ᠴᠠᠭᠠᠨ ᠰᠠᠷ᠎ᠠ ᠤᠢᠢᠷᠠᠳᠤᠭᠰᠠᠨᠠ᠂ ᠬᠦᠮᠥᠰ ᠰᠦᠯᠵᠢᠶᠡᠨ ᠳᠡᠭᠡᠷ᠎ᠡ ᠠᠴᠠ ᠰᠢᠨ᠎ᠡ ᠶᠢᠨ ᠮᠠᠶᠢᠮᠠᠢ ᠬᠢᠭᠡᠳ | ᠶᠠᠭᠠᠷᠠᠯᠳᠠᠢ᠃ ᠡᠬᠦᠨ ᠳᠤ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠡᠷᠬᠢᠳᠥ ᠪᠠᠯᠭᠠᠰᠤᠨ ᠤ ᠲᠦᠷᠭᠡᠨ | ᠬᠦᠷᠭᠡᠯᠲᠡ ᠶᠢᠨ ᠡᠵᠡᠩᠨᠡᠯᠲᠡ ᠶᠢᠨ ᠭᠠᠵᠠᠷ ᠬᠦᠷᠬᠦ ᠳᠤ᠂ ᠲᠦᠷᠭᠡᠨ ᠬᠦᠷᠭᠡᠯᠳᠡ ᠶᠢᠨ ᠠᠵᠢᠯᠴᠢᠳ ᠬᠡᠷ ᠳᠣᠲᠣᠷᠠᠬᠢ | ᠪᠣᠭᠤᠳᠠᠯ ᠢ ᠬᠤᠪᠢᠶᠠᠬᠤ᠂ ᠪᠣᠭᠤᠳᠠᠯᠯᠠᠬᠤ᠂ ᠬᠦᠷᠭᠡᠬᠦ ᠪᠠᠷ ᠶᠠᠭᠠᠷᠠᠯᠳᠤᠵᠤ ᠪᠠᠶᠢᠬᠤ ᠶᠢ ᠣᠯᠵᠤ ᠬᠠᠷᠠᠨ᠎ᠠ᠂ ᠡᠳᠡᠭᠡᠷ | ᠪᠤᠭᠤᠳᠠᠯ ᠤᠨ ᠤᠯᠠᠩᠬᠢ ᠨᠢ ᠪᠠᠷᠤᠭ ᠬᠦᠮᠥᠰ ᠤᠨ ᠰᠦᠯᠵᠢᠶᠡᠨ ᠳᠡᠭᠡᠷ᠎ᠡ ᠠᠴᠠ ᠠᠪᠤᠭᠰᠠᠨ ᠰᠢᠨ᠎ᠠ ᠶᠢᠨ ᠪᠠᠷᠠᠭ᠎ᠠ | ᠪᠤᠯᠤᠨ᠎ᠠ᠃ | ᠡᠮᠦᠨᠡᠲᠦ ᠬᠤᠰᠢᠭᠤᠨ ᠤ ᠡᠷᠬᠢᠳᠥ ᠪᠠᠯᠭᠠᠰᠤᠨ ᠤ ᠲᠦᠷᠭᠡᠨ ᠬᠦᠷᠭᠡᠯᠲᠡ ᠶᠢᠨ ᠡᠵᠡᠩᠨᠡᠯᠲᠡ ᠶᠢᠨ ᠭᠠᠵᠠᠷ 2015 | ᠣᠨ ᠳᠤ ᠪᠠᠶᠢᠭᠤᠯᠤᠭᠳᠠᠵᠤ᠂ ᠵᠦᠩ ᠲᠦᠩ᠂ ᠱᠧᠨ ᠲᠦᠩ᠂ ᠶᠤᠸᠠᠨ ᠲᠦᠩ᠂ ᠶᠦᠨ ᠳ᠋ᠡ᠂ ᠪᠠᠢ ᠱᠢ᠂ ᠵᠢᠩ | ᠳ᠋ᠦᠩ ᠵᠡᠷᠭᠡ 6 ᠲᠦᠷᠭᠡᠨ ᠬᠦᠷᠭᠡᠯᠲᠡ ᠶᠢᠨ ᠺᠣᠮᠫᠠᠨᠢ ᠶᠢ ᠬᠠᠮᠤᠷᠴᠤ᠂ ᠦᠷᠭᠡᠨ ᠤᠯᠠᠨ ᠮᠠᠯᠴᠢᠨ ᠳᠠᠷᠢᠶᠠᠴᠢᠳ ᠲᠤ | ᠲᠦᠬᠦᠮ ᠰᠢᠯᠢᠳᠡᠭ ᠥᠢᠯᠡᠴᠢᠯᠡᠭᠡ ᠬᠠᠨᠭ᠍ᠭᠠᠭᠰᠠᠭᠠᠷ ᠢᠷᠡᠵᠡᠢ᠃ ᠲᠤᠰ ᠲᠦᠷᠭᠡᠨ ᠬᠦᠷᠭᠡᠯᠲᠡ ᠶᠢᠨ ᠡᠵᠡᠩᠨᠡᠯᠲᠡ ᠶᠢᠨ | ᠭᠠᠵᠠᠷ ᠤᠨ ᠬᠠᠷᠢᠭᠤᠴᠠᠯᠭᠠᠲᠠᠨ ᠯᠢᠦ ᠴᠦᠨ ᠬᠤᠢ᠄ ︽ᠪᠢᠳᠡ ᠬᠠᠮᠤᠭ ᠤᠨ ᠲᠦᠷᠦᠭᠦᠨ ᠳᠤ ᠡᠳᠦᠷ ᠪᠦᠷᠢ | ᠵᠢᠷᠭᠤᠭ᠎ᠠ ᠳᠤᠯᠤᠭᠠᠨ ᠪᠣᠭᠤᠳᠠᠯ ᠬᠤᠷᠢᠶᠠᠨ ᠲᠣᠮᠢᠯᠠᠵᠤ ᠪᠠᠶᠢᠭᠰᠠᠨ ᠠᠴᠠ ᠪᠠᠨ ᠤᠳᠤ 1000 ᠭᠠᠷᠤᠢ ᠪᠣᠭᠤᠳᠠᠯ | ᠬᠤᠷᠢᠶᠠᠨ ᠲᠣᠮᠢᠯᠠᠵᠤ ᠪᠠᠶᠢᠨ᠎ᠠ᠂ ᠮᠠᠰᠢ ᠶᠠᠭᠠᠷᠠᠯᠲᠠᠢ ᠪᠠᠶᠢᠨ᠎ᠠ︾ ᠭᠡᠵᠦ ᠤᠳᠤᠬᠢ ᠠᠵᠢᠯ ᠤᠨ ᠪᠠᠶᠢᠳᠠᠯ ᠢᠶᠠᠨ | ᠲᠠᠨᠢᠯᠴᠠᠭᠤᠯᠥᠨᠠ᠃ | ᠣᠶᠢᠷ᠎ᠠ ᠶᠢᠨ ᠵᠢᠯ ᠤᠳ ᠲᠤ᠂ ᠰᠦᠯᠵᠢᠶᠡᠨ ᠳᠡᠭᠡᠷ᠎ᠡ ᠠᠴᠠ ᠪᠠᠷᠠᠭ᠎ᠠ ᠬᠤᠳᠠᠯᠳᠤᠨ ᠠᠪᠬᠤ ᠨᠢ ᠨᠢᠭᠡᠨᠲᠡ | ᠬᠥᠮᠦᠰ ᠤᠨ ᠡᠳᠦᠷ ᠲᠤᠲᠤᠮ ᠤᠨ ᠠᠮᠢᠳᠤᠷᠠᠯ ᠤᠨ ᠨᠢᠭᠡ ᠬᠡᠰᠡᠭ ᠪᠣᠯᠬᠤ ᠶᠢ ᠳᠠᠭᠠᠯᠳᠤᠨ᠂ ᠡᠯ᠎ᠡ ᠲᠥᠷᠥᠯ ᠤᠨ | ᠲᠦᠷᠭᠡᠨ ᠬᠦᠷᠭᠡᠯᠲᠡ ᠶᠢᠨ ᠣᠷᠣᠯᠠᠨ ᠬᠤᠷᠢᠶᠠᠬᠤ ᠴᠡᠭ ᠴᠦ ᠬᠤᠷ᠎ᠠ ᠶᠢᠨ ᠳᠠᠷᠠᠭᠠᠬᠢ ᠬᠤᠯᠤᠰᠤᠨ ᠰᠦᠶ᠎ᠡ ᠮᠡᠲᠦ | ᠢᠯᠡᠷᠡᠨ ᠭᠠᠷᠴᠤ ᠢᠷᠡᠪᠡ᠃ 2021 ᠣᠨ ᠳᠤ᠂ ᠡᠮᠦᠨᠡᠲᠦ ᠬᠤᠰᠢᠭᠤᠨ ᠤ ᠡᠷᠬᠢᠳᠥ ᠪᠠᠯᠭᠠᠰᠤᠨ ᠤ ᠲᠦᠷᠭᠡᠨ | ᠬᠦᠷᠭᠡᠯᠲᠡ ᠶᠢᠨ ᠡᠵᠡᠩᠨᠡᠯᠲᠡ ᠶᠢᠨ ᠭᠠᠵᠠᠷ ᠨᠢ ᠲᠦᠷᠭᠡᠨ ᠬᠦᠷᠭᠡᠯᠲᠡ ᠶᠢᠨ ᠦᠢᠯᠡᠴᠢᠯᠡᠭᠡ ᠶᠢ ᠠᠶᠢᠯ ᠡᠷᠥᠭᠡ ᠳᠤ | ᠬᠦᠷᠭᠡᠬᠦ ᠪᠠᠷ ᠴᠢᠷᠮᠠᠶᠢᠵᠤ᠂ ᠠᠶᠢᠯ ᠲᠣᠰᠬᠤᠨ ᠤ ᠣᠷᠣᠯᠠᠨ ᠬᠤᠷᠢᠶᠠᠬᠤ ᠭᠠᠵᠠᠷ ᠨᠢ 2020 ᠣᠨ ᠤ ᠦᠶ᠎ᠡ ᠳᠤ 5 | ᠪᠠᠶᠢᠭᠰᠠᠨ ᠠᠴᠠ ᠪᠠᠨ ᠤᠳᠥ ᠨᠡᠮᠡᠭᠳᠡᠭᠡᠳ 10 ᠭᠠᠷᠤᠶ ᠪᠣᠯᠵᠣ᠂ ᠡᠷᠬᠢᠳᠥ ᠪᠠᠯᠭᠠᠰᠥᠨ ᠤ ᠲᠦᠷᠭᠡᠨ ᠬᠦᠷᠭᠡᠯᠲᠡ ᠶᠢᠨ | ᠥᠢᠯᠡᠰ ᠤᠨ ︽ᠡᠴᠦᠰ ᠤᠨ ᠨᠢᠭᠡ ᠺᠢᠯᠣᠮᠧᠲᠷ︾ ᠢ ᠲᠦᠢᠯᠪᠤᠷᠢᠲᠠᠶ ᠨᠡᠪᠲᠡᠷᠡᠭᠦᠯᠵᠦ᠂ ︽ᠲᠣᠰᠬᠤᠨ ᠪᠣᠯᠭᠠᠨ ᠳᠤ | ᠲᠦᠷᠭᠡᠨ ᠬᠦᠷᠭᠡᠯᠲᠡ ᠶᠢ ᠨᠡᠪᠲᠡᠷᠡᠭᠦᠯᠬᠦ︾ ᠶᠢ ᠦᠨᠳᠦᠰᠦᠨ ᠳᠤ ᠪᠠᠨ ᠪᠡᠶᠡᠯᠡᠬᠦᠯᠥᠭᠰᠡᠨ ᠪᠠᠶᠢᠨ᠎ᠠ᠃ | ᠴᠠᠭᠠᠨ ᠰᠠᠷ᠎ᠠ ᠤᠢᠢᠷᠠᠳᠤᠭᠰᠠᠨᠠ᠂ ᠯᠢᠦ ᠴᠦᠨ ᠬᠤᠢ ᠶᠢᠨ ᠠᠵᠢᠯ ᠴᠤ ᠤᠯᠠᠮ ᠶᠠᠭᠠᠷᠠᠯᠲᠠᠢ ᠪᠤᠯᠵᠤ᠂ ᠲᠦᠷᠭᠡᠨ | ᠬᠦᠷᠭᠡᠯᠲᠡ ᠶᠢ ᠪᠣᠭᠤᠳᠠᠯᠯᠠᠬᠤ᠂ ᠲᠡᠷᠭᠡᠨ ᠳᠤ ᠲᠡᠭᠡᠭᠡᠬᠦ᠂ ᠡᠷᠥᠭᠡ ᠳᠤ ᠬᠦᠷᠭᠡᠬᠦ ᠳᠤ ᠨᠡᠩ ᠴᠥ ᠴᠠᠭ ᠨᠡᠮᠡᠵᠤ | ᠠᠵᠢᠯᠯᠠᠬᠤ ᠪᠤᠯᠪᠠ᠃ ᠯᠢᠦ ᠴᠦᠨ ᠬᠤᠢ ᠡᠳᠥᠷ ᠪᠦᠷᠢ ᠲᠣᠭᠲᠠᠭᠰᠠᠨ ᠴᠠᠭ ᠲᠤ ᠪᠠᠨ ᠲᠦᠷᠭᠡᠨ ᠬᠦᠷᠭᠡᠯᠳᠡ ᠶᠢᠨ | ᠪᠤᠭᠤᠳᠠᠯ ᠢᠶᠠᠨ ᠳᠡᠭᠡᠭᠡᠪᠤᠷᠢᠯᠡᠵᠤ᠂ ᠡᠯ᠎ᠡ ᠲᠣᠰᠬᠤᠨ ᠤ ᠬᠦᠷᠭᠡᠵᠤ ᠲᠤᠰᠬᠤ ᠴᠡᠭ ᠲᠤ ᠪᠠᠨ ᠬᠦᠷᠳᠡᠭ᠃ ᠤᠳᠥ | ᠬᠦᠮᠥᠰ ᠪᠠᠭ᠎ᠠ ᠠᠴᠠ ᠴᠠᠢ ᠪᠤᠳᠠᠭ᠎ᠠ ᠲᠤᠰᠤ ᠳᠠᠪᠤᠰᠤ᠂ ᠶᠡᠭᠡ ᠠᠴᠠ ᠲᠧᠯᠸᠢᠰ᠂ ᠴᠠᠬᠢᠯᠭᠠᠨ ᠬᠥᠯᠳᠡᠭᠡᠭᠦᠷ ᠵᠡᠷᠭᠡ | ᠭᠡᠷ ᠤᠨ ᠴᠠᠬᠢᠯᠭᠠᠨ ᠬᠡᠷᠡᠭᠰᠡᠯ ᠬᠦᠷᠲᠡᠯ᠎ᠡ ᠪᠦᠷ ᠰᠦᠯᠵᠢᠶᠡᠨ ᠤ ᠡᠯᠧᠺᠲᠷᠣᠨ ᠬᠤᠳᠠᠯᠳᠤᠭ᠎ᠠ ᠪᠠᠷ ᠳᠠᠮᠵᠢᠨ | ᠬᠤᠳᠠᠯᠳᠤᠨ ᠠᠪᠴᠤ ᠪᠤᠢ᠃ ︽ᠲᠤᠰᠬᠤᠨ ᠳᠤ ᠲᠦᠷᠭᠡᠨ ᠬᠦᠷᠭᠡᠯᠳᠠ ᠶᠢᠨ ᠭᠠᠵᠠᠷ ᠲᠠᠢ ᠪᠣᠯᠤᠭᠰᠠᠨ ᠠᠴᠠ | ᠠᠪᠤᠭᠠᠳ ᠰᠦᠯᠵᠢᠶᠡᠨ ᠳᠡᠭᠡᠷ᠎ᠡ ᠠᠴᠠ ᠪᠠᠷᠠᠭ᠎ᠠ ᠠᠪᠬᠤ ᠳᠤ ᠶᠡᠭᠡ ᠳᠥᠭᠦᠮ ᠪᠣᠯᠵᠠᠶ᠂ ᠥᠩᠭᠡᠷᠡᠭᠰᠡᠨ ᠳᠤ ᠪᠠᠯᠭᠠᠰᠤᠨ | ᠲᠦᠪ ᠠᠴᠠ ᠲᠦᠷᠭᠡᠨ ᠬᠦᠷᠭᠡᠯᠳᠡ ᠪᠠᠨ ᠠᠪᠬᠤ ᠬᠡᠷᠡᠭᠲᠡᠶ ᠪᠠᠶᠢᠭᠰᠠᠨ ᠢᠶᠠᠨ ᠣᠳᠣ ᠭᠡᠷ ᠤᠨ ᠡᠭᠦᠳᠡᠨ ᠳᠤ ᠬᠦᠷᠭᠡᠵᠦ | ᠢᠷᠡᠬᠦ ᠪᠤᠯᠵᠠᠢ᠃ ᠲᠦᠷᠥᠯ ᠰᠠᠳᠥᠨ ᠳᠤ ᠪᠠᠨ ᠨᠤᠳᠤᠭ ᠤᠨ ᠭᠠᠷᠤᠯᠳᠠ ᠪᠠᠨ ᠲᠦᠷᠭᠡᠨ ᠬᠦᠷᠭᠡᠬᠦ ᠴᠢᠬᠤᠯᠠᠳᠠᠢ | ᠦᠶ᠎ᠡ ᠳᠤ ᠠᠵᠢᠯᠴᠢᠨ ᠠᠴᠠ ᠲᠤᠰᠬᠠᠢᠢᠯᠠᠨ ᠠᠪᠬᠤ ᠪᠠᠷ ᠢᠷᠡᠳᠡᠭ᠂ ᠨᠡᠭᠡᠷᠡᠨ ᠲᠦᠬᠦᠮ ᠪᠤᠯᠤᠭᠰᠠᠨ ᠰᠢᠥ︾ ᠭᠡᠵᠦ | ᠲᠤᠰᠬᠤᠨ ᠤ ᠠᠷᠠᠳ ᠵᠢᠢ ᠹᠧᠩ ᠰᠢᠶᠠ ᠪᠠᠶᠠᠷᠲᠠᠢ ᠪᠠᠷ ᠬᠡᠯᠡᠪᠡ᠃ | ᠤᠳᠥ ᠡᠮᠦᠨᠡᠲᠦ ᠬᠤᠰᠢᠭᠤᠨ ᠤ 14 ᠰᠤᠮᠤ ᠰᠢᠶᠠᠩ ᠪᠠᠯᠭᠠᠰᠤᠨ ᠳᠤ 130 ᠭᠠᠷᠤᠶ ᠠᠶᠢᠯ ᠲᠣᠰᠬᠤᠨ ᠤ | ᠣᠷᠣᠯᠠᠨ ᠬᠤᠷᠢᠶᠠᠬᠤ ᠴᠡᠭ ᠲᠠᠢ ᠪᠤᠯᠵᠤ᠂ ︽ᠲᠣᠰᠬᠤᠨ ᠪᠣᠯᠭᠠᠨ ᠳᠤ ᠲᠦᠷᠭᠡᠨ ᠬᠦᠷᠭᠡᠯᠲᠡ ᠨᠡᠪᠲᠡᠷᠡᠭᠦᠯᠬᠦ︾ | ᠦᠢᠯᠡᠴᠢᠯᠡᠭᠡᠨ ᠤ ᠲᠣᠤᠷ ᠰᠦᠯᠵᠢᠶᠡᠨ ᠤ ᠬᠠᠮᠤᠷᠬᠤ ᠴᠢᠳᠠᠪᠤᠷᠢ ᠶᠢ ᠶᠡᠭᠡ ᠪᠠᠷ ᠳᠡᠭᠡᠭᠰᠢᠯᠡᠭᠦᠯᠵᠦ᠂ ᠬᠥᠳᠡᠭᠡ | ᠲᠣᠰᠬᠤᠨ ᠤ ᠪᠠᠷᠠᠭᠠᠨ ᠤ ᠭᠦᠶ᠋ᠯᠭᠡᠭᠡᠨ ᠤ ᠬᠥᠭᠵᠢᠯᠲᠡ ᠶᠢᠨ ᠰᠢᠨ᠎ᠡ ᠪᠠᠶᠢᠷᠢᠰᠢᠯ ᠢ ᠡᠬᠦᠳᠥᠭᠰᠡᠨ ᠪᠠᠶᠢᠨ᠎ᠠ᠃ · ᠤᠷᠠᠨ | ᠮᠧᠩ ᠹᠠᠨ ᠲᠢᠩ · |