ᠬᠢᠩᠭᠠᠨ ᠠᠶᠢᠮᠠᠭ ᠤᠨ ᠵᠠᠬᠢᠷᠭ᠎ᠠ ᠶᠢᠨ ᠠᠯᠪᠠᠨ ᠭᠡᠷ ᠤᠨ ᠲᠥᠯᠥᠪᠯᠡᠭᠡᠲᠦ ᠦᠷᠡᠵᠢᠯ ᠤᠨ ᠠᠭᠤᠯᠭ᠎ᠠ ᠳᠤ ᠬᠤᠯᠪᠣᠭᠳᠠᠬᠤ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ ᠬᠦᠴᠦᠨ ᠦᠭᠡᠢ ᠪᠣᠯᠭᠠᠬᠤ ᠲᠤᠬᠠᠢ  ᠮᠡᠳᠡᠭᠳᠡᠯ
ᠨᠡᠶᠢᠲᠡᠯᠡᠭᠰᠡᠨ ᠴᠠᠭ᠄
2022/1/19
      ᠬᠢᠩᠭᠠᠨ ᠵᠠᠬᠢᠷᠭ᠎ᠠ ᠠᠯᠪᠠᠨ ᠲᠠᠷᠬᠠᠭᠠᠭᠰᠠᠨ 〔2021〕 32 ᠳ᠋ᠤᠭᠠᠷ ᠲᠣᠭᠠᠲᠤᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠠᠶᠢᠮᠠᠭ ᠤᠨ ᠰᠢᠭᠤᠳ ᠬᠠᠷᠢᠶ᠎ᠠ ᠡᠯ᠎ᠡ ᠵᠥᠪᠯᠡᠯ᠂ ᠠᠯᠪᠠᠨ ᠭᠡᠷ᠂ ᠲᠣᠪᠴᠢᠶ᠎ᠠ᠂ ᠡᠯ᠎ᠡ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠡ᠂ ᠳᠤᠮᠳᠠ ᠣᠷᠣᠨ ᠤ ᠰᠢᠭᠤᠳ ᠬᠠᠷᠢᠶ᠎ᠠ ᠰᠢᠭᠤᠳ ᠬᠠᠮᠢᠶᠠᠷᠤᠯᠲᠠ ᠶᠢᠨ ᠨᠢᠭᠡᠴᠢ ᠳᠤ᠄        ᠥᠪᠡᠷᠲᠡᠭᠡᠨ ᠵᠠᠰᠠᠬᠤ ᠣᠷᠣᠨ ᠤ ᠬᠠᠤᠯᠢ ᠴᠠᠭᠠᠵᠠ  ᠶᠢᠨ ᠲᠢᠩᠬᠢᠮ ᠤᠨ ︽ᠲᠥᠯᠥᠪᠯᠡᠭᠡᠲᠦ ᠦᠷᠡᠵᠢᠯ ᠤᠨ ᠠᠭᠤᠯᠭ᠎ᠠ ᠳᠤ ᠬᠤᠯᠪᠣᠭᠳᠠᠭᠰᠠᠨ ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ᠂ ᠳᠦᠷᠢᠮ ᠲᠣᠭᠲᠠᠭᠠᠯ᠂ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ  ᠢ ᠲᠤᠰᠬᠠᠶᠢᠯᠠᠨ ᠢᠯᠭᠠᠷᠠᠭᠤᠯᠤᠨ ᠳᠢᠭᠯᠡᠬᠦ ᠠᠵᠢᠯ  ᠢ ᠥᠷᠨᠢᠭᠦᠯᠬᠦ ᠲᠤᠬᠠᠢ ᠮᠡᠳᠡᠭᠳᠡᠯ︾ ︵ᠥᠪᠥᠷ ᠬᠠᠤᠯᠢ ᠮᠡᠳᠡᠭᠳᠡᠯ 〔2021〕 123 ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠣᠰᠣᠭᠠᠷ᠂ ᠠᠶᠢᠮᠠᠭ ᠤᠨ ᠵᠠᠬᠢᠷᠭ᠎ᠠ  ᠶᠢᠨ ᠠᠯᠪᠠᠨ ᠭᠡᠷ ᠠᠴᠠ ᠠᠶᠢᠮᠠᠭ   ᠤᠨ ᠵᠠᠬᠢᠷᠭ᠎ᠠ ᠵᠢᠴᠢ  ᠵᠠᠬᠢᠷᠭ᠎ᠠ  ᠶᠢᠨ ᠠᠯᠪᠠᠨ ᠭᠡᠷ ᠤᠨ ᠲᠣᠭᠲᠠᠭᠠᠨ ᠲᠠᠷᠬᠠᠭᠠᠭᠰᠠᠨ ᠲᠥᠯᠥᠪᠯᠡᠭᠡᠲᠦ ᠦᠷᠡᠵᠢᠯ ᠤᠨ ᠠᠭᠤᠯᠭ᠎ᠠ ᠳᠤ ᠬᠤᠯᠪᠣᠭᠳᠠᠭᠰᠠᠨ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ  ᠢ ᠢᠯᠭᠠᠷᠠᠭᠤᠯᠤᠨ ᠳᠢᠭᠯᠡᠪᠡ᠃ ᠨᠠᠷᠢᠨ ᠬᠢᠨᠠᠮᠠᠭᠠᠢ ᠡᠮᠬᠢᠯᠡᠨ ᠳᠢᠭᠯᠡᠬᠦ ᠶᠢᠨ ᠬᠠᠮᠲᠤ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠰᠠᠨᠠᠯ ᠢ ᠬᠤᠷᠢᠶᠠᠬᠤ ᠪᠠᠷ ᠳᠡᠮᠵᠢᠨ᠂ ᠲᠥᠯᠥᠪᠯᠡᠭᠡᠲᠦ ᠦᠷᠡᠵᠢᠯ ᠤᠨ ᠠᠭᠤᠯᠭ᠎ᠠ ᠳᠤ ᠬᠤᠯᠪᠣᠭᠳᠠᠭᠰᠠᠨ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠢ 7 ᠪᠢᠴᠢᠭ ᠮᠠᠲ᠋ᠧᠷᠢᠶᠠᠯ ᠢ ᠬᠦᠴᠦᠨ ᠦᠭᠡᠢ ᠪᠣᠯᠭᠠᠬᠤ ᠪᠠᠷ ᠲᠣᠭᠲᠠᠪᠠ᠃ ᠲᠤᠰ ᠮᠡᠳᠡᠭᠳᠡᠯ ᠢ ᠳᠠᠷᠤᠮᠠᠯᠯᠠᠨ ᠶᠠᠪᠤᠭᠤᠯᠤᠭᠰᠠᠨ ᠡᠳᠦᠷ ᠠᠴᠠ ᠡᠬᠢᠯᠡᠨ᠂ ᠬᠦᠴᠦᠨ ᠦᠭᠡᠢ ᠪᠣᠯᠭᠠᠭᠰᠠᠨ ᠲᠥᠯᠥᠪᠯᠡᠭᠡᠲᠦ ᠦᠷᠡᠵᠢᠯ ᠤᠨ  ᠠᠭᠤᠯᠭ᠎ᠠ  ᠲᠤ ᠬᠤᠯᠪᠣᠭᠳᠠᠬᠤ ᠵᠠᠰᠠᠭ ᠵᠠᠬᠢᠷᠭᠠᠨ ᠤ ᠵᠢᠷᠤᠮᠵᠢᠯ   ᠤᠨ ᠴᠢᠨᠠᠷᠲᠠᠢ ᠪᠢᠴᠢᠭ  ᠮᠠᠲ᠋ᠧᠷᠢᠶᠠᠯ ᠢ ᠴᠥᠮ ᠬᠡᠷᠡᠭᠵᠢᠭᠦᠯᠬᠦ ᠪᠠᠨ ᠵᠣᠭᠰᠣᠭᠠᠵᠤ᠂ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ   ᠤᠳ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠦᠨᠳᠦᠰᠦᠯᠡᠯ ᠪᠣᠯᠭᠠᠵᠤ ᠪᠣᠯᠬᠤ ᠦᠭᠡᠢ᠃                                                          2021 ᠣᠨ ᠤ 12 ᠰᠠᠷ᠎ᠠ ᠶᠢᠨ 7ᠳᠠᠭᠠᠯᠳᠤᠭᠤᠯᠤᠯ᠄     ᠲᠥᠯᠥᠪᠯᠡᠭᠡᠲᠦ ᠦᠷᠡᠵᠢᠯ ᠤᠨ ᠠᠭᠤᠯᠭ᠎ᠠ ᠳᠤ ᠬᠤᠯᠪᠣᠭᠳᠠᠭᠰᠠᠨ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ  ᠢ ᠬᠦᠴᠦᠨ ᠦᠭᠡᠢ ᠪᠣᠯᠭᠠᠬᠤ ᠭᠠᠷᠴᠠᠭ          1. ᠬᠢᠩᠭᠠᠨ ᠵᠠᠬᠢᠷᠭ᠎ᠠ ᠲᠠᠷᠬᠠᠭᠠᠭᠰᠠᠨ ﹇1989﹈ 91 ᠳ᠋ᠤᠭᠡᠷ ᠲᠣᠭᠠᠲᠤ    ︽ᠬᠢᠩᠭᠠᠨ ᠠᠶᠢᠮᠠᠭ ᠤᠨ ᠵᠠᠬᠢᠷᠭ᠎ᠠ ᠶᠢᠨ ᠲᠥᠯᠥᠪᠯᠡᠭᠡᠲᠦ ᠦᠷᠡᠵᠢᠯ ᠤᠨ ᠲᠥᠷᠥ ᠶᠢᠨ ᠪᠣᠳᠣᠯᠭ᠎ᠠ ᠶᠢᠨ ᠠᠰᠠᠭᠤᠳᠠᠯ ᠤᠨ ᠲᠤᠬᠠᠢ ᠲᠣᠭᠲᠠᠭᠠᠯ  ︵ᠲᠤᠷᠰᠢᠨ ᠬᠡᠷᠡᠭᠵᠢᠭᠦᠯᠬᠦ︶︾     2.ᠬᠢᠩᠭᠠᠨ ᠵᠠᠬᠢᠷᠭ᠎ᠠ  ᠲᠠᠷᠬᠠᠭᠠᠭᠰᠠᠨ 〔1995〕 50 ᠳ᠋ᠤᠭᠠᠷ ᠲᠣᠭᠠᠲᠤ       ︽ᠨᠡᠭᠦᠳᠡᠯ ᠬᠥᠮᠥᠨ ᠠᠮᠠ ᠶᠢᠨ ᠲᠥᠯᠥᠪᠯᠡᠭᠡᠲᠦ ᠦᠷᠡᠵᠢᠯ ᠤᠨ ᠬᠠᠮᠢᠶᠠᠷᠤᠯᠲᠠ ᠶᠢᠨ ᠵᠠᠷᠤᠳᠠᠯ ᠢ ᠲᠠᠲᠠᠪᠤᠷᠢᠯᠠᠬᠤ ᠠᠷᠭ᠎ᠠ ᠶᠢᠨ ᠲᠤᠬᠠᠢ ᠮᠡᠳᠡᠭᠦᠯᠦᠯᠲᠡ ᠶᠢ ᠴᠣᠬᠤᠯᠠᠪᠤᠷᠢᠯᠠᠨ ᠤᠯᠠᠮᠵᠢᠯᠠᠬᠤ ᠲᠤᠬᠠᠢ ᠮᠡᠳᠡᠭᠳᠡᠯ︾    3.ᠬᠢᠩᠭᠠᠨ ᠵᠠᠬᠢᠷᠭ᠎ᠠ  ᠲᠠᠷᠬᠠᠭᠠᠭᠰᠠᠨ 〔1998〕 46 ᠳ᠋ᠤᠭᠠᠷ ᠲᠣᠭᠠᠲᠤ       ︽ᠨᠡᠭᠦᠳᠡᠯ ᠬᠥᠮᠥᠨ ᠠᠮᠠ ᠶᠢᠨ ᠲᠥᠯᠥᠪᠯᠡᠭᠡᠲᠦ ᠦᠷᠡᠵᠢᠯ ᠤᠨ ᠬᠠᠮᠢᠶᠠᠷᠤᠯᠲᠠ ᠶᠢᠨ ᠠᠵᠢᠯ ᠢ ᠴᠢᠩᠭᠠᠳᠬᠠᠬᠤ ᠲᠤᠬᠠᠢ ᠰᠠᠨᠠᠯ︾    4. ᠬᠢᠩᠭᠠᠨ ᠵᠠᠬᠢᠷᠭ᠎ᠠ  ᠠᠯᠪᠠᠨ ᠲᠠᠷᠬᠠᠭᠠᠭᠰᠠᠨ ﹇1998﹈ 31 ᠳ᠋ᠤᠭᠡᠷ ᠲᠣᠭᠠᠲᠤ      ︽ᠠᠶᠢᠮᠠᠭ ᠤᠨ ᠶᠠᠳᠠᠭᠤ ᠶᠢ ᠲᠡᠳᠬᠦᠬᠦ ᠠᠯᠪᠠᠨ ᠭᠡᠷ ᠠᠶᠢᠮᠠᠭ ᠤᠨ ᠲᠥᠯᠥᠪᠯᠡᠭᠡᠲᠦ ᠦᠷᠡᠵᠢᠯ ᠤᠨ ᠲᠣᠪᠴᠢᠶ᠎ᠠ ᠶᠢᠨ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠪᠠ ᠲᠥᠯᠥᠪᠯᠡᠭᠡᠲᠦ ᠦᠷᠡᠵᠢᠯ ᠢ ᠬᠠᠷᠢᠯᠴᠠᠨ ᠤᠶᠠᠯᠳᠤᠭᠤᠯᠬᠤ ᠠᠵᠢᠯ ᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠢ  ᠰᠠᠨᠠᠯ ᠢ ᠴᠣᠬᠤᠯᠠᠪᠤᠷᠢᠯᠠᠨ ᠤᠯᠠᠮᠵᠢᠯᠠᠬᠤ ᠮᠡᠳᠡᠭᠳᠡᠯ︾   5.  ᠬᠢᠩᠭᠠᠨ ᠵᠠᠬᠢᠷᠭ᠎ᠠ ᠥᠰᠥᠭ ﹇2002﹈ 31 ᠳ᠋ᠦ᠋ᠭᠡᠷ ᠲᠣᠭᠠᠲᠤ      ︽ᠬᠢᠩᠭᠠᠨ ᠠᠶᠢᠮᠠᠭ ᠤᠨ ᠵᠠᠬᠢᠷᠭ᠎ᠠ ᠶᠢᠨ ᠲᠥᠯᠥᠪᠯᠡᠭᠡᠲᠦ ᠦᠷᠡᠵᠢᠯ ᠤᠨ ᠠᠰᠢᠭ ᠲᠤᠰᠠ ᠶᠢᠨ ᠤᠳᠤᠷᠢᠳᠤᠮᠵᠢ ᠶᠢᠨ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠬᠦ ᠲᠤᠬᠠᠢ ᠰᠠᠨᠠᠯ︾     6. ᠬᠢᠩᠭᠠᠨ ᠵᠠᠬᠢᠷᠭ᠎ᠠ ᠠᠯᠪᠠᠨ ᠲᠠᠷᠬᠠᠭᠠᠭᠰᠠᠨ ﹇2002﹈ 50 ᠳ᠋ᠤᠭᠠᠷ ᠲᠣᠭᠠᠲᠤ      ᠬᠢᠩᠭᠠᠨ ᠠᠶᠢᠮᠠᠭ ᠤᠨ ᠵᠠᠬᠢᠷᠭ᠎ᠠ ᠶᠢᠨ ᠠᠯᠪᠠᠨ ᠭᠡᠷ ᠤᠨ ︽ᠬᠢᠩᠭᠠᠨ ᠠᠶᠢᠮᠠᠭ ᠤᠨ ᠵᠠᠬᠢᠷᠭ᠎ᠠ ᠶᠢᠨ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠤᠨ ᠨᠡᠭᠦᠳᠡᠯ ᠬᠥᠮᠥᠨ ᠠᠮᠠ ᠶᠢᠨ ᠲᠥᠯᠥᠪᠯᠡᠭᠡᠲᠦ ᠦᠷᠡᠵᠢᠯ ᠤᠨ ᠬᠠᠷᠠᠯᠲᠠᠲᠤ ᠬᠠᠮᠢᠶᠠᠷᠤᠯᠲᠠ ᠶᠢᠨ ᠬᠠᠷᠢᠭᠤᠴᠠᠯᠭ᠎ᠠ ᠶᠢᠨ ᠪᠢᠴᠢᠭ ᠢ ᠬᠢᠨᠠᠨ ᠰᠢᠯᠭᠠᠵᠤ ᠦᠨᠡᠯᠡᠨ ᠵᠢᠱᠢᠬᠦ ᠠᠷᠭ᠎ᠠ︾ ᠶᠢ ᠳᠠᠷᠤᠮᠠᠯᠯᠠᠨ ᠲᠠᠷᠬᠠᠭᠠᠬᠤ ᠲᠤᠬᠠᠢ‌ᠮᠡᠳᠡᠭᠳᠡᠯ︾     7.  ᠬᠢᠩᠭᠠᠨ ᠵᠠᠬᠢᠷᠭ᠎ᠠ ᠲᠠᠷᠬᠠᠭᠠᠭᠰᠠᠨ ﹇2007﹈ 7 ᠳ᠋ᠤᠭᠠᠷ ᠲᠣᠭᠠᠲᠤ  ︽ᠬᠢᠩᠭᠠᠨ ᠠᠶᠢᠮᠠᠭ ᠤᠨ ᠵᠠᠬᠢᠷᠭ᠎ᠠ ᠶᠢᠨ ᠬᠥᠮᠥᠨ ᠠᠮᠠ ᠪᠠ ᠲᠥᠯᠥᠪᠯᠡᠭᠡ ᠶᠢ ᠤᠯᠠᠮ ᠨᠢᠭᠡ ᠠᠯᠬᠤᠮ ᠪᠠᠶᠢᠭᠤᠯᠤᠨ ᠲᠡᠭᠦᠯᠳᠡᠷᠵᠢᠭᠦᠯᠬᠦ ᠲᠤᠬᠠᠢ ᠦᠷᠡᠵᠢᠯ ᠤᠨ ᠠᠰᠢᠭ ᠲᠤᠰᠠ ᠶᠢᠨ ᠤᠳᠤᠷᠢᠳᠤᠮᠵᠢ ᠶᠢᠨ ᠲᠣᠭᠲᠠᠴᠠ ᠶᠢ ᠬᠤᠪᠢᠶᠠᠷᠢᠯᠠᠬᠤ ᠲᠤᠬᠠᠢ ᠰᠠᠨᠠᠯ︾   ᠬᠢᠩᠭᠠᠨ ᠠᠶᠢᠮᠠᠭ ᠤᠨ ᠵᠠᠬᠢᠷᠭ᠎ᠠ ᠶᠢᠨ ᠠᠯᠪᠠᠨ ᠨᠡᠶᠢᠳᠡᠯᠡᠯ                    
 
ᠢᠷᠡᠯᠲᠡ᠄ ᠬᠢᠩᠭᠠᠨ ᠠᠶᠢᠮᠠᠭ ᠤᠨ ᠵᠠᠬᠢᠷᠭ᠎ᠠ ᠶᠢᠨ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号