ᠬᠢᠩᠭᠠᠨ ᠠᠶᠢᠮᠠᠭ ᠤᠨ ᠬᠠᠤᠯᠢ ᠴᠠᠭᠠᠵᠠ ᠶᠢᠨ ᠲᠣᠪᠴᠢᠶ᠎ᠠ
ᠨᠡᠶᠢᠲᠡᠯᠡᠭᠰᠡᠨ ᠴᠠᠭ᠄
2021/7/8
       ᠬᠢᠩᠭᠠᠨ ᠠᠶᠢᠮᠠᠭ ᠤᠨ ᠬᠠᠤᠯᠢ ᠴᠠᠭᠠᠵᠠ ᠶᠢᠨ ᠲᠣᠪᠴᠢᠶ᠎ᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠥᠬᠦ ᠲᠠᠯ᠎ᠠ ᠪᠠᠷ ᠬᠠᠤᠯᠢ ᠪᠠᠷ ᠣᠷᠣᠨ ᠢᠶᠠᠨ ᠵᠠᠰᠠᠬᠤ ᠲᠤᠬᠠᠶ ᠴᠢᠭᠯᠡᠯᠲᠡ ᠲᠥᠷᠥ ᠶᠢᠨ ᠪᠣᠳᠣᠯᠭ᠎ᠠ ᠪᠠ ᠠᠶᠢᠮᠠᠭ ᠤᠨ ᠨᠠᠮ ᠤᠨ ᠬᠤᠷᠢᠶᠠᠨ ᠤ ᠬᠠᠮᠢᠶ᠎ᠠ ᠪᠥᠬᠦᠶ ᠰᠢᠶᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠬᠠᠷᠢᠭᠤᠴᠠᠵᠤ᠂ ᠡᠭᠦᠷᠭᠡ ᠬᠠᠷᠢᠭᠤᠴᠠᠯᠭ᠎ᠠ ᠪᠠᠨ ᠭᠦᠶᠴᠡᠳᠬᠡᠬᠦ ᠶᠠᠪᠤᠴᠠ ᠳᠤ ᠨᠠᠮ ᠤᠨ ᠪᠥᠬᠦ ᠲᠠᠯ᠎ᠠ ᠪᠠᠷ ᠬᠠᠤᠯᠢ ᠪᠠᠷ ᠠᠶᠢᠮᠠᠭ ᠢᠶᠠᠨ ᠵᠠᠰᠠᠬᠤ ᠲᠥᠪᠯᠡᠷᠡᠩᠭᠦᠶ ᠨᠢᠭᠡᠳᠦᠯᠲᠡᠶ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠨ᠎ᠠ᠃ ᠭᠤᠣᠯ ᠡᠭᠦᠷᠭᠡ ᠬᠠᠷᠢᠭᠤᠴᠠᠯᠭ᠎ᠠ ᠨᠢ᠄         ᠨᠢᠭᠡ  ᠂  ᠪᠦᠬᠦ ᠲᠠᠯ᠎ᠠ ᠪᠠᠷ ᠬᠠᠤᠯᠢ ᠪᠠᠷ ᠠᠶᠢᠮᠠᠭ ᠢᠶᠠᠨ ᠵᠠᠰᠠᠬᠤ ᠴᠢᠬᠤᠯᠠ ᠶᠡᠭᠡ ᠠᠰᠠᠭᠤᠳᠠᠯ ᠤᠨ ᠲᠤᠬᠠᠢ ᠲᠥᠷᠥ ᠶᠢᠨ ᠪᠣᠳᠣᠯᠭ᠎ᠠ ᠶᠢᠨ ᠰᠤᠳᠤᠯᠭᠠᠨ ᠢ ᠡᠭᠦᠷᠭᠡᠯᠡᠵᠦ᠂ ᠬᠤᠯᠪᠣᠭᠳᠠᠯ ᠪᠦᠬᠦᠢ ᠲᠠᠯ᠎ᠠ ᠶᠢᠨ ᠬᠢᠨ ᠢ ᠵᠣᠬᠢᠴᠠᠭᠤᠯᠤᠨ ᠪᠦᠬᠦ ᠲᠠᠯ᠎ᠠ ᠪᠠᠷ ᠬᠠᠤᠯᠢ ᠪᠠᠷ ᠠᠶᠢᠮᠠᠭ ᠢᠶᠠᠨ ᠵᠠᠰᠠᠬᠤ ᠳᠤᠮᠳᠠ ᠪᠠ ᠤᠷᠲᠤ ᠬᠤᠭᠤᠴᠠᠭᠠᠨ ᠤ ᠲᠥᠯᠥᠪᠵᠢᠭᠦᠯᠭᠡ ᠶᠢᠨ ᠰᠠᠨᠠᠭᠤᠯᠭ᠎ᠠ ᠳᠤᠷᠠᠳᠴᠤ᠂ ᠬᠤᠯᠪᠣᠭᠳᠠᠯ ᠪᠦᠬᠦᠢ ᠰᠢᠶᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢᠨ ᠰᠢᠮᠳᠠᠭᠤᠯᠤᠨ ᠪᠠᠶᠢᠴᠠᠭᠠᠬᠤ ᠠᠵᠢᠯ ᠢ ᠬᠠᠷᠢᠭᠤᠴᠠᠨ᠎ᠠ᠃       ᠬᠤᠶᠠᠷ᠂ ᠠᠶᠢᠮᠠᠭ ᠤᠨ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ ᠪᠣᠯᠤᠨ ᠬᠤᠰᠢᠭᠤ ᠰᠢᠶᠠᠨ ᠬᠤᠲᠠ ᠶᠢᠨ ᠵᠠᠰᠠᠭ ᠤᠨ ᠣᠷᠳᠣᠨ ᠤ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ  ᠢ ᠳᠠᠩᠰᠠᠯᠠᠵᠦ  ᠬᠢᠨᠠᠨ ᠪᠠᠶᠢᠴᠠᠭᠠᠬᠤ ᠠᠵᠢᠯ ᠢ ᠬᠠᠷᠢᠭᠤᠴᠠᠨ᠎ᠠ᠃       ᠭᠤᠷᠪᠠ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢ ᠨᠢᠭᠡᠳᠦᠯᠲᠡᠶ  ᠲᠦᠯᠦᠪᠵᠢᠭᠦᠯᠦᠨ ᠬᠠᠷᠢᠭᠤᠴᠠᠯᠭ᠎ᠠ ᠶᠢ ᠡᠭᠦᠷᠭᠡᠯᠡᠨ᠎ᠡ᠃ ᠠᠶᠢᠮᠠᠭ ᠤᠨ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ  ᠤᠨ ᠬᠠᠤᠯᠢ ᠶᠣᠰᠣᠭᠠᠷ ᠵᠠᠰᠠᠭ ᠶᠠᠪᠤᠭᠤᠯᠬᠤ᠂ ᠡᠯ᠎ᠡ ᠬᠤᠰᠢᠭᠤ ᠰᠢᠶᠠᠨ ᠬᠤᠲᠠ ᠶᠢᠨ ᠵᠠᠰᠠᠭ ᠤᠨ ᠣᠷᠳᠣᠨ ᠤ ᠬᠠᠤᠯᠢ ᠶᠣᠰᠣᠭᠠᠷ ᠲᠥᠷᠥ ᠪᠠᠷᠢᠬᠤ ᠪᠠ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠠᠵᠢᠯ ᠢ ᠵᠢᠯᠣᠭᠤᠳᠤᠨ ᠬᠢᠨᠠᠯᠲᠠ ᠲᠠᠯᠪᠢᠨ᠎ᠠ᠃ ᠪᠦᠬᠦ ᠠᠶᠢᠮᠠᠭ ᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠢ ᠶᠡᠷᠦᠩᠬᠡᠶᠢᠯᠡᠨ ᠵᠣᠬᠢᠴᠠᠭᠤᠯᠬᠤ ᠶᠢ ᠬᠠᠷᠢᠭᠤᠴᠠᠵᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠠᠶᠢᠭᠤᠯᠤᠯ ᠤᠨ ᠥᠭᠡᠷᠡᠴᠢᠯᠡᠯᠲᠡ ᠶᠢ ᠲᠦᠯᠬᠢᠨ ᠠᠬᠢᠭᠤᠯᠬᠤ ᠬᠤᠯᠪᠣᠭᠳᠠᠯ ᠪᠦᠬᠦᠢ ᠠᠵᠢᠯ ᠢ ᠡᠭᠦᠷᠭᠡᠯᠡᠵᠦ᠂ ᠴᠢᠩᠭ᠎ᠠ ᠵᠢᠷᠤᠮᠵᠢᠯ ᠲᠠᠢ ᠲᠥᠪ ᠭᠤᠣᠯᠴᠢ ᠪᠣᠯᠪᠠᠰᠤᠨ ᠢᠶᠠᠷ ᠬᠠᠤᠯᠢ ᠬᠡᠷᠡᠭᠵᠢᠭᠦᠯᠬᠦ ᠶᠢ ᠲᠦᠯᠬᠢᠨ ᠠᠬᠢᠭᠤᠯᠤᠨ᠎ᠠ᠃ ᠪᠦᠬᠦ ᠠᠶᠢᠮᠠᠭ ᠤᠨ ᠵᠠᠰᠠᠭ ᠵᠠᠬᠢᠷᠭᠠᠨ ᠤ ᠳᠠᠬᠢᠨ ᠵᠥᠪᠯᠡᠬᠦ᠂ ᠵᠠᠰᠠᠭ ᠵᠠᠬᠢᠷᠭᠠᠨ ᠤ ᠵᠠᠷᠭᠤ ᠬᠦᠯᠢᠶᠡᠬᠦ ᠠᠵᠢᠯ ᠢ  ᠵᠢᠯᠤᠭᠤᠳᠬᠤ ᠪᠠ ᠬᠢᠨᠠᠯᠲᠠ ᠲᠠᠯᠪᠢᠵᠤ᠂ ᠵᠠᠰᠠᠭ ᠵᠠᠬᠢᠷᠭᠠᠨ ᠤ ᠳᠠᠬᠢᠨ ᠵᠥᠪᠯᠡᠬᠦ ᠪᠠ ᠵᠠᠷᠭᠤ ᠬᠦᠯᠢᠶᠡᠬᠦ ᠬᠡᠷᠡᠭ ᠢ ᠰᠢᠶᠳᠪᠦᠷᠢᠯᠡᠬᠦ ᠠᠵᠢᠯ ᠢ ᠬᠠᠷᠢᠭᠤᠴᠠᠨ᠎ᠠ᠃         ᠲᠦᠷᠪᠡ᠂ ᠬᠠᠤᠯᠢ ᠪᠠᠷ ᠵᠠᠰᠠᠬᠤ ᠨᠡᠶᠢᠭᠡᠮ ᠤᠨ ᠪᠠᠶᠢᠭᠤᠯᠤᠯᠲᠠ ᠶᠢ ᠨᠢᠭᠡᠳᠦᠯᠲᠡᠢ  ᠲᠦᠯᠦᠪᠵᠢᠭᠦᠯᠬᠦ ᠬᠠᠷᠢᠭᠤᠴᠠᠯᠭ᠎ᠠ ᠶᠢ ᠡᠭᠦᠷᠭᠡᠯᠡᠨ᠎ᠡ᠃ ᠪᠦᠬᠦ ᠠᠶᠢᠮᠠᠭ ᠤᠨ ᠬᠠᠤᠯᠢ ᠪᠠᠷ ᠵᠠᠰᠠᠬᠤ ᠤᠬᠠᠭᠤᠯᠭ᠎ᠠ ᠬᠥᠮᠦᠵᠢᠯ ᠤᠨ ᠲᠥᠯᠥᠪᠵᠢᠭᠦᠯᠭᠡ ᠶᠢ ᠲᠣᠭᠲᠠᠭᠠᠬᠤ ᠶᠢ ᠬᠠᠷᠢᠭᠤᠴᠠᠵᠤ᠂ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠶᠢᠨ ᠠᠵᠢᠯ ᠢ ᠵᠣᠬᠢᠶᠠᠨ ᠪᠠᠶᠢᠭᠤᠯᠵᠦ ᠬᠡᠷᠡᠭᠵᠢᠭᠦᠯᠦᠨ᠎ᠡ᠃ ᠠᠷᠠᠳ ᠲᠦᠮᠡᠨ ᠤ ᠤᠷᠤᠯᠴᠠᠯᠭ᠎ᠠ ᠪᠠ  ᠬᠠᠤᠯᠢ ᠪᠠᠷ ᠵᠠᠰᠠᠬᠤ ᠪᠠᠶᠢᠭᠤᠯᠤᠯᠳᠠ ᠶᠢ ᠠᠬᠢᠭᠤᠯᠤᠨ᠎ᠠ᠃ ᠪᠦᠬᠦ ᠠᠶᠢᠮᠠᠭ ᠤᠨ ᠬᠠᠤᠯᠢ ᠶᠣᠰᠣᠭᠠᠷ ᠵᠠᠰᠠᠬᠤ ᠪᠠ  ᠬᠠᠤᠯᠢ ᠪᠠᠷ ᠵᠠᠰᠠᠬᠤ ᠶᠢ ᠡᠭᠦᠳᠦᠨ ᠪᠠᠶᠢᠭᠤᠯᠬᠤ ᠠᠵᠢᠯ ᠢ ᠵᠢᠯᠣᠭᠤᠳᠤᠨ᠎ᠠ᠃ ᠡᠶᠡᠳᠡᠭᠦᠯᠬᠦ ᠠᠵᠢᠯ ᠪᠠ ᠠᠷᠠᠳ ᠤᠨ ᠬᠠᠪᠰᠤᠷᠤᠨ ᠰᠢᠭᠦᠭᠴᠢ᠂ ᠠᠷᠠᠳ ᠤᠨ ᠬᠢᠨᠠᠯᠲᠠ ᠲᠠᠯᠪᠢᠭᠴᠢ ᠶᠢ ᠰᠣᠩᠭᠤᠨ ᠲᠣᠮᠢᠯᠠᠬᠤ ᠬᠠᠮᠢᠶᠠᠷᠤᠯᠲᠠ ᠶᠢᠨ ᠠᠵᠢᠯ ᠢ ᠵᠢᠯᠣᠭᠤᠳᠴᠤ᠂ ᠬᠠᠤᠯᠢ ᠴᠠᠭᠠᠵᠠ ᠶᠢᠨ ᠭᠠᠵᠠᠷ ᠤᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃       ᠲᠠᠪᠤ᠂ ᠪᠦᠬᠦ ᠠᠶᠢᠮᠠᠭ ᠤᠨ ᠨᠡᠶᠢᠭᠡᠮ ᠲᠣᠭᠤᠷᠢᠭ ᠤᠨ ᠵᠠᠰᠠᠮᠵᠢᠯᠠᠬᠤ ᠠᠵᠢᠯ ᠢ ᠬᠠᠷᠢᠭᠤᠴᠠᠨ ᠵᠢᠯᠣᠭᠤᠳᠴᠤ ᠬᠠᠮᠢᠶᠠᠷᠤᠨ᠎ᠠ᠃ ᠪᠦᠬᠦ ᠠᠶᠢᠮᠠᠭ ᠤᠨ ᠡᠷᠡᠭᠦᠦ ᠶᠢᠨ ᠬᠤᠭᠤᠴᠠᠭ᠎ᠠ ᠨᠢ  ᠲᠦᠭᠦᠷᠴᠦ ᠰᠤᠯᠠᠯᠠᠭᠳᠠᠭᠰᠠᠨ ᠬᠥᠮᠦᠰ ᠢ ᠬᠠᠪᠰᠤᠷᠤᠨ ᠬᠥᠮᠦᠵᠢᠭᠦᠯᠵᠦ ᠲᠥᠪᠬᠢᠨᠡᠭᠦᠯᠬᠦ ᠠᠵᠢᠯ ᠢ ᠵᠢᠯᠣᠭᠤᠳᠤᠨ᠎ᠠ᠃       ᠵᠢᠷᠭᠤᠭ᠎ᠠ᠂ ᠪᠥᠬᠦ ᠠᠶᠢᠮᠠᠭ ᠤᠨ ᠣᠯᠠᠨ ᠨᠡᠶᠢᠲᠡ ᠶᠢᠨ ᠬᠠᠤᠯᠢ ᠴᠠᠭᠠᠵᠠ ᠶᠢᠨ ᠦᠶᠯᠡᠴᠢᠯᠡᠭᠡᠨ ᠤ  ᠰᠢᠰᠲ᠋ᠧᠮ ᠤᠨ ᠪᠠᠶᠢᠭᠤᠯᠤᠯᠲᠠ ᠶᠢᠨ ᠲᠥᠯᠥᠪᠵᠢᠭᠦᠯᠭᠡ ᠶᠢ ᠲᠤᠭᠤᠷᠪᠢᠬᠤ ᠶᠢᠨ ᠬᠠᠮᠲᠤ ᠵᠢᠯᠣᠭᠤᠳᠤᠨ ᠬᠡᠷᠡᠭᠵᠢᠭᠦᠯᠬᠦ  ᠶᠢ ᠬᠠᠷᠢᠭᠤᠴᠠᠵᠤ᠂ ᠬᠤᠲᠠ ᠬᠥᠳᠡᠭᠡ᠂ ᠣᠷᠣᠨ ᠪᠦᠰᠡ ᠶᠢᠨ ᠬᠠᠤᠯᠢ ᠴᠠᠭᠠᠵᠠ ᠶᠢᠨ ᠦᠶᠯᠡᠴᠢᠯᠡᠭᠡᠨ ᠤ ᠡᠬᠢ ᠪᠠᠶᠠᠯᠢᠭ ᠢ ᠨᠢᠭᠡᠳᠦᠯᠲᠡᠶ ᠲᠥᠯᠥᠪᠯᠡᠨ ᠪᠠᠶᠢᠷᠢᠯᠠᠭᠤᠯᠤᠨ᠎ᠠ᠃ ᠪᠦᠬᠦ ᠠᠶᠢᠮᠠᠭ ᠤᠨ ᠬᠠᠤᠯᠢ ᠴᠠᠭᠠᠵᠠ ᠶᠢᠨ ᠵᠥᠪᠯᠡᠭᠴᠢ᠂ ᠬᠠᠤᠯᠢᠴᠢ᠂ ᠬᠠᠤᠯᠢ ᠴᠠᠭᠠᠵᠠ ᠶᠢᠨ ᠲᠤᠰᠠᠯᠠᠮᠵᠢ᠂ ᠬᠠᠤᠯᠢ ᠴᠠᠭᠠᠵᠠ ᠶᠢᠨ ᠬᠢᠨᠠᠨ ᠲᠣᠭᠲᠠᠭᠠᠯᠲᠠ᠂ ᠠᠯᠪᠠᠨ ᠭᠡᠷᠡᠴᠢᠯᠡᠭᠡ᠂ ᠬᠥᠨᠳᠡᠯᠡᠨ ᠠᠴᠠ ᠲᠠᠰᠤᠯᠬᠤ ᠪᠠ ᠦᠨᠳᠦᠰᠦᠨ ᠱᠠᠲᠤᠨ ᠤ ᠬᠠᠤᠯᠢ ᠴᠠᠭᠠᠵᠠ ᠶᠢᠨ ᠦᠢᠯᠡᠴᠢᠯᠡᠭᠡᠨ ᠤ ᠬᠠᠮᠢᠶᠠᠷᠤᠯᠲᠠ ᠶᠢᠨ ᠠᠵᠢᠯ ᠢ ᠵᠢᠯᠣᠭᠤᠳᠤᠨ ᠬᠢᠨᠠᠯᠲᠠ ᠲᠠᠯᠪᠢᠨ᠎ᠠ᠃ ᠠᠶᠢᠮᠠᠭ ᠤᠨ ᠬᠠᠤᠯᠢ ᠴᠠᠭᠠᠵᠠ ᠶᠢᠨ ᠲᠤᠰᠬᠠᠶ ᠮᠡᠷᠭᠡᠵᠢᠯᠲᠡᠨ ᠤ ᠬᠥᠮᠥᠷᠭᠡ᠂ ᠠᠶᠢᠮᠠᠭ ᠤᠨ ᠵᠠᠬᠢᠷᠭ᠎ᠠ ᠶᠢᠨ ᠬᠠᠤᠯᠢ ᠴᠠᠭᠠᠵᠠ ᠶᠢᠨ ᠵᠥᠪᠯᠡᠭᠴᠢ ᠶᠢ ᠰᠣᠩᠭᠤᠨ ᠤᠷᠢᠬᠤ᠂ ᠵᠣᠬᠢᠶᠠᠨ ᠪᠠᠶᠢᠭᠤᠯᠬᠤ᠂ ᠬᠠᠮᠢᠶᠠᠷᠬᠤ ᠠᠵᠢᠯ ᠢ ᠡᠭᠦᠷᠭᠡᠯᠡᠨ᠎ᠡ᠃        ᠳᠣᠯᠤᠭ᠎ᠠ᠂ ᠤᠯᠤᠰ ᠤᠨ ᠨᠢᠭᠡᠳᠦᠯᠲᠡᠶ ᠬᠠᠤᠯᠢ ᠴᠠᠭᠠᠵᠠ ᠶᠢᠨ ᠠᠵᠢᠯ ᠮᠡᠷᠭᠡᠵᠢᠯ ᠤᠨ ᠬᠢᠷᠢ ᠬᠡᠮ ᠤᠨ ᠰᠢᠯᠭᠠᠯᠲᠠ ᠶᠢᠨ ᠬᠢᠩᠭᠠᠨ ᠠᠶᠢᠮᠠᠭ ᠤᠨ ᠰᠢᠯᠭᠠᠯᠲᠠ ᠶᠢᠨ ᠲᠣᠭᠤᠷᠢᠭ ᠤᠨ ᠵᠣᠬᠢᠶᠠᠨ ᠪᠠᠶᠢᠭᠤᠯᠤᠨ ᠬᠡᠷᠡᠭᠵᠢᠭᠦᠯᠬᠦ ᠠᠵᠢᠯ ᠢ ᠬᠠᠷᠢᠭᠤᠴᠠᠨ᠎ᠠ᠃ ᠪᠦᠬᠦ ᠠᠶᠢᠮᠠᠭ ᠤᠨ ᠤᠯᠤᠰ ᠤᠨ ᠨᠢᠭᠡᠳᠦᠯᠲᠠᠢ ᠬᠠᠤᠯᠢ ᠴᠠᠭᠠᠵᠠ ᠶᠢᠨ ᠠᠵᠢᠯ ᠮᠡᠷᠭᠡᠵᠢᠯ  ᠤᠨ ᠬᠢᠷᠢ ᠬᠡᠮ ᠪᠠ ᠦᠨᠡᠮᠯᠡᠯ ᠤᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠪᠦᠬᠦ ᠠᠶᠢᠮᠠᠭ ᠤᠨ ᠬᠠᠤᠯᠢ ᠴᠠᠭᠠᠵᠠ ᠶᠢᠨ ᠠᠵᠢᠯ ᠮᠡᠷᠭᠡᠵᠢᠯ ᠤᠨ ᠠᠵᠢᠯᠲᠠᠨ ᠤ ᠠᠵᠢᠯᠯᠠᠬᠤ ᠠᠴᠠ ᠡᠮᠦᠨᠡᠬᠢ ᠪᠣᠯᠪᠠᠰᠤᠷᠠᠯ ᠤᠨ ᠠᠵᠢᠯ ᠢ  ᠲᠦᠯᠦᠪᠵᠢᠭᠦᠯᠬᠦ ᠪᠠ ᠵᠢᠯᠣᠭᠤᠳᠬᠤ ᠶᠢ ᠬᠠᠷᠢᠭᠤᠴᠠᠨ᠎ᠠ᠃       ᠨᠠᠶᠮᠠ  ᠂ ᠪᠦᠬᠦ ᠠᠶᠢᠮᠠᠭ ᠤᠨ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠢᠰᠲ᠋ᠧᠮ ᠤᠨ ᠬᠤᠪᠴᠠᠰᠤ ᠬᠤᠨᠠᠷ ᠪᠠ ᠴᠠᠭᠳᠠᠭᠠᠨ ᠤ ᠲᠡᠷᠭᠡ ᠶᠢᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠵᠤ᠂ ᠪᠦᠬᠦ ᠠᠶᠢᠮᠠᠭ ᠤᠨ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠢᠰᠲ᠋ᠧᠮ ᠤᠨ ᠡᠳ᠋ ᠤᠨ ᠶᠠᠪᠤᠳᠠᠯ᠂ ᠲᠣᠨᠤᠭ ᠲᠥᠬᠦᠭᠡᠷᠦᠮᠵᠢ᠂ ᠪᠡᠯᠡᠳᠬᠡᠮᠵᠢ᠂ ᠲᠠᠯᠠᠪᠤᠷ ᠵᠡᠷᠭᠡ ᠪᠠᠲᠤᠯᠠᠭ᠎ᠠ ᠶᠢᠨ ᠠᠵᠢᠯ ᠢ ᠵᠢᠯᠣᠭᠤᠳᠬᠤ ᠪᠠ ᠬᠢᠨᠠᠯᠲᠠ ᠲᠠᠯᠪᠢᠨ᠎ᠠ᠃      ᠶᠢᠰᠦ᠂ ᠪᠦᠬᠦ ᠠᠶᠢᠮᠠᠭ ᠤᠨ ᠬᠠᠤᠯᠢ ᠪᠠᠷ ᠵᠠᠰᠠᠬᠤ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢᠨ ᠬᠠᠮᠢᠶ᠎ᠠ ᠪᠦᠬᠦᠢ ᠠᠵᠢᠯ ᠢ ᠲᠥᠯᠥᠪᠵᠢᠭᠦᠯᠤᠨ ᠵᠣᠬᠢᠴᠠᠭᠤᠯᠵᠤ ᠵᠢᠯᠣᠭᠤᠳᠤᠨ᠂ ᠪᠦᠬᠦ ᠠᠶᠢᠮᠠᠭ ᠤᠨ ᠬᠠᠤᠯᠢ ᠴᠠᠭᠠᠵᠠ  ᠶᠢᠨ ᠵᠠᠰᠠᠭ ᠵᠠᠬᠢᠷᠭᠠᠨ ᠤ ᠰᠢᠰᠲ᠋ᠧᠮ ᠤᠨ ᠡᠩᠨᠡᠭᠡᠨ ᠤ ᠪᠠᠶᠢᠭᠤᠯᠤᠯᠲᠠ ᠶᠢ ᠵᠢᠯᠣᠭᠤᠳᠤᠨ ᠬᠢᠨᠠᠯᠲᠠ ᠲᠠᠯᠪᠢᠨ᠎ᠠ᠃ ᠪᠦᠬᠦ ᠠᠶᠢᠮᠠᠭ ᠤᠨ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠢᠰᠲ᠋ᠧᠮ ᠤᠨ ᠴᠠᠭᠳᠠᠭᠠᠨ ᠤ ᠶᠠᠪᠤᠳᠠᠯ ᠤᠨ ᠬᠠᠮᠢᠶᠠᠷᠤᠯᠲᠠ ᠪᠠ ᠴᠠᠭᠳᠠᠭᠠᠨ ᠤ ᠶᠠᠪᠤᠳᠠᠯ ᠤᠨ ᠰᠢᠮᠳᠠᠭᠤᠯᠤᠨ ᠪᠠᠶᠢᠴᠠᠭᠠᠬᠤ ᠠᠵᠢᠯ ᠢ ᠬᠠᠷᠢᠭᠤᠴᠠᠨ᠎ᠠ᠃ ᠡᠯ᠎ᠡ ᠬᠤᠰᠢᠭᠤ ᠰᠢᠶᠠᠨ ᠬᠤᠲᠠ ᠶᠢ ᠬᠠᠮᠵᠢᠨ ᠬᠠᠤᠯᠢ ᠴᠠᠭᠠᠵᠠ ᠶᠢᠨ ᠲᠣᠪᠴᠢᠶ᠎ᠠ ᠶᠢᠨ ᠤᠳᠤᠷᠢᠳᠬᠤ ᠺᠠᠳ᠋ᠷ ᠢ ᠬᠠᠮᠢᠶᠠᠷᠤᠨ᠎ᠠ᠃       ᠠᠷᠪᠠ᠂ ᠪᠦᠬᠦ ᠠᠶᠢᠮᠠᠭ ᠤᠨ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠮᠡᠳᠡᠭᠡ ᠵᠠᠩᠭᠢᠴᠢᠯᠠᠯᠲᠠ ᠶᠢᠨ ᠠᠵᠢᠯ ᠢ ᠲᠥᠯᠥᠪᠵᠢᠭᠦᠯᠦᠨ ᠬᠡᠷᠡᠭᠵᠢᠭᠦᠯᠵᠦ ᠵᠢᠯᠣᠭᠤᠳᠤᠨ᠎ᠠ᠃       ᠠᠷᠪᠠᠨ ᠨᠢᠭᠡ᠂ ᠠᠶᠢᠮᠠᠭ ᠤᠨ ᠨᠠᠮ ᠤᠨ ᠬᠤᠷᠢᠶ᠎ᠠ ᠪᠤᠶᠤ ᠠᠶᠢᠮᠠᠭ ᠤᠨ ᠵᠠᠬᠢᠷᠭ᠎ᠠ ᠠᠴᠠ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃                                  
 
ᠢᠷᠡᠯᠲᠡ᠄ ᠬᠢᠩᠭᠠᠨ ᠠᠶᠢᠮᠠᠭ ᠤᠨ ᠬᠠᠤᠯᠢ ᠴᠠᠭᠠᠵᠠ ᠶᠢᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号