ᠬᠢᠩᠭᠠᠨ ᠠᠶᠢᠮᠠᠭ ᠤᠨ ᠣᠷᠣᠨ ᠪᠦᠰᠡ ᠶᠢᠨ ᠠᠵᠤ ᠠᠬᠤᠶ ᠶᠢᠨ ᠬᠠᠮᠲᠤᠷᠠᠯᠴᠠᠭᠠᠨ ᠤ ᠲᠣᠪᠴᠢᠶ᠎ᠠ
ᠨᠡᠶᠢᠲᠡᠯᠡᠭᠰᠡᠨ ᠴᠠᠭ᠄
2021/7/8
    ᠭᠤᠤᠯ ᠡᠭᠦᠷᠭᠡ ᠬᠠᠷᠢᠭᠤᠴᠠᠯᠭ᠎ᠠ᠄       ᠨᠢᠭᠡ  ᠂ ᠨᠠᠮ ᠤᠨ ᠲᠥᠪ ᠬᠤᠷᠢᠶᠠᠨ ᠤ ᠣᠷᠣᠨ ᠪᠦᠰᠡ ᠶᠢᠨ ᠠᠵᠤ ᠠᠬᠤᠢ ᠶᠢᠨ ᠬᠠᠮᠲᠤᠷᠠᠯᠴᠠᠭᠠᠨ ᠤ ᠲᠤᠬᠠᠢ ᠴᠢᠭᠯᠡᠯᠲᠡ ᠲᠥᠷᠦ ᠶᠢᠨ ᠪᠣᠳᠣᠯᠭ᠎ᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠶᠢᠮᠠᠭ  ᠤᠨ ᠨᠠᠮ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠭᠤᠰᠢᠯᠠᠭᠤᠯᠵᠦ᠂ ᠪᠦᠬᠦ ᠠᠶᠢᠮᠠᠭ ᠤᠨ ᠣᠷᠣᠨ ᠪᠦᠰᠡ ᠶᠢᠨ ᠠᠵᠤ ᠠᠬᠤᠢ ᠶᠢᠨ ᠬᠠᠮᠲᠤᠷᠠᠯᠴᠠᠭᠠᠨ ᠤ ᠲᠥᠯᠥᠪᠵᠢᠭᠦᠯᠪᠡ᠂ ᠣᠨ ᠤ ᠲᠥᠯᠥᠪᠯᠡᠭᠡ ᠪᠠ ᠭᠤᠣᠯᠳᠠᠯᠭ᠎ᠠ ᠲᠠᠢ ᠠᠵᠢᠯ ᠤᠨ ᠡᠭᠦᠷᠭᠡ ᠶᠢ ᠲᠣᠭᠲᠠᠭᠠᠬᠤ ᠳᠤ ᠣᠷᠣᠯᠴᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃       ᠬᠤᠶᠠᠷ  ᠂ ᠠᠶᠢᠮᠠᠭ ᠤᠨ  ᠳᠤᠲᠤᠨ᠎ᠠ ᠭᠠᠳᠠᠨᠠᠬᠢ ᠠᠵᠤ ᠠᠬᠤᠶ ᠶᠢᠨ ᠬᠠᠮᠲᠤᠷᠠᠯᠴᠠᠭᠠᠨ ᠤ ᠪᠠᠶᠢᠳᠠᠯ ᠢ ᠰᠤᠳᠤᠯᠤᠨ ᠵᠠᠳᠠᠯᠵᠤ᠂ ᠪᠦᠬᠦ ᠠᠶᠢᠮᠠᠭ ᠤᠨ ᠣᠷᠣᠨ ᠪᠦᠰᠡ ᠶᠢᠨ ᠠᠵᠤ ᠠᠬᠤᠶ ᠶᠢᠨ ᠬᠠᠮᠲᠤᠷᠠᠯᠴᠠᠭᠠᠨ ᠤ ᠲᠥᠷᠥ  ᠶᠢᠨ ᠪᠣᠳᠣᠯᠭ᠎ᠠ ᠶᠢᠨ ᠰᠠᠨᠠᠭᠤᠯᠭ᠎ᠠ ᠪᠣᠯᠤᠨ ᠠᠷᠭ᠎ᠠ ᠬᠡᠮᠵᠢᠶ᠎ᠡ ᠶᠢ ᠳᠤᠷᠠᠳᠴᠤ᠂ ᠠᠶᠢᠮᠠᠭ ᠤᠨ ᠣᠷᠣᠨ ᠪᠦᠰᠡ ᠶᠢᠨ ᠠᠵᠤ ᠠᠬᠤᠶ ᠶᠢᠨ ᠬᠠᠮᠲᠤᠷᠠᠯᠴᠠᠭᠠᠨ ᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠠᠶᠢᠮᠠᠭ ᠤᠨ ᠲᠤᠳᠤᠨ᠎ᠠ ᠭᠠᠳᠠᠨᠠᠬᠢ ᠠᠵᠤ ᠠᠬᠤᠶ ᠶᠢᠨ ᠬᠠᠮᠲᠤᠷᠠᠯᠴᠠᠭ᠎ᠠ ᠶᠢ ᠵᠣᠬᠢᠴᠠᠭᠤᠯᠤᠨ ᠠᠬᠢᠭᠤᠯᠵᠤ᠂ ᠪᠦᠬᠦ ᠠᠶᠢᠮᠠᠭ ᠤᠨ ᠴᠢᠨᠠᠷᠲᠠᠶ ᠠᠵᠤ ᠠᠬᠤᠶ ᠶᠢᠨ ᠬᠠᠮᠲᠤᠷᠠᠯᠴᠠᠭᠠᠨ   ᠤ ᠠᠵᠢᠯᠯᠠᠭ᠎ᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠣᠯᠠᠨ ᠤᠯᠤᠰ  ᠤᠨ ᠬᠤᠭᠤᠷᠣᠨᠳᠣᠬᠢ ᠠᠵᠤ ᠠᠬᠤᠶ ᠶᠢᠨ ᠰᠣᠯᠢᠯᠴᠠᠭ᠎ᠠ ᠬᠠᠮᠲᠤᠷᠠᠯᠴᠠᠭ᠎ᠠ ᠳᠤ  ᠤᠷᠤᠯᠴᠠᠨ᠎ᠠ᠃         ᠭᠤᠷᠪᠠ  ᠂ ᠬᠢᠩᠭᠠᠨ ᠠᠶᠢᠮᠠᠭ ᠤᠨ ᠣᠷᠣᠨ ᠪᠦᠰᠡ ᠶᠢᠨ ᠳᠠᠪᠠᠭᠤᠯᠢᠭ᠂ ᠬᠠᠷᠠᠭᠠᠯᠵᠠᠯ ᠤᠨ ᠲᠥᠷᠥ ᠶᠢᠨ ᠪᠣᠳᠣᠯᠭ᠎ᠠ᠂  ᠬᠠᠮᠳᠤᠷᠠᠯᠴᠠᠬᠤ ᠠᠷᠭ᠎ᠠ ᠶᠢ ᠢᠳᠡᠪᠬᠢᠲᠡᠶ ᠤᠬᠠᠭᠤᠯᠤᠨ᠂ ᠪᠡᠯᠡ ᠣᠷᠣᠭᠤᠯᠤᠯᠲᠠ ᠶᠢᠨ ᠲᠠᠨᠢᠯᠴᠠᠭᠤᠯᠭ᠎ᠠ ᠂ ᠬᠤᠳᠠᠯᠳᠤᠭᠠᠴᠢᠨ ᠤᠷᠢᠬᠤ ᠠᠵᠢᠯᠯᠠᠭ᠎ᠠ ᠶᠢ ᠥᠷᠭᠡᠨ ᠢᠶᠠᠷ ᠥᠷᠨᠢᠭᠦᠯᠵᠦ᠂ ᠪᠦᠬᠦ ᠠᠶᠢᠮᠠᠭ ᠤᠨ ᠠᠵᠤ ᠠᠬᠤᠶ ᠶᠢᠨ ᠬᠠᠮᠳᠤᠷᠠᠯᠴᠠᠬᠤ ᠠᠵᠢᠯ ᠢ ᠲᠦᠯᠬᠢᠨ ᠠᠬᠢᠭᠤᠯᠤᠨ᠎ᠠ  ᠃      ᠳᠥᠷᠪᠡ  ᠂ ᠵᠡᠭᠦᠨ ᠬᠤᠶᠢᠲᠤ ᠣᠷᠣᠨ᠂ ᠪᠠᠷᠠᠭᠤᠨ ᠣᠷᠣᠨ ᠢ ᠶᠡᠬᠡᠪᠡᠷ ᠨᠡᠭᠡᠭᠡᠨ ᠬᠥᠭᠵᠢᠭᠦᠯᠬᠦ ᠵᠡᠷᠭᠡ ᠤᠯᠤᠰ ᠪᠠ ᠥᠪᠡᠷᠲᠡᠭᠡᠨ ᠵᠠᠰᠠᠬᠤ ᠣᠷᠣᠨ ᠤ ᠣᠷᠣᠨ ᠪᠦᠰᠡ ᠶᠢᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠨᠢᠭᠡᠳᠦᠯᠲᠡᠶ ᠲᠥᠯᠥᠪᠯᠡᠨ ᠠᠬᠢᠭᠤᠯᠤᠨ᠎ᠠ᠃ ᠮᠠᠨ ᠤ ᠠᠶᠢᠮᠠᠭ ᠤᠯᠤᠰ ᠤᠨ  ︽ᠨᠢᠭᠡ ᠪᠦᠰᠡ ᠨᠢᠭᠡ ᠵᠠᠮ︾  ᠂  ︽ᠤᠮᠠᠷᠠᠰᠢ ᠨᠡᠭᠡᠭᠡᠯᠲᠡ ᠬᠢᠬᠦ  ︾ ᠵᠢᠴᠢ  ︽ᠵᠡᠭᠦᠨ ᠭᠤᠷᠪᠠᠨ ᠮᠤᠵᠢ︾᠂  ︽ᠪᠡᠭᠡᠵᠢᠩ ᠲᠢᠶᠠᠨᠵᠢᠨ ᠾᠧᠪᠧᠶ  ︾᠂ ︽ᠪᠦᠸᠧᠬᠠᠶ ᠲᠠᠩᠭᠢᠰ ᠢ ᠲᠣᠭᠤᠷᠢᠭᠰᠠᠨ︾᠂  ︽ᠬᠥᠬᠡ ᠮᠥᠷᠡᠨ ᠤ ᠭᠤᠷᠪᠠᠯᠵᠢᠨ ᠬᠤᠶᠢᠭ  ︾᠂  ︽ᠵᠦᠵᠢᠶᠠᠩ ᠮᠥᠷᠡᠨ ᠤ ᠭᠤᠷᠪᠠᠯᠵᠢᠨ ᠬᠤᠶᠢᠭ 》 ᠵᠡᠷᠭᠡ ᠭᠠᠵᠠᠷ ᠣᠷᠣᠨ ᠤ ᠠᠵᠤ ᠠᠬᠤᠶ ᠶᠢᠨ ᠬᠠᠮᠲᠤᠷᠠᠯᠴᠠᠭ᠎ᠠ ᠳᠤ ᠠᠭᠤᠰᠤᠯᠴᠠᠬᠤ ᠰᠠᠨᠠᠭᠤᠯᠭ᠎ᠠ  ᠲᠤᠷᠠᠳᠤᠨ᠎ᠠ᠃     ᠲᠠᠪᠤ  ᠂ ᠮᠠᠨ ᠤ ᠠᠶᠢᠮᠠᠭ ᠬᠢᠭᠡᠳ ᠭᠠᠵᠠᠷ ᠣᠷᠣᠨ  ᠤ ᠬᠠᠮᠳᠤᠷᠠᠯᠴᠠᠬᠤ ᠠᠵᠢᠯ  ᠢ ᠨᠢᠭᠡᠳᠦᠯᠲᠡᠢ ᠲᠥᠯᠥᠪᠯᠡᠨ ᠵᠣᠬᠢᠴᠠᠭᠤᠯᠵᠤ᠂ ᠨᠥᠬᠦᠷᠰᠡᠭ ᠬᠤᠳᠠ ᠶᠢ ᠪᠠᠶᠢᠭᠤᠯᠬᠤ ᠶᠠᠪᠤᠳᠠᠯ  ᠢ ᠠᠬᠢᠭᠤᠯᠤᠨ᠂ ᠴᠢᠬᠤᠯᠠ ᠶᠡᠭᠡ  ᠬᠠᠮᠳᠤᠷᠠᠯᠴᠠᠬᠤ ᠵᠥᠪᠯᠡᠯᠴᠡᠭᠡᠷ ᠤᠨ ᠨᠠᠶᠢᠳᠠᠪᠤᠷᠢᠵᠢᠭᠤᠯᠤᠯᠲᠠ ᠶᠢ ᠲᠥᠯᠬᠢᠨ ᠠᠬᠢᠭᠤᠯᠵᠤ᠂ ᠬᠠᠷᠢᠯᠴᠠᠵᠤ ᠵᠣᠬᠢᠴᠠᠭᠤᠯᠬᠤ᠂ ᠮᠡᠳᠡᠭᠡ ᠵᠠᠩᠭᠢ ᠨᠡᠪᠲᠡᠷᠡᠯᠴᠡᠬᠦ᠂ ᠠᠵᠢᠯ  ᠤᠨ ᠰᠣᠯᠢᠯᠴᠠᠭ᠎ᠠ ᠬᠢᠬᠦ᠂ ᠰᠢᠨᠵᠢᠯᠡᠨ ᠪᠠᠶᠢᠴᠠᠭᠠᠵᠤ ᠬᠠᠷᠢᠯᠴᠠᠨ ᠰᠤᠷᠪᠤᠯᠵᠢᠯᠠᠬᠤ ᠵᠡᠷᠭᠡ ᠠᠵᠢᠯ ᠢ ᠥᠷᠨᠢᠭᠦᠯᠦᠨ᠎ᠡ᠃      ᠵᠢᠷᠭᠤᠭ᠎ᠠ  ᠂ ᠪᠦᠬᠦ ᠠᠶᠢᠮᠠᠭ ᠤᠨ ᠣᠷᠣᠨ ᠪᠦᠰᠡ ᠶᠢᠨ ᠠᠵᠤ ᠠᠬᠤᠢ ᠶᠢᠨ ᠬᠠᠮᠳᠤᠷᠠᠯᠴᠠᠭ᠎ᠠ ᠶᠢᠨ ᠬᠢᠨᠠᠨ ᠰᠢᠯᠭᠠᠬᠤ ᠠᠷᠭ᠎ᠠ ᠶᠢ ᠲᠣᠭᠲᠠᠭᠠᠬᠤ ᠶᠢᠨ ᠬᠠᠮᠲᠤ ᠬᠢᠨᠠᠨ ᠰᠢᠯᠭᠠᠬᠤ ᠶᠢ ᠬᠡᠷᠡᠭᠵᠢᠭᠦᠯᠵᠦ᠂ ᠡᠯ᠎ᠡ ᠬᠤᠰᠢᠭᠤ ᠰᠢᠶᠠᠨ ᠬᠤᠲᠠ ᠶᠢ ᠱᠠᠭᠠᠷᠳᠠᠨ ᠣᠷᠣᠨ ᠪᠦᠰᠡ ᠶᠢᠨ ᠬᠠᠮᠳᠤᠷᠠᠯᠴᠠᠭ᠎ᠠ ᠪᠠᠷ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠲᠥᠷᠥᠯ ᠵᠦᠢᠯ ᠤᠨ ᠠᠵᠢᠯ  ᠢ ᠡᠬᠢᠯᠡᠭᠦᠯᠦᠨ᠎ᠡ᠃ ᠡᠯ᠎ᠡ ᠬᠤᠰᠢᠭᠤ ᠰᠢᠶᠠᠨ ᠬᠤᠲᠠ ᠤᠨ ᠣᠷᠣᠨ  ᠪᠦᠰᠡ ᠶᠢᠨ ᠠᠵᠤ ᠠᠬᠤᠶ ᠶᠢᠨ ᠬᠠᠮᠳᠤᠷᠠᠯᠴᠠᠭ᠎ᠠ ᠶᠢᠨ ᠠᠵᠢᠯ ᠢ ᠵᠢᠯᠣᠭᠤᠳᠤᠨ᠎ᠠ᠃         ᠳᠣᠯᠤᠭ᠎ᠠ  ᠂ ᠠᠶᠢᠮᠠᠭ ᠤᠨ ᠨᠠᠮ ᠤᠨ ᠬᠤᠷᠢᠶ᠎ᠠ᠂  ᠵᠠᠬᠢᠷᠭ᠎ᠠ ᠶᠢᠨ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃
 
ᠢᠷᠡᠯᠲᠡ᠄ ᠬᠢᠩᠭᠠᠨ ᠠᠶᠢᠮᠠᠭ ᠤᠨ ᠵᠠᠬᠢᠷᠭ᠎ᠠ ᠶᠢᠨ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号