ᠬᠢᠩᠭᠠᠨ ᠵᠠᠬᠢᠷᠭ᠎ᠠ ᠠᠯᠪᠠᠨ ᠲᠠᠷᠬᠠᠭᠠᠭᠰᠠᠨ ﹇2021﹈ 33 ᠳ᠋ᠤᠭᠠᠷ ᠲᠣᠭᠠᠲᠤ | ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠠᠶᠢᠮᠠᠭ ᠤᠨ ᠰᠢᠭᠤᠳ ᠬᠠᠷᠢᠶ᠎ᠠ | ᠬᠤᠯᠪᠣᠭᠳᠠᠯ ᠪᠥᠬᠦᠶ ᠰᠠᠯᠠᠭ᠎ᠠ ᠮᠥᠴᠢᠷ ᠲᠤ᠄ | ᠰᠤᠳᠤᠯᠬᠤ ᠪᠠᠷ ᠳᠡᠮᠵᠢᠨ᠂ ᠡᠳᠦᠭᠡ ︽ᠳᠤᠮᠳᠠᠳᠤ ᠤᠯᠤᠰ ᠤᠨ ᠬᠥᠳᠡᠭᠡ ᠲᠣᠰᠬᠤᠨ ᠤ ᠲᠤᠰᠬᠠᠶ ᠮᠡᠷᠭᠡᠵᠢᠯ ᠤᠨ | ᠨᠡᠶᠢᠭᠡᠮᠯᠢᠭ ︵ᠬᠢᠩᠭᠠᠨ ᠠᠶᠢᠮᠠᠭ︶ ᠤᠨ ᠰᠢᠨᠵᠢᠯᠡᠬᠦ ᠤᠬᠠᠭᠠᠨ ᠮᠡᠷᠭᠡᠵᠢᠯ ᠤᠨ ᠪᠠᠭ᠎ᠠ ᠬᠦᠷᠢᠶᠡᠯᠡᠩ ᠢ ᠡᠭᠦᠳᠦᠨ | ᠪᠠᠶᠢᠭᠤᠯᠬᠤ ᠲᠥᠰᠦᠯ︾ ᠢ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠶ ᠲᠠᠢ ᠪᠠᠨ ᠤᠶᠠᠯᠳᠤᠭᠤᠯᠤᠨ | ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠬᠢᠨᠠᠮᠠᠭᠠᠶ ᠰᠠᠶᠢᠲᠤᠷ ᠠᠳᠬᠤᠬᠤ ᠶᠢ ᠬᠦᠰᠡᠵᠦ ᠪᠠᠶᠢᠨ᠎ᠠ᠃ | ᠳᠤᠮᠳᠠᠳᠤ ᠤᠯᠤᠰ ᠤᠨ ᠬᠥᠳᠡᠭᠡ ᠲᠣᠰᠬᠤᠨ ᠤ ᠲᠤᠰᠬᠠᠶ ᠮᠡᠷᠭᠡᠵᠢᠯ ᠤᠨ ᠨᠡᠶᠢᠭᠡᠮᠯᠢᠭ ︵ᠬᠢᠩᠭᠠᠨ ᠠᠶᠢᠮᠠᠭ︶ ᠤᠨ | ᠰᠢᠨᠵᠢᠯᠡᠬᠦ ᠤᠬᠠᠭᠠᠨ ᠮᠡᠷᠭᠡᠵᠢᠯ ᠤᠨ ᠪᠠᠭ᠎ᠠ ᠬᠦᠷᠢᠶᠡᠯᠡᠩ ᠢ ᠡᠭᠦᠳᠦᠨ ᠪᠠᠶᠢᠭᠤᠯᠬᠤ ᠲᠥᠰᠦᠯ | ᠰᠢᠨᠵᠢᠯᠡᠬᠦ ᠤᠬᠠᠭᠠᠨ ᠮᠡᠷᠭᠡᠵᠢᠯ ᠤᠨ ᠪᠠᠭ᠎ᠠ ᠬᠦᠷᠢᠶᠡᠯᠡᠩ ᠪᠣᠯ ᠬᠥᠳᠡᠭᠡ ᠲᠣᠰᠬᠤᠨ ᠤ ᠦᠨᠳᠦᠰᠦᠨ ᠱᠠᠲᠤᠨ ᠳᠤ | ᠪᠠᠶᠢᠭᠤᠯᠤᠭᠳᠠᠵᠤ᠂ ᠲᠠᠷᠢᠮᠠᠯ ᠤᠨ ᠥᠨᠳᠥᠷ ᠤᠨᠠᠯᠲᠠ ᠪᠠ ᠡᠬᠢ ᠪᠠᠶᠠᠯᠢᠭ ᠥᠨᠳᠥᠷ ᠦᠷ᠎ᠡ ᠠᠰᠢᠭ ᠲᠠᠢ ᠪᠠᠶᠢᠬᠤ ᠶᠢ | ᠪᠡᠶᠡᠯᠡᠭᠦᠯᠬᠦ᠂ ᠣᠷᠣᠨ ᠨᠤᠲᠤᠭ ᠤᠨ ᠴᠢᠳᠠᠪᠤᠷᠢᠲᠠᠨ ᠢ ᠬᠥᠮᠦᠵᠢᠭᠦᠯᠬᠦ ᠪᠠᠷ ᠬᠠᠷᠠᠯᠲᠠ ᠪᠣᠯᠭᠠᠵᠤ᠂ ᠰᠢᠨ᠎ᠡ ᠴᠠᠭ | ᠦᠶ᠎ᠡ ᠶᠢᠨ ᠰᠢᠨᠵᠢᠯᠡᠬᠦ ᠤᠬᠠᠭᠠᠨ ᠤ ᠰᠤᠳᠤᠯᠭᠠᠨ ᠪᠠ ᠮᠡᠷᠭᠡᠵᠢᠯ ᠤᠨ ᠬᠡᠷᠡᠭᠯᠡᠯᠲᠡ ᠶᠢ ᠬᠠᠷᠢᠯᠴᠠᠨ ᠤᠶᠠᠯᠳᠤᠭᠤᠯᠬᠤ ᠶᠢ | ᠰᠦᠪᠡᠭᠴᠢᠯᠡᠵᠦ᠂ ᠮᠡᠷᠭᠡᠵᠢᠯ ᠢ ᠪᠣᠳᠠᠲᠠᠶᠢᠵᠢᠭᠤᠯᠬᠤ ᠨᠤᠷᠮ᠎ᠠ ᠶᠢ ᠳᠡᠭᠡᠭᠰᠢᠯᠡᠭᠦᠯᠵᠦ᠂ ᠲᠠᠷᠢᠶᠠᠯᠠᠩ ᠤᠨ ᠴᠢᠨᠠᠷ ᠰᠠᠶᠢᠲᠠᠢ | ᠬᠥᠭᠵᠢᠯᠲᠡ ᠶᠢ ᠪᠡᠶᠡᠯᠡᠭᠦᠯᠬᠦ ᠲᠠᠷᠢᠶᠠᠯᠠᠩ ᠤᠨ ᠮᠡᠷᠭᠡᠵᠢᠯ ᠢ ᠳᠡᠯᠭᠡᠷᠡᠭᠦᠯᠬᠦ ᠰᠢᠨ᠎ᠡ ᠠᠷᠭ᠎ᠠ ᠵᠠᠮ ᠪᠠ ᠰᠢᠨ᠎ᠡ ᠲᠣᠭᠲᠠᠴᠠ | ᠪᠣᠯᠤᠨ᠎ᠠ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠵᠤ᠂ ᠬᠥᠳᠡᠭᠡ | ᠠᠵᠤ ᠠᠬᠤᠢ ᠬᠥᠳᠡᠭᠡ ᠲᠣᠰᠬᠤᠨ ᠤ ᠣᠳᠣᠬᠢᠴᠢᠯᠠᠯᠲᠠ ᠶᠢ ᠲᠦᠷᠭᠡᠳᠬᠡᠬᠦ ᠲᠤᠬᠠᠢ ᠨᠠᠮ ᠤᠨ ᠳᠤᠮᠳᠠᠳᠤ ᠤᠯᠤᠰ ᠤᠨ | ᠡᠪ ᠬᠠᠮᠲᠤ ᠨᠠᠮ᠂ ᠲᠦᠷᠦ ᠶᠢᠨ ᠶᠠᠪᠤᠳᠠᠯ ᠤᠨ ᠬᠤᠷᠢᠶᠠᠨ ᠤ ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠤᠨ ᠵᠣᠷᠢᠭ | ᠰᠠᠨᠠᠭ᠎ᠠ ᠪᠣᠯᠤᠨ ᠬᠢᠩᠭᠠᠨ ᠠᠶᠢᠮᠠᠭ ᠤᠨ ᠬᠥᠳᠡᠭᠡ ᠲᠣᠰᠬᠤᠨ ᠤ ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ | ᠲᠥᠯᠥᠪᠵᠢᠭᠦᠯᠭᠡ ᠶᠢ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ | ᠥᠷᠭᠡᠳᠬᠡᠵᠦ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠢ ᠵᠣᠯᠭᠠᠭᠤᠯᠵᠤ᠂ ︽ | ᠰᠢᠨᠵᠢᠯᠡᠬᠦ ᠤᠬᠠᠭᠠᠨ ᠮᠡᠷᠭᠡᠵᠢᠯ ᠢᠶᠠᠷ ᠠᠶᠢᠮᠠᠭ ᠢᠶᠠᠨ ᠮᠠᠨᠳᠤᠭᠤᠯᠬᠤ︾ ᠠᠵᠢᠯᠯᠠᠭ᠎ᠠ ᠶᠢ ᠯᠠᠪᠳᠠᠭᠤᠨ ᠪᠠᠲᠤᠲᠠᠢ | ᠠᠬᠢᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠪᠠᠭ᠎ᠠ ᠬᠦᠷᠢᠶᠡᠯᠡᠩ ᠤᠨ ᠵᠠᠭᠪᠤᠷ ᠢᠶᠠᠷ ᠬᠥᠳᠡᠭᠡ ᠠᠵᠤ | ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠵᠦ᠂ ᠬᠥᠳᠡᠭᠡ ᠠᠵᠤ ᠠᠬᠤᠢ ᠬᠥᠳᠡᠭᠡ | ᠲᠣᠰᠬᠤᠨ ᠤ ᠣᠳᠣᠬᠢᠴᠢᠯᠠᠯᠲᠠ ᠶᠢ ᠲᠦᠷᠭᠡᠨ ᠪᠡᠶᠡᠯᠡᠭᠦᠯᠵᠦ᠂ ᠳᠤᠮᠳᠠᠳᠤ ᠤᠯᠤᠰ ᠤᠨ ᠬᠥᠳᠡᠭᠡ ᠲᠣᠰᠬᠤᠨ ᠤ | ᠲᠤᠰᠬᠠᠢ ᠮᠡᠷᠭᠡᠵᠢᠯ ᠤᠨ ᠨᠡᠶᠢᠭᠡᠮᠯᠢᠭ ︵ᠳᠣᠷᠣᠭᠰᠢ ᠳᠤᠮᠳᠠᠳᠤ ᠤᠯᠤᠰ ᠤᠨ ᠲᠠᠷᠢᠶᠠᠯᠠᠩ ᠤᠨ ᠮᠡᠷᠭᠡᠵᠢᠯ ᠤᠨ | ᠨᠡᠶᠢᠭᠡᠮᠯᠢᠭ ᠭᠡᠵᠦ ᠳᠥᠭᠦᠮᠴᠢᠯᠡᠨ᠎ᠡ︶ ᠤᠨ ︽ᠰᠢᠨᠵᠢᠯᠡᠬᠦ ᠤᠬᠠᠭᠠᠨ ᠮᠡᠷᠭᠡᠵᠢᠯ ᠤᠨ ᠪᠠᠭ᠎ᠠ ᠬᠦᠷᠢᠶᠡᠯᠡᠩ ᠤᠨ | ᠬᠤᠯᠪᠣᠭ᠎ᠠ ᠶᠢᠨ ᠬᠠᠮᠢᠶᠠᠷᠤᠯᠲᠠ ᠶᠢᠨ ᠠᠷᠭ᠎ᠠ︾ ᠶᠢ ᠦᠨᠳᠦᠰᠦᠯᠡᠵᠦ᠂ ᠮᠠᠨ ᠤ ᠠᠶᠢᠮᠠᠭ ᠤᠨ ᠪᠣᠳᠠᠲᠤ ᠪᠠᠶᠢᠳᠠᠯ ᠲᠠᠢ | ᠤᠶᠠᠯᠳᠤᠭᠤᠯᠵᠤ᠂ ᠲᠤᠰ ᠲᠥᠰᠦᠯ ᠢ ᠲᠣᠭᠲᠠᠭᠠᠪᠠ᠃ | ᠨᠢᠭᠡ᠂ ᠶᠡᠷᠦᠩᠬᠡᠶ ᠱᠠᠭᠠᠷᠳᠠᠯᠭ᠎ᠠ | ︵ᠨᠢᠭᠡ︶ ᠵᠢᠯᠣᠭᠤᠳᠬᠤ ᠦᠵᠡᠯ ᠰᠠᠨᠠᠭ᠎ᠠ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ | ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠤᠨ ᠠᠷᠪᠠ | ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ᠂ ᠲᠠᠪᠤᠳᠤᠭᠠᠷ᠂ | ᠵᠢᠷᠭᠤᠳᠤᠭᠠᠷ ᠪᠦᠭᠦᠳᠡ ᠬᠤᠷᠠᠯ ᠵᠢᠴᠢ ᠲᠥᠪ ᠤᠨ ᠠᠵᠤ ᠠᠬᠤᠢ ᠶᠢᠨ ᠠᠵᠢᠯ ᠤᠨ ᠬᠤᠷᠠᠯ᠂ ᠲᠥᠪ ᠤᠨ ᠬᠥᠳᠡᠭᠡ | ᠲᠣᠰᠬᠤᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠵᠦ᠂ ᠬᠥᠳᠡᠭᠡ ᠠᠵᠤ | ᠠᠬᠤᠢ ᠬᠥᠳᠡᠭᠡ ᠲᠣᠰᠬᠤᠨ ᠢ ᠤᠷᠢᠳᠠᠪᠠᠷ ᠬᠥᠭᠵᠢᠭᠦᠯᠬᠦ ᠶᠢ ᠪᠠᠷᠢᠮᠲᠠᠯᠠᠵᠤ᠂ ᠠᠵᠤ ᠦᠢᠯᠡᠰ ᠤᠨ ᠬᠥᠭᠵᠢᠯᠲᠡ ᠪᠠᠷ | ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠠᠬᠢᠭᠤᠯᠵᠤ᠂ ᠣᠷᠣᠨ ᠨᠤᠲᠤᠭ ᠤᠨ | ᠴᠢᠳᠠᠪᠤᠷᠢᠲᠠᠨ ᠢ ᠶᠡᠬᠡᠪᠡᠷ ᠬᠥᠮᠦᠵᠢᠭᠦᠯᠬᠦ ᠶᠢ ᠪᠠᠷᠢᠮᠲᠠᠯᠠᠵᠤ᠂ ᠳᠡᠭᠡᠳᠦ ᠵᠡᠷᠭᠡ ᠶᠢᠨ ᠰᠤᠷᠭᠠᠭᠤᠯᠢ ᠶᠢᠨ ᠲᠤᠰᠬᠠᠢ | ᠮᠡᠷᠭᠡᠵᠢᠯᠲᠡᠨ ᠪᠠ ᠠᠰᠫᠢᠷᠠᠨᠲ ᠤᠨ ᠬᠥᠳᠡᠭᠡ ᠲᠣᠰᠬᠤᠨ ᠳᠤ ᠦᠢᠯᠡᠴᠢᠯᠡᠬᠦ ᠶᠢ ᠠᠬᠢᠭᠤᠯᠵᠤ᠂ ︽ᠵᠠᠰᠠᠭ ᠤᠨ | ᠣᠷᠳᠣᠨ ᠠᠵᠤ ᠠᠬᠤᠶᠢᠯᠠᠯ ᠳᠡᠭᠡᠳᠦ ᠰᠤᠷᠭᠠᠭᠤᠯᠢ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠶᠢ | ᠬᠡᠷᠡᠭᠯᠡᠬᠦ︾ ᠶᠢ ᠨᠢᠭᠲᠠ ᠤᠶᠠᠯᠳᠤᠭᠤᠯᠤᠭᠰᠠᠨ ᠰᠢᠨ᠎ᠡ ᠲᠣᠭᠲᠠᠴᠠ ᠶᠢ ᠪᠠᠶᠢᠭᠤᠯᠵᠤ᠂ ᠬᠥᠳᠡᠭᠡ ᠠᠵᠤ ᠠᠬᠤᠢ ᠶᠢᠨ | ᠴᠢᠨᠠᠷ ᠰᠠᠶᠢᠲᠠᠢ ᠥᠨᠳᠥᠷ ᠦᠷ᠎ᠡ ᠠᠰᠢᠭ ᠲᠠᠢ᠂ ᠬᠥᠳᠡᠭᠡ ᠲᠣᠰᠬᠤᠨ ᠤ ᠣᠷᠣᠰᠢᠨ ᠰᠠᠭᠤᠬᠤ ᠳᠤ ᠲᠣᠬᠢᠷᠠᠮᠵᠢᠲᠠᠢ᠂ | ᠲᠠᠷᠢᠶᠠᠴᠢᠳ ᠤᠨ ᠪᠠᠶᠠᠨ ᠴᠢᠨᠡᠭᠡᠯᠢᠭ ᠪᠠᠶᠢᠬᠤ ᠶᠢ ᠠᠬᠢᠭᠤᠯᠵᠤ᠂ ᠪᠦᠬᠦ ᠠᠶᠢᠮᠠᠭ ᠤᠨ ᠬᠥᠳᠡᠭᠡ ᠲᠣᠰᠬᠤᠨ ᠤ ᠠᠵᠤ | ᠦᠢᠯᠡᠰ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠨ᠎ᠡ᠃ | ︵ᠬᠤᠶᠠᠷ︶ ᠠᠵᠢᠯ ᠤᠨ ᠬᠠᠷᠠᠯᠲᠠ | ᠮᠠᠨ ᠤ ᠠᠶᠢᠮᠠᠭ ᠤᠨ ᠭᠤᠤᠯᠯᠠᠭᠴᠢ ᠠᠵᠤ ᠦᠢᠯᠡᠰ᠂ ᠳᠠᠪᠠᠭᠤᠯᠢᠭ ᠤᠨᠴᠠᠯᠢᠬᠳᠤ ᠠᠵᠤ ᠦᠢᠯᠡᠰ ᠪᠠ ᠪᠠᠶᠢᠯᠳᠤᠬᠤ | ᠪᠣᠳᠣᠯᠭ᠎ᠠ ᠶᠢᠨ ᠰᠢᠨ᠎ᠡ ᠪᠠᠷ ᠪᠣᠶ ᠪᠣᠯᠤᠭᠰᠠᠨ ᠠᠵᠤ ᠦᠢᠯᠡᠰ ᠤᠨ ᠲᠣᠭᠤᠷᠢᠨ ᠳᠤ᠂ 2025 ᠣᠨ ᠪᠣᠯᠬᠤ ᠳᠤ | ᠨᠡᠶᠢᠲᠡ 11 ᠰᠢᠨᠵᠢᠯᠡᠬᠦ ᠤᠬᠠᠭᠠᠨ ᠮᠡᠷᠭᠡᠵᠢᠯ ᠤᠨ ᠪᠠᠭ᠎ᠠ ᠬᠦᠷᠢᠶᠡᠯᠡᠩ ᠢ ᠪᠠᠶᠢᠭᠤᠯᠵᠤ᠂ ᠲᠤᠰᠬᠠᠶ ᠮᠡᠷᠭᠡᠵᠢᠯ ᠤᠨ | ᠠᠰᠫᠢᠷᠠᠨᠲ ᠢ 11 ᠬᠥᠮᠦᠨ ᠠᠴᠠ ᠳᠡᠭᠡᠭᠰᠢ ᠰᠠᠭᠤᠯᠭᠠᠨ᠎ᠠ᠃ ︵ᠰᠢᠨᠵᠢᠯᠡᠬᠦ ᠤᠬᠠᠭᠠᠨ ᠮᠡᠷᠭᠡᠵᠢᠯ ᠤᠨ ᠪᠠᠭ᠎ᠠ | ᠰᠤᠷᠭᠠᠭᠤᠯᠢ ᠨᠢᠭᠡᠪᠦᠷᠢ ᠳᠤ ᠠᠰᠫᠢᠷᠠᠨᠲ ᠤᠨ ᠰᠤᠳᠤᠯᠬᠤ ᠰᠣᠷᠣᠭᠴᠢ 1 ᠠᠴᠠ ᠳᠡᠭᠡᠭᠰᠢ ᠣᠷᠣᠨ᠎ᠠ︶᠃ ᠡᠯ᠎ᠡ | ᠬᠤᠰᠢᠭᠤ ᠰᠢᠶᠠᠨ ᠬᠤᠲᠠ ᠨᠤᠭᠤᠳ ᠰᠢᠨᠵᠢᠯᠡᠬᠦ ᠤᠬᠠᠭᠠᠨ ᠮᠡᠷᠭᠡᠵᠢᠯ ᠤᠨ ᠪᠠᠭ᠎ᠠ ᠬᠦᠷᠢᠶᠡᠯᠡᠩ ᠢ ᠡᠭᠦᠳᠦᠨ | ᠪᠠᠶᠢᠭᠤᠯᠬᠤ ᠠᠵᠢᠯ ᠢ ᠠᠵᠢᠯ ᠤᠨ ᠵᠥᠪᠯᠡᠬᠦ ᠵᠦᠢᠯ ᠳᠡᠭᠡᠨ ᠣᠷᠣᠭᠤᠯᠵᠤ᠂ ᠤᠯᠠᠭᠠᠨᠬᠤᠲᠠ᠂ ᠵᠠᠯᠠᠶᠢᠳ ᠬᠤᠰᠢᠭᠤ᠂ | ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ᠂ ᠲᠦᠴᠢᠦᠸᠠᠨ ᠰᠢᠶᠠᠨ᠂ ᠬᠤᠷᠴᠢᠨ ᠪᠠᠷᠠᠭᠤᠨ ᠭᠠᠷᠤᠨ | ᠳᠤᠮᠳᠠᠳᠤ ᠬᠤᠰᠢᠭᠤ ᠲᠣᠰ ᠲᠣᠰ 2 ᠰᠢᠨᠵᠢᠯᠡᠬᠦ ᠤᠬᠠᠭᠠᠨ ᠮᠡᠷᠭᠡᠵᠢᠯ ᠤᠨ ᠪᠠᠭ᠎ᠠ ᠬᠦᠷᠢᠶᠡᠯᠡᠩ ᠢ ᠡᠭᠦᠳᠦᠨ | ᠪᠠᠶᠢᠭᠤᠯᠵᠤ᠂ ᠷᠠᠰᠢᠶᠠᠨ ᠬᠤᠲᠠ 1 ᠰᠢᠨᠵᠢᠯᠡᠬᠦ ᠤᠬᠠᠭᠠᠨ ᠮᠡᠷᠭᠡᠵᠢᠯ ᠤᠨ ᠪᠠᠭ᠎ᠠ ᠬᠦᠷᠢᠶᠡᠯᠡᠩ ᠢ ᠡᠭᠦᠳᠦᠨ | ᠪᠠᠶᠢᠭᠤᠯᠤᠨ᠎ᠠ᠃ | ᠬᠤᠶᠠᠷ᠂ ᠭᠤᠤᠯᠳᠠᠯᠭ᠎ᠠ ᠲᠠᠢ ᠡᠭᠦᠷᠭᠡ | ︵ᠨᠢᠭᠡ︶ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ | ᠰᠤᠳᠤᠯᠬᠤ ᠰᠤᠷᠤᠭᠴᠢ ᠵᠢᠴᠢ ᠲᠡᠭᠦᠨ ᠤ ᠵᠢᠯᠣᠭᠤᠳᠣᠭᠴᠢ ᠪᠠᠭᠰᠢ ᠬᠥᠳᠡᠭᠡ ᠲᠣᠰᠬᠤᠨ ᠪᠠ ᠲᠠᠷᠢᠶᠠᠯᠠᠩ ᠤᠨ | ᠦᠢᠯᠡᠳᠪᠦᠷᠢᠯᠡᠯ ᠤᠨ ᠨᠢᠭᠡᠳᠦᠭᠡᠷ ᠹᠷᠣᠨᠲ ᠲᠤ᠂ ᠦᠢᠯᠡᠳᠪᠦᠷᠢᠯᠡᠯ ᠤᠨ ᠪᠣᠳᠠᠲᠠᠢ ᠠᠰᠠᠭᠤᠳᠠᠯ ᠳᠤ ᠴᠢᠭᠯᠡᠭᠦᠯᠦᠨ᠂ | ᠲᠠᠷᠢᠶᠠᠯᠠᠩ ᠤᠨ ᠮᠡᠷᠭᠡᠵᠢᠯᠲᠡᠨ ᠪᠠ ᠲᠠᠷᠢᠶᠠᠴᠢᠳ ᠲᠠᠢ ᠬᠠᠮᠲᠤᠪᠠᠷ ᠲᠠᠷᠢᠶᠠᠨ ᠭᠠᠵᠠᠷ ᠤᠨ ᠰᠤᠳᠤᠯᠭᠠᠨ ᠢ ᠥᠷᠨᠢᠭᠦᠯᠵᠦ | ᠂ ᠠᠮᠢᠨ ᠭᠠᠵᠠᠷ ᠢ ᠨᠢ ᠠᠳᠬᠤᠵᠤ᠂ ᠵᠢᠮ᠎ᠡ ᠶᠣᠰᠣ ᠶᠢ ᠨᠢ ᠡᠷᠢᠨ ᠣᠯᠵᠤ᠂ ᠥᠨᠳᠥᠷ ᠤᠨᠠᠯᠲᠠ ᠲᠠᠢ ᠥᠨᠳᠥᠷ ᠦᠷ᠎ᠡ | ᠠᠰᠢᠭ ᠲᠠᠢ ᠮᠡᠷᠭᠡᠵᠢᠯ ᠢ ᠬᠤᠷᠠᠮᠳᠤᠭᠤᠯᠤᠨ ᠰᠢᠨ᠎ᠡ ᠶᠢ ᠡᠭᠦᠳᠴᠦ᠂ ᠪᠣᠬᠢᠷᠲᠤᠯ ᠦᠭᠡᠢ ᠪᠠᠷ ᠤᠨᠠᠯᠲᠠ ᠶᠢ | ᠨᠡᠮᠡᠭᠳᠡᠭᠦᠯᠬᠦ ᠲᠥᠰᠦᠯ ᠢ ᠪᠦᠷᠢᠯᠳᠦᠭᠦᠯᠵᠦ᠂ ᠲᠠᠬᠢᠨ ᠶᠡᠭᠡ ᠬᠡᠪᠴᠢᠶ᠎ᠡ ᠪᠠᠷ ᠦᠢᠯᠡᠳᠪᠦᠷᠢᠯᠡᠯ ᠢ ᠰᠢᠯᠭᠠᠨ ᠪᠠᠲᠤᠯᠠᠬᠤ | ᠪᠠ ᠬᠡᠷᠡᠭᠯᠡᠵᠦ ᠳᠡᠯᠭᠡᠷᠡᠭᠦᠯᠬᠦ ᠶᠢ ᠶᠠᠪᠤᠭᠳᠠᠭᠤᠯᠵᠤ᠂ ︽ᠵᠠᠰᠠᠭ ᠤᠨ ᠣᠷᠳᠣᠨ ᠠᠵᠤ ᠠᠬᠤᠶᠢᠯᠠᠯ ᠳᠡᠭᠡᠳᠦ | ᠰᠤᠷᠭᠠᠭᠤᠯᠢ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠶᠢ ᠬᠡᠷᠡᠭᠯᠡᠬᠦ︾ ᠶᠢ ᠨᠢᠭᠲᠠ | ᠤᠶᠠᠯᠳᠤᠭᠤᠯᠬᠤ ᠶᠢ ᠠᠬᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠦᠢᠯᠡᠴᠢᠯᠡᠬᠦ ᠳᠤᠮᠳᠠ | ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠴᠢᠬᠤᠯᠠ ᠦᠢᠯᠡᠳᠦᠯ ᠢ ᠪᠠᠳᠠᠷᠠᠭᠤᠯᠬᠤ | ᠬᠡᠷᠡᠭᠲᠡᠢ᠃ ︵ᠲᠦᠷᠦᠭᠦᠯᠡᠬᠦ ᠰᠠᠯᠠᠭ᠎ᠠ ᠮᠥᠴᠢᠷ᠄ ᠠᠶᠢᠮᠠᠭ ᠤᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠂ | ᠬᠠᠮᠵᠢᠯᠴᠠᠬᠤ ᠰᠠᠯᠠᠭ᠎ᠠ ᠮᠥᠴᠢᠷ᠄ ᠠᠶᠢᠮᠠᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠣᠶ ᠰᠢᠭᠤᠶ | ᠡᠪᠡᠰᠦ ᠪᠡᠯᠴᠢᠭᠡᠷ ᠤᠨ ᠲᠣᠪᠴᠢᠶ᠎ᠠ᠂ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ︶ | ︵ᠬᠤᠶᠠᠷ︶ ᠬᠡᠷᠡᠭᠯᠡᠭᠡᠨ ᠤ ᠮᠡᠷᠭᠡᠵᠢᠯ ᠤᠨ ᠦᠢᠯᠡᠴᠢᠯᠡᠭᠡ ᠶᠢ ᠥᠷᠨᠢᠭᠦᠯᠦᠨ᠎ᠡ᠃ ᠭᠠᠳᠠᠭᠠᠳᠤ ᠠᠴᠠ | ᠣᠷᠣᠭᠤᠯᠬᠤ᠂ ᠬᠤᠷᠠᠮᠳᠤᠭᠤᠯᠬᠤ᠂ ᠪᠣᠳᠠᠰᠵᠢᠭᠤᠯᠬᠤ᠂ ᠮᠠᠰᠢᠨᠴᠢᠯᠠᠬᠤ ᠵᠡᠷᠭᠡ ᠣᠯᠠᠨ ᠠᠷᠭ᠎ᠠ ᠵᠠᠮ ᠢᠶᠠᠷ | ᠮᠡᠷᠭᠡᠵᠢᠯ ᠤᠨ ᠰᠢᠨ᠎ᠡ ᠶᠢ ᠡᠭᠦᠳᠬᠦ ᠪᠠᠷ ᠳᠡᠮᠵᠢᠨ᠂ ᠲᠣᠰᠬᠤᠨ ᠳᠤ ᠬᠦᠷᠴᠦ ᠪᠣᠯᠪᠠᠰᠤᠷᠠᠭᠤᠯᠬᠤ᠂ ᠲᠠᠷᠢᠶᠠᠨ | ᠭᠠᠵᠠᠷ ᠤᠨ ᠰᠤᠷᠭᠠᠭᠤᠯᠢ᠂ ᠰᠢᠨᠵᠢᠯᠡᠬᠦ ᠤᠬᠠᠭᠠᠨ ᠤ ᠲᠦᠭᠡᠮᠡᠯᠵᠢᠭᠦᠯᠦᠯᠲᠡ ᠵᠡᠷᠭᠡ ᠠᠷᠭ᠎ᠠ ᠮᠠᠶ᠋ᠢᠭ ᠢᠶᠠᠷ ᠮᠠᠯᠴᠢᠨ | ᠲᠠᠷᠢᠶᠠᠴᠢᠨ ᠢ ᠪᠣᠯᠪᠠᠰᠤᠷᠠᠭᠤᠯᠵᠤ᠂ ᠵᠠᠶ ᠥᠬᠡᠶ᠂ ᠴᠠᠭ ᠤᠨ ᠵᠥᠷᠢᠶ᠎ᠡ ᠥᠬᠡᠶ᠂ ᠨᠥᠬᠦᠴᠡᠯ ᠥᠬᠡᠶ᠂ ᠵᠠᠷᠤᠳᠠᠯ | ᠥᠬᠡᠶ ᠪᠠᠷ ᠮᠠᠯᠴᠢᠨ ᠲᠠᠷᠢᠶᠠᠴᠢᠨ ᠳᠤ ᠦᠢᠯᠡᠴᠢᠯᠡᠵᠦ᠂ ᠡᠴᠦᠰ ᠤᠨ ᠨᠢᠭᠡ ᠺᠢᠯᠣᠮᠧᠲᠷ ᠤᠨ ᠬᠦᠴᠢᠷ ᠠᠰᠠᠭᠤᠳᠠᠯ ᠢ | ᠰᠢᠢᠳᠪᠦᠷᠢᠯᠡᠨ᠂ ᠬᠡᠷᠡᠭᠯᠡᠭᠡᠨ ᠤ ᠮᠡᠷᠭᠡᠵᠢᠯ ᠤᠨ ᠪᠣᠳᠠᠲᠠᠶᠢᠵᠢᠬᠤ ᠨᠣᠷᠮ᠎ᠠ ᠶᠢ ᠳᠡᠭᠡᠭᠰᠢᠯᠡᠭᠦᠯᠦᠨ᠎ᠡ᠃ ︵ᠲᠦᠷᠦᠭᠦᠯᠡᠬᠦ | ᠰᠠᠯᠠᠭ᠎ᠠ ᠮᠥᠴᠢᠷ᠄ ᠠᠶᠢᠮᠠᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠬᠠᠮᠵᠢᠯᠴᠠᠬᠤ ᠰᠠᠯᠠᠭ᠎ᠠ ᠮᠥᠴᠢᠷ | ᠄ ᠠᠶᠢᠮᠠᠭ ᠤᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠂ ᠣᠶ ᠰᠢᠭᠤᠶ ᠡᠪᠡᠰᠦ ᠪᠡᠯᠴᠢᠭᠡᠷ ᠤᠨ ᠲᠣᠪᠴᠢᠶ᠎ᠠ᠂ | ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ︶ | ︵ᠭᠤᠷᠪᠠ︶ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠴᠢᠳᠠᠪᠤᠷᠢᠲᠠᠨ ᠢ ᠬᠥᠮᠦᠵᠢᠭᠦᠯᠦᠨ᠎ᠡ᠃ | ᠤᠷᠲᠤ ᠬᠤᠭᠤᠴᠠᠭ᠎ᠠ ᠪᠠᠷ ᠦᠢᠯᠡᠳᠪᠦᠷᠢᠯᠡᠯ ᠤᠨ ᠨᠢᠭᠡᠳᠦᠭᠡᠷ ᠹᠷᠣᠨᠲ ᠲᠤ ᠦᠨᠳᠦᠰᠦᠯᠡᠵᠦ᠂ ᠪᠣᠳᠠᠲᠠᠶ | ᠠᠰᠠᠭᠤᠳᠠᠯ ᠳᠤ ᠴᠢᠭᠯᠡᠭᠦᠯᠦᠨ ᠰᠡᠳᠦᠪ ᠰᠣᠩᠭᠤᠨ ᠰᠤᠳᠤᠯᠵᠤ᠂ ᠲᠠᠷᠢᠶᠠᠴᠢᠳ ᠤᠨ ᠲᠠᠷᠢᠶᠠᠨ ᠳᠤ ᠲᠤᠷᠰᠢᠯᠲᠠ ᠶᠢᠨ | ᠵᠢᠱᠢᠶ᠎ᠡ ᠦᠵᠡᠭᠦᠯᠬᠦ ᠠᠵᠢᠯᠯᠠᠭ᠎ᠠ ᠥᠷᠨᠢᠭᠦᠯᠵᠦ᠂ ᠦᠢᠯᠡᠳᠪᠦᠷᠢᠯᠡᠯ ᠤᠨ ᠠᠰᠠᠭᠤᠳᠠᠯ ᠢ ᠰᠢᠭᠤᠳ ᠰᠢᠢᠳᠪᠦᠷᠢᠯᠡᠵᠦ᠂ | ᠨᠢᠭᠡ ᠪᠦᠯᠦᠭ ᠲᠤᠰᠬᠠᠢ ᠮᠡᠷᠭᠡᠵᠢᠯ ᠤᠨ ᠮᠡᠳᠡᠯᠭᠡ ᠪᠠᠷ ᠥᠷᠭᠡᠨ᠂ ᠦᠢᠯᠡᠳᠦᠯᠭᠡ ᠶᠢᠨ ᠤᠷ᠎ᠠ ᠴᠢᠳᠠᠪᠤᠷᠢ ᠪᠠᠷ ᠴᠢᠩᠭ᠎ᠠ᠂ | ᠶᠡᠷᠦᠩᠬᠡᠶᠢᠯᠡᠭᠰᠡᠨ ᠬᠡᠪ ᠴᠢᠨᠠᠷ ᠢᠶᠠᠷ ᠥᠨᠳᠥᠷ ᠤᠳᠤ ᠦᠶ᠎ᠡ ᠶᠢᠨ ᠲᠠᠷᠢᠶᠠᠯᠠᠩ ᠤᠨ ᠰᠢᠨᠵᠢᠯᠡᠬᠦ ᠤᠬᠠᠭᠠᠨ | ᠮᠡᠷᠭᠡᠵᠢᠯ ᠤᠨ ᠴᠢᠳᠠᠪᠤᠷᠢᠲᠠᠨ ᠢ ᠬᠥᠮᠦᠵᠢᠭᠦᠯᠵᠦ᠂ ᠨᠢᠭᠡ ᠪᠦᠯᠦᠭ ︽ᠨᠤᠲᠤᠭ ᠤᠨ ᠲᠤᠰᠬᠠᠢ ᠮᠡᠷᠭᠡᠵᠢᠯᠲᠡᠨ︾᠂ ︽ | ᠬᠥᠳᠡᠭᠡ ᠲᠣᠰᠬᠤᠨ ᠤ ᠪᠪᠢᠴᠢᠭ ᠤᠨ ᠬᠦᠮᠦᠨ︾᠂ ︽ᠬᠥᠳᠡᠭᠡ ᠲᠣᠰᠬᠤᠨ ᠤ ᠰᠢᠨ᠎ᠡ ᠶᠢ ᠡᠭᠦᠳᠦᠭᠴᠢ︾ ᠶᠢ | ᠬᠥᠮᠦᠵᠢᠭᠦᠯᠵᠦ᠂ ᠨᠢᠭᠡ ᠪᠦᠯᠦᠭ ᠲᠠᠷᠢᠶᠠᠯᠠᠩ ᠳᠤ ᠳᠤᠷᠠᠲᠠᠢ᠂ ᠮᠡᠷᠭᠡᠵᠢᠯ ᠲᠠᠢ᠂ ᠡᠵᠡᠩᠨᠡᠯᠲᠡ ᠳᠤ ᠴᠢᠳᠠᠮᠠᠭᠠᠢ | ᠥᠨᠳᠥᠷ ᠬᠡᠪ ᠪᠣᠯᠪᠠᠰᠤᠷᠠᠯ ᠲᠠᠢ ᠲᠠᠷᠢᠶᠠᠴᠢᠨ ᠢ ᠬᠥᠮᠦᠵᠢᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠬᠤ᠂ ᠬᠥᠳᠡᠭᠡ ᠠᠵᠤ ᠠᠬᠤᠢ ᠬᠥᠳᠡᠭᠡ ᠲᠣᠰᠬᠤᠨ ᠤ | ᠣᠳᠣᠬᠢᠴᠢᠯᠠᠯᠲᠠ ᠶᠢ ᠲᠦᠷᠭᠡᠳᠬᠡᠬᠦ ᠳᠤ ᠬᠦᠴᠦᠲᠦ ᠴᠢᠳᠠᠪᠤᠷᠢᠲᠠᠨ ᠤ ᠲᠤᠯᠭᠠᠭᠤᠷᠢᠯᠠᠯ ᠬᠠᠩᠭᠠᠬᠤ ᠬᠡᠷᠡᠭᠲᠡᠢ᠃ ︵ | ᠲᠦᠷᠦᠭᠦᠯᠡᠬᠦ ᠰᠠᠯᠠᠭ᠎ᠠ ᠮᠥᠴᠢᠷ᠄ ᠠᠶᠢᠮᠠᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ᠂ ᠬᠠᠮᠵᠢᠯᠴᠠᠬᠤ | ᠰᠠᠯᠠᠭ᠎ᠠ ᠮᠥᠴᠢᠷ᠄ ᠠᠶᠢᠮᠠᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠲᠠᠷᠢᠶᠠᠯᠠᠩ ᠮᠠᠯ ᠠᠵᠤ | ᠠᠬᠤᠶ ᠶᠢᠨ ᠲᠣᠪᠴᠢᠶ᠎ᠠ᠂ ᠣᠶ ᠰᠢᠭᠤᠶ ᠡᠪᠡᠰᠦ ᠪᠡᠯᠴᠢᠭᠡᠷ ᠤᠨ ᠲᠣᠪᠴᠢᠶ᠎ᠠ︶ | ︵ᠳᠥᠷᠪᠡ︶ ᠬᠥᠳᠡᠭᠡ ᠲᠣᠰᠬᠤᠨ ᠤ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠠᠵᠢᠯᠯᠠᠭ᠎ᠠ ᠶᠢ | ᠪᠠᠶᠠᠯᠢᠭᠵᠢᠭᠤᠯᠤᠨ᠎ᠠ᠃ ︽ᠰᠢᠨᠵᠢᠯᠡᠬᠦ ᠤᠬᠠᠭᠠᠨ ᠮᠡᠷᠭᠡᠵᠢᠯ︾ ᠤᠨ ᠣᠨᠴᠠᠯᠢᠭ ᠢ ᠪᠠᠷᠢᠮᠲᠠᠯᠠᠵᠤ᠂ ᠰᠢᠨᠵᠢᠯᠡᠬᠦ | ᠤᠬᠠᠭᠠᠨ ᠢ ᠲᠦᠭᠡᠮᠡᠯᠵᠢᠭᠦᠯᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠦᠬᠦ ᠶᠠᠪᠤᠴᠠ ᠳᠤ | ᠠᠭᠤᠰᠤᠯᠴᠠᠭᠤᠯᠵᠤ᠂ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢ ᠮᠠᠯᠴᠢᠨ | ᠲᠠᠷᠢᠶᠠᠴᠢᠨ ᠤ ᠰᠢᠨᠵᠢᠯᠡᠬᠦ ᠤᠬᠠᠭᠠᠨ ᠤ ᠬᠡᠪ ᠴᠢᠨᠠᠷ ᠢ ᠳᠡᠭᠡᠭᠰᠢᠯᠡᠭᠦᠯᠬᠦ ᠲᠠᠢ ᠨᠢᠭᠲᠠ ᠤᠶᠠᠯᠳᠤᠭᠤᠯᠬᠤ ᠶᠢ | ᠴᠢᠬᠤᠯᠠᠴᠢᠯᠠᠵᠤ᠂ ᠮᠠᠯᠵᠢᠬᠤ ᠲᠠᠷᠢᠶᠠᠯᠠᠬᠤ ᠣᠷᠣᠨ ᠤ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠰᠣᠶᠣᠯ ᠤᠨ | ᠠᠵᠢᠯᠯᠠᠭ᠎ᠠ᠂ ᠡᠯ᠎ᠡ ᠲᠦᠷᠦᠯ ᠤᠨ ᠬᠠᠪᠰᠤᠷᠤᠨ ᠲᠡᠳᠬᠦᠬᠦ ᠠᠵᠢᠯᠯᠠᠭ᠎ᠠ ᠶᠢ ᠢᠳᠡᠪᠬᠢᠲᠡᠢ ᠵᠣᠬᠢᠶᠠᠨ ᠪᠠᠶᠢᠭᠤᠯᠵᠤ᠂ | ᠤᠯᠠᠨ ᠲᠦᠮᠡᠨ ᠤ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠵᠤ᠂ ᠦᠢᠯᠡᠳᠪᠦᠷᠢᠯᠡᠯ ᠠᠮᠢᠳᠤᠷᠠᠯ ᠤᠨ ᠣᠷᠴᠢᠨ | ᠲᠣᠭᠤᠷᠢᠨ ᠢ ᠰᠠᠶᠢᠵᠢᠷᠠᠭᠤᠯᠵᠤ᠂ ᠮᠠᠯᠴᠢᠨ ᠲᠠᠷᠢᠶᠠᠴᠢᠨ ᠤ ᠵᠣᠯ ᠵᠢᠷᠭᠠᠯ ᠤᠨ ᠵᠢᠭᠠᠯᠲᠠ ᠲᠤᠭ᠎ᠠ ᠶᠢ | ᠳᠡᠭᠡᠭᠰᠢᠯᠡᠭᠦᠯᠦᠨ᠎ᠡ᠃ ︵ᠲᠦᠷᠦᠭᠦᠯᠡᠬᠦ ᠰᠠᠯᠠᠭ᠎ᠠ ᠮᠥᠴᠢᠷ᠄ ᠠᠶᠢᠮᠠᠭ ᠤᠨ ᠰᠢᠨᠵᠢᠯᠡᠬᠦ ᠤᠬᠠᠭᠠᠨ ᠮᠡᠷᠭᠡᠵᠢᠯ ᠤᠨ | ᠨᠡᠶᠢᠭᠡᠮᠯᠢᠭ᠂ ᠬᠠᠮᠵᠢᠯᠴᠠᠬᠤ ᠰᠠᠯᠠᠭ᠎ᠠ ᠮᠥᠴᠢᠷ᠄ ᠠᠶᠢᠮᠠᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ | ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠂ ᠣᠶ ᠰᠢᠭᠤᠶ ᠡᠪᠡᠰᠦ ᠪᠡᠯᠴᠢᠭᠡᠷ ᠤᠨ ᠲᠣᠪᠴᠢᠶ᠎ᠠ︶ | ᠭᠤᠷᠪᠠ᠂ ᠬᠡᠷᠡᠭᠵᠢᠭᠦᠯᠬᠦ ᠠᠯᠬᠤᠮ ᠳᠠᠷᠠᠭ᠎ᠠ | ︵ᠨᠢᠭᠡ︶ ᠪᠤᠶᠢᠵᠢᠭᠤᠯᠬᠤ ᠱᠠᠲᠤ ᠦᠶ᠎ᠡ ︵2021 ᠣᠨ ᠤ 11 ᠳ᠋ᠤᠭᠡᠷ ᠰᠠᠷ᠎ᠠ — 2021 ᠣᠨ ᠤ | 12 ᠳ᠋ᠤᠭᠠᠷ ᠰᠠᠷ᠎ᠠ︶ | ᠪᠥᠬᠦ ᠠᠶᠢᠮᠠᠭ ᠤᠨ ᠡᠯ᠎ᠡ ᠱᠠᠲᠤᠨ ᠤ ᠲᠠᠷᠢᠶᠠᠯᠠᠩ ᠳᠤ ᠬᠤᠯᠪᠣᠭᠳᠠᠬᠤ ᠰᠢᠨᠵᠢᠯᠡᠬᠦ ᠤᠬᠠᠭᠠᠨ ᠤ ᠰᠤᠳᠤᠯᠭᠠᠨ ᠤ | ᠪᠠᠶᠢᠭᠤᠯᠤᠮᠵᠢ᠂ ᠶᠡᠭᠡ ᠳᠡᠭᠡᠳᠦ ᠰᠤᠷᠭᠠᠭᠤᠯᠢ᠂ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ᠂ ᠬᠥᠳᠡᠭᠡ | ᠲᠣᠰᠬᠤᠨ ᠤ ᠲᠤᠰᠬᠠᠶ ᠮᠡᠷᠭᠡᠵᠢᠯ ᠤᠨ ᠨᠡᠶᠢᠭᠡᠮᠯᠢᠭ᠂ ᠲᠠᠷᠢᠶᠠᠯᠠᠩ ᠳᠤ ᠬᠤᠯᠪᠣᠭᠳᠠᠬᠤ ᠠᠵᠤ ᠠᠬᠤᠶᠢᠯᠠᠯ ᠤᠳ | ᠲᠤᠲᠤᠷᠭ᠎ᠠ᠂ ᠡᠷᠳᠡᠨᠢ ᠰᠢᠰᠢ᠂ ᠠᠯᠠᠰᠢᠨ ᠦᠬᠡᠷ᠂ ᠰᠦ ᠶᠢᠨ ᠦᠢᠯᠡᠰ᠂ ᠠᠯᠠᠰᠢᠨ ᠬᠤᠨᠢ᠂ ᠰᠢᠷ᠎ᠠ ᠪᠤᠷᠴᠠᠭ ᠵᠡᠷᠭᠡ | ᠭᠤᠤᠯᠯᠠᠭᠴᠢ ᠠᠵᠤ ᠦᠢᠯᠡᠰ ᠤᠨ ᠲᠣᠭᠤᠷᠢᠨ ᠳᠤ ᠭᠠᠭ᠋ᠠᠶ ᠵᠢᠭᠦᠷᠲᠡᠨ᠂ ᠢᠳᠡᠰᠢᠨ ᠨᠣᠭᠤᠭ᠎ᠠ ᠣᠶ ᠵᠢᠮᠢᠰ᠂ ᠡᠯᠳᠡᠪ | ᠠᠮᠤ ᠡᠯᠳᠡᠪ ᠪᠤᠷᠴᠠᠭ᠂ ᠰᠢᠬᠢᠷᠯᠢᠭ ᠲᠠᠷᠢᠮᠠᠯ᠂ ᠮᠣᠩᠭᠤᠯ ᠠᠳᠤᠭᠤ ᠲᠡᠵᠢᠭᠡᠨ ᠦᠷᠡᠵᠢᠭᠦᠯᠬᠦ ᠵᠡᠷᠭᠡ ᠳᠠᠪᠠᠭᠤᠯᠢᠭ | ᠤᠨᠴᠠᠯᠢᠭᠳᠤ ᠠᠵᠤ ᠦᠢᠯᠡᠰ᠂ ᠣᠲᠣ ᠦᠶ᠎ᠡ ᠶᠢᠨ ᠡᠭᠦᠯᠳᠡᠷ ᠤᠨ ᠦᠢᠯᠡᠰ᠂ ᠮᠣᠩᠭᠤᠯ ᠬᠢᠲᠠᠳ ᠡᠮ ᠤᠨ | ᠮᠠᠲ᠋ᠧᠷᠢᠶᠠᠯ ᠵᠡᠷᠭᠡ ᠪᠠᠶᠢᠯᠳᠤᠬᠤ ᠪᠣᠳᠣᠯᠭ᠎ᠠ ᠶᠢᠨ ᠰᠢᠨ᠎ᠡ ᠪᠠᠷ ᠪᠣᠶ ᠪᠣᠯᠤᠭᠰᠠᠨ ᠠᠵᠤ ᠦᠢᠯᠡᠰ ᠤᠨ ᠬᠥᠭᠵᠢᠯᠲᠡ ᠳᠤ᠂ | ᠰᠢᠨᠵᠢᠯᠡᠬᠦ ᠤᠬᠠᠭᠠᠨ ᠮᠡᠷᠭᠡᠵᠢᠯ ᠤᠨ ᠵᠢᠵᠢᠭ ᠬᠦᠷᠢᠶᠡᠯᠡᠩ ᠤᠨ ᠲᠤᠰᠬᠠᠶ ᠠᠵᠢᠯ ᠤᠨ ᠪᠠᠶᠢᠭᠤᠯᠤᠮᠵᠢ ᠶᠢ ᠪᠠᠶᠢᠭᠤᠯᠵᠤ᠂ | ᠵᠠᠰᠠᠭ ᠤᠨ ᠣᠷᠳᠣᠨ᠂ ᠲᠤᠰᠬᠠᠶ ᠮᠡᠷᠭᠡᠵᠢᠯᠲᠡᠨ᠂ ᠠᠵᠤ ᠠᠬᠤᠶᠢᠯᠠᠯ᠂ ᠮᠠᠯᠴᠢᠨ ᠲᠠᠷᠢᠶᠠᠴᠢᠨ ᠢ ᠪᠦᠲᠦᠮᠵᠢᠲᠡᠶ | ᠬᠤᠯᠪᠣᠭᠰᠠᠨ ᠰᠢᠨ᠎ᠡ ᠶᠢ ᠡᠭᠦᠳᠬᠦ ᠬᠡᠯᠪᠡᠷᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠦᠢᠯᠡᠴᠢᠯᠡᠭᠡᠨ ᠤ | ᠲᠠᠪᠴᠠᠩ ᠢ ᠪᠠᠶᠢᠭᠤᠯᠤᠨ᠎ᠠ᠃ ᠡᠭᠦᠨ ᠤ ᠬᠠᠮᠲᠤ᠂ ᠰᠢᠨᠵᠢᠯᠡᠬᠦ ᠤᠬᠠᠭᠠᠨ ᠮᠡᠷᠭᠡᠵᠢᠯ ᠤᠨ ᠪᠠᠭ᠎ᠠ ᠬᠦᠷᠢᠶᠡᠯᠡᠩ ᠤᠨ | ᠲᠤᠰᠬᠠᠶ ᠮᠡᠷᠭᠡᠵᠢᠯᠲᠡᠨ ᠤ ᠦᠢᠯᠡᠴᠢᠯᠡᠭᠡᠨ ᠤ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠲᠦᠷᠦᠭᠦᠦ | ᠲᠤᠰᠬᠠᠶ ᠮᠡᠷᠭᠡᠵᠢᠯᠲᠡᠨ ᠤ ᠰᠤᠳᠤᠯᠭᠠᠨ ᠤ ᠲᠥᠷᠥᠯ ᠵᠦᠢᠯ ᠢ ᠣᠷᠣᠭᠤᠯᠤᠨ ᠠᠪᠴᠢᠷᠠᠵᠤ᠂ ᠤᠯᠤᠰ ᠤᠨ | ᠳᠣᠲᠣᠭᠠᠳᠤ ᠶᠢᠨ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ᠂ ᠳᠡᠭᠡᠳᠦ | ᠲᠠᠰ ᠳᠠᠪᠬᠤᠷᠭ᠎ᠠ ᠶᠢᠨ ᠲᠤᠰᠬᠠᠶ ᠮᠡᠷᠭᠡᠵᠢᠯ ᠤᠨ ᠠᠰᠫᠢᠷᠠᠨᠲ᠂ ᠳ᠋ᠣᠺᠲ᠋ᠣᠷᠠᠨᠲ ᠤᠨ ᠪᠦᠯᠬᠦᠮ ᠢ ᠲᠡᠳᠡᠨ ᠠᠪᠴᠢᠷᠠᠵᠤ | ᠮᠠᠨ ᠤ ᠠᠶᠢᠮᠠᠭ ᠲᠤ ᠰᠤᠳᠤᠯᠭᠠᠨ ᠤ ᠰᠡᠳᠦᠪ ᠤᠨ ᠰᠤᠳᠤᠯᠭᠠᠨ ᠥᠷᠨᠢᠭᠦᠯᠵᠦ᠂ ᠬᠢᠩᠭᠠᠨ ᠠᠶᠢᠮᠠᠭ ᠤᠨ ᠲᠠᠷᠢᠶᠠᠯᠠᠩ | ᠮᠠᠯ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠬᠢᠵᠠᠭᠠᠷᠯᠠᠵᠤ ᠪᠠᠶᠢᠭ᠎ᠠ ᠪᠣᠭᠤᠮᠢ ᠶᠢᠨ ᠠᠰᠠᠭᠤᠳᠠᠯ ᠤᠨ | ᠲᠤᠬᠠᠶ ᠮᠡᠷᠭᠡᠵᠢᠯ ᠤᠨ ᠪᠣᠭᠤᠮᠲᠠ ᠰᠢᠪᠲᠤᠯᠬᠤ ᠶᠢ ᠥᠷᠨᠢᠭᠦᠯᠵᠦ᠂ ᠮᠠᠯᠴᠢᠨ ᠲᠠᠷᠢᠶᠠᠴᠢᠨ ᠤ ᠦᠢᠯᠡᠳᠪᠦᠷᠢᠯᠡᠯ ᠤᠨ | ᠮᠡᠷᠭᠡᠵᠢᠯ ᠤᠨ ᠪᠣᠯᠪᠠᠰᠤᠷᠠᠭᠤᠯᠤᠯ ᠪᠠ ᠵᠢᠯᠣᠭᠤᠳᠣᠯᠭ᠎ᠠ ᠶᠢ ᠥᠷᠨᠢᠭᠦᠯᠵᠦ᠂ ᠬᠦᠷᠢᠶᠡᠯᠡᠩ ᠣᠷᠣᠨ ᠨᠤᠲᠤᠭ᠂ | ᠰᠤᠷᠭᠠᠭᠤᠯᠢ ᠣᠷᠣᠨ ᠨᠤᠲᠤᠭ ᠤᠨ ᠬᠠᠮᠲᠤᠷᠠᠯᠴᠠᠭᠠᠨ ᠤ ᠬᠠᠷᠢᠴᠠᠭ᠎ᠠ ᠶᠢ ᠪᠠᠶᠢᠭᠤᠯᠤᠨ᠂ ᠲᠡᠷᠢᠭᠦᠨ ᠤ ᠰᠢᠨᠵᠢᠯᠡᠬᠦ | ᠤᠬᠠᠭᠠᠨ ᠤ ᠰᠤᠳᠤᠯᠭᠠᠨ ᠤ ᠦᠷ᠎ᠡ ᠪᠦᠲᠦᠭᠡᠯ ᠢ ᠨᠠᠶᠢᠳᠠᠪᠤᠷᠢᠵᠢᠭᠤᠯᠤᠨ ᠤᠯᠠᠷᠢᠭᠤᠯᠤᠨ ᠬᠡᠷᠡᠭᠯᠡᠬᠦ ᠶᠢ ᠠᠬᠢᠭᠤᠯᠤᠨ᠎ᠠ᠃ | ᠥᠪᠥᠷ ᠮᠣᠩᠭᠤᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ᠂ ᠳᠤᠮᠳᠠᠳᠤ ᠤᠯᠤᠰ ᠤᠨ ᠲᠠᠷᠢᠶᠠᠯᠠᠩ ᠤᠨ | ᠮᠡᠷᠭᠡᠵᠢᠯ ᠤᠨ ᠨᠡᠶᠢᠭᠡᠮᠯᠢᠭ ᠯᠦᠭᠡ ᠰᠠᠨᠠᠭᠠᠴᠢᠯᠠᠭ᠎ᠠ ᠠᠴᠠ ᠪᠠᠨ ᠬᠠᠮᠵᠢᠯᠴᠠᠬᠤ ᠬᠠᠷᠢᠴᠠᠭ᠎ᠠ ᠪᠠᠶᠢᠭᠤᠯᠵᠤ᠂ ᠰᠢᠨᠵᠢᠯᠡᠬᠦ | ᠤᠬᠠᠭᠠᠨ ᠮᠡᠷᠭᠡᠵᠢᠯ ᠤᠨ ᠪᠠᠭ᠎ᠠ ᠬᠦᠷᠢᠶᠡᠯᠡᠩ ᠤᠨ ᠪᠤᠶᠢᠵᠢᠭᠤᠯᠤᠨ ᠨᠡᠪᠴᠢᠭᠦᠯᠬᠦ ᠶᠢ ᠵᠢᠯᠣᠭᠤᠳᠤᠨ᠎ᠠ᠃ | ︵ᠬᠤᠶᠠᠷ︶ ᠮᠡᠳᠡᠭᠦᠯᠬᠦ ᠱᠠᠲᠤ ᠦᠶ᠎ᠡ ︵2021 ᠣᠨ ᠤ 12 ᠰᠠᠷ᠎ᠠ — 2022 ᠣᠨ ᠤ 12 ᠰᠠᠷ᠎ᠠ︶ | | ᠨᠢᠭᠡ ᠪᠦᠯᠦᠭ ᠨᠢ ᠪᠣᠯᠪᠠᠰᠤᠷᠠᠩᠭᠤᠶ ᠪᠣᠯᠪᠠᠯ᠂ ᠨᠢᠭᠡ ᠪᠦᠯᠦᠭ ᠢ ᠨᠢ ᠮᠡᠳᠡᠭᠦᠯᠬᠦ ᠠᠯᠬᠤᠮ ᠳᠠᠷᠠᠭ᠎ᠠ ᠲᠠᠢ ᠪᠠᠷ | ᠤᠷᠤᠭᠰᠢᠯᠠᠬᠤ ᠵᠠᠷᠴᠢᠮ ᠶᠣᠰᠣᠭᠠᠷ᠂ 2021 ᠣᠨ ᠳᠤ ᠪᠤᠶᠢᠵᠢᠭᠤᠯᠤᠭᠰᠠᠨ ᠰᠠᠭᠤᠷᠢᠨ ᠳᠡᠭᠡᠷ᠎ᠡ᠂ 2022 | ᠣᠨ ᠠᠴᠠ ᠡᠬᠢᠯᠡᠨ ᠳᠤᠮᠳᠠᠳᠤ ᠤᠯᠤᠰ ᠤᠨ ᠲᠠᠷᠢᠶᠠᠯᠠᠩ ᠤᠨ ᠮᠡᠷᠭᠡᠵᠢᠯ ᠤᠨ ᠨᠡᠶᠢᠭᠡᠮᠯᠢᠭ ᠲᠤ ᠰᠢᠨᠵᠢᠯᠡᠬᠦ ᠤᠬᠠᠭᠠᠨ | ᠮᠡᠷᠭᠡᠵᠢᠯ ᠤᠨ ᠪᠠᠭ᠎ᠠ ᠬᠦᠷᠢᠶᠡᠯᠡᠩ ᠤᠨ ᠨᠡᠷ᠎ᠡ ᠮᠡᠳᠡᠭᠦᠯᠬᠦ ᠪᠠᠷ ᠮᠡᠳᠡᠭᠦᠯᠦᠨ᠎ᠡ᠃ ᠵᠢᠯ ᠪᠦᠷᠢ 2 — 3 ᠰᠢᠨᠵᠢᠯᠡᠬᠦ | ᠤᠬᠠᠭᠠᠨ ᠮᠡᠷᠭᠡᠵᠢᠯ ᠤᠨ ᠪᠠᠭ᠎ᠠ ᠬᠦᠷᠢᠶᠡᠯᠡᠩ ᠢ ᠭᠤᠶᠤᠴᠢᠯᠠᠨ ᠮᠡᠳᠡᠭᠦᠯᠬᠦ ᠠᠬᠢᠴᠠ ᠶᠢᠨ ᠶᠣᠰᠣᠭᠠᠷ᠂ 2025 ᠣᠨ | ᠪᠣᠯᠬᠤ ᠳᠤ᠂ ᠪᠥᠬᠦ ᠠᠶᠢᠮᠠᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠪᠠᠭ᠎ᠠ ᠬᠦᠷᠢᠶᠡᠯᠡᠩ ᠢ 11 ᠪᠣᠯᠭᠠᠨ᠎ᠠ᠃ | ︵ᠭᠤᠷᠪᠠ︶ ᠪᠠᠬᠢᠵᠢᠭᠦᠯᠦᠨ ᠳᠡᠭᠡᠭᠰᠢᠯᠡᠭᠦᠯᠬᠦ ᠱᠠᠲᠤ ᠦᠶ᠎ᠡ ︵2022 ᠣᠨ ᠤ 12 ᠰᠠᠷ᠎ᠠ — 2025 | ᠣᠨ ᠤ 12 ᠰᠠᠷ᠎ᠠ︶ | ᠨᠢᠭᠡᠨᠲᠡ ᠪᠠᠶᠢᠭᠤᠯᠤᠭᠰᠠᠨ ᠰᠢᠨᠵᠢᠯᠡᠬᠦ ᠤᠬᠠᠭᠠᠨ ᠮᠡᠷᠭᠡᠵᠢᠯ ᠤᠨ ᠪᠠᠭ᠎ᠠ ᠬᠦᠷᠢᠶᠡᠯᠡᠩ ᠤᠨ ᠪᠠᠶᠢᠭ᠎ᠠ ᠭᠠᠵᠠᠷ ᠤᠨ | ᠬᠤᠰᠢᠭᠤ ᠰᠢᠶᠠᠨ ᠬᠤᠲᠠ ᠶᠢᠨ ᠵᠠᠰᠠᠭ ᠤᠨ ᠣᠷᠳᠣᠨ ᠵᠢᠴᠢ ᠲᠦᠰᠢᠭᠯᠡᠭᠰᠡᠨ ᠨᠢᠭᠡᠴᠢ ᠨᠦᠭᠦᠳ ᠥᠪᠥᠷ ᠮᠣᠩᠭᠤᠯ ᠤᠨ | ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ᠂ ᠳᠤᠮᠳᠠᠳᠤ ᠤᠯᠤᠰ ᠤᠨ ᠲᠠᠷᠢᠶᠠᠯᠠᠩ ᠤᠨ ᠮᠡᠷᠭᠡᠵᠢᠯ ᠤᠨ | ᠨᠡᠶᠢᠭᠡᠮᠯᠢᠭ ᠲᠠᠢ ᠰᠠᠨᠠᠭᠠᠴᠢᠯᠠᠭ᠎ᠠ ᠠᠴᠠ ᠪᠠᠨ ᠵᠣᠯᠭᠠᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠪᠠᠭ᠎ᠠ | ᠬᠦᠷᠢᠶᠡᠯᠡᠩ ᠤᠨ ᠲᠥᠷᠥᠯ ᠵᠦᠢᠯ ᠤᠨ ᠳᠡᠮᠵᠢᠯᠭᠡ ᠶᠢ ᠤᠯᠬᠤ ᠪᠠᠷ ᠳᠡᠮᠵᠢᠨ᠂ ᠣᠶᠤᠨ ᠤᠬᠠᠭᠠᠨ ᠪᠠ ᠪᠠᠯᠠ ᠮᠥᠩᠭᠦ | ᠣᠷᠣᠭᠤᠯᠤᠨ ᠠᠪᠴᠢᠷᠠᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠪᠠᠭ᠎ᠠ ᠬᠦᠷᠢᠶᠡᠯᠡᠩ ᠤᠨ ᠠᠵᠢᠯᠯᠠᠭᠠᠨ ᠤ ᠶᠠᠰᠤ | ᠴᠢᠨᠠᠷ ᠢ ᠳᠡᠭᠡᠭᠰᠢᠯᠡᠭᠦᠯᠬᠦ ᠬᠡᠷᠡᠭᠲᠡᠶ᠃ ᠳᠡᠯᠭᠡᠷᠡᠭᠦᠯᠬᠦ ᠦᠨ᠎ᠡ ᠥᠷᠲᠡᠭ ᠲᠠᠢ ᠨᠡᠶᠢᠲᠡᠯᠢᠭ ᠬᠡᠷᠡᠭ ᠤᠨ ᠵᠢᠱᠢᠶ᠎ᠡ ᠪᠠ | ᠠᠷᠭ᠎ᠠ ᠬᠢᠳᠡᠯ ᠢ ᠴᠠᠭ ᠲᠤᠬᠠᠶ ᠳᠤᠨᠢ ᠡᠮᠬᠢᠯᠡᠨ ᠪᠦᠷᠢᠯᠳᠦᠭᠦᠯᠵᠦ᠂ ᠪᠦᠬᠦ ᠠᠶᠢᠮᠠᠭ ᠲᠤ ᠬᠠᠨᠳᠤᠭᠤᠯᠤᠨ ᠲᠤᠷᠰᠢᠯᠭ᠎ᠠ᠂ | ᠦᠷ᠎ᠡ ᠪᠦᠲᠦᠭᠡᠯ ᠢ ᠳᠡᠯᠭᠡᠷᠡᠭᠦᠯᠵᠦ᠂ ᠴᠡᠭ ᠢᠶᠠᠷ ᠨᠡᠶᠢᠳᠡᠮ ᠢ ᠳᠠᠶᠢᠴᠢᠯᠠᠨ ᠰᠢᠨᠵᠢᠯᠡᠬᠦ ᠤᠬᠠᠭᠠᠨ ᠮᠡᠷᠭᠡᠵᠢᠯ ᠤᠨ | ᠪᠠᠭ᠎ᠠ ᠬᠦᠷᠢᠶᠡᠯᠡᠩ ᠤᠨ ᠬᠠᠮᠤᠷᠬᠤ ᠬᠡᠪᠴᠢᠶ᠎ᠡ ᠶᠢ ᠠᠬᠢᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠪᠠᠭ᠎ᠠ | ᠬᠦᠷᠢᠶᠡᠯᠡᠩ ᠢ ᠡᠭᠦᠳᠦᠨ ᠪᠠᠶᠢᠭᠤᠯᠬᠤ ᠪᠠᠷ ᠭᠠᠷᠳᠠᠴᠠ ᠪᠣᠯᠭᠠᠨ᠂ ᠮᠠᠯᠴᠢᠨ ᠲᠠᠷᠢᠶᠠᠴᠢᠨ ᠤ ᠳᠣᠲᠣᠭᠠᠳᠤ ᠶᠢᠨ | ᠬᠥᠳᠡᠯᠭᠡᠬᠦ ᠬᠦᠴᠦᠨ ᠢ ᠬᠥᠭᠵᠢᠭᠡᠬᠦ ᠪᠠᠷ ᠵᠠᠩᠭᠢᠯᠠᠭ᠎ᠠ ᠪᠣᠯᠭᠠᠵᠤ᠂ ᠭᠤᠤᠯᠳᠠᠯᠭ᠎ᠠ ᠶᠢ ᠠᠳᠬᠤᠨ᠂ ᠳᠤᠲᠠᠭᠤᠳᠠᠯ ᠢ | ᠨᠥᠬᠦᠪᠥᠷᠢᠯᠡᠵᠦ᠂ ᠪᠠᠭᠤᠷᠠᠶ ᠲᠠᠯ᠎ᠠ ᠶᠢ ᠪᠠᠭᠤᠷᠠᠭᠤᠯᠤᠨ᠂ ᠲᠠᠷᠢᠶᠠᠯᠠᠩ ᠮᠠᠯ ᠠᠵᠤ ᠠᠬᠤᠶ ᠶᠢᠨ ᠶᠠᠰᠤ ᠴᠢᠨᠠᠷ ᠢ | ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠪᠠ ᠮᠠᠯᠴᠢᠨ ᠲᠠᠷᠢᠶᠠᠴᠢᠨ ᠤ ᠣᠷᠣᠯᠭ᠎ᠠ ᠶᠢ ᠦᠷᠭᠦᠯᠵᠢᠯᠡᠨ | ᠨᠡᠮᠡᠭᠳᠡᠭᠦᠯᠬᠦ ᠶᠢ ᠯᠠᠪᠳᠠᠭᠤᠨ ᠪᠠᠲᠤᠲᠠᠶ ᠠᠬᠢᠭᠤᠯᠵᠤ᠂ ᠲᠠᠷᠢᠶᠠᠯᠠᠩ ᠮᠠᠯ ᠠᠵᠤ ᠠᠬᠤᠶ ᠶᠢᠨ ᠪᠥᠬᠦ ᠲᠠᠯ᠎ᠠ ᠪᠠᠷ ᠲᠠᠰ | ᠳᠡᠪᠰᠢᠬᠦ᠂ ᠮᠠᠯᠵᠢᠬᠤ ᠲᠠᠷᠢᠶᠠᠯᠠᠬᠤ ᠣᠷᠣᠨ ᠤ ᠪᠥᠬᠦ ᠲᠠᠯ᠎ᠠ ᠪᠠᠷ ᠳᠠᠪᠰᠢᠬᠤ᠂ ᠮᠠᠯᠴᠢᠨ ᠲᠠᠷᠢᠶᠠᠴᠢᠨ ᠤ ᠪᠥᠬᠦ | ᠲᠠᠯ᠎ᠠ ᠪᠠᠷ ᠬᠥᠭᠵᠢᠬᠦ ᠶᠢ ᠠᠬᠢᠭᠤᠯᠤᠨ᠂ ᠬᠥᠳᠡᠭᠡ ᠲᠣᠰᠬᠤᠨ ᠤ ᠠᠵᠤ ᠦᠢᠯᠡᠰ ᠢ ᠬᠥᠭᠵᠢᠭᠦᠯᠦᠨ | ᠮᠠᠨᠳᠤᠭᠤᠯᠬᠤ ᠳᠤ ᠦᠢᠯᠡᠴᠢᠯᠡᠨ᠎ᠡ᠃ ᠰᠢᠨᠵᠢᠯᠡᠬᠦ ᠤᠬᠠᠭᠠᠨ ᠮᠡᠷᠭᠡᠵᠢᠯ ᠤᠨ ᠪᠠᠭ᠎ᠠ ᠬᠦᠷᠢᠶᠡᠯᠡᠩ ᠤᠨ ᠨᠥᠯᠥᠭᠡᠯᠡᠨ | ᠳᠠᠶᠢᠴᠢᠯᠠᠬᠤ ᠦᠢᠯᠡᠳᠦᠯ ᠢᠶᠠᠷ ᠳᠠᠮᠵᠢᠭᠤᠯᠤᠨ᠂ ᠲᠠᠷᠢᠶᠠᠯᠠᠩ ᠮᠠᠯ ᠠᠵᠤ ᠠᠬᠤᠶ ᠶᠢᠨ ᠰᠢᠨᠵᠢᠯᠡᠬᠦ ᠤᠬᠠᠭᠠᠨ ᠮᠡᠷᠭᠡᠵᠢᠯ | ᠤᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠂ ᠲᠠᠷᠢᠶᠠᠯᠠᠩ ᠮᠠᠯ ᠠᠵᠤ ᠠᠬᠤᠶ ᠶᠢᠨ ᠣᠳᠣᠬᠢᠴᠢᠯᠠᠯᠲᠠ ᠶᠢᠨ ᠠᠬᠢᠴᠠ ᠶᠢ | ᠲᠦᠷᠭᠡᠳᠬᠡᠨ᠂ ᠨᠢᠭᠡ ᠪᠦᠯᠦᠭ ᠳᠠᠪᠠᠭᠤᠯᠢᠭ ᠤᠨᠴᠠᠯᠢᠭᠳᠤ ᠠᠵᠤ ᠦᠢᠯᠡᠰ ᠢ ᠪᠤᠶᠢᠵᠢᠭᠤᠯᠤᠨ ᠪᠤᠢ ᠪᠣᠯᠭᠠᠵᠤ᠂ | ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢ ᠪᠡᠶᠡᠯᠡᠭᠦᠯᠬᠦ ᠳᠤ ᠰᠢᠨᠵᠢᠯᠡᠬᠦ ᠤᠬᠠᠭᠠᠨ ᠮᠡᠷᠭᠡᠵᠢᠯ | ᠤᠨ ᠲᠤᠯᠭᠠᠭᠤᠷᠢᠯᠠᠯ ᠬᠠᠩᠭᠠᠨ᠎ᠠ᠃ | ᠳᠥᠷᠪᠡ᠂ ᠪᠠᠲᠤᠯᠠᠭ᠎ᠠ ᠶᠢᠨ ᠠᠷᠭ᠎ᠠ ᠬᠡᠮᠵᠢᠶ᠎ᠡ | ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ᠃ ᠠᠶᠢᠮᠠᠭ ᠤᠨ ᠵᠠᠬᠢᠷᠭ᠎ᠠ ᠳᠤ | ᠰᠢᠨᠵᠢᠯᠡᠬᠦ ᠤᠬᠠᠭᠠᠨ ᠮᠡᠷᠭᠡᠵᠢᠯ ᠤᠨ ᠪᠠᠭ᠎ᠠ ᠬᠦᠷᠢᠶᠡᠯᠡᠩ ᠢ ᠡᠭᠦᠳᠦᠨ ᠪᠠᠶᠢᠭᠤᠯᠬᠤ ᠠᠵᠢᠯ ᠤᠨ ᠤᠳᠤᠷᠢᠳᠬᠤ | ᠳᠤᠭᠤᠶᠢᠯᠠᠩ ᠪᠠᠶᠢᠭᠤᠯᠵᠤ᠂ ᠡᠯ᠎ᠡ ᠭᠠᠵᠠᠷ᠂ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠳᠡᠭᠡᠳᠦ | ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠲᠤᠰᠬᠠᠶ ᠪᠠᠭ᠎ᠠ ᠬᠦᠷᠢᠶᠡᠯᠡᠩ ᠤᠨ | ᠠᠵᠢᠯ ᠤᠨ ᠪᠠᠶᠢᠭᠤᠯᠤᠮᠵᠢ ᠪᠠᠶᠢᠭᠤᠯᠵᠤ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠂ | ᠡᠭᠦᠳᠦᠨ ᠪᠠᠶᠢᠭᠤᠯᠬᠤ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠠᠬᠢᠭᠤᠯᠬᠤ ᠬᠡᠷᠡᠭᠲᠡᠶ᠃ | ︵ᠬᠤᠶᠠᠷ︶ ᠵᠠᠷᠤᠳᠠᠯ ᠤᠨ ᠣᠷᠣᠭᠤᠯᠤᠯᠲᠠ ᠶᠢ ᠴᠢᠩᠭᠠᠳᠬᠠᠨ᠎ᠠ᠃ ᠡᠯ᠎ᠡ ᠭᠠᠵᠠᠷ ᠨᠢ ᠰᠢᠨᠵᠢᠯᠡᠬᠦ ᠤᠬᠠᠭᠠᠨ | ᠮᠡᠷᠭᠡᠵᠢᠯ ᠤᠨ ᠪᠠᠭ᠎ᠠ ᠬᠦᠷᠢᠶᠡᠯᠡᠩ ᠢ ᠡᠭᠦᠳᠦᠨ ᠪᠠᠶᠢᠭᠤᠯᠬᠤ ᠪᠣᠳᠠᠲᠠᠶ ᠬᠡᠷᠡᠭᠴᠡᠭᠡ ᠶᠢ ᠦᠨᠳᠦᠰᠦᠯᠡᠨ᠂ ᠡᠭᠦᠳᠦᠨ | ᠪᠠᠶᠢᠭᠤᠯᠬᠤ ᠪᠠᠯᠠ ᠮᠥᠩᠭᠦ ᠶᠢ ᠠᠳᠠᠯᠢ ᠱᠠᠲᠤᠨ ᠤ ᠡᠳ᠋ ᠤᠨ ᠵᠠᠰᠠᠭ ᠤᠨ ᠲᠥᠰᠦᠪ ᠲᠤ ᠵᠢᠭᠰᠠᠭᠠᠨ ᠣᠷᠣᠭᠤᠯᠵᠤ᠂ | ᠰᠢᠨᠵᠢᠯᠡᠬᠦ ᠤᠬᠠᠭᠠᠨ ᠮᠡᠷᠭᠡᠵᠢᠯ ᠤᠨ ᠪᠠᠭ᠎ᠠ ᠬᠦᠷᠢᠶᠡᠯᠡᠩ ᠤᠨ ᠪᠥᠲᠥᠭᠡᠨ ᠪᠠᠶᠢᠭᠤᠯᠤᠯᠲᠠ ᠳᠤ ᠴᠢᠬᠤᠯᠠ ᠪᠥᠬᠦᠶ ᠪᠠᠯᠠ | ᠮᠥᠩᠭᠦ ᠶᠢᠨ ᠪᠠᠲᠤᠯᠠᠭ᠎ᠠ ᠶᠢ ᠬᠠᠩᠭᠠᠬᠤ ᠬᠡᠷᠡᠭᠲᠡᠶ᠃ | ︵ᠭᠤᠷᠪᠠ︶ ᠰᠢᠯᠭᠠᠨ ᠬᠢᠨᠠᠵᠤ ᠦᠨᠡᠯᠡᠨ ᠵᠢᠱᠢᠬᠦ ᠶᠢ ᠴᠢᠩᠭᠠᠳᠬᠠᠨ᠎ᠠ᠃ ᠡᠯ᠎ᠡ ᠭᠠᠵᠠᠷ ᠣᠷᠣᠨ᠂ ᠡᠯ᠎ᠡ | ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ᠂ ᠵᠣᠬᠢᠴᠠᠩᠭᠤᠶ | ᠠᠵᠢᠯ ᠢ ᠠᠬᠢᠭᠤᠯᠬᠤ ᠠᠷᠭ᠎ᠠ ᠬᠡᠮᠵᠢᠶ᠎ᠡ ᠶᠢ ᠲᠣᠭᠲᠠᠭᠠᠵᠤ᠂ ᠪᠦᠲᠦᠮᠵᠢᠲᠡᠶ ᠤᠷᠮᠠᠰᠢᠭᠤᠯᠬᠤ ᠪᠠ ᠬᠢᠵᠠᠭᠠᠷᠯᠠᠬᠤ | ᠲᠣᠭᠲᠠᠴᠠ ᠶᠢ ᠪᠠᠶᠢᠭᠤᠯᠤᠨ᠂ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠳᠤ | ᠦᠨᠡᠯᠡᠨ ᠵᠢᠱᠢᠯᠲᠡ ᠬᠢᠵᠦ᠂ ᠴᠠᠭ ᠲᠤᠬᠠᠶ ᠳᠤᠨᠢ ᠳᠣᠭᠢᠷᠠᠭᠤᠯᠤᠨ ᠲᠡᠭᠦᠯᠳᠡᠷᠵᠢᠭᠦᠯᠵᠦ᠂ ᠰᠢᠨᠵᠢᠯᠡᠬᠦ ᠤᠬᠠᠭᠠᠨ | ᠮᠡᠷᠭᠡᠵᠢᠯ ᠤᠨ ᠪᠠᠭ᠎ᠠ ᠬᠦᠷᠢᠶᠡᠯᠡᠩ ᠤᠨ ᠡᠷᠡᠭᠦᠯ ᠢᠶᠠᠷ ᠬᠥᠭᠵᠢᠬᠦ ᠶᠢ ᠪᠠᠲᠤᠯᠠᠨ᠂ ᠰᠢᠨᠵᠢᠯᠡᠬᠦ ᠤᠬᠠᠭᠠᠨ ᠮᠡᠷᠭᠡᠵᠢᠯ ᠤᠨ | ᠪᠠᠭ᠎ᠠ ᠬᠦᠷᠢᠶᠡᠯᠡᠩ ᠤᠨ ᠪᠥᠲᠥᠭᠡᠨ ᠪᠠᠶᠢᠭᠤᠯᠤᠯᠲᠠ ᠶᠢᠨ ᠪᠠᠶᠢᠳᠠᠯ ᠳᠤ ᠲᠣᠭᠲᠠᠮᠠᠯ ᠬᠤᠭᠤᠴᠠᠭ᠎ᠠ ᠲᠠᠢ ᠪᠠᠷ ᠰᠢᠯᠭᠠᠨ | ᠬᠢᠨᠠᠵᠤ ᠦᠨᠡᠯᠡᠨ ᠵᠢᠱᠢᠯᠲᠡ ᠬᠢᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠪᠠᠭ᠎ᠠ ᠬᠦᠷᠢᠶᠡᠯᠡᠩ ᠢ ᠡᠭᠦᠳᠦᠨ | ᠪᠠᠶᠢᠭᠤᠯᠬᠤ ᠬᠠᠷᠠᠯᠲᠠ ᠶᠢᠨ ᠤᠷᠤᠭᠰᠢᠲᠠᠶ ᠪᠡᠶᠡᠯᠡᠭᠳᠡᠬᠦ ᠶᠢ ᠦᠨᠡᠨᠬᠦ ᠪᠠᠲᠤᠯᠠᠬᠤ ᠬᠡᠷᠡᠭᠲᠡᠶ᠃ | ᠳᠠᠭᠠᠯᠳᠤᠭᠤᠯᠤᠯ᠄ ᠬᠢᠩᠭᠠᠨ ᠠᠶᠢᠮᠠᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠪᠠᠭ᠎ᠠ ᠬᠦᠷᠢᠶᠡᠯᠡᠩ ᠢ ᠡᠭᠦᠳᠦᠨ | ᠪᠠᠶᠢᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠤ ᠨᠡᠷᠡᠰ | ᠳᠤᠭᠤᠶᠢᠯᠠᠩ ᠤᠨ ᠳᠠᠷᠤᠭ᠎ᠠ᠄ ᠾᠧ ᠸᠧᠶ ᠯᠢ ᠠᠶᠢᠮᠠᠭ ᠵᠠᠬᠢᠷᠭ᠎ᠠ ᠶᠢᠨ ᠠᠶᠢᠮᠠᠭ ᠤᠨ ᠳᠡᠳ᠋ ᠳᠠᠷᠤᠭ᠎ᠠ | ᠳᠡᠳ᠋ ᠳᠤᠭᠤᠶᠢᠯᠠᠩ ᠤᠨ ᠳᠠᠷᠤᠭ᠎ᠠ᠄ ᠾᠧ ᠶᠦᠨ ᠹᠧᠩ ᠠᠶᠢᠮᠠᠭ ᠤᠨ ᠵᠠᠬᠢᠷᠭ᠎ᠠ ᠶᠢᠨ ᠨᠠᠷᠢᠨ ᠪᠢᠴᠢᠭ ᠤᠨ | ᠳᠡᠳ᠋ ᠳᠠᠷᠤᠭ᠎ᠠ | ᠯᠢᠦ ᠵᠢᠶᠠᠨ ᠺᠦᠢ ᠠᠶᠢᠮᠠᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ ᠤᠨ ᠲᠡᠷᠢᠭᠦᠯᠡᠭᠴᠢ | ᠪᠦᠷᠢᠯᠳᠦᠬᠦᠨ᠄ ᠯᠢᠦ ᠵᠢᠶᠠᠨ ᠺᠦᠶ ᠠᠶᠢᠮᠠᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ ᠤᠨ | ᠲᠡᠷᠢᠭᠦᠯᠡᠭᠴᠢ | ᠵᠤᠤ ᠴᠢᠩ ᠰᠦᠩ ᠠᠶᠢᠮᠠᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶᠠᠨ ᠤ ᠳᠠᠷᠤᠭ᠎ᠠ | ᠴᠢᠦ ᠹᠧᠩ ᠠᠶᠢᠮᠠᠭ ᠤᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠶᠢᠨ ᠳᠠᠷᠤᠭ᠎ᠠ | ᠪᠠᠶ ᠴᠠᠩ ᠹᠧᠩ ᠠᠶᠢᠮᠠᠭ ᠤᠨ ᠤᠢ ᠰᠢᠭᠤᠶ ᠡᠪᠡᠰᠦ ᠪᠡᠯᠴᠢᠭᠡᠷ ᠤᠨ ᠲᠣᠪᠴᠢᠶ᠎ᠠ ᠶᠢᠨ ᠳᠠᠷᠤᠭ᠎ᠠ | ᠸᠠᠩ ᠭᠦᠸᠧ ᠠᠨ ᠤᠯᠠᠭᠠᠨᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ | ᠴᠢᠶᠣᠤ ᠹᠧᠩ ᠯᠢᠨ ᠷᠠᠰᠢᠶᠠᠨ ᠬᠤᠳᠠ ᠶᠢᠨ ᠠᠷᠠᠳ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ | ᠴᠧᠨ ᠴᠢᠩ ᠬᠤᠸᠠ ᠵᠠᠯᠠᠶᠢᠳ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ | ᠬᠤᠰᠢᠭᠤᠨ ᠳᠡᠳ᠋ ᠳᠠᠷᠤᠭ᠎ᠠ | ᠴᠧᠨ ᠭᠦᠸᠧ ᠴᠢᠩ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ | ᠣᠷᠳᠣᠨ ᠤ ᠬᠤᠰᠢᠭᠤᠨ ᠳᠡᠳ᠋ ᠳᠠᠷᠤᠭ᠎ᠠ | ᠪᠦᠦ ᠬᠤᠩ ᠶᠢᠩ ᠲᠦᠴᠢᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ | ᠸᠠᠩ ᠮᠧᠩ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ | ᠬᠤᠰᠢᠭᠤᠨ ᠳᠡᠳ᠋ ᠳᠠᠷᠤᠭ᠎ᠠ | ᠤᠳᠤᠷᠢᠳᠬᠤ ᠳᠤᠭᠤᠶᠢᠯᠠᠩ ᠨᠢ ᠮᠠᠨ ᠤ ᠠᠶᠢᠮᠠᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠪᠠᠭ᠎ᠠ | ᠬᠦᠷᠢᠶᠡᠯᠡᠩ ᠢ ᠡᠭᠦᠳᠦᠨ ᠪᠠᠶᠢᠭᠤᠯᠬᠤ ᠠᠵᠢᠯ ᠳᠤ ᠬᠤᠷᠸ᠎ᠠ ᠵᠢᠯᠣᠭᠤᠳᠣᠯᠭ᠎ᠠ ᠬᠢᠬᠦ ᠶᠢ ᠬᠠᠷᠢᠭᠤᠴᠠᠵᠤ᠂ ᠡᠭᠦᠳᠦᠨ | ᠪᠠᠶᠢᠭᠤᠯᠬᠤ ᠳᠤᠮᠳᠠᠬᠢ ᠬᠤᠯᠪᠣᠭᠳᠠᠯ ᠪᠥᠬᠦᠶ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠵᠦ᠂ ᠡᠯ᠎ᠡ ᠭᠠᠵᠠᠷ | ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠪᠠᠭ᠎ᠠ ᠬᠦᠷᠢᠶᠡᠯᠡᠩ ᠢ ᠡᠭᠦᠳᠦᠨ ᠪᠠᠶᠢᠭᠤᠯᠬᠤ ᠠᠵᠢᠯ ᠢ ᠰᠢᠮᠳᠠᠭᠤᠯᠤᠨ | ᠠᠬᠢᠭᠤᠯᠤᠨ᠎ᠠ᠃ ᠤᠳᠤᠷᠢᠳᠬᠤ ᠳᠤᠭᠤᠶᠢᠯᠠᠩ ᠤᠨ ᠠᠯᠪᠠᠨ ᠬᠡᠷ ᠢ ᠬᠢᠩᠭᠠᠨ ᠠᠶᠢᠮᠠᠭ ᠤᠨ ᠰᠢᠨᠵᠢᠯᠡᠬᠦ ᠤᠬᠠᠭᠠᠨ | ᠮᠡᠷᠭᠡᠵᠢᠯ ᠤᠨ ᠨᠡᠶᠢᠭᠡᠮᠯᠢᠭ ᠲᠤ ᠪᠠᠶᠢᠷᠢᠯᠠᠭᠤᠯᠵᠤ᠂ ᠠᠯᠪᠠᠨ ᠬᠡᠷ ᠤᠨ ᠡᠷᠬᠢᠯᠡᠭᠴᠢ ᠶᠢᠨ ᠲᠤᠰᠢᠶᠠᠯ ᠢ ᠠᠶᠢᠮᠠᠭ ᠤᠨ | ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ ᠤᠨ ᠲᠡᠷᠢᠭᠦᠯᠡᠭᠴᠢ ᠯᠢᠦ ᠵᠢᠶᠠᠨ ᠺᠦᠶ ᠡᠭᠦᠷᠭᠡᠯᠡᠵᠦ᠂ | ᠬᠤᠯᠪᠣᠭᠠᠴᠢᠨ ᠤ ᠲᠤᠰᠢᠶᠠᠯ ᠢ ᠠᠶᠢᠮᠠᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ ᠤᠨ ᠰᠢᠨᠵᠢᠯᠡᠬᠦ | ᠤᠬᠠᠭᠠᠨ ᠲᠦᠭᠡᠮᠡᠯᠵᠢᠭᠦᠯᠬᠦ ᠬᠡᠯᠲᠡᠰ ᠤᠨ ᠳᠠᠷᠤᠭ᠎ᠠ ᠶᠤᠸᠠᠢ ᠵᠢᠶᠠ ᠫᠧᠩ ᠬᠠᠷᠢᠭᠤᠴᠠᠨ᠎ᠠ᠂ ᠬᠠᠷᠢᠯᠴᠠᠬᠤ ᠤᠲᠠᠰᠤ᠄ | 8267064᠂ ᠭᠠᠷ ᠤᠲᠠᠰᠤᠨ ᠤ ᠨᠣᠮᠧᠷ᠄ 18648245281᠃ | ᠬᠢᠩᠭᠠᠨ ᠠᠶᠢᠮᠠᠭ ᠤᠨ ᠵᠠᠬᠢᠷᠭ᠎ᠠ ᠶᠢᠨ ᠠᠯᠪᠠᠨ ᠬᠡᠷ ᠤᠨ ᠴᠠᠬᠢᠯᠭᠠᠨ ᠮᠡᠳᠡᠭᠡ ᠶᠢᠨ ᠰᠠᠯᠠᠭ᠎ᠠ | 2021 ᠣᠨ ᠤ 12 ᠰᠠᠷ᠎ᠠ ᠶᠢᠨ 1 | | | |