| ᠬᠢᠩᠭᠠᠨ ᠵᠠᠬᠢᠷᠭ᠎ᠠ ᠠᠯᠪᠠᠨ ᠲᠠᠷᠬᠠᠭᠠᠭᠰᠠᠨ ﹇2021﹈ 36 ᠳ᠋ᠤᠭᠠᠷ ᠲᠣᠭᠠᠲᠤ | ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠠᠶᠢᠮᠠᠭ ᠤᠨ ᠰᠢᠭᠤᠳ ᠬᠠᠷᠢᠶ᠎ᠠ | ᠬᠤᠯᠪᠣᠭᠳᠠᠯ ᠪᠥᠬᠦᠶ ᠰᠠᠯᠠᠭ᠎ᠠ ᠮᠥᠴᠢᠷ ᠲᠤ᠄ | ︽ᠬᠢᠩᠭᠠᠨ ᠠᠶᠢᠮᠠᠭ ᠤᠨ ᠬᠥᠯ ᠪᠥᠮᠪᠦᠭᠡ ᠶᠢᠨ ᠥᠭᠡᠷᠡᠴᠢᠯᠡᠯᠲᠡ ᠬᠥᠭᠵᠢᠯᠲᠡ ᠶᠢᠨ ᠬᠡᠷᠡᠭᠵᠢᠭᠦᠯᠬᠦ ᠲᠥᠰᠦᠯ ︵ | 2021 — 2025 ᠣᠨ︶︾ ᠢ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠶ ᠲᠠᠢ ᠪᠠᠨ | ᠤᠶᠠᠯᠳᠤᠭᠤᠯᠤᠨ᠂ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠲᠤᠭᠠᠶ᠃ | | 2021 ᠣᠨ ᠤ 12 ᠰᠠᠷ᠎ᠠ ᠶᠢᠨ 20 ᠤ ᠡᠳᠦᠷ | ᠬᠢᠩᠭᠠᠨ ᠠᠶᠢᠮᠠᠭ ᠤᠨ ᠬᠦᠯ ᠪᠥᠮᠪᠦᠭᠡ ᠶᠢᠨ ᠥᠭᠡᠷᠡᠴᠢᠯᠡᠯᠲᠡ ᠬᠥᠭᠵᠢᠯᠲᠡ ᠶᠢᠨ ᠬᠡᠷᠡᠭᠵᠢᠭᠦᠯᠬᠦ ᠲᠥᠰᠦᠯ ︵ | 2021 — 2025 ᠣᠨ︶ | ︽︿ᠳᠤᠮᠳᠠᠳᠤ ᠤᠯᠤᠰ ᠤᠨ ᠬᠥᠯ ᠪᠥᠮᠪᠦᠭᠡ ᠶᠢᠨ ᠥᠭᠡᠷᠡᠴᠢᠯᠡᠯᠲᠡ ᠬᠥᠭᠵᠢᠯᠲᠡ ᠶᠢᠨ ᠶᠡᠷᠦᠩᠬᠡᠶ ᠲᠥᠰᠦᠯ﹀ ᠢ | ᠬᠡᠷᠡᠭᠵᠢᠭᠦᠯᠬᠦ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ | ᠠᠯᠪᠠᠨ ᠲᠢᠩᠬᠢᠮ ᠤᠨ ᠰᠠᠨᠠᠯ︾ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠮᠠᠨ ᠤ | ᠠᠶᠢᠮᠠᠭ ᠤᠨ ᠬᠥᠯ ᠪᠥᠮᠪᠦᠭᠡ ᠶᠢᠨ ᠥᠭᠡᠷᠡᠴᠢᠯᠡᠯᠲᠡ ᠬᠥᠭᠵᠢᠯᠲᠡ ᠶᠢᠨ ᠠᠵᠢᠯ ᠢ ᠦᠷᠭᠦᠯᠵᠢᠯᠡᠨ ᠳᠥᠯᠭᠢᠨ | ᠠᠬᠢᠭᠤᠯᠬᠤ ᠶᠢᠨ ᠲᠤᠰᠠᠳᠠ᠂ ᠮᠠᠨ ᠤ ᠠᠶᠢᠮᠠᠭ ᠤᠨ ᠪᠣᠳᠠᠲᠠᠶ ᠲᠠᠢ ᠪᠠᠨ ᠤᠶᠠᠯᠳᠤᠭᠤᠯᠤᠨ᠂ ᠲᠣᠰ ᠬᠡᠷᠡᠭᠵᠢᠭᠦᠯᠬᠦ | ᠲᠥᠰᠦᠯ ᠢ ᠲᠣᠭᠲᠠᠭᠠᠪᠠ᠃ | ᠨᠢᠭᠡ᠂ ᠵᠢᠯᠣᠭᠤᠳᠬᠤ ᠦᠵᠡᠯ ᠰᠠᠨᠠᠭ᠎ᠠ | ᠰᠢ ᠶᠢᠨ ᠫᠢᠩ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ | ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠵᠤ᠂ ᠶᠡᠷᠦᠩᠬᠡᠶ ᠱᠦᠵᠢ ᠰᠢ ᠶᠢᠨ ᠫᠢᠩ ᠤᠨ | ᠪᠡᠶ᠎ᠡ ᠶᠢᠨ ᠲᠠᠮᠢᠷ ᠤᠨ ᠠᠵᠢᠯ ᠪᠠ ᠬᠥᠯ ᠪᠥᠮᠪᠦᠭᠡ ᠶᠢᠨ ᠥᠭᠡᠷᠡᠴᠢᠯᠡᠯᠲᠡ ᠬᠥᠭᠵᠢᠯᠲᠡ ᠶᠢᠨ ᠲᠤᠬᠠᠶ ᠴᠢᠬᠤᠯᠠ | ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ | ᠥᠪᠡᠷᠲᠡᠭᠡᠨ ᠵᠠᠰᠠᠬᠤ ᠣᠷᠣᠨ ᠤ ᠬᠥᠯ ᠪᠥᠮᠪᠦᠭᠡ ᠶᠢᠨ ᠥᠭᠡᠷᠡᠴᠢᠯᠡᠯᠲᠡ ᠬᠥᠭᠵᠢᠯᠲᠡ ᠶᠢᠨ ᠶᠡᠷᠦᠩᠬᠡᠶ | ᠰᠡᠳᠬᠢᠮᠵᠢ ᠶᠢᠨ ᠲᠣᠭᠤᠷᠢᠨ ᠳᠤ᠂ ᠣᠳᠣᠬᠠᠨ ᠤ ᠬᠥᠯ ᠪᠥᠮᠪᠦᠭᠡ ᠶᠢᠨ ᠥᠭᠡᠷᠡᠴᠢᠯᠡᠯᠲᠡ ᠬᠥᠭᠵᠢᠯᠲᠡ ᠶᠢᠨ ᠣᠯᠳᠠᠰᠢ | ᠥᠬᠡᠶ ᠠᠵᠠ ᠲᠣᠬᠢᠶᠠᠯ ᠢ ᠠᠳᠬᠤᠵᠤ᠂ ᠮᠠᠨ ᠤ ᠠᠶᠢᠮᠠᠭ ᠤᠨ ᠪᠣᠳᠠᠲᠠᠶ ᠳᠤ ᠰᠠᠭᠤᠷᠢᠯᠠᠨ᠂ ᠥᠭᠡᠷᠡᠴᠢᠯᠡᠯᠲᠡ ᠬᠢᠵᠦ | ᠰᠢᠨ᠎ᠡ ᠶᠢ ᠡᠭᠦᠳᠬᠦ ᠶᠢ ᠪᠠᠷᠢᠮᠲᠠᠯᠠᠵᠤ᠂ ᠬᠥᠯ ᠪᠥᠮᠪᠦᠭᠡ ᠶᠢᠨ ᠬᠥᠭᠵᠢᠯᠲᠡ ᠶᠢᠨ ᠵᠢᠮ᠎ᠡ ᠶᠣᠰᠣ ᠶᠢ ᠵᠢᠷᠤᠮᠯᠠᠨ᠂ | ᠪᠠᠲᠤᠯᠠᠭ᠎ᠠ ᠪᠠᠷ ᠬᠦᠴᠦᠲᠡᠶ᠂ ᠰᠢᠰᠲ᠋ᠧᠮᠵᠢ ᠪᠠᠷ ᠪᠦᠷᠢᠨ ᠲᠡᠭᠦᠯᠳᠡᠷ᠂ ᠠᠭᠤᠷ ᠠᠮᠢᠰᠬᠤᠯ ᠢᠶᠠᠷ ᠭᠦᠨ ᠵᠤᠵᠠᠭᠠᠨ ᠬᠥᠯ | ᠪᠥᠮᠪᠦᠭᠡ ᠶᠢᠨ ᠠᠵᠢᠯᠯᠠᠭᠠᠨ ᠤ ᠪᠠᠶᠢᠭᠤᠯᠤᠮᠵᠢ ᠲᠣᠭᠲᠠᠴᠠ ᠶᠢ ᠴᠢᠷᠮᠠᠶᠢᠨ ᠪᠠᠶᠢᠭᠤᠯᠤᠨ᠎ᠠ᠃ | ᠬᠤᠶᠠᠷ᠂ ᠦᠨᠳᠦᠰᠦᠨ ᠵᠠᠷᠴᠢᠮ ᠪᠠ ᠶᠡᠷᠦᠩᠬᠡᠶ ᠬᠠᠷᠠᠯᠲᠠ | ︵ᠨᠢᠭᠡ︶ ᠦᠵᠡᠯ ᠰᠠᠨᠠᠭ᠎ᠠ ᠪᠠᠨ ᠴᠢᠯᠥᠭᠡᠯᠡᠬᠦ ᠪᠠ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠬᠠᠷᠢᠯᠴᠠᠨ | ᠤᠶᠠᠯᠳᠤᠭᠤᠯᠵᠤ᠂ ᠲᠣᠮᠣ ᠬᠥᠯ ᠪᠥᠮᠪᠦᠭᠡ ᠶᠢᠨ ᠦᠵᠡᠯᠲᠡ ᠶᠢ ᠪᠣᠶ ᠪᠣᠯᠭᠠᠨ᠎ᠠ᠃ ᠬᠥᠮᠦᠨ ᠢᠶᠠᠷ ᠦᠨᠳᠦᠰᠦ | ᠪᠣᠯᠭᠠᠬᠤ ᠶᠢ ᠪᠠᠷᠢᠮᠲᠠᠯᠠᠵᠤ᠂ ︽ ᠡᠷᠬᠡ ᠲᠡᠭᠰᠢ ᠪᠡᠶ᠎ᠡ ᠶᠢᠨ ᠲᠠᠮᠢᠷ᠂ ᠪᠠᠶᠠᠷ ᠬᠥᠷ ᠲᠠᠢ ᠬᠥᠯ ᠪᠥᠮᠪᠦᠭᠡ︾ ᠶᠢᠨ | ᠬᠥᠭᠵᠢᠯᠲᠡ ᠶᠢᠨ ᠣᠨᠣᠯᠵᠢᠬᠤᠨ ᠢ ᠰᠠᠨᠠᠭᠠᠴᠢᠯᠠᠨ᠎ᠠ᠃ ᠪᠡᠶ᠎ᠡ ᠶᠢᠨ ᠲᠠᠮᠢᠷ ᠪᠠ ᠰᠤᠷᠭᠠᠨ ᠬᠥᠮᠦᠵᠢᠯ ᠤᠨ | ᠠᠭᠤᠰᠤᠯᠴᠠᠯ ᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ᠬᠥᠯ ᠪᠥᠮᠪᠦᠭᠡ ᠶᠢᠨ ᠨᠡᠶᠢᠭᠡᠮᠯᠢᠭ ᠤᠨ | ᠥᠭᠡᠷᠡᠴᠢᠯᠡᠯᠲᠡ ᠶᠢ ᠦᠷᠭᠦᠯᠵᠢᠯᠡᠨ ᠠᠬᠢᠭᠤᠯᠵᠤ᠂ ᠬᠥᠯ ᠪᠥᠮᠪᠦᠭᠡ ᠶᠢᠨ ᠥᠭᠡᠷᠡᠴᠢᠯᠡᠯᠲᠡ ᠬᠥᠭᠵᠢᠯᠲᠡ ᠶᠢ | ᠠᠬᠢᠭᠤᠯᠤᠨ᠎ᠠ᠃ | ︵ᠬᠤᠶᠠᠷ︶ ᠤᠯᠤᠰ ᠳᠠᠶᠠᠭᠠᠷ ᠤᠨ ᠪᠠᠢᠭᠤᠯᠤᠯ ᠢ ᠵᠠᠬ᠎ᠠ ᠳᠡᠯᠭᠡᠭᠦᠷ ᠤᠨ ᠲᠣᠭᠲᠠᠴᠠ ᠲᠠᠢ ᠤᠶᠠᠯᠳᠤᠭᠤᠯᠵᠤ᠂ | ᠬᠦᠴᠦᠲᠡᠶ ᠪᠠᠲᠤᠯᠠᠭ᠎ᠠ ᠲᠠᠢ ᠪᠣᠯᠭᠠᠨ᠎ᠠ᠃ ᠤᠯᠤᠰ ᠳᠠᠶᠠᠭᠠᠷ ᠤᠨ ᠪᠠᠶᠢᠭᠤᠯᠤᠯ ᠤᠨ ᠳᠠᠪᠠᠭᠤᠯᠢᠭ ᠢ ᠭᠦᠢᠴᠡᠳ | ᠪᠠᠳᠠᠷᠠᠭᠤᠯᠤᠨ᠂ ᠭᠠᠵᠠᠷ ᠣᠷᠣᠨ ᠤ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠤᠳᠤᠷᠢᠳᠤᠯᠭ᠎ᠠ᠂ ᠵᠣᠬᠢᠶᠠᠨ | ᠪᠠᠶᠢᠭᠤᠯᠤᠯᠲᠠ᠂ ᠵᠠᠷᠤᠳᠠᠯ᠂ ᠴᠢᠳᠠᠪᠤᠷᠢᠲᠠᠨ ᠤ ᠪᠠᠲᠤᠯᠠᠭ᠎ᠠ ᠶᠢ ᠪᠣᠳᠠᠲᠠᠶᠢᠵᠢᠭᠤᠯᠤᠨ᠎ᠠ᠃ ᠪᠥᠬᠦ ᠠᠶᠢᠮᠠᠭ ᠤᠨ ᠬᠥᠯ | ᠪᠥᠮᠪᠦᠭᠡ ᠶᠢᠨ ᠥᠭᠡᠷᠡᠴᠢᠯᠡᠯᠲᠡ ᠬᠢᠭᠡᠳ ᠬᠥᠭᠵᠢᠯᠲᠡ ᠶᠢᠨ ᠠᠵᠢᠯ ᠤᠨ ︽ᠵᠢᠷᠭᠤᠭ᠎ᠠ ᠳᠤ ᠣᠷᠣᠭᠤᠯᠬᠤ︾ ᠶᠢ | ᠪᠡᠶᠡᠯᠡᠭᠦᠯᠵᠦ ︵ᠡᠯ᠎ᠡ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠡᠳᠦᠷ ᠲᠤᠲᠤᠮ ᠤᠨ ᠴᠢᠬᠤᠯᠠ | ᠵᠥᠪᠯᠡᠬᠦ ᠵᠦᠢᠯ ᠳᠤ ᠣᠷᠣᠭᠤᠯᠤᠨ᠎ᠠ︔ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶ᠎ᠠ ᠶᠢᠨ ᠬᠠᠤᠯᠢ ᠲᠣᠭᠲᠠᠭᠠᠬᠤ ᠪᠠᠲᠤᠯᠠᠭ᠎ᠠ ᠳᠤ ᠣᠷᠣᠭᠤᠯᠤᠨ᠎ᠠ︔ ᠥᠭᠡᠷᠡᠴᠢᠯᠡᠯᠲᠡ ᠶᠢ ᠪᠥᠬᠦ ᠲᠠᠯ᠎ᠠ ᠪᠠᠷ | ᠭᠦᠨᠵᠡᠭᠡᠶᠢᠷᠡᠭᠦᠯᠬᠦ ᠶᠡᠷᠦᠩᠬᠡᠶ ᠪᠠᠶᠢᠷᠢᠯᠠᠭᠤᠯᠤᠯᠲᠠ ᠳᠤ ᠣᠷᠣᠭᠤᠯᠤᠨ᠎ᠠ︔ ᠠᠵᠤ ᠠᠬᠤᠶ ᠨᠡᠶᠢᠭᠡᠮ ᠤᠨ | ᠬᠥᠭᠵᠢᠯᠲᠡ ᠶᠢᠨ ᠲᠥᠯᠥᠪᠵᠢᠭᠦᠯᠭᠡ ᠳᠤ ᠣᠷᠣᠭᠤᠯᠤᠨ᠎ᠠ︔ ᠡᠯ᠎ᠡ ᠱᠠᠲᠤᠨ ᠤ ᠡᠳ᠋ ᠤᠨ ᠵᠠᠰᠠᠭ ᠤᠨ ᠲᠥᠰᠦᠪ ᠲᠤ | ᠣᠷᠣᠭᠤᠯᠤᠨ᠎ᠠ︔ ︽ᠭᠤᠷᠪᠠ ᠶᠢ ᠨᠢᠭᠡ ᠴᠤᠭᠴᠠᠵᠢᠭᠤᠯᠬᠤ︾ ᠣᠨ ᠤ ᠰᠢᠯᠭᠠᠨ ᠬᠢᠨᠠᠬᠤ ᠠᠭᠤᠯᠭ᠎ᠠ ᠳᠤ | ᠣᠷᠣᠭᠤᠯᠤᠨ᠎ᠠ︶᠂ ᠨᠡᠭᠡᠭᠡᠯᠲᠡᠲᠡᠶ᠂ ᠦᠨᠡᠨᠴᠢ ᠢᠲᠡᠭᠡᠮᠵᠢᠲᠡᠶ᠂ ᠡᠷᠬᠡ ᠲᠡᠭᠰᠢ ᠬᠥᠯ ᠪᠥᠮᠪᠦᠭᠡ ᠶᠢᠨ ᠵᠠᠬ᠎ᠠ | ᠳᠡᠯᠭᠡᠭᠦᠷ ᠤᠨ ᠠᠭᠤᠷ ᠠᠮᠢᠰᠬᠤᠯ ᠢ ᠪᠣᠶ ᠪᠣᠯᠭᠠᠨ᠎ᠠ᠃ | ︵ᠭᠤᠷᠪᠠ︶ ᠠᠯᠤᠰ ᠬᠡᠳᠦ ᠶᠢ ᠪᠣᠳᠣᠯᠬᠢᠯᠠᠬᠤ ᠪᠠ ᠰᠠᠭᠤᠷᠢ ᠶᠢ ᠪᠠᠬᠢᠵᠢᠭᠦᠯᠬᠦ ᠶᠢ ᠬᠠᠷᠢᠯᠴᠠᠨ ᠤᠶᠠᠯᠳᠤᠭᠤᠯᠵᠤ᠂ | ᠠᠵᠢᠯᠯᠠᠭᠠᠨ ᠤ ᠰᠢᠰᠲ᠋ᠧᠮ ᠢ ᠲᠡᠭᠦᠯᠳᠡᠷᠵᠢᠭᠦᠯᠦᠨ᠎ᠡ᠃ ᠳᠡᠭᠡᠳᠦ ᠳᠠᠪᠬᠤᠷᠭ᠎ᠠ ᠶᠢᠨ ᠵᠢᠷᠤᠭ ᠲᠥᠯᠥᠪᠯᠡᠭᠡ ᠶᠢ | ᠴᠢᠩᠭᠠᠳᠬᠠᠵᠤ᠂ ᠲᠦᠷᠦ ᠶᠢᠨ ᠪᠤᠳᠤᠯᠭ᠎ᠠ ᠬᠠᠤᠯᠢ ᠲᠣᠭᠲᠠᠭᠠᠯ ᠤᠨ ᠰᠢᠰᠲ᠋ᠧᠮ᠂ ᠤᠷᠤᠯᠳᠤᠭᠠᠨ ᠪᠠ ᠬᠤᠯᠪᠣᠭᠠᠲᠤ | ᠤᠷᠤᠯᠳᠤᠭᠠᠨ ᠤ ᠰᠢᠰᠲ᠋ᠧᠮ᠂ ᠤᠯᠠᠨ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮ ᠪᠠ ᠨᠡᠶᠢᠭᠡᠮᠯᠢᠭ ᠤᠨ | ᠬᠠᠮᠢᠶᠠᠷᠤᠯᠲᠠ ᠶᠢᠨ ᠰᠢᠰᠲ᠋ᠧᠮ ᠢ ᠪᠠᠶᠢᠭᠤᠯᠤᠨ ᠲᠡᠭᠦᠯᠳᠡᠷᠵᠢᠭᠦᠯᠦᠨ᠎ᠡ᠃ ᠬᠥᠯ ᠪᠥᠮᠪᠦᠭᠡ ᠶᠢᠨ ᠬᠥᠳᠡᠯᠭᠡᠭᠡᠨ ᠤ ᠣᠯᠠᠨ | ᠲᠦᠮᠡᠨᠴᠢ ᠰᠠᠭᠤᠷᠢ᠂ ᠴᠢᠳᠠᠪᠤᠷᠢᠲᠠᠨ ᠤ ᠰᠠᠭᠤᠷᠢ᠂ ᠪᠡᠯᠡᠳᠬᠡᠮᠵᠢ ᠶᠢᠨ ᠰᠠᠭᠤᠷᠢ᠂ ᠬᠠᠮᠢᠶᠠᠷᠤᠯᠲᠠ ᠶᠢᠨ ᠰᠠᠭᠤᠷᠢ ᠪᠠ | ᠰᠣᠶᠣᠯ ᠤᠨ ᠰᠠᠭᠤᠷᠢ ᠶᠢ ᠪᠠᠬᠢᠵᠢᠭᠦᠯᠦᠨ᠎ᠡ᠃ ᠬᠥᠯ ᠪᠥᠮᠪᠦᠭᠡ ᠶᠢᠨ ᠨᠡᠶᠢᠭᠡᠮ ᠳᠤ ᠣᠷᠣᠬᠤ᠂ ᠰᠤᠷᠭᠠᠭᠤᠯᠢ ᠶᠢᠨ | ᠬᠦᠷᠢᠶᠡᠨ ᠳᠤ ᠣᠷᠣᠬᠤ᠂ ᠬᠡᠷ ᠪᠦᠯᠢ ᠳᠤ ᠣᠷᠣᠬᠤ ᠶᠠᠪᠤᠳᠠᠯ ᠢ ᠳᠥᠯᠭᠢᠨ ᠠᠬᠢᠭᠤᠯᠬᠤ ᠶᠢᠨ ᠬᠠᠮᠲᠤ ᠪᠡᠶ᠎ᠡ ᠶᠢᠨ | ᠲᠠᠮᠢᠷ᠂ ᠰᠤᠷᠭᠠᠨ ᠬᠥᠮᠦᠵᠢᠯ᠂ ᠰᠣᠶᠣᠯ᠂ ᠡᠷᠡᠭᠦᠯ ᠮᠡᠨᠳᠦ ᠵᠡᠷᠭᠡ ᠠᠷᠠᠳ ᠤᠨ ᠠᠮᠢᠳᠤᠷᠠᠯ ᠤᠨ ᠠᠵᠢᠯ ᠤᠨ ᠴᠢᠬᠤᠯᠠ | ᠪᠦᠷᠢᠯᠳᠦᠬᠦᠨ ᠬᠡᠰᠡᠭ ᠪᠣᠯᠭᠠᠨ ᠠᠭᠤᠰᠤᠯᠴᠠᠭᠤᠯᠤᠨ᠎ᠠ᠃ | ︵ᠳᠥᠷᠪᠡ︶ ᠪᠦᠬᠦ ᠲᠠᠯ᠎ᠠ ᠪᠠᠷ ᠲᠦᠭᠡᠮᠡᠯᠵᠢᠭᠦᠯᠬᠦ ᠪᠠ ᠭᠤᠣᠯᠳᠠᠯᠭ᠎ᠠ ᠲᠠᠢ ᠪᠠᠷ ᠳᠡᠭᠡᠭᠰᠢᠯᠡᠭᠦᠯᠬᠦ ᠶᠢ ᠬᠠᠷᠢᠯᠴᠠᠨ | ᠤᠶᠠᠯᠳᠤᠭᠤᠯᠵᠤ᠂ ᠥᠭᠡᠷᠡᠴᠢᠯᠡᠯᠲᠡ ᠶᠢᠨ ᠪᠣᠳᠠᠲᠤ ᠦᠷ᠎ᠡ ᠪᠦᠲᠦᠮᠵᠢ ᠤᠯᠬᠤ ᠶᠢ ᠠᠬᠢᠭᠤᠯᠤᠨ᠎ᠠ᠃ ᠬᠥᠯ | ᠪᠥᠮᠪᠦᠭᠡ ᠶᠢᠨ ᠵᠠᠯᠠᠭᠤᠴᠤᠳ ᠤᠨ ᠪᠣᠯᠪᠠᠰᠤᠷᠠᠭᠤᠯᠤᠯ ᠤᠨ ᠰᠢᠰᠲ᠋ᠧᠮᠵᠢ ᠶᠢ ᠰᠢᠯᠢᠳᠡᠭᠵᠢᠭᠦᠯᠵᠦ᠂ ᠰᠤᠷᠭᠠᠭᠤᠯᠢ ᠶᠢᠨ | ᠬᠦᠷᠢᠶᠡᠨ ᠤ ᠬᠥᠯ ᠪᠥᠮᠪᠦᠭᠡ ᠶᠢᠨ ᠠᠵᠢᠯ ᠢ ᠦᠷᠭᠦᠯᠵᠢᠯᠡᠨ ᠠᠬᠢᠭᠤᠯᠵᠤ᠂ ᠵᠠᠯᠠᠭᠤᠴᠤᠳ ᠪᠠᠭᠠᠴᠤᠳ ᠤᠨ ᠬᠥᠯ | ᠪᠥᠮᠪᠦᠭᠡ ᠶᠢᠨ ᠴᠢᠳᠠᠪᠤᠷᠢᠲᠠᠨ ᠢ ᠬᠥᠮᠦᠵᠢᠭᠦᠯᠬᠦ ᠰᠢᠰᠲ᠋ᠧᠮᠵᠢ ᠶᠢ ᠪᠠᠶᠢᠭᠤᠯᠤᠨ ᠪᠦᠲᠦᠭᠡᠵᠦ᠂ ᠬᠥᠯ ᠪᠥᠮᠪᠦᠭᠡ ᠶᠢᠨ | ᠴᠢᠳᠠᠪᠤᠷᠢᠲᠠᠨ ᠤ ᠦᠰᠦᠨ ᠪᠤᠶᠢᠵᠢᠬᠤ ᠵᠠᠮ ᠪᠥᠬᠦ ᠲᠠᠯ᠎ᠠ ᠪᠠᠷ ᠲᠦᠭᠡᠮᠡᠯᠵᠢᠭᠦᠯᠦᠭᠰᠡᠨ ᠰᠠᠭᠤᠷᠢᠨ ᠳᠡᠭᠡᠷ᠎ᠡ᠂ | ᠰᠠᠭᠤᠷᠢ ᠪᠠᠷ ᠨᠡᠯᠢᠶᠡᠳ ᠰᠠᠶᠢᠨ᠂ ᠢᠳᠡᠪᠬᠢᠵᠢᠯ ᠢᠶᠠᠷ ᠨᠡᠯᠢᠶᠡᠳ ᠥᠨᠳᠥᠷ ᠭᠤᠤᠯᠳᠠᠯᠭ᠎ᠠ ᠲᠠᠢ ᠳᠤᠮᠳᠠᠳᠤ ᠪᠠᠭ᠎ᠠ | ᠰᠤᠷᠭᠠᠭᠤᠯᠢ ᠶᠢ ᠲᠡᠳᠬᠦᠨ ᠳᠡᠮᠵᠢᠵᠦ᠂ ᠬᠥᠯ ᠪᠥᠮᠪᠦᠭᠡ ᠶᠢᠨ ᠠᠪᠢᠶᠠᠰ ᠪᠢᠯᠢᠭ ᠲᠠᠢ ᠰᠣᠷᠣᠭᠴᠢ ᠶᠢ | ᠭᠤᠤᠯᠳᠠᠯᠭ᠎ᠠ ᠲᠠᠢ ᠬᠥᠮᠦᠵᠢᠭᠦᠯᠦᠨ᠎ᠡ᠃ ᠨᠡᠶᠢᠭᠡᠮ ᠤᠨ ᠬᠥᠯ ᠪᠥᠮᠪᠦᠭᠡ ᠶᠢ ᠲᠦᠭᠡᠮᠡᠯᠵᠢᠭᠦᠯᠬᠦ ᠪᠠᠷ ᠭᠤᠤᠯ ᠪᠣᠯᠭᠠᠵᠤ᠂ | ᠪᠠᠶᠢᠭᠤᠯᠤᠯᠭ᠎ᠠ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ᠂ ᠠᠷᠠᠳ ᠤᠨ ᠪᠦᠯᠬᠦᠮ ᠪᠠ ᠨᠡᠶᠢᠭᠡᠮ | ᠲᠣᠭᠤᠷᠢᠭ ᠲᠤ ᠪᠦᠬᠦᠨ ᠢ ᠬᠠᠮᠤᠷᠬᠤ ᠶᠢ ᠪᠡᠶᠡᠯᠡᠭᠦᠯᠦᠨ᠎ᠡ᠃ | ᠭᠤᠷᠪᠠ᠂ ᠭᠤᠣᠯ ᠡᠭᠦᠷᠭᠡ | ︵ᠨᠢᠭᠡ︶ ᠵᠠᠯᠠᠭᠤᠴᠤᠳ ᠪᠠᠭᠠᠴᠤᠳ ᠤᠨ ᠬᠥᠯ ᠪᠥᠮᠪᠦᠭᠡ ᠶᠢᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠨ᠎ᠠ | | 1. ᠠᠶᠢᠮᠠᠭ ᠬᠤᠰᠢᠭᠤ ᠬᠤᠶᠠᠷ ᠱᠠᠲᠤᠨ ᠤ ᠬᠥᠯ ᠪᠥᠮᠪᠦᠭᠡ ᠶᠢᠨ ᠵᠠᠯᠠᠭᠤᠴᠤᠳ ᠤᠨ ᠪᠣᠯᠪᠠᠰᠤᠷᠠᠭᠤᠯᠤᠯ ᠤᠨ | ᠰᠢᠰᠲ᠋ᠧᠮᠵᠢ ᠶᠢ ᠨᠢᠭᠡᠳᠦᠯᠲᠡᠶ ᠲᠥᠯᠥᠪᠯᠡᠨ ᠪᠠᠶᠢᠭᠤᠯᠵᠤ᠂ ᠰᠤᠷᠭᠠᠭᠤᠯᠢ ᠶᠢᠨ ᠬᠦᠷᠢᠶᠡᠨ ᠤ ᠬᠥᠯ ᠪᠥᠮᠪᠦᠭᠡ ᠶᠢᠨ | ᠤᠨᠴᠠᠯᠢᠭᠳᠤ ᠰᠤᠷᠭᠠᠭᠤᠯᠢ ᠯᠤᠭ᠎ᠠ ᠶᠢᠨ ᠬᠠᠮᠲᠤᠷᠠᠯᠴᠠᠭ᠎ᠠ ᠪᠠᠨ ᠴᠢᠩᠭᠠᠳᠬᠠᠨ᠂ ᠬᠥᠯ ᠪᠥᠮᠪᠦᠭᠡ ᠶᠢᠨ ᠰᠢᠯᠢᠳᠡᠭ | ᠪᠡᠯᠡᠳᠬᠡᠯ ᠴᠢᠳᠠᠪᠤᠷᠢᠲᠠᠨ ᠢ ᠬᠥᠮᠦᠵᠢᠭᠦᠯᠬᠦ᠂ ᠢᠯᠡᠷᠡᠭᠦᠯᠬᠦ᠂ ᠰᠢᠯᠢᠨ ᠰᠣᠩᠭᠤᠬᠤ᠂ ᠪᠣᠯᠪᠠᠰᠤᠷᠠᠭᠤᠯᠤᠨ᠎ᠠ᠃ | 2. ᠡᠯ᠎ᠡ ᠱᠠᠲᠤᠨ ᠤ ᠲᠠᠮᠢᠷ ᠤᠨ ᠰᠤᠷᠭᠠᠭᠤᠯᠢ ᠨᠤᠭᠤᠳ ᠬᠥᠯ ᠪᠥᠮᠪᠦᠭᠡ ᠶᠢᠨ ᠠᠩᠭᠢ ᠶᠢᠨ ᠪᠠᠶᠢᠭᠤᠯᠤᠯᠲᠠ ᠪᠠᠨ | ᠴᠢᠩᠭᠠᠳᠬᠠᠵᠤ᠂ 2022 ᠣᠨ ᠠᠴᠠ ᠡᠮᠦᠨ᠎ᠡ ᠡᠷᠡᠭᠲᠡᠶ᠂ ᠡᠮᠡᠭᠲᠡᠶ ᠶᠢᠨ ᠬᠥᠯ ᠪᠥᠮᠪᠦᠭᠡ ᠶᠢᠨ ᠠᠩᠭᠢ ᠶᠢ ᠰᠡᠷᠭᠦᠭᠡᠬᠦ | ᠪᠤᠶᠤ ᠵᠣᠬᠢᠶᠠᠨ ᠪᠠᠶᠢᠭᠤᠯᠤᠨ᠎ᠠ᠃ ᠬᠤᠰᠢᠭᠤ ᠰᠢᠶᠠᠨ ᠬᠤᠲᠠ ᠶᠢᠨ ᠪᠡᠶ᠎ᠡ ᠶᠢᠨ ᠲᠠᠮᠢᠷ ᠤᠨ ᠰᠤᠷᠭᠠᠭᠤᠯᠢ ᠶᠢᠨ ᠬᠥᠯ | ᠪᠥᠮᠪᠦᠭᠡ ᠶᠢᠨ ᠠᠩᠭᠢ ᠶᠢᠨ ᠭᠡᠰᠢᠭᠦᠨ ᠤ ᠨᠠᠰᠤ ᠶᠢ ᠪᠦᠬᠦᠯᠢ 12 ᠨᠠᠰᠤᠨ ᠠᠴᠠ ᠳᠣᠷᠣᠭᠰᠢ ᠬᠢᠵᠠᠭᠠᠷᠯᠠᠵᠤ᠂ | ᠠᠶᠢᠮᠠᠭ ᠤᠨ ᠪᠡᠶ᠎ᠡ ᠶᠢᠨ ᠲᠠᠮᠢᠷ ᠤᠨ ᠳᠤᠮᠳᠠᠳᠤ ᠰᠤᠷᠭᠠᠭᠤᠯᠢ ᠶᠢᠨ ᠬᠥᠯ ᠪᠥᠮᠪᠦᠭᠡ ᠶᠢᠨ ᠠᠩᠭᠢ ᠲᠠᠢ ᠬᠠᠷᠢᠯᠴᠠᠨ | ᠵᠠᠯᠭᠠᠯᠳᠤᠭᠰᠠᠨ ᠨᠠᠰᠤᠨ ᠤ ᠪᠦᠲᠦᠴᠡ ᠶᠢ ᠪᠦᠷᠢᠯᠳᠦᠭᠦᠯᠬᠦ ᠬᠡᠷᠡᠭᠲᠡᠶ᠃ ᠡᠯ᠎ᠡ ᠱᠠᠲᠤᠨ ᠤ ᠪᠡᠶ᠎ᠡ ᠶᠢᠨ ᠲᠠᠮᠢᠷ ᠤᠨ | ᠰᠤᠷᠭᠠᠭᠤᠯᠢ ᠶᠢ ᠬᠥᠯ ᠪᠥᠮᠪᠦᠭᠡ ᠶᠢᠨ ᠤᠨᠴᠠᠯᠢᠭᠳᠤ ᠰᠤᠷᠭᠠᠭᠤᠯᠢ ᠶᠢᠨ ᠪᠥᠲᠥᠭᠡᠨ ᠪᠠᠶᠢᠭᠤᠯᠤᠯᠲᠠ ᠶᠢᠨ | ᠬᠡᠪᠴᠢᠶᠡᠨ ᠳᠤ ᠣᠷᠣᠭᠤᠯᠵᠤ᠂ ᠲᠤᠷᠰᠢᠯᠲᠠ ᠬᠢᠵᠦ ᠳᠥᠯᠭᠢᠨ ᠠᠬᠢᠭᠤᠯᠵᠤ᠂ ᠭᠤᠤᠯᠳᠠᠯᠭ᠎ᠠ ᠲᠠᠢ ᠲᠡᠳᠬᠦᠨ | ᠳᠡᠮᠵᠢᠵᠦ᠂ ᠤᠷᠢᠳᠠᠪᠠᠷ ᠬᠥᠭᠵᠢᠭᠦᠯᠦᠨ᠎ᠡ᠃ | 3. ᠪᠡᠶ᠎ᠡ ᠶᠢᠨ ᠲᠠᠮᠢᠷ ᠤᠨ ᠰᠠᠯᠠᠭ᠎ᠠ ᠮᠥᠴᠢᠷ ᠢᠶᠠᠷ ᠲᠦᠷᠦᠭᠦᠯᠡᠭᠦᠯᠦᠨ᠂ ᠪᠡᠶ᠎ᠡ ᠶᠢᠨ ᠲᠠᠮᠢᠷ ᠤᠨ ᠰᠤᠷᠭᠠᠭᠤᠯᠢ ᠬᠢᠭᠡᠳ | ᠰᠤᠷᠭᠠᠭᠤᠯᠢ ᠶᠢᠨ ᠬᠦᠷᠢᠶᠡᠨ ᠤ ᠬᠥᠯ ᠪᠥᠮᠪᠦᠭᠡ ᠶᠢᠨ ᠤᠨᠴᠠᠯᠢᠭᠳᠤ ᠰᠤᠷᠭᠠᠭᠤᠯᠢ ᠳᠤ ᠲᠦᠰᠢᠭᠯᠡᠨ ᠬᠥᠯ | ᠪᠥᠮᠪᠦᠭᠡ ᠶᠢᠨ ᠣᠨᠴᠠ ᠴᠢᠳᠠᠪᠤᠷᠢᠲᠠᠶ ᠰᠣᠷᠣᠭᠴᠢ ᠶᠢ ᠬᠥᠮᠦᠵᠢᠭᠦᠯᠵᠦ᠂ ᠠᠶᠢᠮᠠᠭ ᠤᠨ ᠲᠠᠰ ᠤᠨ ᠵᠠᠯᠠᠭᠤᠴᠤᠳ | ᠪᠠᠭᠠᠴᠤᠳ ᠤᠨ ᠬᠥᠯ ᠪᠥᠮᠪᠦᠭᠡ ᠶᠢᠨ ᠪᠣᠯᠪᠠᠰᠤᠷᠠᠯ ᠤᠨ ᠰᠠᠭᠤᠷᠢᠨ ᠭᠠᠵᠠᠷ ᠢ ᠬᠠᠮᠲᠤᠪᠠᠷ ᠪᠠᠶᠢᠭᠤᠯᠵᠤ᠂ ᠬᠢᠩᠭᠠᠨ | ᠠᠶᠢᠮᠠᠭ ᠢ ᠲᠥᠯᠥᠭᠡᠯᠡᠨ ᠠᠶᠢᠮᠠᠭ ᠤᠨ ᠭᠠᠳᠠᠨᠠᠬᠢ ᠡᠯ᠎ᠡ ᠱᠠᠲᠤ᠂ ᠡᠯ᠎ᠡ ᠲᠥᠷᠥᠯ ᠤᠨ ᠵᠠᠯᠠᠭᠤᠴᠤᠳ ᠪᠠᠭᠠᠴᠤᠳ ᠤᠨ | ᠬᠥᠯ ᠪᠥᠮᠪᠦᠭᠡ ᠶᠢᠨ ᠤᠷᠤᠯᠳᠤᠭᠠᠨ ᠳᠤ ᠣᠷᠣᠯᠴᠠᠭᠤᠯᠤᠨ᠎ᠠ᠃ | 4. ᠵᠠᠯᠠᠭᠤᠴᠤᠳ ᠪᠠᠭᠠᠴᠤᠳ ᠤᠨ ᠬᠥᠯ ᠪᠥᠮᠪᠦᠭᠡ ᠶᠢᠨ ᠺᠯᠦ᠋ᠪ ᠤᠨ ᠬᠥᠭᠵᠢᠯᠲᠡ ᠶᠢ ᠵᠣᠷᠢᠭᠵᠢᠭᠤᠯᠤᠨ ᠳᠡᠮᠵᠢᠵᠦ᠂ | ᠵᠠᠯᠠᠭᠤᠴᠤᠳ ᠪᠠᠭᠠᠴᠤᠳ ᠤᠨ ᠬᠥᠯ ᠪᠥᠮᠪᠦᠭᠡ ᠶᠢᠨ ᠺᠯᠦ᠋ᠪ ᠢ ᠢᠳᠡᠪᠬᠢᠲᠡᠶ ᠪᠠᠷ ᠬᠥᠲᠥᠯᠦᠨ ᠵᠢᠯᠣᠭᠤᠳᠴᠤ ᠪᠠᠶᠢᠭᠠᠳ | ᠡᠯ᠎ᠡ ᠱᠠᠲᠤᠨ ᠤ ᠡᠯ᠎ᠡ ᠲᠥᠷᠥᠯ ᠤᠨ ᠬᠥᠯ ᠪᠥᠮᠪᠦᠭᠡ ᠶᠢᠨ ᠤᠷᠤᠯᠳᠤᠭᠠᠨ᠂ ᠡᠪᠦᠯ ︵ᠵᠤᠨ︶ ᠤᠨ ᠴᠡᠷᠢᠭ ᠤᠨ | ᠬᠤᠸᠠᠷᠠᠨ ᠵᠡᠷᠭᠡ ᠠᠵᠢᠯᠯᠠᠭ᠎ᠠ ᠳᠤ ᠣᠷᠣᠯᠴᠠᠭᠤᠯᠵᠤ᠂ ᠵᠠᠯᠠᠭᠤᠴᠤᠳ ᠪᠠᠭᠠᠴᠤᠳ ᠤᠨ ᠬᠥᠯ ᠪᠥᠮᠪᠦᠭᠡ ᠶᠢᠨ | ᠲᠠᠮᠢᠷᠴᠢᠳ ᠢ ᠳᠠᠩᠰᠠᠯᠠᠬᠤ ᠠᠵᠢᠯ ᠢ ᠪᠡᠶᠡᠯᠡᠭᠦᠯᠵᠦ᠂ 2025 ᠣᠨ ᠪᠣᠯᠬᠤ ᠳᠤ ᠮᠠᠨ ᠤ ᠠᠶᠢᠮᠠᠭ ᠤᠨ | ᠳᠠᠩᠰᠠᠯᠠᠭᠤᠯᠤᠭᠰᠠᠨ ᠬᠥᠯ ᠪᠥᠮᠪᠦᠭᠡ ᠶᠢᠨ ᠲᠠᠮᠢᠷᠴᠢᠳ ᠤᠨ ᠲᠤᠭ᠎ᠠ ᠶᠢ 1500 ᠬᠥᠮᠦᠨ ᠳᠤ ᠬᠦᠷᠦᠭᠦᠯᠦᠨ᠎ᠡ᠃ | ︵ᠬᠤᠶᠠᠷ︶ ᠰᠤᠷᠭᠠᠭᠤᠯᠢ ᠶᠢᠨ ᠬᠦᠷᠢᠶᠡᠨ ᠤ ᠬᠥᠯ ᠪᠥᠮᠪᠦᠭᠡ ᠶᠢᠨ ᠤᠷᠤᠯᠳᠤᠭᠠᠨ ᠢ ᠶᠡᠬᠡᠪᠡᠷ ᠬᠥᠭᠵᠢᠭᠦᠯᠦᠨ᠎ᠡ | 5. ᠪᠥᠬᠦ ᠠᠶᠢᠮᠠᠭ ᠤᠨ ᠡᠯ᠎ᠡ ᠱᠠᠲᠤᠨ ᠤ ᠡᠯ᠎ᠡ ᠲᠥᠷᠥᠯ ᠤᠨ ᠰᠤᠷᠭᠠᠭᠤᠯᠢ ᠨᠤᠭᠤᠳ ᠡᠷᠡᠭᠲᠡᠶ᠂ ᠡᠮᠡᠭᠲᠡᠶ ᠶᠢᠨ | ᠰᠤᠷᠭᠠᠭᠤᠯᠢ ᠶᠢᠨ ᠲᠠᠰ ᠤᠨ ᠬᠥᠯ ᠪᠥᠮᠪᠦᠭᠡ ᠶᠢᠨ ᠠᠩᠭᠢ ᠪᠠᠶᠢᠭᠤᠯᠵᠤ᠂ ᠰᠤᠷᠭᠠᠭᠤᠯᠢ ᠨᠢᠭᠡᠪᠦᠷᠢ ᠳᠤ ᠨᠠᠭᠠᠳᠤ | ᠵᠠᠬ᠎ᠠ ᠳᠠᠭᠠᠨ ᠨᠢᠭᠡ ᠬᠥᠯ ᠪᠥᠮᠪᠦᠭᠡ ᠶᠢᠨ ᠪᠠᠭᠰᠢ ︵ᠵᠢᠭᠠᠨ ᠵᠢᠯᠣᠭᠤᠳᠣᠭᠴᠢ︶ ᠳᠣᠭᠢᠷᠠᠭᠤᠯᠬᠤ ᠬᠡᠷᠡᠭᠲᠡᠶ᠃ ᠪᠥᠬᠦ | ᠲᠠᠯ᠎ᠠ ᠪᠠᠷ ᠲᠦᠭᠡᠮᠡᠯᠵᠢᠭᠦᠯᠦᠭᠰᠡᠨ ᠰᠠᠭᠤᠷᠢᠨ ᠳᠡᠭᠡᠷ᠎ᠡ᠂ ᠰᠤᠷᠭᠠᠭᠤᠯᠢ ᠶᠢᠨ ᠬᠦᠷᠢᠶᠡᠨ ᠤ ᠬᠥᠯ ᠪᠥᠮᠪᠦᠭᠡ ᠶᠢᠨ | ᠰᠤᠳᠤᠴᠤᠤᠯ ᠤᠨ ᠱᠠᠲᠤᠯᠵᠢᠨ ᠡᠩᠨᠡᠭᠡ ᠶᠢ ᠪᠣᠶ ᠪᠣᠯᠭᠠᠵᠤ᠂ ᠪᠥᠬᠦ ᠣᠷᠣᠨ ᠪᠠ ᠪᠥᠬᠦ ᠠᠶᠢᠮᠠᠭ ᠤᠨ ᠵᠣᠬᠢᠴᠠᠩᠭᠤᠶ | ᠳᠤᠭᠤᠶᠢᠯᠠᠩ ᠤᠨ ᠤᠷᠤᠯᠳᠤᠭᠠᠨ ᠲᠠᠢ ᠵᠣᠯᠭᠠᠭᠤᠯᠬᠤ ᠬᠡᠷᠡᠭᠲᠡᠶ᠃ | 6. ᠠᠶᠢᠮᠠᠭ ᠬᠤᠰᠢᠭᠤ ᠬᠤᠶᠠᠷ ᠱᠠᠲᠤᠨ ᠤ ᠣᠷᠣᠨ ᠲᠤᠭ᠎ᠠ ᠶᠢᠨ ᠰᠠᠯᠠᠭ᠎ᠠ ᠮᠥᠴᠢᠷ ᠤᠳ ᠥᠪᠡᠷᠲᠡᠭᠡᠨ ᠵᠠᠰᠠᠬᠤ | ᠣᠷᠣᠨ ᠤ ᠬᠤᠯᠪᠣᠭᠳᠠᠯ ᠪᠥᠬᠦᠶ ᠪᠠᠷᠢᠮᠵᠢᠶ᠎ᠠ ᠶᠣᠰᠣᠭᠠᠷ ᠡᠯ᠎ᠡ ᠱᠠᠲᠤᠨ ᠤ ᠡᠯ᠎ᠡ ᠲᠥᠷᠥᠯ ᠤᠨ ᠰᠤᠷᠭᠠᠭᠤᠯᠢ ᠶᠢᠨ | ᠬᠡᠷᠡᠭᠰᠡᠬᠦ ᠣᠷᠣᠨ ᠲᠤᠭ᠎ᠠ ᠶᠢ ᠬᠢᠨᠠᠨ ᠲᠣᠭᠲᠠᠭᠠᠵᠤ᠂ ᠠᠶᠢᠮᠠᠭ ᠬᠤᠰᠢᠭᠤ ᠬᠤᠶᠠᠷ ᠱᠠᠲᠤᠨ ᠤ ᠰᠤᠷᠭᠠᠨ | ᠬᠥᠮᠦᠵᠢᠯ ᠤᠨ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ᠡᠯ᠎ᠡ ᠱᠠᠲᠤᠨ ᠤ ᠡᠯ᠎ᠡ | ᠲᠥᠷᠥᠯ ᠤᠨ ᠰᠤᠷᠭᠠᠭᠤᠯᠢ ᠶᠢ ᠵᠢᠯᠣᠭᠤᠳᠴᠤ ᠪᠠᠶᠢᠭᠠᠳ ᠠᠳᠠᠯᠢ ᠱᠠᠲᠤᠨ ᠤ ᠣᠷᠣᠨ ᠲᠤᠭ᠎ᠠ ᠶᠢᠨ ᠰᠠᠯᠠᠭ᠎ᠠ | ᠮᠥᠴᠢᠷ ᠤᠨ ᠬᠢᠨᠠᠨ ᠲᠣᠭᠲᠠᠭᠠᠭᠰᠠᠨ ᠣᠷᠣᠨ ᠲᠤᠭ᠎ᠠ ᠶᠢᠨ ᠳᠣᠲᠣᠷ᠎ᠠ᠂ ᠪᠡᠶ᠎ᠡ ᠶᠢᠨ ᠲᠠᠮᠢᠷ ᠤᠨ ᠵᠢᠭᠠᠨ ᠰᠤᠷᠭᠠᠯᠲᠠ | ᠢᠯᠠᠩᠭᠤᠶ᠎ᠠ ᠬᠥᠯ ᠪᠥᠮᠪᠦᠭᠡ ᠶᠢᠨ ᠵᠢᠭᠠᠨ ᠰᠤᠷᠭᠠᠯᠲᠠ ᠶᠢᠨ ᠣᠷᠣᠨ ᠲᠤᠭ᠎ᠠ ᠬᠡᠷᠡᠭᠯᠡᠬᠦ ᠬᠡᠷᠡᠭᠴᠡᠭᠡ ᠱᠠᠭᠠᠷᠳᠠᠯᠭ᠎ᠠ ᠶᠢ | ᠦᠨᠡᠨᠬᠦ ᠪᠠᠲᠤᠯᠠᠬᠤ ᠬᠡᠷᠡᠭᠲᠡᠶ᠃ ᠤᠯᠤᠰ ᠤᠨ ᠲᠠᠰ ᠤᠨ᠂ ᠥᠪᠡᠷᠲᠡᠭᠡᠨ ᠵᠠᠰᠠᠬᠤ ᠣᠷᠣᠨ ᠤ ᠲᠠᠰ ᠤᠨ ᠬᠥᠯ | ᠪᠥᠮᠪᠦᠭᠡ ᠶᠢᠨ ᠤᠨᠴᠠᠯᠢᠭᠳᠤ ᠰᠤᠷᠭᠠᠭᠤᠯᠢ ᠶᠢ ᠡᠭᠦᠳᠦᠨ ᠪᠠᠶᠢᠭᠤᠯᠤᠨ᠎ᠠ ᠃ | 7. ᠬᠥᠯ ᠪᠥᠮᠪᠦᠭᠡ ᠶᠢᠨ ᠤᠨᠴᠠᠯᠢᠭᠳᠤ ᠰᠤᠷᠭᠠᠭᠤᠯᠢ ᠶᠢ ᠪᠥᠲᠥᠭᠡᠨ ᠪᠠᠶᠢᠭᠤᠯᠬᠤ ᠲᠤᠬᠠᠶ ᠥᠪᠡᠷᠲᠡᠭᠡᠨ ᠵᠠᠰᠠᠬᠤ | ᠣᠷᠣᠨ ᠤ ᠱᠠᠭᠠᠷᠳᠠᠯᠭ᠎ᠠ ᠶᠣᠰᠣᠭᠠᠷ᠄ ᠪᠠᠭ᠎ᠠ ᠰᠤᠷᠭᠠᠭᠤᠯᠢ ᠳᠤ 5 ᠬᠥᠮᠦᠨ ᠤ ᠳᠦᠷᠢᠮᠲᠦ ᠬᠥᠯ ᠪᠥᠮᠪᠦᠭᠡ ᠶᠢᠨ | ᠪᠠᠷᠢᠮᠵᠢᠶᠠᠲᠤ ᠲᠠᠯᠠᠪᠤᠷ ᠭᠠᠵᠠᠷ ᠪᠠᠶᠢᠬᠤ ᠬᠡᠷᠡᠭᠲᠡᠶ᠂ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠳᠤ 7 ᠬᠥᠮᠦᠨ ᠤ | ᠳᠦᠷᠢᠮᠲᠦ ᠬᠥᠯ ᠪᠥᠮᠪᠦᠭᠡ ᠶᠢᠨ ᠪᠠᠷᠢᠮᠵᠢᠶᠠᠲᠤ ᠲᠠᠯᠠᠪᠤᠷ ᠭᠠᠵᠠᠷ ᠪᠠᠶᠢᠬᠤ ᠬᠡᠷᠡᠭᠲᠡᠶ᠂ ᠥᠨᠳᠥᠷ ᠵᠡᠷᠭᠡ ᠶᠢᠨ ᠳᠤᠮᠳᠠᠳᠤ | ᠰᠤᠷᠭᠠᠭᠤᠯᠢ ᠳᠤ 11 ᠬᠥᠮᠦᠨ ᠤ ᠳᠦᠷᠢᠮᠲᠦ ᠬᠥᠯ ᠪᠥᠮᠪᠦᠭᠡ ᠶᠢᠨ ᠪᠠᠷᠢᠮᠵᠢᠶᠠᠲᠤ ᠲᠠᠯᠠᠪᠤᠷ ᠭᠠᠵᠠᠷ ᠪᠠᠶᠢᠬᠤ ᠬᠡᠷᠡᠭᠲᠡᠶ | ᠂ ᠬᠡᠪ ᠤᠨ ᠵᠢᠭᠠᠨ ᠰᠤᠷᠭᠠᠯᠲᠠ ᠶᠢ ᠨᠥᠯᠥᠭᠡᠯᠡᠬᠦ ᠥᠬᠡᠶ ᠪᠠᠶᠢᠳᠠᠯ ᠳᠣᠤᠷ᠎ᠠ ᠰᠦᠢᠳᠭᠡᠯ ᠬᠤᠷᠢᠶᠠᠬᠤ ᠥᠬᠡᠶ ᠪᠠᠷ | ᠨᠡᠶᠢᠭᠡᠮ ᠳᠤ ᠨᠡᠭᠡᠭᠡᠬᠦ ᠬᠡᠷᠡᠭᠲᠡᠶ᠃ | 8᠂ ᠰᠤᠷᠭᠠᠭᠤᠯᠢ ᠶᠢᠨ ᠬᠦᠷᠢᠶᠡᠨ ᠤ ᠬᠥᠯ ᠪᠥᠮᠪᠦᠭᠡ ᠶᠢᠨ ᠡᠳᠦᠷ ᠲᠤᠲᠤᠮ ᠤᠨ ᠵᠢᠭᠠᠨ ᠰᠤᠷᠭᠠᠯᠲᠠ ᠳᠠᠬᠢ | ᠬᠢᠴᠢᠶᠡᠯᠵᠢᠭᠦᠯᠦᠨ ᠬᠥᠭᠵᠢᠭᠦᠯᠬᠦ ᠶᠢ ᠬᠥᠲᠥᠯᠦᠨ ᠵᠢᠯᠣᠭᠤᠳᠴᠤ᠂ ᠪᠠᠭ᠎ᠠ ᠰᠤᠷᠭᠠᠭᠤᠯᠢ᠂ ᠠᠩᠬ᠎ᠠ ᠵᠡᠷᠭᠡ ᠶᠢᠨ | ᠳᠤᠮᠳᠠᠳᠤ ᠰᠤᠷᠭᠠᠭᠤᠯᠢ᠂ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠬᠥᠯ ᠪᠥᠮᠪᠦᠭᠡ ᠶᠢᠨ ᠣᠨᠴᠠ | ᠴᠢᠳᠠᠪᠤᠷᠢᠲᠠᠶ ᠰᠣᠷᠣᠭᠴᠢ ᠶᠢ ᠡᠯᠰᠡᠬᠦ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠦᠨ᠂ ᠬᠥᠯ ᠪᠥᠮᠪᠦᠭᠡ ᠶᠢᠨ | ᠣᠨᠴᠠ ᠴᠢᠳᠠᠪᠤᠷᠢᠲᠠᠶ ᠰᠣᠷᠣᠭᠴᠢ ᠶᠢ ᠡᠯᠰᠡᠬᠦ ᠲᠤᠭ᠎ᠠ ᠬᠡᠮᠵᠢᠶ᠎ᠡ ᠶᠢ ᠥᠷᠭᠡᠳᠬᠡᠵᠦ᠂ ᠬᠥᠯ ᠪᠥᠮᠪᠦᠭᠡ ᠶᠢᠨ ᠣᠨᠴᠠ | ᠴᠢᠳᠠᠪᠤᠷᠢᠲᠠᠶ ᠰᠣᠷᠣᠭᠴᠢ ᠶᠢ ᠬᠥᠮᠦᠵᠢᠭᠦᠯᠦᠨ ᠬᠦᠷᠭᠡᠬᠦ ᠵᠠᠮ ᠢ ᠰᠠᠭᠠᠳ ᠥᠬᠡᠶ ᠨᠡᠪᠲᠡᠷᠡᠭᠦᠯᠦᠨ᠎ᠡ᠃ | ︵ᠭᠤᠷᠪᠠ︶ ᠨᠡᠶᠢᠭᠡᠮ ᠤᠨ ᠬᠥᠯ ᠪᠥᠮᠪᠦᠭᠡ ᠶᠢᠨ ᠬᠥᠳᠡᠯᠭᠡᠭᠡᠨ ᠢ ᠥᠷᠭᠡᠨ ᠢᠶᠠᠷ ᠥᠷᠨᠢᠭᠦᠯᠦᠨ᠎ᠡ | 9᠂ ᠪᠠᠶᠢᠭᠤᠯᠤᠯᠭ᠎ᠠ᠂ ᠠᠵᠢᠯ ᠦᠢᠯᠡᠰ ᠤᠨ ᠨᠢᠭᠡᠴᠢ᠂ ᠠᠷᠠᠳ ᠤᠨ ᠪᠦᠯᠬᠦᠮ ᠪᠠ ᠠᠵᠤ ᠠᠬᠤᠶᠢᠯᠠᠯ ᠤᠨ ᠠᠵᠢᠯ | ᠲᠥᠷᠥᠯ ᠤᠨ ᠬᠥᠯ ᠪᠥᠮᠪᠦᠭᠡ ᠶᠢᠨ ᠨᠡᠶᠢᠭᠡᠮᠯᠢᠭ ᠪᠠᠶᠢᠭᠤᠯᠬᠤ ᠶᠢ ᠵᠣᠷᠢᠭᠵᠢᠭᠤᠯᠵᠤ᠂ ᠠᠵᠢᠯ ᠤᠨ ᠴᠢᠯᠥᠭᠡᠨ ᠤ ᠬᠥᠯ | ᠪᠥᠮᠪᠦᠭᠡ ᠶᠢᠨ ᠠᠩᠭᠢ ᠶᠢ ᠵᠣᠬᠢᠶᠠᠨ ᠪᠠᠶᠢᠭᠤᠯᠬᠤ ᠪᠠ ᠬᠠᠮᠲᠤᠷᠠᠨ ᠵᠣᠬᠢᠶᠠᠨ ᠪᠠᠶᠢᠭᠤᠯᠤᠨ᠎ᠠ᠃ ᠪᠠᠶᠢᠭᠤᠯᠤᠯᠭ᠎ᠠ ᠶᠢᠨ | ᠠᠵᠢᠯ ᠤᠨ ᠵᠥᠪᠯᠡᠯ ᠠᠴᠠ ᠲᠦᠷᠦᠭᠦᠯᠡᠨ ᠠᠯᠪᠠᠨ ᠪᠠᠶᠢᠭᠤᠯᠤᠯᠭ᠎ᠠ ᠠᠵᠢᠯ ᠦᠢᠯᠡᠰ ᠤᠨ ᠨᠢᠭᠡᠴᠢ ᠶᠢᠨ ᠬᠥᠯ | ᠪᠥᠮᠪᠦᠭᠡ ᠶᠢ ᠬᠥᠭᠵᠢᠭᠦᠯᠵᠦ᠂ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠠᠴᠠ ᠲᠦᠷᠦᠭᠦᠯᠡᠨ ᠨᠡᠶᠢᠭᠡᠮ | ᠲᠣᠭᠤᠷᠢᠭ ᠤᠨ ᠬᠥᠯ ᠪᠥᠮᠪᠦᠭᠡ ᠶᠢ ᠬᠥᠭᠵᠢᠭᠦᠯᠵᠦ᠂ ᠠᠵᠢᠯᠴᠢᠨ ᠤ ᠡᠪᠯᠡᠯ ᠠᠴᠠ ᠲᠦᠷᠦᠭᠦᠯᠡᠨ ᠠᠵᠤ | ᠠᠬᠤᠶᠢᠯᠠᠯ ᠤᠨ ᠬᠥᠯ ᠪᠥᠮᠪᠦᠭᠡ ᠶᠢ ᠬᠥᠭᠵᠢᠭᠦᠯᠵᠦ᠂ ᠬᠥᠯ ᠪᠥᠮᠪᠦᠭᠡ ᠶᠢᠨ ᠨᠡᠶᠢᠭᠡᠮᠯᠢᠭ ᠠᠴᠠ ᠲᠦᠷᠦᠭᠦᠯᠡᠨ | ᠺᠯᠦ᠋ᠪ ᠤᠨ ᠬᠥᠯ ᠪᠥᠮᠪᠦᠭᠡ ᠶᠢ ᠬᠥᠭᠵᠢᠭᠦᠯᠵᠦ᠂ ᠬᠡᠯᠪᠡᠷᠢ ᠮᠠᠶ᠋ᠢᠭ ᠢᠶᠠᠷ ᠣᠯᠠᠨ ᠶᠠᠩᠵᠤ ᠶᠢᠨ᠂ ᠡᠯ᠎ᠡ ᠨᠠᠰᠤᠨ ᠤ | ᠱᠠᠲᠤᠨ ᠤ ᠬᠥᠮᠦᠰ ᠤᠨ ᠣᠷᠣᠯᠴᠠᠬᠤ ᠳᠤ ᠳᠣᠭᠢᠷᠠᠬᠤ ᠣᠯᠠᠨ ᠲᠦᠮᠡᠨᠴᠢ ᠴᠢᠨᠠᠷᠲᠠᠶ ᠬᠥᠯ ᠪᠥᠮᠪᠦᠭᠡ ᠶᠢᠨ | ᠠᠵᠢᠯᠯᠠᠭ᠎ᠠ ᠶᠢ ᠥᠷᠭᠡᠨ ᠢᠶᠠᠷ ᠥᠷᠨᠢᠭᠦᠯᠦᠨ᠎ᠡ᠃ ᠬᠢᠩᠭᠠᠨ ᠠᠶᠢᠮᠠᠭ ᠤᠨ ᠣᠨᠴᠠᠯᠢᠭ ᠲᠠᠢ ᠬᠥᠯ ᠪᠥᠮᠪᠦᠭᠡ ᠶᠢᠨ | ᠬᠥᠭᠵᠢᠯᠲᠡ ᠶᠢᠨ ᠵᠠᠮ ᠢ ᠰᠦᠪᠡᠭᠴᠢᠯᠡᠨ ᠨᠡᠭᠡᠭᠡᠨ᠎ᠡ᠃ | 10. 2025 ᠣᠨ ᠤ ᠡᠴᠦᠰ ᠪᠣᠯᠬᠤ ᠳᠤ ᠨᠡᠶᠢᠭᠡᠮ ᠲᠣᠭᠤᠷᠢᠭ ᠤᠨ ᠬᠥᠯ ᠪᠥᠮᠪᠦᠭᠡ ᠶᠢᠨ ︽ᠵᠢᠷᠭᠤᠭᠠᠨ ᠨᠢᠭᠡ︾ | ᠶᠢᠨ ᠪᠠᠷᠢᠮᠵᠢᠶ᠎ᠠ ᠳᠤ ᠬᠦᠷᠭᠡᠬᠦ ᠠᠵᠢᠯᠯᠠᠭ᠎ᠠ ᠶᠢ ᠪᠡᠶᠡᠯᠡᠭᠦᠯᠦᠨ᠎ᠡ᠄ ᠲᠤᠬᠠᠶᠢᠯᠠᠪᠠᠯ ᠨᠡᠶᠢᠭᠡᠮ ᠲᠣᠭᠤᠷᠢᠭ ᠤᠨ ᠬᠥᠯ | ᠪᠥᠮᠪᠦᠭᠡ ᠶᠢᠨ ᠵᠣᠬᠢᠶᠠᠨ ᠪᠠᠶᠢᠭᠤᠯᠤᠯᠲᠠ ᠶᠢᠨ ᠤᠳᠤᠷᠢᠳᠬᠤ ᠪᠠᠶᠢᠭᠤᠯᠤᠮᠵᠢ ᠶᠢ ᠪᠠᠶᠢᠭᠤᠯᠤᠨ᠎ᠠ︔ ᠨᠡᠶᠢᠭᠡᠮ | ᠲᠣᠭᠤᠷᠢᠭ ᠤᠨ ᠠᠵᠢᠯ ᠤᠨ ᠴᠢᠯᠥᠭᠡᠨ ᠤ ᠬᠦᠯ ᠪᠥᠮᠪᠦᠭᠡ ᠶᠢᠨ ᠡᠩᠨᠡᠭᠡ ᠶᠢ ᠨᠡᠶᠢᠭᠡᠮ ᠲᠣᠭᠤᠷᠢᠭ ᠤᠨ ᠬᠥᠯ | ᠪᠥᠮᠪᠦᠭᠡ ᠶᠢᠨ ᠬᠥᠳᠡᠯᠭᠡᠭᠡᠨ ᠤ ᠲᠠᠯᠠᠪᠤᠷ ᠢ ᠨᠠᠶᠢᠳᠠᠪᠤᠷᠢᠵᠢᠭᠤᠯᠤᠨ᠎ᠠ︔ ᠨᠡᠶᠢᠭᠡᠮ ᠲᠣᠭᠤᠷᠢᠭ ᠤᠨ ᠬᠥᠯ ᠪᠥᠮᠪᠦᠭᠡ ᠶᠢᠨ | ᠦᠢᠯᠡᠰ ᠤᠨ ᠬᠥᠭᠵᠢᠯᠲᠡ ᠶᠢᠨ ᠨᠡᠶᠢᠭᠡᠮ ᠲᠣᠭᠤᠷᠢᠭ ᠤᠨ ᠬᠥᠯ ᠪᠥᠮᠪᠦᠭᠡ ᠶᠢᠨ ᠬᠤᠯᠪᠣᠭᠠᠲᠤ ᠤᠷᠤᠯᠳᠤᠭᠠᠨ ᠢ ᠨᠢᠭᠡ | ᠤᠳᠠᠭ᠎ᠠ ᠵᠣᠬᠢᠶᠠᠨ ᠪᠠᠶᠢᠭᠤᠯᠤᠨ ᠨᠡᠶᠢᠭᠡᠮ ᠲᠣᠭᠤᠷᠢᠭ ᠤᠨ ᠬᠦᠯ ᠪᠥᠮᠪᠦᠭᠡ ᠶᠢᠨ ᠠᠵᠢᠯ ᠤᠨ ᠨᠢᠭᠡᠨ ᠢᠵᠢ | ᠲᠣᠭᠲᠠᠴᠠ ᠶᠢ ᠪᠠᠶᠢᠭᠤᠯᠤᠨ᠎ᠠ᠃ ᠨᠡᠶᠢᠭᠡᠮ ᠲᠣᠭᠤᠷᠢᠭ ᠤᠨ ᠬᠥᠯ ᠪᠥᠮᠪᠦᠭᠡ ᠶᠢᠨ ᠠᠵᠢᠯᠯᠠᠭ᠎ᠠ ᠶᠢ ᠨᠡᠶᠢᠳᠡᠮ | ᠥᠷᠨᠢᠭᠦᠯᠬᠦ ᠪᠠᠷ ᠳᠠᠮᠵᠢᠭᠤᠯᠤᠨ᠂ ᠨᠡᠶᠢᠭᠡᠮ ᠲᠣᠭᠤᠷᠢᠭ ᠤᠨ ᠪᠤᠰᠤᠳ ᠰᠣᠶᠣᠯ ᠪᠡᠶ᠎ᠡ ᠶᠢᠨ ᠲᠠᠮᠢᠷ ᠤᠨ ᠠᠵᠢᠯᠯᠠᠭ᠎ᠠ | ᠪᠣᠯᠤᠨ ᠤᠷᠤᠯᠳᠤᠭᠠᠨ ᠢ ᠬᠠᠮᠲᠤᠪᠠᠷ ᠬᠥᠭᠵᠢᠭᠦᠯᠬᠦ ᠶᠢ ᠳᠠᠶᠢᠴᠢᠯᠠᠬᠤ ᠬᠡᠷᠡᠭᠲᠡᠶ᠃ | ︵ᠳᠥᠷᠪᠡ︶ ᠴᠢᠳᠠᠪᠤᠷᠢᠲᠠᠨ ᠢ ᠬᠥᠮᠦᠵᠢᠭᠦᠯᠬᠦ ᠶᠢ ᠨᠡᠮᠡᠭᠳᠡᠭᠦᠯᠦᠨ᠎ᠡ | 11. ᠡᠯ᠎ᠡ ᠲᠥᠷᠥᠯ ᠤᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠭᠦᠢᠴᠡᠳ ᠠᠰᠢᠭᠯᠠᠨ ᠥᠨᠳᠥᠷ ᠬᠢᠷᠢ | ᠲᠦᠪᠰᠢᠨ ᠪᠥᠬᠦᠶ ᠬᠥᠯ ᠪᠥᠮᠪᠦᠭᠡ ᠶᠢᠨ ᠲᠠᠮᠢᠷᠴᠢᠨ ᠢ ᠣᠷᠣᠭᠤᠯᠤᠨ ᠠᠪᠴᠢᠷᠠᠵᠤ᠂ ︽ᠣᠨᠴᠣᠭᠤᠶ ᠴᠢᠳᠠᠪᠤᠷᠢᠲᠠᠨ ᠢ | ᠣᠷᠣᠭᠤᠯᠤᠨ ᠠᠪᠴᠢᠷᠠᠬᠤ︾᠂ ᠠᠵᠢᠯ ᠦᠢᠡᠯᠰ ᠤᠨ ᠨᠢᠭᠡᠴᠢ ᠶᠢᠨ ᠢᠯᠡ ᠪᠠᠷ ᠤᠷᠢᠬᠤ ᠪᠠ ᠵᠠᠰᠠᠭ ᠤᠨ ᠣᠷᠳᠣᠨ | ᠬᠤᠳᠠᠯᠳᠤᠨ ᠠᠪᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠰᠢᠯᠢᠳᠡᠭ ᠴᠢᠳᠠᠪᠤᠷᠢᠲᠠᠨ ᠢ ᠣᠷᠣᠭᠤᠯᠤᠨ | ᠠᠪᠴᠢᠷᠠᠵᠤ ᠮᠠᠨ ᠤ ᠠᠶᠢᠮᠠᠭ ᠤᠨ ᠬᠥᠯ ᠪᠥᠮᠪᠦᠭᠡ ᠶᠢᠨ ᠰᠤᠷᠭᠠᠭᠴᠢ᠂ ᠬᠢᠨᠠᠭᠴᠢ᠂ ᠪᠠᠭᠰᠢ ᠪᠣᠯᠭᠠᠬᠤ ᠪᠤᠶᠤ ᠠᠵᠤ | ᠠᠬᠤᠶᠢᠯᠠᠯ ᠠᠵᠢᠯ ᠦᠢᠯᠡᠰ ᠤᠨ ᠨᠢᠭᠡᠴᠢ ᠳᠤ ᠣᠴᠢᠭᠤᠯᠤᠨ ᠨᠡᠶᠢᠭᠡᠮ ᠤᠨ ᠬᠥᠯ ᠪᠥᠮᠪᠦᠭᠡ ᠶᠢᠨ ᠠᠵᠢᠯᠯᠠᠭ᠎ᠠ ᠶᠢᠨ | ᠭᠤᠤᠯᠯᠠᠭᠴᠢ ᠬᠦᠴᠦᠨ ᠪᠣᠯᠭᠠᠨ᠎ᠠ᠃ | 12. ᠥᠨᠳᠥᠷ ᠬᠢᠷᠢ ᠲᠦᠪᠰᠢᠨ ᠪᠦᠬᠦᠢ ᠬᠥᠯ ᠪᠥᠮᠪᠦᠭᠡ ᠶᠢᠨ ᠯᠧᠺᠲ᠋ᠣᠷ ᠢ ᠤᠷᠢᠵᠤ᠂ ᠳᠤᠮᠳᠠᠳᠤ ᠤᠯᠤᠰ ᠤᠨ | ᠬᠥᠯ ᠪᠥᠮᠪᠦᠭᠡ ᠶᠢᠨ ᠨᠡᠶᠢᠭᠡᠮᠯᠢᠭ ᠤᠨ D ᠳᠡᠰ ᠤᠨ ᠰᠤᠷᠭᠠᠭᠴᠢ ᠶᠢᠨ ᠪᠣᠯᠪᠠᠰᠤᠷᠠᠯ ᠤᠨ ᠠᠩᠭᠢ᠂ ᠥᠪᠥᠷ | ᠮᠣᠩᠭᠤᠯ ᠤᠨ ᠬᠥᠯ ᠪᠥᠮᠪᠦᠭᠡ ᠶᠢᠨ ᠨᠡᠶᠢᠭᠡᠮᠯᠢᠭ ᠤᠨ E ᠳᠡᠰ ᠤᠨ ᠰᠤᠷᠭᠠᠭᠴᠢ ᠶᠢᠨ ᠪᠣᠯᠪᠠᠰᠤᠷᠠᠯ ᠤᠨ ᠠᠩᠭᠢ ᠶᠢ | ᠵᠢᠯ ᠪᠦᠷᠢ ᠨᠢᠭᠡ ᠬᠤᠭᠤᠴᠠᠭ᠎ᠠ ᠡᠷᠭᠢᠯᠡᠨ᠎ᠡ ᠃ ᠨᠢᠭᠡᠳᠦᠭᠡᠷ ᠬᠤᠭᠤᠴᠠᠭᠠᠨ ᠤ ᠳᠤᠮᠳᠠᠳᠤ ᠤᠯᠤᠰ ᠤᠨ ᠬᠥᠯ | ᠪᠥᠮᠪᠦᠭᠡ ᠶᠢᠨ ᠨᠡᠶᠢᠭᠡᠮᠯᠢᠭ ᠤᠨ ᠬᠤᠶᠠᠳᠤᠭᠠᠷ ᠳᠡᠰ ᠤᠨ ᠬᠢᠨᠠᠭᠴᠢ ᠶᠢᠨ ᠪᠣᠯᠪᠠᠰᠤᠷᠠᠯ ᠤᠨ ᠠᠩᠭᠢ᠂ ᠬᠤᠶᠠᠷ | ᠬᠤᠭᠤᠴᠠᠭᠠᠨ ᠤ ᠳᠤᠮᠳᠠᠳᠤ ᠤᠯᠤᠰ ᠤᠨ ᠬᠥᠯ ᠪᠥᠮᠪᠦᠭᠡ ᠶᠢᠨ ᠨᠡᠶᠢᠭᠡᠮᠯᠢᠭ ᠤᠨ ᠭᠤᠷᠪᠠᠳᠤᠭᠠᠷ ᠳᠡᠰ ᠤᠨ | ᠬᠢᠨᠠᠭᠴᠢ ᠶᠢᠨ ᠪᠣᠯᠪᠠᠰᠤᠷᠠᠯ ᠤᠨ ᠠᠩᠭᠢ ᠬᠢᠩᠭᠠᠨ ᠤ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠬᠥᠯ | ᠪᠥᠮᠪᠦᠭᠡ ᠶᠢᠨ ᠳᠡᠭᠡᠳᠦ ᠰᠤᠷᠭᠠᠭᠤᠯᠢ ᠵᠡᠷᠭᠡ ᠨᠢᠭᠡᠴᠢ ᠳᠤ ᠲᠦᠰᠢᠭᠯᠡᠨ᠂ ᠬᠥᠯ ᠪᠥᠮᠪᠦᠭᠡ ᠶᠢᠨ ᠰᠤᠷᠭᠠᠭᠴᠢ᠂ | ᠬᠢᠨᠠᠭᠴᠢ ᠶᠢᠨ ᠰᠢᠰᠲ᠋ᠧᠮ ᠲᠠᠢ ᠪᠣᠯᠪᠠᠰᠤᠷᠠᠭᠤᠯᠤᠯ ᠢ ᠬᠠᠷᠢᠭᠤᠴᠠᠨ᠎ᠠ᠃ | ︵ᠲᠠᠪᠤ︶ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠢᠭᠤᠯᠤᠯᠲᠠ ᠶᠢ ᠴᠢᠩᠭᠠᠷᠠᠭᠤᠯᠤᠨ᠎ᠠ | 13. ᠤᠯᠠᠨ ᠨᠡᠶᠢᠲᠡ ᠶᠢᠨ ᠬᠦᠯ ᠪᠥᠮᠪᠦᠭᠡ ᠶᠢᠨ ᠲᠠᠯᠠᠪᠤᠷ ᠤᠨ ᠪᠠᠶᠢᠭᠤᠯᠤᠯᠲᠠ ᠶᠢ ᠴᠢᠩᠭᠠᠳᠬᠠᠨ᠎ᠠ᠃ ᠣᠯᠠᠨ | ᠨᠡᠶᠢᠲᠡ ᠶᠢᠨ ᠬᠥᠯ ᠪᠥᠮᠪᠦᠭᠡ ᠶᠢᠨ ᠲᠠᠯᠠᠪᠤᠷ ᠭᠠᠵᠠᠷ ᠵᠡᠷᠭᠡ ᠰᠠᠭᠤᠷᠢ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢ | ᠬᠤᠲᠠ ᠪᠠᠯᠭᠠᠰᠤᠵᠢᠯᠲᠠ ᠪᠠ ᠮᠠᠯᠵᠢᠬᠤ ᠲᠠᠷᠢᠶᠠᠯᠠᠬᠤ ᠣᠷᠣᠨ ᠤ ᠪᠥᠲᠥᠭᠡᠨ ᠪᠠᠶᠢᠭᠤᠯᠤᠯᠲᠠ ᠶᠢᠨ ᠶᠡᠷᠦᠩᠬᠡᠶ | ᠲᠥᠯᠥᠪᠵᠢᠭᠦᠯᠭᠡ ᠳᠤ ᠣᠷᠣᠭᠤᠯᠤᠨ᠎ᠠ᠃ ᠬᠤᠲᠠ ᠪᠠ ᠮᠠᠯᠵᠢᠬᠤ ᠲᠠᠷᠢᠶᠠᠯᠠᠬᠤ ᠣᠷᠣᠨ ᠤ ᠠᠲᠠᠷ ᠭᠠᠵᠠᠷ᠂ ᠰᠤᠯᠠ | ᠪᠠᠶᠢᠬᠤ ᠭᠠᠵᠠᠷ᠂ ᠴᠡᠴᠡᠷᠯᠢᠭ᠂ ᠡᠪᠡᠰᠦᠲᠦ ᠭᠠᠵᠠᠷ᠂ ᠡᠯᠡᠰᠦᠨ ᠲᠠᠩ ᠪᠤᠶᠤ ᠰᠤᠯᠠ ᠪᠠᠶᠢᠬᠤ ᠦᠢᠯᠡᠳᠪᠦᠷᠢ ᠶᠢᠨ | ᠪᠠᠶᠢᠰᠢᠩ ᠵᠡᠷᠭᠡ ᠶᠢ ᠭᠦᠢᠴᠡᠳ ᠠᠰᠢᠭᠯᠠᠨ᠂ ᠣᠯᠠᠨ ᠴᠢᠳᠠᠮᠵᠢᠳᠣ ᠰᠢᠩᠭᠡᠯᠢᠭ ᠮᠠᠶ᠋ᠢᠭ ᠤᠨ ᠬᠥᠯ ᠪᠥᠮᠪᠦᠭᠡ ᠶᠢᠨ | ᠲᠠᠯᠠᠪᠤᠷ ᠵᠡᠷᠭᠡ ᠲᠥᠬᠦᠮ ᠪᠥᠭᠡᠳ ᠬᠡᠷᠡᠭᠯᠡᠭᠡᠨ ᠤ ᠪᠠᠷᠢᠮᠵᠢᠶᠠᠲᠤ ᠪᠤᠰᠤ ᠬᠥᠯ ᠪᠥᠮᠪᠦᠭᠡ ᠶᠢᠨ ᠲᠠᠯᠠᠪᠤᠷ ᠣᠷᠳᠣᠨ ᠢ | ᠪᠥᠲᠥᠭᠡᠨ ᠪᠠᠶᠢᠭᠤᠯᠤᠨ᠎ᠠ᠃ | 14. ᠭᠤᠷᠪᠠᠨ ᠱᠠᠲᠤᠨ ᠤ ᠬᠥᠯ ᠪᠥᠮᠪᠦᠭᠡ ᠶᠢᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ | ᠴᠢᠩᠭᠠᠳᠬᠠᠨ᠎ᠠ᠃ ᠲᠠᠪᠤᠨ ᠵᠢᠯ ᠤᠨ ᠬᠤᠭᠤᠴᠠᠭ᠎ᠠ ᠶᠢ ᠬᠡᠷᠡᠭᠯᠡᠵᠦ ᠪᠠᠶᠢᠭᠠᠳ ᠥᠪᠡᠷᠲᠡᠭᠡᠨ ᠵᠠᠰᠠᠬᠤ ᠣᠷᠣᠨ ᠤ | ᠲᠠᠰ ᠤᠨ ᠪᠠᠷᠢᠮᠵᠢᠶ᠎ᠠ ᠳᠤ ᠬᠦᠷᠦᠭᠰᠡᠨ ᠬᠥᠯ ᠪᠥᠮᠪᠦᠭᠡ ᠶᠢᠨ ᠪᠣᠯᠪᠠᠰᠤᠷᠠᠯ ᠤᠨ ᠰᠠᠭᠤᠷᠢᠨ ᠭᠠᠵᠠᠷ ᠢ ᠪᠠᠶᠢᠭᠤᠯᠬᠤ ᠪᠠᠷ | ᠴᠢᠷᠮᠠᠶᠢᠨ᠎ᠠ︔ ᠬᠤᠰᠢᠭᠤ ᠰᠢᠶᠠᠨ ᠬᠤᠲᠠ ᠪᠣᠯᠭᠠᠨ ᠳᠤ 1 ᠠᠶᠢᠮᠠᠭ ᠤᠨ ᠲᠠᠰ ᠤᠨ ᠬᠥᠯ ᠪᠥᠮᠪᠦᠭᠡ ᠶᠢᠨ ᠰᠠᠭᠤᠷᠢᠨ | ᠭᠠᠵᠠᠷ ᠪᠠ ᠵᠠᠯᠠᠭᠤᠴᠤᠳ ᠪᠠᠭᠠᠴᠤᠳ ᠤᠨ ᠬᠥᠯ ᠪᠥᠮᠪᠦᠭᠡ ᠶᠢᠨ ᠵᠤᠰᠠᠯᠠᠩ ᠤᠨ ᠠᠵᠢᠯᠯᠠᠭᠠᠨ ᠤ ᠰᠠᠭᠤᠷᠢᠨ | ᠭᠠᠵᠠᠷ ᠲᠠᠢ ᠪᠠᠶᠢᠬᠤ ᠬᠡᠷᠡᠭᠲᠡᠶ︔ ᠰᠤᠮᠤ ᠰᠢᠶᠠᠩ ᠪᠠᠯᠭᠠᠰᠤ ᠨᠢᠭᠡᠪᠦᠷᠢ ᠨᠠᠭᠠᠳᠤ ᠵᠠᠬ᠎ᠠ ᠳᠠᠭᠠᠨ ᠲᠣᠰ ᠭᠠᠵᠠᠷ ᠤᠨ | ᠬᠥᠯ ᠪᠥᠮᠪᠦᠭᠡ ᠶᠢᠨ ᠤᠷᠤᠯᠳᠤᠭᠠᠨ ᠪᠠ ᠠᠵᠢᠯᠯᠠᠭᠠᠨ ᠤ ᠱᠠᠭᠠᠷᠳᠠᠯᠭ᠎ᠠ ᠶᠢ ᠬᠠᠩᠭᠠᠬᠤ ᠬᠥᠯ ᠪᠥᠮᠪᠦᠭᠡ ᠶᠢᠨ | ᠲᠠᠯᠠᠪᠤᠷ ᠲᠠᠢ ᠪᠠᠶᠢᠬᠤ ᠬᠡᠷᠡᠭᠲᠡᠶ᠃ ᠡᠯ᠎ᠡ ᠭᠠᠵᠠᠷ ᠤᠨ ᠬᠢᠨ ᠬᠥᠯ ᠪᠥᠮᠪᠦᠭᠡ ᠶᠢᠨ ᠲᠠᠯᠠᠪᠤᠷ ᠭᠠᠵᠠᠷ ᠤᠨ ᠪᠥᠲᠥᠭᠡᠨ | ᠪᠠᠶᠢᠭᠤᠯᠤᠯᠲᠠ ᠳᠤ ᠲᠥᠷᠥ ᠶᠢᠨ ᠪᠣᠳᠣᠯᠭ᠎ᠠ ᠶᠢᠨ ᠳᠡᠮᠵᠢᠯᠭᠡ ᠦᠵᠡᠭᠦᠯᠵᠦ᠂ ᠨᠡᠶᠢᠭᠡᠮ ᠤᠨ ᠬᠥᠷᠥᠩᠭᠡ ᠶᠢᠨ ᠬᠥᠯ | ᠪᠥᠮᠪᠦᠭᠡ ᠶᠢᠨ ᠲᠠᠯᠠᠪᠤᠷ ᠭᠠᠵᠠᠷ ᠤᠨ ᠪᠥᠲᠥᠭᠡᠨ ᠪᠠᠶᠢᠭᠤᠯᠤᠯᠲᠠ ᠳᠤ ᠣᠷᠣᠭᠤᠯᠤᠭᠰᠠᠨ ᠭᠠᠵᠠᠷ ᠰᠢᠷᠣᠶ᠂ ᠭᠠᠶᠢᠯᠢ | ᠲᠠᠲᠠᠪᠤᠷᠢ᠂ ᠮᠥᠩᠭᠦᠨ ᠭᠦᠢᠯᠭᠡᠭᠡ ᠵᠡᠷᠭᠡ ᠲᠠᠯ᠎ᠠ ᠶᠢᠨ ᠬᠠᠷᠠᠭᠠᠯᠵᠠᠯᠲᠤ ᠲᠥᠷᠥ ᠶᠢᠨ ᠪᠣᠳᠣᠯᠭ᠎ᠠ ᠶᠢ | ᠨᠠᠶᠢᠳᠠᠪᠤᠷᠢᠵᠢᠭᠤᠯᠬᠤ ᠬᠡᠷᠡᠭᠲᠡᠶ᠃ | 15. ᠣᠳᠣ ᠪᠠᠶᠢᠭ᠎ᠠ ᠬᠥᠯ ᠪᠥᠮᠪᠦᠭᠡ ᠶᠢᠨ ᠲᠠᠯᠠᠪᠠᠶ ᠣᠷᠳᠣᠨ ᠢ ᠭᠠᠳᠠᠭᠰᠢ ᠨᠡᠭᠡᠭᠡᠨ ᠬᠥᠭᠵᠢᠭᠦᠯᠬᠦ᠂ ᠡᠬᠢ | ᠪᠠᠶᠠᠯᠢᠭ ᠢ ᠬᠠᠮᠲᠤ ᠪᠠᠷ ᠡᠳ᠋ᠯᠡᠬᠦ ᠲᠣᠭᠲᠠᠴᠠ ᠶᠢ ᠲᠡᠭᠦᠯᠳᠡᠷᠵᠢᠭᠦᠯᠦᠨ᠎ᠡ᠃ ᠬᠠᠮᠢᠶᠠᠷᠬᠤ ᠪᠠ ᠡᠷᠭᠢᠯᠡᠬᠦ ᠶᠢ ᠰᠠᠯᠭᠠᠬᠤ ᠪᠠ | ᠠᠰᠢᠭ ᠬᠤᠨᠵᠢᠪᠣᠷᠢ ᠶᠢᠨ ᠪᠤᠰᠤ ᠴᠢᠨᠠᠷᠲᠠᠶ ᠵᠠᠷᠴᠢᠮ ᠶᠣᠰᠣᠭᠠᠷ᠂ ᠨᠠᠶᠢᠳᠠᠵᠤ ᠡᠷᠬᠡ ᠣᠯᠭᠤᠬᠤ᠂ ᠦᠢᠯᠡᠴᠢᠯᠡᠭᠡ | ᠬᠤᠳᠠᠯᠳᠤᠨ ᠠᠪᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠲᠤᠰᠬᠠᠶ ᠨᠡᠶᠢᠭᠡᠮ ᠤᠨ ᠵᠣᠬᠢᠶᠠᠨ | ᠪᠠᠶᠢᠭᠤᠯᠤᠯᠲᠠ ᠶᠢᠨ ᠣᠯᠠᠨ ᠨᠡᠶᠢᠲᠡ ᠶᠢᠨ ᠬᠥᠯ ᠪᠥᠮᠪᠦᠭᠡ ᠶᠢᠨ ᠲᠠᠯᠠᠪᠤᠷ ᠢ ᠬᠠᠮᠢᠶᠠᠷᠴᠤ ᠡᠵᠡᠩᠨᠡᠬᠦ ᠭᠠᠵᠠᠷ ᠢ | ᠳᠠᠭᠠᠭᠠᠴᠢᠯᠠᠯᠲᠠ ᠵᠠᠷᠯᠠᠨ ᠰᠣᠩᠭᠤᠵᠤ᠂ ᠣᠯᠠᠨ ᠨᠡᠶᠢᠲᠡ ᠶᠢᠨ ᠬᠥᠯ ᠪᠥᠮᠪᠦᠭᠡ ᠶᠢᠨ ᠲᠠᠯᠠᠪᠤᠷ ᠢ ᠬᠢᠮᠳᠠ ᠦᠨ᠎ᠡ ᠪᠠᠷ | ᠪᠤᠶᠤ ᠰᠦᠢᠳᠭᠡᠯ ᠬᠤᠷᠢᠶᠠᠬᠤ ᠥᠬᠡᠶ ᠪᠠᠷ ᠨᠡᠶᠢᠭᠡᠮ ᠳᠤ ᠨᠡᠭᠡᠭᠡᠬᠦ ᠶᠢ ᠠᠬᠢᠭᠤᠯᠤᠨ᠎ᠠ᠃ ᠰᠤᠷᠭᠠᠭᠤᠯᠢ ᠶᠢᠨ ᠬᠥᠯ | ᠪᠥᠮᠪᠦᠭᠡ ᠶᠢᠨ ᠲᠠᠯᠠᠪᠠᠶ ᠶᠢ ᠬᠢᠴᠢᠶᠡᠯ ᠤᠨ ᠭᠠᠳᠠᠨᠠᠬᠢ ᠴᠠᠭ ᠲᠤ ᠰᠦᠢᠳᠭᠡᠯ ᠬᠤᠷᠢᠶᠠᠬᠤ ᠥᠬᠡᠶ ᠪᠠᠷ ᠨᠡᠶᠢᠭᠡᠮ ᠳᠤ | ᠨᠡᠭᠡᠭᠡᠬᠦ ᠶᠢ ᠠᠬᠢᠭᠤᠯᠵᠤ᠂ ᠰᠤᠷᠭᠠᠭᠤᠯᠢ ᠪᠠ ᠨᠡᠶᠢᠭᠡᠮ ᠤᠨ ᠬᠠᠮᠲᠤᠪᠠᠷ ᠭᠥᠷᠳᠡᠬᠦ ᠲᠣᠭᠲᠠᠴᠠ ᠶᠢ ᠪᠠᠶᠢᠭᠤᠯᠤᠨ᠎ᠠ᠃ | ︵ᠵᠢᠷᠭᠤᠭ᠎ᠠ︶ ᠬᠤᠯᠪᠣᠭᠠᠲᠤ ᠤᠷᠤᠯᠳᠤᠭᠠᠨ ᠤ ᠲᠣᠭᠲᠠᠴᠠ ᠶᠢ ᠲᠡᠭᠦᠯᠳᠡᠷᠵᠢᠭᠦᠯᠦᠨ᠎ᠡ | 16. ᠮᠠᠨ ᠤ ᠠᠶᠢᠮᠠᠭ ᠤᠨ ︽ᠪᠡᠶ᠎ᠡ ᠶᠢᠨ ᠲᠠᠮᠢᠷ ᠤᠨ ᠱᠠᠩᠨᠠᠯᠲᠤ ᠬᠤᠨᠳᠠᠭᠠᠲᠤ︾ ᠬᠥᠯ ᠪᠥᠮᠪᠦᠭᠡ ᠶᠢᠨ | ᠬᠤᠯᠪᠣᠭᠠᠲᠤ ᠤᠷᠤᠯᠳᠤᠭᠠᠨ ᠪᠠ ︽ᠷᠠᠰᠢᠶᠠᠨ ᠤ ᠴᠠᠰᠤᠲᠤ ᠭᠠᠵᠠᠷ ᠤᠨ ᠬᠥᠯ ᠪᠥᠮᠪᠦᠭᠡ ᠶᠢᠨ ᠤᠷᠤᠯᠳᠤᠭᠠᠨ︾ | ᠵᠡᠷᠭᠡ ᠨᠡᠷᠡᠲᠦ ᠲᠡᠮᠳᠡᠭᠲᠦ ᠤᠷᠤᠯᠳᠤᠭᠠᠨ ᠢ ᠦᠷᠭᠦᠯᠵᠢᠯᠡᠨ ᠳᠡᠯᠭᠡᠷᠡᠭᠦᠯᠵᠦ᠂ ᠪᠡᠶ᠎ᠡ ᠶᠢᠨ ᠲᠠᠮᠢᠷ ᠤᠨ ᠰᠠᠯᠠᠭ᠎ᠠ | ᠮᠥᠴᠢᠷ ᠠᠴᠠ ᠰᠤᠷᠭᠠᠨ ᠬᠥᠮᠦᠵᠢᠯ᠂ ᠪᠠᠶᠢᠭᠤᠯᠭ᠎ᠠ ᠶᠢᠨ ᠠᠵᠢᠯ ᠤᠨ ᠵᠥᠪᠯᠡᠯ᠂ ᠠᠷᠠᠳ ᠤᠨ ᠶᠠᠪᠤᠳᠠᠯ ᠵᠡᠷᠭᠡ ᠰᠠᠯᠠᠭ᠎ᠠ | ᠮᠥᠴᠢᠷ ᠲᠠᠢ ᠬᠠᠮᠵᠢᠯᠴᠠᠨ ᠰᠤᠷᠭᠠᠭᠤᠯᠢ ᠶᠢᠨ ᠬᠦᠷᠢᠶᠡᠨ ᠤ ᠬᠥᠯ ᠪᠥᠮᠪᠦᠭᠡ ᠶᠢᠨ ︽3 + 1︾ ᠬᠤᠯᠪᠣᠭᠠᠲᠤ | ᠤᠷᠤᠯᠳᠤᠭᠠᠨ᠂ ᠠᠵᠢᠯᠲᠠᠨ ᠠᠵᠢᠯᠴᠢᠨ ᠤ ᠬᠥᠯ ᠪᠥᠮᠪᠦᠭᠡ ᠶᠢᠨ ᠬᠤᠯᠪᠣᠭᠠᠲᠤ ᠤᠷᠤᠯᠳᠤᠭᠠᠨ᠂ ᠨᠡᠶᠢᠭᠡᠮ | ᠲᠣᠭᠤᠷᠢᠭ ᠤᠨ ᠬᠥᠯ ᠪᠥᠮᠪᠦᠭᠡ ᠶᠢᠨ ᠬᠤᠯᠪᠣᠭᠠᠲᠤ ᠤᠷᠤᠯᠳᠤᠭᠠᠨ ᠵᠡᠷᠭᠡ ᠤᠷᠤᠯᠳᠤᠭᠠᠨ ᠤ ᠪᠦᠲᠦᠭᠡᠨ | ᠪᠠᠶᠢᠭᠤᠯᠤᠯᠲᠠ ᠶᠢ ᠰᠠᠶᠢᠲᠤᠷ ᠨᠠᠶᠢᠳᠠᠪᠤᠷᠢᠵᠢᠭᠤᠯᠤᠨ᠎ᠠ᠃ | 17. ᠬᠥᠷᠰᠢ ᠵᠡᠷᠭᠡᠯᠡᠳᠡᠭᠡ ᠠᠶᠢᠮᠠᠭ ᠬᠤᠲᠠ ︵ᠬᠥᠯᠥᠨ ᠪᠤᠶᠢᠷ ᠬᠤᠲᠠ᠂ ᠲᠦᠩᠯᠢᠶᠣᠤ ᠬᠤᠲᠠ᠂ ᠤᠯᠠᠭᠠᠨᠬᠠᠳᠠ | ᠬᠤᠲᠠ᠂ ᠰᠢᠯᠢ ᠶᠢᠨ ᠭᠤᠤᠯ ᠠᠶᠢᠮᠠᠭ︶ ᠯᠤᠭ᠎ᠠ ︽ᠵᠡᠭᠦᠨ ᠲᠠᠪᠤᠨ ᠠᠶᠢᠮᠠᠭ︾ ᠤᠨ ᠬᠥᠯ ᠪᠥᠮᠪᠦᠭᠡ ᠶᠢᠨ ᠨᠠᠷᠠᠲᠤ | ᠲᠥᠷᠥᠯ ᠲᠡᠮᠳᠡᠭᠲᠦ ᠶᠢᠨ ᠤᠷᠤᠯᠳᠤᠭᠠᠨ ᠢ ᠪᠣᠶ ᠪᠣᠯᠭᠠᠵᠤ᠂ ᠤᠷᠤᠯᠳᠤᠭᠠᠨ ᠢᠶᠠᠷ ᠳᠠᠮᠵᠢᠭᠤᠯᠤᠨ ᠰᠣᠯᠢᠯᠴᠠᠭ᠎ᠠ ᠶᠢ | ᠠᠬᠢᠭᠤᠯᠵᠤ᠂ ᠤᠯᠠᠮᠵᠢᠯᠠᠯᠲᠤ ᠵᠠᠭᠤᠴᠢᠯᠠᠭᠤᠷ᠂ ᠰᠢᠨ᠎ᠡ ᠵᠠᠭᠤᠴᠢᠯᠠᠭᠤᠷ᠂ ᠬᠤᠪᠢ ᠶᠢᠨ ᠵᠠᠭᠤᠴᠢᠯᠠᠭᠤᠷ ᠵᠡᠷᠭᠡ ᠠᠷᠭ᠎ᠠ | ᠮᠠᠶ᠋ᠢᠭ ᠢ ᠠᠰᠢᠭᠯᠠᠨ ᠤᠷᠤᠯᠳᠤᠭᠠᠨ ᠤ ᠨᠥᠯᠥᠭᠡᠯᠡᠬᠦ ᠬᠦᠴᠦᠨ ᠢ ᠥᠷᠭᠡᠳᠬᠡᠨ᠂ ᠬᠥᠯ ᠪᠥᠮᠪᠦᠭᠡ ᠶᠢᠨ | ᠤᠷᠤᠯᠳᠤᠭᠠᠨ ᠢᠶᠠᠷ ᠬᠤᠯᠪᠣᠭᠠᠰᠤ ᠪᠣᠯᠭᠠᠨ ᠮᠠᠨ ᠤ ᠠᠶᠢᠮᠠᠭ ᠤᠨ ᠵᠢᠭᠤᠯᠴᠢᠯᠠᠯ ᠤᠨ ᠠᠵᠤ ᠦᠢᠯᠡᠰ ᠤᠨ | ᠬᠥᠭᠵᠢᠯᠲᠡ ᠶᠢ ᠠᠬᠢᠭᠤᠯᠵᠤ᠂ ᠪᠡᠶ᠎ᠡ ᠶᠢᠨ ᠲᠠᠮᠢᠷ ᠪᠠ ᠵᠢᠭᠤᠯᠴᠢᠯᠠᠯ ᠤᠨ ᠠᠭᠤᠰᠤᠯᠴᠠᠯ ᠢ ᠤᠯᠠᠮ ᠨᠢᠭᠡ ᠠᠯᠬᠤᠮ | ᠠᠬᠢᠭᠤᠯᠤᠨ᠎ᠠ᠃ | ︵ᠳᠣᠯᠤᠭ᠎ᠠ︶ ᠪᠡᠶ᠎ᠡ ᠶᠢᠨ ᠲᠠᠮᠢᠷ ᠤᠨ ᠵᠣᠬᠢᠶᠠᠨ ᠪᠠᠶᠢᠭᠤᠯᠤᠯᠲᠠ ᠶᠢᠨ ᠬᠥᠯ ᠪᠥᠮᠪᠦᠭᠡ ᠶᠢᠨ ᠥᠭᠡᠷᠡᠴᠢᠯᠡᠯᠲᠡ | ᠬᠥᠭᠵᠢᠯᠲᠡ ᠳᠤ ᠣᠷᠣᠯᠴᠠᠬᠤ ᠶᠢ ᠵᠤᠷᠢᠭᠵᠢᠭᠤᠯᠤᠨ᠎ᠠ᠃ | 18. ᠵᠠᠰᠠᠭ ᠪᠠ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢ ᠰᠠᠯᠭᠠᠬᠤ᠂ ᠡᠷᠬᠡ ᠬᠠᠷᠢᠭᠤᠴᠠᠯᠭ᠎ᠠ ᠶᠢ | ᠲᠣᠳᠣᠷᠬᠠᠶᠢᠯᠠᠬᠤ᠂ ᠬᠠᠤᠯᠢ ᠶᠣᠰᠣᠭᠠᠷ ᠥᠪᠡᠷᠲᠡᠭᠡᠨ ᠵᠠᠰᠠᠬᠤ ᠵᠠᠷᠴᠢᠮ ᠶᠣᠰᠣᠭᠠᠷ᠂ ᠬᠥᠯ ᠪᠥᠮᠪᠦᠭᠡ ᠶᠢᠨ | ᠨᠡᠶᠢᠭᠡᠮᠯᠢᠭ ᠤᠨ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ᠥᠭᠡᠷᠡᠴᠢᠯᠡᠯᠲᠡ ᠶᠢᠨ ᠠᠷᠭ᠎ᠠ | ᠵᠠᠮ ᠢ ᠢᠳᠡᠪᠬᠢᠲᠡᠶ᠂ ᠯᠠᠪᠳᠠᠭᠤᠨ ᠢᠶᠠᠷ ᠰᠦᠪᠡᠭᠴᠢᠯᠡᠵᠦ᠂ ᠬᠢᠩᠭᠠᠨ ᠠᠶᠢᠮᠠᠭ ᠤᠨ ᠬᠥᠯ ᠪᠥᠮᠪᠦᠭᠡ ᠶᠢᠨ | ᠥᠭᠡᠷᠡᠴᠢᠯᠡᠯᠲᠡ ᠬᠥᠭᠵᠢᠯᠲᠡ ᠳᠤ ᠳᠣᠭᠢᠷᠠᠬᠤ ᠰᠢᠨ᠎ᠡ ᠵᠠᠮ ᠢ ᠨᠡᠭᠡᠭᠡᠨ᠎ᠡ᠃ ᠡᠯ᠎ᠡ ᠬᠤᠰᠢᠭᠤ ᠰᠢᠶᠠᠨ ᠬᠤᠲᠠ᠂ ᠠᠵᠢᠯ | ᠲᠥᠷᠥᠯ᠂ ᠲᠥᠷᠥᠯ ᠢᠯᠭᠠᠯ ᠤᠨ ᠬᠥᠯ ᠪᠥᠮᠪᠦᠭᠡ ᠶᠢᠨ ᠨᠡᠶᠢᠭᠡᠮᠯᠢᠭ ᠨᠢ ︽ᠬᠢᠩᠭᠠᠨ ᠠᠶᠢᠮᠠᠭ ᠤᠨ ᠬᠥᠯ | ᠪᠥᠮᠪᠦᠭᠡ ᠶᠢᠨ ᠨᠡᠶᠢᠭᠡᠮᠯᠢᠭ ᠤᠨ ᠲᠦᠷᠢᠮ︾ ᠶᠣᠰᠣᠭᠠᠷ᠂ ᠭᠡᠰᠢᠭᠦᠳ ᠤᠨ ᠨᠡᠷ᠎ᠡ ᠪᠠᠷ ᠠᠶᠢᠮᠠᠭ ᠤᠨ ᠬᠥᠯ | ᠪᠥᠮᠪᠦᠭᠡ ᠶᠢᠨ ᠨᠡᠶᠢᠭᠡᠮᠯᠢᠭ ᠲᠤ ᠣᠷᠣᠯᠴᠠᠵᠤ᠂ ᠠᠶᠢᠮᠠᠭ ᠤᠨ ᠬᠥᠯ ᠪᠥᠮᠪᠦᠭᠡ ᠶᠢᠨ ᠨᠡᠶᠢᠭᠡᠮᠯᠢᠭ ᠤᠨ ᠠᠵᠢᠯ | ᠲᠥᠷᠥᠯ ᠤᠨ ᠵᠢᠯᠣᠭᠤᠳᠣᠯᠭ᠎ᠠ ᠪᠠ ᠬᠠᠮᠢᠶᠠᠷᠤᠯᠲᠠ ᠶᠢ ᠬᠦᠯᠢᠶᠡᠨ᠎ᠡ᠃ | 19. ᠡᠯ᠎ᠡ ᠬᠤᠰᠢᠭᠤ ᠰᠢᠶᠠᠨ ᠬᠤᠲᠠ᠂ ᠠᠵᠢᠯ ᠲᠥᠷᠥᠯ᠂ ᠲᠥᠷᠥᠯ ᠢᠯᠭᠠᠯ ᠤᠨ ᠬᠥᠯ ᠪᠥᠮᠪᠦᠭᠡ ᠶᠢᠨ | ᠨᠡᠶᠢᠭᠡᠮᠯᠢᠭ ᠤᠨ ᠬᠥᠯ ᠪᠥᠮᠪᠦᠭᠡ ᠶᠢᠨ ᠥᠭᠡᠷᠡᠴᠢᠯᠡᠯᠲᠡ ᠬᠥᠭᠵᠢᠯᠲᠡ ᠳᠤ ᠣᠷᠣᠯᠴᠠᠬᠤ ᠶᠢ ᠵᠣᠷᠢᠭᠵᠢᠭᠤᠯᠵᠤ᠂ | ᠡᠭᠦᠨ ᠤ ᠬᠠᠮᠲᠤ ᠲᠣᠰ ᠭᠠᠵᠠᠷ ᠣᠷᠣᠨ᠂ ᠲᠣᠰ ᠠᠵᠢᠯ ᠲᠥᠷᠥᠯ᠂ ᠲᠣᠰ ᠲᠥᠷᠥᠯ ᠤᠨ ᠭᠡᠰᠢᠭᠦᠳ ᠤᠨ ᠵᠣᠬᠢᠶᠠᠨ | ᠪᠠᠶᠢᠭᠤᠯᠤᠯᠲᠠ ᠶᠢᠨ ᠪᠠᠶᠢᠭᠤᠯᠤᠯᠲᠠ᠂ ᠤᠷᠤᠯᠳᠤᠭᠠᠨ᠂ ᠪᠣᠯᠪᠠᠰᠤᠷᠠᠭᠤᠯᠤᠯ᠂ ᠬᠥᠯ ᠪᠥᠮᠪᠦᠭᠡ ᠶᠢᠨ ᠠᠵᠢᠯᠯᠠᠭ᠎ᠠ | ᠥᠷᠨᠢᠭᠦᠯᠬᠦ᠂ ᠤᠬᠠᠭᠤᠯᠬᠤ ᠵᠡᠷᠭᠡ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠵᠦ᠂ ᠪᠥᠮᠪᠥᠭᠡᠨ ᠠᠩᠭᠢ᠂ ᠪᠥᠮᠪᠥᠭᠡᠴᠢᠨ ᠢ | ᠳᠠᠩᠰᠠᠯᠠᠬᠤ ᠰᠢᠰᠲ᠋ᠧᠮᠵᠢ ᠶᠢ ᠲᠡᠭᠦᠯᠳᠡᠷᠵᠢᠭᠦᠯᠦᠨ᠂ ᠪᠥᠬᠦ ᠣᠷᠣᠨ ᠢ ᠬᠠᠮᠤᠷᠤᠭᠰᠠᠨ᠂ ᠵᠣᠬᠢᠶᠠᠨ ᠪᠠᠶᠢᠭᠤᠯᠤᠯᠲᠠ | ᠪᠦᠷᠢᠨ ᠲᠡᠭᠦᠯᠳᠡᠷ᠂ ᠬᠠᠮᠢᠶᠠᠷᠤᠯᠲᠠ ᠥᠨᠳᠥᠷ ᠦᠷ᠎ᠡ ᠪᠦᠲᠦᠮᠵᠢᠲᠡᠶ᠂ ᠬᠠᠮᠵᠢᠯᠴᠠᠭ᠎ᠠ ᠬᠦᠴᠦᠲᠡᠶ᠂ ᠣᠲᠣ | ᠦᠶ᠎ᠡ ᠶᠢᠨ ᠬᠥᠯ ᠪᠥᠮᠪᠦᠭᠡ ᠶᠢᠨ ᠬᠠᠮᠢᠶᠠᠷᠤᠯᠲᠠ ᠡᠵᠡᠩᠨᠡᠯᠲᠡ ᠶᠢᠨ ᠬᠡᠷᠡᠭᠴᠡᠭᠡ ᠳᠤ ᠵᠣᠬᠢᠴᠠᠭᠰᠠᠨ ᠨᠡᠶᠢᠭᠡᠮᠯᠢᠭ ᠤᠨ | ᠬᠠᠮᠢᠶᠠᠷᠤᠯᠲᠠ ᠶᠢᠨ ᠰᠢᠰᠲ᠋ᠧᠮᠵᠢ ᠶᠢ ᠴᠢᠷᠮᠠᠶᠢᠨ ᠪᠣᠶ ᠪᠣᠯᠭᠠᠨ᠎ᠠ᠃ | ᠳᠥᠷᠪᠡ᠂ ᠠᠵᠢᠯ ᠤᠨ ᠠᠷᠭ᠎ᠠ ᠬᠡᠮᠵᠢᠶ᠎ᠡ | ︵ᠨᠢᠭᠡ︶ ᠠᠶᠢᠮᠠᠭ ᠬᠤᠰᠢᠭᠤ ᠬᠤᠶᠠᠷ ᠱᠠᠲᠤᠨ ᠤ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠢᠶᠠᠷ | ᠲᠦᠷᠦᠭᠦᠯᠡᠭᠦᠯᠦᠨ ᠬᠥᠯ ᠪᠥᠮᠪᠦᠭᠡ ᠶᠢᠨ ᠬᠢᠴᠢᠶᠡᠯ᠂ ᠰᠤᠷᠭᠠᠭᠤᠯᠢ ᠶᠢᠨ ᠳᠣᠲᠣᠷᠠᠬᠢ ᠬᠥᠯ ᠪᠥᠮᠪᠦᠭᠡ ᠶᠢᠨ | ᠨᠡᠶᠢᠭᠡᠮ ᠤᠨ ᠪᠦᠯᠬᠦᠮ᠂ ᠬᠤᠶᠠᠳᠤᠭᠠᠷ ᠬᠢᠴᠢᠶᠡᠯ ᠤᠨ ᠲᠠᠩᠬᠢᠮ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ | ᠰᠤᠷᠭᠠᠭᠤᠯᠢ ᠶᠢᠨ ᠳᠣᠲᠣᠷᠠᠬᠢ ᠬᠥᠯ ᠪᠥᠮᠪᠦᠭᠡ ᠶᠢᠨ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠵᠤ᠂ | 95% ᠠᠴᠠ ᠳᠡᠭᠡᠭᠰᠢᠬᠢ ᠰᠤᠷᠤᠭᠴᠢᠳ ᠤᠨ ᠬᠥᠯ ᠪᠥᠮᠪᠦᠭᠡ ᠶᠢᠨ ᠬᠥᠳᠡᠯᠭᠡᠭᠡᠨ ᠳᠤ ᠣᠷᠣᠯᠴᠠᠬᠤ ᠶᠢ ᠦᠨᠡᠨᠬᠦ | ᠪᠠᠲᠤᠯᠠᠨ᠎ᠠ᠃ | ︵ᠬᠤᠶᠠᠷ︶ ᠰᠤᠷᠭᠠᠨ ᠬᠥᠮᠦᠵᠢᠯ᠂ ᠪᠠᠶᠢᠭᠤᠯᠭ᠎ᠠ ᠶᠢᠨ ᠠᠵᠢᠯ ᠤᠨ ᠵᠥᠪᠯᠡᠯ᠂ ᠠᠷᠠᠳ ᠤᠨ ᠶᠠᠪᠤᠳᠠᠯ᠂ | ᠪᠡᠶ᠎ᠡ ᠶᠢᠨ ᠲᠠᠮᠢᠷ ᠵᠡᠷᠭᠡ ᠬᠠᠮᠢᠶ᠎ᠠ ᠪᠥᠬᠦᠶ ᠰᠠᠯᠠᠭ᠎ᠠ ᠮᠥᠴᠢᠷ ᠢᠶᠠᠷ ᠲᠦᠷᠦᠭᠦᠯᠡᠭᠦᠯᠦᠨ᠂ ᠵᠢᠯ ᠪᠦᠷᠢ ᠰᠤᠷᠭᠠᠭᠤᠯᠢ ᠶᠢᠨ | ᠬᠦᠷᠢᠶᠡᠨ ᠤ ᠬᠥᠯ ᠪᠥᠮᠪᠦᠭᠡ ᠶᠢᠨ ︽3+1︾ ᠶᠢᠨ ᠬᠤᠯᠪᠣᠭᠠᠲᠤ ᠤᠷᠤᠯᠳᠤᠭᠠᠨ᠂ ᠠᠵᠢᠯᠲᠠᠨ ᠠᠵᠢᠯᠴᠢᠨ ᠤ ᠬᠥᠯ | ᠪᠥᠮᠪᠦᠭᠡ ᠶᠢᠨ ᠬᠤᠯᠪᠣᠭᠠᠲᠤ ᠤᠷᠤᠯᠳᠤᠭᠠᠨ᠂ ᠨᠡᠶᠢᠭᠡᠮ ᠲᠣᠭᠤᠷᠢᠭ ᠤᠨ ᠬᠥᠯ ᠪᠥᠮᠪᠦᠭᠡ ᠶᠢᠨ ᠬᠤᠯᠪᠣᠭᠠᠲᠤ | ᠤᠷᠤᠯᠳᠤᠭᠠᠨ᠂ ᠬᠢᠩᠭᠠᠨ ᠠᠶᠢᠮᠠᠭ ᠤᠨ ︽ᠪᠡᠶ᠎ᠡ ᠶᠢᠨ ᠲᠠᠮᠢᠷ ᠤᠨ ᠱᠠᠩᠨᠠᠯᠲᠤ ᠬᠤᠨᠳᠠᠭᠠᠲᠤ︾ ᠬᠥᠯ ᠪᠥᠮᠪᠦᠭᠡ ᠶᠢᠨ | ᠬᠤᠯᠪᠣᠭᠠᠲᠤ ᠤᠷᠤᠯᠳᠤᠭᠠᠨ᠂ ᠬᠥᠯ ᠪᠥᠮᠪᠦᠭᠡ ᠶᠢᠨ ᠡᠪᠦᠯ ︵ᠵᠣᠨ︶ ᠤᠨ ᠴᠡᠷᠢᠭ ᠤᠨ ᠬᠤᠸᠠᠷᠠᠨ᠂ ᠴᠠᠰᠤᠲᠤ | ᠭᠠᠵᠠᠷ ᠤᠨ ᠬᠥᠯ ᠪᠥᠮᠪᠦᠭᠡ ᠶᠢᠨ ᠤᠷᠤᠯᠳᠤᠭᠠᠨ ᠵᠡᠷᠭᠡ ᠣᠯᠠᠨ ᠬᠡᠯᠪᠡᠷᠢ ᠪᠥᠬᠦᠶ ᠬᠥᠯ ᠪᠥᠮᠪᠦᠭᠡ ᠶᠢᠨ | ᠤᠷᠤᠯᠳᠤᠭᠠᠨ ᠢ ᠡᠷᠭᠢᠯᠡᠨ᠎ᠡ᠃ | ︵ᠭᠤᠷᠪᠠ︶ ᠬᠥᠷᠰᠢ ᠵᠡᠷᠭᠡᠯᠡᠳᠡᠭᠡ ᠠᠶᠢᠮᠠᠭ ᠬᠤᠲᠠ ᠯᠤᠭ᠎ᠠ ᠶᠢᠨ ᠬᠥᠯ ᠪᠥᠮᠪᠦᠭᠡ ᠶᠢᠨ ᠰᠣᠯᠢᠯᠴᠠᠭ᠎ᠠ ᠶᠢ | ᠴᠢᠩᠭᠠᠳᠬᠠᠵᠤ᠂ ᠲᠡᠷᠢᠭᠦᠨ ᠤ ᠲᠤᠷᠰᠢᠯᠭ᠎ᠠ ᠶᠢ ᠰᠤᠷᠤᠯᠴᠠᠨ᠂ ︽ᠵᠡᠭᠦᠨ ᠲᠠᠪᠤᠨ ᠠᠶᠢᠮᠠᠭ︾ ᠤᠨ ᠬᠥᠯ | ᠪᠥᠮᠪᠦᠭᠡ ᠶᠢᠨ ᠨᠥᠬᠦᠷᠰᠡᠭ ᠤᠷᠤᠯᠳᠤᠭᠠᠨ ᠵᠡᠷᠭᠡ ᠬᠡᠯᠪᠡᠷᠢ ᠮᠠᠶ᠋ᠢᠭ ᠤᠨ ᠣᠯᠠᠨ ᠶᠠᠩᠵᠤ ᠶᠢᠨ ᠬᠥᠯ ᠪᠥᠮᠪᠦᠭᠡ ᠶᠢᠨ | ᠤᠷᠤᠯᠳᠤᠭᠠᠨ ᠤ ᠠᠵᠢᠯᠯᠠᠭ᠎ᠠ ᠶᠢ ᠡᠷᠭᠢᠯᠡᠨ᠎ᠡ᠃ | ︵ᠳᠥᠷᠪᠡ︶ ᠠᠶᠢᠮᠠᠭ ᠤᠨ ᠬᠥᠯ ᠪᠥᠮᠪᠦᠭᠡ ᠶᠢᠨ ᠨᠡᠶᠢᠭᠡᠮᠯᠢᠭ ᠤᠨ ᠡᠭᠦᠷᠭᠡ ᠴᠢᠳᠠᠪᠤᠷᠢ ᠶᠢ ᠭᠦᠢᠴᠡᠳ | ᠪᠠᠳᠠᠷᠠᠭᠤᠯᠵᠤ᠂ ᠨᠡᠶᠢᠭᠡᠮ ᠤᠨ ᠬᠥᠯ ᠪᠥᠮᠪᠦᠭᠡ ᠶᠢᠨ ᠤᠷᠤᠯᠳᠤᠭᠠᠨ ᠡᠷᠭᠢᠯᠡᠵᠦ᠂ ᠮᠠᠨ ᠤ ᠠᠶᠢᠮᠠᠭ ᠤᠨ ᠬᠥᠯ | ᠪᠥᠮᠪᠦᠭᠡ ᠶᠢᠨ ᠬᠥᠮᠦᠨ ᠠᠮᠠ ᠶᠢᠨ ᠲᠤᠭ᠎ᠠ ᠶᠢ ᠨᠡᠮᠡᠭᠳᠡᠭᠦᠯᠦᠨ᠎ᠡ᠃ ᠵᠢᠱᠢᠯᠲᠡ ᠪᠠᠷ 2025 ᠣᠨ ᠪᠣᠯᠬᠤ ᠳᠤ ᠮᠠᠨ ᠤ | ᠠᠶᠢᠮᠠᠭ ᠤᠨ ᠠᠵᠢᠯ ᠤᠨ ᠴᠢᠯᠥᠭᠡᠨ ᠤ ᠬᠥᠯ ᠪᠥᠮᠪᠦᠭᠡ ᠶᠢᠨ ᠠᠩᠭᠢ 50 ᠪᠣᠯᠵᠣ᠂ ᠬᠥᠯ ᠪᠥᠮᠪᠦᠭᠡ ᠶᠢᠨ | ᠬᠥᠳᠡᠯᠭᠡᠭᠡᠨ ᠳᠤ ᠪᠠᠶᠢᠩᠭᠤ ᠣᠷᠣᠯᠴᠠᠬᠤ ᠬᠥᠮᠦᠨ ᠤ ᠲᠤᠭ᠎ᠠ 2 ᠲᠦᠮᠡ ᠳᠤ ᠬᠥᠷᠬᠦ ᠪᠣᠯᠤᠨ᠎ᠠ᠃ | ︵ᠲᠠᠪᠤ︶ ᠣᠲᠣ ᠶᠢᠨ ᠪᠠᠶᠢᠭ᠎ᠠ ᠡᠬᠢ ᠪᠠᠶᠠᠯᠢᠭ ᠢ ᠵᠦᠶ ᠵᠣᠬᠢᠰᠲᠠᠶ ᠠᠰᠢᠭᠯᠠᠨ᠂ ᠬᠥᠯ ᠪᠥᠮᠪᠦᠭᠡ ᠶᠢᠨ | ᠲᠠᠯᠠᠪᠤᠷ ᠤᠨ ᠭᠠᠵᠠᠷ ︵ᠣᠷᠳᠣᠨ︶ ᠢ ᠲᠦᠭᠡᠮᠡᠯᠵᠢᠭᠦᠯᠦᠨ ᠬᠡᠷᠡᠭᠯᠡᠬᠦ ᠶᠢ ᠢᠳᠡᠪᠬᠢᠲᠡᠶ ᠠᠬᠢᠭᠤᠯᠵᠤ᠂ ᠬᠥᠯ | ᠪᠥᠮᠪᠦᠭᠡ ᠶᠢᠨ ᠲᠠᠯᠠᠪᠤᠷ ᠤᠨ ᠭᠠᠵᠠᠷ ︵ᠣᠷᠳᠣᠨ︶ ᠢ ᠰᠦᠢᠳᠭᠡᠯ ᠬᠤᠷᠢᠶᠠᠬᠤ ᠥᠬᠡᠶ ᠪᠠᠷ ᠨᠡᠭᠡᠭᠡᠬᠦ ᠶᠢ | ᠪᠡᠶᠡᠯᠡᠭᠦᠯᠵᠦ᠂ ᠡᠯ᠎ᠡ ᠲᠥᠷᠥᠯ ᠤᠨ ᠬᠥᠯ ᠪᠥᠮᠪᠦᠭᠡ ᠶᠢᠨ ᠲᠠᠯᠠᠪᠤᠷ ᠤᠨ ᠭᠠᠵᠠᠷ ︵ᠣᠷᠳᠣᠨ︶ ᠤᠨ ᠬᠡᠷᠡᠭᠯᠡᠯᠲᠡ ᠶᠢᠨ | ᠨᠣᠷᠮ᠎ᠠ ᠶᠢ ᠬᠠᠮᠤᠭ ᠤᠨ ᠶᠡᠭᠡ ᠪᠣᠯᠭᠠᠵᠤ᠂ ᠵᠢᠱᠢᠯᠲᠡ ᠪᠠᠷ 2025 ᠣᠨ ᠪᠣᠯᠬᠤ ᠳᠤ ᠬᠥᠯ ᠪᠥᠮᠪᠦᠭᠡ ᠶᠢᠨ | ᠲᠠᠯᠠᠪᠤᠷ ᠤᠨ ᠭᠠᠵᠠᠷ ︵ᠣᠷᠳᠣᠨ︶ ᠤᠨ ᠬᠡᠷᠡᠭᠯᠡᠯᠲᠡ ᠶᠢᠨ ᠨᠣᠷᠮ᠎ᠠ ᠶᠢ 90% ᠠᠴᠠ ᠳᠡᠭᠡᠭᠰᠢ ᠳᠤ ᠬᠦᠷᠦᠭᠦᠯᠦᠨ᠎ᠡ᠃ | | ᠲᠠᠪᠤ᠂ ᠪᠠᠲᠤᠯᠠᠭ᠎ᠠ ᠶᠢᠨ ᠱᠠᠭᠠᠷᠳᠠᠯᠭ᠎ᠠ | ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠬᠤ ᠬᠡᠷᠡᠭᠲᠡᠶ | ᠬᠥᠯ ᠪᠥᠮᠪᠦᠭᠡ ᠶᠢᠨ ᠥᠭᠡᠷᠡᠴᠢᠯᠡᠯᠲᠡ ᠬᠥᠭᠵᠢᠭᠦᠯᠦᠯᠲᠡ ᠶᠢᠨ ᠠᠵᠢᠯ ᠢ ᠡᠯ᠎ᠡ ᠱᠠᠲᠤᠨ ᠤ ᠨᠠᠮ ᠤᠨ ᠬᠤᠷᠢᠶ᠎ᠠ᠂ | ᠵᠠᠰᠠᠭ ᠤᠨ ᠣᠷᠳᠣᠨ ᠤ ᠡᠳᠦᠷ ᠲᠤᠲᠤᠮ ᠤᠨ ᠴᠢᠬᠤᠯᠠ ᠵᠥᠪᠯᠡᠬᠦ ᠵᠦᠢᠯ ᠳᠤ ᠣᠷᠣᠭᠤᠯᠵᠤ᠂ ᠠᠶᠢᠮᠠᠭ ᠤᠨ ᠬᠥᠯ | ᠪᠥᠮᠪᠦᠭᠡ ᠶᠢᠨ ᠥᠭᠡᠷᠡᠴᠢᠯᠡᠯᠲᠡ ᠬᠥᠭᠵᠢᠭᠦᠯᠦᠯᠲᠡ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠡᠭᠦᠷᠭᠡ | ᠴᠢᠳᠠᠪᠤᠷᠢ ᠶᠢ ᠭᠦᠢᠴᠡᠳ ᠪᠠᠳᠠᠷᠠᠭᠤᠯᠵᠤ᠂ ᠠᠶᠢᠮᠠᠭ ᠤᠨ ᠬᠥᠯ ᠪᠥᠮᠪᠦᠭᠡ ᠶᠢᠨ ᠥᠭᠡᠷᠡᠴᠢᠯᠡᠯᠲᠡ | ᠬᠥᠭᠵᠢᠭᠦᠯᠦᠯᠲᠡ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠢᠶᠠᠷ ᠲᠦᠷᠦᠭᠦᠯᠡᠭᠦᠯᠦᠨ᠂ | ᠠᠶᠢᠮᠠᠭ ᠤᠨ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ | ᠰᠤᠷᠭᠠᠨ ᠬᠥᠮᠦᠵᠢᠯ ᠤᠨ ᠲᠣᠪᠴᠢᠶ᠎ᠠ᠂ ᠠᠷᠠᠳ ᠤᠨ ᠶᠠᠪᠤᠳᠠᠯ ᠤᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ | ᠠᠵᠢᠯᠴᠢᠨ ᠤ ᠡᠪᠯᠡᠯ ᠵᠡᠷᠭᠡ ᠰᠠᠯᠠᠭ᠎ᠠ ᠮᠥᠴᠢᠷ ᠤᠳ ᠬᠠᠮᠲᠤᠪᠠᠷ ᠣᠷᠣᠯᠴᠠᠵᠤ᠂ ᠢᠳᠡᠪᠬᠢᠲᠡᠶ ᠬᠠᠮᠵᠢᠯᠴᠠᠨ᠂ ᠬᠥᠯ | ᠪᠥᠮᠪᠦᠭᠡ ᠶᠢᠨ ᠥᠭᠡᠷᠡᠴᠢᠯᠡᠯᠲᠡ ᠬᠥᠭᠵᠢᠯᠲᠡ ᠶᠢᠨ ᠠᠵᠢᠯ ᠢ ᠠᠬᠢᠭᠤᠯᠬᠤ ᠶᠠᠪᠤᠴᠠ ᠳᠠᠬᠢ ᠬᠦᠴᠢᠷ ᠠᠰᠠᠭᠤᠳᠠᠯ ᠢ | ᠴᠠᠭ ᠲᠤᠬᠠᠶ ᠳᠤᠨᠢ ᠰᠤᠳᠤᠯᠤᠨ ᠵᠣᠬᠢᠴᠠᠭᠤᠯᠵᠤ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢ | ᠪᠣᠳᠠᠲᠠᠶᠢᠵᠢᠭᠤᠯᠬᠤ᠂ ᠬᠠᠷᠢᠭᠤᠴᠠᠯᠭ᠎ᠠ ᠶᠢ ᠲᠣᠳᠣᠷᠬᠠᠶ ᠪᠣᠳᠠᠲᠠᠶᠢᠵᠢᠭᠤᠯᠬᠤ᠂ ᠠᠵᠢᠯᠲᠠᠨ ᠤ ᠪᠠᠲᠤᠯᠠᠭ᠎ᠠ ᠶᠢ | ᠪᠣᠳᠠᠲᠠᠶᠢᠵᠢᠭᠤᠯᠬᠤ ᠶᠢ ᠦᠨᠡᠨᠬᠦ ᠪᠠᠲᠤᠯᠠᠵᠤ᠂ ᠬᠥᠯ ᠪᠥᠮᠪᠦᠭᠡ ᠶᠢᠨ ᠥᠭᠡᠷᠡᠴᠢᠯᠡᠯᠲᠡ ᠬᠥᠭᠵᠢᠯᠲᠡ ᠶᠢᠨ ᠠᠵᠢᠯ ᠤᠨ | ᠪᠣᠳᠠᠲᠤ ᠦᠷ᠎ᠡ ᠪᠦᠲᠦᠮᠵᠢ ᠤᠯᠬᠤ ᠶᠢ ᠠᠬᠢᠭᠤᠯᠤᠨ᠎ᠠ᠃ | ︵ᠬᠤᠶᠠᠷ︶ ᠵᠠᠷᠤᠳᠠᠯ ᠤᠨ ᠪᠠᠲᠤᠯᠠᠭ᠎ᠠ | ᠵᠠᠰᠠᠭ ᠤᠨ ᠣᠷᠳᠣᠨ ᠢᠶᠠᠷ ᠭᠤᠤᠯᠯᠠᠭᠤᠯᠬᠤ ᠪᠠ ᠵᠠᠬ᠎ᠠ ᠳᠡᠯᠭᠡᠭᠦᠷᠴᠢᠯᠡᠨ ᠬᠥᠭᠵᠢᠭᠦᠯᠬᠦ ᠶᠢ ᠵᠡᠷᠭᠡᠪᠡᠷ | ᠠᠳᠬᠤᠬᠤ ᠶᠢ ᠪᠠᠷᠢᠮᠲᠠᠯᠠᠵᠤ᠂ ᠪᠥᠬᠦ ᠠᠶᠢᠮᠠᠭ ᠤᠨ ᠡᠯ᠎ᠡ ᠱᠠᠲᠤᠨ ᠤ ᠡᠳ᠋ ᠤᠨ ᠵᠠᠰᠠᠭ ᠨᠢ ᠬᠥᠯ ᠪᠥᠮᠪᠦᠭᠡ ᠶᠢᠨ | ᠬᠥᠳᠡᠯᠭᠡᠭᠡᠨ ᠤ ᠲᠤᠰᠬᠠᠶ ᠵᠠᠷᠤᠳᠠᠯ ᠢ ᠳᠣᠭᠢᠷᠠᠭᠤᠯᠤᠨ᠎ᠠ᠃ ᠪᠡᠶ᠎ᠡ ᠶᠢᠨ ᠲᠠᠮᠢᠷ᠂ ᠰᠤᠷᠭᠠᠨ ᠬᠥᠮᠦᠵᠢᠯ ᠵᠡᠷᠭᠡ ᠰᠠᠯᠠᠭ᠎ᠠ | ᠮᠥᠴᠢᠷ ᠤᠳ ᠬᠠᠮᠢᠶ᠎ᠠ ᠪᠥᠬᠦᠶ ᠵᠠᠷᠤᠳᠠᠯ ᠢ ᠲᠣᠬᠢᠷᠠᠭᠤᠯᠬᠤ ᠳᠠᠭᠠᠨ᠂ ᠬᠥᠯ ᠪᠥᠮᠪᠦᠭᠡ ᠶᠢᠨ ᠥᠭᠡᠷᠡᠴᠢᠯᠡᠯᠲᠡ | ᠬᠥᠭᠵᠢᠯᠲᠡ ᠶᠢᠨ ᠠᠵᠢᠯ ᠳᠤ ᠬᠠᠷᠠᠭᠠᠯᠵᠠᠯ ᠦᠵᠡᠭᠦᠯᠵᠦ᠂ ᠬᠥᠯ ᠪᠥᠮᠪᠦᠭᠡ ᠶᠢᠨ ᠠᠵᠢᠯ ᠡᠷᠭᠢᠯᠡᠭᠰᠡᠳ ᠤᠨ ᠡᠯ᠎ᠡ | ᠵᠦᠢᠯ ᠤᠨ ᠣᠯᠭᠤᠮᠵᠢ ᠶᠢ ᠦᠨᠡᠨᠬᠦ ᠪᠠᠲᠤᠯᠠᠬᠤ ᠬᠡᠷᠡᠭᠲᠡᠶ᠃ | ︵ᠭᠤᠷᠪᠠ︶ ᠬᠢᠨᠠᠨ ᠵᠢᠯᠣᠭᠤᠳᠬᠤ ᠲᠣᠭᠲᠠᠴᠠ ᠶᠢ ᠪᠠᠶᠢᠭᠤᠯᠬᠤ ᠬᠡᠷᠡᠭᠲᠡᠶ | ᠡᠯ᠎ᠡ ᠭᠠᠵᠠᠷ ᠤᠨ ᠬᠢᠨ ᠬᠥᠯ ᠪᠥᠮᠪᠦᠭᠡ ᠶᠢᠨ ᠥᠭᠡᠷᠡᠴᠢᠯᠡᠯᠲᠡ ᠬᠥᠭᠵᠢᠭᠦᠯᠦᠯᠲᠡ ᠶᠢᠨ ᠠᠵᠢᠯ ᠢ ᠰᠢᠯᠭᠠᠨ | ᠬᠢᠨᠠᠬᠤ ᠰᠢᠰᠲ᠋ᠧᠮᠵᠢ ᠳᠤ ᠣᠷᠣᠭᠤᠯᠵᠤ᠂ ᠠᠶᠢᠮᠠᠭ ᠤᠨ ᠬᠥᠯ ᠪᠥᠮᠪᠦᠭᠡ ᠶᠢᠨ ᠥᠭᠡᠷᠡᠴᠢᠯᠡᠯᠲᠡ ᠬᠥᠭᠵᠢᠭᠦᠯᠦᠯᠲᠡ ᠶᠢᠨ | ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠬᠡᠷ ᠢᠶᠠᠷ ᠲᠦᠷᠦᠭᠦᠯᠡᠭᠦᠯᠦᠨ᠂ ᠬᠠᠮᠢᠶ᠎ᠠ ᠪᠥᠬᠦᠶ ᠨᠢᠭᠡᠴᠢ ᠶᠢ | ᠲᠣᠭᠲᠠᠮᠠᠯ ᠬᠤᠭᠤᠴᠠᠭ᠎ᠠ ᠲᠠᠢ ᠪᠠᠷ ᠵᠢᠯᠣᠭᠤᠳᠬᠤ᠂ ᠰᠢᠯᠭᠠᠨ ᠬᠢᠨᠠᠬᠤ᠂ ᠦᠨᠡᠯᠡᠨ ᠵᠢᠱᠢᠬᠦ᠂ ᠠᠰᠠᠭᠤᠳᠠᠯ ᠢ ᠴᠠᠭ | ᠲᠤᠬᠠᠶ ᠳᠤᠨᠢ ᠢᠯᠡᠷᠡᠭᠦᠯᠬᠦ ᠶᠢᠨ ᠬᠠᠮᠲᠤ ᠴᠡᠭᠴᠡᠯᠡᠨ ᠰᠠᠶᠢᠵᠢᠷᠠᠭᠤᠯᠬᠤ ᠰᠠᠨᠠᠯ ᠥᠭᠴᠦ᠂ ᠴᠡᠭᠴᠡᠯᠡᠨ | ᠰᠠᠶᠢᠵᠢᠷᠠᠭᠤᠯᠤᠭᠰᠠᠨ ᠪᠠᠶᠢᠳᠠᠯ ᠳᠤ ᠴᠢᠭᠯᠡᠭᠦᠯᠦᠨ ᠳᠠᠬᠢᠨ ᠪᠠᠶᠢᠴᠠᠭᠠᠬᠤ ᠬᠡᠷᠡᠭᠲᠡᠶ᠃ | ᠲᠣᠰ ᠲᠥᠰᠦᠯ ᠢ ᠠᠶᠢᠮᠠᠭ ᠤᠨ ᠬᠥᠯ ᠪᠥᠮᠪᠦᠭᠡ ᠶᠢᠨ ᠥᠭᠡᠷᠡᠴᠢᠯᠡᠯᠲᠡ ᠬᠥᠭᠵᠢᠭᠦᠯᠦᠯᠲᠡ ᠶᠢᠨ ᠠᠵᠢᠯ ᠤᠨ | ᠤᠳᠤᠷᠢᠳᠬᠤ ᠳᠤᠭᠤᠶᠢᠯᠠᠩ ᠤᠨ ᠵᠢᠯᠣᠭᠤᠳᠣᠯᠭ᠎ᠠ ᠳᠣᠤᠷ᠎ᠠ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃ ᠡᠯ᠎ᠡ | ᠬᠤᠰᠢᠭᠤ ᠰᠢᠶᠠᠨ ᠬᠤᠲᠠ᠂ ᠡᠯ᠎ᠡ ᠰᠠᠯᠠᠭ᠎ᠠ ᠮᠥᠴᠢᠷ᠂ ᠡᠯ᠎ᠡ ᠠᠵᠢᠯ ᠲᠥᠷᠥᠯ ᠤᠨ ᠬᠢᠨ ᠲᠣᠰ ᠲᠥᠰᠦᠯ ᠢᠶᠠᠨ | ᠦᠨᠳᠦᠰᠦᠯᠡᠨ᠂ ᠲᠣᠰ ᠭᠠᠵᠠᠷ ᠣᠷᠣᠨ ᠤ ᠠᠵᠢᠯ ᠤᠨ ᠪᠣᠳᠠᠲᠠᠶ ᠲᠠᠢ ᠪᠠᠨ ᠤᠶᠠᠯᠳᠤᠭᠤᠯᠵᠤ᠂ ᠠᠷᠭ᠎ᠠ ᠬᠡᠮᠵᠢᠶ᠎ᠡ ᠪᠠᠨ | ᠰᠤᠳᠤᠯᠤᠨ ᠨᠠᠷᠢᠯᠢᠬᠵᠢᠭᠤᠯᠬᠤ ᠬᠡᠷᠡᠭᠲᠡᠶ᠃ | | ᠬᠢᠩᠭᠠᠨ ᠠᠶᠢᠮᠠᠭ ᠤᠨ ᠵᠠᠬᠢᠷᠭ᠎ᠠ ᠶᠢᠨ ᠠᠯᠪᠠᠨ ᠭᠡᠷ ᠤᠨ ᠴᠠᠬᠢᠯᠭᠠᠨ | ᠮᠡᠳᠡᠭᠡ ᠶᠢᠨ ᠰᠠᠯᠠᠭ᠎ᠠ | 2021 ᠣᠨ ᠤ 12 ᠰᠠᠷ᠎ᠠ ᠶᠢᠨ 21 |