬᠦᠨ ᠤ ᠬᠠᠭᠤᠷᠮᠠᠭ ᠢ ᠰᠡᠷᠭᠡᠶᠢᠯᠡᠬᠦ ᠠᠵᠢᠯ ᠢ ᠬᠢᠨᠠᠨ ᠬᠠᠮᠢᠶᠠᠷᠤᠨ᠎ᠠ᠃ | ᠲᠠᠪᠤ ᠂ ᠪᠦᠬᠦ ᠠᠶᠢᠮᠠᠭ ᠤᠨ ᠭᠡᠷᠡᠴᠢᠯᠡᠵᠦ ᠵᠥᠪᠰᠢᠶᠡᠷᠡᠬᠦ ᠠᠵᠢᠯ ᠢ ᠨᠢᠭᠡᠳᠦᠯᠲᠡᠢ ᠬᠠᠮᠢᠶᠠᠷᠬᠤ᠂ ᠬᠢᠨᠠᠯᠲᠠ | ᠲᠠᠯᠪᠢᠬᠤ ᠪᠠ ᠶᠡᠷᠦᠩᠬᠡᠶᠢᠯᠡᠨ ᠵᠣᠬᠢᠴᠠᠭᠤᠯᠬᠤ ᠶᠢ ᠬᠠᠷᠢᠭᠤᠴᠠᠵᠤ᠂ ᠬᠠᠮᠢᠶ᠎ᠠ ᠪᠦᠬᠦᠢ ᠭᠡᠷᠡᠴᠢᠯᠡᠵᠦ ᠵᠥᠪᠰᠢᠶᠡᠷᠡᠬᠦ ᠪᠠ | ᠬᠢᠷᠢ ᠲᠡᠩᠴᠡᠬᠦ ᠶᠢ ᠦᠨᠡᠯᠡᠨ ᠲᠣᠭᠲᠠᠭᠠᠬᠤ ᠬᠢᠨᠠᠯᠲᠠ ᠬᠠᠮᠢᠶᠠᠷᠤᠯᠲᠠ ᠵᠡᠷᠭᠡ ᠠᠵᠢᠯ ᠢ ᠲᠣᠭᠲᠠᠭᠰᠠᠨ ᠡᠷᠬᠡ ᠮᠡᠳᠡᠯ | ᠶᠣᠰᠣᠭᠠᠷ ᠡᠭᠦᠷᠭᠡᠯᠡᠨ᠎ᠡ᠃ | ᠵᠢᠷᠭᠤᠭ᠎ᠠ᠂ ᠪᠠᠶᠢᠴᠠᠭᠠᠨ ᠰᠢᠯᠭᠠᠵᠤ ᠪᠠᠶᠢᠴᠠᠭᠠᠨ ᠬᠡᠮᠵᠢᠬᠦ ᠠᠵᠢᠯ ᠢ ᠨᠢᠭᠡᠳᠦᠯᠲᠡᠶ ᠬᠠᠮᠢᠶᠠᠷᠬᠤ ᠶᠢ ᠬᠠᠷᠢᠭᠤᠴᠠᠨ᠎ᠠ | ᠃ ᠪᠦᠬᠦ ᠠᠶᠢᠮᠠᠭ ᠤᠨ ᠪᠠᠶᠢᠴᠠᠭᠠᠨ ᠰᠢᠯᠭᠠᠵᠤ ᠪᠠᠶᠢᠴᠠᠭᠠᠨ ᠬᠡᠮᠵᠢᠬᠦ ᠪᠠᠶᠢᠭᠤᠯᠤᠮᠵᠢ ᠶᠢᠨ ᠥᠭᠡᠷᠡᠴᠢᠯᠡᠯᠲᠡ ᠶᠢ | ᠲᠦᠯᠬᠢᠨ ᠠᠬᠢᠭᠤᠯᠵᠤ᠂ ᠪᠠᠶᠢᠴᠠᠭᠠᠨ ᠰᠢᠯᠭᠠᠵᠤ ᠪᠠᠶᠢᠴᠠᠭᠠᠨ ᠬᠡᠮᠵᠢᠬᠦ ᠵᠠᠬ᠎ᠠ ᠳᠡᠯᠭᠡᠭᠦᠷ ᠢ ᠵᠢᠷᠤᠮᠵᠢᠭᠤᠯᠤᠨ᠂ | ᠪᠠᠶᠢᠴᠠᠭᠠᠨ ᠰᠢᠯᠭᠠᠵᠤ ᠪᠠᠶᠢᠴᠠᠭᠠᠨ ᠬᠡᠮᠵᠢᠬᠦ ᠰᠢᠰᠲ᠋ᠧᠮᠵᠢ ᠶᠢ ᠲᠡᠭᠦᠯᠳᠡᠷᠵᠢᠭᠦᠯᠵᠦ᠂ ᠪᠠᠶᠢᠴᠠᠭᠠᠨ ᠰᠢᠯᠭᠠᠵᠤ | ᠪᠠᠶᠢᠴᠠᠭᠠᠨ ᠬᠡᠮᠵᠢᠬᠦ ᠠᠵᠢᠯ ᠲᠥᠷᠥᠯ ᠤᠨ ᠬᠥᠭᠵᠢᠯᠲᠡ ᠶᠢ ᠵᠢᠯᠣᠭᠤᠳᠤᠨ ᠵᠣᠬᠢᠴᠠᠭᠤᠯᠤᠨ᠎ᠠ᠃ | ᠳᠣᠯᠤᠭ᠎ᠠ᠂ ᠬᠡᠮᠵᠢᠯᠲᠡ ᠶᠢᠨ ᠠᠵᠢᠯ ᠢ ᠨᠢᠭᠡᠳᠦᠯᠲᠡᠶ ᠬᠠᠮᠢᠶᠠᠷᠬᠤ ᠶᠢ ᠬᠠᠷᠢᠭᠤᠴᠠᠨ᠎ᠠ᠃ ᠤᠯᠤᠰ ᠤᠨ | ᠬᠡᠮᠵᠢᠯᠲᠡ ᠶᠢᠨ ᠳᠦᠷᠢᠮ ᠢ ᠨᠠᠶᠢᠳᠠᠪᠤᠷᠢᠵᠢᠭᠤᠯᠵᠤ᠂ ᠬᠠᠤᠯᠢ ᠪᠠᠷ ᠲᠣᠭᠲᠠᠭᠠᠭᠰᠠᠨ ᠬᠡᠮᠵᠢᠯᠲᠡ ᠶᠢᠨ ᠨᠢᠭᠡᠴᠢ ᠶᠢ | ᠬᠡᠷᠡᠭᠵᠢᠭᠦᠯᠦᠨ᠂ ᠬᠡᠮᠵᠢᠯᠲᠡ ᠶᠢᠨ ᠪᠠᠭᠠᠵᠢ ᠬᠡᠷᠡᠭᠰᠡᠯ ᠵᠢᠴᠢ ᠲᠤᠭ᠎ᠠ ᠬᠡᠮᠵᠢᠭᠳᠡᠯ ᠢ ᠳᠠᠮᠵᠢᠭᠤᠯᠬᠤ ᠪᠠ ᠬᠠᠷᠢᠴᠠᠭᠤᠯᠬᠤ | ᠠᠵᠢᠯ ᠢ ᠬᠠᠮᠢᠶᠠᠷᠤᠨ᠎ᠠ᠃ ᠲᠠᠸᠠᠷ ᠤᠨ ᠬᠡᠮᠵᠢᠶ᠎ᠡ ᠪᠠ ᠵᠠᠬ᠎ᠠ ᠳᠡᠯᠭᠡᠭᠦᠷ ᠤᠨ ᠬᠡᠮᠵᠢᠯᠲᠡ ᠶᠢᠨ ᠠᠵᠢᠯᠯᠠᠭ᠎ᠠ ᠶᠢ | ᠵᠢᠷᠤᠮᠵᠢᠭᠤᠯᠵᠤ᠂ ᠲᠡᠭᠦᠨ ᠳᠤ ᠬᠢᠨᠠᠯᠲᠠ ᠲᠠᠯᠪᠢᠨ᠎ᠠ᠃ | ᠨᠠᠶᠮᠠ ᠂ ᠪᠦᠬᠦ ᠠᠶᠢᠮᠠᠭ ᠤᠨ ᠪᠠᠷᠢᠮᠵᠢᠶᠠᠵᠢᠭᠤᠯᠬᠤ ᠠᠵᠢᠯ ᠢ ᠨᠢᠭᠡᠳᠦᠯᠲᠡᠶ ᠬᠠᠮᠢᠶᠠᠷᠬᠤ ᠪᠠ ᠵᠢᠯᠣᠭᠤᠳᠬᠤ ᠶᠢ | ᠬᠠᠷᠢᠭᠤᠴᠠᠨ᠎ᠠ᠃ ᠣᠷᠣᠨ ᠨᠤᠲᠤᠭ ᠤᠨ ᠪᠠᠷᠢᠮᠵᠢᠶ᠎ᠠ ᠶᠢ ᠵᠣᠬᠢᠶᠠᠨ ᠪᠠᠶᠢᠭᠤᠯᠤᠨ ᠲᠣᠭᠲᠠᠭᠠᠬᠤ᠂ ᠬᠢᠨᠠᠯᠲᠠ ᠲᠠᠯᠪᠢᠬᠤ | ᠵᠡᠷᠭᠡ ᠠᠵᠢᠯ ᠢ ᠡᠭᠦᠷᠭᠡᠯᠡᠨ᠎ᠡ᠃ ᠤᠯᠤᠰ ᠤᠨ ᠪᠠᠷᠢᠮᠵᠢᠶ᠎ᠠ᠂ ᠠᠵᠢᠯ ᠲᠥᠷᠥᠯ ᠤᠨ ᠪᠠᠷᠢᠮᠵᠢᠶ᠎ᠠ᠂ ᠣᠷᠣᠨ ᠨᠤᠲᠤᠭ ᠤᠨ | ᠪᠠᠷᠢᠮᠵᠢᠶ᠎ᠠ ᠶᠢ ᠬᠡᠷᠡᠭᠵᠢᠭᠦᠯᠬᠦ ᠳᠤ ᠬᠢᠨᠠᠯᠲᠠ ᠲᠠᠯᠪᠢᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ ᠪᠦᠯᠬᠦᠮ | ᠨᠡᠶᠢᠲᠡ ᠶᠢᠨ ᠪᠠᠷᠢᠮᠵᠢᠶ᠎ᠠ᠂ ᠠᠵᠤ ᠠᠬᠤᠶᠢᠯᠠᠯ ᠤᠨ ᠪᠠᠷᠢᠮᠵᠢᠶ᠎ᠠ ᠲᠣᠭᠲᠠᠭᠠᠬᠤ ᠠᠵᠢᠯ ᠢ ᠬᠠᠤᠯᠢ ᠶᠣᠰᠣᠭᠠᠷ | ᠵᠣᠬᠢᠴᠠᠭᠤᠯᠤᠨ ᠵᠢᠯᠣᠭᠤᠳᠬᠤ ᠪᠠ ᠬᠢᠨᠠᠯᠲᠠ ᠲᠠᠯᠪᠢᠨ᠎ᠠ᠃ | ᠶᠢᠰᠦ᠂ ᠣᠨᠴᠠ ᠲᠥᠷᠥᠯ ᠤᠨ ᠲᠥᠬᠦᠭᠡᠷᠦᠮᠵᠢ ᠶᠢᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ | ᠬᠠᠷᠢᠭᠤᠴᠠᠨ᠎ᠠ᠃ ᠣᠨᠴᠠ ᠲᠥᠷᠥᠯ ᠤᠨ ᠲᠥᠬᠦᠭᠡᠷᠦᠮᠵᠢ ᠶᠢᠨ ᠠᠮᠤᠷ ᠲᠦᠪᠰᠢᠨ ᠢ ᠬᠢᠨᠠᠨ ᠪᠠᠶᠢᠴᠠᠭᠠᠬᠤ᠂ ᠬᠢᠨᠠᠯᠲᠠ | ᠲᠠᠯᠪᠢᠬᠤ ᠠᠵᠢᠯ ᠢ ᠶᠡᠷᠦᠩᠬᠡᠶᠢᠯᠡᠨ ᠬᠠᠮᠢᠶᠠᠷᠴᠤ᠂ ᠡᠨᠧᠷᠭᠢ ᠶᠡᠭᠡ ᠬᠤᠷᠣᠭᠳᠠᠭᠤᠯᠬᠤ ᠣᠨᠴᠠ ᠲᠥᠷᠥᠯ ᠤᠨ | ᠲᠥᠬᠦᠭᠡᠷᠦᠮᠵᠢ ᠶᠢᠨ ᠡᠨᠧᠷᠭᠢ ᠠᠷᠪᠢᠯᠠᠬᠤ ᠪᠠᠷᠢᠮᠵᠢᠶ᠎ᠠ ᠪᠣᠯᠤᠨ ᠵᠤᠤᠬ᠎ᠠ ᠶᠢᠨ ᠣᠷᠴᠢᠨ ᠲᠣᠭᠤᠷᠢᠨ ᠢ ᠬᠠᠮᠠᠭᠠᠯᠠᠬᠤ | ᠪᠠᠷᠢᠮᠵᠢᠶ᠎ᠠ ᠶᠢ ᠬᠡᠷᠡᠭᠵᠢᠭᠦᠯᠵᠦ ᠪᠠᠶᠢᠭ᠎ᠠ ᠪᠠᠶᠢᠳᠠᠯ ᠳᠤ ᠬᠢᠨᠠᠯᠲᠠ ᠲᠠᠯᠪᠢᠵᠤ ᠪᠠᠶᠢᠴᠠᠭᠠᠨ᠎ᠠ᠃ | ᠠᠷᠪᠠ᠂ ᠦᠶᠯᠡᠳᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ | ᠃ ᠦᠢᠯᠡᠳᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠲᠦᠭᠰᠢᠭᠦᠷᠢ ᠶᠢ ᠬᠢᠨᠠᠨ ᠡᠵᠡᠮᠳᠡᠬᠦ᠂ ᠬᠢᠨᠠᠯᠲᠠ ᠲᠠᠯᠪᠢᠵᠤ | ᠰᠤᠭᠤᠴᠢᠨ ᠪᠠᠶᠢᠴᠠᠭᠠᠬᠤ ᠠᠵᠢᠯ ᠪᠣᠯᠤᠨ ᠬᠢᠷᠢ ᠲᠡᠩᠴᠡᠬᠦ ᠦᠭᠡᠶ ᠦᠢᠯᠡᠳᠬᠦᠨ ᠢ ᠰᠢᠢᠳᠪᠦᠷᠢᠯᠡᠬᠦ ᠠᠵᠢᠯ ᠢ | ᠬᠠᠮᠢᠶᠠᠷᠴᠤ᠂ ᠦᠢᠯᠡᠳᠬᠦᠨ ᠤ ᠶᠠᠰᠤ ᠴᠢᠨᠠᠷ ᠤᠨ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠬᠠᠤᠯᠢ | ᠶᠣᠰᠣᠭᠠᠷ ᠪᠠᠶᠢᠴᠠᠭᠠᠨ ᠰᠢᠶᠳᠪᠦᠷᠢᠯᠡᠵᠦ᠂ ᠦᠢᠯᠡᠳᠬᠦᠨ ᠤ ᠶᠠᠰᠤ ᠴᠢᠨᠠᠷ ᠢ ᠰᠢᠯᠭᠠᠨ ᠪᠠᠶᠢᠴᠠᠭᠠᠬᠤ ᠪᠠᠶᠢᠭᠤᠯᠤᠮᠵᠢ | ᠵᠢᠴᠢ ᠬᠥᠨᠳᠡᠯᠡᠨ ᠠᠴᠠ ᠲᠠᠰᠤᠯᠬᠤ ᠶᠢᠨ ᠰᠢᠯᠭᠠᠨ ᠪᠠᠶᠢᠴᠠᠭᠠᠬᠤ ᠪᠠ ᠬᠢᠨᠠᠨ ᠲᠣᠭᠲᠠᠭᠠᠬᠤ ᠠᠵᠢᠯ ᠳᠤ ᠬᠢᠨᠠᠯᠲᠠ | ᠲᠠᠯᠪᠢᠵᠤ ᠬᠠᠮᠢᠶᠠᠷᠤᠨ᠎ᠠ᠃ ᠪᠦᠬᠦ ᠠᠶᠢᠮᠠᠭ ᠤᠨ ᠦᠢᠯᠡᠳᠬᠦᠨ ᠤ ᠶᠠᠰᠤ ᠴᠢᠨᠠᠷ ᠲᠤ ᠬᠢᠨᠠᠯᠲᠠ ᠲᠠᠯᠪᠢᠵᠤ ᠰᠤᠭᠤᠴᠢᠨ | ᠪᠠᠶᠢᠴᠠᠭᠠᠬᠤ ᠲᠥᠯᠥᠪᠯᠡᠭᠡ ᠶᠢ ᠨᠢᠭᠡᠳᠦᠯᠲᠡᠢ ᠨᠠᠶᠢᠷᠠᠭᠤᠯᠤᠨ ᠵᠣᠬᠢᠶᠠᠬᠤ ᠶᠢᠨ ᠬᠠᠮᠲᠤ ᠵᠣᠬᠢᠶᠠᠨ ᠪᠠᠶᠢᠭᠤᠯᠤᠨ | ᠬᠡᠷᠡᠭᠵᠢᠭᠦᠯᠦᠨ᠎ᠡ᠃ ᠶᠠᠰᠤ ᠴᠢᠨᠠᠷ ᠢ ᠳᠡᠰ ᠬᠤᠪᠢᠶᠠᠬᠤ ᠳᠦᠷᠢᠮ᠂ ᠶᠠᠰᠤ ᠴᠢᠨᠠᠷ ᠤᠨ ᠠᠮᠤᠷ ᠲᠦᠪᠰᠢᠨ ᠢ | ᠨᠡᠬᠡᠮᠵᠢᠯᠡᠬᠦ ᠳᠦᠷᠢᠮ ᠢ ᠬᠠᠷᠢᠭᠤᠴᠠᠨ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠠᠵᠤ ᠦᠢᠯᠡᠳᠪᠦᠷᠢ ᠶᠢᠨ | ᠦᠢᠯᠡᠳᠬᠦᠨ ᠤ ᠦᠢᠯᠡᠳᠪᠦᠷᠢᠯᠡᠬᠦ ᠶᠢ ᠵᠥᠪᠰᠢᠶᠡᠷᠡᠬᠦ ᠬᠠᠮᠢᠶᠠᠷᠤᠯᠲᠠ ᠪᠣᠯᠤᠨ ᠰᠢᠷᠬᠡᠭ ᠤᠨ ᠶᠠᠰᠤ ᠴᠢᠨᠠᠷ ᠲᠤ | ᠬᠢᠨᠠᠯᠲᠠ ᠲᠠᠯᠪᠢᠬᠤ ᠠᠵᠢᠯ ᠢ ᠬᠠᠷᠢᠭᠤᠴᠠᠨ᠎ᠠ᠃ | ᠠᠷᠪᠠᠨ ᠨᠢᠭᠡ ᠂ ᠢᠳᠡᠭᠡᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠶᠡᠷᠦᠩᠬᠡᠶᠢᠯᠡᠨ | ᠵᠣᠬᠢᠴᠠᠭᠤᠯᠬᠤ ᠶᠢ ᠬᠠᠷᠢᠭᠤᠴᠠᠨ᠎ᠠ᠃ ᠪᠦᠬᠦ ᠠᠶᠢᠮᠠᠭ ᠤᠨ ᠢᠳᠡᠭᠡᠨ ᠤ ᠠᠮᠤᠷ ᠲᠦᠪᠰᠢᠨ ᠤ ᠭᠠᠵᠠᠷ ᠣᠷᠣᠨ | ᠠᠯᠤᠰᠯᠠᠨ ᠰᠠᠯᠠᠭ᠎ᠠ ᠮᠥᠴᠢᠷ ᠠᠯᠤᠰᠯᠠᠨ ᠵᠣᠬᠢᠴᠠᠭᠤᠯᠬᠤ᠂ ᠬᠤᠯᠪᠣᠭᠠᠯᠠᠨ ᠬᠥᠳᠡᠯᠦᠯᠴᠡᠬᠦ ᠲᠣᠭᠲᠠᠴᠠ ᠵᠡᠷᠭᠡ ᠠᠵᠢᠯ | ᠢ ᠡᠭᠦᠷᠭᠡᠯᠡᠨ᠎ᠡ᠃ ᠢᠳᠡᠭᠡᠨ ᠤ ᠠᠮᠤᠷ ᠲᠦᠪᠰᠢᠨ ᠤ ᠴᠢᠬᠤᠯᠠ ᠶᠡᠭᠡ ᠲᠥᠷᠥ ᠶᠢᠨ ᠪᠣᠳᠣᠯᠭ᠎ᠠ ᠶᠢ ᠵᠣᠬᠢᠶᠠᠨ | ᠪᠠᠶᠢᠭᠤᠯᠤᠨ ᠬᠡᠷᠡᠭᠵᠢᠭᠦᠯᠦᠨ᠎ᠡ᠃ ᠢᠳᠡᠭᠡᠨ ᠤ ᠠᠮᠤᠷ ᠲᠦᠪᠰᠢᠨ ᠤ ᠪᠠᠴᠢᠮ ᠪᠠᠶᠢᠳᠠᠯ ᠢ ᠠᠷᠭᠠᠴᠠᠬᠤ ᠰᠢᠰᠲ᠋ᠧᠮᠵᠢ | ᠶᠢᠨ ᠪᠠᠶᠢᠭᠤᠯᠤᠯᠲᠠ ᠶᠢ ᠬᠠᠷᠢᠭᠤᠴᠠᠵᠤ᠂ ᠢᠳᠡᠭᠡᠨ ᠤ ᠠᠮᠤᠷ ᠲᠦᠪᠰᠢᠨ ᠤ ᠬᠦᠨᠳᠦ ᠶᠡᠭᠡ ᠬᠡᠷᠡᠭ ᠤᠨ ᠪᠠᠴᠢᠮ | ᠪᠠᠶᠢᠳᠠᠯ ᠢ ᠠᠷᠭᠠᠴᠠᠨ ᠰᠢᠶᠳᠪᠦᠷᠢᠯᠡᠬᠦ ᠪᠠ ᠪᠠᠶᠢᠴᠠᠭᠠᠨ ᠰᠢᠶᠳᠪᠦᠷᠢᠯᠡᠬᠦ ᠠᠵᠢᠯ ᠢ ᠵᠣᠬᠢᠶᠠᠨ ᠪᠠᠶᠢᠭᠤᠯᠤᠨ | ᠵᠢᠯᠣᠭᠤᠳᠤᠨ᠎ᠠ᠃ ᠢᠳᠡᠭᠡᠨ ᠤ ᠠᠮᠤᠷ ᠲᠦᠪᠰᠢᠨ ᠤ ᠴᠢᠬᠤᠯᠠ ᠮᠡᠳᠡᠭᠡ ᠵᠠᠩᠭᠢ ᠶᠢ ᠰᠢᠭᠤᠳ ᠮᠡᠳᠡᠭᠦᠯᠬᠦ ᠳᠦᠷᠢᠮ ᠢ | ᠪᠠᠶᠢᠭᠤᠯᠤᠨ ᠪᠦᠷᠢᠨᠰᠢᠭᠦᠯᠦᠨ᠎ᠡ᠃ ᠠᠶᠢᠮᠠᠭ ᠤᠨ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠤ ᠵᠥᠪᠯᠡᠯ | ᠤᠨ ᠡᠳᠦᠷ ᠲᠤᠲᠤᠮ ᠤᠨ ᠠᠵᠢᠯ ᠢ ᠡᠭᠦᠷᠭᠡᠯᠡᠨ᠎ᠡ | ᠠᠷᠪᠠᠨ ᠬᠤᠶᠠᠷ᠂ ᠢᠳᠡᠭᠡᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃ ᠪᠦᠬᠦ | ᠠᠶᠢᠮᠠᠭ ᠤᠨ ᠢᠳᠡᠭᠡᠨ ᠤ ᠦᠢᠯᠡᠳᠪᠦᠷᠢᠯᠡᠯ᠂ ᠭᠦᠢᠯᠭᠡᠭᠡᠨ᠂ ᠬᠡᠷᠡᠭᠯᠡᠭᠡᠨ ᠤ ᠪᠦᠬᠦ ᠶᠠᠪᠤᠴᠠ ᠶᠢ ᠬᠠᠮᠤᠷᠤᠭᠰᠠᠨ | ᠬᠢᠨᠠᠯᠲᠠ ᠪᠠᠶᠢᠴᠠᠭᠠᠯᠲᠠ ᠶᠢᠨ ᠳᠦᠷᠢᠮ ᠪᠠ ᠳᠠᠯᠳᠠ ᠭᠡᠮ ᠢ ᠪᠠᠶᠢᠴᠠᠭᠠᠨ ᠵᠠᠰᠠᠬᠤ ᠲᠣᠭᠲᠠᠴᠠ ᠶᠢ ᠪᠠᠶᠢᠭᠤᠯᠬᠤ ᠶᠢᠨ | ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠢᠳᠡᠭᠡᠨ ᠤ ᠠᠮᠤᠷ ᠲᠦᠪᠰᠢᠨ ᠤ ᠣᠷᠣᠨ ᠪᠦᠰᠡ ᠶᠢᠨ ᠴᠢᠨᠠᠷᠲᠠᠢ᠂ | ᠰᠢᠰᠲ᠋ᠧᠮᠳᠤ ᠴᠢᠨᠠᠷᠲᠠᠢ ᠲᠦᠭᠰᠢᠭᠦᠷᠢ ᠶᠢ ᠰᠡᠷᠭᠡᠶᠢᠯᠡᠨ᠎ᠡ᠃ ᠢᠳᠡᠭᠡᠨ ᠦᠢᠯᠡᠳᠪᠦᠷᠢᠯᠡᠬᠦ ᠡᠵᠡᠩᠨᠡᠭᠴᠢ ᠶᠢᠨ ᠭᠤᠣᠯ | ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠲᠣᠭᠲᠠᠴᠠ ᠶᠢᠨ ᠪᠠᠶᠢᠭᠤᠯᠤᠯᠳᠠ ᠶᠢ ᠠᠬᠢᠭᠤᠯᠵᠤ᠂ | ᠢᠳᠡᠭᠡᠨ ᠤ ᠠᠮᠤᠷ ᠲᠦᠪᠰᠢᠨ ᠤ ᠨᠡᠬᠡᠮᠵᠢᠯᠡᠬᠦ ᠰᠢᠰᠲ᠋ᠧᠮᠵᠢ ᠶᠢ ᠪᠦᠷᠢᠨᠰᠢᠭᠦᠯᠦᠨ᠎ᠡ᠃ ᠢᠳᠡᠭᠡᠨ ᠤ ᠠᠮᠤᠷ | ᠲᠦᠪᠰᠢᠨ ᠤ ᠬᠢᠨᠠᠯᠲᠠ ᠲᠠᠯᠪᠢᠵᠤ ᠰᠤᠭᠤᠴᠢᠨ ᠪᠠᠶᠢᠴᠠᠭᠠᠬᠤ᠂ ᠲᠦᠭᠰᠢᠭᠦᠷᠢ ᠶᠢ ᠬᠢᠨᠠᠨ ᠰᠢᠨᠵᠢᠯᠡᠬᠦ᠂ | ᠬᠠᠷᠭᠤᠭᠤᠯᠤᠨ ᠪᠠᠶᠢᠴᠠᠭᠠᠵᠤ ᠰᠢᠶᠳᠪᠦᠷᠢᠯᠡᠬᠦ ᠬᠡᠮᠵᠢᠶ᠎ᠡ ᠪᠠ ᠲᠦᠭᠰᠢᠭᠦᠷᠢ ᠶᠢᠨ ᠰᠡᠷᠡᠮᠵᠢᠯᠡᠭᠦᠯᠬᠦ ᠶᠢ ᠣᠷᠣᠯᠠᠬᠤ᠂ | ᠲᠦᠭᠰᠢᠭᠦᠷᠢ ᠶᠢ ᠰᠣᠯᠢᠯᠴᠠᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ ᠢᠳᠡᠰᠢᠨ ᠤ ᠳᠠᠪᠤᠰᠤᠨ ᠤ ᠶᠠᠰᠤ | ᠴᠢᠨᠠᠷ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠪᠠ ᠣᠨᠴᠣᠭᠤᠶ ᠢᠳᠡᠭᠡᠨ ᠤ ᠵᠦᠪᠰᠢᠶᠡᠷᠡᠯ ᠵᠡᠷᠭᠡ ᠠᠵᠢᠯ | ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ | ᠠᠷᠪᠠᠨ ᠭᠤᠷᠪᠠ ᠂ ᠡᠮ ᠤᠨ ᠵᠦᠶᠯ᠂ ᠡᠮᠴᠢᠯᠡᠭᠡᠨ ᠤ ᠮᠠᠰᠢᠨ ᠪᠠᠭᠠᠵᠢ ᠪᠣᠯᠤᠨ ᠵᠠᠰᠠᠯ ᠴᠢᠮᠡᠭ ᠤᠨ ᠡᠳ᠋ ᠤᠨ | ᠠᠮᠤᠷ ᠲᠦᠪᠰᠢᠨ ᠳᠤ ᠬᠢᠨᠠᠯᠲᠠ ᠲᠠᠯᠪᠢᠵᠤ ᠬᠠᠮᠢᠶᠠᠷᠬᠤ ᠶᠢ ᠬᠠᠷᠢᠭᠤᠴᠠᠨ᠎ᠠ᠃ ᠤᠯᠤᠰ᠂ ᠥᠪᠡᠷᠲᠡᠭᠡᠨ ᠵᠠᠰᠠᠬᠤ | ᠣᠷᠣᠨ ᠤ ᠡᠮ ᠤᠨ ᠵᠦᠶᠯ ︵ᠬᠢᠲᠠᠳ ᠡᠮ᠂ ᠮᠣᠩᠭᠤᠯ ᠡᠮ ᠵᠡᠷᠭᠡ ᠦᠨᠳᠦᠰᠦᠲᠡᠨ ᠤ ᠡᠮ ᠢ ᠪᠠᠭᠲᠠᠭᠠᠨ᠎ᠠ᠂ | ᠳᠣᠷᠣᠭᠰᠢ ᠠᠳᠠᠯᠢ ︶᠂ ᠡᠮᠴᠢᠯᠡᠭᠡᠨ ᠤ ᠮᠠᠰᠢᠨ ᠪᠠᠭᠠᠵᠢ ᠪᠣᠯᠤᠨ ᠵᠠᠰᠠᠯ ᠴᠢᠮᠡᠭ ᠤᠨ ᠡᠳ᠋ ᠲᠤ ᠬᠢᠨᠠᠯᠲᠠ ᠲᠠᠯᠪᠢᠵᠤ | ᠬᠠᠮᠢᠶᠠᠷᠬᠤ ᠲᠤᠬᠠᠶ ᠬᠠᠤᠯᠢ ᠴᠠᠭᠠᠵᠠ᠂ ᠬᠠᠤᠯᠢ ᠲᠣᠭᠲᠠᠭᠠᠯ ᠪᠣᠯᠤᠨ ᠳᠦᠷᠢᠮ ᠢ ᠲᠤᠭᠤᠰᠢᠯᠠᠭᠤᠯᠤᠨ | ᠬᠡᠷᠡᠭᠵᠢᠭᠦᠯᠦᠨ᠎ᠡ᠃ ᠪᠦᠬᠦ ᠠᠶᠢᠮᠠᠭ ᠤᠨ ᠡᠮ ᠤᠨ ᠵᠦᠢᠯ᠂ ᠡᠮᠴᠢᠯᠡᠭᠡᠨ ᠤ ᠮᠠᠰᠢᠨ ᠪᠠᠭᠠᠵᠢ᠂ ᠵᠠᠰᠠᠯ ᠴᠢᠮᠡᠭ ᠤᠨ | ᠡᠳ᠋ ᠤᠨ ᠬᠢᠨᠠᠯᠲᠠ ᠬᠠᠮᠢᠶᠠᠷᠤᠯᠲᠠ ᠶᠢᠨ ᠲᠠᠯ᠎ᠠ ᠶᠢᠨ ᠰᠠᠨᠠᠯ ᠪᠣᠯᠤᠨ ᠠᠵᠢᠯ ᠤᠨ ᠲᠥᠯᠥᠪᠵᠢᠭᠦᠯᠭᠡ ᠲᠣᠭᠲᠠᠭᠠᠬᠤ ᠶᠢᠨ | ᠬᠠᠮᠲᠤ ᠬᠢᠨᠠᠯᠲᠠ ᠲᠠᠯᠪᠢᠨ ᠬᠡᠷᠡᠭᠵᠢᠭᠦᠯᠬᠦ ᠶᠢ ᠬᠠᠷᠢᠭᠤᠴᠠᠨ᠎ᠠ᠃ ᠤᠯᠤᠰ ᠤᠨ ᠦᠨᠳᠦᠰᠦᠨ ᠡᠮ ᠤᠨ ᠵᠦᠢᠯ ᠤᠨ | ᠳᠦᠷᠢᠮ ᠢ ᠬᠠᠮᠵᠢᠯᠴᠠᠨ ᠬᠡᠷᠡᠭᠵᠢᠭᠦᠯᠦᠨ᠎ᠡ᠃ | ᠠᠷᠪᠠᠨ ᠳᠥᠷᠪᠡ ᠂ ᠡᠮ ᠤᠨ ᠵᠦᠶᠯ᠂ ᠡᠮᠴᠢᠯᠡᠭᠡᠨ ᠤ ᠮᠠᠰᠢᠨ ᠪᠠᠭᠠᠵᠢ ᠪᠣᠯᠤᠨ ᠵᠠᠰᠠᠯ ᠴᠢᠮᠡᠭ ᠤᠨ ᠡᠳ᠋ ᠤᠨ | ᠶᠠᠰᠤ ᠴᠢᠨᠠᠷ ᠤᠨ ᠬᠠᠮᠢᠶᠠᠷᠤᠯᠲᠠ ᠶᠢ ᠬᠠᠷᠢᠭᠤᠴᠠᠨ᠎ᠠ᠃ ᠡᠮ ᠤᠨ ᠵᠦᠢᠯ ᠪᠣᠯᠤᠨ ᠡᠮᠴᠢᠯᠡᠭᠡᠨ ᠤ ᠮᠠᠰᠢᠨ ᠪᠠᠭᠠᠵᠢ ᠶᠢᠨ | ᠶᠠᠰᠤ ᠴᠢᠨᠠᠷ ᠤᠨ ᠬᠠᠮᠢᠶᠠᠷᠤᠯᠲᠠ ᠶᠢᠨ ᠵᠢᠷᠤᠮᠵᠢᠯ ᠢ ᠬᠢᠨᠠᠯᠲᠠ ᠲᠠᠯᠪᠢᠨ ᠬᠡᠷᠡᠭᠵᠢᠭᠦᠯᠵᠦ᠂ ᠤᠯᠤᠰ ᠤᠨ ᠡᠮ ᠤᠨ | ᠵᠦᠢᠯ ᠤᠨ ᠪᠠᠷᠢᠮᠵᠢᠶ᠎ᠠ ᠪᠣᠯᠤᠨ ᠣᠷᠣᠨ ᠨᠤᠲᠤᠭ ᠤᠨ ᠴᠢᠨᠠᠷᠲᠠᠶ ᠮᠣᠩᠭᠤᠯ ᠬᠢᠲᠠᠳ ᠡᠮ ᠤᠨ ᠪᠠᠷᠢᠮᠵᠢᠶ᠎ᠠ ᠬᠢᠭᠡᠳ | ᠵᠢᠷᠤᠮᠵᠢᠯ ᠢ ᠬᠢᠨᠠᠯᠲᠠ ᠲᠠᠯᠪᠢᠨ ᠬᠡᠷᠡᠭᠵᠢᠭᠦᠯᠦᠨ᠎ᠡ᠃ ᠵᠠᠰᠠᠯ ᠴᠢᠮᠡᠭ ᠤᠨ ᠡᠳ᠋ ᠤᠨ ᠬᠢᠨᠠᠯᠲᠠ ᠬᠠᠮᠢᠶᠠᠷᠤᠯᠲᠠ ᠶᠢ | ᠬᠠᠷᠢᠭᠤᠴᠠᠨ᠎ᠠ᠃ | ᠠᠷᠪᠠᠨ ᠲᠠᠪᠤ ᠂ ᠡᠮ ᠤᠨ ᠵᠦᠶᠯ᠂ ᠡᠮᠴᠢᠯᠡᠭᠡᠨ ᠤ ᠮᠠᠰᠢᠨ ᠪᠠᠭᠠᠵᠢ ᠪᠣᠯᠤᠨ ᠵᠠᠰᠠᠯ ᠴᠢᠮᠡᠭ ᠤᠨ ᠡᠳ᠋ ᠢ ᠵᠠᠬ᠎ᠠ | ᠳᠡᠯᠭᠡᠭᠦᠷ ᠲᠤ ᠭᠠᠷᠭᠠᠭᠰᠠᠨ ᠤ ᠳᠠᠷᠠᠭᠠᠬᠢ ᠲᠦᠭᠰᠢᠭᠦᠷᠢ ᠶᠢᠨ ᠬᠠᠮᠢᠶᠠᠷᠤᠯᠲᠠ ᠶᠢ ᠬᠠᠷᠢᠭᠤᠴᠠᠨ᠎ᠠ᠃ ᠡᠮ ᠤᠨ ᠵᠦᠶᠯ᠂ | ᠵᠠᠰᠠᠯ ᠴᠢᠮᠡᠭ ᠤᠨ ᠡᠳ᠋ ᠤᠨ ᠮᠠᠭᠤ ᠤᠷᠪᠠᠯ ᠪᠣᠯᠤᠨ ᠡᠮᠴᠢᠯᠡᠭᠡᠨ ᠤ ᠮᠠᠰᠢᠨ ᠪᠠᠭᠠᠵᠢ ᠶᠢᠨ ᠮᠠᠭᠤ ᠬᠡᠷᠡᠭ ᠢ ᠬᠢᠨᠠᠨ | ᠬᠡᠮᠵᠢᠬᠦ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ ᠡᠮ ᠤᠨ ᠵᠦᠢᠯ᠂ ᠡᠮᠴᠢᠯᠡᠭᠡᠨ ᠤ ᠮᠠᠰᠢᠨ ᠪᠠᠭᠠᠵᠢ | ᠪᠣᠯᠤᠨ ᠵᠠᠰᠠᠯ ᠴᠢᠮᠡᠭ ᠤᠨ ᠡᠳ᠋ ᠤᠨ ᠠᠮᠤᠷ ᠲᠦᠪᠰᠢᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ | ᠠᠵᠢᠯ ᠢ ᠬᠠᠤᠯᠢ ᠶᠣᠰᠣᠭᠠᠷ ᠡᠭᠦᠷᠭᠡᠯᠡᠨ᠎ᠡ᠃ | ᠠᠷᠪᠠᠨ ᠵᠢᠷᠭᠤᠭ᠎ᠠ᠂ ᠡᠮ ᠤᠨ ᠵᠦᠢᠯ᠂ ᠡᠮᠴᠢᠯᠡᠭᠡᠨ ᠤ ᠮᠠᠰᠢᠨ ᠪᠠᠭᠠᠵᠢ ᠪᠣᠯᠤᠨ ᠵᠠᠰᠠᠯ ᠴᠢᠮᠡᠭ ᠤᠨ ᠡᠳ᠋ ᠤᠨ | ᠬᠢᠨᠠᠯᠲᠠ ᠪᠠᠶᠢᠴᠠᠭᠠᠯᠲᠠ ᠶᠢ ᠬᠠᠷᠢᠭᠤᠴᠠᠵᠤ᠂ ᠪᠠᠶᠢᠴᠠᠭᠠᠬᠤ᠂ ᠬᠢᠨᠠᠨ ᠪᠠᠶᠢᠴᠠᠭᠠᠬᠤ᠂ ᠪᠠᠶᠢᠴᠠᠭᠠᠬᠤ ᠳᠦᠷᠢᠮ | ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠪᠥᠬᠦ ᠠᠶᠢᠮᠠᠭ ᠤᠨ ᠬᠢᠨᠠᠯᠲᠠ ᠲᠠᠯᠪᠢᠵᠤ | ᠰᠤᠭᠤᠴᠢᠨ ᠪᠠᠶᠢᠴᠠᠭᠠᠬᠤ ᠲᠥᠯᠥᠪᠯᠡᠭᠡ ᠶᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ | ᠶᠠᠰᠤ ᠴᠢᠨᠠᠷ ᠤᠨ ᠠᠯᠪᠠᠨ ᠵᠠᠷ ᠨᠡᠶᠢᠲᠡᠯᠡᠨ᠂ ᠬᠠᠤᠯᠢ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠡᠭᠦᠷᠭᠡ | ᠬᠠᠷᠢᠭᠤᠴᠠᠯᠭ᠎ᠠ ᠶᠣᠰᠣᠭᠠᠷ ᠪᠠᠶᠢᠴᠠᠭᠠᠨ ᠰᠢᠶᠳᠪᠦᠷᠢᠯᠡᠨ᠎ᠡ᠃ ᠡᠮ ᠤᠨ ᠵᠦᠶᠯ ᠤᠨ ᠠᠮᠤᠷ ᠲᠦᠪᠰᠢᠨ ᠤ ᠬᠢᠨᠠᠯᠲᠠ | ᠬᠠᠮᠢᠶᠠᠷᠤᠯᠲᠠ ᠶᠢᠨ ᠪᠠᠶᠢᠳᠠᠯ ᠢ ᠵᠠᠳᠠᠯᠤᠨ ᠰᠤᠳᠤᠯᠤᠨ ᠮᠠᠭᠠᠳᠯᠠᠵᠤ᠂ ᠣᠷᠣᠰᠢᠵᠤ ᠪᠠᠶᠢᠭ᠎ᠠ ᠠᠰᠠᠭᠤᠳᠠᠯ ᠳᠤ ᠠᠵᠢᠯ | ᠤᠨ ᠰᠠᠨᠠᠭᠤᠯᠭ᠎ᠠ ᠳᠤᠷᠠᠳᠬᠤ ᠶᠢᠨ ᠬᠠᠮᠲᠤ ᠬᠤᠶᠢᠰᠢᠳᠠ ᠶᠢᠨ ᠰᠢᠶᠳᠪᠦᠷᠢᠯᠡᠬᠦ ᠠᠵᠢᠯ ᠳᠤ ᠣᠷᠣᠯᠴᠠᠨ᠎ᠠ᠃ ᠡᠮ ᠤᠨ | ᠵᠦᠶᠯ᠂ ᠡᠮᠴᠢᠯᠡᠭᠡᠨ ᠤ ᠮᠠᠰᠢᠨ ᠪᠠᠭᠠᠵᠢ᠂ ᠵᠠᠰᠠᠯ ᠴᠢᠮᠡᠭ ᠤᠨ ᠡᠳ᠋ ᠤᠨ ᠡᠵᠡᠩᠨᠡᠯᠲᠡ ᠶᠢᠨ ᠬᠦᠷᠢᠶᠡᠨ ᠤ ᠠᠮᠤᠷ | ᠲᠦᠪᠰᠢᠨ ᠳᠤ ᠲᠣᠭᠲᠠᠮᠠᠯ ᠬᠤᠭᠤᠴᠠᠭ᠎ᠠ ᠲᠠᠢ ᠪᠤᠶᠤ ᠲᠠᠰᠢᠷᠠᠮ ᠢᠶᠠᠷ ᠬᠠᠤᠯᠢ ᠶᠣᠰᠣᠴᠢ ᠴᠢᠨᠠᠷ᠂ ᠲᠣᠭᠲᠠᠭᠠᠯ ᠳᠤ | ᠨᠡᠶᠢᠴᠡᠬᠦ ᠴᠢᠨᠠᠷ ᠤᠨ ᠪᠠᠶᠢᠴᠠᠭᠠᠯᠲᠠ ᠬᠢᠬᠦ ᠶᠢ ᠵᠣᠬᠢᠶᠠᠨ ᠪᠠᠶᠢᠭᠤᠯᠤᠨ᠎ᠠ᠃ ᠡᠯ᠎ᠡ ᠬᠤᠰᠢᠭᠤ ᠰᠢᠶᠠᠨ ᠬᠤᠲᠠ ᠶᠢᠨ | ᠬᠠᠤᠯᠢ ᠬᠡᠷᠡᠭᠵᠢᠭᠦᠯᠬᠦ ᠶᠢ ᠮᠥᠷᠳᠡᠨ ᠪᠠᠶᠢᠴᠠᠭᠠᠬᠤ᠂ ᠴᠢᠬᠤᠯᠠ ᠶᠡᠭᠡ ᠬᠡᠷᠡᠭ ᠢ ᠪᠠᠶᠢᠴᠠᠭᠠᠨ ᠰᠢᠶᠳᠪᠦᠷᠢᠯᠡᠬᠦ᠂ ᠣᠷᠣᠨ | ᠪᠦᠰᠡ ᠠᠯᠤᠰᠯᠠᠨ ᠬᠠᠤᠯᠢ ᠬᠡᠷᠡᠭᠵᠢᠭᠦᠯᠬᠦ ᠶᠢᠨ ᠵᠣᠬᠢᠶᠠᠨ ᠪᠠᠶᠢᠭᠤᠯᠤᠨ ᠵᠣᠬᠢᠴᠠᠭᠤᠯᠬᠤ ᠠᠵᠢᠯ ᠢ ᠵᠢᠯᠣᠭᠤᠳᠤᠨ | ᠬᠢᠨᠠᠯᠲᠠ ᠲᠠᠯᠪᠢᠵᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠦᠢᠯᠡ ᠠᠵᠢᠯᠯᠠᠭ᠎ᠠ ᠶᠢ ᠵᠢᠷᠤᠮᠵᠢᠭᠤᠯᠤᠨ᠂ ᠵᠠᠰᠠᠭ | ᠵᠠᠬᠢᠷᠭᠠᠨ ᠤ ᠬᠠᠤᠯᠢ ᠬᠡᠷᠡᠭᠵᠢᠭᠦᠯᠬᠦ ᠬᠢᠭᠡᠳ ᠡᠷᠡᠭᠦᠦ ᠶᠢᠨ ᠬᠡᠷᠡᠭ ᠤᠨ ᠬᠠᠤᠯᠢ ᠴᠠᠭᠠᠵᠠ ᠶᠢ ᠵᠣᠯᠭᠠᠭᠤᠯᠬᠤ | ᠲᠣᠭᠲᠠᠴᠠ ᠶᠢ ᠲᠡᠭᠦᠯᠳᠡᠷᠵᠢᠭᠦᠯᠬᠦ ᠶᠢ ᠲᠦᠯᠬᠢᠨ ᠠᠬᠢᠭᠤᠯᠤᠨ᠎ᠠ᠃ | ᠠᠷᠪᠠᠨ ᠳᠣᠯᠤᠭ᠎ᠠ᠂ ᠡᠯ᠎ᠡ ᠬᠤᠰᠢᠭᠤ ᠰᠢᠶᠠᠨ ᠬᠤᠲᠠ ᠶᠢᠨ ᠡᠮ ᠤᠨ ᠵᠦᠢᠯ᠂ ᠡᠮᠴᠢᠯᠡᠭᠡᠨ ᠤ ᠮᠠᠰᠢᠨ ᠪᠠᠭᠠᠵᠢ | ᠪᠣᠯᠤᠨ ᠵᠠᠰᠠᠯ ᠴᠢᠮᠡᠭ ᠤᠨ ᠡᠳ᠋ ᠤᠨ ᠬᠢᠨᠠᠯᠲᠠ ᠬᠠᠮᠢᠶᠠᠷᠤᠯᠲᠠ ᠪᠣᠯᠤᠨ ᠠᠵᠢᠯ ᠮᠡᠷᠭᠡᠵᠢᠭᠰᠡᠨ ᠪᠠᠶᠢᠴᠠᠭᠠᠭᠴᠢ ᠶᠢᠨ | ᠡᠩᠨᠡᠭᠡᠨ ᠤ ᠪᠠᠶᠢᠭᠤᠯᠤᠯᠲᠠ ᠶᠢᠨ ᠠᠵᠢᠯ ᠥᠷᠨᠢᠭᠦᠯᠬᠦ ᠶᠢ ᠬᠠᠷᠢᠭᠤᠴᠠᠨ ᠵᠢᠯᠣᠭᠤᠳᠤᠨ᠎ᠠ᠃ | ᠠᠷᠪᠠᠨ ᠨᠠᠶᠮᠠ᠂ ᠪᠦᠬᠦ ᠠᠶᠢᠮᠠᠭ ᠤᠨ ᠵᠠᠬ᠎ᠠ ᠳᠡᠯᠭᠡᠭᠦᠷ ᠤᠨ ᠬᠢᠨᠠᠯᠲᠠ ᠲᠠᠯᠪᠢᠵᠤ ᠬᠠᠮᠢᠶᠠᠷᠬᠤ ᠰᠢᠨᠵᠢᠯᠡᠬᠦ | ᠤᠬᠠᠭᠠᠨ ᠮᠡᠷᠭᠡᠵᠢᠯ ᠪᠣᠯᠤᠨ ᠮᠡᠳᠡᠭᠡ ᠵᠠᠩᠭᠢᠵᠢᠭᠤᠯᠬᠤ ᠪᠠᠶᠢᠭᠤᠯᠤᠯᠲᠠ᠂ ᠰᠣᠨᠢᠨ ᠮᠡᠳᠡᠭᠡ ᠤᠬᠠᠭᠤᠯᠭ᠎ᠠ ᠵᠡᠷᠭᠡ ᠠᠵᠢᠯ | ᠢ ᠬᠠᠷᠢᠭᠤᠴᠠᠨ᠎ᠠ᠃ | ᠠᠷᠪᠠ ᠶᠢᠰᠦ ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ | ᠬᠡᠷᠡᠭᠵᠢᠭᠦᠯᠬᠦ ᠠᠵᠢᠯ ᠢ ᠵᠣᠬᠢᠶᠠᠨ ᠪᠠᠶᠢᠭᠤᠯᠬᠤ ᠪᠠ ᠵᠢᠯᠣᠭᠤᠳᠬᠤ ᠶᠢ ᠬᠠᠷᠢᠭᠤᠴᠠᠨ᠎ᠠ᠃ ᠪᠦᠬᠦ ᠠᠶᠢᠮᠠᠭ ᠤᠨ ᠵᠠᠬ᠎ᠠ | ᠳᠡᠯᠭᠡᠭᠦᠷ ᠤᠨ ᠬᠢᠨᠠᠨ ᠬᠠᠮᠢᠶᠠᠷᠤᠯᠲᠠ ᠶᠢᠨ ᠶᠡᠷᠦᠩᠬᠡᠢᠯᠡᠭᠰᠡᠨ ᠬᠠᠤᠯᠢ ᠬᠡᠷᠡᠭᠵᠢᠭᠦᠯᠬᠦ ᠡᠩᠨᠡᠭᠡ ᠶᠢ ᠨᠢᠭᠡᠳᠬᠡᠬᠦ ᠪᠠ | ᠪᠦᠲᠦᠭᠡᠨ ᠪᠠᠢᠭᠤᠯᠤᠯᠲᠠ ᠶᠢ ᠵᠢᠯᠣᠭᠤᠳᠴᠤ᠂ ᠵᠠᠬ᠎ᠠ ᠳᠡᠯᠭᠡᠭᠦᠷ ᠤᠨ ᠨᠢᠭᠡᠳᠦᠯᠲᠡᠢ ᠬᠢᠨᠠᠨ ᠬᠠᠮᠢᠶᠠᠷᠤᠯᠲᠠ ᠶᠢ | ᠬᠡᠷᠡᠭᠵᠢᠭᠦᠯᠬᠦ ᠶᠢ ᠠᠬᠢᠭᠤᠯᠤᠨ᠎ᠠ᠃ ᠡᠷᠬᠡ ᠶᠢᠨ ᠬᠡᠪᠴᠢᠶ᠎ᠡ ᠶᠣᠰᠣᠭᠠᠷ ᠬᠠᠤᠯᠢ ᠶᠢ ᠵᠥᠷᠢᠴᠡᠭᠰᠡᠨ ᠬᠦᠨᠳᠦ ᠶᠡᠭᠡ ᠬᠡᠷᠡᠭ | ᠢ ᠵᠣᠬᠢᠶᠠᠨ ᠪᠠᠶᠢᠭᠤᠯᠤᠨ ᠪᠠᠶᠢᠴᠠᠭᠠᠨ ᠰᠢᠢᠳᠪᠦᠷᠢᠯᠡᠵᠦ᠂ ᠣᠷᠣᠨ ᠪᠦᠰᠡ ᠠᠯᠤᠰᠯᠠᠭᠰᠠᠨ ᠬᠠᠤᠯᠢ ᠶᠢ ᠵᠥᠷᠢᠴᠡᠭᠰᠡᠨ | ᠬᠡᠷᠡᠭ ᠢ ᠵᠣᠬᠢᠴᠠᠭᠤᠯᠤᠨ ᠪᠠᠶᠢᠴᠠᠭᠠᠨ ᠰᠢᠢᠳᠪᠦᠷᠢᠯᠡᠵᠦ ᠰᠢᠪᠠᠳᠠᠨ ᠰᠢᠢᠳᠪᠦᠷᠢᠯᠡᠭᠦᠯᠦᠨ᠎ᠡ᠃ ᠵᠠᠬ᠎ᠠ ᠳᠡᠯᠭᠡᠭᠦᠷ ᠤᠨ | ᠬᠢᠨᠠᠯᠲᠠ ᠬᠠᠮᠢᠶᠠᠷᠤᠯᠲᠠ ᠶᠢᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠦᠢᠯᠡ ᠠᠵᠢᠯᠯᠠᠭ᠎ᠠ ᠶᠢ ᠵᠢᠷᠤᠮᠵᠢᠭᠤᠯᠤᠨ᠎ᠠ | ᠃ | ᠬᠤᠷᠢ᠂ ᠭᠠᠭᠴᠠᠭᠠᠷ ᠡᠵᠡᠮᠰᠢᠬᠦ ᠶᠢ ᠡᠰᠡᠷᠭᠦᠴᠡᠵᠦ ᠨᠢᠭᠡᠳᠦᠯᠲᠡᠶ ᠬᠠᠤᠯᠢ ᠬᠡᠷᠡᠭᠵᠢᠭᠦᠯᠬᠦ ᠶᠢ ᠬᠠᠷᠢᠭᠤᠴᠠᠨ᠎ᠠ᠃ | ᠥᠷᠢᠰᠥᠯᠳᠦᠭᠡᠨ ᠤ ᠲᠥᠷᠥ ᠶᠢᠨ ᠪᠣᠳᠣᠯᠭ᠎ᠠ ᠶᠢᠨ ᠬᠡᠷᠡᠭᠵᠢᠭᠦᠯᠦᠯᠲᠡ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ | ᠭᠤᠤᠯᠴᠢ ᠥᠷᠢᠰᠥᠯᠳᠦᠭᠡᠨ ᠤ ᠪᠠᠶᠢᠴᠠᠭᠠᠯᠲᠠ ᠶᠢᠨ ᠲᠦᠷᠢᠮ ᠢ ᠵᠢᠯᠣᠭᠤᠳᠤᠨ ᠬᠡᠷᠡᠭᠵᠢᠭᠦᠯᠦᠨ᠎ᠡ᠃ ᠨᠠᠶᠢᠳᠠᠯᠭ᠎ᠠ ᠶᠢ | ᠦᠨᠳᠦᠰᠦᠯᠡᠨ ᠡᠵᠡᠩᠨᠡᠭᠴᠢ ᠶᠢ ᠲᠥᠪᠯᠡᠷᠡᠭᠦᠯᠬᠦ ᠠᠵᠢᠯᠯᠠᠭ᠎ᠠ ᠳᠤ ᠭᠠᠭᠴᠠᠭᠠᠷ ᠡᠵᠡᠮᠰᠢᠬᠦ ᠶᠢ ᠡᠰᠡᠷᠭᠦᠴᠡᠬᠦ ᠬᠢᠨᠠᠨ | ᠪᠠᠶᠢᠴᠠᠭᠠᠯᠲᠠ ᠬᠢᠵᠦ᠂ ᠭᠠᠭᠴᠠᠭᠠᠷ ᠡᠵᠡᠮᠰᠢᠬᠦ ᠬᠡᠯᠡᠯᠴᠡᠭᠡᠷ᠂ ᠵᠠᠬ᠎ᠠ ᠳᠡᠯᠭᠡᠭᠦᠷ ᠤᠨ ᠤᠷᠤᠨ ᠪᠠᠶᠢᠷᠢ ᠶᠢ ᠡᠵᠡᠮᠰᠢᠬᠦ ᠶᠢ | ᠳᠤᠷ᠎ᠠ ᠪᠠᠷ ᠢᠶᠠᠨ ᠬᠡᠷᠡᠭᠯᠡᠬᠦ ᠪᠠ ᠵᠠᠰᠠᠭ ᠵᠠᠬᠢᠷᠭᠠᠨ ᠤ ᠡᠷᠬᠡ ᠪᠠᠨ ᠳᠤᠷ᠎ᠠ ᠪᠠᠷ ᠢᠶᠠᠨ ᠬᠡᠷᠡᠭᠯᠡᠨ ᠭᠠᠳᠠᠭᠤᠷᠴᠢᠯᠠᠬᠤ᠂ | ᠥᠷᠢᠰᠥᠯᠳᠦᠭᠡᠨ ᠢ ᠬᠢᠵᠠᠭᠠᠷᠯᠠᠬᠤ ᠵᠢᠴᠢ ᠦᠨ᠎ᠡ ᠬᠠᠩᠰᠢ ᠶᠢᠨ ᠭᠠᠭᠴᠠᠭᠠᠷ ᠡᠵᠡᠮᠰᠢᠬᠦ ᠵᠡᠷᠭᠡ ᠭᠠᠭᠴᠠᠭᠠᠷ ᠡᠵᠡᠮᠰᠢᠯ | ᠢ ᠡᠰᠡᠷᠭᠦᠴᠡᠬᠦ ᠬᠠᠤᠯᠢ ᠬᠡᠷᠡᠭᠵᠢᠭᠦᠯᠬᠦ ᠠᠵᠢᠯ ᠢ ᠬᠠᠷᠢᠭᠤᠴᠠᠨ᠎ᠠ᠃ ᠭᠠᠭᠴᠠᠭᠠᠷ ᠡᠵᠡᠮᠰᠢᠬᠦ᠂ ᠵᠦᠢ ᠪᠤᠰᠤ | ᠥᠷᠢᠰᠥᠯᠳᠦᠭᠡᠨ ᠬᠢᠬᠦ᠂ ᠬᠤᠳᠠᠯᠳᠤᠭᠠᠨ ᠤ ᠬᠡᠭᠡᠯᠢ ᠬᠠᠭ᠋ᠤᠤᠯᠢ ᠲᠦᠯᠬᠢᠬᠦ᠂ ᠨᠡᠶᠢᠲᠡ ᠶᠢᠨ ᠬᠡᠷᠡᠭᠯᠡᠭᠡᠨ ᠤ ᠠᠵᠤ | ᠠᠬᠤᠶᠢᠯᠠᠯ ᠪᠤᠶᠤ ᠬᠠᠤᠯᠢ ᠶᠣᠰᠣᠭᠠᠷ ᠭᠠᠭᠴᠠᠭᠠᠷ ᠡᠵᠡᠮᠰᠢᠬᠦ ᠪᠠᠶᠢᠷᠢ ᠰᠠᠭᠤᠷᠢ ᠲᠠᠢ ᠪᠤᠰᠤᠳ ᠡᠵᠡᠩᠨᠡᠭᠴᠢᠳ ᠤᠨ | ᠥᠷᠢᠰᠥᠯᠳᠦᠭᠡᠨ ᠢ ᠬᠢᠵᠠᠭᠠᠷᠯᠠᠬᠤ ᠠᠵᠢᠯᠯᠠᠭ᠎ᠠ ᠵᠢᠴᠢ ᠨᠢᠭᠤᠴᠠ ᠪᠠᠷ ᠠᠷᠠᠯᠵᠢᠶᠠᠯᠠᠵᠤ ᠨᠢᠭᠤᠴᠠ ᠪᠠᠷ ᠫᠠᠨᠽᠠᠯᠠᠬᠤ | ᠵᠡᠷᠭᠡ ᠠᠵᠤ ᠠᠬᠤᠢ ᠶᠢᠨ ᠬᠠᠤᠯᠢ ᠠᠴᠠ ᠵᠥᠷᠢᠴᠡᠭᠰᠡᠨ ᠪᠤᠰᠤᠳ ᠠᠵᠢᠯᠯᠠᠭ᠎ᠠ ᠶᠢ ᠬᠠᠤᠯᠢ ᠶᠣᠰᠣᠭᠠᠷ ᠪᠠᠶᠢᠴᠠᠭᠠᠨ | ᠰᠢᠢᠳᠪᠦᠷᠢᠯᠡᠨ᠎ᠡ᠃ | ᠬᠤᠷᠢᠨ ᠨᠢᠭᠡ᠂ ᠪᠦᠬᠦ ᠠᠶᠢᠮᠠᠭ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠮᠠᠭᠠᠯᠠᠯᠲᠠ | ᠶᠢᠨ ᠴᠣᠭᠴᠠ ᠶᠢᠨ ᠪᠦᠲᠦᠭᠡᠨ ᠪᠠᠶᠢᠭᠤᠯᠤᠯᠲᠠ ᠶᠢᠨ ᠲᠥᠰᠦᠯ ᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ | ᠬᠡᠷᠡᠭᠵᠢᠭᠦᠯᠵᠦ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠡᠷᠡᠭᠯᠡᠯᠲᠡ ᠶᠢ ᠠᠬᠢᠭᠤᠯᠤᠨ᠂ ᠮᠡᠳᠡᠯᠭᠡ | ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠮᠠᠭᠠᠯᠠᠯᠲᠠ ᠪᠠ ᠮᠡᠳᠡᠭᠡ ᠵᠠᠩᠭᠢ ᠶᠢᠨ ᠣᠯᠠᠨ ᠨᠡᠶᠢᠲᠡ ᠶᠢᠨ | ᠦᠢᠯᠡᠴᠢᠯᠡᠭᠡᠨ ᠤ ᠰᠢᠰᠲ᠋ᠧᠮᠵᠢ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ᠃ ᠮᠡᠳᠡᠯᠭᠡ ᠶᠢᠨ ᠪᠦᠲᠦᠭᠡᠭᠳᠡᠬᠦᠨ | ᠤ ᠥᠮᠴᠢᠯᠡᠬᠦ ᠡᠷᠬᠡ ᠶᠢᠨ ᠲᠤᠷᠰᠢᠯᠲᠠ ᠶᠢᠨ ᠵᠢᠱᠢᠶ᠎ᠡ ᠦᠵᠡᠭᠦᠯᠬᠦ ᠠᠵᠢᠯ ᠢ ᠥᠷᠨᠢᠭᠦᠯᠦᠨ᠎ᠡ᠃ ᠪᠦᠬᠦ ᠠᠶᠢᠮᠠᠭ ᠤᠨ | ᠮᠡᠳᠡᠯᠭᠡ ᠶᠢᠨ ᠥᠮᠴᠢᠯᠡᠯ ᠤᠨ ᠡᠷᠬᠡ ᠶᠢᠨ ᠲᠤᠰᠬᠠᠢ ᠲᠥᠷᠥᠯ ᠤᠨ ᠪᠡᠯᠡ ᠮᠥᠩᠭᠦ ᠶᠢ ᠬᠠᠮᠢᠶᠠᠷᠴᠤ᠂ ᠴᠢᠬᠤᠯᠠ ᠶᠡᠭᠡ | ᠮᠡᠳᠡᠯᠭᠡ ᠶᠢᠨ ᠥᠮᠴᠢᠯᠡᠯ ᠤᠨ ᠡᠷᠬᠡ ᠶᠢᠨ ᠲᠥᠷᠥᠯ ᠵᠦᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠮᠡᠳᠡᠯᠭᠡ ᠶᠢᠨ | ᠥᠮᠴᠢᠯᠡᠯ ᠤᠨ ᠡᠷᠬᠡ ᠶᠢᠨ ᠰᠢᠯᠵᠢᠭᠦᠯᠦᠨ ᠤᠯᠠᠷᠢᠭᠤᠯᠬᠤ ᠶᠢ ᠠᠬᠢᠭᠤᠯᠤᠨ᠎ᠠ᠃ ᠲᠠᠸᠠᠷ ᠤᠨ ᠲᠡᠮᠳᠡᠭ ᠤᠨ ᠲᠤᠰᠬᠠᠶ | ᠠᠰᠢᠭ ᠤᠨ ᠬᠠᠤᠯᠢ ᠬᠡᠷᠡᠭᠵᠢᠭᠦᠯᠬᠦ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠮᠠᠷᠭᠤᠯᠳᠤᠭᠠᠨ ᠢ | ᠰᠢᠶᠳᠪᠦᠷᠢᠯᠡᠬᠦ᠂ ᠡᠷᠬᠡ ᠪᠠᠨ ᠬᠠᠮᠠᠭᠠᠯᠠᠬᠤ ᠳᠤ ᠲᠤᠰᠠᠯᠠᠮᠵᠢ ᠦᠵᠡᠭᠦᠯᠬᠦ ᠪᠠ ᠵᠢᠭᠤᠷᠠᠯᠳᠤᠭᠠᠨ ᠢ ᠡᠶᠡᠳᠡᠭᠦᠯᠦᠨ | ᠰᠢᠶᠳᠪᠦᠷᠢᠯᠡᠬᠦ ᠶᠢ ᠵᠢᠯᠣᠭᠤᠳᠴᠤ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠤᠯᠢ ᠠᠴᠠ | ᠵᠥᠷᠢᠴᠡᠭᠰᠡᠨ ᠦᠢᠯᠡ ᠠᠵᠢᠯᠯᠠᠭ᠎ᠠ ᠶᠢ ᠬᠠᠤᠯᠢ ᠶᠣᠰᠣᠭᠠᠷ ᠪᠠᠶᠢᠴᠠᠭᠠᠨ ᠰᠢᠶᠳᠪᠦᠷᠢᠯᠡᠨ᠎ᠡ᠃ ᠮᠡᠳᠡᠯᠭᠡ ᠶᠢᠨ | ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠤᠷᠢᠳᠴᠢᠯᠠᠨ ᠰᠡᠷᠡᠮᠵᠢᠯᠡᠭᠦᠯᠬᠦ ᠪᠠ ᠭᠠᠳᠠᠭᠠᠳᠤ ᠳᠤ ᠬᠤᠯᠪᠣᠭᠳᠠᠬᠤ | ᠵᠡᠷᠭᠡ ᠠᠵᠢᠯ ᠢ ᠵᠣᠬᠢᠶᠠᠨ ᠪᠠᠶᠢᠭᠤᠯᠤᠨ ᠵᠢᠯᠤᠭᠤᠳᠤᠨ᠎ᠠ᠃ | ᠬᠤᠷᠢᠨ ᠬᠤᠶᠠᠷ ᠂ ᠵᠥᠪᠰᠢᠶᠡᠷᠡᠯ ᠤᠨ ᠡᠷᠬᠡ ᠶᠢ ᠬᠠᠷᠢᠴᠠᠩᠭᠤᠢ ᠲᠥᠪᠯᠡᠷᠡᠭᠦᠯᠬᠦ ᠥᠭᠡᠷᠡᠴᠢᠯᠡᠯᠲᠡ ᠶᠢᠨ | ᠱᠠᠭᠠᠷᠳᠠᠯᠭ᠎ᠠ ᠶᠢ ᠦᠨᠳᠦᠰᠦᠯᠡᠨ᠂ ᠠᠶᠢᠮᠠᠭ ᠤᠨ ᠵᠠᠬᠢᠷᠭ᠎ᠠ ᠠᠴᠠ ᠬᠤᠪᠢᠶᠠᠷᠢᠯᠠᠨ ᠰᠢᠯᠵᠢᠭᠦᠯᠦᠭᠰᠡᠨ ᠬᠢᠨᠠᠨ | ᠵᠥᠪᠰᠢᠶᠡᠷᠡᠬᠦ ᠵᠦᠢᠯᠡᠰ ᠲᠤ ᠬᠢᠨᠠᠨ ᠵᠥᠪᠰᠢᠶᠡᠷᠡᠬᠦ ᠡᠭᠦᠷᠭᠡ ᠬᠠᠷᠢᠭᠤᠴᠠᠯᠭ᠎ᠠ ᠶᠢ ᠳᠠᠬᠢᠵᠤ ᠡᠭᠦᠷᠭᠡᠯᠡᠬᠦ ᠦᠭᠡᠢ᠂ ᠬᠢᠨᠠᠨ | ᠬᠠᠮᠢᠶᠠᠷᠬᠤ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠨ᠎ᠡ᠃ | ᠬᠤᠷᠢᠨ ᠭᠤᠷᠪᠠ ᠂ ᠠᠶᠢᠮᠠᠭ ᠤᠨ ᠨᠠᠮ ᠤᠨ ᠬᠤᠷᠢᠶ᠎ᠠ᠂ ᠠᠶᠢᠮᠠᠭ ᠤᠨ ᠵᠠᠬᠢᠷᠭ᠎ᠠ ᠶᠢᠨ ᠲᠤᠰᠢᠶᠠᠭᠰᠠᠨ | ᠪᠤᠰᠤᠳ ᠡᠭᠦᠷᠭᠡ ᠶᠢ ᠪᠡᠶᠡᠯᠡᠭᠦᠯᠦᠨ᠎ᠡ᠃ |