ᠬᠢᠩᠭᠠᠨ ᠠᠶᠢᠮᠠᠭ ᠤᠨ ᠵᠠᠬᠢᠷᠭ᠎ᠠ ᠶᠢᠨ ᠠᠯᠪᠠᠨ ᠬᠡᠷ ᠤᠨ  ᠬᠡᠷ  ᠲᠡᠭᠡᠨ ᠰᠠᠭᠤᠬᠤ ᠪᠠ ᠨᠡᠶᠢᠭᠡᠮ ᠲᠣᠭᠤᠷᠢᠭ ᠤᠨ ᠨᠠᠰᠤᠵᠢᠯ ᠤᠨ  ᠦᠢᠯᠡᠴᠢᠯᠡᠭᠡᠨ ᠤ ᠤᠷᠢᠳᠠᠪᠠᠷ ᠬᠢᠬᠦ ᠲᠤᠷᠰᠢᠯᠲᠠ ᠶᠢ ᠥᠷᠨᠢᠭᠦᠯᠬᠦ ᠲᠤᠬᠠᠶ ᠮᠡᠳᠡᠭᠳᠡᠯ
ᠨᠡᠶᠢᠲᠡᠯᠡᠭᠰᠡᠨ ᠴᠠᠭ᠄
2022/1/21
   ᠬᠢᠩᠭᠠᠨ ᠵᠠᠬᠢᠷᠭ᠎ᠠ ᠠᠯᠪᠠᠨ ᠥᠰᠥᠭ ﹇2021﹈ 62 ᠳ᠋ᠤᠭᠠᠷ ᠲᠣᠭᠠᠲᠤ ᠤᠯᠠᠭᠠᠨᠬᠤᠲᠠ ᠶᠢᠨ ᠠᠷᠠᠳ ᠤᠨ ᠵᠠᠰᠠᠭ ᠤᠨ ᠣᠷᠳᠣᠨ ᠳᠤ᠄  ᠠᠶᠢᠮᠠᠭ ᠤᠨ ᠵᠠᠬᠢᠷᠭ᠎ᠠ ᠠᠴᠠ ᠰᠤᠳᠤᠯᠤᠨ ᠲᠣᠭᠲᠠᠭᠠᠭᠰᠠᠨ ᠢᠶᠠᠷ᠂ 2022 ᠣᠨ ᠳᠤ ᠲᠠᠨ ᠤ ᠬᠤᠲᠠ ᠳᠤ ᠵᠠᠰᠠᠭ ᠤᠨ ᠣᠷᠳᠣᠨ ᠠᠴᠠ ᠭᠡᠷ ᠲᠡᠭᠡᠨ ᠰᠠᠭᠤᠬᠤ ᠪᠠ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ ᠬᠤᠳᠠᠯᠳᠤᠨ ᠠᠪᠬᠤ ᠠᠵᠢᠯ ᠤᠨ ᠲᠤᠷᠰᠢᠯᠲᠠ ᠶᠢ ᠤᠷᠢᠳᠠᠪᠠᠷ ᠬᠢᠨ᠎ᠡ᠃ ᠲᠤᠷᠰᠢᠯᠲᠠ ᠶᠢᠨ ᠠᠵᠢᠯ ᠢ ᠰᠠᠶᠢᠲᠤᠷ ᠬᠢᠬᠦ ᠶᠢᠨ ᠲᠥᠯᠥᠭᠡ᠂ ᠡᠳᠦᠭᠡ ᠳᠣᠤᠷᠠᠬᠢ ᠮᠡᠲᠦ ᠱᠠᠭᠠᠷᠳᠠᠯᠭ᠎ᠠ ᠶᠢ ᠳᠤᠷᠠᠳᠪᠠ᠄    ᠨᠢᠭᠡ᠂ ︽ᠵᠠᠰᠠᠭ ᠤᠨ ᠣᠷᠳᠣᠨ ᠢᠶᠠᠷ ᠭᠤᠤᠯᠯᠠᠭᠤᠯᠬᠤ᠂ ᠨᠡᠶᠢᠭᠡᠮ ᠢᠶᠠᠷ ᠢᠶᠠᠨ ᠣᠷᠣᠯᠴᠠᠬᠤ᠂ ᠭᠤᠤᠯᠳᠠᠯᠭ᠎ᠠ ᠶᠢ ᠳᠣᠪᠤᠶᠢᠯᠭᠠᠬᠤ᠂ ᠬᠡᠪᠴᠢᠶ᠎ᠡ ᠶᠢ ᠵᠣᠬᠢᠰᠲᠠᠶ ᠥᠷᠭᠡᠳᠬᠡᠬᠦ︾ ᠵᠠᠷᠴᠢᠮ ᠢ ᠪᠠᠷᠢᠮᠲᠠᠯᠠᠨ᠂ ᠨᠥᠬᠦᠴᠡᠯ ᠳᠤ ᠨᠡᠶᠢᠴᠡᠬᠦ ᠨᠠᠰᠤᠲᠠᠶᠢᠴᠤᠳ ᠢ ᠬᠡᠷ ᠲᠡᠭᠡᠨ ᠰᠠᠭᠤᠬᠤ ᠪᠠ ᠨᠡᠶᠢᠭᠡᠮ ᠲᠣᠭᠤᠷᠢᠭ ᠤᠨ ᠨᠠᠰᠤᠵᠢᠯ ᠤᠨ ᠦᠢᠯᠡᠴᠢᠯᠡᠭᠡᠨ ᠤ ᠬᠡᠪᠴᠢᠶᠡᠨ ᠳᠤ ᠣᠷᠣᠭᠤᠯᠵᠤ᠂ ᠣᠯᠠᠨ ᠲᠠᠰ ᠳᠠᠪᠬᠤᠷᠭ᠎ᠠ ᠶᠢᠨ᠂ ᠥᠪᠡᠷᠮᠢᠴᠡ ᠬᠡᠷᠡᠭᠴᠡᠭᠡ ᠱᠠᠭᠠᠷᠳᠠᠯᠭ᠎ᠠ ᠪᠠᠷ ᠤᠳᠤᠷᠢᠳᠤᠮᠵᠢ ᠪᠣᠯᠭᠠᠨ᠂ ᠵᠠᠰᠠᠭ ᠤᠨ ᠣᠷᠳᠣᠨ ᠠᠴᠠ ᠨᠥᠬᠦᠪᠥᠷᠢ ᠥᠭᠬᠦ ᠪᠠ ᠬᠤᠪᠢ ᠬᠥᠮᠦᠨ ᠤ ᠥᠪᠡᠷ ᠤᠨ ᠵᠠᠷᠤᠳᠠᠯ ᠢᠶᠠᠷ ᠬᠤᠳᠠᠯᠳᠤᠨ ᠠᠪᠬᠤ ᠶᠢ ᠬᠠᠷᠢᠯᠴᠠᠨ ᠤᠶᠠᠯᠳᠤᠭᠤᠯᠬᠤ ᠠᠷᠭ᠎ᠠ ᠮᠠᠶ᠋ᠢᠭ ᠢᠶᠠᠷ ᠬᠡᠷ ᠲᠡᠭᠡᠨ ᠰᠠᠭᠤᠬᠤ ᠪᠠ ᠨᠡᠶᠢᠭᠡᠮ ᠲᠣᠭᠤᠷᠢᠭ ᠤᠨ ᠨᠠᠰᠤᠵᠢᠯ ᠤᠨ  ᠦᠢᠯᠡᠴᠢᠯᠡᠭᠡᠨ ᠢ ᠬᠠᠩᠭᠠᠨ᠎ᠠ᠃ ᠨᠢᠭᠡ ᠪᠤᠶᠤ ᠣᠯᠠᠨ ᠨᠠᠰᠤᠲᠠᠶᠢᠴᠤᠳ ᠤᠨ ᠬᠥᠮᠦᠨ ᠠᠮᠠ ᠣᠯᠠᠨᠲᠠᠶ ᠵᠡᠭᠡᠯᠢ ᠭᠤᠳᠤᠮᠵᠢ ᠶᠢ ᠰᠣᠩᠭᠤᠵᠤ ᠲᠤᠷᠰᠢᠯᠲᠠ ᠬᠢᠵᠦ ᠪᠣᠯᠤᠨ᠎ᠠ᠃    ᠬᠤᠶᠠᠷ᠂ ᠵᠠᠰᠠᠭ ᠤᠨ ᠣᠷᠳᠣᠨ ᠤ ᠦᠢᠯᠡᠴᠢᠯᠡᠭᠡ ᠬᠤᠳᠠᠯᠳᠤᠨ ᠠᠪᠬᠤ ᠡᠲᠡᠭᠡᠳ ᠢ ᠵᠦᠶ ᠵᠣᠬᠢᠰᠲᠠᠶ ᠲᠣᠭᠲᠠᠭᠠᠨ᠎ᠠ᠃ ᠲᠤᠷᠰᠢᠯᠲᠠ ᠶᠢᠨ  ᠴᠡᠭ ᠤᠨ ᠠᠵᠢᠯ ᠳᠤ ᠬᠤᠲᠠ ᠬᠥᠳᠡᠭᠡ ᠶᠢᠨ ᠲᠠᠷᠠᠬᠠᠶ ᠠᠰᠠᠷᠠᠨ ᠲᠡᠵᠢᠭᠡᠵᠦ ᠪᠠᠶᠢᠭ᠎ᠠ ᠣᠨᠴᠠ ᠬᠦᠴᠢᠷᠳᠡᠯᠲᠡᠶ ᠡᠲᠡᠭᠡᠳ ᠤᠨ ᠳᠣᠲᠣᠷᠠᠬᠢ ᠨᠠᠰᠤᠲᠠᠶᠢᠴᠤᠳ᠂ ᠬᠤᠲᠠ ᠬᠥᠳᠡᠭᠡ ᠶᠢᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠬᠡᠷ ᠪᠦᠯᠢ ᠵᠢᠴᠢ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠵᠠᠬ᠎ᠠ ᠬᠢᠵᠠᠭᠠᠷ ᠤᠨ ᠬᠡᠷ ᠪᠦᠯᠢ ᠶᠢᠨ ᠳᠣᠲᠣᠷᠠᠬᠢ ᠨᠠᠰᠤᠲᠠᠶᠢᠴᠤᠳ᠂ ᠬᠦᠨᠳᠦ ᠵᠡᠮᠳᠡᠭ ᠨᠠᠰᠤᠲᠠᠶᠢᠴᠤᠳ᠂ ᠲᠥᠯᠥᠪᠯᠡᠭᠡᠲᠦ ᠦᠷᠡᠵᠢᠯ ᠤᠨ ᠣᠨᠴᠣᠭᠤᠶ ᠬᠡᠷ ᠪᠦᠯᠢ ᠶᠢᠨ ᠨᠠᠰᠤᠲᠠᠶᠢᠴᠤᠳ᠂ ᠠᠶᠢᠮᠠᠭ ᠤᠨ ᠱᠠᠲᠤᠨ ᠠᠴᠠ ᠳᠡᠭᠡᠭᠰᠢᠬᠢ ᠬᠥᠳᠡᠯᠮᠦᠷᠢ ᠶᠢᠨ ᠵᠢᠱᠢᠶᠡᠴᠢ ᠶᠢ ᠭᠥᠷᠳᠡᠭᠰᠡᠳ᠂ ᠠᠯᠪᠠᠨ ᠶᠠᠪᠤᠳᠠᠯ ᠢᠶᠠᠷ ᠵᠡᠮᠳᠡᠭ ᠪᠣᠯᠤᠭᠰᠠᠨ ᠪᠤᠶᠤ ᠦᠨᠡᠨ ᠶᠣᠰᠣᠨ ᠤ ᠲᠥᠯᠥᠭᠡ ᠡᠷᠡᠯᠬᠡᠭᠯᠡᠨ ᠲᠡᠮᠡᠴᠡᠵᠦ ᠵᠡᠮᠳᠡᠭ ᠪᠣᠯᠤᠭᠰᠠᠨ ᠵᠡᠷᠭᠡ ᠨᠡᠶᠢᠭᠡᠮ ᠳᠤ ᠲᠣᠪᠤᠶᠢᠮ᠎ᠠ ᠬᠤᠪᠢ ᠨᠡᠮᠡᠷᠢ ᠦᠵᠡᠭᠦᠯᠦᠭᠰᠡᠨ ᠨᠠᠰᠤᠲᠠᠶᠢᠴᠤᠳ ᠢᠶᠠᠷ ᠭᠤᠤᠯᠳᠠᠯᠭ᠎ᠠ ᠪᠣᠯᠭᠠᠵᠤ ᠪᠣᠯᠤᠨ᠎ᠠ᠃    ᠭᠤᠷᠪᠠ᠂ ᠵᠠᠰᠠᠭ ᠤᠨ ᠣᠷᠳᠣᠨ ᠤ ᠬᠡᠷ ᠲᠡᠭᠡᠨ ᠰᠠᠭᠤᠬᠤ ᠪᠠ ᠨᠡᠶᠢᠭᠡᠮ ᠲᠣᠭᠤᠷᠢᠭ ᠤᠨ ᠨᠠᠰᠤᠵᠢᠯ ᠤᠨ  ᠦᠢᠯᠡᠴᠢᠯᠡᠭᠡ ᠬᠤᠳᠠᠯᠳᠤᠨ ᠠᠪᠬᠤ ᠳᠤ ᠬᠡᠷᠡᠭᠰᠡᠬᠦ ᠵᠠᠷᠤᠳᠠᠯ ᠢ ᠠᠶᠢᠮᠠᠭ ᠬᠤᠲᠠ ᠬᠤᠶᠠᠷ ᠱᠠᠲᠤᠨ ᠤ ᠡᠳ᠋ ᠤᠨ ᠵᠠᠰᠠᠭ ᠠᠴᠠ 3᠄ 7 ᠶᠢᠨ ᠬᠠᠷᠢᠴᠠᠯ ᠢᠶᠠᠷ ᠳᠣᠭᠢᠷᠠᠭᠤᠯᠤᠨ᠎ᠠ᠃ ᠪᠣᠳᠠᠲᠠᠶ ᠬᠥᠮᠦᠨ ᠨᠢᠭᠡᠪᠦᠷᠢ ᠶᠢᠨ ᠬᠤᠳᠠᠯᠳᠤᠨ ᠠᠪᠬᠤ ᠪᠠᠷᠢᠮᠵᠢᠶ᠎ᠠ ᠶᠢ ᠥᠪᠡᠰᠦᠪᠡᠨ ᠲᠣᠭᠲᠠᠭᠠᠨ᠎ᠠ᠃    ᠳᠥᠷᠪᠡ᠂  ᠦᠢᠯᠡᠴᠢᠯᠡᠭᠡᠨ ᠢ ᠳᠠᠭᠠᠭᠠᠨ ᠠᠪᠬᠤ ᠭᠤᠤᠯ ᠴᠣᠭᠴᠠ ᠶᠢ ᠬᠤᠳᠠᠯᠳᠤᠨ ᠠᠪᠬᠤ ᠳᠠᠭᠠᠨ ᠵᠣᠬᠢᠬᠤ ᠠᠵᠤ ᠠᠬᠤᠶ ᠶᠢᠨ ᠪᠣᠳᠠᠲᠤ ᠬᠦᠴᠦᠨ᠂ ᠬᠠᠮᠢᠶᠠᠷᠤᠯᠲᠠ ᠶᠢᠨ ᠬᠢᠷᠢ ᠬᠡᠮᠵᠢᠶ᠎ᠡ᠂  ᠦᠢᠯᠡᠴᠢᠯᠡᠭᠡᠨ ᠤ ᠲᠤᠷᠰᠢᠯᠭ᠎ᠠ ᠲᠠᠢ ᠠᠵᠤ ᠠᠬᠤᠶᠢᠯᠠᠯ ᠪᠤᠶᠤ ᠠᠷᠠᠳ ᠠᠴᠠ ᠡᠷᠭᠢᠯᠡᠭᠰᠡᠨ ᠠᠵᠤ ᠠᠬᠤᠶᠢᠯᠠᠯ ᠤᠨ ᠪᠤᠰᠤ ᠨᠢᠭᠡᠴᠢ ᠶᠢ ᠰᠣᠩᠭᠤᠵᠤ᠂  ᠦᠢᠯᠡᠴᠢᠯᠡᠭᠡ ᠬᠠᠩᠭᠠᠬᠤ ᠳᠤ ᠵᠠᠪᠠᠯ ᠱᠠᠭᠠᠷᠳᠠᠭᠳᠠᠬᠤ ᠲᠣᠭᠲᠠᠮᠠᠯ ᠡᠵᠡᠩᠨᠡᠯᠲᠡ ᠶᠢᠨ ᠲᠠᠯᠠᠪᠤᠷ ᠭᠠᠵᠠᠷ᠂ ᠪᠡᠯᠡᠳᠬᠡᠮᠵᠢ ᠲᠥᠬᠦᠭᠡᠷᠦᠮᠵᠢ᠂ ᠠᠵᠢᠯᠲᠠᠨ ᠪᠠ ᠲᠤᠰᠬᠠᠶ ᠮᠡᠷᠭᠡᠵᠢᠯ ᠤᠨ ᠴᠢᠳᠠᠪᠤᠷᠢ ᠶᠢ ᠪᠦᠷᠢᠯᠳᠦᠭᠦᠯᠬᠦ ᠬᠡᠷᠡᠭᠲᠡᠶ᠃    ᠲᠠᠪᠤ᠂ ᠪᠣᠳᠠᠲᠠᠶ ᠲᠠᠢ ᠪᠠᠨ ᠤᠶᠠᠯᠳᠤᠭᠤᠯᠤᠨ᠂ ᠲᠤᠷᠰᠢᠯᠲᠠ ᠶᠢᠨ ᠴᠡᠭ ᠤᠨ ᠠᠵᠢᠯ ᠤᠨ ᠬᠡᠷᠡᠭᠵᠢᠭᠦᠯᠬᠦ ᠲᠥᠰᠦᠯ ᠢ ᠲᠣᠭᠲᠠᠭᠠᠵᠤ᠂ 2022 ᠣᠨ ᠤ 1 ᠳ᠋ᠦ᠋ᠭᠡᠷ ᠰᠠᠷ᠎ᠠ ᠶᠢᠨ 15 ᠤ ᠡᠳᠦᠷ ᠠᠴᠠ ᠡᠮᠦᠨ᠎ᠡ ᠠᠶᠢᠮᠠᠭ ᠤᠨ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠨᠠᠰᠤᠵᠢᠯ ᠤᠨ  ᠦᠢᠯᠡᠴᠢᠯᠡᠭᠡᠨ ᠤ ᠰᠠᠯᠠᠭ᠎ᠠ ᠳᠤ ᠮᠡᠳᠡᠭᠦᠯᠦᠭᠡᠷᠡᠶ᠃ ᠬᠠᠷᠢᠯᠴᠠᠬᠤ ᠬᠥᠮᠦᠨ᠄ ᠯᠢᠦ ᠵᠢᠶᠦ᠋ᠨ᠂ ᠬᠠᠷᠢᠯᠴᠠᠬᠤ ᠤᠲᠠᠰᠤ᠂ 8268166                                                                     2021 ᠣᠨ ᠤ 12 ᠰᠠᠷ᠎ᠠ ᠶᠢᠨ 17
 
ᠢᠷᠡᠯᠲᠡ᠄ ᠵᠩᠭᠠᠨ ᠠᠶᠢᠮᠠᠭ ᠤᠨ ᠵᠠᠬᠢᠷᠭ᠎ᠠ ᠶᠢᠨ ᠠᠯᠪᠠᠨ ᠬᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号