︽ᠬᠢᠩᠭᠠᠨ ᠠᠶᠢᠮᠠᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠪᠠᠷᠢᠮᠵᠢᠶᠠᠵᠢᠭᠤᠯᠤᠭᠰᠠᠨ ᠬᠠᠮᠢᠶᠠᠷᠤᠯᠲᠠ | ᠶᠢᠨ ᠠᠷᠭ᠎ᠠ ︾ ᠶᠢ ᠳᠠᠷᠤᠮᠠᠯᠯᠠᠨ ᠶᠠᠪᠤᠭᠤᠯᠬᠤ ᠲᠤᠬᠠᠶ ᠬᠢᠩᠭᠠᠨ ᠠᠶᠢᠮᠠᠭ ᠤᠨ ᠵᠠᠬᠢᠷᠭ᠎ᠠ ᠶᠢᠨ ᠮᠡᠳᠡᠭᠳᠡᠯ | ᠬᠢᠩᠭᠠᠨ ᠠᠶᠢᠮᠠᠭ ᠤᠨ ᠵᠠᠬᠢᠷᠭ᠎ᠠ ᠲᠠᠷᠬᠠᠭᠠᠭᠰᠠᠨ[2021]5 ᠳ᠋ᠣᠭᠠᠷ ᠲᠤᠭᠠᠳᠤ | ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠠᠶᠢᠮᠠᠭ ᠤᠨ ᠰᠢᠭᠤᠳ ᠬᠠᠷᠢᠶ᠎ᠠ | ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ᠄ ᠰᠣᠳᠣᠯᠣᠯᠲᠠ ᠪᠠᠷ ᠳᠠᠮᠵᠢᠨ᠂ ᠡᠳᠦᠭᠡ ︽ᠬᠢᠩᠭᠠᠨ ᠠᠶᠢᠮᠠᠭ ᠤᠨ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠪᠠᠷᠢᠮᠵᠢᠶᠠᠵᠢᠭᠤᠯᠤᠭᠰᠠᠨ ᠬᠠᠮᠢᠶᠠᠷᠤᠯᠲᠠ ᠶᠢᠨ ᠠᠷᠭ᠎ᠠ︾ ᠶᠢ ᠲᠠ | ᠨᠠᠷ ᠲᠤ ᠳᠠᠷᠤᠮᠠᠯᠯᠠᠨ ᠲᠠᠷᠬᠠᠭᠠᠪᠠ᠂ ᠬᠢᠨᠠᠮᠠᠭᠠᠶ ᠰᠠᠶᠢᠳᠣᠷ ᠲᠤᠭᠤᠰᠢᠯᠠᠭᠤᠯᠤᠨ ᠨᠡᠶᠢᠲᠡᠪᠣᠷᠢᠵᠢᠭᠤᠯᠬᠤ ᠬᠡᠷᠡᠭᠲᠡᠢ ᠃ | 2021 ᠣᠨ ᠤ 1 ᠰᠠᠷ᠎ᠠ ᠶᠢᠨ 20 ᠤ ᠡᠳᠦᠷ | ᠬᠢᠩᠭᠠᠨ ᠠᠶᠢᠮᠠᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠪᠠᠷᠢᠮᠵᠢᠶᠠᠵᠢᠭᠤᠯᠤᠭᠰᠠᠨ ᠬᠠᠮᠢᠶᠠᠷᠤᠯᠲᠠ ᠶᠢᠨ | ᠠᠷᠭ᠎ᠠ | ᠨᠢᠭᠡᠳᠦᠭᠡᠷ ᠪᠦᠯᠦᠭ ᠶᠡᠷᠦᠩᠬᠡᠢ ᠲᠦᠷᠢᠮ | ᠨᠢᠭᠡᠳᠦᠭᠡᠷ ᠵᠦᠢᠯ ᠲᠥᠷᠥ ᠶᠢᠨ ᠶᠠᠪᠤᠳᠠᠯ ᠤᠨ ᠬᠤᠷᠢᠶ᠎ᠠ ᠠᠴᠠ ᠲᠠᠷᠬᠠᠭᠠᠭᠰᠠᠨ ︽ᠬᠤᠳᠠᠯᠳᠤᠭ᠎ᠠ ᠡᠵᠡᠩᠨᠡᠬᠦ | ᠣᠷᠴᠢᠨ ᠨᠥᠬᠦᠴᠡᠯ ᠢ ᠰᠢᠯᠢᠳᠡᠭᠵᠢᠭᠦᠯᠬᠦ ᠲᠦᠷᠢᠮ ︾ ᠢ ᠦᠨᠳᠦᠰᠦᠯᠡᠨ᠂ ᠪᠠᠷᠢᠮᠵᠢᠶᠠᠵᠢᠭᠤᠯᠤᠯᠲᠠ ᠪᠠᠷ ᠰᠠᠭᠤᠷᠢ | ᠪᠣᠯᠭᠠᠭᠰᠠᠨ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠲᠦᠷᠢᠮ ᠢ ᠪᠠᠶᠢᠭᠤᠯᠤᠨ ᠪᠦᠷᠢᠨᠰᠢᠭᠦᠯᠬᠦ ᠶᠢᠨ ᠲᠤᠰᠠᠳᠠ᠂ | ᠮᠠᠨ ᠤ ᠠᠶᠢᠮᠠᠭ ᠤᠨ ᠪᠣᠳᠠᠲᠣ ᠪᠠᠶᠢᠳᠠᠯ ᠲᠠᠢ ᠤᠶᠠᠯᠳᠤᠭᠤᠯᠤᠨ᠂ ᠲᠣᠰ ᠠᠷᠭ᠎ᠠ ᠶᠢ ᠲᠣᠭᠲᠠᠭᠠᠪᠠ᠃ | ᠬᠤᠶᠠᠳᠤᠭᠠᠷ ᠵᠦᠶᠯ ᠲᠣᠰ ᠠᠷᠭ᠎ᠠ ᠨᠢ ᠬᠢᠩᠭᠠᠨ ᠠᠶᠢᠮᠠᠭ ᠤᠨ ᠵᠠᠰᠠᠭ ᠵᠠᠬᠢᠷᠭᠠᠨ ᠤ ᠣᠷᠣᠨ ᠤ ᠳᠣᠲᠣᠷᠠᠬᠢ | ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠪᠠᠷᠢᠮᠵᠢᠶᠠᠵᠢᠭᠤᠯᠤᠭᠰᠠᠨ ᠬᠠᠮᠢᠶᠠᠷᠤᠯᠲᠠ ᠳᠤ ᠬᠡᠷᠡᠭᠯᠡᠭᠳᠡᠨ᠎ᠡ᠃ | ᠭᠤᠷᠪᠠᠳᠤᠭᠠᠷ ᠵᠦᠶᠯ ᠲᠣᠰ ᠠᠷᠭ᠎ᠠ ᠳᠤ ᠵᠢᠭᠠᠵᠤ ᠪᠠᠶᠢᠭ᠎ᠠ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ | ᠪᠠᠷᠢᠮᠵᠢᠶᠠᠵᠢᠭᠤᠯᠤᠯᠲᠠ ᠭᠡᠳᠡᠭ ᠨᠢ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠠᠵᠢᠯ ᠶᠠᠪᠤᠳᠠᠯ ᠭᠦᠶᠴᠡᠳᠬᠡᠬᠦ | ᠵᠦᠭᠯᠡᠭᠦᠷ᠂ ᠦᠶᠯᠡᠴᠢᠯᠡᠭᠡᠨ ᠤ ᠴᠤᠪᠤᠷᠠᠯ᠂ ᠦᠶᠯᠡᠴᠢᠯᠡᠭᠡᠨ ᠤ ᠲᠠᠪᠴᠠᠩ᠂ ᠬᠢᠨᠠᠯᠲᠠ ᠲᠠᠯᠪᠢᠵᠤ ᠦᠨᠡᠯᠡᠬᠦ ᠵᠡᠷᠭᠡ ᠳᠤ | ᠪᠥᠬᠦ ᠲᠠᠯ᠎ᠠ ᠶᠢᠨ ᠪᠠᠷᠢᠮᠵᠢᠶᠠᠵᠢᠭᠤᠯᠤᠭᠰᠠᠨ ᠬᠠᠮᠢᠶᠠᠷᠤᠯᠲᠠ ᠶᠢ ᠬᠡᠷᠡᠭᠵᠢᠭᠦᠯᠵᠦ᠂ ᠠᠳᠠᠯᠢ ᠨᠢᠭᠡᠨ ᠵᠠᠰᠠᠭ ᠤᠨ ᠶᠠᠪᠤᠳᠠᠯ | ᠤᠨ ᠦᠶᠯᠡᠴᠢᠯᠡᠭᠡᠨ ᠤ ᠵᠦᠶᠯᠡᠰ ᠢ ᠠᠳᠠᠯᠢ ᠨᠥᠬᠦᠴᠡᠯ ᠤᠨ ᠳᠣᠤᠷ᠎ᠠ ᠠᠳᠠᠯᠢ ᠪᠠᠷᠢᠮᠵᠢᠶ᠎ᠠ ᠪᠠᠷ ᠭᠥᠯᠢᠶᠡᠨ ᠠᠪᠴᠤ | ᠰᠢᠶᠳᠪᠦᠷᠢᠯᠡᠬᠦ᠂ ᠵᠥᠷᠢᠶ᠎ᠡ ᠥᠬᠡᠶ ᠪᠠᠷ ᠭᠦᠶᠴᠡᠳᠬᠡᠬᠦ ᠶᠢ ᠪᠡᠶᠡᠯᠡᠭᠦᠯᠦᠨ᠂ ᠠᠵᠤ ᠠᠬᠤᠶᠢᠯᠠᠯ ᠣᠯᠠᠨ ᠲᠦᠮᠡᠨ ᠳᠤ | ᠰᠦᠯᠵᠢᠶᠡᠨ ᠳᠡᠭᠡᠷ᠎ᠡ ᠪᠠ ᠰᠦᠯᠵᠢᠶᠡᠨ ᠠᠴᠠ ᠭᠠᠳᠠᠨ᠎ᠠ ᠨᠢᠭᠡᠳᠦᠯᠲᠡᠶ᠂ ᠦᠶᠯᠡᠴᠢᠯᠡᠭᠡᠨ ᠤ ᠪᠠᠷᠢᠮᠵᠢᠶ᠎ᠠ ᠨᠢᠭᠡᠳᠦᠯᠲᠡᠶ᠂ | ᠦᠶᠯᠡᠴᠢᠯᠡᠭᠡᠨ ᠤ ᠶᠠᠰᠤ ᠴᠢᠨᠠᠷ ᠨᠢᠭᠡᠳᠦᠯᠲᠡᠶ᠂ ᠨᠠᠷᠠᠲᠤ ᠲᠥᠷᠥᠯ ᠲᠡᠮᠳᠡᠭᠲᠦ ᠶᠢᠨ ᠳᠦᠷᠢ ᠲᠥᠷᠬᠦ ᠨᠢᠭᠡᠳᠦᠯᠲᠡᠶ | ᠵᠠᠰᠠᠭ ᠤᠨ ᠶᠠᠪᠤᠳᠠᠯ ᠤᠨ ᠦᠶᠯᠡᠴᠢᠯᠡᠭᠡ ᠬᠠᠩᠭᠠᠬᠤ ᠶᠢ ᠵᠢᠭᠠᠵᠤ ᠪᠣᠶ᠃ | ᠳᠥᠷᠪᠡᠳᠦᠭᠡᠷ ᠵᠦᠶᠯ ᠲᠣᠰ ᠠᠷᠭ᠎ᠠ ᠳᠤ ᠬᠡᠯᠡᠵᠦ ᠪᠠᠶᠢᠭ᠎ᠠ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ | ᠪᠠᠶᠢᠭᠤᠯᠤᠮᠵᠢ ᠭᠡᠳᠡᠭ ᠨᠢ ᠵᠠᠰᠠᠭ ᠵᠠᠬᠢᠷᠭᠠᠨ ᠤ ᠪᠠᠶᠢᠭᠤᠯᠭ᠎ᠠ ᠪᠠ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ | ᠡᠭᠦᠷᠭᠡ ᠬᠠᠷᠢᠭᠤᠴᠠᠯᠭ᠎ᠠ ᠶᠢ ᠡᠭᠦᠷᠭᠡᠯᠡᠵᠦ ᠪᠥᠬᠦᠶ ᠪᠤᠰᠤᠳ ᠪᠠᠶᠢᠭᠤᠯᠤᠮᠵᠢ ᠶᠢ ᠵᠢᠭᠠᠵᠤ ᠪᠣᠶ᠃ | ᠲᠣᠰ ᠠᠷᠭ᠎ᠠ ᠳᠤ ᠬᠡᠯᠡᠵᠦ ᠪᠠᠶᠢᠭ᠎ᠠ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠬᠠᠮᠢᠶᠠᠷᠤᠯᠲᠠ ᠶᠢᠨ ᠪᠠᠶᠢᠭᠤᠯᠤᠮᠵᠢ | ᠭᠡᠳᠡᠭ ᠨᠢ ᠲᠣᠰ ᠱᠠᠲᠤᠨ ᠤ ᠠᠷᠠᠳ ᠤᠨ ᠵᠠᠰᠠᠭ ᠤᠨ ᠣᠷᠳᠣᠨ ᠢ ᠲᠥᠯᠥᠭᠡᠯᠡᠨ ᠲᠣᠰ ᠱᠠᠲᠤᠨ ᠤ ᠵᠠᠰᠠᠭ ᠤᠨ | ᠶᠠᠪᠤᠳᠠᠯ ᠤᠨ ᠦᠶᠯᠡᠴᠢᠯᠡᠭᠡᠨ ᠤ ᠪᠠᠶᠢᠭᠤᠯᠤᠮᠵᠢ ᠶᠢᠨ ᠵᠠᠰᠠᠭ ᠤᠨ ᠶᠠᠪᠤᠳᠠᠯ ᠤᠨ ᠦᠶᠯᠡᠴᠢᠯᠡᠭᠡ ᠶᠢ ᠵᠣᠬᠢᠴᠠᠭᠤᠯᠬᠤ᠂ | ᠵᠢᠯᠣᠭᠤᠳᠬᠤ ᠪᠠ ᠬᠢᠨᠠᠯᠲᠠ ᠲᠠᠯᠪᠢᠵᠤ᠂ ᠳᠣᠤᠷᠠᠳᠤ ᠱᠠᠲᠤᠨ ᠤ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ | ᠬᠠᠮᠢᠶᠠᠷᠤᠯᠲᠠ ᠶᠢᠨ ᠪᠠᠶᠢᠭᠤᠯᠤᠮᠵᠢ ᠳᠤ ᠲᠤᠬᠠᠶᠢᠯᠠᠭᠰᠠᠨ ᠠᠵᠢᠯ ᠤᠨ ᠵᠢᠯᠣᠭᠤᠳᠣᠯᠭ᠎ᠠ ᠬᠢᠬᠦ ᠪᠠᠶᠢᠭᠤᠯᠤᠮᠵᠢ ᠶᠢ | ᠵᠢᠭᠠᠵᠤ ᠪᠣᠶ᠃ | ᠲᠠᠪᠤᠳᠤᠭᠠᠷ ᠵᠦᠶᠯ ᠠᠶᠢᠮᠠᠭ ᠪᠠ ᠬᠤᠰᠢᠭᠤ ᠰᠢᠶᠠᠨ ᠬᠤᠲᠠ ᠶᠢᠨ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ | ᠬᠠᠮᠢᠶᠠᠷᠤᠯᠲᠠ ᠶᠢᠨ ᠪᠠᠶᠢᠭᠤᠯᠤᠮᠵᠢ ᠨᠢ ᠲᠣᠰ ᠣᠷᠣᠨ ᠪᠦᠰᠡ ᠶᠢᠨ ᠳᠣᠲᠣᠷᠠᠬᠢ ᠵᠠᠰᠠᠭ ᠤᠨ ᠶᠠᠪᠤᠳᠠᠯ ᠤᠨ | ᠦᠶᠯᠡᠴᠢᠯᠡᠭᠡᠨ ᠤ ᠪᠠᠷᠢᠮᠵᠢᠶᠠᠵᠢᠭᠤᠯᠤᠭᠰᠠᠨ ᠬᠠᠮᠢᠶᠠᠷᠤᠯᠲᠠ ᠶᠢᠨ ᠠᠵᠢᠯ ᠢ ᠨᠢᠭᠡᠳᠦᠯᠲᠡᠶ ᠲᠥᠯᠥᠪᠯᠡᠨ ᠵᠣᠬᠢᠶᠠᠨ | ᠪᠠᠶᠢᠭᠤᠯᠵᠤ ᠵᠣᠬᠢᠴᠠᠭᠤᠯᠤᠨ ᠠᠬᠢᠭᠤᠯᠬᠤ ᠶᠢ ᠬᠠᠷᠢᠭᠤᠴᠠᠨ᠎ᠠ᠃ ᠬᠤᠯᠪᠣᠭᠳᠠᠯ ᠪᠥᠬᠦᠶ ᠵᠠᠰᠠᠭ ᠤᠨ ᠣᠷᠳᠣᠨ ᠤ | ᠰᠠᠯᠠᠭ᠎ᠠ ᠮᠥᠴᠢᠷ ᠨᠢ ᠲᠣᠰ ᠲᠣᠰ ᠤᠨ ᠡᠭᠦᠷᠭᠡ ᠬᠠᠷᠢᠭᠤᠴᠠᠯᠭ᠎ᠠ ᠶᠣᠰᠣᠭᠠᠷ᠂ ᠲᠣᠰ ᠠᠷᠭ᠎ᠠ ᠶᠢᠨ ᠡᠯ᠎ᠡ ᠵᠦᠶᠯ ᠤᠨ | ᠲᠣᠭᠲᠠᠭᠠᠯ ᠢ ᠵᠢᠷᠤᠮᠯᠠᠨ᠂ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠪᠠᠷᠢᠮᠵᠢᠶᠠᠵᠢᠭᠤᠯᠬᠤ ᠠᠵᠢᠯ ᠢ ᠰᠠᠶᠢᠲᠤᠷ | ᠬᠢᠬᠦ ᠬᠡᠷᠡᠭᠲᠡᠶ᠃ | ᠵᠢᠷᠭᠤᠳᠤᠭᠠᠷ ᠵᠦᠶᠯ ᠲᠣᠰ ᠠᠷᠭ᠎ᠠ ᠨᠢ ᠵᠠᠰᠠᠭ ᠵᠠᠬᠢᠷᠭᠠᠨ ᠤ ᠵᠥᠪᠰᠢᠶᠡᠷᠡᠯ᠂ ᠵᠠᠰᠠᠭ ᠵᠠᠬᠢᠷᠭᠠᠨ ᠤ | ᠨᠤᠲᠠᠯᠠᠯᠲᠠ᠂ ᠵᠠᠰᠠᠭ ᠵᠠᠬᠢᠷᠭᠠᠨ ᠤ ᠱᠠᠩᠨᠠᠯ ᠬᠥᠬᠢᠭᠦᠯᠦᠯ᠂ ᠵᠠᠰᠠᠭ ᠵᠠᠬᠢᠷᠭᠠᠨ ᠤ ᠣᠯᠭᠤᠯᠲᠠ᠂ ᠵᠠᠰᠠᠭ ᠵᠠᠬᠢᠷᠭᠠᠨ ᠤ | ᠲᠠᠰᠤᠯᠤᠯᠲᠠ᠂ ᠪᠤᠰᠤᠳ ᠵᠠᠰᠠᠭ ᠵᠠᠬᠢᠷᠭᠠᠨ ᠤ ᠡᠷᠬᠡ ᠵᠡᠷᠭᠡ ᠭᠤᠶᠤᠴᠢᠯᠠᠭᠰᠠᠨ ᠵᠠᠰᠠᠭ ᠵᠠᠬᠢᠷᠭᠠᠨ ᠤ ᠡᠷᠬᠡ ᠶᠢᠨ | ᠵᠦᠶᠯᠡᠰ ᠪᠣᠯᠤᠨ ᠣᠯᠠᠨ ᠨᠡᠶᠢᠲᠡ ᠶᠢᠨ ᠦᠶᠯᠡᠴᠢᠯᠡᠭᠡᠨ ᠤ ᠵᠦᠶᠯᠡᠰ ᠢᠶᠠᠷ ᠪᠥᠬᠦ ᠶᠠᠪᠤᠴᠠ ᠶᠢᠨ | ᠪᠠᠷᠢᠮᠵᠢᠶᠠᠵᠢᠭᠤᠯᠤᠭᠰᠠᠨ ᠬᠠᠮᠢᠶᠠᠷᠤᠯᠲᠠ ᠳᠤ ᠬᠡᠷᠡᠭᠯᠡᠭᠳᠡᠨ᠎ᠡ᠃ | ᠬᠤᠶᠠᠳᠤᠭᠠᠷ ᠪᠦᠯᠦᠭ ᠵᠦᠶᠯᠡᠰ ᠤᠨ ᠭᠠᠷᠴᠠᠭ ᠪᠠ ᠠᠵᠢᠯ ᠶᠠᠪᠤᠳᠠᠯ ᠭᠦᠶᠴᠡᠳᠬᠡᠬᠦ ᠵᠦᠭᠯᠡᠭᠦᠷ ᠢ | ᠪᠠᠷᠢᠮᠵᠢᠶᠠᠵᠢᠭᠤᠯᠬᠤ | ᠳᠣᠯᠣᠳᠤᠭᠠᠷ ᠵᠦᠶᠯ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠵᠦᠶᠯᠡᠰ ᠲᠤ ᠭᠠᠷᠴᠠᠭ ᠤᠨ ᠬᠠᠮᠢᠶᠠᠷᠤᠯᠲᠠ | ᠶᠢ ᠬᠡᠷᠡᠭᠵᠢᠭᠦᠯᠦᠨ᠎ᠡ᠃ ᠠᠶᠢᠮᠠᠭ ᠤᠨ ᠱᠠᠲᠤᠨ ᠤ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠬᠠᠮᠢᠶᠠᠷᠤᠯᠲᠠ ᠶᠢᠨ | ᠪᠠᠶᠢᠭᠤᠯᠤᠮᠵᠢ ᠨᠢ ᠬᠠᠮᠢᠶ᠎ᠠ ᠪᠥᠬᠦᠶ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠪᠠᠶᠢᠭᠤᠯᠤᠮᠵᠢ ᠲᠠᠢ ᠬᠠᠮᠲᠤᠷᠠᠨ | ᠥᠪᠡᠷᠲᠡᠭᠡᠨ ᠵᠠᠰᠠᠬᠤ ᠣᠷᠣᠨ ᠤ ᠪᠠᠷᠢᠮᠵᠢᠶ᠎ᠠ ᠶᠣᠰᠣᠭᠠᠷ᠂ ᠪᠥᠬᠦ ᠠᠶᠢᠮᠠᠭ ᠤᠨ ᠨᠢᠭᠡᠳᠦᠯᠲᠡᠶ ᠵᠠᠰᠠᠭ ᠤᠨ ᠶᠠᠪᠤᠳᠠᠯ | ᠤᠨ ᠦᠶᠯᠡᠴᠢᠯᠡᠭᠡᠨ ᠤ ᠵᠦᠶᠯᠡᠰ ᠤᠨ ᠭᠠᠷᠴᠠᠭ ᠢ ᠨᠠᠶᠢᠷᠠᠭᠤᠯᠤᠨ ᠵᠣᠬᠢᠶᠠᠬᠤ ᠶᠢᠨ ᠬᠠᠮᠲᠤ ᠨᠡᠶᠢᠭᠡᠮ ᠳᠤ ᠢᠯᠡ | ᠪᠣᠯᠭᠠᠬᠤ ᠬᠡᠷᠡᠭᠲᠡᠶ᠃ ᠬᠠᠮᠢᠶ᠎ᠠ ᠪᠥᠬᠦᠶ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠪᠠᠶᠢᠭᠤᠯᠤᠮᠵᠢ ᠨᠢ ᠨᠠᠷᠢᠨ | ᠬᠠᠭᠤᠳᠠᠰᠤ ᠠᠴᠠ ᠪᠤᠰᠤᠳ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠵᠦᠶᠯᠡᠰ ᠢ ᠲᠤᠰᠠᠭᠠᠷ ᠪᠠᠶᠢᠭᠤᠯᠬᠤ ᠪᠠ | ᠬᠡᠷᠡᠭᠵᠢᠭᠦᠯᠵᠦ ᠪᠣᠯᠬᠤ ᠥᠬᠡᠶ᠃ | ᠡᠯ᠎ᠡ ᠱᠠᠲᠤᠨ ᠤ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠪᠠᠶᠢᠭᠤᠯᠤᠮᠵᠢ ᠨᠢ ᠵᠠᠰᠠᠭ ᠤᠨ ᠶᠠᠪᠤᠳᠠᠯ ᠤᠨ | ᠦᠶᠯᠡᠴᠢᠯᠡᠭᠡᠨ ᠤ ᠵᠦᠶᠯᠡᠰ ᠤᠨ ᠠᠵᠢᠯ ᠶᠠᠪᠤᠳᠠᠯ ᠭᠦᠶᠴᠡᠳᠬᠡᠬᠦ ᠵᠦᠭᠯᠡᠭᠦᠷ ᠪᠠ ᠵᠢᠱᠢᠶ᠎ᠡ ᠦᠵᠡᠭᠦᠯᠬᠦ ᠲᠣᠪᠬᠢᠮᠠᠯ ᠢ | ᠨᠠᠶᠢᠷᠠᠭᠤᠯᠤᠨ ᠵᠣᠬᠢᠶᠠᠬᠤ ᠶᠢᠨ ᠬᠠᠮᠲᠤ ᠨᠡᠶᠢᠭᠡᠮ ᠨᠡᠶᠢᠲᠡ ᠳᠤ ᠨᠡᠶᠢᠲᠡᠯᠡᠬᠦ ᠬᠡᠷᠡᠭᠲᠡᠶ᠃ | ᠠᠶᠢᠮᠠᠭ ᠤᠨ ᠱᠠᠲᠤᠨ ᠤ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠪᠠᠶᠢᠭᠤᠯᠤᠮᠵᠢ ᠨᠢ ᠲᠣᠰ ᠠᠵᠢᠯ ᠲᠥᠷᠥᠯ᠂ | ᠲᠣᠰ ᠰᠢᠰᠲ᠋ᠧᠮ᠂ ᠲᠣᠰ ᠬᠦᠷᠢᠶ᠎ᠡ ᠴᠠᠷᠠᠭ᠎ᠠ ᠳᠠᠬᠢ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠵᠦᠶᠯᠡᠰ ᠤᠨ | ᠬᠡᠷᠡᠭᠵᠢᠭᠦᠯᠦᠯᠲᠡ ᠳᠤ ᠬᠢᠨᠠᠯᠲᠠ ᠲᠠᠯᠪᠢᠵᠤ ᠬᠠᠮᠢᠶᠠᠷᠬᠤ ᠶᠢ ᠬᠠᠷᠢᠭᠤᠴᠠᠵᠤ᠂ ᠳᠣᠤᠷᠠᠳᠤ ᠱᠠᠲᠤᠨ ᠤ | ᠰᠢᠰᠲ᠋ᠧᠮᠵᠢᠭᠦᠯᠦᠭᠰᠡᠨ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠪᠠᠶᠢᠭᠤᠯᠤᠮᠵᠢ ᠳᠤ ᠲᠤᠬᠠᠶᠢᠯᠠᠭᠰᠠᠨ ᠠᠵᠢᠯ ᠤᠨ | ᠵᠢᠯᠣᠭᠤᠳᠣᠯᠭ᠎ᠠ ᠬᠢᠨ᠎ᠠ᠃ | ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠵᠦᠶᠯᠡᠰ ᠤᠨ ᠭᠠᠷᠴᠠᠭ ᠪᠠ ᠠᠵᠢᠯ ᠶᠠᠪᠤᠳᠠᠯ ᠭᠦᠶᠴᠡᠳᠬᠡᠬᠦ ᠵᠦᠭᠯᠡᠭᠦᠷ | ᠢ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠲᠠᠪᠴᠠᠩ ᠳᠤ ᠨᠡᠶᠢᠲᠡᠯᠡᠬᠦ ᠬᠡᠷᠡᠭᠲᠡᠶ᠃ | ᠨᠠᠶᠮᠠᠳᠤᠭᠠᠷ ᠵᠦᠶᠯ ᠠᠵᠢᠯ ᠶᠠᠪᠤᠳᠠᠯ ᠭᠦᠶᠴᠡᠳᠬᠡᠬᠦ ᠵᠦᠭᠯᠡᠭᠦᠷ ᠢ ᠵᠦᠶᠯᠡᠰ ᠤᠨ ᠭᠠᠷᠴᠠᠭ ᠢ ᠦᠨᠳᠦᠰᠦᠯᠡᠨ | ᠨᠠᠶᠢᠷᠠᠭᠤᠯᠤᠨ ᠵᠣᠬᠢᠶᠠᠵᠤ᠂ ᠵᠦᠶᠯᠡᠰ ᠢ ᠭᠦᠶᠴᠡᠳᠬᠡᠬᠦ ᠭᠤᠤᠯ ᠴᠣᠭᠴᠠ᠂ ᠭᠥᠯᠢᠶᠡᠨ ᠠᠪᠴᠤ ᠭᠦᠶᠴᠡᠳᠬᠡᠬᠦ | ᠨᠥᠬᠦᠴᠡᠯ᠂ ᠴᠤᠪᠤᠷᠠᠯ᠂ ᠦᠷ᠎ᠡ ᠳ᠋ᠦᠩ ᠵᠡᠷᠭᠡ ᠳᠤ ᠲᠣᠳᠣᠷᠬᠠᠶ ᠵᠢᠷᠤᠮᠵᠢᠯ ᠲᠣᠭᠲᠠᠭᠠᠵᠤ᠂ ᠠᠵᠤ ᠠᠬᠤᠶᠢᠯᠠᠯ ᠣᠯᠠᠨ | ᠲᠦᠮᠡᠨ ᠤ ᠠᠵᠢᠯ ᠶᠠᠪᠤᠳᠠᠯ ᠭᠦᠶᠴᠡᠳᠬᠡᠬᠦ ᠳᠤ ᠲᠣᠳᠣᠷᠬᠠᠶ ᠪᠥᠭᠡᠳ ᠲᠣᠳᠣᠷᠬᠠᠶ ᠠᠵᠢᠯ ᠶᠠᠪᠤᠳᠠᠯ ᠭᠦᠶᠴᠡᠳᠬᠡᠬᠦ | ᠵᠢᠯᠣᠭᠤᠳᠤᠮᠵᠢ ᠬᠠᠩᠭᠠᠬᠤ ᠬᠡᠷᠡᠭᠲᠡᠶ᠃ | ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠪᠠᠶᠢᠭᠤᠯᠤᠮᠵᠢ ᠨᠢ ᠠᠵᠢᠯ ᠶᠠᠪᠤᠳᠠᠯ ᠭᠦᠶᠴᠡᠳᠬᠡᠬᠦ ᠵᠦᠭᠯᠡᠭᠦᠷ ᠶᠣᠰᠣᠭᠠᠷ | ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠵᠦᠶᠯᠡᠰ ᠢ ᠭᠦᠶᠴᠡᠳᠬᠡᠬᠦ ᠬᠡᠷᠡᠭᠲᠡᠶ᠂ ᠠᠵᠤ ᠠᠬᠤᠶᠢᠯᠠᠯ ᠣᠯᠠᠨ | ᠲᠦᠮᠡᠨ ᠤ ᠳᠤᠷᠠᠳᠤᠭᠰᠠᠨ ᠠᠵᠢᠯ ᠶᠠᠪᠤᠳᠠᠯ ᠭᠦᠶᠴᠡᠳᠬᠡᠬᠦ ᠵᠦᠭᠯᠡᠭᠦᠷ ᠲᠤ ᠵᠦᠶᠯᠡᠰ ᠠᠴᠠ ᠪᠤᠰᠤᠳ ᠱᠠᠭᠠᠷᠳᠠᠯᠭ᠎ᠠ | ᠶᠢ ᠲᠣᠳᠣᠷᠬᠠᠶ ᠲᠡᠮᠳᠡᠭᠯᠡᠵᠦ ᠪᠣᠯᠬᠤ ᠥᠬᠡᠶ᠃ | ᠶᠢᠰᠦᠳᠦᠭᠡᠷ ᠵᠦᠶᠯ ᠠᠵᠢᠯ ᠶᠠᠪᠤᠳᠠᠯ ᠭᠦᠶᠴᠡᠳᠬᠡᠬᠦ ᠵᠦᠭᠯᠡᠭᠦᠷ ᠲᠤ ᠵᠦᠶᠯᠡᠰ ᠤᠨ ᠨᠡᠷᠡᠶᠢᠳᠦᠯ᠂ ᠬᠤᠪᠢᠶᠠᠷᠢ | ᠵᠦᠶᠯᠡᠰ ᠤᠨ ᠨᠡᠷᠡᠶᠢᠳᠦᠯ᠂ ᠵᠦᠶᠯᠡᠰ ᠤᠨ ᠲᠥᠷᠥᠯ ᠬᠡᠯᠪᠡᠷᠢ᠂ ᠭᠥᠯᠢᠶᠡᠨ ᠠᠪᠴᠤ ᠰᠢᠶᠳᠪᠦᠷᠢᠯᠡᠬᠦ ᠨᠥᠬᠦᠴᠡᠯ᠂ | ᠬᠡᠷᠡᠭᠵᠢᠭᠦᠯᠬᠦ ᠭᠤᠤᠯ ᠴᠣᠭᠴᠠ᠂ ᠬᠠᠤᠯᠢ ᠪᠠᠷ ᠲᠣᠭᠲᠠᠭᠠᠭᠰᠠᠨ ᠭᠦᠶᠴᠡᠳᠬᠡᠵᠦ ᠳᠠᠭᠤᠰᠬᠠᠬᠤ ᠴᠠᠭ ᠤᠨ ᠬᠢᠵᠠᠭᠠᠷ᠂ | ᠠᠮᠠᠯᠠᠯᠲᠠ ᠬᠢᠵᠦ ᠭᠦᠶᠴᠡᠳᠬᠡᠵᠦ ᠳᠠᠭᠤᠰᠬᠠᠬᠤ ᠴᠠᠭ ᠤᠨ ᠬᠢᠵᠠᠭᠠᠷ᠂ ᠰᠦᠶᠳᠬᠡᠯ ᠬᠤᠷᠢᠶᠠᠬᠤ ᠪᠠᠷᠢᠮᠵᠢᠶ᠎ᠠ ᠵᠢᠴᠢ | ᠰᠦᠶᠳᠬᠡᠯ ᠬᠤᠷᠢᠶᠠᠬᠤ ᠦᠨᠳᠦᠰᠦᠯᠡᠯ᠂ ᠬᠡᠷᠡᠭᠰᠡᠬᠦ ᠮᠠᠲ᠋ᠧᠷᠢᠶᠠᠯ᠂ ᠭᠦᠶᠴᠡᠳᠬᠡᠬᠦ ᠴᠤᠪᠤᠷᠠᠯ᠂ ᠭᠦᠶᠴᠡᠳᠬᠡᠬᠦ ᠬᠡᠯᠪᠡᠷᠢ᠂ | ᠭᠦᠶᠴᠡᠳᠬᠡᠬᠦ ᠭᠠᠵᠠᠷ᠂ ᠭᠦᠶᠴᠡᠳᠬᠡᠭᠰᠡᠨ ᠦᠷ᠎ᠡ ᠳ᠋ᠦᠩ᠂ ᠠᠰᠠᠭᠤᠨ ᠯᠠᠪᠯᠠᠬᠤ ᠠᠷᠭ᠎ᠠ ᠮᠠᠶ᠋ᠢᠭ᠂ ᠬᠢᠨᠠᠯᠲᠠ | ᠲᠠᠯᠪᠢᠵᠤ ᠵᠠᠭᠠᠯᠳᠤᠬᠤ ᠠᠷᠭ᠎ᠠ ᠮᠠᠶ᠋ᠢᠭ ᠵᠡᠷᠭᠡ ᠬᠦᠴᠦᠨ ᠵᠦᠶᠯ ᠢ ᠪᠠᠭᠲᠠᠭᠠᠨ᠎ᠠ᠃ | ᠠᠳᠠᠯᠢ ᠪᠤᠰᠤ ᠱᠠᠲᠤ ᠳᠠᠪᠬᠤᠷᠭ᠎ᠠ᠂ ᠠᠳᠠᠯᠢ ᠪᠤᠰᠤ ᠣᠷᠣᠨ ᠪᠦᠰᠡ ᠶᠢᠨ ᠬᠤᠭᠤᠷᠣᠨᠳᠣᠬᠢ ᠠᠳᠠᠯᠢ ᠨᠢᠭᠡᠨ | ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠵᠦᠶᠯᠡᠰ ᠤᠨ ᠠᠵᠢᠯ ᠶᠠᠪᠤᠳᠠᠯ ᠭᠦᠶᠴᠡᠳᠬᠡᠬᠦ ᠵᠦᠭᠯᠡᠭᠦᠷ᠂ ᠲᠡᠳᠡᠭᠡᠷ | ᠤᠨ ᠵᠦᠶᠯᠡᠰ ᠤᠨ ᠨᠡᠷᠡᠶᠢᠳᠦᠯ᠂ ᠵᠦᠶᠯᠡᠰ ᠤᠨ ᠲᠥᠷᠥᠯ ᠬᠡᠯᠪᠡᠷᠢ᠂ ᠭᠥᠯᠢᠶᠡᠨ ᠠᠪᠴᠤ ᠰᠢᠶᠳᠪᠦᠷᠢᠯᠡᠬᠦ ᠨᠥᠬᠦᠴᠡᠯ᠂ | ᠦᠶᠯᠡᠴᠢᠯᠡᠬᠦ ᠡᠲᠡᠭᠡᠳ᠂ ᠭᠦᠶᠴᠡᠳᠬᠡᠬᠦ ᠴᠤᠪᠤᠷᠠᠯ᠂ ᠬᠡᠷᠡᠭᠰᠡᠬᠦ ᠮᠠᠲ᠋ᠧᠷᠢᠶᠠᠯ᠂ ᠬᠠᠤᠯᠢ ᠪᠠᠷ ᠲᠣᠭᠲᠠᠭᠠᠭᠰᠠᠨ | ᠭᠦᠶᠴᠡᠳᠬᠡᠵᠦ ᠳᠠᠭᠤᠰᠬᠠᠬᠤ ᠴᠠᠭ ᠬᠤᠭᠤᠴᠠᠭ᠎ᠠ᠂ ᠭᠦᠶᠴᠡᠳᠬᠡᠵᠦ ᠳᠠᠭᠤᠰᠬᠠᠬᠤ ᠪᠠᠷ ᠠᠮᠠᠯᠳᠠᠭᠰᠠᠨ ᠴᠠᠭ | ᠬᠤᠭᠤᠴᠠᠭ᠎ᠠ᠂ ᠰᠦᠶᠳᠬᠡᠯ ᠬᠤᠷᠢᠶᠠᠬᠤ ᠦᠨᠳᠦᠰᠦᠯᠡᠯ᠂ ᠭᠦᠶᠴᠡᠳᠬᠡᠭᠰᠡᠨ ᠦᠷ᠎ᠡ ᠳ᠋ᠦᠩ ᠵᠡᠷᠭᠡ ᠦᠨᠳᠦᠰᠦᠨ | ᠬᠦᠴᠦᠨ ᠵᠦᠶᠯ ᠤᠨ ᠠᠭᠤᠯᠭ᠎ᠠ ᠶᠢ ᠨᠢᠭᠡᠳᠦᠯᠲᠡᠶ ᠪᠠᠶᠢᠯᠭᠠᠨ᠎ᠠ᠃ | ᠠᠷᠪᠠᠳᠤᠭᠠᠷ ᠵᠦᠶᠯ ᠠᠵᠢᠯ ᠶᠠᠪᠤᠳᠠᠯ ᠭᠦᠶᠴᠡᠳᠬᠡᠬᠦ ᠵᠦᠭᠯᠡᠭᠦᠷ ᠲᠤ ᠬᠡᠷᠡᠭᠰᠡᠬᠦ ᠮᠠᠲ᠋ᠧᠷᠢᠶᠠᠯ ᠤᠨ ᠨᠡᠷᠡᠶᠢᠳᠦᠯ᠂ | ᠮᠠᠲ᠋ᠧᠷᠢᠶᠠᠯ ᠤᠨ ᠲᠥᠷᠥᠯ ᠬᠡᠯᠪᠡᠷᠢ᠂ ᠮᠠᠲ᠋ᠧᠷᠢᠶᠠᠯ ᠤᠨ ᠶᠠᠩᠵᠤ᠂ ᠮᠠᠲ᠋ᠧᠷᠢᠶᠠᠯ ᠤᠨ ᠬᠤᠪᠢ ᠪᠠ ᠬᠡᠪ ᠪᠠᠷᠢᠮᠵᠢᠶ᠎ᠠ᠂ | ᠡᠯᠧᠺᠲᠷᠣᠨ ᠮᠠᠲ᠋ᠧᠷᠢᠶᠠᠯ ᠬᠡᠷᠡᠭᠰᠡᠬᠦ ᠡᠰᠡᠬᠦ ᠵᠡᠷᠭᠡ ᠮᠡᠳᠡᠭᠡ ᠵᠠᠩᠭᠢ ᠶᠢ ᠲᠣᠳᠣᠷᠬᠠᠶ ᠵᠢᠭᠰᠠᠭᠠᠬᠤ ᠬᠡᠷᠡᠭᠲᠡᠶ᠃ | ︵ᠨᠢᠭᠡ︶ ᠬᠡᠷᠡᠭᠰᠡᠬᠦ ᠮᠠᠲ᠋ᠧᠷᠢᠶᠠᠯ ᠨᠢ ᠡᠷᠬᠡᠪᠰᠢ ᠵᠣᠬᠢᠬᠤ ᠬᠠᠤᠯᠢ ᠴᠠᠭᠠᠵᠠ ᠬᠠᠤᠯᠢ ᠲᠣᠭᠲᠠᠭᠠᠯ᠂ ᠲᠦᠷᠢᠮ | ᠲᠣᠭᠲᠠᠭᠠᠯ ᠢᠶᠠᠷ ᠦᠨᠳᠦᠰᠦᠯᠡᠯ ᠪᠣᠯᠭᠠᠬᠤ ᠬᠡᠷᠡᠭᠲᠡᠶ᠂ ︽ᠪᠤᠰᠤᠳ ᠬᠤᠯᠪᠣᠭᠳᠠᠯ ᠪᠥᠬᠦᠶ ︾ ᠵᠡᠷᠭᠡ ᠪᠠᠯᠠᠷᠬᠠᠶ | ᠴᠢᠨᠠᠷᠲᠠᠶ ᠦᠨᠳᠦᠰᠦᠨ ᠵᠦᠶᠯ ᠢ ᠪᠠᠲᠤᠯᠠᠬᠤ ᠴᠢᠨᠠᠷᠲᠠᠶ ᠵᠦᠶᠯ ᠵᠤᠷᠪᠤᠰ ᠢ ᠪᠠᠭᠲᠠᠭᠠᠵᠤ ᠪᠣᠯᠬᠤ ᠥᠬᠡᠶ᠃ | ︵ᠬᠤᠶᠠᠷ ︶ ᠬᠡᠷᠡᠭᠰᠡᠬᠦ ᠬᠦᠰᠦᠨᠦᠭᠲᠦ ᠶᠢᠨ ᠲᠥᠷᠥᠯ ᠤᠨ ᠮᠠᠲ᠋ᠧᠷᠢᠶᠠᠯ ᠳᠤ ᠬᠤᠭᠤᠰᠣᠨ ᠬᠦᠰᠦᠨᠦᠭᠲᠦ | ᠪᠣᠯᠤᠨ ᠶᠠᠩᠵᠤ ᠬᠠᠩᠭᠠᠬᠤ ᠬᠡᠷᠡᠭᠲᠡᠶ᠃ | ︵ᠭᠤᠷᠪᠠ︶ ᠬᠡᠷᠡᠭᠰᠡᠬᠦ ᠮᠠᠲ᠋ᠧᠷᠢᠶᠠᠯ ᠨᠢ ᠵᠠᠭᠤᠴᠢ ᠪᠠᠶᠢᠭᠤᠯᠤᠮᠵᠢ ᠪᠤᠶᠤ ᠬᠠᠤᠯᠢ ᠪᠠᠷ ᠲᠣᠭᠲᠠᠭᠠᠭᠰᠠᠨ | ᠪᠠᠶᠢᠭᠤᠯᠤᠮᠵᠢ ᠠᠴᠠ ᠪᠣᠢ ᠪᠣᠯᠣᠭᠰᠠᠨ ᠪᠣᠯ ᠲᠤᠰ ᠪᠠᠶᠢᠭᠤᠯᠤᠮᠵᠢ ᠶᠢᠨ ᠲᠥᠷᠥᠯ ᠢᠯᠭᠠᠯ ᠪᠤᠶᠤ ᠬᠠᠤᠯᠢ ᠪᠠᠷ | ᠲᠣᠭᠲᠠᠭᠠᠭᠰᠠᠨ ᠬᠢᠷᠢ ᠬᠡᠮ ᠤᠨ ᠱᠠᠭᠠᠷᠳᠠᠯᠭ᠎ᠠ ᠶᠢ ᠲᠣᠳᠣᠷᠬᠠᠶᠢᠯᠠᠬᠤ ᠬᠡᠷᠡᠭᠲᠡᠶ᠃ | ︵ᠲᠦᠷᠪᠡ︶ ᠰᠠᠯᠠᠭ᠎ᠠ ᠮᠥᠴᠢᠷ ᠤᠨ ᠬᠤᠭᠤᠷᠣᠨᠳᠣ ᠪᠠᠨ ᠮᠡᠳᠡᠭᠡ ᠵᠠᠩᠭᠢ ᠶᠢ ᠬᠠᠮᠲᠤ ᠪᠠᠷ ᠭᠥᠷᠳᠡᠬᠦ ᠪᠠᠷ | ᠳᠡᠮᠵᠢᠨ ᠣᠯᠤᠭᠰᠠᠨ ᠮᠠᠲ᠋ᠧᠷᠢᠶᠠᠯ ᠢ ᠠᠵᠤ ᠠᠬᠤᠶᠢᠯᠠᠯ ᠣᠯᠠᠨ ᠲᠦᠮᠡᠨ ᠢᠶᠠᠷ ᠬᠠᠩᠭᠠᠯᠭᠠᠬᠤ ᠪᠠᠷ ᠱᠠᠭᠠᠷᠳᠠᠵᠤ ᠪᠣᠯᠬᠤ | ᠥᠬᠡᠶ᠂ ᠭᠡᠪᠡᠴᠦ ᠠᠵᠤ ᠠᠬᠤᠶᠢᠯᠠᠯ ᠣᠯᠠᠨ ᠲᠦᠮᠡᠨ ᠢᠶᠠᠷ ᠨᠤᠲᠠᠯᠠᠭᠤᠯᠬᠤ ᠪᠠᠷ ᠱᠠᠭᠠᠷᠳᠠᠵᠤ ᠪᠣᠯᠤᠨ᠎ᠠ ᠃ ᠨᠢᠭᠡᠨᠲᠡ | ᠬᠠᠤᠯᠢ ᠶᠣᠰᠣᠨ ᠤ ᠬᠤᠪᠢᠷᠠᠯᠲᠠ ᠭᠠᠷᠤᠭᠰᠠᠨ ᠢ ᠨᠤᠲᠠᠯᠠᠭᠰᠠᠨ ᠪᠠᠶᠢᠪᠠᠯ᠂ ᠬᠤᠪᠢᠷᠠᠭᠤᠯᠤᠭᠰᠠᠨ ᠤ ᠳᠠᠷᠠᠭᠠᠬᠢ | ᠮᠠᠲ᠋ᠧᠷᠢᠶᠠᠯ ᠢᠶᠠᠷ ᠪᠠᠷᠢᠮᠵᠢᠶ᠎ᠠ ᠪᠣᠯᠭᠠᠬᠤ ᠬᠡᠷᠡᠭᠲᠡᠶ᠃ | ᠠᠷᠪᠠᠨ ᠨᠢᠭᠡᠳᠦᠭᠡᠷ ᠵᠦᠶᠯ ᠠᠵᠢᠯ ᠶᠠᠪᠤᠳᠠᠯ ᠭᠦᠶᠴᠡᠳᠬᠡᠬᠦ ᠵᠦᠭᠯᠡᠭᠦᠷ ᠨᠢ ᠵᠠᠰᠠᠭ ᠤᠨ ᠶᠠᠪᠤᠳᠠᠯ ᠤᠨ | ᠦᠶᠯᠡᠴᠢᠯᠡᠭᠡᠨ ᠤ ᠵᠦᠶᠯᠡᠰ ᠤᠨ ᠵᠥᠪᠰᠢᠶᠡᠷᠡᠯ ᠢ ᠪᠣᠶ ᠪᠣᠯᠭᠠᠭᠰᠠᠨ ᠴᠣᠬᠤᠯᠠᠪᠤᠷᠢ ᠪᠤᠶᠤ ᠭᠡᠷᠡᠴᠢ ᠦᠨᠡᠮᠯᠡᠯ ᠵᠡᠷᠭᠡ | ᠦᠷ᠎ᠡ ᠳ᠋ᠦᠩ ᠤᠨ ᠪᠢᠴᠢᠭ ᠬᠠᠷ᠎ᠠ ᠶᠢᠨ ᠥᠯᠢᠭᠡᠷ ᠬᠡᠪ ᠢ ᠬᠠᠩᠭᠠᠬᠤ ᠬᠡᠷᠡᠭᠲᠡᠶ᠃ ᠦᠯᠢᠭᠡᠷ ᠶᠠᠩᠵᠤ ᠳᠤ ᠠᠶᠤᠯᠭᠦᠢ | ᠪᠠᠷ ᠨᠡᠶᠢᠳᠡᠮ ᠬᠡᠷᠡᠭᠯᠡᠬᠦ ᠪᠢᠴᠢᠭ ᠮᠠᠲ᠋ᠧᠷᠢᠶᠠᠯ ᠤᠨ ᠬᠡᠯᠪᠡᠷᠢ ᠶᠢ ᠬᠡᠷᠡᠭᠯᠡᠨ᠎ᠡ᠂ ᠵᠢᠱᠢᠶᠡᠯᠡᠪᠡᠯ ᠠᠵᠤ ᠠᠬᠤᠶᠢᠯᠠᠯ ᠪᠤᠶᠤ | ᠬᠤᠪᠢ ᠬᠥᠮᠦᠨ ᠳᠤ ᠬᠤᠯᠪᠣᠭᠳᠠᠬᠤ ᠢᠯᠡ ᠪᠣᠯᠭᠠᠬᠤ ᠳᠤ ᠲᠣᠬᠢᠷᠠᠮᠵᠢ ᠦᠭᠡᠢ ᠮᠡᠳᠡᠭᠡ ᠵᠠᠩᠭᠢ ᠶᠢ ᠡᠷᠬᠡᠪᠰᠢ ᠨᠢᠭᠤᠨ | ᠳᠠᠯᠳᠠᠯᠠᠵᠤ ᠰᠢᠢᠳᠪᠦᠷᠢᠯᠡᠬᠦ ᠬᠡᠷᠡᠭᠲᠡᠢ᠃ | ᠠᠵᠢᠯ ᠶᠠᠪᠤᠳᠠᠯ ᠭᠦᠶᠴᠡᠳᠬᠡᠬᠦ ᠵᠦᠭᠯᠡᠭᠦᠷ ᠢ ᠡᠯ᠎ᠡ ᠱᠠᠲᠤᠨ ᠤ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ | ᠲᠥᠪ᠂ ᠵᠠᠰᠠᠭ ᠤᠨ ᠣᠷᠳᠣᠨ ᠤ ᠰᠦᠯᠵᠢᠶ᠎ᠡ᠂ ᠰᠦᠯᠵᠢᠶᠡᠨ ᠳᠡᠭᠡᠷᠡᠬᠢ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ | ᠲᠠᠪᠴᠠᠩ᠂ ᠰᠢᠯᠵᠢᠮᠡᠯ ᠦᠵᠦᠭᠦᠷ᠂ ᠠᠦ᠋ᠲ᠋ᠣ᠋ ᠦᠵᠦᠭᠦᠷ ᠵᠡᠷᠭᠡ ᠠᠷᠭ᠎ᠠ ᠵᠠᠮ ᠢᠶᠠᠷ ᠳᠠᠮᠵᠢᠭᠤᠯᠤᠨ ᠭᠠᠳᠠᠭᠰᠢ ᠳᠡᠯᠭᠡᠨ | ᠦᠵᠡᠭᠦᠯᠬᠦ ᠶᠢᠨ ᠬᠠᠮᠲᠤ ᠬᠡᠷᠡᠭᠯᠡᠭᠡᠨ ᠤ ᠫᠷᠤᠭ᠍ᠷᠠᠮ᠂ ᠬᠤᠶᠠᠷ ᠬᠡᠮᠵᠢᠯᠳᠦ ᠺᠣᠳ᠋ ᠵᠡᠷᠭᠡ ᠠᠷᠭ᠎ᠠ ᠮᠠᠶ᠋ᠢᠭ ᠢᠶᠠᠷ | ᠭᠦᠶᠦᠯᠭᠡᠨ ᠦᠵᠡᠵᠦ ᠪᠠᠶᠢᠴᠠᠭᠠᠨ ᠯᠠᠪᠯᠠᠬᠤ ᠶᠢ ᠳᠡᠮᠵᠢᠵᠦ᠂ ᠠᠳᠠᠯᠢ ᠢᠷᠡᠯᠲᠡ ᠲᠠᠢ ᠪᠠᠷ ᠬᠠᠮᠢᠶᠠᠷᠬᠤ᠂ ᠠᠳᠠᠯᠢ | ᠢᠷᠡᠯᠲᠡ ᠲᠠᠢ ᠪᠠᠷ ᠨᠡᠶᠢᠲᠡᠯᠡᠬᠦ ᠶᠢ ᠬᠡᠷᠡᠭᠵᠢᠭᠦᠯᠦᠨ᠎ᠡ᠃ | ᠠᠷᠪᠠᠨ ᠬᠤᠶᠠᠳᠤᠭᠠᠷ ᠵᠦᠶᠯ ᠬᠠᠤᠯᠢ ᠴᠠᠭᠠᠵᠠ᠂ ᠬᠠᠤᠯᠢ ᠲᠣᠭᠲᠠᠭᠠᠯ᠂ ᠲᠦᠷᠢᠮ ᠲᠣᠭᠲᠠᠭᠠᠯ ᠢ | ᠲᠣᠭᠲᠠᠭᠠᠬᠤ᠂ ᠵᠠᠰᠠᠪᠤᠷᠢ ᠣᠷᠣᠭᠤᠯᠬᠤ᠂ ᠬᠦᠴᠦᠨ ᠥᠬᠡᠶ ᠪᠣᠯᠭᠠᠬᠤ ᠠᠴᠠ ᠪᠣᠯᠵᠣ ᠠᠵᠢᠯ ᠶᠠᠪᠤᠳᠠᠯ ᠭᠦᠶᠴᠡᠳᠬᠡᠬᠦ | ᠵᠦᠭᠯᠡᠭᠦᠷ ᠢ ᠳᠣᠭᠢᠷᠠᠭᠤᠯᠬᠤ ᠴᠢᠬᠤᠯᠠᠲᠠᠶ ᠪᠠᠶᠢᠪᠠᠯ᠂ ᠴᠠᠭ ᠲᠤᠬᠠᠶ ᠳᠤᠨᠢ ᠳᠣᠭᠢᠷᠠᠭᠤᠯᠬᠤ ᠶᠢ ᠪᠡᠶᠡᠯᠡᠭᠦᠯᠬᠦ ᠬᠡᠷᠡᠭᠲᠡᠶ᠃ | | ᠭᠤᠷᠪᠠᠳᠤᠭᠠᠷ ᠪᠦᠯᠦᠭ ᠦᠢᠯᠡᠴᠢᠯᠡᠭᠡᠨ ᠤ ᠴᠤᠪᠤᠷᠠᠯ ᠢ ᠪᠠᠷᠢᠮᠵᠢᠶᠠᠵᠢᠭᠤᠯᠬᠤ | ᠠᠷᠪᠠᠨ ᠭᠤᠷᠪᠠᠳᠤᠭᠠᠷ ᠵᠦᠶᠯ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠵᠦᠶᠯᠡᠰ ᠤᠨ ᠯᠠᠪᠯᠠᠬᠤ᠂ | ᠪᠣᠯᠵᠣᠬᠤ᠂ ᠭᠤᠶᠤᠴᠢᠯᠠᠬᠤ᠂ ᠭᠥᠯᠢᠶᠡᠨ ᠠᠪᠴᠤ ᠰᠢᠶᠳᠪᠦᠷᠢᠯᠡᠬᠦ᠂ ᠬᠢᠨᠠᠨ ᠪᠠᠶᠢᠴᠠᠭᠠᠬᠤ᠂ ᠲᠣᠭᠲᠠᠭᠠᠬᠤ᠂ ᠦᠷ᠎ᠡ | ᠳ᠋ᠦᠩ ᠢ ᠬᠦᠷᠭᠡᠬᠦ ᠵᠡᠷᠭᠡ ᠪᠥᠬᠦ ᠴᠤᠪᠤᠷᠠᠯ ᠳᠤ ᠪᠠᠷᠢᠮᠵᠢᠶᠠᠵᠢᠭᠤᠯᠤᠭᠰᠠᠨ ᠬᠠᠮᠢᠶᠠᠷᠤᠯᠲᠠ ᠶᠢ ᠬᠡᠷᠡᠭᠵᠢᠭᠦᠯᠵᠦ᠂ ᠠᠵᠤ | ᠠᠬᠤᠶᠢᠯᠠᠯ ᠣᠯᠠᠨ ᠲᠦᠮᠡᠨ ᠳᠤ ᠰᠢᠰᠲ᠋ᠧᠮ ᠤᠨ ᠴᠢᠨᠠᠷᠲᠠᠶ᠂ ᠪᠦᠬᠦᠯᠢ ᠴᠣᠭᠴᠠᠲᠤ ᠴᠢᠨᠠᠷᠲᠠᠶ᠂ ᠬᠠᠮᠵᠢᠯᠴᠠᠬᠤ | ᠴᠢᠨᠠᠷᠲᠠᠶ ᠵᠢᠷᠤᠮᠵᠢᠭᠰᠠᠨ ᠦᠶᠯᠡᠴᠢᠯᠡᠭᠡ ᠬᠠᠩᠭᠠᠨ᠎ᠠ᠃ | ᠠᠷᠪᠠᠨ ᠳᠥᠷᠪᠡᠳᠦᠭᠡᠷ ᠵᠦᠶᠯ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠪᠠᠶᠢᠭᠤᠯᠤᠮᠵᠢ ᠨᠢ ᠠᠵᠤ | ᠠᠬᠤᠶᠢᠯᠠᠯ ᠣᠯᠠᠨ ᠲᠦᠮᠡᠨ ᠳᠤ ᠴᠣᠩᠬᠤᠪᠴᠢ ᠪᠠᠷ ᠠᠰᠠᠭᠤᠨ ᠯᠠᠪᠯᠠᠬᠤ᠂ ᠣᠲᠠᠰᠣ ᠪᠠᠷ ᠠᠰᠠᠭᠤᠨ ᠯᠠᠪᠯᠠᠬᠤ᠂ | ᠰᠦᠯᠵᠢᠶᠡᠨ ᠳᠡᠭᠡᠷ᠎ᠡ ᠠᠰᠠᠭᠤᠨ ᠯᠠᠪᠯᠠᠬᠤ᠂ ᠵᠠᠬᠢᠳᠠᠯ ᠢᠶᠠᠷ ᠠᠰᠠᠭᠤᠨ ᠯᠠᠪᠯᠠᠬᠤ ᠵᠡᠷᠭᠡ ᠰᠠᠭᠠᠳ ᠥᠬᠡᠶ ᠨᠡᠪᠲᠡᠷᠡᠬᠦ | ᠦᠶᠯᠡᠴᠢᠯᠡᠭᠡᠨ ᠤ ᠵᠠᠮ ᠮᠥᠷ ᠢ ᠬᠠᠩᠭᠠᠵᠤ᠂ ᠠᠩᠬ᠎ᠠ ᠠᠰᠠᠭᠤᠯᠲᠠ ᠳᠤ ᠬᠠᠷᠢᠭᠤᠴᠠᠬᠤ ᠲᠦᠷᠢᠮ ᠢ | ᠨᠠᠶᠢᠳᠠᠪᠤᠷᠢᠵᠢᠭᠤᠯᠤᠨ᠂ ᠠᠰᠠᠭᠤᠯᠲᠠ ᠪᠠᠶᠢᠪᠠᠯ ᠵᠠᠪᠠᠯ ᠬᠠᠷᠢᠭᠤᠯᠵᠤ᠂ ᠮᠠᠳᠠᠭ ᠲᠠᠢ ᠪᠠᠶᠢᠪᠠᠯ ᠵᠠᠪᠠᠯ ᠲᠠᠶᠢᠯᠪᠤᠷᠢᠯᠠᠬᠤ | ᠬᠡᠷᠡᠭᠲᠡᠶ᠂ ᠰᠢᠯᠲᠠᠭᠯᠠᠨ ᠲᠦᠯᠬᠢᠯᠴᠡᠵᠦ᠂ ᠤᠳᠠᠭᠠᠰᠢᠷᠠᠭᠤᠯᠤᠨ ᠠᠮᠠ ᠪᠥᠭᠯᠡᠵᠦ ᠪᠣᠯᠬᠤ ᠥᠬᠡᠶ᠂ ᠠᠵᠤ ᠠᠬᠤᠶᠢᠯᠠᠯ | ᠣᠯᠠᠨ ᠲᠦᠮᠡᠨ ᠤ ᠠᠰᠠᠭᠤᠨ ᠯᠠᠪᠯᠠᠬᠤ ᠳᠤ ᠥᠨᠳᠥᠷ ᠦᠷ᠎ᠡ ᠪᠦᠲᠦᠮᠵᠢᠲᠡᠶ ᠪᠠᠷ ᠲᠠᠶᠢᠯᠤᠮᠵᠢ ᠬᠢᠬᠦ᠂ ᠭᠤᠮᠣᠳᠠᠯ | ᠱᠠᠭᠠᠷᠳᠠᠯᠭ᠎ᠠ ᠪᠠᠨ ᠰᠢᠯᠤᠭᠤᠬᠠᠨ ᠢᠯᠡᠳᠬᠡᠬᠦ ᠪᠠ ᠪᠦᠲᠦᠮᠵᠢᠲᠡᠶ ᠲᠣᠬᠢᠷᠠᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃ | ᠠᠷᠪᠠᠨ ᠲᠠᠪᠤᠳᠤᠭᠠᠷ ᠵᠦᠶᠯ ᠠᠵᠤ ᠠᠬᠤᠶᠢᠯᠠᠯ ᠣᠯᠠᠨ ᠲᠦᠮᠡᠨ ᠨᠢ ᠬᠤᠯᠪᠣᠭᠳᠠᠯ ᠪᠥᠬᠦᠶ ᠵᠠᠰᠠᠭ ᠤᠨ ᠶᠠᠪᠤᠳᠠᠯ | ᠤᠨ ᠦᠶᠯᠡᠴᠢᠯᠡᠭᠡᠨ ᠤ ᠵᠦᠶᠯᠡᠰ ᠢ ᠤᠷᠢᠳᠴᠢᠯᠠᠨ ᠪᠣᠯᠵᠣᠵᠤ ᠭᠦᠶᠴᠡᠳᠬᠡᠵᠦ ᠪᠣᠯᠤᠨ᠎ᠠ᠂ ᠵᠠᠰᠠᠭ ᠤᠨ ᠶᠠᠪᠤᠳᠠᠯ ᠤᠨ | ᠦᠶᠯᠡᠴᠢᠯᠡᠭᠡᠨ ᠤ ᠪᠠᠶᠢᠭᠤᠯᠤᠮᠵᠢ ᠨᠢ ᠲᠤᠬᠠᠶ ᠶᠢᠨ ᠲᠠᠯᠠᠪᠠᠶ ᠳᠤ ᠤᠷᠢᠳᠴᠢᠯᠠᠨ ᠪᠣᠯᠵᠣᠬᠤ᠂ ᠤᠲᠠᠰᠤ ᠪᠠᠷ | ᠤᠷᠢᠳᠴᠢᠯᠠᠨ ᠪᠣᠯᠵᠣᠬᠤ᠂ ᠰᠦᠯᠵᠢᠶᠡᠨ ᠳᠡᠭᠡᠷ᠎ᠡ ᠤᠷᠢᠳᠴᠢᠯᠠᠨ ᠪᠣᠯᠵᠣᠬᠤ ᠵᠡᠷᠭᠡ ᠣᠯᠠᠨ ᠵᠦᠶᠯ ᠤᠨ ᠤᠷᠢᠳᠴᠢᠯᠠᠨ | ᠪᠣᠯᠵᠣᠬᠤ ᠠᠷᠭ᠎ᠠ ᠵᠠᠮ ᠢ ᠬᠠᠩᠭᠠᠬᠤ ᠬᠡᠷᠡᠭᠲᠡᠶ᠃ | ᠠᠷᠪᠠᠨ ᠵᠢᠷᠭᠤᠳᠤᠭᠠᠷ ᠵᠦᠶᠯ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠪᠠᠶᠢᠭᠤᠯᠤᠮᠵᠢ ᠨᠢ ᠠᠵᠤ ᠠᠬᠤᠶᠢᠯᠠᠯ | ᠣᠯᠠᠨ ᠲᠦᠮᠡᠨ ᠳᠤ ᠰᠦᠯᠵᠢᠶᠡᠨ ᠳᠡᠭᠡᠷ᠎ᠡ ᠪᠠ ᠰᠦᠯᠵᠢᠶᠡᠨ ᠠᠴᠠ ᠭᠠᠳᠠᠨ᠎ᠠ ᠭᠤᠶᠤᠴᠢᠯᠠᠬᠤ ᠠᠷᠭ᠎ᠠ ᠵᠠᠮ ᠬᠠᠩᠭᠠᠵᠤ | ᠂ ᠠᠵᠤ ᠠᠬᠤᠶᠢᠯᠠᠯ ᠣᠯᠠᠨ ᠲᠦᠮᠡᠨ ᠭᠤᠶᠤᠴᠢᠯᠠᠬᠤ ᠠᠷᠭ᠎ᠠ ᠵᠠᠮ ᠢᠶᠠᠨ ᠡᠵᠡᠨ ᠮᠡᠳᠡᠵᠦ ᠰᠣᠩᠭᠤᠬᠤ ᠡᠷᠬᠡ ᠲᠠᠢ᠃ | ᠠᠵᠤ ᠠᠬᠤᠶᠢᠯᠠᠯ ᠣᠯᠠᠨ ᠲᠦᠮᠡᠨ ᠰᠦᠯᠵᠢᠶᠡᠨ ᠳᠡᠭᠡᠷ᠎ᠡ ᠪᠠ ᠰᠦᠯᠵᠢᠶᠡᠨ ᠤ ᠭᠠᠳᠠᠨ᠎ᠠ ᠭᠤᠶᠤᠴᠢᠯᠠᠯ ᠤᠨ | ᠮᠠᠲ᠋ᠧᠷᠢᠶᠠᠯ ᠢᠶᠠᠨ ᠲᠤᠰᠢᠶᠠᠬᠤ ᠳᠤ᠂ ᠬᠤᠯᠪᠣᠭᠳᠠᠯ ᠪᠥᠬᠦᠶ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ | ᠪᠠᠶᠢᠭᠤᠯᠤᠮᠵᠢ ᠨᠢ ᠵᠠᠷᠴᠢᠮ ᠳᠡᠭᠡᠷ᠎ᠡ ᠪᠠᠨ ᠨᠢᠭᠡ ᠠᠵᠢᠯᠯᠠᠬᠤ ᠡᠳᠦᠷ ᠤᠨ ᠳᠣᠲᠣᠷ᠎ᠠ ᠭᠤᠶᠤᠴᠢᠯᠠᠯ ᠤᠨ ᠮᠠᠲ᠋ᠧᠷᠢᠶᠠᠯ | ᠳᠤ ᠬᠢᠨᠠᠨ ᠪᠠᠶᠢᠴᠠᠭᠠᠯᠲᠠ ᠬᠢᠬᠦ ᠶᠢᠨ ᠬᠠᠮᠲᠤ ᠭᠥᠯᠢᠶᠡᠨ ᠠᠪᠴᠤ ᠰᠢᠶᠳᠪᠦᠷᠢᠯᠡᠬᠦ ᠡᠰᠡᠬᠦ ᠳᠤ ᠲᠣᠭᠲᠠᠭᠠᠯ ᠭᠠᠷᠭᠠᠬᠤ | ᠬᠡᠷᠡᠭᠲᠡᠶ᠃ | ︵ᠨᠢᠭᠡ ︶ ᠭᠤᠶᠤᠴᠢᠯᠠᠬᠤ ᠮᠠᠲ᠋ᠧᠷᠢᠶᠠᠯ ᠨᠢ ᠪᠦᠷᠢᠨ ᠭᠦᠶᠴᠡᠳ᠂ ᠬᠠᠤᠯᠢ ᠪᠠᠷ ᠲᠣᠭᠲᠠᠭᠠᠭᠰᠠᠨ ᠱᠠᠭᠠᠷᠳᠠᠯᠭ᠎ᠠ | ᠳᠤ ᠨᠡᠶᠢᠴᠡᠭᠰᠡᠨ ᠪᠠᠶᠢᠪᠠᠯ᠂ ᠭᠥᠯᠢᠶᠡᠨ ᠠᠪᠴᠤ ᠰᠢᠶᠳᠪᠦᠷᠢᠯᠡᠬᠦ ᠭᠡᠷᠡᠴᠢ ᠪᠠᠷᠢᠮᠲᠠ ᠬᠢᠵᠦ ᠥᠭᠬᠦ ᠬᠡᠷᠡᠭᠲᠡᠶ᠃ | ︵ᠬᠤᠶᠠᠷ ︶ ᠭᠤᠶᠤᠴᠢᠯᠠᠯ ᠤᠨ ᠮᠠᠲ᠋ᠧᠷᠢᠶᠠᠯ ᠢ ᠨᠥᠬᠦᠪᠥᠷᠢᠯᠡᠨ ᠬᠠᠩᠭᠠᠬᠤ ᠴᠢᠬᠤᠯᠠᠲᠠᠶ ᠪᠠᠶᠢᠪᠠᠯ᠂ ᠪᠦᠷᠢᠨ | ᠭᠦᠶᠴᠡᠳ ᠨᠥᠬᠦᠪᠥᠷᠢᠯᠡᠨ ᠵᠠᠯᠠᠷᠠᠭᠤᠯᠬᠤ ᠮᠡᠳᠡᠭᠳᠡᠯ ᠤᠨ ᠪᠢᠴᠢᠭ ᠭᠠᠷᠭᠠᠵᠤ᠂ ᠨᠥᠬᠦᠪᠥᠷᠢᠯᠡᠬᠦ ᠴᠢᠬᠤᠯᠠᠲᠠᠶ ᠠᠭᠤᠯᠭ᠎ᠠ | ᠪᠠ ᠴᠠᠭ ᠬᠤᠭᠤᠴᠠᠭ᠎ᠠ ᠶᠢ ᠨᠢᠭᠡ ᠯᠡ ᠤᠳᠠᠭ᠎ᠠ ᠳᠡᠭᠡᠷ᠎ᠡ ᠮᠡᠳᠡᠭᠳᠡᠬᠦ ᠬᠡᠷᠡᠭᠲᠡᠶ᠂ ᠠᠮᠠᠨ ᠮᠡᠳᠡᠭᠳᠡᠯ ᠪᠠᠷ ᠦᠨᠳᠦᠰᠦᠯᠡᠯ | ᠪᠣᠯᠭᠠᠵᠤ ᠪᠣᠯᠬᠤ ᠥᠬᠡᠶ᠂ ᠠᠵᠢᠯ ᠶᠠᠪᠤᠳᠠᠯ ᠭᠦᠶᠴᠡᠳᠬᠡᠬᠦ ᠵᠦᠭᠯᠡᠭᠦᠷ ᠲᠤ ᠲᠣᠭᠲᠠᠭᠠᠭᠰᠠᠨ ᠱᠠᠭᠠᠷᠳᠠᠯᠭ᠎ᠠ ᠠᠴᠠ | ᠬᠡᠲᠦᠷᠡᠭᠦᠯᠵᠦ ᠪᠣᠯᠬᠤ ᠥᠬᠡᠶ᠃ | ︵ᠭᠤᠷᠪᠠ ︶ ᠭᠥᠯᠢᠶᠡᠨ ᠠᠪᠴᠤ ᠰᠢᠶᠳᠪᠦᠷᠢᠯᠡᠬᠦ ᠨᠥᠬᠦᠴᠡᠯ ᠳᠤ ᠨᠡᠶᠢᠴᠡᠭᠰᠡᠨ ᠪᠠᠶᠢᠪᠠᠯ᠂ ᠵᠠᠰᠠᠭ ᠤᠨ ᠶᠠᠪᠤᠳᠠᠯ | ᠤᠨ ᠦᠶᠯᠡᠴᠢᠯᠡᠭᠡᠨ ᠤ ᠪᠠᠶᠢᠭᠤᠯᠤᠮᠵᠢ ᠨᠢ ᠤᠷᠢᠳᠠᠪᠠᠷ ᠭᠥᠯᠢᠶᠡᠨ ᠠᠪᠴᠤ ᠰᠢᠶᠳᠪᠦᠷᠢᠯᠡᠬᠦ ᠶᠢᠨ ᠬᠠᠮᠲᠤ᠂ | ᠨᠥᠬᠦᠪᠥᠷᠢᠯᠡᠨ ᠵᠠᠯᠠᠷᠠᠭᠤᠯᠬᠤ᠂ ᠵᠠᠯᠠᠷᠠᠭᠤᠯᠬᠤ ᠴᠢᠬᠤᠯᠠᠲᠠᠶ ᠠᠭᠤᠯᠭ᠎ᠠ ᠪᠠ ᠴᠠᠭ ᠬᠤᠭᠤᠴᠠᠭ᠎ᠠ ᠶᠢ ᠨᠢᠭᠡ ᠯᠡ | ᠤᠳᠠᠭ᠎ᠠ ᠳᠡᠭᠡᠷ᠎ᠡ ᠮᠡᠳᠡᠭᠳᠡᠬᠦ ᠬᠡᠷᠡᠭᠲᠡᠶ᠃ ᠬᠤᠭᠤᠴᠠᠭ᠎ᠠ ᠥᠩᠭᠡᠷᠡᠲᠡᠯ᠎ᠡ ᠨᠥᠬᠦᠪᠥᠷᠢᠯᠡᠨ ᠵᠠᠯᠠᠷᠠᠭᠤᠯᠤᠭᠰᠠᠨ ᠥᠬᠡᠶ᠂ | ᠵᠠᠯᠠᠷᠠᠭᠤᠯᠤᠭᠰᠠᠨ ᠪᠤᠶᠤ ᠨᠥᠬᠦᠪᠥᠷᠢᠯᠡᠨ ᠵᠠᠯᠠᠷᠠᠭᠤᠯᠤᠭᠰᠠᠨ᠂ ᠵᠠᠯᠠᠷᠠᠭᠤᠯᠤᠭᠰᠠᠨ ᠤ ᠳᠠᠷᠠᠭ᠎ᠠ ᠮᠥᠨ ᠬᠦ ᠱᠠᠭᠠᠷᠳᠠᠯᠭ᠎ᠠ | ᠳᠤ ᠨᠡᠶᠢᠴᠡᠬᠦ ᠥᠬᠡᠶ ᠪᠣᠯ ᠬᠤᠯᠪᠣᠭᠳᠠᠯ ᠪᠥᠬᠦᠶ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠪᠠᠶᠢᠭᠤᠯᠤᠮᠵᠢ ᠠᠴᠠ | ᠥᠯᠥ ᠵᠥᠪᠰᠢᠶᠡᠷᠡᠬᠦ ᠲᠣᠭᠲᠠᠭᠠᠯ ᠭᠠᠷᠭᠠᠬᠤ ᠶᠢᠨ ᠬᠠᠮᠲᠤ ᠤᠴᠢᠷ ᠰᠢᠯᠲᠠᠭᠠᠨ ᠢ ᠲᠣᠳᠣᠷᠬᠠᠶᠢᠯᠠᠬᠤ ᠬᠡᠷᠡᠭᠲᠡᠶ᠃ | ᠠᠷᠪᠠᠨ ᠳᠣᠯᠣᠳᠤᠭᠠᠷ ᠵᠦᠶᠯ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠪᠠᠶᠢᠭᠤᠯᠤᠮᠵᠢ ᠨᠢ ᠠᠵᠤ ᠠᠬᠤᠶᠢᠯᠠᠯ | ᠣᠯᠠᠨ ᠲᠦᠮᠡᠨ ᠤ ᠲᠤᠰᠢᠶᠠᠭᠰᠠᠨ ᠭᠤᠶᠤᠴᠢᠯᠠᠯ ᠤᠨ ᠮᠠᠲ᠋ᠧᠷᠢᠶᠠᠯ ᠢ ᠬᠢᠨᠠᠨ ᠪᠠᠶᠢᠴᠠᠭᠠᠬᠤ ᠶᠢᠨ ᠬᠠᠮᠲᠤ ᠲᠣᠭᠲᠠᠭᠠᠯ | ᠭᠠᠷᠭᠠᠬᠤ ᠬᠡᠷᠡᠭᠲᠡᠶ᠃ | ︵ᠨᠢᠭᠡ ︶ ᠭᠤᠶᠤᠴᠢᠯᠠᠬᠤ ᠮᠠᠲ᠋ᠧᠷᠢᠶᠠᠯ ᠨᠢ ᠪᠦᠷᠢᠨ ᠭᠦᠢᠴᠡᠳ᠂ ᠬᠠᠤᠯᠢ ᠳᠤ ᠲᠣᠭᠲᠠᠭᠠᠭᠰᠠᠨ ᠬᠡᠯᠪᠡᠷᠢ ᠳᠤ | ᠨᠡᠶᠢᠴᠡᠭᠰᠡᠨ ᠭᠤᠶᠤᠴᠢᠯᠠᠯ ᠢ ᠠᠮᠠᠯᠠᠯᠲᠠ ᠶᠢᠨ ᠬᠤᠭᠤᠴᠠᠭᠠᠨ ᠳᠣᠲᠣᠷ᠎ᠠ ᠵᠥᠪᠰᠢᠶᠡᠷᠡᠬᠦ ᠲᠣᠭᠲᠠᠭᠠᠯ ᠭᠠᠷᠭᠠᠬᠤ | ᠬᠡᠷᠡᠭᠲᠡᠢ᠃ | ︵ᠬᠤᠶᠠᠷ ︶ ᠬᠢᠨᠠᠯᠲᠠ ᠪᠠᠷ ᠳᠠᠮᠵᠢᠨ ᠦᠯᠦ ᠵᠥᠪᠰᠢᠶᠡᠷᠡᠬᠦ ᠵᠦᠢᠯᠡᠰ ᠲᠤ᠂ ᠦᠯᠦ ᠵᠥᠪᠰᠢᠶᠡᠷᠡᠬᠦ | ᠲᠣᠭᠲᠠᠭᠠᠯ ᠭᠠᠷᠭᠠᠬᠤ ᠶᠢᠨ ᠬᠠᠮᠲᠤ ᠦᠯᠦ ᠵᠥᠪᠰᠢᠶᠡᠷᠡᠬᠦ ᠰᠢᠯᠲᠠᠭᠠᠨ ᠢ ᠲᠣᠳᠣᠷᠬᠠᠶᠢᠯᠠᠵᠤ᠂ ᠬᠠᠷᠢᠯᠴᠠᠬᠤ ᠠᠷᠭ᠎ᠠ | ᠮᠠᠶ᠋ᠢᠭ ᠢᠶᠠᠨ ᠲᠣᠳᠣᠷᠬᠠᠶᠢᠯᠠᠵᠤ᠂ ᠬᠢᠨᠠᠨ ᠵᠥᠪᠰᠢᠶᠡᠷᠡᠬᠦ ᠲᠤᠬᠠᠶᠢᠯᠠᠭᠰᠠᠨ ᠠᠵᠢᠯ ᠤᠨ ᠲᠤᠰᠬᠠᠢ ᠲᠠᠮᠠᠭ᠎ᠠ ᠪᠤᠶᠤ | ᠰᠠᠯᠠᠭ᠎ᠠ ᠮᠥᠴᠢᠷ ᠤᠨ ᠠᠯᠪᠠᠨ ᠲᠠᠮᠠᠭ᠎ᠠ ᠪᠠᠨ ᠳᠠᠷᠤᠬᠤ ᠬᠡᠷᠡᠭᠲᠡᠢ᠃ | ︵ᠭᠤᠷᠪᠠ ︶ ᠠᠵᠤ ᠠᠬᠤᠶᠢᠯᠠᠯ ᠣᠯᠠᠨ ᠲᠦᠮᠡᠨ ᠨᠢ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ | ᠪᠠᠶᠢᠭᠤᠯᠤᠮᠵᠢ ᠠᠴᠠ ᠡᠯᠧᠺᠲᠷᠣᠨ ᠭᠡᠷᠡᠴᠢ ᠦᠨᠡᠮᠯᠡᠯ ᠪᠠ ᠴᠠᠭᠠᠰᠤᠨ ᠭᠡᠷᠡᠴᠢ ᠦᠨᠡᠮᠯᠡᠯ ᠢ ᠵᠡᠷᠭᠡ ᠳᠤᠨᠢ ᠣᠯᠭᠤᠬᠤ | ᠶᠢ ᠱᠠᠭᠠᠷᠳᠠᠵᠤ ᠪᠣᠯᠤᠨ᠎ᠠ᠂ ᠴᠠᠭᠠᠰᠤᠨ ᠭᠡᠷᠡᠴᠢ ᠦᠨᠡᠮᠯᠡᠯ ᠢ ᠨᠢ ᠨᠢᠭᠡᠨᠲᠡ ᠬᠦᠴᠦᠨ ᠥᠬᠡᠶ ᠪᠣᠯᠭᠠᠭᠰᠠᠨ ᠪᠤᠶᠤ | ᠡᠯᠧᠺᠲᠷᠣᠨ ᠭᠡᠷᠡᠴᠢ ᠦᠨᠡᠮᠯᠡᠯ ᠢ ᠨᠢ ᠲᠦᠷ ᠴᠠᠭ ᠬᠠᠩᠭᠠᠵᠤ ᠳᠡᠶᠢᠯᠬᠦ ᠥᠬᠡᠶ ᠪᠣᠯᠤᠭᠰᠠᠨ ᠨᠢ ᠡᠭᠦᠨ ᠳᠤ ᠪᠠᠭᠲᠠᠬᠤ | ᠥᠬᠡᠶ᠃ | ︵ᠳᠥᠷᠪᠡ ︶ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠪᠠᠶᠢᠭᠤᠯᠤᠮᠵᠢ ᠨᠢ ᠠᠵᠤ ᠠᠬᠤᠶᠢᠯᠠᠯ ᠣᠯᠠᠨ | ᠲᠦᠮᠡᠨ ᠤ ᠭᠤᠶᠤᠴᠢᠯᠠᠯ ᠢ ᠦᠨᠳᠦᠰᠦᠯᠡᠨ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠬᠦᠴᠦᠨ ᠲᠠᠢ ᠬᠤᠭᠤᠴᠠᠭ᠎ᠠ | ᠨᠢ ᠳᠦᠭᠦᠷᠬᠦ ᠠᠴᠠ ᠡᠮᠦᠨ᠎ᠡ ᠤᠷᠲᠤᠳᠬᠠᠬᠤ ᠶᠢ ᠵᠥᠪᠰᠢᠶᠡᠷᠡᠬᠦ ᠡᠰᠡᠬᠦ ᠲᠣᠭᠲᠠᠭᠠᠯ ᠭᠠᠷᠭᠠᠬᠤ ᠬᠡᠷᠡᠭᠲᠡᠶ᠃ | ᠬᠤᠭᠤᠴᠠᠭ᠎ᠠ ᠬᠡᠲᠦᠷᠡᠲᠡᠯ᠎ᠡ ᠲᠣᠭᠲᠠᠭᠠᠯ ᠭᠠᠷᠭᠠᠭᠰᠠᠨ ᠦᠭᠡᠢ ᠪᠠᠶᠢᠪᠠᠯ᠂ ᠤᠷᠲᠤᠳᠬᠠᠬᠤ ᠶᠢ ᠵᠥᠪᠰᠢᠶᠡᠷᠡᠭᠰᠡᠨ ᠢᠶᠠᠷ | ᠪᠤᠳᠤᠨ᠎ᠠ᠃ | ᠠᠷᠪᠠᠨ ᠨᠠᠶᠮᠠᠳᠤᠭᠠᠷ ᠵᠦᠢᠯ ᠮᠠᠲ᠋ᠧᠷᠢᠶᠠᠯ ᠢ ᠬᠦᠯᠢᠶᠡᠨ ᠠᠪᠴᠤ ᠰᠢᠶᠳᠪᠦᠷᠢᠯᠡᠬᠦ ᠪᠠ ᠬᠢᠨᠠᠨ ᠵᠥᠪᠰᠢᠶᠡᠷᠡᠭᠰᠡᠨ | ᠤ ᠳᠠᠷᠠᠭ᠎ᠠ᠂ ᠣᠬᠤᠷ ᠮᠡᠳᠡᠭᠡ᠂ ᠤᠲᠠᠰᠤ᠂ ᠡᠯᠧᠺᠲᠷᠣᠨ ᠰᠢᠦᠳᠠᠨ ᠵᠦᠢᠯ ᠵᠡᠷᠭᠡ ᠬᠡᠯᠪᠡᠷᠢ ᠪᠠᠷ ᠳᠠᠮᠵᠢᠭᠤᠯᠤᠨ | ᠭᠦᠢᠴᠡᠳᠬᠡᠬᠦ ᠠᠬᠢᠴᠠ᠂ ᠭᠦᠢᠴᠡᠳᠬᠡᠭᠰᠡᠨ ᠦᠷ᠎ᠡ ᠳ᠋ᠦᠩ ᠵᠡᠷᠭᠡ ᠮᠡᠳᠡᠭᠡ ᠵᠠᠩᠭᠢ ᠶᠢ ᠠᠵᠤ ᠠᠬᠤᠶᠢᠯᠠᠯ ᠣᠯᠠᠨ | ᠲᠦᠮᠡᠨ ᠳᠤ ᠴᠠᠭ ᠲᠤᠬᠠᠶ ᠳᠤᠨᠢ ᠮᠡᠳᠡᠭᠳᠡᠬᠦ ᠬᠡᠷᠡᠭᠲᠡᠶ᠃ | ᠠᠷᠪᠠ ᠶᠢᠰᠦᠳᠦᠭᠡᠷ ᠵᠦᠶᠯ ᠡᠯ᠎ᠡ ᠱᠠᠲᠤᠨ ᠤ ᠵᠠᠰᠠᠭ ᠤᠨ ᠶᠠᠪᠤᠳᠠᠯ ︵ᠠᠷᠠᠳ ᠲᠤ ᠲᠥᠬᠦᠮ ᠦᠵᠡᠭᠦᠯᠬᠦ ︶ | ᠦᠶᠯᠡᠴᠢᠯᠡᠭᠡᠨ ᠤ ᠲᠥᠪ ᠨᠢ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠵᠦᠶᠯᠡᠰ ᠢ ᠭᠦᠶᠴᠡᠳᠬᠡᠭᠰᠡᠨ ᠦᠷ᠎ᠡ | ᠳ᠋ᠦᠩ ᠳᠤ ᠴᠤᠩᠬᠤᠪᠴᠢ ᠪᠠᠷ ᠠᠪᠬᠤ᠂ ᠡᠯᠧᠺᠲᠷᠣᠨ ᠪᠢᠴᠢᠭ ᠬᠠᠷ᠎ᠠ ᠶᠢ ᠰᠦᠯᠵᠢᠶᠡᠨ ᠳᠡᠭᠡᠷ᠎ᠡ ᠬᠦᠷᠭᠡᠬᠦ ᠪᠠ | ᠰᠢᠦᠳᠠᠨ ᠢᠶᠠᠷ ᠢᠯᠡᠭᠡᠬᠦ ᠵᠡᠷᠭᠡ ᠣᠯᠠᠨ ᠵᠦᠶᠯ ᠤᠨ ᠬᠦᠷᠭᠡᠬᠦ ᠠᠷᠭ᠎ᠠ ᠮᠠᠶ᠋ᠢᠭ ᠢ ᠬᠠᠩᠭᠠᠵᠤ ᠪᠣᠯᠤᠨ᠎ᠠ᠃ | ᠬᠤᠷᠢᠳᠤᠭᠠᠷ ᠵᠦᠶᠯ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠪᠠᠶᠢᠭᠤᠯᠤᠮᠵᠢ ᠨᠢ ᠬᠤᠯᠪᠣᠭᠳᠠᠬᠤ | ᠵᠦᠶᠯᠡᠰ ᠤᠨ ᠮᠠᠲ᠋ᠧᠷᠢᠶᠠᠯ᠂ ᠴᠠᠭ ᠬᠤᠭᠤᠴᠠᠭ᠎ᠠ᠂ ᠴᠤᠪᠤᠷᠠᠯ ᠢ ᠴᠠᠭ ᠲᠤᠬᠠᠶ ᠳᠤᠨᠢ ᠳᠥᠭᠦᠮᠴᠢᠯᠡᠵᠦ | ᠰᠢᠯᠢᠳᠡᠭᠵᠢᠭᠦᠯᠦᠨ ᠳᠣᠭᠢᠷᠠᠭᠤᠯᠵᠤ᠂ ᠨᠡᠶᠢᠭᠡᠮ ᠤᠨ ᠢᠲᠡᠭᠡᠮᠵᠢ ᠶᠢᠨ ᠨᠢᠭᠡᠳᠦᠯᠲᠡᠶ ᠣᠷᠣᠯᠠᠬᠤ ᠨᠣᠮᠧᠷ᠂ ᠰᠠᠭᠤᠭᠠᠯᠢ | ᠠᠷᠠᠳ ᠤᠨ ᠪᠡᠶ᠎ᠡ ᠶᠢᠨ ᠦᠨᠡᠮᠯᠡᠯ ᠵᠡᠷᠭᠡ ︽ᠨᠢᠭᠡ ᠦᠨᠡᠮᠯᠡᠯ ︾ ᠢᠶᠠᠷ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ | ᠵᠦᠶᠯᠡᠰ ᠢ ᠭᠦᠶᠴᠡᠳᠬᠡᠬᠦ ᠶᠢ ᠲᠦᠷᠭᠡᠳᠬᠡᠨ ᠠᠬᠢᠭᠤᠯᠬᠤ ᠬᠡᠷᠡᠭᠲᠡᠶ ᠃ | ᠬᠤᠷᠢᠨ ᠨᠢᠭᠡᠳᠦᠭᠡᠷ ᠵᠦᠶᠯ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠪᠠᠶᠢᠭᠤᠯᠤᠮᠵᠢ ᠶᠢᠨ ᠠᠵᠢᠯᠲᠠᠳ ᠵᠦᠶᠯᠡᠰ ᠢ | ᠭᠦᠶᠴᠡᠳᠬᠡᠬᠦ ᠶᠠᠪᠤᠴᠠ ᠳᠤ᠂ ᠭᠥᠯᠢᠶᠡᠨ ᠠᠪᠤᠭᠰᠠᠨ᠂ ᠭᠥᠯᠢᠶᠡᠨ ᠠᠪᠴᠤ ᠰᠢᠶᠳᠪᠦᠷᠢᠯᠡᠭᠰᠡᠨ᠂ ᠴᠣᠩᠬᠤᠪᠴᠢ ᠪᠠᠷ | ᠬᠦᠷᠭᠡᠭᠰᠡᠨ ᠵᠢᠴᠢ ᠴᠢᠬᠤᠯᠠ ᠪᠥᠬᠦᠶ ᠲᠤᠬᠠᠶ ᠶᠢᠨ ᠲᠠᠯᠠᠪᠠᠶ ᠶᠢᠨ ᠬᠠᠶᠢᠨ ᠪᠠᠶᠢᠴᠠᠭᠠᠯᠲᠠ᠂ ᠲᠤᠰᠬᠠᠶ ᠮᠡᠷᠭᠡᠵᠢᠯ ᠤᠨ | ᠬᠢᠨᠠᠨ ᠪᠠᠶᠢᠴᠠᠭᠠᠯᠲᠠ᠂ ᠡᠶᠡᠳᠡᠭᠦᠯᠵᠦ ᠬᠥᠨᠳᠡᠯᠡᠨ ᠠᠴᠠ ᠲᠠᠰᠤᠯᠬᠤ᠂ ᠭᠡᠷᠡᠴᠢᠯᠡᠭᠡ ᠰᠣᠨᠣᠰᠬᠤ᠂ ᠰᠢᠯᠭᠠᠯᠲᠠ ᠬᠢᠬᠦ | ᠵᠡᠷᠭᠡ ᠴᠢᠬᠤᠯᠠ ᠪᠥᠬᠦᠶ ᠬᠦᠷᠦᠯᠴᠡᠬᠦ ᠭᠤᠭᠴᠤᠭ᠎ᠠ ᠠᠴᠠ ᠪᠤᠰᠤᠳ᠂ ᠠᠵᠢᠯ ᠤᠨ ᠰᠠᠬᠢᠯᠭ᠎ᠠ ᠪᠠᠲᠤ ᠶᠢ ᠵᠢᠷᠤᠮᠯᠠᠵᠤ᠂ | ᠠᠵᠤ ᠠᠬᠤᠶᠢᠯᠠᠯ ᠣᠯᠠᠨ ᠲᠦᠮᠡᠨ ᠲᠠᠢ ᠬᠠᠤᠯᠢ ᠶᠣᠰᠣᠭᠠᠷ ᠡᠭᠦᠷᠭᠡ ᠬᠠᠷᠢᠭᠤᠴᠠᠯᠭ᠎ᠠ ᠪᠠᠨ ᠭᠦᠶᠴᠡᠳᠬᠡᠬᠦ ᠶᠢ | ᠨᠥᠯᠥᠭᠡᠯᠡᠬᠦ ᠶᠠᠮᠠᠷᠪᠠ ᠦᠶᠯᠡ ᠠᠵᠢᠯᠯᠠᠭ᠎ᠠ ᠲᠠᠢ ᠪᠠᠶᠢᠵᠤ ᠪᠣᠯᠬᠤ ᠥᠬᠡᠶ ᠃ | ᠳᠥᠷᠪᠡᠳᠦᠭᠡᠷ ᠪᠦᠯᠦᠭ ᠰᠦᠯᠵᠢᠶᠡᠨ ᠳᠡᠭᠡᠷᠡᠬᠢ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠲᠠᠪᠴᠠᠩ ᠢ | ᠪᠠᠷᠢᠮᠵᠢᠶᠠᠵᠢᠭᠤᠯᠬᠤ | ᠬᠤᠷᠢᠨ ᠬᠤᠶᠠᠳᠤᠭᠠᠷ ᠵᠦᠶᠯ ᠠᠶᠢᠮᠠᠭ ᠤᠨ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠬᠠᠮᠢᠶᠠᠷᠤᠯᠲᠠ ᠶᠢᠨ | ᠪᠠᠶᠢᠭᠤᠯᠤᠮᠵᠢ ᠨᠢ ᠪᠥᠬᠦ ᠠᠶᠢᠮᠠᠭ ᠤᠨ ᠨᠢᠭᠡ ᠴᠣᠭᠴᠠᠵᠢᠭᠰᠠᠨ ᠰᠦᠯᠵᠢᠶᠡᠨ ᠳᠡᠭᠡᠷᠡᠬᠢ ᠵᠠᠰᠠᠭ ᠤᠨ ᠶᠠᠪᠤᠳᠠᠯ ᠤᠨ | ᠦᠶᠯᠡᠴᠢᠯᠡᠭᠡᠨ ᠤ ᠲᠠᠪᠴᠠᠩ ᠢ ᠬᠠᠷᠢᠭᠤᠴᠠᠨ ᠬᠠᠮᠢᠶᠠᠷᠴᠤ᠂ ᠦᠶᠯᠡᠴᠢᠯᠡᠭᠡᠨ ᠤ ᠵᠦᠶᠯᠡᠰ ᠤᠨ ᠬᠥᠮᠥᠷᠭᠡ᠂ | ᠦᠶᠯᠡᠴᠢᠯᠡᠭᠡᠨ ᠤ ᠡᠭᠦᠳᠡ ᠡᠷᠦᠬᠡ᠂ ᠪᠡᠶ᠎ᠡ ᠭᠠᠷᠤᠯ ᠤᠨ ᠭᠡᠷᠡᠴᠢᠯᠡᠭᠡ᠂ ᠡᠯᠧᠺᠲᠷᠣᠨ ᠭᠡᠷᠡᠴᠢ ᠦᠨᠡᠮᠯᠡᠯ᠂ | ᠡᠯᠧᠺᠲᠷᠣᠨ ᠲᠠᠮᠠᠭ᠎ᠠ ᠵᠡᠷᠭᠡ ᠲᠠᠪᠤᠨ ᠨᠢᠭᠡᠳᠦᠯᠲᠡᠶ ᠪᠠᠶᠢᠬᠤ ᠶᠢ ᠪᠡᠶᠡᠯᠡᠭᠦᠯᠬᠦ ᠶᠢᠨ ᠬᠠᠮᠲᠤ᠂ ᠪᠥᠬᠦ ᠣᠷᠣᠨ ᠤ ᠨᠢᠭᠡ | ᠴᠣᠭᠴᠠᠵᠢᠭᠰᠠᠨ ᠰᠦᠯᠵᠢᠶᠡᠨ ᠳᠡᠭᠡᠷᠡᠬᠢ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠲᠠᠪᠴᠠᠩ ᠯᠤᠭ᠎ᠠ | ᠵᠣᠯᠭᠠᠭᠤᠯᠬᠤ ᠶᠢ ᠪᠡᠶᠡᠯᠡᠭᠦᠯᠦᠨ᠎ᠡ ᠃ | ᠬᠤᠷᠢᠨ ᠭᠤᠷᠪᠠᠳᠤᠭᠠᠷ ᠵᠦᠶᠯ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠪᠠᠶᠢᠭᠤᠯᠤᠮᠵᠢ ᠶᠢᠨ ᠵᠠᠰᠠᠭ ᠤᠨ | ᠶᠠᠪᠤᠳᠠᠯ ᠤᠨ ᠦᠶᠯᠡᠴᠢᠯᠡᠭᠡᠨ ᠤ ᠲᠤᠬᠠᠶᠢᠯᠠᠭᠰᠠᠨ ᠠᠵᠢᠯ ᠤᠨ ᠰᠢᠰᠲ᠋ᠧᠮ ᠨᠢ ︽ᠬᠡᠨ ᠪᠠᠶᠢᠭᠤᠯᠤᠭᠰᠠᠨ ᠪᠣᠯ ᠬᠡᠨ | ᠵᠣᠯᠭᠠᠭᠤᠯᠬᠤ ︾ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠪᠥᠬᠦ ᠣᠷᠣᠨ ᠤ ᠨᠢᠭᠡ ᠴᠣᠭᠴᠠᠵᠢᠭᠤᠯᠤᠭᠰᠠᠨ ᠵᠠᠰᠠᠭ | ᠤᠨ ᠶᠠᠪᠤᠳᠠᠯ ᠤᠨ ᠦᠶᠯᠡᠴᠢᠯᠡᠭᠡᠨ ᠤ ᠲᠠᠪᠴᠠᠩ ᠯᠤᠭ᠎ᠠ ᠵᠣᠯᠭᠠᠭᠤᠯᠬᠤ ᠠᠵᠢᠯ ᠢ ᠬᠠᠷᠢᠭᠤᠴᠠᠨ᠎ᠠ ᠃ ᠰᠦᠯᠵᠢᠶ᠎ᠡ᠂ | ᠲᠤᠭ᠎ᠠ ᠪᠠᠷᠢᠮᠲᠠ᠂ ᠲᠤᠬᠠᠶᠢᠯᠠᠭᠰᠠᠨ ᠠᠵᠢᠯ ᠪᠠ ᠬᠡᠷᠡᠭᠯᠡᠭᠴᠢ ᠶᠢᠨ ᠰᠢᠰᠲ᠋ᠧᠮ ᠢ ᠵᠣᠯᠭᠠᠭᠤᠯᠬᠤ ᠪᠠᠷ ᠳᠠᠮᠵᠢᠭᠤᠯᠤᠨ᠂ | ᠲᠤᠭ᠎ᠠ ᠪᠠᠷᠢᠮᠲᠠ ᠶᠢᠨ ᠡᠬᠢ ᠪᠠᠶᠠᠯᠢᠭ ᠢ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠭᠦᠯᠬᠦ᠂ ᠲᠤᠬᠠᠶᠢᠯᠠᠭᠰᠠᠨ | ᠠᠵᠢᠯ ᠢ ᠬᠠᠮᠲᠤᠷᠠᠨ ᠬᠥᠳᠡᠯᠦᠯᠴᠡᠬᠦ᠂ ᠠᠵᠢᠯ ᠶᠠᠪᠤᠳᠠᠯ ᠭᠦᠶᠴᠡᠳᠬᠡᠬᠦ ᠲᠤᠭ᠎ᠠ ᠪᠠᠷᠢᠮᠲᠠ ᠶᠢ ᠴᠠᠭ ᠲᠤᠬᠠᠶ ᠳᠤᠨᠢ | ᠬᠠᠮᠲᠤᠪᠠᠷ ᠭᠥᠷᠳᠡᠬᠦ᠂ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ︽ᠨᠢᠭᠡ ᠰᠦᠯᠵᠢᠶ᠎ᠡ ᠪᠠᠷ ᠪᠦᠬᠦᠨ ᠢ | ᠭᠦᠶᠴᠡᠳᠬᠡᠬᠦ ︾ ᠶᠢ ᠪᠡᠶᠡᠯᠡᠭᠦᠯᠦᠨ᠎ᠡ ᠃ ᠠᠵᠤ ᠠᠬᠤᠶᠢᠯᠠᠯ ᠪᠠ ᠣᠯᠠᠨ ᠲᠦᠮᠡᠨ ᠪᠥᠬᠦ ᠣᠷᠣᠨ ᠤ ᠨᠢᠭᠡᠳᠦᠯᠲᠡᠶ | ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠰᠦᠯᠵᠢᠶ᠎ᠡ ᠪᠠᠷ ᠳᠠᠮᠵᠢᠭᠤᠯᠤᠨ᠂ ᠰᠦᠯᠵᠢᠶᠡᠨ ᠳᠡᠭᠡᠷ᠎ᠡ ᠨᠢᠭᠡᠳᠦᠯᠲᠡᠶ | ᠪᠡᠶ᠎ᠡ ᠭᠠᠷᠤᠯ ᠤᠨ ᠭᠡᠷᠡᠴᠢᠯᠡᠭᠡ ᠶᠢᠨ ᠰᠢᠰᠲ᠋ᠧᠮ ᠤᠨ ︽ᠭᠠᠭᠴᠠ ᠴᠡᠭ ᠲᠤ ᠲᠡᠮᠳᠡᠭᠯᠡᠬᠦ᠂ ᠪᠥᠬᠦ ᠰᠦᠯᠵᠢᠶᠡᠨ ᠤ | ᠣᠷᠣᠨ ᠠᠯᠤᠰᠯᠠᠭᠰᠠᠨ ᠦᠶᠯᠡᠴᠢᠯᠡᠭᠡ ︾ ᠪᠠᠷ ᠳᠠᠮᠵᠢᠭᠤᠯᠤᠨ ᠡᠭᠴᠡ ᠪᠠᠶᠢᠭᠤᠯᠤᠭᠰᠠᠨ ᠲᠤᠬᠠᠶᠢᠯᠠᠭᠰᠠᠨ ᠠᠵᠢᠯ | ᠤᠨ ᠰᠢᠰᠲ᠋ᠧᠮ ᠳᠤ ᠬᠦᠷᠴᠦ ᠲᠤᠬᠠᠶᠢᠯᠠᠭᠰᠠᠨ ᠠᠵᠢᠯ ᠤᠨ ᠭᠤᠶᠤᠴᠢᠯᠠᠯ ᠭᠠᠷᠭᠠᠵᠤ ᠪᠣᠯᠤᠨ᠎ᠠ᠂ ᠡᠭᠴᠡ | ᠪᠠᠶᠢᠭᠤᠯᠤᠭᠰᠠᠨ ᠲᠤᠬᠠᠶᠢᠯᠠᠭᠰᠠᠨ ᠠᠵᠢᠯ ᠤᠨ ᠰᠢᠰᠲ᠋ᠧᠮ ᠨᠢ ᠵᠠᠯᠭᠠᠭᠠᠰᠤ ᠪᠠᠷ ᠳᠠᠮᠵᠢᠭᠤᠯᠤᠨ ᠲᠤᠬᠠᠶᠢᠯᠠᠭᠰᠠᠨ ᠠᠵᠢᠯ | ᠤᠨ ᠮᠡᠳᠡᠭᠡ ᠵᠠᠩᠭᠢ ᠶᠢ ︽ᠶᠡᠷᠦᠩᠬᠡᠶᠢᠯᠡᠭᠰᠡᠨ ᠨᠢᠭᠡ ᠴᠤᠩᠬᠤᠪᠴᠢ ᠪᠠᠷ ᠭᠥᠯᠢᠶᠡᠨ ᠠᠪᠴᠤ ᠰᠢᠶᠳᠪᠦᠷᠢᠯᠡᠬᠦ ︾ | ᠰᠢᠰᠲ᠋ᠧᠮ ᠳᠤ ᠬᠦᠷᠭᠡᠵᠦ᠂ ᠲᠤᠬᠠᠶᠢᠯᠠᠭᠰᠠᠨ ᠠᠵᠢᠯ ᠤᠨ ᠬᠢᠨᠠᠨ ᠵᠥᠪᠰᠢᠶᠡᠷᠡᠬᠦ ᠠᠵᠢᠯᠲᠠᠳ ᠰᠠᠯᠠᠭ᠎ᠠ ᠮᠥᠴᠢᠷ ᠤᠨ | ᠲᠤᠬᠠᠶᠢᠯᠠᠭᠰᠠᠨ ᠠᠵᠢᠯ ᠤᠨ ᠬᠢᠨᠠᠨ ᠵᠥᠪᠰᠢᠶᠡᠷᠡᠬᠦ ᠰᠢᠰᠲ᠋ᠧᠮ ᠳᠤ ᠲᠤᠬᠠᠶᠢᠯᠠᠭᠰᠠᠨ ᠠᠵᠢᠯ ᠤᠨ ᠬᠢᠨᠠᠨ ᠵᠥᠪᠰᠢᠶᠡᠷᠡᠯ | ᠢ ᠪᠡᠶᠡᠯᠡᠭᠦᠯᠬᠦ ᠶᠢᠨ ᠬᠠᠮᠲᠤ ᠵᠠᠯᠭᠠᠭᠠᠰᠤ ᠪᠠᠷ ᠳᠠᠮᠵᠢᠭᠤᠯᠤᠨ ᠶᠠᠪᠤᠴᠠ ᠪᠠ ᠦᠷ᠎ᠡ ᠳ᠋ᠦᠩ ᠤᠨ ᠮᠡᠳᠡᠭᠡ ᠵᠠᠩᠭᠢ ᠶᠢ | ᠨᠢᠭᠡ ᠴᠣᠭᠴᠠᠵᠢᠭᠤᠯᠤᠭᠰᠠᠨ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠲᠠᠪᠴᠠᠩ ᠳᠤ ᠬᠦᠷᠭᠡᠵᠦ ᠪᠣᠯᠤᠨ᠎ᠠ ᠃ | ᠬᠤᠷᠢᠨ ᠳᠥᠷᠪᠡᠳᠦᠭᠡᠷ ᠵᠦᠶᠯ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠪᠠᠶᠢᠭᠤᠯᠤᠮᠵᠢ ᠶᠢᠨ ᠰᠦᠯᠵᠢᠶ᠎ᠡ | ᠶᠢᠨ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠠᠵᠢᠯ ᠭᠦᠶᠴᠡᠳᠬᠡᠬᠦ ᠪᠤᠯᠤᠩ ᠨᠢ ᠪᠥᠬᠦ ᠣᠷᠣᠨ ᠤ ᠨᠢᠭᠡ | ᠴᠣᠠᠠᠴᠠᠵᠢᠭᠤᠯᠥᠠᠠᠰᠠᠨ ᠰᠦᠯᠵᠢᠶᠡᠨ ᠳᠠᠬᠢ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠲᠠᠪᠴᠠᠩ ᠯᠤᠭ᠎ᠠ ᠳ᠋ᠠᠶᠢᠲ᠋ᠠ | ᠶᠢᠨ ᠢᠷᠡᠯᠲᠡ ᠨᠢᠭᠡᠲᠡᠶ᠂ ᠦᠶᠯᠡᠴᠢᠯᠡᠭᠡ ᠶᠢᠨ ᠢᠷᠡᠯᠲᠡ ᠨᠢᠭᠡᠲᠡᠶ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠶ ᠃ ᠡᠯ᠎ᠡ | ᠰᠠᠯᠠᠭ᠎ᠠ ᠮᠥᠴᠢᠷ ᠤᠨ ᠰᠦᠯᠵᠢᠶᠡᠨ ᠥᠷᠲᠡᠭᠡ ᠨᠢ ᠲᠦᠷᠦᠭᠦᠦ ᠨᠢᠭᠤᠷ ᠤᠨ ᠨᠢᠭᠡᠳᠦᠭᠡᠷ ᠪᠤᠯᠤᠩ ᠳᠤ ︽ᠵᠠᠰᠠᠭ ᠤᠨ | ᠶᠠᠪᠤᠳᠠᠯ ᠤᠨ ᠦᠶᠯᠡᠴᠢᠯᠡᠭᠡ ︾ ᠭᠡᠬᠦ ᠵᠠᠮᠴᠢᠯᠠᠬᠤ ᠪᠤᠯᠤᠩ ᠪᠠᠶᠢᠷᠢᠯᠠᠭᠤᠯᠵᠤ᠂ ᠵᠠᠰᠠᠭ ᠤᠨ ᠶᠠᠪᠤᠳᠠᠯ ᠤᠨ | ᠦᠶᠯᠡᠴᠢᠯᠡᠭᠡ ᠶᠢᠨ ᠨᠢᠭᠡᠳᠦᠯᠲᠡᠶ ᠣᠷᠣᠬᠤ ᠡᠭᠦᠳᠡ ᠶᠢ ᠪᠡᠶᠡᠯᠡᠭᠦᠯᠦᠨ᠂ ᠥᠷᠭᠡᠨ ᠣᠯᠠᠨ ᠠᠵᠤ ᠠᠬᠤᠶᠢᠯᠠᠯ ᠪᠠ | ᠣᠯᠠᠨ ᠲᠦᠮᠡᠨ ᠤ ᠠᠵᠢᠯ ᠶᠠᠪᠤᠳᠠᠯ ᠭᠦᠶᠴᠡᠳᠬᠡᠬᠦ ᠳᠤ ︽ᠨᠢᠭᠡ ᠥᠷᠲᠡᠭᠡ ᠮᠠᠶ᠋ᠢᠭ ︾ ᠤᠨ ᠪᠠᠶᠢᠴᠠᠭᠠᠨ ᠯᠠᠪᠯᠠᠬᠤ | ᠂ ᠤᠷᠢᠳᠴᠢᠯᠠᠨ ᠪᠣᠯᠵᠣᠬᠤ᠂ ᠭᠦᠶᠴᠡᠳᠬᠡᠬᠦ᠂ ᠦᠨᠡᠯᠡᠬᠦ ᠪᠥᠬᠦ ᠴᠤᠪᠤᠷᠠᠯ ᠤᠨ ᠰᠦᠯᠵᠢᠶᠡᠨ ᠳᠡᠭᠡᠷᠡᠬᠢ ᠵᠠᠰᠠᠭ ᠤᠨ | ᠶᠠᠪᠤᠳᠠᠯ ᠤᠨ ᠦᠶᠯᠡᠴᠢᠯᠡᠭᠡ ᠬᠠᠩᠭᠠᠬᠤ ᠬᠡᠷᠡᠭᠲᠡᠶ ᠃ | ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠪᠠᠶᠢᠭᠤᠯᠤᠮᠵᠢ ᠨᠢ PC ᠦᠵᠦᠭᠦᠷ᠂ ᠰᠢᠯᠵᠢᠮᠡᠯ ᠦᠵᠦᠭᠦᠷ᠂ | ᠠᠦ᠋ᠲ᠋ᠣ᠋ ᠦᠵᠦᠭᠦᠷ᠂ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠵᠢᠵᠢᠭ ᠫᠷᠤᠭ᠍ᠷᠠᠮ ᠵᠡᠷᠭᠡ ᠶᠢ ᠭᠦᠶᠴᠡᠳ | ᠠᠰᠢᠭᠯᠠᠨ᠂ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠣᠯᠠᠨ ᠵᠦᠢᠯ ᠶᠢᠨ ᠠᠷᠭ᠎ᠠ ᠵᠠᠮ ᠢ ᠬᠠᠩᠭᠠᠵᠤ᠂ ᠠᠵᠤ | ᠠᠬᠤᠶᠢᠯᠠᠯ ᠪᠠ ᠣᠯᠠᠨ ᠲᠦᠮᠡᠨ ᠤ ᠣᠶᠢᠷ᠎ᠠ ᠬᠠᠪᠢ ᠳᠠᠭᠠᠨ ᠠᠵᠢᠯ ᠬᠡᠷᠡᠭ ᠭᠦᠶᠴᠡᠳᠬᠡᠬᠦ᠂ ᠣᠯᠠᠨ ᠭᠠᠵᠠᠷ ᠠᠵᠢᠯ | ᠬᠡᠷᠡᠭ ᠭᠦᠶᠴᠡᠳᠬᠡᠬᠦ᠂ ᠲᠦᠷᠭᠡᠨ ᠠᠵᠢᠯ ᠬᠡᠷᠡᠭ ᠭᠦᠶᠴᠡᠳᠬᠡᠬᠦ᠂ ᠴᠠᠭ ᠲᠤᠬᠠᠶ ᠳᠤᠨᠢ ᠠᠵᠢᠯ ᠬᠡᠷᠡᠭ ᠭᠦᠶᠴᠡᠳᠬᠡᠬᠦ | ᠳᠤ ᠲᠥᠬᠦᠮ ᠦᠵᠡᠭᠦᠯᠦᠨ᠎ᠡ ᠃ ᠣᠨᠴᠠᠯᠢᠭᠲᠤ ᠦᠶᠯᠡᠴᠢᠯᠡᠭᠡ ᠶᠢ ᠵᠠᠯᠭᠠᠨ ᠣᠷᠣᠭᠤᠯᠬᠤ ᠪᠠ ᠪᠥᠲᠥᠭᠡᠨ ᠪᠠᠶᠢᠭᠤᠯᠬᠤ | ᠶᠢ ᠢᠳᠡᠪᠬᠢᠲᠡᠶ ᠥᠷᠨᠢᠭᠦᠯᠵᠦ᠂ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠬᠡᠷᠡᠭᠯᠡᠯᠲᠡ ᠶᠢ ᠪᠥᠬᠦ ᠣᠷᠣᠨ ᠤ ᠨᠢᠭᠡ | ᠴᠣᠠᠠᠴᠠᠵᠢᠭᠤᠯᠥᠠᠠᠰᠠᠨ ᠰᠦᠯᠵᠢᠶᠡᠨ ᠳᠠᠬᠢ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠲᠠᠪᠴᠠᠩ ᠳᠤ ᠵᠠᠯᠭᠠᠨ | ᠣᠷᠣᠭᠤᠯᠬᠤ ᠦᠶ᠎ᠡ ᠳᠤ᠂ ᠬᠠᠮᠢᠶ᠎ᠠ ᠪᠥᠬᠦᠶ ᠵᠠᠯᠭᠠᠨ ᠣᠷᠣᠭᠤᠯᠬᠤ ᠴᠡᠭ ᠢ ᠨᠢ ᠬᠡᠷᠡᠭᠯᠡᠭᠡᠨ ᠤ ᠬᠠᠮᠢᠶᠠᠷᠤᠯᠲᠠ ᠶᠢᠨ | ᠲᠠᠪᠴᠠᠩ ᠳᠤ ᠳᠠᠩᠰᠠᠯᠠᠨ ᠲᠡᠮᠳᠡᠭᠯᠡᠵᠦ᠂ ᠵᠠᠯᠭᠠᠨ ᠣᠷᠣᠭᠤᠯᠬᠤ ᠨᠢᠭᠡᠴᠡ ᠨᠢ ᠱᠠᠭᠠᠷᠳᠠᠯᠭ᠎ᠠ ᠶᠣᠰᠣᠭᠠᠷ ᠵᠠᠰᠠᠭ ᠤᠨ | ᠶᠠᠪᠤᠳᠠᠯ ᠤᠨ ᠦᠶᠯᠡᠴᠢᠯᠡᠭᠡᠨ ᠤ ᠬᠡᠷᠡᠭᠯᠡᠭᠡᠨ ᠤ ᠬᠠᠭᠤᠳᠠᠰᠤ ᠪᠠ ᠰᠣᠯᠢᠯᠴᠠᠬᠤ ᠴᠢᠳᠠᠮᠵᠢ ᠶᠢ ᠨᠡᠭᠡᠭᠡᠨ ᠬᠥᠭᠵᠢᠭᠦᠯᠵᠦ᠂ | ᠥᠪᠡᠷᠲᠡᠭᠡᠨ ᠵᠠᠰᠠᠬᠤ ᠣᠷᠣᠨ ᠤ ᠨᠢᠭᠡᠳᠦᠯᠲᠡᠶ ᠬᠢᠨᠠᠨ ᠬᠠᠷᠭᠤᠭᠤᠯᠬᠤ ᠪᠠᠷ ᠳᠡᠪᠰᠢᠭᠦᠯᠬᠦ ᠬᠡᠷᠡᠭᠲᠡᠶ ᠃ ᠲᠣᠰ ᠭᠠᠵᠠᠷ | ᠣᠷᠣᠨ ᠤ ᠡᠯ᠎ᠡ ᠰᠠᠯᠠᠭ᠎ᠠ ᠮᠥᠴᠢᠷ᠂ ᠡᠯ᠎ᠡ ᠲᠣᠮᠣ ᠠᠵᠤ ᠠᠬᠤᠶᠢᠯᠠᠯ ᠠᠵᠢᠯ ᠦᠶᠯᠡᠰ ᠤᠨ ᠨᠢᠭᠡᠴᠡ ᠶᠢᠨ ᠰᠢᠯᠵᠢᠭᠡ | ᠦᠵᠦᠭᠦᠷ ᠠᠴᠠ ᠨᠡᠶᠢᠭᠡᠮ ᠳᠤ ᠬᠠᠨᠳᠤᠭᠤᠯᠤᠨ ᠵᠠᠰᠠᠭ ᠤᠨ ᠶᠠᠪᠤᠳᠠᠯ ᠤᠨ ᠦᠶᠯᠡᠴᠢᠯᠡᠭᠡ ᠬᠠᠩᠭᠠᠬᠤ APP᠂ | ᠵᠢᠵᠢᠭ ᠫᠷᠤᠭ᠍ᠷᠠᠮ᠂ ᠣᠯᠠᠨ ᠨᠡᠶᠢᠲᠡ ᠶᠢᠨ ᠳ᠋ᠤᠭᠠᠷ ᠢ ᠥᠷᠭᠡᠨ ᠢᠶᠠᠷ ᠡᠮᠬᠢᠯᠡᠵᠦ᠂ ᠰᠢᠯᠵᠢᠭᠡ ᠦᠵᠦᠭᠦᠷ ᠭᠦᠶᠴᠡᠳᠬᠡᠬᠦ᠂ | ᠪᠠᠶᠢᠴᠠᠭᠠᠨ ᠯᠠᠪᠯᠠᠬᠤ ᠥᠬᠡᠶ ᠥᠨᠳᠥᠷ ᠳᠠᠪᠲᠠᠮᠵᠢᠲᠤ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠵᠦᠶᠯᠡᠰ ᠢ ᠡᠯ᠎ᠡ | ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠨᠢ ᠨᠢᠭᠡᠳᠦᠯᠲᠡᠶ ᠲᠥᠯᠥᠪᠯᠡᠨ ᠲᠥᠯᠥᠪᠵᠢᠭᠦᠯᠵᠦ᠂ ᠡᠷᠴᠢᠮᠵᠢᠭᠦᠯᠦᠨ | ᠡᠮᠬᠢᠯᠡᠨ ᠨᠡᠶᠢᠯᠡᠭᠦᠯᠵᠦ᠂ ᠭᠦᠶᠴᠡᠳ ᠬᠠᠭᠤᠴᠢᠨ ᠢ ᠨᠢ ᠠᠰᠢᠭᠯᠠᠭᠰᠠᠨ ᠰᠠᠭᠤᠷᠢᠨ ᠳᠡᠭᠡᠷ᠎ᠡ᠂ ᠵᠣᠬᠢᠬᠤ ᠴᠢᠳᠠᠮᠵᠢ ᠶᠢᠨ | ᠬᠡᠷᠡᠭᠯᠡᠯᠲᠡ ᠶᠢ ᠨᠢ ᠲᠦᠷᠭᠡᠬᠡᠨ ᠲᠡᠭᠦᠯᠳᠡᠷᠵᠢᠭᠦᠯᠬᠦ ᠶᠢᠨ ᠬᠠᠮᠲᠤ᠂ ︽ᠮᠥᠩᠬᠡ ᠰᠤᠪᠠᠭ ︾ ᠤᠨ APP ᠲᠠᠢ | ᠵᠣᠯᠭᠠᠭᠤᠯᠬᠤ ᠶᠢ ᠪᠡᠶᠡᠯᠡᠭᠦᠯᠬᠦ ᠬᠡᠷᠡᠭᠲᠡᠶ ᠃ | ᠬᠤᠷᠢᠨ ᠲᠠᠪᠤᠳᠤᠭᠠᠷ ᠵᠦᠶᠯ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠪᠠᠶᠢᠭᠤᠯᠤᠮᠵᠢ ᠨᠢ ᠲᠣᠰ ᠰᠠᠯᠠᠭ᠎ᠠ | ᠮᠥᠴᠢᠷ ᠤᠨ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠪᠥᠬᠦ ᠶᠠᠪᠤᠴᠠ ᠶᠢ ᠡᠯᠧᠺᠲᠷᠣᠨᠴᠢᠯᠠᠬᠤ᠂ ᠪᠥᠬᠦ ᠶᠠᠪᠤᠴᠠ | ᠶᠢ ᠮᠡᠳᠡᠭᠡ ᠵᠠᠩᠭᠢ ᠪᠠᠷ ᠬᠠᠮᠲᠤ ᠳᠤ ᠪᠠᠨ ᠭᠥᠷᠳᠡᠬᠦ᠂ ᠪᠥᠬᠦ ᠶᠠᠪᠤᠴᠠ ᠳᠤ ᠬᠠᠷᠢᠯᠴᠠᠨ ᠦᠶᠯᠡᠴᠢᠯᠡᠬᠦ ᠶᠢ | ᠬᠠᠷᠢᠭᠤᠴᠠᠨ ᠠᠬᠢᠭᠤᠯᠵᠤ᠂ ᠰᠦᠯᠵᠢᠶ᠎ᠡ ᠪᠠᠷ ᠠᠰᠠᠭᠤᠨ ᠯᠠᠪᠯᠠᠬᠤ᠂ ᠭᠥᠯᠢᠶᠡᠨ ᠠᠪᠴᠤ ᠰᠢᠶᠳᠪᠦᠷᠢᠯᠡᠬᠦ᠂ ᠪᠠᠶᠢᠴᠠᠭᠠᠨ | ᠯᠠᠪᠯᠠᠬᠤ᠂ ᠲᠣᠭᠠᠴᠠᠭ᠎ᠠ ᠬᠢᠬᠦ᠂ ᠦᠨᠡᠯᠡᠬᠦ ᠵᠡᠷᠭᠡ ᠰᠦᠯᠵᠢᠶ᠎ᠡ ᠪᠠᠷ ᠠᠵᠢᠯ ᠶᠠᠪᠤᠳᠠᠯ ᠭᠦᠶᠴᠡᠳᠬᠡᠬᠦ ᠦᠶᠯᠡᠴᠢᠯᠡᠭᠡᠨ ᠢ | ᠪᠡᠶᠡᠯᠡᠭᠦᠯᠵᠦ᠂ ᠨᠠᠩ ᠣᠯᠠᠨ ᠵᠦᠶᠯᠡᠰ ᠢ ᠪᠥᠬᠦ ᠶᠠᠪᠤᠴᠠ ᠳᠤ ᠰᠦᠯᠵᠢᠶ᠎ᠡ ᠪᠠᠷ ᠭᠦᠶᠴᠡᠳᠬᠡᠵᠦ ᠳᠠᠭᠤᠰᠬᠠᠬᠤ ᠶᠢ | ᠠᠬᠢᠭᠤᠯᠤᠨ᠎ᠠ ᠃ | ᠬᠤᠷᠢᠨ ᠵᠢᠷᠭᠤᠳᠤᠭᠠᠷ ᠵᠦᠶᠯ ᠠᠶᠢᠮᠠᠭ ᠤᠨ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠬᠠᠮᠢᠶᠠᠷᠤᠯᠲᠠ ᠶᠢᠨ | ᠪᠠᠶᠢᠭᠤᠯᠤᠮᠵᠢ ᠨᠢ ᠡᠯᠧᠺᠲᠷᠣᠨ ᠲᠠᠮᠠᠭ᠎ᠠ ᠶᠢ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠬᠦᠷᠢᠶᠡᠨ ᠳᠤ ᠬᠡᠷᠡᠭᠯᠡᠬᠦ | ᠶᠢ ᠬᠠᠷᠢᠭᠤᠴᠠᠨ ᠠᠬᠢᠭᠤᠯᠤᠨ᠎ᠠ ᠃ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠳᠤ ᠠᠰᠲᠠᠭᠠᠨ | ᠲᠣᠭᠲᠠᠭᠠᠯ ᠲᠠᠢ ᠠᠴᠠ ᠪᠤᠰᠤᠳ᠂ ᠡᠯᠧᠺᠲᠷᠣᠨ ᠭᠡᠷᠡᠴᠢ ᠦᠨᠡᠮᠯᠡᠯ ᠪᠠ ᠡᠯᠧᠺᠲᠷᠣᠨ ᠲᠠᠮᠠᠭ᠎ᠠ ᠶᠢ ᠳᠠᠷᠤᠭᠰᠠᠨ᠂ | ᠡᠯᠧᠺᠲᠷᠣᠨ ᠭᠠᠷ ᠤᠨ ᠥᠰᠥᠭ ᠵᠢᠷᠤᠭᠰᠠᠨ ᠡᠯᠧᠺᠲᠷᠣᠨ ᠮᠠᠲ᠋ᠧᠷᠢᠶᠠᠯ ᠢ ᠵᠠᠰᠠᠭ ᠤᠨ ᠶᠠᠪᠤᠳᠠᠯ ᠤᠨ ᠦᠶᠯᠡᠴᠢᠯᠡᠭᠡᠨ | ᠤ ᠵᠦᠶᠯᠡᠰ ᠢ ᠭᠦᠶᠴᠡᠳᠬᠡᠬᠦ ᠦᠨᠳᠦᠰᠦᠯᠡᠯ ᠪᠣᠯᠭᠠᠵᠤ ᠪᠣᠯᠤᠨ᠎ᠠ᠃ ᠡᠯᠧᠺᠲᠷᠣᠨ ᠪᠢᠴᠢᠭ ᠮᠠᠲ᠋ᠧᠷᠢᠶᠠᠯ ᠢ ᠴᠠᠭᠠᠰᠤᠨ | ᠬᠡᠯᠪᠡᠷᠢ ᠪᠠᠷ ᠲᠠᠩᠰᠠ ᠡᠪᠬᠡᠮᠡᠯ ᠳᠤ ᠣᠷᠣᠭᠤᠯᠬᠤ ᠥᠬᠡᠶ ᠪᠠ ᠰᠢᠯᠵᠢᠭᠦᠯᠦᠨ ᠲᠤᠰᠢᠶᠠᠬᠤ ᠥᠬᠡᠶ ᠪᠠᠶᠢᠵᠤ ᠪᠣᠯᠤᠨ᠎ᠠ | ᠲᠠᠩᠰᠠ ᠡᠪᠬᠡᠮᠡᠯ ᠤᠨ ᠬᠠᠮᠢᠶᠠᠷᠤᠯᠲᠠ ᠶᠢᠨ ᠱᠠᠭᠠᠷᠳᠠᠯᠭ᠎ᠠ ᠳᠤ ᠨᠡᠶᠢᠴᠡᠭᠰᠡᠨ ᠡᠯᠧᠺᠲᠷᠣᠨ ᠪᠢᠴᠢᠭ ᠮᠠᠲ᠋ᠧᠷᠢᠶᠠᠯ ᠢ | ᠰᠢᠭᠤᠳ ᠡᠯᠧᠺᠲᠷᠣᠨ ᠬᠡᠯᠪᠡᠷᠢ ᠪᠠᠷ ᠲᠠᠩᠰᠠ ᠡᠪᠬᠡᠮᠡᠯ ᠳᠤ ᠣᠷᠣᠭᠤᠯᠵᠤ᠂ ᠡᠯᠧᠺᠲᠷᠣᠨ ᠲᠠᠩᠰᠠ ᠡᠪᠬᠡᠮᠡᠯ ᠨᠢ | ᠴᠠᠭᠠᠰᠤᠨ ᠲᠠᠩᠰᠠ ᠡᠪᠬᠡᠮᠡᠯ ᠲᠠᠢ ᠠᠳᠠᠯᠢᠬᠠᠨ ᠬᠠᠤᠯᠢ ᠴᠠᠭᠠᠵᠠ ᠶᠢᠨ ᠬᠦᠴᠦᠨ ᠲᠠᠢ ᠃ | ᠪᠦᠬᠦ ᠣᠷᠣᠨ ᠤ ᠨᠢᠭᠡᠳᠦᠯᠲᠡᠶ ᠡᠯᠧᠺᠲᠷᠣᠨ ᠲᠠᠮᠠᠭ᠎ᠠ ᠶᠢᠨ ᠲᠠᠮᠠᠭ᠎ᠠ ᠦᠶᠯᠡᠳᠬᠦ ᠰᠢᠰᠲ᠋ᠧᠮ ᠢ ᠬᠡᠷᠡᠭᠯᠡᠨ | ᠡᠯᠧᠺᠲᠷᠣᠨ ᠲᠠᠮᠠᠭ᠎ᠠ ᠦᠶᠯᠡᠳᠴᠦ ᠶᠠᠪᠤᠭᠤᠯᠤᠨ᠎ᠠ ᠃ ᠤᠯᠤᠰ᠂ ᠥᠪᠡᠷᠲᠡᠭᠡᠨ ᠵᠠᠰᠠᠬᠤ ᠣᠷᠣᠨ ᠤ ᠨᠢᠭᠡ ᠪᠠᠷᠢᠮᠵᠢᠶ᠎ᠠ | ᠂ ᠨᠢᠭᠡ ᠢᠵᠢ ᠲᠦᠷᠢᠮ ᠢ ᠬᠡᠷᠡᠭᠵᠢᠭᠦᠯᠵᠦ᠂ ᠡᠯᠧᠺᠲᠷᠣᠨ ᠲᠠᠮᠠᠭ᠎ᠠ ᠶᠢᠨ ᠬᠡᠷᠡᠭᠯᠡᠭᠡᠨ ᠤ ᠬᠡᠪᠴᠢᠶ᠎ᠡ ᠶᠢ ᠥᠷᠭᠡᠳᠬᠡᠨ᠂ | ᠡᠯᠧᠺᠲᠷᠣᠨ ᠲᠠᠮᠠᠭ᠎ᠠ ᠶᠢ ᠦᠶᠯᠡᠳᠬᠦ᠂ ᠳᠣᠭᠢᠷᠠᠭᠤᠯᠬᠤ ᠠᠴᠠ ᠬᠡᠷᠡᠭᠯᠡᠭᠡᠨ ᠤ ᠪᠥᠬᠦ ᠴᠤᠪᠤᠷᠠᠯ ᠤᠨ ᠲᠥᠪᠯᠡᠷᠡᠩᠭᠦᠶ | ᠨᠢᠭᠡᠳᠦᠯᠲᠡᠶ ᠬᠠᠮᠢᠶᠠᠷᠤᠯᠲᠠ ᠶᠢ ᠪᠡᠶᠡᠯᠡᠭᠦᠯᠵᠦ᠂ ᠡᠯᠧᠺᠲᠷᠣᠨ ᠲᠠᠮᠠᠭ᠎ᠠ ᠶᠢᠨ ᠨᠢᠭᠡᠳᠦᠯᠲᠡᠶ ᠬᠢᠨᠠᠯᠲᠠ ᠬᠠᠮᠢᠶᠠᠷᠤᠯᠲᠠ ᠶᠢ | ᠠᠬᠢᠭᠤᠯᠤᠨ᠂ ︽ᠢᠨᠲ᠋ᠧᠷ ᠰᠦᠯᠵᠢᠶ᠎ᠡ + ᠵᠠᠰᠠᠭ ᠤᠨ ᠶᠠᠪᠤᠳᠠᠯ ᠤᠨ ᠦᠶᠯᠡᠴᠢᠯᠡᠭᠡ ︾ ᠵᠢᠴᠢ ᠠᠵᠢᠯᠯᠠᠬᠤ | ᠲᠤᠬᠠᠶᠢᠯᠠᠭᠰᠠᠨ ᠠᠵᠢᠯ ᠳᠠᠬᠢ ᠡᠯᠧᠺᠲᠷᠣᠨ ᠠᠯᠪᠠᠨ ᠪᠢᠴᠢᠭ᠂ ᠡᠯᠧᠺᠲᠷᠣᠨ ᠭᠡᠷᠡᠴᠢ ᠦᠨᠡᠮᠯᠡᠯ ᠵᠡᠷᠭᠡ | ᠲᠤᠬᠠᠶᠢᠯᠠᠭᠰᠠᠨ ᠠᠵᠢᠯ ᠤᠨ ᠡᠯᠧᠺᠲᠷᠣᠨ ᠲᠠᠮᠠᠭ᠎ᠠ ᠶᠢᠨ ᠬᠡᠷᠡᠭᠯᠡᠭᠡᠨ ᠤ ᠬᠡᠷᠡᠭᠴᠡᠭᠡ ᠱᠠᠭᠠᠷᠳᠠᠯᠭ᠎ᠠ ᠶᠢ ᠬᠠᠩᠭᠠᠵᠤ᠂ | ᠡᠯᠧᠺᠲᠷᠣᠨ ᠲᠠᠮᠠᠭ᠎ᠠ ᠶᠢᠨ ᠬᠠᠷᠢᠯᠴᠠᠨ ᠮᠡᠳᠡᠷᠡᠵᠦ ᠬᠠᠷᠢᠯᠴᠠᠨ ᠢᠲᠡᠭᠡᠯᠴᠡᠬᠦ ᠶᠢ ᠪᠡᠶᠡᠯᠡᠭᠦᠯᠦᠨ᠎ᠡ ᠃ | ᠬᠤᠷᠢᠨ ᠳᠣᠯᠣᠳᠤᠭᠠᠷ ᠵᠦᠶᠯ ᠤᠯᠤᠰ ᠤᠨ ᠡᠯᠧᠺᠲᠷᠣᠨ ᠦᠨᠡᠮᠯᠡᠯ ᠤᠨ ᠲᠤᠬᠠᠶᠢᠯᠠᠭᠰᠠᠨ ᠠᠵᠢᠯ ᠤᠨ | ᠵᠢᠷᠤᠮᠵᠢᠯ ᠶᠣᠰᠣᠭᠠᠷ ᠡᠯᠧᠺᠲᠷᠣᠨ ᠦᠨᠡᠮᠯᠡᠯ ᠢ ᠦᠶᠯᠡᠳᠬᠦ ᠪᠠ ᠬᠠᠮᠢᠶᠠᠷᠴᠤ᠂ ᠡᠯᠧᠺᠲᠷᠣᠨ ᠦᠨᠡᠮᠯᠡᠯ ᠤᠨ ᠭᠠᠷᠴᠠᠭ | ᠤᠨ ᠲᠤᠭ᠎ᠠ ᠪᠠᠷᠢᠮᠲᠠ ᠶᠢ ᠡᠮᠬᠢᠳᠬᠡᠬᠦ ᠶᠢᠨ ᠬᠠᠮᠲᠤ ᠳᠡᠭᠡᠭᠰᠢ ᠮᠡᠳᠡᠭᠦᠯᠵᠦ᠂ ᠡᠯ᠎ᠡ ᠲᠥᠷᠥᠯ ᠤᠨ ᠲᠤᠬᠠᠶᠢᠯᠠᠭᠰᠠᠨ | ᠠᠵᠢᠯ ᠤᠨ ᠰᠢᠰᠲ᠋ᠧᠮ ᠢ ᠤᠯᠤᠰ ᠤᠨ ᠡᠯᠧᠺᠲᠷᠣᠨ ᠦᠨᠡᠮᠯᠡᠯ ᠤᠨ ᠦᠶᠯᠡᠴᠢᠯᠡᠭᠡᠨ ᠤ ᠰᠢᠰᠲ᠋ᠧᠮ ᠯᠦᠭᠡ | ᠵᠣᠯᠭᠠᠭᠤᠯᠬᠤ ᠶᠢ ᠠᠬᠢᠭᠤᠯᠤᠨ᠂ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠶᠠᠪᠤᠴᠠ ᠳᠠᠬᠢ ᠦᠨᠡᠮᠯᠡᠯ ᠤᠨ | ᠮᠡᠳᠡᠭᠡ ᠵᠠᠩᠭᠢ ᠶᠢ ᠨᠢᠭᠡ ᠯᠡ ᠤᠳᠠᠭ᠎ᠠ ᠳᠤ ᠪᠣᠶ ᠪᠣᠯᠭᠠᠬᠤ᠂ ᠣᠯᠠᠨ ᠲᠠᠯ᠎ᠠ ᠳᠤ ᠳᠠᠬᠢᠨ ᠬᠡᠷᠡᠭᠯᠡᠬᠦ᠂ ᠬᠠᠷᠢᠯᠴᠠᠨ | ᠮᠡᠳᠡᠷᠡᠵᠦ ᠬᠠᠮᠲᠤ ᠳᠤ ᠪᠠᠨ ᠭᠥᠷᠳᠡᠬᠦ ᠶᠢ ᠪᠡᠶᠡᠯᠡᠭᠦᠯᠦᠨ᠎ᠡ ᠃ ᠡᠯᠧᠺᠲᠷᠣᠨ ᠦᠨᠡᠮᠯᠡᠯ ᠤᠨ ᠰᠢᠰᠲ᠋ᠧᠮ ᠢ | ᠪᠠᠶᠢᠭᠤᠯᠤᠭᠠᠳᠤᠶ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠪᠠᠶᠢᠭᠤᠯᠤᠮᠵᠢ ᠨᠢ ᠥᠪᠡᠷᠲᠡᠭᠡᠨ ᠵᠠᠰᠠᠬᠤ ᠣᠷᠣᠨ ᠤ | ᠡᠯᠧᠺᠲᠷᠣᠨ ᠦᠨᠡᠮᠯᠡᠯ ᠤᠨ ᠰᠢᠰᠲ᠋ᠧᠮ ᠢ ᠰᠢᠭᠤᠳ ᠬᠡᠷᠡᠭᠯᠡᠵᠦ᠂ ᠰᠢᠨ᠎ᠡ ᠪᠠᠷ ᠪᠣᠶ ᠪᠣᠯᠤᠭᠰᠠᠨ ᠦᠨᠡᠮᠯᠡᠯ ᠤᠨ ᠮᠡᠳᠡᠭᠡ | ᠵᠠᠩᠭᠢ ᠶᠢ ᠪᠥᠬᠦ ᠣᠷᠣᠨ ᠤ ᠡᠯᠧᠺᠲᠷᠣᠨ ᠦᠨᠡᠮᠯᠡᠯ ᠤᠨ ᠬᠥᠮᠥᠷᠭᠡ ᠳᠤ ᠵᠡᠷᠭᠡᠪᠡᠷ ᠬᠦᠷᠦᠭᠦᠯᠵᠦ᠂ ᠡᠯ᠎ᠡ ᠱᠠᠲᠤᠨ ᠤ | ᠲᠤᠬᠠᠶᠢᠯᠠᠭᠰᠠᠨ ᠠᠵᠢᠯ ᠤᠨ ᠰᠢᠰᠲ᠋ᠧᠮ ᠳᠤ ᠣᠷᠣᠨ ᠪᠦᠰᠡ ᠠᠯᠤᠰᠯᠠᠨ ᠬᠠᠮᠲᠤ ᠳᠤ ᠪᠠᠨ ᠭᠥᠷᠳᠡᠬᠦ ᠦᠶᠯᠡᠴᠢᠯᠡᠭᠡ | ᠬᠠᠩᠭᠠᠨ᠎ᠠ ᠃ | ᠡᠯᠧᠺᠲᠷᠣᠨ ᠭᠡᠷᠡᠴᠢ ᠦᠨᠡᠮᠯᠡᠯ ᠨᠢ ᠴᠠᠭᠠᠰᠤᠨ ᠭᠡᠷᠡᠴᠢ ᠦᠨᠡᠮᠯᠡᠯ ᠲᠠᠢ ᠠᠳᠠᠯᠢ ᠬᠠᠤᠯᠢ ᠶᠢᠨ ᠬᠦᠴᠦᠨ ᠲᠠᠢ ᠃ | ᠲᠠᠪᠤᠳᠤᠭᠠᠷ ᠪᠦᠯᠦᠭ ᠰᠦᠯᠵᠢᠶᠡᠨ ᠠᠴᠠ ᠭᠠᠳᠠᠭᠤᠷᠬᠢ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ | ᠲᠠᠪᠴᠠᠩ ᠢ ᠪᠠᠷᠢᠮᠵᠢᠶᠠᠵᠢᠭᠤᠯᠬᠤ | ᠬᠤᠷᠢᠨ ᠨᠠᠶᠮᠠᠳᠤᠭᠠᠷ ᠵᠦᠢᠯ ᠠᠶᠢᠮᠠᠭ᠂ ᠬᠤᠰᠢᠭᠤ ᠰᠢᠶᠠᠨ ᠬᠤᠲᠠ᠂ ᠰᠤᠮᠤ ᠰᠢᠶᠠᠩ ᠪᠠᠯᠭᠠᠰᠤ ︵ᠵᠡᠭᠡᠯᠢ | ᠭᠤᠳᠤᠮᠵᠢ ︶ ᠨᠤᠭᠤᠳ ᠴᠥᠮ ᠲᠤᠰ ᠱᠠᠲᠤᠨ ᠤ ᠶᠡᠷᠦᠩᠬᠡᠶᠢᠯᠡᠭᠰᠡᠨ ᠴᠢᠨᠠᠷᠲᠠᠶ ᠵᠠᠰᠠᠭ ᠤᠨ ᠶᠠᠪᠤᠳᠠᠯ ︵ᠠᠷᠠᠳ | ᠲᠤ ᠳᠥᠭᠦᠮ ᠦᠵᠡᠭᠦᠯᠬᠦ ︶ ᠤᠨ ᠦᠢᠯᠡᠴᠢᠯᠡᠭᠡᠨ ᠤ ᠲᠥᠪ ᠪᠠᠶᠢᠭᠤᠯᠵᠤ᠂ ᠠᠶᠢᠮᠠᠭ᠂ ᠬᠤᠰᠢᠭᠤ ᠰᠢᠶᠠᠨ ᠬᠤᠲᠠ | ᠶᠢᠨ ᠱᠠᠲᠤᠨ ᠤ ᠶᠡᠷᠦᠩᠬᠡᠶᠢᠯᠡᠭᠰᠡᠨ ᠴᠢᠨᠠᠷᠲᠠᠶ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠨᠢ ᠭᠤᠣᠯᠳᠠᠭᠤ | ᠠᠵᠤ ᠠᠬᠤᠶᠢᠯᠠᠯ ᠤᠨ ᠬᠠᠤᠯᠢ ᠶᠢᠨ ᠡᠷᠬᠡᠲᠡᠨ ᠳᠤ ᠬᠠᠨᠳᠤᠭᠤᠯᠤᠨ ᠦᠢᠯᠡᠴᠢᠯᠡᠭᠡ ᠬᠠᠩᠭᠠᠵᠤ᠂ ᠣᠯᠠᠨ ᠲᠦᠮᠡᠨ ᠤ | ᠬᠤᠪᠢ ᠬᠥᠮᠦᠨ ᠳᠤ ᠬᠤᠯᠪᠣᠭᠳᠠᠬᠤ ᠦᠢᠯᠡᠴᠢᠯᠡᠭᠡᠨ ᠤ ᠵᠦᠢᠯᠡᠰ ᠢ ︽ᠡᠷᠬᠡ ᠣᠯᠭᠤᠬᠤ᠂ ᠳᠣᠷᠣᠭᠰᠢ ᠪᠠᠭᠤᠯᠭᠠᠬᠤ | ᠂ ᠦᠷ᠎ᠡ ᠠᠰᠢᠭ ᠢᠶᠠᠨ ᠨᠡᠮᠡᠭᠳᠡᠭᠦᠯᠬᠦ ︾ ᠵᠠᠷᠴᠢᠮ ᠤᠨ ᠶᠣᠰᠣᠭᠠᠷ᠂ ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ | ︶ ᠶᠢᠨ ᠠᠷᠠᠳ ᠲᠤ ᠳᠥᠭᠦᠮ ᠦᠵᠡᠭᠦᠯᠬᠦ ᠦᠢᠯᠡᠴᠢᠯᠡᠭᠡᠨ ᠤ ᠲᠥᠪ ᠲᠤ ᠲᠠᠰᠤᠷᠠᠯᠲᠠ ᠤᠢᠭᠡᠢ ᠳᠣᠷᠣᠭᠰᠢ | ᠪᠠᠭᠤᠯᠭᠠᠬᠤ ᠬᠡᠷᠡᠭᠲᠡᠶ ᠃ | ᠭᠠᠴᠠᠭ᠎ᠠ ᠲᠣᠰᠬᠤᠨ ︵ᠨᠡᠶᠢᠭᠡᠮ ᠲᠣᠭᠤᠷᠢᠭ ︶ ᠨᠢ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ | ᠲᠥᠪ ᠲᠤ ᠲᠦᠰᠢᠭᠯᠡᠨ ᠠᠷᠠᠳ ᠲᠤ ᠳᠥᠭᠦᠮ ᠦᠵᠡᠭᠦᠯᠬᠦ ᠦᠢᠯᠡᠴᠢᠯᠡᠭᠡᠨ ᠤ ᠣᠷᠣᠯᠠᠨ ᠭᠦᠢᠴᠡᠳᠬᠡᠬᠦ ᠴᠢᠭ | ᠪᠠᠶᠢᠭᠤᠯᠵᠤ᠂ ᠣᠷᠣᠯᠠᠨ ᠭᠦᠢᠴᠡᠳᠬᠡᠬᠦ ᠬᠠᠪᠰᠤᠷᠤᠨ ᠭᠦᠢᠴᠡᠳᠬᠡᠬᠦ ᠦᠢᠯᠡᠴᠢᠯᠡᠭᠡᠨ ᠢ ᠬᠡᠷᠡᠭᠵᠢᠭᠦᠯᠬᠦ ᠬᠡᠷᠡᠭᠲᠡᠶ ᠃ | ᠬᠤᠷᠢ ᠶᠢᠰᠦᠳᠦᠭᠡᠷ ᠵᠦᠶᠯ ᠡᠯ᠎ᠡ ᠱᠠᠲᠤᠨ ᠤ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠲᠥᠪ ᠲᠤ ᠪᠥᠬᠦ | ᠠᠶᠢᠮᠠᠭ ᠤᠨ ᠨᠢᠭᠡᠳᠦᠯᠲᠡᠶ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠲᠡᠮᠳᠡᠭ ᠢ ᠨᠡᠮᠡᠵᠦ ᠡᠯᠭᠦᠬᠦ ᠬᠡᠷᠡᠭᠲᠡᠶ ᠃ | ᠨᠡᠷᠡᠶᠢᠳᠦᠯ ᠨᠢ ᠨᠢᠭᠡᠳᠦᠯᠲᠡᠢ ᠳᠤ ︽xx ᠵᠠᠰᠠᠭ ᠣᠨ ᠶᠠᠪᠤᠳᠠᠯ ᠤᠨ ᠦᠢᠯᠡᠴᠢᠯᠡᠭᠡᠨ ᠤ ᠲᠥᠪ ︾᠂ ︽xx | ᠬᠤᠰᠢᠭᠤ ᠰᠢᠶᠠᠨ ︵ᠬᠤᠲᠠ ︶ xx ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ ︶ ᠶᠢᠨ ᠠᠷᠠᠳ ᠲᠤ | ᠳᠥᠭᠦᠮ ᠦᠵᠡᠭᠦᠯᠬᠦ ᠦᠢᠯᠡᠴᠢᠯᠡᠭᠡᠨ ᠤ ᠲᠥᠪ ︾᠂ ︽xx ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ ︶ | x ᠭᠠᠴᠠᠭ᠎ᠠ ᠲᠣᠰᠬᠤᠨ ︵ᠨᠡᠶᠢᠭᠡᠮ ᠲᠣᠭᠤᠷᠢᠭ ︶ ᠤ ᠠᠷᠠᠳ ᠲᠤ ᠳᠥᠭᠦᠮ ᠦᠵᠡᠭᠦᠯᠬᠦ ᠦᠢᠯᠡᠴᠢᠯᠡᠭᠡᠨ ᠤ | ᠥᠷᠲᠡᠭᠡ ︾; ᠠᠶᠢᠮᠠᠭ ᠪᠠ ᠬᠤᠰᠢᠭᠤ ᠰᠢᠶᠠᠨ ᠬᠤᠲᠠ ᠶᠢᠨ ᠰᠠᠯᠠᠭ᠎ᠠ ᠮᠥᠴᠢᠷ ᠤᠨ ᠲᠤᠰᠠᠭᠠᠷ ᠪᠠᠶᠢᠭᠤᠯᠤᠭᠰᠠᠨ | ᠲᠤᠰᠬᠠᠶ ᠠᠵᠢᠯ ᠤᠨ ᠬᠤᠪᠢᠶᠠᠷᠢ ᠲᠥᠪ ᠤᠨ ᠨᠡᠷᠡᠶᠢᠳᠦᠯ ᠢ ︽ᠬᠢᠩᠭᠠᠨ ᠠᠶᠢᠮᠠᠭ ᠤᠨ ︵ᠪᠤᠶᠤ xx ᠬᠤᠰᠢᠭᠤ | ᠰᠢᠶᠠᠨ ᠬᠤᠲᠠ ︶ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠲᠥᠪ ᠤᠨ xx ᠬᠤᠪᠢᠶᠠᠷᠢ ᠲᠥᠪ ︾ ᠭᠡᠵᠦ | ᠨᠢᠭᠡᠳᠬᠡᠨ᠎ᠡ ᠃ | ᠭᠤᠴᠢᠳᠤᠭᠠᠷ ᠵᠦᠶᠯ ᠡᠯ᠎ᠡ ᠱᠠᠲᠤᠨ ᠤ ᠵᠠᠰᠠᠭ ᠤᠨ ᠶᠠᠪᠤᠳᠠᠯ ︵ᠠᠷᠠᠳ ᠲᠤ ᠲᠥᠬᠦᠮ ᠦᠵᠡᠭᠦᠯᠬᠦ ︶ ᠤᠨ | ᠦᠶᠯᠡᠴᠢᠯᠡᠭᠡᠨ ᠤ ᠲᠥᠪ ᠨᠢ ᠦᠶᠯᠡᠴᠢᠯᠡᠭᠡᠨ ᠤ ᠴᠢᠳᠠᠮᠵᠢ ᠶᠢ ᠬᠠᠷᠢᠴᠠᠩᠭᠤᠶ ᠪᠠᠷ ᠲᠥᠪᠯᠡᠷᠡᠭᠦᠯᠬᠦ᠂ ᠳᠣᠲᠣᠭᠠᠳᠤ | ᠳᠠᠭᠠᠨ ᠠᠵᠢᠯᠯᠠᠬᠤ ᠪᠠ ᠭᠠᠳᠠᠨ᠎ᠠ ᠦᠶᠯᠡᠴᠢᠯᠡᠬᠦ ᠶᠢ ᠵᠣᠬᠢᠬᠤ ᠬᠡᠮᠵᠢᠶ᠎ᠡ ᠪᠠᠷ ᠰᠠᠯᠭᠠᠬᠤ ᠪᠠ ᠦᠶᠯᠡᠴᠢᠯᠡᠬᠦ ᠳᠤ | ᠲᠥᠬᠦᠮ ᠪᠠᠶᠢᠯᠭᠠᠬᠤ ᠵᠠᠷᠴᠢᠮ ᠶᠣᠰᠣᠭᠠᠷ᠂ ᠠᠰᠠᠭᠤᠨ ᠯᠠᠪᠯᠠᠬᠤ ᠦᠶᠯᠡᠴᠢᠯᠡᠭᠡ᠂ ᠴᠣᠩᠬᠤᠪᠴᠢ ᠪᠠᠷ ᠦᠶᠯᠡᠴᠢᠯᠡᠬᠦ᠂ | ᠲᠥᠪᠯᠡᠷᠡᠭᠦᠯᠦᠨ ᠬᠢᠨᠠᠨ ᠵᠥᠪᠰᠢᠶᠡᠷᠡᠬᠦ᠂ ᠵᠠᠰᠠᠭ ᠤᠨ ᠶᠠᠪᠤᠳᠠᠯ ᠢ ᠢᠯᠡ ᠪᠣᠯᠭᠠᠬᠤ᠂ ᠥᠪᠡᠰᠦᠪᠡᠨ ᠦᠶᠯᠡᠴᠢᠯᠡᠬᠦ᠂ | ᠠᠮᠠᠷᠠᠬᠤ ᠵᠡᠷᠭᠡ ᠴᠢᠳᠠᠮᠵᠢ ᠶᠢᠨ ᠬᠤᠪᠢᠶᠠᠷᠢ ᠲᠣᠭᠤᠷᠢᠭ ᠢ ᠵᠦᠶ ᠵᠣᠬᠢᠰᠲᠠᠶ ᠳᠣᠭᠢᠷᠠᠭᠤᠯᠤᠨ᠎ᠠ ᠃ ᠦᠢᠯᠡᠴᠢᠯᠡᠭᠡᠨ ᠤ | ᠲᠠᠯᠠᠪᠣᠷ ᠤᠨ ᠲᠠᠯᠠᠪᠠᠶ ᠨᠢ ᠬᠢᠵᠠᠭᠠᠷᠯᠠᠭᠳᠠᠪᠠᠯ᠂ ᠴᠢᠳᠠᠮᠵᠢᠲᠤ ᠣᠷᠣᠨ ᠢ ᠨᠡᠶᠢᠯᠡᠭᠦᠯᠦᠨ ᠪᠠᠶᠢᠷᠢᠯᠠᠭᠤᠯᠵᠤ ᠪᠣᠯᠤᠨ᠎ᠠ ᠃ | ᠭᠤᠴᠢᠨ ᠨᠢᠭᠡᠳᠦᠭᠡᠷ ᠵᠦᠶᠯ ᠡᠯ᠎ᠡ ᠱᠠᠲᠤᠨ ᠤ ᠵᠠᠰᠠᠭ ᠤᠨ ᠶᠠᠪᠤᠳᠠᠯ ︵ᠠᠷᠠᠳ ᠲᠤ ᠲᠥᠬᠦᠮ ᠦᠵᠡᠭᠦᠯᠬᠦ ︶ | ᠤᠨ ᠦᠶᠯᠡᠴᠢᠯᠡᠭᠡᠨ ᠤ ᠲᠥᠪ ᠨᠢ ᠠᠵᠤ ᠠᠬᠤᠶᠢᠯᠠᠯ ᠣᠯᠠᠨ ᠲᠦᠮᠡᠨ ᠤ ᠠᠵᠢᠯ ᠶᠠᠪᠤᠳᠠᠯ ᠭᠦᠶᠴᠡᠳᠬᠡᠬᠦ ᠬᠡᠷᠡᠭᠴᠡᠭᠡ | ᠱᠠᠭᠠᠷᠳᠠᠯᠭ᠎ᠠ ᠶᠢ ᠬᠠᠩᠭᠠᠵᠤ ᠳᠡᠶᠢᠯᠬᠦ ᠦᠶᠯᠡᠴᠢᠯᠡᠭᠡᠨ ᠤ ᠲᠥᠬᠦᠭᠡᠷᠦᠮᠵᠢ᠂ ᠰᠠᠭᠠᠳ ᠥᠬᠡᠶ ᠪᠡᠯᠡᠳᠬᠡᠮᠵᠢ᠂ | ᠪᠠᠲᠤᠯᠠᠭ᠎ᠠ ᠶᠢᠨ ᠲᠥᠬᠦᠭᠡᠷᠦᠮᠵᠢ ᠪᠠ ᠪᠠᠴᠢᠮ ᠪᠠᠶᠢᠳᠠᠯ ᠢ ᠠᠷᠭᠠᠴᠠᠬᠤ ᠲᠥᠬᠦᠭᠡᠷᠦᠮᠵᠢ ᠵᠡᠷᠭᠡ ᠶᠢ ᠬᠠᠩᠭᠠᠬᠤ ᠬᠡᠷᠡᠭᠲᠡᠶ | ᠃ | ᠭᠤᠴᠢᠨ ᠬᠤᠶᠠᠳᠤᠭᠠᠷ ᠵᠦᠶᠯ ᠠᠶᠢᠮᠠᠭ᠂ ᠬᠤᠰᠢᠭᠤ ᠰᠢᠶᠠᠨ ᠬᠤᠲᠠ᠂ ᠰᠤᠮᠤ ᠰᠢᠶᠠᠩ ᠪᠠᠯᠭᠠᠰᠤ ︵ᠵᠡᠭᠡᠯᠢ | ᠭᠤᠳᠤᠮᠵᠢ ︶ ᠶᠢᠨ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠵᠦᠶᠯᠡᠰ ᠲᠤ ᠨᠢᠭᠤᠴᠠ ᠳᠤ ᠬᠤᠯᠪᠣᠭᠳᠠᠬᠤ ᠪᠠ | ᠲᠠᠯᠠᠪᠤᠷ ᠭᠠᠵᠠᠷ ᠤᠨ ᠬᠢᠵᠠᠭᠠᠷᠯᠠᠯ ᠵᠡᠷᠭᠡ ᠣᠨᠴᠣᠭᠤᠶ ᠬᠦᠴᠦᠨ ᠵᠦᠶᠯ ᠪᠠᠶᠢᠬᠤ ᠠᠴᠠ ᠭᠠᠳᠠᠨ᠎ᠠ᠂ ᠴᠥᠮ ᠲᠣᠰ | ᠱᠠᠲᠤᠨ ᠤ ᠵᠠᠰᠠᠭ ᠤᠨ ᠶᠠᠪᠤᠳᠠᠯ ︵ᠠᠷᠠᠳ ᠲᠤ ᠲᠥᠬᠦᠮ ᠦᠵᠡᠭᠦᠯᠬᠦ ︶ ᠤᠨ ᠦᠶᠯᠡᠴᠢᠯᠡᠭᠡᠨ ᠤ ᠲᠥᠪ ᠪᠣᠯᠤᠨ | ᠰᠦᠯᠵᠢᠶᠡᠨ ᠳᠡᠭᠡᠷᠡᠬᠢ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠲᠠᠪᠴᠠᠩ ᠳᠤ ᠣᠷᠣᠵᠤ ᠰᠠᠭᠤᠵᠤ᠂ | ᠲᠥᠪᠯᠡᠷᠡᠭᠦᠯᠦᠨ ᠨᠢᠭᠡᠳᠦᠯᠲᠡᠶ ᠭᠦᠶᠴᠡᠳᠬᠡᠬᠦ ᠶᠢ ᠬᠡᠷᠡᠭᠵᠢᠭᠦᠯᠦᠨ᠎ᠡ ᠃ ᠬᠠᠮᠢᠶ᠎ᠠ ᠪᠥᠬᠦᠶ ᠰᠠᠯᠠᠭ᠎ᠠ ᠮᠥᠴᠢᠷ ᠨᠢ | ᠵᠥᠪᠳᠡᠯᠴᠡᠬᠡᠷ ᠢᠶᠠᠷ ᠳᠠᠮᠵᠢᠭᠤᠯᠤᠨ ᠠᠳᠠᠯᠢ ᠱᠠᠲᠤᠨ ᠤ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠰᠠᠯᠠᠭ᠎ᠠ | ᠮᠥᠴᠢᠷ ᠲᠤ ᠨᠠᠶᠢᠳᠠᠵᠤ ᠵᠦᠶᠯᠡᠰ ᠢ ᠭᠥᠯᠢᠶᠡᠨ ᠠᠪᠬᠤ᠂ ᠭᠥᠯᠢᠶᠡᠨ ᠠᠪᠴᠤ ᠰᠢᠶᠳᠪᠦᠷᠢᠯᠡᠬᠦ᠂ ᠬᠦᠷᠭᠡᠬᠦ ᠠᠵᠢᠯ ᠢ | ᠬᠠᠷᠢᠭᠤᠴᠠᠭᠤᠯᠤᠨ᠎ᠠ ᠃ | ᠭᠤᠴᠢᠨ ᠭᠤᠷᠪᠠᠳᠤᠭᠠᠷ ᠵᠦᠶᠯ ᠡᠯ᠎ᠡ ᠱᠠᠲᠤᠨ ᠤ ᠵᠠᠰᠠᠭ ᠤᠨ ᠶᠠᠪᠤᠳᠠᠯ ︵ᠠᠷᠠᠳ ᠲᠤ ᠲᠥᠬᠦᠮ ᠦᠵᠡᠭᠦᠯᠬᠦ ︶ | ᠤᠨ ᠦᠶᠯᠡᠴᠢᠯᠡᠭᠡᠨ ᠤ ᠲᠥᠪ ᠨᠢ ︽ᠡᠮᠦᠨ᠎ᠡ ᠲᠠᠪᠴᠠᠩ ᠳᠤ ᠶᠡᠷᠦᠩᠬᠡᠶᠢᠯᠡᠨ ᠭᠥᠯᠢᠶᠡᠨ ᠠᠪᠴᠤ ᠰᠢᠶᠳᠪᠦᠷᠢᠯᠡᠬᠦ᠂ | ᠠᠷᠤ ᠲᠠᠪᠴᠠᠩ ᠳᠤ ᠲᠥᠷᠥᠯ ᠬᠤᠪᠢᠶᠠᠨ ᠬᠢᠨᠠᠨ ᠵᠥᠪᠰᠢᠶᠡᠷᠡᠬᠦ᠂ ᠶᠡᠷᠦᠩᠬᠡᠶᠢᠯᠡᠭᠰᠡᠨ ᠴᠣᠩᠬᠤᠪᠴᠢ ᠪᠠᠷ ᠪᠢᠴᠢᠭ | ᠮᠠᠲ᠋ᠧᠷᠢᠶᠠᠯ ᠭᠠᠷᠭᠠᠬᠤ ︾ ︽ᠨᠢᠭᠡ ᠴᠣᠩᠬᠤᠪᠴᠢ ︾ ᠶᠢᠨ ᠭᠥᠯᠢᠶᠡᠨ ᠠᠪᠴᠤ ᠰᠢᠶᠳᠪᠦᠷᠢᠯᠡᠬᠦ ᠵᠠᠭᠪᠤᠷ ᠢ | ᠠᠯᠬᠤᠮ ᠠᠯᠬᠤᠮ ᠢᠶᠠᠷ ᠬᠡᠷᠡᠭᠵᠢᠭᠦᠯᠬᠦ ᠬᠡᠷᠡᠭᠲᠡᠶ ᠃ ᠶᠡᠷᠦᠩᠬᠡᠶᠢᠯᠡᠭᠰᠡᠨ ᠴᠣᠩᠬᠤᠪᠴᠢ ᠳᠤ ᠣᠷᠣᠭᠤᠯᠬᠤ ᠳᠤ | ᠲᠣᠬᠢᠷᠠᠬᠤ ᠦᠭᠡᠶ ᠵᠦᠢᠯᠡᠰ ᠲᠤ ᠴᠣᠩᠬᠤᠪᠴᠢ ᠶᠢᠨ ᠦᠢᠯᠡᠴᠢᠯᠡᠭᠡᠨ ᠤ ᠲᠣᠭᠤᠷᠢᠭ ᠢ ᠲᠥᠪᠯᠡᠷᠡᠭᠦᠯᠦᠨ | ᠪᠠᠶᠢᠷᠢᠯᠠᠭᠤᠯᠵᠤ ᠦᠢᠯᠡᠴᠢᠯᠡᠭᠡ ᠬᠠᠩᠭᠠᠬᠤ ᠬᠡᠷᠡᠭᠲᠡᠶ ᠃ | ᠭᠤᠴᠢᠨ ᠳᠥᠷᠪᠡᠳᠦᠭᠡᠷ ᠵᠦᠶᠯ ᠬᠠᠤᠯᠢ ᠲᠣᠭᠲᠠᠭᠠᠯ ᠶᠣᠰᠣᠭᠠᠷ ᠬᠠᠮᠲᠤ ᠪᠠᠷ ᠰᠢᠶᠳᠪᠦᠷᠢᠲᠦ ᠪᠣᠳᠣᠯᠭ᠎ᠠ | ᠲᠣᠭᠲᠠᠭᠠᠬᠤ ᠴᠢᠬᠤᠯᠠᠲᠠᠶ ᠵᠦᠶᠯᠡᠰ ᠢ ᠭᠠᠷᠭᠠᠪᠠᠯ᠂ ᠬᠠᠮᠢᠶ᠎ᠠ ᠪᠥᠬᠦᠶ ᠰᠠᠯᠠᠭ᠎ᠠ ᠮᠥᠴᠢᠷ ᠨᠢ ᠡᠯ᠎ᠡ ᠱᠠᠲᠤᠨ ᠤ ᠵᠠᠰᠠᠭ | ᠤᠨ ᠶᠠᠪᠤᠳᠠᠯ ︵ᠠᠷᠠᠳ ᠲᠤ ᠲᠥᠬᠦᠮ ᠦᠵᠡᠭᠦᠯᠬᠦ ︶ ᠤᠨ ᠦᠶᠯᠡᠴᠢᠯᠡᠭᠡᠨ ᠤ ᠲᠥᠪ ᠲᠤ ᠣᠷᠣᠵᠤ ᠰᠠᠭᠤᠬᠤ | ᠠᠵᠢᠯᠲᠠᠨ ᠳᠤ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠡᠷᠬᠡ ᠮᠡᠳᠡᠯ ᠢ ᠭᠦᠶᠴᠡᠳ ᠣᠯᠭᠤᠵᠤ᠂ ᠲᠦᠷᠦᠭᠦᠦ | ᠲᠥᠯᠥᠭᠡᠯᠡᠭᠴᠢ ᠶᠢᠨ ᠬᠠᠷᠢᠭᠤᠴᠠᠬᠤ ᠲᠦᠷᠢᠮ ᠢ ᠬᠡᠷᠡᠭᠵᠢᠭᠦᠯᠦᠨ᠂ ᠭᠥᠯᠢᠶᠡᠨ ᠠᠪᠴᠤ ᠰᠢᠶᠳᠪᠦᠷᠢᠯᠡᠬᠦ᠂ ᠬᠢᠨᠠᠨ | ᠵᠥᠪᠰᠢᠶᠡᠷᠡᠬᠦ᠂ ᠭᠦᠶᠴᠡᠳᠬᠡᠵᠦ ᠳᠠᠭᠤᠰᠬᠠᠬᠤ ᠨᠢᠭᠡ ᠥᠷᠲᠡᠭᠡ ᠮᠠᠶ᠋ᠢᠭ ᠤᠨ ᠦᠶᠯᠡᠴᠢᠯᠡᠭᠡᠨ ᠢ ᠪᠡᠶᠡᠯᠡᠭᠦᠯᠦᠨ᠎ᠡ ᠃ | ᠵᠢᠷᠭᠤᠳᠤᠭᠠᠷ ᠪᠦᠯᠦᠭ ᠬᠢᠨᠠᠯᠲᠠ ᠲᠠᠯᠪᠢᠵᠤ ᠦᠨᠡᠯᠡᠬᠦ ᠶᠢ ᠪᠠᠷᠢᠮᠵᠢᠶᠠᠵᠢᠭᠤᠯᠬᠤ | ᠭᠤᠴᠢᠨ ᠲᠠᠪᠤᠳᠤᠭᠠᠷ ᠵᠦᠶᠯ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠬᠠᠮᠢᠶ᠎ᠠ ᠪᠥᠬᠦᠶ ᠲᠥᠷᠥ ᠶᠢᠨ | ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠮᠡᠳᠡᠭᠡ ᠵᠠᠩᠭᠢ ᠪᠣᠶ ᠪᠣᠯᠤᠭᠰᠠᠨ 20 ᠠᠵᠢᠯᠯᠠᠬᠤ ᠡᠳᠦᠷ ᠤᠨ ᠳᠣᠲᠣᠷ᠎ᠠ᠂ | ᠵᠠᠰᠠᠭ ᠤᠨ ᠣᠷᠳᠣᠨ ᠤ ᠰᠦᠯᠵᠢᠶᠡᠨ ᠥᠷᠲᠡᠭᠡ᠂ ᠵᠠᠰᠠᠭ ᠤᠨ ᠣᠷᠳᠣᠨ ᠤ ᠠᠯᠪᠠᠨ ᠮᠡᠳᠡᠭᠡ᠂ ᠵᠠᠰᠠᠭ ᠤᠨ ᠶᠠᠪᠤᠳᠠᠯ | ᠤᠨ ᠰᠢᠨ᠎ᠡ ᠵᠠᠭᠤᠴᠢᠯᠠᠭᠤᠷ ᠢᠶᠠᠷ ᠳᠠᠮᠵᠢᠭᠤᠯᠤᠨ ᠨᠡᠶᠢᠭᠡᠮ ᠳᠤ ᠢᠯᠡ ᠪᠣᠯᠭᠠᠬᠤ ᠶᠢᠨ ᠬᠠᠮᠲᠤ ᠵᠠᠳᠠᠯᠬᠤ ᠬᠡᠯᠪᠡᠷᠢ᠂ | ᠬᠥᠲᠥᠯᠦᠨ ᠵᠢᠯᠣᠭᠤᠳᠬᠤ ᠬᠡᠯᠪᠡᠷᠢ ᠪᠠᠷ ᠤᠩᠰᠢᠨ ᠲᠠᠶᠢᠯᠪᠤᠷᠢᠯᠠᠬᠤ᠂ ᠠᠰᠠᠭᠤᠯᠲᠠ ᠬᠠᠷᠢᠭᠤᠯᠲᠠ᠂ ᠵᠢᠷᠤᠭ | ᠲᠠᠶᠢᠯᠤᠮᠵᠢ ᠶᠢᠨ ᠵᠢᠷᠤᠭ ᠬᠦᠰᠦᠨᠦᠭᠲᠦ᠂ ᠲᠠᠭᠤᠨ ᠳᠠᠪᠲᠠᠮᠵᠢ ᠶᠢᠨ ᠬᠠᠷᠠᠭᠠᠨ ᠳᠠᠪᠲᠠᠮᠵᠢ᠂ ᠲᠥᠷᠥ ᠶᠢᠨ ᠪᠣᠳᠣᠯᠭ᠎ᠠ | ᠶᠢᠨ ᠤᠬᠠᠭᠤᠯᠭ᠎ᠠ ᠲᠠᠶᠢᠯᠤᠮᠵᠢ ᠶᠢᠨ ᠪᠣᠯᠪᠠᠰᠤᠷᠠᠭᠤᠯᠤᠯ ᠵᠡᠷᠭᠡ ᠣᠯᠠᠨ ᠵᠦᠶᠯ ᠤᠨ ᠠᠷᠭ᠎ᠠ ᠮᠠᠶ᠋ᠢᠭ ᠢ ᠬᠡᠷᠡᠭᠯᠡᠨ᠂ | ᠲᠥᠷᠥ ᠶᠢᠨ ᠪᠣᠳᠣᠯᠭ᠎ᠠ ᠶᠢᠨ ᠮᠡᠳᠡᠭᠡ ᠵᠠᠩᠭᠢ ᠶᠢ ᠭᠦᠨᠵᠡᠭᠡᠶ ᠤᠩᠰᠢᠨ ᠲᠠᠶᠢᠯᠪᠤᠷᠢᠯᠠᠬᠤ ᠬᠡᠷᠡᠭᠲᠡᠶ ᠃ | ᠭᠤᠴᠢᠨ ᠵᠢᠷᠭᠤᠳᠤᠭᠠᠷ ᠵᠦᠶᠯ 12345 ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠠᠷᠠᠳ ᠲᠤ | ᠲᠥᠬᠦᠮ ᠦᠵᠡᠭᠦᠯᠬᠦ ᠬᠠᠯᠠᠮᠰᠢᠯ ᠤᠲᠠᠰᠤ ᠶᠢ ᠪᠠᠶᠢᠭᠤᠯᠤᠨ ᠰᠢᠯᠢᠳᠡᠭᠵᠢᠭᠦᠯᠵᠦ᠂ ᠮᠡᠷᠭᠡᠵᠢᠯ ᠤᠨ ᠲᠤᠯᠭᠠᠭᠤᠷᠢᠯᠠᠯ ᠢ | ᠴᠢᠩᠭᠠᠷᠠᠭᠤᠯᠤᠨ᠂ ᠬᠠᠯᠠᠮᠰᠢᠯ ᠤᠲᠠᠰᠤ ᠶᠢ ᠭᠥᠯᠢᠶᠡᠨ ᠠᠪᠴᠤ ᠰᠢᠶᠳᠪᠦᠷᠢᠯᠡᠬᠦ ᠪᠠ ᠠᠷᠤ ᠲᠠᠯ᠎ᠠ ᠶᠢᠨ ᠦᠶᠯᠡᠴᠢᠯᠡᠭᠡᠨ | ᠭᠦᠶᠴᠡᠳᠬᠡᠬᠦ ᠶᠢ ᠨᠢᠭᠲᠠ ᠵᠣᠯᠭᠠᠭᠤᠯᠬᠤ ᠶᠢ ᠪᠡᠶᠡᠯᠡᠭᠦᠯᠵᠦ᠂ ᠵᠠᠭᠠᠯᠳᠤᠯᠭ᠎ᠠ ᠶᠢ ᠭᠥᠯᠢᠶᠡᠨ ᠠᠪᠴᠤ ᠭᠦᠶᠴᠡᠳᠬᠡᠬᠦ ᠪᠠ | ᠰᠢᠮᠳᠠᠭᠤᠯᠤᠨ ᠭᠦᠶᠴᠡᠳᠬᠡᠵᠦ ᠬᠠᠷᠢᠭᠤᠴᠠᠯᠭ᠎ᠠ ᠬᠡᠯᠡᠯᠴᠡᠬᠦ ᠲᠣᠭᠲᠠᠴᠠ ᠶᠢ ᠪᠦᠷᠢᠨᠰᠢᠬᠦᠯᠥᠨ᠂ ᠠᠵᠤ ᠠᠬᠤᠶᠢᠯᠠᠯ ᠪᠠ | ᠣᠯᠠᠨ ᠲᠦᠮᠡᠨ ᠤ ᠲᠤᠰᠬᠠᠭᠰᠠᠨ ᠠᠰᠠᠭᠤᠳᠠᠯ ᠪᠠ ᠵᠦᠶ ᠵᠣᠬᠢᠰᠲᠠᠶ ᠬᠦᠰᠡᠯ ᠱᠠᠭᠠᠷᠳᠠᠯᠭ᠎ᠠ ᠶᠢ ᠴᠠᠭ ᠲᠤᠬᠠᠶ ᠳᠤᠨᠢ | ᠰᠢᠶᠳᠪᠦᠷᠢᠯᠡᠬᠦ ᠪᠠ ᠰᠢᠶᠳᠪᠦᠷᠢᠯᠡᠬᠦ ᠶᠢ ᠦᠨᠡᠨᠬᠦ ᠪᠠᠲᠤᠯᠠᠨ᠎ᠠ ᠃ | ᠠᠵᠤ ᠠᠬᠤᠶᠢᠯᠠᠯ ᠪᠠ ᠣᠯᠠᠨ ᠲᠦᠮᠡᠨ ᠳᠤ ᠬᠤᠯᠪᠣᠭᠳᠠᠬᠤ ᠪᠠᠴᠢᠮ ᠪᠤᠰᠤ ᠵᠠᠰᠠᠭ ᠤᠨ ᠶᠠᠪᠤᠳᠠᠯ ᠤᠨ | ᠦᠶᠯᠡᠴᠢᠯᠡᠭᠡᠨ ᠤ ᠬᠠᠯᠠᠮᠰᠢᠯ ᠤᠲᠠᠰᠤ᠂ ᠣᠷᠣᠨ ᠨᠤᠲᠤᠭ ᠤᠨ ᠪᠠᠶᠢᠭᠤᠯᠤᠭᠰᠠᠨ ᠵᠠᠰᠠᠭ ᠤᠨ ᠶᠠᠪᠤᠳᠠᠯ ᠤᠨ | ᠦᠶᠯᠡᠴᠢᠯᠡᠭᠡᠨ ᠤ ᠬᠠᠯᠠᠮᠰᠢᠯ ᠤᠲᠠᠰᠤ ᠵᠢᠴᠢ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠪᠠᠶᠢᠭᠤᠯᠤᠭᠰᠠᠨ ᠪᠥᠭᠡᠳ | ᠣᠷᠣᠨ ᠨᠤᠲᠤᠭ ᠲᠤ ᠭᠥᠯᠢᠶᠡᠨ ᠠᠪᠴᠤ ᠰᠣᠨᠣᠰᠬᠤ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠬᠠᠯᠠᠮᠰᠢᠯ | ᠤᠲᠠᠰᠤ᠂ ᠨᠣᠮᠧᠷ ᠢ ᠨᠡᠶᠢᠯᠡᠭᠦᠯᠵᠦ ᠪᠣᠯᠬᠤ ᠶᠢ ᠨᠢ ᠠᠯᠢ ᠴᠢᠳᠠᠬᠤ ᠪᠠᠷ ᠨᠡᠶᠢᠯᠡᠭᠦᠯᠵᠦ᠂ ᠠᠯᠢ ᠴᠢᠳᠠᠬᠤ ᠪᠠᠷ | 12345 ᠳ᠋ᠤᠭᠠᠷ ᠨᠣᠮᠧᠷ ᠢ ᠬᠡᠷᠡᠭᠯᠡᠨ᠂ ᠣᠯᠠᠨ ᠲᠦᠮᠡᠨ ᠤ ᠴᠡᠭᠡᠵᠢᠯᠡᠬᠦ ᠪᠠ ᠬᠡᠷᠡᠭᠯᠡᠬᠦ ᠳᠤ ᠲᠥᠬᠦᠮ ᠦᠵᠡᠭᠦᠯᠵᠦ᠂ | ᠨᠢᠭᠡᠳᠦᠭᠡᠷ ᠨᠣᠮᠧᠷ ᠢ ᠳᠠᠭᠠᠬᠤ ᠶᠢ ᠪᠡᠶᠡᠯᠡᠭᠦᠯᠦᠨ᠎ᠡ ᠃ | ᠭᠤᠴᠢᠨ ᠳᠣᠯᠣᠳᠤᠭᠠᠷ ᠵᠦᠶᠯ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠪᠠᠶᠢᠭᠤᠯᠤᠮᠵᠢ ᠨᠢ ᠬᠢᠨᠠᠯᠲᠠ | ᠲᠠᠯᠪᠢᠵᠤ ᠵᠠᠭᠠᠯᠳᠤᠬᠤ ᠳᠤ ᠲᠥᠬᠦᠮ᠂ ᠰᠠᠭᠠᠳ ᠥᠬᠡᠶ ᠨᠡᠪᠲᠡᠷᠡᠬᠦ ᠵᠠᠮ ᠮᠥᠷ ᠢ ᠪᠠᠶᠢᠭᠤᠯᠵᠤ᠂ ᠬᠤᠯᠪᠣᠭᠳᠠᠯ ᠪᠥᠬᠦᠶ | ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠲᠠᠯ᠎ᠠ ᠶᠢᠨ ᠵᠠᠭᠠᠯᠳᠤᠯᠭ᠎ᠠ ᠪᠠ ᠢᠯᠡᠴᠢᠯᠡᠨ ᠮᠡᠳᠡᠭᠦᠯᠬᠦ ᠶᠢ ᠭᠥᠯᠢᠶᠡᠨ | ᠠᠪᠴᠤ ᠰᠢᠶᠳᠪᠦᠷᠢᠯᠡᠬᠦ ᠬᠡᠷᠡᠭᠲᠡᠶ ᠃ | ᠠᠶᠢᠮᠠᠭ ᠤᠨ ᠵᠠᠬᠢᠷᠭ᠎ᠠ ᠶᠢᠨ ᠰᠦᠯᠵᠢᠶᠡᠨ ᠥᠷᠲᠡᠭᠡ ᠳᠤ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ | ᠬᠢᠨᠠᠯᠲᠠ ᠲᠠᠯᠪᠢᠵᠤ ᠵᠠᠭᠠᠯᠳᠤᠬᠤ ᠨᠢᠭᠡᠳᠦᠯᠲᠡᠶ ᠣᠷᠣᠬᠤ ᠡᠭᠦᠳᠡ ᠪᠠᠶᠢᠭᠤᠯᠵᠤ᠂ ᠬᠠᠮᠢᠶ᠎ᠠ ᠪᠥᠬᠦᠶ ᠰᠠᠯᠠᠭ᠎ᠠ ᠮᠥᠴᠢᠷ | ᠨᠢ ᠠᠵᠤ ᠠᠬᠤᠶᠢᠯᠠᠯ ᠪᠠ ᠣᠯᠠᠨ ᠲᠦᠮᠡᠨ ᠤ ᠰᠦᠯᠵᠢᠶᠡᠨ ᠳᠡᠭᠡᠷ᠎ᠡ ᠵᠠᠭᠠᠯᠳᠤᠬᠤ ᠶᠢ ᠴᠠᠭ ᠲᠤᠬᠠᠶ ᠳᠤᠨᠢ ᠭᠥᠯᠢᠶᠡᠨ | ᠠᠪᠴᠤ ᠰᠢᠶᠳᠪᠦᠷᠢᠯᠡᠵᠦ᠂ ᠬᠠᠷᠢᠭᠤ ᠲᠤᠰᠬᠠᠬᠤ ᠬᠡᠷᠡᠭᠲᠡᠶ ᠃ | ᠡᠯ᠎ᠡ ᠱᠠᠲᠤᠨ ᠤ ᠵᠠᠰᠠᠭ ᠤᠨ ᠶᠠᠪᠤᠳᠠᠯ ︵ᠠᠷᠠᠳ ᠲᠤ ᠲᠥᠬᠦᠮ ᠦᠵᠡᠭᠦᠯᠬᠦ ︶ ᠤᠨ ᠦᠶᠯᠡᠴᠢᠯᠡᠭᠡᠨ ᠤ ᠲᠥᠪ ᠨᠢ | ᠠᠵᠢᠯ ᠶᠠᠪᠤᠳᠠᠯ ᠭᠦᠶᠴᠡᠳᠬᠡᠬᠦ ᠴᠤᠩᠬᠤᠪᠴᠢ ᠪᠤᠶᠤ ᠲᠤᠰᠬᠠᠶ ᠣᠷᠣᠨ ᠪᠦᠰᠡ ᠳᠤ ᠠᠵᠢᠯᠲᠠᠨ ᠤ ᠣᠪᠣᠭ ᠨᠡᠷ᠎ᠡ᠂ | ᠠᠵᠢᠯ ᠤᠨ ᠡᠭᠦᠷᠭᠡ ᠬᠠᠷᠢᠭᠤᠴᠠᠯᠭ᠎ᠠ᠂ ᠬᠠᠷᠢᠯᠴᠠᠬᠤ ᠠᠷᠭ᠎ᠠ ᠮᠠᠶ᠋ᠢᠭ ᠵᠡᠷᠭᠡ ᠠᠭᠤᠯᠭ᠎ᠠ ᠶᠢ ᠢᠯᠡ ᠨᠡᠶᠢᠲᠡᠯᠡᠵᠦ᠂ | ᠠᠵᠤ ᠠᠬᠤᠶᠢᠯᠠᠯ ᠪᠠ ᠣᠯᠠᠨ ᠲᠦᠮᠡᠨ ᠤ ᠬᠢᠨᠠᠯᠲᠠ ᠲᠠᠯᠪᠢᠬᠤ ᠶᠢ ᠤᠬᠠᠮᠰᠠᠷ ᠠᠴᠠ ᠪᠠᠨ ᠬᠦᠯᠢᠶᠡᠬᠦ ᠬᠡᠷᠡᠭᠲᠡᠶ ᠃ | ᠭᠤᠴᠢᠨ ᠨᠠᠶᠮᠠᠳᠤᠭᠠᠷ ᠵᠦᠢᠯ ᠠᠶᠢᠮᠠᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠠᠮᠢᠶᠠᠷᠤᠯᠲᠠ ᠶᠢᠨ | ᠪᠠᠶᠢᠭᠤᠯᠤᠮᠵᠢ ᠨᠢ ᠣᠯᠠᠨ ᠨᠡᠶᠢᠲᠡ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠦᠨᠡᠯᠡᠯᠲᠡ ᠳᠤ ᠣᠷᠣᠯᠴᠠᠬᠤ | ᠠᠵᠢᠯ ᠢ ᠵᠣᠬᠢᠶᠠᠨ ᠪᠠᠶᠢᠭᠤᠯᠤᠨ ᠥᠷᠨᠢᠭᠦᠯᠬᠦ ᠶᠢ ᠬᠠᠷᠢᠭᠤᠴᠠᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ︽ | ᠰᠠᠶᠢᠨ ᠮᠠᠭᠤ ᠦᠨᠡᠯᠡᠯᠲᠡ ︾ ᠶᠢᠨ ᠳᠦᠷᠢᠮ ᠢ ᠪᠠᠶᠢᠭᠤᠯᠤᠨ᠎ᠠ ᠃ | ︵ᠨᠢᠭᠡ ︶ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠪᠠᠶᠢᠭᠤᠯᠤᠮᠵᠢ ᠶᠢᠨ ᠵᠠᠰᠠᠭ ᠤᠨ ᠶᠠᠪᠤᠳᠠᠯ ᠤᠨ | ᠦᠶᠯᠡᠴᠢᠯᠡᠭᠡᠨ ᠤ ᠵᠦᠶᠯᠡᠰ ᠢ ᠭᠦᠶᠴᠡᠳᠬᠡᠭᠰᠡᠨ ᠪᠠᠶᠢᠳᠠᠯ ᠢ ᠴᠥᠮ ︽ᠰᠠᠶᠢᠨ ᠮᠠᠭᠤ ᠦᠨᠡᠯᠡᠯᠲᠡ ︾ ᠶᠢᠨ | ᠦᠨᠡᠯᠡᠬᠦ ᠬᠡᠪᠴᠢᠶᠡᠨ ᠳᠤ ᠣᠷᠣᠭᠤᠯᠬᠤ ᠬᠡᠷᠡᠭᠲᠡᠶ ᠃ | ︵ᠬᠤᠶᠠᠷ ︶ ᠠᠵᠤ ᠠᠬᠤᠶᠢᠯᠠᠯ ᠣᠯᠠᠨ ᠲᠦᠮᠡᠨ ᠳᠤ ᠦᠨᠡᠯᠡᠭᠦᠷ᠂ ᠬᠤᠶᠠᠷ ᠬᠡᠮᠵᠢᠯᠳᠦ ᠺᠣᠳ᠋᠂ ᠠᠦ᠋ᠲ᠋ᠣ᠋ | ᠦᠵᠦᠭᠦᠷ ᠵᠡᠷᠭᠡ ᠣᠯᠠᠨ ᠵᠦᠶᠯ ᠤᠨ ᠦᠨᠡᠯᠡᠬᠦ ᠠᠷᠭ᠎ᠠ ᠮᠠᠶ᠋ᠢᠭ ᠢ ᠬᠠᠩᠭᠠᠵᠤ᠂ ᠲᠤᠬᠠᠶ ᠶᠢᠨ ᠲᠠᠯᠠᠪᠠᠶ ᠶᠢᠨ | ᠦᠶᠯᠡᠴᠢᠯᠡᠭᠡᠨ ᠤ ︽ᠨᠢᠭᠡ ᠤᠳᠠᠭ᠎ᠠ ᠳᠤ ᠨᠢᠭᠡ ᠦᠨᠡᠯᠡᠬᠦ ︾᠂ ᠰᠦᠯᠵᠢᠶᠡᠨ ᠳᠡᠭᠡᠷᠡᠬᠢ ᠦᠶᠯᠡᠴᠢᠯᠡᠭᠡᠨ ᠤ ︽ | ᠨᠢᠭᠡ ᠤᠴᠢᠷ ᠢ ᠨᠢᠭᠡ ᠦᠨᠡᠯᠡᠬᠦ ︾ ᠶᠢ ᠪᠡᠶᠡᠯᠡᠭᠦᠯᠦᠨ᠎ᠡ ᠃ | ︵ᠭᠤᠷᠪᠠ ︶ ᠠᠵᠤ ᠠᠬᠤᠶᠢᠯᠠᠯ ᠣᠯᠠᠨ ᠲᠦᠮᠡᠨ ᠤ ᠦᠨᠡᠯᠡᠭᠰᠡᠨ ᠦᠷ᠎ᠡ ᠳ᠋ᠦᠩ ᠳᠤ ︽ᠮᠠᠭᠤ ᠦᠨᠡᠯᠡᠯᠲᠡ ︾ | ᠬᠢᠭᠰᠡᠨ ᠪᠠᠶᠢᠪᠠᠯ᠂ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠪᠠᠶᠢᠭᠤᠯᠤᠮᠵᠢ ᠨᠢ 7 ᠡᠳᠦᠷ ᠤᠨ ᠳᠣᠲᠣᠷ᠎ᠠ | ᠬᠢᠨᠠᠨ ᠬᠠᠷᠭᠤᠭᠤᠯᠵᠤ ᠴᠡᠭᠴᠡᠯᠡᠨ ᠰᠠᠶᠢᠵᠢᠷᠠᠭᠤᠯᠬᠤ ᠶᠢ ᠪᠡᠶᠡᠯᠡᠭᠦᠯᠬᠦ ᠬᠡᠷᠡᠭᠲᠡᠶ᠃ ᠭᠤᠮᠣᠳᠠᠯ ᠱᠠᠭᠠᠷᠳᠠᠯᠭ᠎ᠠ ᠨᠢ ᠵᠦᠢ | ᠵᠤᠬᠢᠰ ᠦᠭᠡᠢ᠂ ᠬᠠᠤᠯᠢ ᠪᠠᠷ ᠲᠣᠭᠲᠠᠭᠠᠭᠰᠠᠨ ᠦᠨᠳᠦᠰᠦᠯᠡᠯ ᠢᠶᠠᠷ ᠳᠤᠲᠠᠮᠠᠭ ᠪᠠᠶᠢᠪᠠᠯ᠂ ᠲᠠᠶᠢᠯᠪᠤᠷᠢᠯᠠᠯᠲᠠ | ᠲᠣᠳᠣᠷᠬᠠᠶᠢᠯᠠᠯᠲᠠ ᠶᠢ ᠰᠠᠶᠢᠲᠤᠷ ᠬᠢᠵᠦ᠂ ᠮᠠᠭᠤ ᠦᠨᠡᠯᠡᠯᠲᠡ ᠵᠠᠭᠠᠯᠳᠤᠯᠭ᠎ᠠ ᠶᠢ ᠵᠦᠢᠯ ᠪᠣᠯᠭᠠᠨ ᠳᠤ ᠴᠡᠭᠴᠡᠯᠡᠨ | ᠵᠠᠰᠠᠯᠲᠠ ᠲᠠᠢ᠂ ᠬᠠᠷᠢᠭᠤ ᠲᠤᠰᠬᠠᠯ ᠲᠠᠢ ᠪᠠᠶᠢᠯᠭᠠᠬᠤ ᠬᠡᠷᠡᠭᠲᠡᠢ ᠃ | ᠳᠣᠯᠣᠳᠤᠭᠠᠷ ᠪᠦᠯᠦᠭ ᠳᠠᠭᠠᠯᠳᠤᠭᠤᠯᠤᠭᠰᠠᠨ ᠲᠦᠷᠢᠮ | ᠭᠤᠴᠢ ᠶᠢᠰᠦᠳᠦᠭᠡᠷ ᠵᠦᠶᠯ ᠲᠣᠰ ᠠᠷᠭ᠎ᠠ ᠶᠢ ᠬᠢᠩᠭᠠᠨ ᠠᠶᠢᠮᠠᠭ ᠤᠨ ᠵᠠᠬᠢᠷᠭ᠎ᠠ ᠠᠴᠠ ᠬᠠᠷᠢᠭᠤᠴᠠᠨ | ᠲᠠᠶᠢᠯᠪᠤᠷᠢᠯᠠᠨ᠎ᠠ ᠃ | ᠳᠥᠴᠢᠳᠦᠭᠡᠷ ᠵᠦᠢᠯ ᠲᠤᠰ ᠠᠷᠭ᠎ᠠ ᠶᠢ ᠨᠡᠶᠢᠲᠡᠯᠡᠭᠰᠡᠨ ᠡᠳᠦᠷ ᠠᠴᠠ ᠡᠬᠢᠯᠡᠨ 30 ᠡᠳᠦᠷ ᠤᠨ ᠳᠠᠷᠠᠭ᠎ᠠ | ᠬᠡᠷᠡᠭᠵᠢᠭᠦᠯᠦᠨ᠎ᠡ ᠃ | | ᠬᠢᠩᠭᠠᠨ ᠠᠶᠢᠮᠠᠭ ᠤᠨ ᠵᠠᠬᠢᠷᠭ᠎ᠠ ᠶᠢᠨ ᠣᠶ ᠮᠣᠳᠣᠨ ᠤ ᠦᠷ᠎ᠡ ᠴᠢᠬᠢ ᠶᠢᠨ ᠬᠠᠮᠢᠶᠠᠷᠤᠯᠲᠠ ᠶᠢᠨ ᠠᠵᠢᠯ ᠢ | ᠴᠢᠩᠭᠠᠳᠬᠠᠬᠤ ᠲᠤᠬᠠᠶ ᠬᠡᠷᠡᠭᠵᠢᠭᠦᠯᠬᠦ ᠰᠠᠨᠠᠯ | ᠬᠢᠩᠭᠠᠨ ᠠᠶᠢᠮᠠᠭ ᠤᠨ ᠵᠠᠬᠢᠷᠭ᠎ᠠ ᠲᠠᠷᠬᠠᠭᠠᠭᠰᠠᠨ[2021]5 ᠳ᠋ᠣᠭᠠᠷ ᠲᠤᠭᠠᠳᠤ | ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠠᠶᠢᠮᠠᠭ ᠤᠨ ᠰᠢᠭᠤᠳ ᠬᠠᠷᠢᠶ᠎ᠠ | ᠬᠤᠯᠪᠣᠭᠳᠠᠯ ᠪᠥᠬᠦᠶ ᠰᠠᠯᠠᠭ᠎ᠠ ᠮᠥᠴᠢᠷ᠄ | ᠮᠠᠨ ᠤ ᠠᠶᠢᠮᠠᠭ ᠤᠨ ᠣᠶᠢᠵᠢᠭᠤᠯᠤᠯᠲᠠ ᠶᠢᠨ ᠦᠷ᠎ᠡ ᠪᠦᠲᠦᠮᠵᠢ ᠪᠠ ᠣᠶ ᠰᠢᠭᠤᠶ ᠶᠢᠨ ᠶᠠᠰᠤ ᠴᠢᠨᠠᠷ ᠢ | ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠣᠶ ᠮᠣᠳᠣᠨ ᠤ ᠦᠷ᠎ᠡ ᠪᠠ ᠵᠤᠯᠵᠠᠭ᠎ᠠ ᠮᠤᠳᠤ ᠶᠢ ᠤᠶᠢᠵᠢᠭᠤᠯᠬᠤ᠂ | ᠡᠵᠡᠩᠨᠡᠬᠦ᠂ ᠬᠡᠷᠡᠭᠯᠡᠬᠦ ᠦᠢᠯᠡ ᠠᠵᠢᠯᠯᠠᠭ᠎ᠠ ᠶᠢ ᠲᠦᠷᠢᠮᠵᠢᠭᠦᠯᠦᠨ᠂ ᠬᠠᠤᠯᠢ ᠳᠦᠷᠢᠮ ᠤᠨ ᠦᠵᠡᠯᠲᠡ ᠶᠢ | ᠴᠢᠩᠭᠠᠷᠠᠭᠤᠯᠵᠤ᠂ ᠥᠪᠡᠷ ᠢ ᠪᠠᠨ ᠱᠠᠭᠠᠷᠳᠠᠬᠤ ᠦᠵᠡᠯ ᠤᠬᠠᠮᠰᠠᠷ ᠢ ᠨᠡᠮᠡᠭᠳᠡᠭᠦᠯᠦᠨ᠂ ᠵᠠᠬ᠎ᠠ ᠳᠡᠯᠭᠡᠭᠦᠷ ᠤᠨ ᠡᠮᠬᠢ | ᠳᠢᠭᠯᠢᠮ ᠢ ᠲᠦᠷᠢᠮᠵᠢᠭᠦᠯᠬᠦ ᠶᠢᠨ ᠲᠤᠰᠠᠳᠠ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠦᠷ᠎ᠡ ᠶᠢᠨ | ᠬᠠᠤᠯᠢ ︾ ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠶ ᠮᠣᠳᠣᠨ ᠤ ᠦᠷ᠎ᠡ ᠴᠢᠬᠢ ᠶᠢᠨ | ᠳᠦᠷᠢᠮ︾ ᠵᠡᠷᠭᠡ ᠬᠠᠮᠢᠶ᠎ᠠ ᠪᠦᠬᠦᠢ ᠬᠠᠤᠯᠢ ᠲᠣᠭᠲᠠᠭᠠᠯ ᠢ ᠦᠨᠳᠦᠰᠦᠯᠡᠨ᠂ ᠮᠠᠨ ᠤ ᠠᠶᠢᠮᠠᠭ ᠤᠨ ᠪᠣᠳᠠᠲᠤ | ᠪᠠᠶᠢᠳᠠᠯ ᠲᠠᠢ ᠤᠶᠠᠯᠳᠤᠭᠤᠯᠵᠤ᠂ ᠪᠦᠬᠦ ᠠᠶᠢᠮᠠᠭ ᠤᠨ ᠣᠶ ᠮᠣᠳᠣᠨ ᠤ ᠦᠷ᠎ᠡ ᠴᠢᠬᠢ ᠶᠢᠨ ᠬᠠᠮᠢᠶᠠᠷᠤᠯᠲᠠ ᠶᠢᠨ | ᠠᠵᠢᠯ ᠳᠤ ᠳᠣᠣᠷᠠᠬᠢ ᠮᠡᠲᠦ ᠰᠠᠨᠠᠯ ᠢ ᠳᠤᠷᠠᠳᠪᠠ᠃ | ᠨᠢᠭᠡ᠂ ᠵᠢᠯᠣᠭᠤᠳᠬᠤ ᠦᠵᠡᠯ ᠰᠠᠨᠠᠭ᠎ᠠ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ | ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠨ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ | ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ ᠲᠦᠷᠪᠡᠳᠦᠭᠡᠷ᠂ ᠲᠠᠪᠤᠳᠤᠭᠠᠷ | ᠪᠥᠬᠦᠳᠡ ᠬᠤᠷᠠᠯ ᠶᠢᠨ ᠵᠣᠷᠢᠭ ᠰᠠᠨᠠᠭ᠎ᠠ ᠢ ᠪᠥᠬᠦ ᠲᠠᠯ᠎ᠠ ᠪᠠᠷ ᠲᠤᠭᠤᠰᠢᠯᠠᠭᠤᠯᠵᠦ᠂ ᠠᠮᠢ ᠠᠬᠤᠢ ᠶᠢ ᠤᠷᠢᠳᠠᠪᠡᠷ | ᠪᠤᠳᠤᠯᠬᠢᠯᠠᠬᠤ᠂ ᠪᠣᠬᠢᠷᠲᠤᠯ ᠦᠭᠡᠢ ᠬᠥᠭᠵᠢᠯᠲᠡ ᠶᠢᠨ ᠣᠶᠢᠯᠠᠭᠠᠭᠳᠠᠬᠤᠨ ᠢ ᠪᠠᠷᠢᠮᠳᠠᠯᠠᠵᠦ᠂ ᠦᠷ᠎ᠡ ᠴᠢᠬᠢ ᠶᠢᠨ | ᠬᠡᠷᠡᠭᠵᠢᠭᠦᠯᠦᠯᠳᠡ ᠶᠢ ᠴᠢᠨᠠᠷᠵᠢᠭᠤᠯᠬᠤ᠂ ᠦᠷ᠎ᠡ ᠶᠢᠨ ᠦᠢᠯᠡᠳᠪᠦᠷᠢᠯᠡᠯ ᠢ ᠰᠠᠭᠤᠷᠢᠨ ᠭᠠᠵᠠᠷᠴᠢᠯᠠᠬᠤ᠂ ᠴᠢᠬᠢ | ᠮᠣᠳᠣᠨ ᠤ ᠬᠠᠩᠭᠠᠯᠭ᠎ᠠ ᠶᠢ ᠵᠠᠬ᠎ᠠ ᠳᠡᠯᠭᠡᠭᠦᠷᠴᠢᠯᠡᠬᠦ᠂ ᠦᠷ᠎ᠡ ᠴᠢᠬᠢ ᠶᠢᠨ ᠬᠠᠮᠢᠶᠠᠷᠤᠯᠲᠠ ᠶᠢᠨ ᠬᠠᠤᠯᠢᠵᠢᠯ ᠢᠶᠠᠷ | ᠶᠡᠷᠦᠩᠬᠡᠶ ᠬᠠᠷᠠᠯᠲᠠ ᠪᠤᠯᠭᠠᠨ᠂ ︽ᠦᠷ᠎ᠡ ᠴᠢᠬᠢ ᠶᠢ ᠰᠠᠶᠢᠲᠤᠷ ᠬᠠᠮᠢᠶᠠᠷᠬᠤ᠂ ᠠᠵᠤ ᠦᠢᠯᠡᠰ ᠢ ᠬᠥᠭᠵᠢᠭᠦᠯᠬᠦ᠂ | ᠬᠠᠤᠯᠢ ᠶᠣᠰᠣᠭᠠᠷ ᠵᠠᠰᠠᠭ ᠶᠠᠪᠤᠭᠤᠯᠬᠤ᠂ ᠦᠶᠯᠡᠴᠢᠯᠡᠭᠡ ᠶᠢ ᠴᠢᠩᠭᠠᠳᠬᠠᠬᠤ︾ ᠴᠢᠭᠯᠡᠯᠲᠡ ᠪᠠᠷ ᠤᠳᠤᠷᠢᠳᠤᠮᠵᠢ | ᠪᠤᠯᠭᠠᠵᠦ᠂ ᠬᠥᠭᠵᠢᠯᠲᠡ ᠶᠢᠨ ᠶᠠᠰᠤ ᠴᠢᠨᠠᠷ ᠪᠠ ᠦᠷ᠎ᠡ ᠠᠰᠢᠭ ᠢ ᠳᠡᠭᠡᠭᠰᠢᠯᠡᠭᠦᠯᠬᠦ ᠪᠠᠷ ᠭᠤᠤᠯ ᠪᠤᠯᠭᠠᠨ ᠬᠠᠩᠭᠠᠯᠭ᠎ᠠ | ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠶᠢ ᠠᠬᠢᠭᠤᠯᠬᠤ ᠪᠠᠷ ᠭᠤᠤᠯ ᠰᠢᠵᠢᠮ ᠪᠤᠯᠭᠠᠵᠦ᠂ | ᠮᠡᠷᠭᠡᠵᠢᠯ ᠤᠨ ᠰᠢᠨ᠎ᠡ ᠡᠭᠦᠳᠦᠯᠲᠡ᠂ ᠡᠭᠦᠯᠳᠡᠷ ᠤᠨ ᠰᠢᠨ᠎ᠡ ᠡᠭᠦᠳᠦᠯᠲᠡ᠂ ᠪᠠᠶᠢᠭᠤᠯᠤᠯ ᠲᠣᠭᠲᠠᠴᠠ ᠶᠢᠨ ᠰᠢᠨ᠎ᠡ | ᠡᠭᠦᠳᠦᠯᠲᠡ ᠶᠢ ᠲᠦᠯᠬᠢᠨ ᠠᠬᠢᠭᠤᠯᠵᠦ᠂ ᠣᠶ ᠮᠣᠳᠣᠨ ᠤ ᠦᠷ᠎ᠡ ᠤᠨ ᠡᠬᠢ ᠪᠠᠶᠠᠯᠢᠭ ᠢ ᠬᠠᠮᠠᠭᠠᠯᠠᠬᠤ ᠪᠠ | ᠠᠰᠢᠭᠯᠠᠬᠤ ᠶᠢ ᠴᠢᠩᠭᠠᠳᠬᠠᠨ᠂ ᠡᠬᠢ ᠪᠠᠶᠠᠯᠢᠭ ᠤᠨ ᠲᠣᠬᠢᠷᠠᠭᠤᠯᠤᠯᠲᠠ ᠳᠠᠬᠢ ᠵᠠᠬ᠎ᠠ ᠳᠡᠯᠭᠡᠭᠦᠷ ᠤᠨ ᠰᠢᠶᠳᠪᠦᠷᠢᠯᠡᠬᠦ | ᠴᠢᠨᠠᠷᠲᠠᠶ ᠦᠶᠯᠡᠳᠦᠯ ᠢ ᠭᠦᠶᠴᠡᠳ ᠪᠠᠳᠠᠷᠠᠭᠤᠯᠵᠦ᠂ ᠰᠠᠭᠤᠷᠢ ᠶᠢ ᠴᠢᠩᠭᠠᠳᠬᠠᠬᠤ ᠂ ᠲᠠᠪᠴᠠᠩ ᠪᠠᠶᠢᠭᠤᠯᠬᠤ᠂ | ᠦᠢᠯᠡᠴᠢᠯᠡᠭᠡ ᠶᠢ ᠴᠢᠬᠤᠯᠠᠴᠢᠯᠠᠬᠤ᠂ ᠴᠢᠩᠭ᠎ᠠ ᠬᠢᠨᠠᠨ ᠬᠠᠮᠢᠶᠠᠷᠬᠤ ᠠᠵᠢᠯ ᠢ ᠲᠤᠪᠤᠶᠢᠮ᠎ᠠ ᠠᠳᠬᠤᠨ᠂ ᠠᠵᠤ | ᠠᠬᠤᠶᠢᠯᠠᠯ ᠢᠶᠠᠷ ᠭᠤᠤᠯ ᠴᠣᠭᠴᠠ ᠪᠣᠯᠭᠠᠬᠤ᠂ ᠵᠠᠬ᠎ᠠ ᠳᠡᠯᠭᠡᠭᠦᠷ ᠢᠶᠠᠷ ᠤᠳᠤᠷᠢᠳᠤᠮᠵᠢ ᠪᠣᠯᠭᠠᠬᠤ᠂ ᠴᠢᠳᠠᠪᠤᠷᠢᠲᠠᠨ | ᠢᠶᠠᠷ ᠦᠨᠳᠦᠰᠦ ᠪᠤᠯᠭᠠᠵᠦ᠂ ᠣᠷᠣᠨ ᠪᠦᠰᠡ ᠶᠢᠨ ᠬᠠᠮᠵᠢᠯᠴᠠᠭ᠎ᠠ᠂ ᠠᠵᠦ ᠠᠬᠤᠶᠢᠯᠠᠯ᠂ ᠰᠤᠷᠭᠠᠭᠤᠯᠢ᠂ ᠡᠷᠳᠡᠮ | ᠰᠢᠨᠵᠢᠯᠡᠭᠡᠨ ᠤ ᠰᠤᠳᠤᠯᠭᠠᠨ ᠤ ᠪᠠᠶᠢᠭᠤᠯᠭ᠎ᠠ ᠶᠢᠨ ᠠᠭᠤᠰᠤᠯᠴᠠᠯ᠂ ᠪᠣᠶᠢᠵᠢᠭᠤᠯᠬᠤ ᠦᠷᠡᠵᠢᠭᠦᠯᠬᠦ ᠳᠡᠯᠭᠡᠷᠡᠭᠦᠯᠬᠦ ᠶᠢ | ᠨᠢᠭᠡ ᠴᠣᠭᠴᠠᠵᠢᠭᠤᠯᠤᠨ ᠬᠥᠭᠵᠢᠭᠦᠯᠬᠦ ᠣᠳᠣ ᠦᠶ᠎ᠡ ᠶᠢᠨ ᠦᠷ᠎ᠡ ᠶᠢᠨ ᠦᠶᠯᠡᠰ ᠤᠨ ᠰᠢᠰᠲ᠋ᠧᠮ ᠢ ᠪᠤᠢ ᠪᠤᠯᠭᠠᠨ᠂ | ᠶᠡᠭᠡ ᠬᠡᠪᠴᠢᠶᠡᠨ ᠤ ᠤᠯᠤᠰ ᠤᠨ ᠭᠠᠵᠠᠷ ᠰᠢᠷᠣᠶ ᠶᠢ ᠨᠣᠭᠤᠭᠠᠷᠠᠭᠤᠯᠬᠤ ᠠᠵᠢᠯᠯᠠᠭ᠎ᠠ ᠶᠢ ᠶᠠᠪᠤᠭᠳᠠᠭᠤᠯᠬᠤ ᠪᠠ ᠣᠶ | ᠰᠢᠭᠤᠶ ᠨᠤᠲᠤᠭ ᠪᠡᠯᠴᠢᠭᠡᠷ ᠤᠨ ᠣᠳᠣᠬᠢᠴᠢᠯᠠᠯᠲᠠ ᠶᠢᠨ ᠪᠥᠲᠥᠭᠡᠨ ᠪᠠᠶᠢᠭᠤᠯᠤᠯᠲᠠ ᠶᠢ ᠠᠬᠢᠭᠤᠯᠬᠤ ᠳᠤ ᠪᠠᠲᠤ | ᠴᠢᠩᠭ᠎ᠠ ᠪᠠᠲᠤᠯᠠᠭ᠎ᠠ ᠬᠠᠩᠭᠠᠨ᠎ᠠ᠃ | ᠬᠤᠶᠠᠷ᠂ ᠦᠨᠳᠦᠰᠦᠨ ᠵᠠᠷᠴᠢᠮ | ︵ᠨᠢᠭᠡ ︶ ᠰᠢᠨᠵᠢᠯᠡᠬᠦ ᠤᠬᠠᠭᠠᠨ ᠮᠡᠷᠭᠡᠵᠢᠯ ᠢᠶᠠᠷ ᠦᠷ᠎ᠡ ᠪᠣᠶᠢᠵᠢᠭᠤᠯᠬᠤ ᠶᠢ ᠪᠠᠷᠢᠮᠲᠠᠯᠠᠨ᠂ ᠣᠶ ᠮᠣᠳᠣᠨ ᠤ | ᠦᠷ᠎ᠡ ᠪᠣᠶᠢᠵᠢᠭᠤᠯᠬᠤ ᠪᠣᠭᠤᠮᠲᠠ ᠰᠢᠪᠲᠤᠯᠬᠤ ᠪᠠ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ | ᠤᠯᠠᠷᠢᠭᠤᠯᠤᠨ ᠳᠡᠯᠭᠡᠷᠡᠭᠦᠯᠬᠦ ᠶᠢ ᠴᠢᠩᠭᠠᠳᠬᠠᠵᠦ᠂ ᠣᠶ ᠮᠣᠳᠣᠨ ᠤ ᠰᠠᠶᠢᠨ ᠡᠭᠦᠯᠳᠡᠷᠵᠢᠭᠦᠯᠬᠦ ᠠᠬᠢᠴᠠ ᠶᠢ | ᠲᠦᠷᠭᠡᠳᠬᠡᠨ ᠠᠬᠢᠭᠤᠯᠬᠤ ᠬᠡᠷᠡᠭᠲᠡᠶ᠃ | ︵ᠬᠤᠶᠠᠷ︶ ᠨᠢᠭᠡᠳᠦᠯᠲᠡᠶ ᠲᠥᠯᠥᠪᠵᠢᠭᠦᠯᠬᠦ᠂ ᠲᠥᠷᠥᠯ ᠬᠤᠪᠢᠶᠠᠨ ᠵᠢᠯᠣᠭᠤᠳᠬᠤ ᠶᠢ ᠪᠠᠷᠢᠮᠲᠠᠯᠠᠨ᠂ ᠵᠠᠰᠠᠭ | ᠤᠨ ᠣᠷᠳᠣᠨ ᠢᠶᠠᠷ ᠭᠤᠣᠯᠯᠠᠭᠤᠯᠬᠤ ᠪᠠ ᠵᠠᠬ᠎ᠠ ᠳᠡᠯᠭᠡᠭᠦᠷ ᠢᠶᠠᠷ ᠲᠣᠬᠢᠷᠠᠭᠤᠯᠬᠤ ᠶᠢ ᠬᠠᠷᠢᠯᠴᠠᠨ ᠤᠶᠠᠯᠳᠤᠭᠤᠯᠬᠤ | ᠵᠠᠷᠴᠢᠮ ᠢ ᠬᠡᠷᠡᠭᠵᠢᠭᠦᠯᠬᠦ ᠬᠡᠷᠡᠭᠲᠡᠶ᠃ | ︵ᠭᠤᠷᠪᠠ︶ ᠲᠣᠭᠲᠠᠴᠠ ᠶᠢᠨ ᠰᠢᠨ᠎ᠡ ᠶᠢ ᠡᠭᠦᠳᠬᠦ ᠶᠢ ᠪᠠᠷᠢᠮᠲᠠᠯᠠᠨ᠂ ᠦᠢᠯᠡᠳᠪᠦᠷᠢᠯᠡᠯ ᠤᠨ ᠲᠤᠰᠬᠠᠶᠢᠵᠢᠬᠤ | ᠂ ᠡᠵᠡᠩᠨᠡᠯᠲᠡ ᠶᠢᠨ ᠭᠤᠣᠯ ᠴᠣᠭᠴᠠ ᠶᠢᠨ ᠣᠯᠠᠨ ᠡᠰᠢᠵᠢᠬᠦ᠂ ᠶᠠᠰᠤ ᠴᠢᠨᠠᠷ ᠢ ᠪᠠᠷᠢᠮᠵᠢᠶᠠᠵᠢᠭᠤᠯᠬᠤ ᠪᠠ ︽ | ᠪᠣᠶᠢᠵᠢᠭᠤᠯᠬᠤ ᠦᠷᠡᠵᠢᠭᠦᠯᠬᠦ ᠪᠣᠷᠣᠯᠠᠭᠤᠯᠬᠤ ᠶᠢ ᠨᠢᠭᠡ ᠴᠣᠭᠴᠠᠵᠢᠭᠤᠯᠬᠤ ︾ ᠶᠢ ᠠᠬᠢᠭᠤᠯᠬᠤ ᠬᠡᠷᠡᠭᠲᠡᠶ᠃ | ︵ᠳᠥᠷᠪᠡ︶ ᠰᠠᠭᠤᠷᠢ ᠶᠢ ᠴᠢᠩᠭᠠᠳᠬᠠᠬᠤ᠂ ᠲᠠᠪᠴᠠᠩ ᠪᠠᠶᠢᠭᠤᠯᠬᠤ᠂ ᠦᠢᠯᠡᠴᠢᠯᠡᠭᠡ ᠶᠢ ᠴᠢᠬᠤᠯᠠᠴᠢᠯᠠᠬᠤ᠂ | ᠴᠢᠩᠭ᠎ᠠ ᠬᠢᠨᠠᠨ ᠬᠠᠮᠢᠶᠠᠷᠬᠤ ᠶᠢ ᠪᠠᠷᠢᠮᠲᠠᠯᠠᠨ᠂ ᠣᠶ ᠮᠣᠳᠣᠨ ᠤ ᠦᠷ᠎ᠡ ᠪᠠ ᠵᠤᠯᠵᠠᠭ᠎ᠠ ᠮᠣᠳᠣᠨ ᠤ ᠦᠢᠯᠡᠳᠪᠦᠷᠢᠯᠡᠯ | ᠪᠣᠯᠤᠨ ᠬᠠᠮᠢᠶᠠᠷᠤᠯᠲᠠ ᠶᠢᠨ ᠲᠦᠷᠢᠮᠵᠢᠯ ᠢ ᠲᠦᠯᠬᠢᠨ ᠠᠬᠢᠭᠤᠯᠬᠤ ᠬᠡᠷᠡᠭᠲᠡᠶ᠃ | ︵ᠲᠠᠪᠤ︶ ᠦᠷ᠎ᠡ ᠪᠠ ᠵᠤᠯᠵᠠᠭ᠎ᠠ ᠮᠣᠳᠣᠨ ᠤ ᠬᠠᠤᠯᠢ ᠬᠡᠷᠡᠭᠵᠢᠭᠦᠯᠬᠦ ᠵᠢᠴᠢ ᠶᠠᠰᠤ ᠴᠢᠨᠠᠷ ᠤᠨ ᠬᠢᠨᠠᠯᠲᠠ | ᠬᠠᠮᠢᠶᠠᠷᠤᠯᠲᠠ ᠶᠢ ᠪᠠᠷᠢᠮᠲᠠᠯᠠᠨ᠂ ᠦᠷ᠎ᠡ ᠪᠠ ᠵᠤᠯᠵᠠᠭ᠎ᠠ ᠮᠣᠳᠣᠨ ᠤ ᠶᠠᠰᠤ ᠴᠢᠨᠠᠷ ᠢ ᠰᠤᠭᠤᠴᠠᠨ ᠪᠠᠶᠢᠴᠠᠭᠠᠬᠤ ᠪᠠ | ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠦ᠂ ᠬᠤᠳᠠᠯ ᠬᠠᠭᠤᠷᠮᠠᠭ ᠴᠢᠨᠠᠷ ᠮᠠᠭᠤ ᠦᠷ᠎ᠡ ᠪᠠ | ᠵᠤᠯᠵᠠᠭ᠎ᠠ ᠮᠣᠳᠣ ᠶᠢ ᠪᠤᠶᠢᠵᠢᠭᠤᠯᠵᠦ ᠪᠣᠷᠣᠯᠠᠭᠤᠯᠬᠤ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠬᠦ ᠬᠡᠷᠡᠭᠲᠡᠶ᠃ | | ᠭᠤᠷᠪᠠ᠂ ᠬᠠᠮᠢᠶᠠᠷᠤᠯᠲᠠ ᠶᠢᠨ ᠬᠠᠷᠢᠭᠤᠴᠠᠯᠭ᠎ᠠ | ︵ᠨᠢᠭᠡ ︶ ᠡᠯ᠎ᠡ ᠬᠤᠰᠢᠭᠤ ᠰᠢᠶᠠᠨ ᠬᠤᠲᠠ ᠶᠢᠨ ᠤᠯᠤᠰ ᠤᠨ ᠥᠮᠴᠢᠯᠡᠯᠲᠦ ᠣᠶ ᠰᠢᠭᠤᠶ ᠶᠢᠨ ᠲᠠᠯᠠᠪᠠᠶ | ᠶᠢᠨ ᠵᠤᠯᠵᠠᠭ᠎ᠠ ᠮᠣᠳᠣᠨ ᠤ ᠬᠦᠷᠢᠶᠡᠯᠡᠩ ︵ᠰᠠᠭᠤᠷᠢᠨ ᠭᠠᠵᠠᠷ︶ ᠲᠤᠰ ᠭᠠᠵᠠᠷ ᠣᠷᠣᠨ ᠤ ᠭᠤᠣᠯᠳᠠᠯᠭ᠎ᠠ ᠲᠠᠢ | ᠢᠨᠵᠧᠨᠧᠷᠢᠩ ᠤᠨ ᠵᠤᠯᠵᠠᠭ᠎ᠠ ᠮᠣᠳᠣ ᠶᠢ ᠪᠣᠶᠢᠵᠢᠭᠤᠯᠬᠤ᠂ ᠣᠶ ᠮᠣᠳᠣᠨ ᠤ ᠡᠭᠦᠯᠳᠡᠷ ᠣᠷᠣᠭᠤᠯᠬᠤ ᠪᠠ ᠦᠷ᠎ᠡ | ᠡᠳ᠋ ᠤᠨ ᠡᠬᠢ ᠪᠠᠶᠠᠯᠢᠭ ᠤᠨ ᠬᠠᠮᠢᠶᠠᠷᠤᠯᠲᠠ ᠶᠢ ᠬᠠᠷᠢᠭᠤᠴᠠᠵᠤ᠂ ᠣᠶ ᠮᠣᠳᠣᠨ ᠤ ᠰᠠᠶᠢᠨ ᠡᠭᠦᠯᠳᠡᠷ ᠢ ᠰᠣᠩᠭᠤᠨ | ᠪᠣᠶᠢᠵᠢᠭᠤᠯᠬᠤ᠂ ᠮᠡᠳᠡᠭᠦᠯᠬᠦ ᠪᠠ ᠳᠡᠯᠭᠡᠷᠡᠭᠦᠯᠬᠦ ᠶᠢ ᠵᠣᠬᠢᠶᠠᠨ ᠪᠠᠶᠢᠭᠤᠯᠵᠤ᠂ ᠣᠶ ᠮᠣᠳᠣᠨ ᠤ ᠰᠠᠶᠢᠨ ᠡᠭᠦᠯᠳᠡᠷ ᠢ | ᠳᠡᠯᠭᠡᠷᠡᠭᠦᠯᠦᠨ ᠬᠡᠷᠡᠭᠯᠡᠬᠦ ᠯᠦᠭᠡ ᠬᠤᠯᠪᠣᠭᠳᠠᠬᠤ ᠮᠡᠷᠭᠡᠵᠢᠯ ᠤᠨ ᠮᠡᠳᠡᠭᠡ ᠵᠠᠩᠭᠢ ᠶᠢᠨ ᠦᠢᠯᠡᠴᠢᠯᠡᠭᠡ ᠬᠠᠩᠭᠠᠵᠤ᠂ | ᠥᠨᠳᠥᠷ ᠤᠨᠠᠯᠲᠠ ᠲᠠᠢ ᠴᠢᠨᠠᠷ ᠰᠠᠶᠢᠲᠠᠶ᠂ ᠥᠨᠳᠥᠷ ᠦᠷ᠎ᠡ ᠠᠰᠢᠭ ᠲᠠᠢ ᠨᠤᠲᠤᠭ ᠤᠷᠤᠨ ᠤ ᠮᠣᠳᠣᠨ ᠤ ᠰᠠᠶᠢᠨ | ᠡᠭᠦᠯᠳᠡᠷ ᠤᠨ ᠵᠤᠯᠵᠠᠭ᠎ᠠ ᠮᠣᠳᠣ᠂ ᠣᠶ ᠮᠣᠳᠣᠨ ᠤ ᠰᠢᠨ᠎ᠡ ᠡᠭᠦᠯᠳᠡᠷ ᠢ ᠪᠣᠶᠢᠵᠢᠭᠤᠯᠬᠤ᠂ ᠰᠢᠨ᠎ᠡ ᠮᠡᠷᠭᠡᠵᠢᠯ ᠤᠨ | ᠬᠡᠷᠡᠭᠯᠡᠯᠲᠡ ᠪᠠ ᠵᠠᠬ᠎ᠠ ᠳᠡᠯᠭᠡᠭᠦᠷ ᠲᠤ ᠳᠤᠲᠠᠭᠳᠠᠵᠤ ᠪᠠᠶᠢᠭ᠎ᠠ ᠨᠤᠲᠤᠭ ᠤᠷᠤᠨ ᠤ᠂ ᠬᠤᠪᠣᠷ ᠨᠠᠨᠳᠢᠨ ᠣᠨᠴᠣᠭᠤᠶ | ᠮᠣᠳᠣᠨ ᠤ ᠦᠷ᠎ᠡ ᠪᠠ ᠵᠤᠯᠵᠠᠭ᠎ᠠ ᠮᠣᠳᠣᠨ ᠤ ᠦᠢᠯᠡᠳᠪᠦᠷᠢᠯᠡᠯ ᠵᠡᠷᠭᠡ ᠠᠵᠢᠯ ᠢ ᠰᠠᠶᠢᠳᠤᠷ ᠬᠢᠬᠦ ᠬᠡᠷᠡᠭᠲᠡᠶ᠃ | ︵ᠬᠤᠶᠠᠷ ︶ ᠡᠯ᠎ᠡ ᠱᠠᠲᠤᠨ ᠤ ᠣᠶ ᠮᠣᠳᠣᠨ ᠤ ᠦᠷ᠎ᠡ ᠴᠢᠬᠢ ᠶᠢᠨ ᠬᠠᠮᠢᠶᠠᠷᠤᠯᠲᠠ ᠶᠢᠨ ᠪᠠᠶᠢᠭᠤᠯᠤᠮᠵᠢ | ᠲᠤᠰ ᠭᠠᠵᠠᠷ ᠣᠷᠣᠨ ᠤ ᠣᠶ ᠮᠣᠳᠣᠨ ᠤ ᠦᠷ᠎ᠡ ᠴᠢᠬᠢ ᠶᠢᠨ ᠶᠠᠰᠤ ᠴᠢᠨᠠᠷ ᠲᠤ ᠬᠢᠨᠠᠯᠲᠠ ᠲᠠᠯᠪᠢᠬᠤ᠂ ᠪᠠᠶᠢᠴᠠᠭᠠᠬᠤ | ᠠᠵᠢᠯ ᠪᠣᠯᠤᠨ ︽ᠬᠤᠶᠠᠷ ᠦᠨᠡᠮᠯᠡᠯ ᠨᠢᠭᠡ ᠲᠡᠮᠳᠡᠭ ︾᠂ ︽ᠡᠪᠡᠳᠴᠢᠨ ᠬᠤᠷᠣᠬᠠᠶ ᠶᠢᠨ ᠬᠥᠨᠥᠭᠡᠯ ᠢ ᠰᠢᠯᠭᠠᠨ | ᠪᠠᠶᠢᠴᠠᠭᠠᠭᠰᠠᠨ ᠬᠢᠵᠢᠭ ᠪᠠᠶᠢᠴᠠᠭᠠᠭᠰᠠᠨ ᠭᠡᠷᠡᠴᠢ ︾ ᠵᠡᠷᠭᠡ ᠳᠦᠷᠢᠮ ᠢ ᠬᠡᠷᠡᠭᠵᠢᠭᠦᠯᠦᠭᠰᠡᠨ ᠪᠠᠶᠢᠳᠠᠯ ᠢ ᠪᠣᠳᠠᠲᠠᠶ | ᠬᠠᠷᠢᠭᠤᠴᠠᠬᠤ ᠬᠡᠷᠡᠭᠲᠡᠶ᠃ ᠭᠤᠤᠯᠳᠠᠯᠭ᠎ᠠ ᠲᠠᠢ ᠢᠨᠵᠧᠨᠧᠷᠢᠩ ᠤᠨ ᠣᠶᠢᠵᠢᠭᠤᠯᠤᠯᠲᠠ ᠶᠢᠨ ︽ᠬᠤᠶᠠᠷ ᠦᠨᠡᠮᠯᠡᠯ | ᠨᠢᠭᠡ ᠲᠡᠮᠳᠡᠭ︾ ᠢ ᠬᠡᠷᠡᠭᠯᠡᠨ᠎ᠡ᠃ | ︵ᠭᠤᠷᠪᠠ ︶ ᠡᠯ᠎ᠡ ᠱᠠᠲᠤᠨ ᠤ ᠤᠢ ᠰᠢᠭᠤᠢ ᠪᠣᠯᠤᠨ ᠨᠤᠲᠤᠭ ᠪᠡᠯᠴᠢᠭᠡᠷ ᠤᠨ ᠵᠠᠰᠠᠭ ᠵᠠᠬᠢᠷᠭᠠᠨ ᠤ | ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠤᠢ ᠮᠣᠳᠣᠨ ᠤ ᠦᠷ᠎ᠡ ᠪᠠ ᠵᠤᠯᠵᠠᠭ᠎ᠠ ᠮᠣᠳᠣᠨ ᠤ ᠬᠠᠮᠢᠶᠠᠷᠤᠯᠲᠠ | ᠶᠢᠨ ᠠᠵᠢᠯ ᠤᠨ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠵᠤ᠂ ᠤᠢ ᠮᠣᠳᠣᠨ ᠤ ᠦᠷ᠎ᠡ ᠪᠠ ᠵᠤᠯᠵᠠᠭ᠎ᠠ | ᠮᠣᠳᠣᠨ ᠤ ᠬᠠᠮᠢᠶᠠᠷᠤᠯᠲᠠ ᠶᠢᠨ ᠪᠠᠶᠢᠭᠤᠯᠤᠮᠵᠢ ᠶᠢᠨ ᠡᠭᠦᠷᠭᠡ ᠴᠢᠳᠠᠪᠤᠷᠢ ᠶᠢᠨ ᠦᠢᠯᠡᠳᠦᠯ ᠢ ᠭᠦᠢᠴᠡᠳ | ᠪᠠᠳᠠᠷᠠᠭᠤᠯᠤᠨ᠂ ᠤᠢ ᠮᠣᠳᠣᠨ ᠤ ᠦᠷ᠎ᠡ ᠪᠠ ᠵᠤᠯᠵᠠᠭ᠎ᠠ ᠮᠣᠳᠣᠨ ᠤ ᠦᠢᠯᠡᠳᠪᠦᠷᠢᠯᠡᠬᠦ᠂ ᠡᠳ᠋ᠰᠢᠭᠦᠯᠬᠦ᠂ | ᠪᠣᠭᠤᠳᠠᠯᠯᠠᠬᠤ᠂ ᠬᠠᠳᠠᠭᠠᠯᠠᠬᠤ᠂ ᠪᠣᠷᠣᠯᠠᠭᠤᠯᠬᠤ ᠵᠡᠷᠭᠡ ᠭᠤᠭᠴᠤᠭ᠎ᠠ ᠶᠢᠨ ᠪᠥᠬᠦ ᠶᠠᠪᠤᠴᠠ ᠶᠢᠨ ᠶᠠᠰᠤ ᠴᠢᠨᠠᠷ ᠤᠨ | ᠬᠠᠮᠢᠶᠠᠷᠤᠯᠲᠠ ᠶᠢ ᠴᠢᠩᠭᠠᠳᠬᠠᠵᠤ᠂ ᠦᠢᠯᠡᠳᠪᠦᠷᠢᠯᠡᠵᠦ ᠡᠵᠡᠩᠨᠡᠬᠦ ᠶᠢ ᠵᠥᠪᠰᠢᠶᠡᠷᠡᠬᠦ᠂ ᠰᠢᠯᠭᠠᠨ ᠪᠠᠶᠢᠴᠠᠭᠠᠬᠤ᠂ | ᠲᠡᠮᠳᠡᠭ ᠲᠠᠯᠪᠢᠬᠤ᠂ ᠳᠠᠩᠰᠠ ᠡᠪᠬᠡᠮᠡᠯ ᠵᠡᠷᠭᠡ ᠭᠤᠭᠴᠤᠭ᠎ᠠ ᠶᠢ ᠲᠦᠷᠢᠮᠵᠢᠭᠦᠯᠦᠨ᠂ ᠤᠢ ᠮᠣᠳᠣᠨ ᠤ ᠰᠢᠨ᠎ᠡ | ᠡᠭᠦᠯᠳᠡᠷ ᠢ ᠬᠠᠮᠠᠭᠠᠯᠠᠬᠤ ᠲᠥᠷᠢᠮ ᠢ ᠲᠡᠭᠦᠯᠳᠡᠷᠵᠢᠭᠦᠯᠵᠦ᠂ ᠬᠤᠳᠠᠯ ᠬᠠᠭᠤᠷᠮᠠᠭ᠂ ᠴᠢᠨᠠᠷ ᠮᠠᠭᠤ ᠦᠷ᠎ᠡ ᠪᠠ | ᠤᠷᠭᠤᠮᠠᠯ ᠤᠨ ᠰᠢᠨ᠎ᠡ ᠡᠭᠦᠯᠳᠡᠷ ᠤᠨ ᠡᠷᠬᠡ ᠳᠤ ᠬᠠᠯᠳᠠᠬᠤ ᠵᠡᠷᠭᠡ ᠥᠢᠯᠡ ᠠᠵᠢᠯᠯᠠᠭ᠎ᠠ ᠲᠤ ᠬᠠᠤᠯᠢ ᠶᠣᠰᠣᠭᠠᠷ | ᠴᠣᠬᠢᠯᠲᠠ ᠦᠭᠭᠦᠨ᠎ᠡ᠃ | ︵ᠳᠥᠷᠪᠡ ︶ ᠡᠯ᠎ᠡ ᠬᠤᠰᠢᠭᠤ ᠰᠢᠶᠠᠨ ᠬᠤᠲᠠ ᠶᠢᠨ ᠣᠶ ᠮᠣᠳᠣᠨ ᠤ ᠦᠷ᠎ᠡ ᠪᠠ ᠵᠤᠯᠵᠠᠭ᠎ᠠ ᠮᠣᠳᠣᠨ ᠤ | ᠬᠠᠮᠢᠶᠠᠷᠤᠯᠲᠠ ᠶᠢᠨ ᠪᠠᠶᠢᠭᠤᠯᠤᠮᠵᠢ ᠳᠠᠬᠢ ᠡᠳ᠋ ᠤᠨ ᠵᠠᠰᠠᠭ ᠤᠨ ᠳᠡᠮᠵᠢᠯᠭᠡ ᠪᠠᠨ ᠨᠡᠮᠡᠭᠳᠡᠭᠦᠯᠵᠦ᠂ ᠡᠳᠦᠷ ᠲᠤᠲᠤᠮ | ᠤᠨ ᠠᠵᠢᠯᠯᠠᠬᠤ᠂ ᠦᠷ᠎ᠡ ᠪᠠ ᠵᠤᠯᠵᠠᠭ᠎ᠠ ᠮᠣᠳᠣᠨ ᠤ ᠬᠠᠤᠯᠢ ᠬᠡᠷᠡᠭᠵᠢᠭᠦᠯᠬᠦ᠂ ᠶᠠᠰᠤ ᠴᠢᠨᠠᠷ ᠢ ᠰᠢᠯᠭᠠᠨ ᠪᠠᠶᠢᠴᠠᠭᠠᠬᠤ | ᠵᠡᠷᠭᠡ ᠴᠢᠬᠤᠯᠠ ᠪᠦᠬᠦᠢ ᠲᠥᠬᠦᠭᠡᠷᠦᠮᠵᠢ ᠶᠢ ᠲᠣᠬᠢᠷᠠᠭᠤᠯᠤᠨ ᠲᠡᠭᠦᠯᠳᠡᠷᠵᠢᠭᠦᠯᠬᠦ ᠬᠡᠷᠡᠭᠲᠡᠶ᠃ ᠡᠯ᠎ᠡ ᠱᠠᠲᠤᠨ ᠤ ᠣᠶ | ᠰᠢᠭᠤᠶ ᠪᠠ ᠨᠤᠲᠤᠭ ᠪᠡᠯᠴᠢᠭᠡᠷ᠂ ᠬᠥᠭᠵᠢᠭᠦᠯᠦᠯᠲᠡ ᠥᠭᠡᠷᠡᠴᠢᠯᠡᠯᠲᠡ᠂ ᠬᠥᠮᠦᠨ ᠤ ᠬᠦᠴᠦᠨ ᠤ ᠡᠬᠢ ᠪᠠᠶᠠᠯᠢᠭ ᠪᠠ | ᠨᠡᠶᠢᠭᠡᠮ ᠤᠨ ᠪᠠᠲᠤᠯᠠᠭ᠎ᠠ᠂ ᠣᠷᠣᠨ ᠲᠣᠭᠠᠨ ᠤ ᠠᠯᠪᠠᠨ ᠭᠡᠷ᠂ ᠡᠳ᠋ ᠤᠨ ᠵᠠᠰᠠᠭ᠂ ᠭᠠᠶᠢᠯᠢ ᠶᠢᠨ ᠶᠠᠪᠤᠳᠠᠯ᠂ | ᠪᠠᠶᠢᠭᠠᠯᠢ ᠶᠢᠨ ᠡᠬᠢ ᠪᠠᠶᠠᠯᠢᠭ᠂ ᠮᠥᠩᠭᠦᠨ ᠭᠦᠢᠯᠭᠡᠭᠡᠨ ᠵᠡᠷᠭᠡ ᠰᠠᠯᠠᠭ᠎ᠠ ᠮᠥᠴᠢᠷ ᠤᠳ ᠬᠠᠮᠳᠤᠷᠠᠨ ᠬᠠᠮᠵᠢᠯᠴᠠᠬᠤ | ᠪᠠᠨ ᠴᠢᠩᠭᠠᠳᠬᠠᠵᠤ᠂ ᠪᠠᠶᠢᠭᠤᠯᠤᠮᠵᠢ ᠶᠢᠨ ᠪᠦᠲᠦᠭᠡᠨ ᠪᠠᠶᠢᠭᠤᠯᠤᠯᠲᠠ᠂ ᠪᠡᠯᠡ ᠮᠥᠩᠭᠦ ᠶᠢᠨ ᠣᠷᠣᠭᠤᠯᠤᠯᠲᠠ᠂ | ᠲᠥᠷᠥᠯ ᠵᠦᠢᠯ ᠲᠣᠭᠲᠠᠭᠠᠬᠤ᠂ ᠭᠠᠵᠠᠷ ᠰᠢᠷᠣᠶ ᠶᠢᠨ ᠡᠵᠡᠩᠨᠡᠯᠳᠡ ᠶᠢᠨ ᠡᠷᠬᠡ ᠶᠢ ᠰᠢᠯᠵᠢᠭᠦᠯᠬᠦ᠂ ᠭᠠᠶᠢᠯᠢ ᠰᠦᠢᠳᠬᠡᠯ | ᠢ ᠬᠠᠰᠤᠵᠤ ᠬᠡᠯᠲᠦᠷᠢᠭᠦᠯᠬᠦ᠂ ᠢᠲᠡᠭᠡᠮᠵᠢᠲᠦ ᠵᠢᠭᠡᠯᠡᠯᠭᠡ ᠪᠠᠷ ᠪᠡᠯᠡ ᠲᠣᠬᠢᠷᠠᠭᠤᠯᠬᠤ ᠵᠡᠷᠭᠡ ᠲᠠᠯ᠎ᠠ ᠪᠠᠷ ᠲᠥᠷᠥ ᠶᠢᠨ | ᠪᠣᠳᠣᠯᠭ᠎ᠠ ᠶᠢᠨ ᠲᠡᠳᠬᠦᠮᠵᠢ ᠦᠵᠡᠭᠦᠯᠵᠦ᠂ ᠪᠦᠬᠦ ᠠᠶᠢᠮᠠᠭ ᠤᠨ ᠣᠶ ᠮᠣᠳᠣᠨ ᠤ ᠦᠷ᠎ᠡ ᠴᠢᠬᠢ ᠶᠢᠨ ᠡᠷᠡᠭᠦᠯ ᠢᠶᠠᠷ | ᠦᠷᠭᠦᠯᠵᠢᠯᠡᠨ ᠬᠥᠭᠵᠢᠬᠦ ᠶᠢ ᠬᠠᠮᠲᠤᠪᠠᠷ ᠠᠬᠢᠭᠤᠯᠬᠤ ᠬᠡᠷᠡᠭᠲᠡᠶ᠃ | ᠤᠢ ᠮᠣᠳᠣᠨ ᠤ ᠰᠡᠶᠢᠠ ᠡᠭᠦᠯᠳᠡᠷ ᠢ ᠳᠡᠯᠭᠡᠷᠡᠭᠦᠯᠬᠦ ᠠᠵᠢᠯ ᠤᠨ ᠳᠤᠮᠳᠠ ᠢᠯᠡᠳᠲᠡ ᠠᠮᠵᠢᠯᠲᠠ ᠪᠦᠲᠦᠮᠵᠢ | ᠣᠯᠵᠤ᠂ ᠤᠯᠤᠰ ᠣᠷᠣᠨ ᠤ ᠠᠰᠢᠭ ᠲᠤᠰᠠ ᠪᠤᠶᠤ ᠤᠯᠡᠠ ᠨᠡᠶᠢᠲᠡ ᠶᠢᠨ ᠠᠰᠢᠭ ᠲᠤᠰᠠ ᠳᠤ ᠬᠤᠯᠪᠣᠭᠳᠠᠬᠤ | ᠪᠥᠭᠡᠳ ᠴᠢᠬᠤᠯᠠ ᠶᠡᠭᠡ ᠬᠡᠷᠡᠭᠯᠡᠭᠡᠨ ᠤ ᠦᠨ᠎ᠡ ᠤᠢᠷᠳᠡᠭ ᠲᠠᠢ ᠤᠷᠭᠤᠮᠠᠯ ᠤᠨ ᠰᠢᠨ᠎ᠡ ᠡᠭᠦᠯᠳᠡᠷ ᠢ ᠪᠣᠶᠢᠵᠢᠭᠤᠯᠬᠤ | ᠠᠵᠢᠯ ᠢ ᠪᠡᠶᠡᠯᠡᠭᠦᠯᠦᠭᠰᠡᠨ ᠨᠢᠭᠡᠴᠡ ᠪᠤᠶᠤ ᠬᠤᠪᠢ ᠬᠥᠮᠦᠨ ᠢ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ | ᠵᠠᠰᠠᠭ ᠤᠨ ᠣᠷᠳᠣᠨ ᠪᠤᠶᠤ ᠬᠤᠯᠪᠣᠭᠳᠠᠯ ᠪᠦᠬᠦᠢ ᠰᠠᠯᠠᠭ᠎ᠠ ᠮᠥᠴᠢᠷ ᠠᠴᠠ ᠬᠥᠬᠢᠭᠦᠯᠦᠨ ᠱᠠᠩᠨᠠᠨ᠎ᠠ᠃ | ᠳᠥᠷᠪᠡ᠂ ᠪᠥᠲᠥᠭᠡᠨ ᠪᠠᠶᠢᠭᠤᠯᠬᠤ ᠪᠠᠷᠢᠮᠵᠢᠶ᠎ᠠ | ᠡᠯ᠎ᠡ ᠬᠤᠰᠢᠭᠤ ᠰᠢᠶᠠᠨ ᠬᠤᠲᠠ ᠤᠯᠤᠰ ᠤᠨ ᠥᠮᠴᠢᠯᠡᠯᠲᠦ ᠣᠶ ᠰᠢᠭᠤᠶ ᠶᠢᠨ ᠲᠠᠯᠠᠪᠠᠶ ᠶᠢᠨ ᠵᠤᠯᠵᠠᠭ᠎ᠠ | ᠮᠣᠳᠣᠨ ᠤ ᠬᠦᠷᠢᠶᠡᠯᠡᠩ ︵ᠰᠠᠭᠤᠷᠢᠨ ᠭᠠᠵᠠᠷ ︶ ᠤᠨ ᠪᠦᠲᠦᠭᠡᠨ ᠪᠠᠶᠢᠭᠤᠯᠤᠯᠲᠠ ᠨᠢ ︽ᠪᠦᠭᠦᠳᠡ ᠨᠠᠶᠢᠷᠠᠮᠳᠠᠬᠤ | ᠳᠤᠮᠳᠠᠳᠤ ᠠᠷᠠᠳ ᠤᠯᠤᠰ ᠤᠨ ᠣᠶ ᠰᠢᠭᠤᠶ ᠶᠢᠨ ᠵᠤᠯᠵᠠᠭ᠎ᠠ ᠮᠣᠳᠣᠨ ᠤ ᠬᠦᠷᠢᠶᠡᠯᠡᠩ ᠤᠨ ᠢᠨᠵᠧᠨᠧᠷᠢᠩ ᠤᠨ | ᠵᠢᠷᠤᠭ ᠲᠥᠯᠥᠪᠯᠡᠭᠡ ᠶᠢᠨ ᠲᠦᠷᠢᠮᠵᠢᠯ ︾ ︵LYJ 128— 92 )︶ ᠤᠨ ᠱᠠᠭᠠᠷᠳᠠᠯᠭ᠎ᠠ ᠪᠣᠯᠤᠨ ᠭᠠᠵᠠᠷ | ᠣᠷᠣᠨ ᠤ ᠣᠶ ᠮᠣᠳᠣᠨ ᠤ ᠦᠷ᠎ᠡ ᠴᠢᠬᠢ ᠶᠢᠨ ᠪᠦᠲᠦᠭᠡᠨ ᠪᠠᠶᠢᠭᠤᠯᠤᠯᠲᠠ ᠶᠢᠨ ᠶᠡᠷᠦᠩᠬᠡᠶ ᠰᠡᠳᠬᠢᠴᠡ ᠶᠢ | ᠦᠨᠳᠦᠰᠦᠯᠡᠨ ᠂ ᠪᠠᠶᠢᠷᠢᠯᠠᠭᠤᠯᠤᠯᠲᠠ ᠵᠣᠬᠢᠰᠲᠠᠶ᠂ ᠰᠠᠭᠤᠷᠢ ᠲᠥᠬᠦᠭᠡᠷᠦᠮᠵᠢ ᠲᠡᠭᠦᠯᠳᠡᠷᠵᠢᠭᠰᠡᠨ᠂ ᠪᠠᠶᠢᠭᠠᠯᠢ ᠪᠠ | ᠠᠵᠤ ᠠᠬᠤᠶ ᠨᠡᠶᠢᠭᠡᠮ ᠤᠨ ᠨᠥᠬᠦᠴᠡᠯ ᠳᠠᠪᠠᠭᠤᠯᠢᠭ᠂ ᠬᠦᠷᠢᠶᠡᠯᠡᠩ ᠨᠢ ᠵᠣᠬᠢᠬᠤ ᠬᠡᠪᠴᠢᠶ᠎ᠡ ᠶᠢ ᠪᠦᠷᠢᠯᠳᠦᠭᠦᠯᠬᠦ | ᠱᠠᠭᠠᠷᠳᠠᠯᠭ᠎ᠠ ᠶᠤᠰᠤᠭᠠᠷ ᠮᠡᠷᠭᠡᠵᠢᠯ ᠰᠠᠶᠢᠨ᠂ ᠠᠵᠤ ᠠᠬᠤᠶ ᠶᠢᠨ ᠦᠷ᠎ᠡ ᠠᠰᠢᠭ ᠦᠨᠳᠦᠷ᠂ ᠲᠤᠰ ᠭᠠᠵᠠᠷ ᠣᠷᠣᠨ | ᠤ ᠠᠮᠢ ᠠᠬᠤᠶ ᠶᠢᠨ ᠪᠦᠲᠦᠭᠡᠨ ᠪᠠᠶᠢᠭᠤᠯᠤᠯᠲᠠ ᠶᠢᠨ ᠦᠷ᠎ᠡ ᠴᠢᠬᠢ ᠶᠢᠨ ᠬᠠᠩᠭᠠᠯᠭ᠎ᠠ ᠶᠢᠨ ᠬᠡᠷᠡᠭᠴᠡᠭᠡ ᠶᠢ | ᠬᠠᠩᠭᠠᠵᠤ ᠴᠢᠳᠠᠬᠤ ᠂ ᠲᠤᠰ ᠭᠠᠵᠠᠷ ᠣᠷᠣᠨ ᠤ ᠭᠤᠣᠯᠳᠠᠯᠭ᠎ᠠ ᠲᠠᠢ ᠢᠨᠵᠧᠨᠧᠷᠢᠩ ᠤᠨ ᠣᠶᠢᠵᠢᠭᠤᠯᠬᠤ ᠲᠠᠷᠢᠬᠤ | ᠨᠥᠬᠦᠴᠡᠯ ᠳᠤ ᠳᠣᠭᠢᠷᠬᠠᠰᠠᠨ ᠴᠢᠨᠠᠷ ᠰᠠᠶᠢᠲᠠᠶ ᠦᠷ᠎ᠡ ᠴᠢᠬᠢ ᠬᠠᠩᠭᠠᠬᠤ ᠪᠠ ᠲᠤᠰ ᠭᠠᠵᠠᠷ ᠣᠷᠣᠨ ᠤ ᠪᠠᠨ ᠠᠵᠤ | ᠠᠬᠤᠶ ᠶᠢᠨ ᠬᠥᠭᠵᠢᠯᠲᠡ ᠶᠢ ᠠᠬᠢᠭᠤᠯᠬᠤ ᠂ ᠡᠷᠭᠢᠨ ᠲᠣᠭᠤᠷᠢᠨ ᠤ ᠭᠠᠵᠠᠷ ᠣᠷᠣᠨ ᠤ ᠣᠶ ᠮᠣᠳᠣᠨ ᠤ ᠦᠷ᠎ᠡ ᠪᠠ | ᠵᠤᠯᠵᠠᠭ᠎ᠠ ᠮᠣᠳᠣᠨ ᠤ ᠬᠥᠭᠵᠢᠯᠲᠡ ᠶᠢ ᠨᠥᠯᠥᠭᠡᠯᠡᠨ ᠳᠠᠶᠢᠴᠢᠯᠠᠵᠦ ᠴᠢᠳᠠᠬᠤ᠂ ᠬᠤᠲᠠ ᠬᠥᠳᠡᠭᠡ ᠶᠢᠨ ᠣᠷᠴᠢᠨ | ᠲᠣᠭᠤᠷᠢᠨ ᠤ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠴᠢᠬᠢ ᠮᠣᠳᠣ ᠶᠢ ᠪᠠᠳᠤᠯᠠᠵᠦ ᠴᠢᠳᠠᠬᠤ ᠰᠠᠭᠤᠷᠢ ᠴᠢᠨᠠᠷᠲᠠᠶ | ᠪᠠᠲᠤᠯᠠᠭ᠎ᠠ ᠬᠠᠩᠭᠠᠬᠤ ᠤᠯᠤᠰ ᠤᠨ ᠥᠮᠴᠢᠯᠡᠯᠲᠦ ᠣᠶ ᠰᠢᠭᠤᠶ ᠶᠢᠨ ᠲᠠᠯᠠᠪᠠᠶ ᠶᠢᠨ ᠵᠤᠯᠵᠠᠭ᠎ᠠ ᠮᠣᠳᠣᠨ ᠤ | ᠬᠦᠷᠢᠶᠡᠯᠡᠩ ︵ᠰᠠᠭᠤᠷᠢᠨ ᠭᠠᠵᠠᠷ ︶ ᠢ ᠪᠦᠳᠦᠭᠡᠨ ᠪᠠᠶᠢᠭᠤᠯᠤᠨ᠎ᠠ ᠃ ᠣᠳᠣᠬᠠᠨ ᠤ ᠨᠥᠬᠦᠴᠡᠯ ᠶᠣᠰᠣᠭᠠᠷ᠂ | ᠲᠤᠬᠠᠶ ᠶᠢᠨ ᠭᠠᠵᠠᠷ ᠤᠨ ᠨᠤᠲᠤᠭ ᠤᠷᠤᠨ ᠤ ᠮᠣᠳᠣᠨ ᠤ ᠲᠥᠷᠥᠯ ᠵᠦᠢᠯ ᠢ ᠬᠡᠷᠡᠭᠯᠡᠨ ᠣᠶ ᠮᠣᠳᠣᠨ ᠤ ᠰᠠᠶᠢᠨ | ᠡᠭᠦᠯᠳᠡᠷ ᠤᠨ ᠵᠤᠯᠵᠠᠭ᠎ᠠ ᠮᠣᠳᠣ ᠶᠢ ᠪᠣᠶᠢᠵᠢᠭᠤᠯᠬᠤ ᠶᠢ ᠵᠣᠷᠢᠭᠵᠢᠭᠤᠯᠵᠤ᠂ ᠤᠯᠤᠰ ᠤᠨ ᠥᠮᠴᠢᠯᠡᠯᠲᠦ ᠣᠶ ᠰᠢᠭᠤᠶ | ᠶᠢᠨ ᠲᠠᠯᠠᠪᠠᠶ ᠶᠢᠨ ᠵᠤᠯᠵᠠᠭ᠎ᠠ ᠮᠣᠳᠣᠨ ᠤ ᠬᠦᠷᠢᠶᠡᠯᠡᠩ ︵ᠰᠠᠭᠤᠷᠢᠨ ᠭᠠᠵᠠᠷ︶ ᠢ ᠠᠳᠠᠭ ᠲᠠᠭᠠᠨ 3-5 ᠰᠠᠭᠤᠷᠢ | ᠪᠠᠶᠢᠭᠤᠯᠬᠤ ᠬᠡᠷᠡᠭᠲᠡᠶ᠃ | ᠲᠠᠪᠤ᠂ ᠲᠦᠷᠢᠮᠵᠢᠭᠰᠡᠨ ᠬᠠᠮᠢᠶᠠᠷᠤᠯᠲᠠ | ︵ᠨᠢᠭᠡ ︶ ᠬᠢᠩᠭᠠᠨ ᠠᠶᠢᠮᠠᠭ ᠤᠨ ᠬᠢᠯᠢ ᠳᠣᠲᠣᠷ᠎ᠠ ᠣᠶ ᠮᠣᠳᠣᠨ ᠤ ᠦᠷ᠎ᠡ ᠴᠢᠬᠢ ᠤᠶᠢᠵᠢᠭᠤᠯᠵᠦ | ᠡᠵᠡᠩᠨᠡᠵᠦ ᠪᠠᠶᠢᠭ᠎ᠠ ᠨᠢᠭᠡᠴᠡ ᠪᠤᠶᠤ ᠬᠤᠪᠢ ᠬᠥᠮᠦᠨ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ | ᠦᠷ᠎ᠡ ᠶᠢᠨ ᠬᠠᠤᠯᠢ ︾ ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠶ ᠮᠣᠳᠣᠨ ᠤ ᠦᠷ᠎ᠡ | ᠴᠢᠬᠢ ᠶᠢᠨ ᠳᠦᠷᠢᠮ ︾ ᠤᠨ ᠬᠠᠮᠢᠶ᠎ᠠ ᠪᠦᠬᠦᠢ ᠲᠣᠭᠲᠠᠭᠠᠯ ᠢ ᠦᠨᠳᠦᠰᠦᠯᠡᠨ᠂ ᠡᠷᠬᠡᠪᠰᠢ ︽ᠣᠶ ᠮᠣᠳᠣᠨ ᠤ | ᠦᠷ᠎ᠡ ᠴᠢᠬᠢ ᠤᠶᠢᠵᠢᠭᠤᠯᠵᠦ ᠡᠵᠡᠩᠨᠡᠬᠦ ᠵᠥᠪᠰᠢᠶᠡᠷᠡᠯ ᠤᠨ ᠦᠨᠡᠮᠯᠡᠯ ︾ ᠢ ᠭᠦᠢᠴᠡᠳᠬᠡᠬᠦ ᠬᠡᠷᠡᠭᠲᠡᠶ᠃ ᠡᠯ᠎ᠡ | ᠬᠤᠰᠢᠭᠤ ᠰᠢᠶᠠᠨ ᠬᠤᠲᠠ ᠶᠢᠨ ᠶᠠᠮᠠᠷᠪᠠ ᠨᠢᠭᠡᠴᠡ᠂ ᠬᠠᠮᠲᠤ ᠨᠡᠶᠢᠲᠡ ᠪᠣᠯᠤᠨ ᠬᠤᠪᠢ ᠬᠥᠮᠦᠨ ᠤᠶᠢᠵᠢᠭᠤᠯᠵᠦ | ᠤᠷᠭᠤᠭᠤᠯᠬᠤ ᠪᠠ ᠬᠡᠷᠡᠭᠯᠡᠬᠦ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠣᠷᠣᠨ ᠤ | ᠳᠣᠲᠣᠷᠠᠬᠢ ᠠᠶᠢᠮᠠᠭ ᠬᠤᠲᠠ ᠶᠢᠨ ᠬᠤᠭᠤᠷᠣᠨᠳᠣ ᠣᠶ ᠮᠣᠳᠣᠨ ᠤ ᠡᠭᠦᠯᠳᠡᠷ ᠢ ᠣᠷᠣᠭᠤᠯᠬᠤ ᠳᠤ ᠠᠶᠢᠮᠠᠭ ᠤᠨ ᠣᠶ | ᠰᠢᠭᠤᠶ ᠪᠣᠯᠤᠨ ᠨᠤᠲᠤᠭ ᠪᠡᠯᠴᠢᠭᠡᠷ ᠤᠨ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠢᠶᠠᠷ | ᠵᠥᠪᠰᠢᠶᠡᠷᠡᠭᠦᠯᠬᠦ ᠬᠡᠷᠡᠭᠲᠡᠶ᠃ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠣᠷᠣᠨ ᠤ ᠭᠠᠳᠠᠨ᠎ᠠ ᠠᠴᠠ ᠣᠶ | ᠮᠣᠳᠣᠨ ᠤ ᠡᠭᠦᠯᠳᠡᠷ ᠣᠷᠣᠭᠤᠯᠬᠤ ᠳᠤ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠣᠶ | ᠰᠢᠭᠤᠶ ᠪᠣᠯᠤᠨ ᠨᠤᠲᠤᠭ ᠪᠡᠯᠴᠢᠭᠡᠷ ᠤᠨ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠢᠶᠠᠷ | ᠵᠥᠪᠰᠢᠶᠡᠷᠡᠭᠦᠯᠬᠦ ᠬᠡᠷᠡᠭᠲᠡᠶ᠃ | ︵ᠬᠤᠶᠠᠷ ︶ ᠣᠶ ᠰᠢᠭᠤᠶ ᠪᠠ ᠨᠤᠲᠤᠭ ᠪᠡᠯᠴᠢᠭᠡᠷ ᠤᠨ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ | ᠰᠠᠯᠠᠭ᠎ᠠ ᠮᠥᠴᠢᠷ ᠤᠳ ᠠᠶᠢᠮᠠᠭ᠂ ᠬᠤᠰᠢᠭᠤ ᠰᠢᠶᠠᠨ ᠬᠤᠲᠠ᠂ ᠣᠶ ᠮᠣᠳᠣᠨ ᠤ ᠦᠷ᠎ᠡ ᠪᠠ ᠵᠤᠯᠵᠠᠭ᠎ᠠ ᠮᠣᠳᠣᠨ ᠤ | ᠬᠠᠮᠢᠶᠠᠷᠤᠯᠲᠠ ᠶᠢᠨ ᠪᠠᠶᠢᠭᠤᠯᠤᠮᠵᠢ ᠶᠢᠨ ᠭᠤᠷᠪᠠᠨ ᠱᠠᠲᠤᠨ ᠤ ᠬᠠᠮᠢᠶᠠᠷᠤᠯᠲᠠ ᠶᠢᠨ ᠰᠢᠰᠲ᠋ᠧᠮ ᠢ ᠪᠠᠶᠢᠭᠤᠯᠵᠤ᠂ ᠣᠶ | ᠮᠣᠳᠣᠨ ᠤ ᠦᠷ᠎ᠡ ᠪᠠ ᠵᠤᠯᠵᠠᠭ᠎ᠠ ᠮᠣᠳᠣᠨ ᠤ ᠦᠶᠯᠡᠳᠪᠦᠷᠢᠯᠡᠯ ᠡᠵᠡᠩᠨᠡᠯᠲᠡ ᠶᠢᠨ ᠠᠵᠢᠯᠯᠠᠭ᠎ᠠ ᠳᠤ ᠬᠢᠨᠠᠯᠲᠠ | ᠲᠠᠯᠪᠢᠬᠤ ᠪᠠ ᠵᠢᠯᠣᠭᠤᠳᠬᠤ ᠶᠢᠨ ᠬᠠᠮᠲᠤ ᠬᠠᠮᠢᠶ᠎ᠠ ᠪᠦᠬᠦᠢ ᠡᠳᠦᠷ ᠲᠤᠲᠤᠮ ᠤᠨ ᠠᠵᠢᠯ ᠢ ᠰᠠᠶᠢᠲᠤᠷ ᠬᠢᠵᠦ᠂ | ᠪᠤᠰᠤᠳ ᠰᠠᠯᠠᠭ᠎ᠠ ᠮᠥᠴᠢᠷ ᠢ ᠵᠣᠬᠢᠴᠠᠭᠤᠯᠤᠨ ᠣᠶ ᠮᠣᠳᠣᠨ ᠤ ᠦᠷ᠎ᠡ ᠪᠠ ᠵᠤᠯᠵᠠᠭ᠎ᠠ ᠮᠣᠳᠣᠨ ᠤ ᠲᠤᠰᠬᠠᠶ ᠵᠦᠶᠯ | ᠤᠨ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢ ᠬᠡᠷᠡᠭᠵᠢᠭᠦᠯᠬᠦ ᠬᠡᠷᠡᠭᠲᠡᠶ᠃ ᠣᠶ ᠮᠣᠳᠣᠨ ᠤ ᠦᠷ᠎ᠡ ᠪᠠ | ᠵᠤᠯᠵᠠᠭ᠎ᠠ ᠮᠣᠳᠣᠨ ᠤ ᠬᠠᠮᠢᠶᠠᠷᠤᠯᠲᠠ ᠶᠢᠨ ᠪᠠᠶᠢᠭᠤᠯᠤᠮᠵᠢ ᠨᠢ ᠣᠷᠣᠨ ᠨᠤᠲᠤᠭ ᠤᠨ ᠣᠶ ᠰᠢᠭᠤᠶ ᠪᠣᠯᠤᠨ ᠨᠤᠲᠤᠭ | ᠪᠡᠯᠴᠢᠭᠡᠷ ᠤᠨ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠬᠢᠨᠠᠯᠲᠠ ᠬᠠᠮᠢᠶᠠᠷᠤᠯᠲᠠ ᠶᠢ | ᠤᠬᠠᠮᠰᠠᠷ ᠠᠴᠠ ᠪᠠᠨ ᠬᠦᠯᠢᠶᠡᠬᠦ ᠬᠡᠷᠡᠭᠲᠡᠶ᠃ | ︵ᠭᠤᠷᠪᠠ ︶ ᠬᠤᠰᠢᠭᠤ ᠰᠢᠶᠠᠨ ᠬᠤᠲᠠ ᠶᠢᠨ ᠣᠶ ᠰᠢᠭᠤᠶ ᠪᠣᠯᠤᠨ ᠨᠤᠲᠤᠭ ᠪᠡᠯᠴᠢᠭᠡᠷ ᠤᠨ ᠵᠠᠰᠠᠭ | ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ | ᠤᠨ ᠦᠷ᠎ᠡ ᠶᠢᠨ ᠬᠠᠤᠯᠢ ︾ ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠶ ᠮᠣᠳᠣᠨ ᠤ | ᠦᠷ᠎ᠡ ᠴᠢᠬᠢ ᠶᠢᠨ ᠳᠦᠷᠢᠮ︾ ᠵᠡᠷᠭᠡ ᠬᠠᠤᠯᠢ ᠲᠣᠭᠲᠠᠭᠠᠯ ᠢ ᠴᠢᠩᠭ᠎ᠠ ᠵᠢᠷᠤᠮᠯᠠᠨ ᠦᠷ᠎ᠡ ᠴᠢᠬᠢ ᠶᠢᠨ ᠬᠠᠤᠯᠢ | ᠬᠡᠷᠡᠭᠵᠢᠭᠦᠯᠦᠯᠲᠡ ᠶᠢᠨ ᠪᠠᠶᠢᠴᠠᠭᠠᠯᠲᠠ ᠬᠢᠬᠦ ᠬᠡᠷᠡᠭᠲᠡᠶ᠃ ᠦᠨᠡᠮᠯᠡᠯ ᠦᠭᠡᠶ ᠪᠠᠷ ᠦᠶᠯᠡᠳᠪᠦᠷᠢᠯᠡᠵᠦ ᠡᠵᠡᠩᠨᠡᠬᠦ ᠪᠤᠶᠤ | ᠣᠶ ᠮᠣᠳᠣᠨ ᠤ ᠦᠷ᠎ᠡ ᠦᠶᠯᠡᠳᠪᠦᠷᠢᠯᠡᠵᠦ ᠡᠵᠡᠩᠨᠡᠬᠦ ᠵᠥᠪᠰᠢᠶᠡᠷᠡᠯ ᠤᠨ ᠦᠨᠡᠮᠯᠡᠯ ᠢ ᠬᠠᠭᠤᠷᠮᠠᠭᠯᠠᠨ ᠵᠣᠬᠢᠶᠠᠬᠤ᠂ | ᠬᠤᠪᠢᠷᠠᠭᠤᠯᠤᠨ ᠵᠣᠬᠢᠶᠠᠬᠤ᠂ ᠬᠤᠳᠠᠯᠳᠤᠭᠠᠯᠠᠬᠤ᠂ ᠲᠦᠷᠢᠶᠡᠰᠦᠯᠡᠨ ᠵᠢᠭᠡᠯᠡᠭᠦᠯᠬᠦ ᠦᠢᠯᠡ ᠠᠵᠢᠯᠯᠠᠭ᠎ᠠ ᠂ ᠬᠠᠭᠤᠷᠮᠠᠭ | ᠮᠠᠭᠤ ᠤᠢ ᠮᠣᠳᠣᠨ ᠤ ᠦᠷ᠎ᠡ ᠴᠢᠬᠢ ᠶᠢ ᠦᠢᠯᠡᠳᠪᠦᠷᠢᠯᠡᠵᠦ ᠡᠵᠡᠩᠨᠡᠭᠰᠡᠨ ᠪᠠ ᠤᠢ ᠰᠢᠭᠤᠶ ᠶᠢᠨ ᠤᠷᠭᠤᠮᠠᠯ ᠤᠨ | ᠰᠢᠨ᠎ᠡ ᠡᠭᠦᠯᠳᠡᠷ ᠤᠨ ᠡᠷᠬᠡ ᠳᠤ ᠬᠠᠯᠳᠠᠭᠰᠠᠨ ᠦᠢᠯᠡ ᠠᠵᠢᠯᠯᠠᠭ᠎ᠠ᠂ ᠲᠡᠮᠳᠡᠭ ᠪᠠ ᠬᠡᠷᠡᠭᠯᠡᠬᠦ ᠲᠣᠳᠣᠷᠬᠠᠶᠢᠯᠠᠯᠲᠠ | ᠦᠭᠡᠶ ᠪᠠᠷ ᠦᠷ᠎ᠡ ᠴᠢᠬᠢ ᠪᠣᠷᠣᠯᠠᠭᠤᠯᠬᠤ᠂ ᠲᠡᠮᠳᠡᠭ ᠲᠠᠭᠯᠠᠭᠰᠠᠨ ᠨᠢ ᠲᠦᠷᠢᠮᠵᠢᠯ ᠦᠭᠡᠶ ᠪᠤᠶᠤ ᠲᠡᠮᠳᠡᠭ ᠢ | ᠪᠠᠯᠠᠯᠤᠨ ᠵᠠᠰᠠᠭᠰᠠᠨ ᠦᠢᠯᠡ ᠠᠵᠢᠯᠯᠠᠭ᠎ᠠ᠂ ᠦᠷ᠎ᠡ ᠴᠢᠬᠢ ᠶᠢᠨ ᠦᠢᠯᠡᠳᠪᠦᠷᠢᠯᠡᠯ ᠡᠵᠡᠩᠨᠡᠯᠲᠡ ᠶᠢᠨ ᠳᠠᠩᠰᠠ ᠡᠪᠬᠡᠮᠡᠯ | ᠪᠠᠶᠢᠭᠤᠯᠤᠭᠰᠠᠨ ᠦᠬᠡᠢ ᠪᠤᠶᠤ ᠳᠠᠩᠰᠠ ᠡᠪᠬᠡᠮᠡᠯ ᠨᠢ ᠪᠦᠷᠢᠨ ᠪᠤᠰᠤ ᠦᠢᠯᠡ ᠠᠵᠢᠯᠯᠠᠭ᠎ᠠ᠂ ᠰᠠᠶᠢᠨ ᠡᠭᠦᠯᠳᠡᠷ ᠢ | ᠬᠡᠷᠡᠭᠯᠡᠬᠦ ᠶᠣᠰᠣᠲᠠᠶ ᠪᠠᠶᠢᠲᠠᠯ᠎ᠠ ᠰᠠᠶᠢᠨ ᠡᠭᠦᠯᠳᠡᠷ ᠢ ᠬᠡᠷᠡᠭᠯᠡᠭᠰᠡᠨ ᠦᠭᠡᠢ ᠦᠢᠯᠡ ᠠᠵᠢᠯᠯᠠᠭ᠎ᠠ᠂ ᠬᠢᠨᠠᠭᠠᠳᠤᠶ ᠪᠠᠷ | ᠤᠷᠢᠳᠠᠪᠠᠷ ᠲᠦᠯᠬᠢᠨ ᠠᠬᠢᠭᠤᠯᠵᠤ ᠂ ᠣᠶ ᠮᠣᠳᠣᠨ ᠤ ᠦᠷ᠎ᠡ ᠤᠨ ᠡᠬᠢ ᠪᠠᠶᠠᠯᠢᠭ ᠢ ᠡᠪᠳᠡᠭᠰᠡᠨ ᠦᠢᠯᠡ | ᠠᠵᠢᠯᠯᠠᠭ᠎ᠠ ᠶᠢ ᠭᠤᠤᠯᠳᠠᠯᠭ᠎ᠠ ᠲᠠᠢ ᠪᠠᠶᠢᠴᠠᠭᠠᠨ ᠰᠢᠶᠳᠪᠦᠷᠢᠯᠡᠬᠦ ᠬᠡᠷᠡᠭᠲᠡᠶ ᠃ | ︵ᠳᠥᠷᠪᠡ ︶ ᠬᠢᠩᠭᠠᠨ ᠠᠶᠢᠮᠠᠭ ᠤᠨ ᠬᠢᠯᠢ ᠳᠣᠲᠣᠷ᠎ᠠ ᠣᠶ ᠮᠣᠳᠣᠨ ᠤ ᠦᠷ᠎ᠡ ᠪᠠ ᠵᠤᠯᠵᠠᠭ᠎ᠠ ᠮᠣᠳᠣ | ᠤᠶᠢᠵᠢᠭᠤᠯᠬᠤ᠂ ᠡᠵᠡᠩᠨᠡᠬᠦ ᠨᠢᠭᠡᠴᠡ ᠪᠣᠯᠤᠨ ᠬᠤᠪᠢ ᠬᠥᠮᠦᠨ᠂ ᠳᠣᠤᠷᠠᠬᠢ ᠣᠶ ᠮᠣᠳᠣᠨ ᠤ ᠦᠷ᠎ᠡ ᠪᠠ ᠵᠤᠯᠵᠠᠭ᠎ᠠ | ᠮᠣᠳᠣᠨ ᠤ ᠡᠭᠦᠯᠳᠡᠷ ᠢᠶᠠᠷ ᠯᠠᠪᠯᠠᠯᠲᠠ ᠪᠣᠯᠭᠠᠵᠤ ᠴᠢᠬᠢ ᠪᠣᠶᠢᠵᠢᠭᠤᠯᠬᠤ ᠦᠶᠯᠡᠳᠪᠦᠷᠢᠯᠡᠯ ᠡᠵᠡᠩᠨᠡᠯᠲᠡ ᠶᠢᠨ | ᠠᠵᠢᠯᠯᠠᠭ᠎ᠠ ᠬᠢᠵᠦ ᠪᠣᠯᠤᠨ᠎ᠠ᠃ ᠲᠣᠰ ᠭᠠᠵᠠᠷ ᠣᠷᠣᠨ ᠳᠤ ᠣᠶᠢᠵᠢᠭᠤᠯᠬᠤ ᠳᠤ ᠳᠣᠭᠢᠷᠠᠬᠤ ᠭᠤᠤᠯ ᠮᠣᠳᠣᠨ ᠤ | ᠲᠥᠷᠥᠯ ᠭᠡᠪᠡᠯ᠄ ᠬᠢᠩᠭᠠᠨ ᠤ ᠬᠠᠷᠭᠠᠶ᠂ ᠴᠠᠩ ᠪᠠᠢ ᠱᠠᠨ ᠤ ᠬᠠᠷᠭᠠᠶ᠂ ᠤᠮᠠᠷᠠᠲᠤ ᠤᠷᠤᠨ ᠤ ᠬᠠᠷᠭᠠᠶ᠂ ᠵᠢᠭᠠᠷᠳᠤ | ᠨᠠᠷᠠᠰᠤ᠂ ᠭᠠᠴᠤᠷ᠎ᠠ᠂ ᠠᠷᠴᠠ᠂ᠵᠢᠵᠢᠭ ᠬᠠᠷ᠎ᠠ ᠰᠢᠷᠢᠰ ᠤᠯᠢᠶᠠᠰᠤ᠂ ᠴᠠᠩ ᠪᠠᠢ ᠰᠢᠷᠢᠰ ᠤᠯᠢᠶᠠᠰᠤ᠂ ᠮᠥᠩᠭᠦᠨ | ᠤᠯᠢᠶᠠᠰᠤ ᠵᠡᠷᠭᠡ᠃ ᠨᠤᠲᠤᠭ ᠤᠷᠤᠨ ᠤ ᠮᠣᠳᠣᠨ ᠤ ᠲᠥᠷᠥᠯ᠄ ᠪᠠᠲᠤᠴᠠᠭᠠᠨ᠂ ᠬᠠᠷᠭᠠᠨ᠎ᠠ᠂ ᠤᠳᠠ ᠮᠣᠳᠣ᠂ | ᠬᠠᠶᠢᠯᠠᠰᠤᠨ ᠮᠣᠳᠣ᠂ ᠴᠠᠷᠠᠰᠤᠨ ᠮᠣᠳᠣ᠂ ᠭᠦᠢᠯᠡᠰᠦᠨ ᠮᠤᠳᠤ᠂ ᠬᠤᠰᠤ᠂ ᠦᠷᠢᠯ᠂ ᠬᠤᠵᠢᠰᠤ᠂ ᠬᠠᠨ ᠪᠣᠷᠭᠤᠴᠠᠶ | ᠵᠡᠷᠭᠡ᠃ ᠠᠵᠤ ᠠᠬᠤᠶ ᠶᠢᠨ ᠣᠶ ᠶᠢᠨ ᠲᠥᠷᠥᠯ᠄ ᠬᠡᠮᠡᠷᠯᠢᠭ ᠬᠠᠶᠢᠳᠠᠩ᠂ ᠤᠯᠠᠭᠠᠨ ᠬᠦᠢᠯᠡᠰᠦ᠂ ᠦᠵᠦᠮ᠂ | ᠭᠠᠪᠢᠷ᠎ᠠ ᠵᠢᠮᠢᠰ᠂ ᠠᠭᠠᠯᠢᠭ ᠠᠯᠢᠮ᠎ᠠ᠂ ᠰᠢᠳ ᠂ ᠬᠠᠷᠮᠠᠭ ᠵᠡᠷᠭᠡ᠃ | ᠬᠢᠩᠭᠠᠨ ᠠᠶᠢᠮᠠᠭ ᠤᠨ ᠵᠠᠬᠢᠷᠭ᠎ᠠ ᠶᠢᠨ ᠠᠯᠪᠠᠨ ᠭᠡᠷ | 2021ᠤᠨ ᠤ 1 ᠰᠠᠷ᠎ᠠ ᠶᠢᠨ 25 ᠤ ᠡᠳᠦᠷ ᠳᠠᠷᠤᠮᠠᠯᠯᠠᠨ ᠲᠠᠷᠬᠠᠭᠠᠪᠠ | | | | | | | | | | | | |