ᠬᠢᠩᠭᠠᠨ ᠠᠶᠢᠮᠠᠭ ᠤᠨ ᠵᠠᠬᠢᠷᠭ᠎ᠠ ᠶᠢᠨ ᠠᠯᠪᠠᠨ ᠬᠡᠷ ᠤᠨ ᠬᠢᠩᠭᠠᠨ ᠠᠶᠢᠮᠠᠭ ᠤᠨ ᠵᠤᠭᠠᠴᠠᠯ ᠰᠡᠯᠡᠭᠦᠴᠡᠯ   ᠤᠨ ᠬᠤᠲᠠ ᠶᠢ ᠪᠥᠲᠥᠭᠡᠨ ᠪᠠᠶᠢᠭᠤᠯᠬᠤ ᠶᠢᠨ ᠬᠡᠷᠡᠭᠵᠢᠭᠦᠯᠬᠦ ᠲᠥᠰᠦᠯ ︵2021 — 2025 ᠣᠨ︶ ᠢ ᠳᠠᠷᠤᠮᠠᠯᠯᠠᠨ ᠶᠠᠪᠤᠭᠤᠯᠬᠤ ᠲᠤᠬᠠᠶ  ᠮᠡᠳᠡᠭᠳᠡᠯ
ᠨᠡᠶᠢᠲᠡᠯᠡᠭᠰᠡᠨ ᠴᠠᠭ᠄
2022/1/26
            ᠬᠢᠩᠭᠠᠨ ᠵᠠᠬᠢᠷᠭ᠎ᠠ ᠠᠯᠪᠠᠨ ᠲᠠᠷᠬᠠᠭᠠᠭᠰᠠᠨ ﹇2021﹈ 37 ᠳ᠋ᠤᠭᠠᠷ ᠲᠣᠭᠠᠲᠤ ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠠᠶᠢᠮᠠᠭ ᠤᠨ ᠰᠢᠭᠤᠳ ᠬᠠᠷᠢᠶ᠎ᠠ ᠬᠤᠯᠪᠣᠭᠳᠠᠯ ᠪᠥᠬᠦᠶ ᠰᠠᠯᠠᠭ᠎ᠠ ᠮᠥᠴᠢᠷ ᠲᠤ᠄    ︽ᠬᠢᠩᠭᠠᠨ ᠠᠶᠢᠮᠠᠭ ᠤᠨ  ᠵᠤᠭᠠᠴᠠᠯ ᠰᠡᠯᠡᠭᠦᠴᠡᠯ ᠤᠨ ᠬᠤᠲᠠ ᠶᠢ ᠪᠥᠲᠥᠭᠡᠨ ᠪᠠᠶᠢᠭᠤᠯᠬᠤ ᠶᠢᠨ ᠬᠡᠷᠡᠭᠵᠢᠭᠦᠯᠬᠦ ᠲᠥᠰᠦᠯ ︵2021 — 2025 ᠣᠨ︶︾ ᠢ ᠡᠳᠦᠭᠡ ᠲᠠᠨᠠᠷ ᠲᠤ ᠳᠠᠷᠤᠮᠠᠯᠯᠠᠨ ᠲᠠᠷᠬᠠᠭᠠᠯ᠎ᠠ᠂ ᠪᠣᠳᠠᠲᠠᠶ ᠲᠠᠢ ᠪᠠᠨ ᠤᠶᠠᠯᠳᠤᠭᠤᠯᠤᠨ᠂  ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠲᠤᠭᠠᠶ᠃                                                             2021 ᠣᠨ ᠤ 12 ᠰᠠᠷ᠎ᠠ ᠶᠢᠨ 20    ᠬᠢᠩᠭᠠᠨ ᠠᠶᠢᠮᠠᠭ ᠤᠨ  ᠵᠤᠭᠠᠴᠠᠯ ᠰᠡᠯᠡᠭᠦᠴᠡᠯ ᠤᠨ ᠬᠤᠲᠠ ᠶᠢ ᠪᠥᠲᠥᠭᠡᠨ ᠪᠠᠶᠢᠭᠤᠯᠬᠤ ᠶᠢᠨ ᠬᠡᠷᠡᠭᠵᠢᠭᠦᠯᠬᠦ ᠲᠥᠰᠦᠯ ︵2021 — 2025 ᠣᠨ︶      ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠪᠠ 2035 ᠣᠨ ᠤ ᠠᠯᠤᠰ ᠤᠨ ᠬᠠᠷᠠᠯᠲᠠ ᠶᠢᠨ ᠲᠣᠪᠴᠢ︾ ᠳᠠᠬᠢ ︽ᠨᠢᠭᠡ ᠪᠦᠯᠦᠭ ᠰᠣᠶᠣᠯ ᠤᠨ ᠣᠨᠴᠠᠯᠢᠭ ᠢᠶᠠᠷ ᠢᠯᠡ ᠲᠣᠳᠣ ᠤᠯᠤᠰ ᠤᠨ ᠳᠡᠰ ᠤᠨ  ᠵᠤᠭᠠᠴᠠᠯ ᠰᠡᠯᠡᠭᠦᠴᠡᠯ ᠤᠨ ᠬᠤᠲᠠ ᠪᠠ ᠵᠡᠭᠡᠯᠢ ᠲᠣᠭᠤᠷᠢᠭ ᠢ ᠪᠤᠶ ᠪᠣᠯᠭᠠᠬᠤ︾  ᠰᠢᠢᠳᠪᠦᠷᠢᠳᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂  ᠵᠤᠭᠠᠴᠠᠯ ᠰᠡᠯᠡᠭᠦᠴᠡᠯ ᠤᠨ ᠬᠤᠲᠠ ᠶᠢ ᠲᠦᠷᠭᠡᠳᠬᠡᠨ ᠪᠥᠲᠥᠭᠡᠨ ᠪᠠᠶᠢᠭᠤᠯᠵᠤ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ  ᠵᠤᠭᠠᠴᠠᠯ ᠰᠡᠯᠡᠭᠦᠴᠡᠯ ᠤᠨ ᠬᠤᠲᠠ ᠶᠢᠨ ᠪᠥᠲᠥᠭᠡᠨ ᠪᠠᠶᠢᠭᠤᠯᠤᠯᠲᠠ ᠶᠢᠨ ᠵᠤᠷᠢᠯᠭ᠎ᠠ ︵ᠲᠤᠷᠰᠢᠨ ᠬᠡᠷᠡᠭᠵᠢᠭᠦᠯᠬᠦ︶︾ ᠶᠣᠰᠣᠭᠠᠷ᠂ ᠮᠠᠨ ᠤ ᠠᠶᠢᠮᠠᠭ ᠤᠨ ᠪᠣᠳᠠᠲᠠᠶ ᠲᠠᠢ ᠪᠠᠨ ᠤᠶᠠᠯᠳᠤᠭᠤᠯᠤᠨ᠂ ᠲᠣᠰ ᠲᠥᠰᠦᠯ ᠢ ᠲᠣᠭᠲᠠᠭᠠᠪᠠ᠃    ᠨᠢᠭᠡ᠂ ᠶᠡᠷᠦᠩᠬᠡᠶ ᠱᠠᠭᠠᠷᠳᠠᠯᠭ᠎ᠠ    ︵ᠨᠢᠭᠡ︶ ᠵᠢᠯᠣᠭᠤᠳᠬᠤ ᠦᠵᠡᠯ ᠰᠠᠨᠠᠭ᠎ᠠ    ᠰᠢ ᠶᠢᠨ ᠫᠢᠩ   ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠤᠨ ᠠᠷᠪᠠ ᠶᠢᠰᠦᠳᠦᠭᠡᠷ ᠬᠤᠭᠤᠴᠠᠭᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ᠂ ᠲᠠᠪᠤᠳᠤᠭᠠᠷ᠂ ᠵᠢᠷᠭᠤᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠵᠦ᠂ ᠶᠡᠷᠦᠩᠬᠡᠶ ᠱᠦᠵᠢ  ᠰᠢ ᠶᠢᠨ ᠫᠢᠩ ᠤᠨ ᠥᠪᠥᠷ ᠮᠣᠩᠭᠤᠯ ᠳᠤ ᠲᠠᠯᠪᠢᠭᠰᠠᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ  ᠲᠤᠭᠤᠰᠢᠯᠠᠭᠤᠯᠤᠨ‌ᠨᠠᠶᠢᠳᠠᠪᠤᠷᠢᠵᠢᠭᠤᠯᠵᠤ᠂  ᠵᠤᠭᠠᠴᠠᠯ ᠰᠡᠯᠡᠭᠦᠴᠡᠯ ᠤᠨ ᠬᠤᠲᠠ ᠶᠢᠨ ᠬᠥᠭᠵᠢᠯᠲᠡ ᠶᠢᠨ ᠱᠠᠭᠠᠷᠳᠠᠯᠭ᠎ᠠ ᠶᠣᠰᠣᠭᠠᠷ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ  ᠪᠠᠳᠤ ᠴᠤᠬᠴᠠᠯᠠᠬᠤ ᠪᠠᠷ ᠵᠢᠯᠣᠭᠤᠳᠤᠮᠵᠢ ᠪᠣᠯᠭᠠᠬᠤ ᠶᠢ ᠪᠠᠷᠢᠮᠲᠠᠯᠠᠵᠤ ᠠᠮᠢ ᠠᠬᠤᠶ ᠶᠢ  ᠤᠷᠢᠳ ᠢᠶᠠᠷ ᠪᠤᠳᠤᠯᠬᠢᠯᠠᠬᠤ᠂ ᠪᠣᠬᠢᠷᠲᠤᠯ ᠥᠬᠡᠶ ᠬᠥᠭᠵᠢᠯᠲᠡ ᠪᠠᠷ ᠤᠳᠤᠷᠢᠳᠤᠮᠵᠢ ᠪᠣᠯᠭᠠᠵᠤ᠂ ᠴᠢᠨᠠᠷ ᠰᠠᠶᠢᠲᠠᠶ ᠬᠥᠭᠵᠢᠯᠲᠡ ᠪᠠᠷ ᠬᠠᠷᠠᠯᠲᠠ ᠪᠣᠯᠭᠠᠨ᠂ ᠪᠠᠶᠢᠭᠤᠯᠤᠯ ᠲᠣᠭᠲᠠᠴᠠ ᠶᠢ ᠬᠦᠴᠦᠯᠡᠨ ᠪᠦᠷᠢᠨᠰᠢᠬᠦᠯᠵᠦ᠂ ᠭᠤᠤᠯᠯᠠᠬᠤ ᠲᠠᠲᠠᠬᠤ ᠪᠣᠳᠠᠰ ᠢ ᠪᠣᠶ ᠪᠣᠯᠭᠠᠨ᠂ ᠣᠯᠠᠨ ᠨᠡᠶᠢᠲᠡ ᠶᠢᠨ  ᠦᠢᠯᠡᠴᠢᠯᠡᠭᠡ ᠶᠢ ᠰᠢᠯᠢᠳᠡᠭᠵᠢᠭᠦᠯᠵᠦ᠂ ᠰᠣᠶᠣᠯ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠦᠨ᠂  ᠵᠤᠭᠠᠴᠠᠯ ᠤᠨ ᠬᠦᠴᠦᠨ  ᠵᠦᠢᠯ ᠢ ᠲᠡᠭᠦᠯᠳᠡᠷᠵᠢᠭᠦᠯᠵᠦ᠂ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠵᠢᠷᠤᠮᠵᠢᠭᠤᠯᠤᠨ᠂ ᠤᠬᠠᠭᠤᠯᠵᠤ ᠡᠵᠡᠩᠨᠡᠨ ᠪᠣᠷᠣᠯᠠᠭᠤᠯᠬᠤ ᠶᠢ ᠴᠢᠩᠭᠠᠳᠬᠠᠵᠤ᠂ ᠤᠯᠤᠰ ᠤᠨ ᠳᠣᠲᠣᠭᠠᠳᠤ ᠶᠢᠨ ᠲᠡᠷᠢᠭᠦᠨ ᠤ  ᠵᠤᠭᠠᠴᠠᠯ ᠰᠡᠯᠡᠭᠦᠴᠡᠯ ᠤᠨ ᠬᠤᠲᠠ ᠶᠢ ᠴᠢᠷᠮᠠᠶᠢᠨ ᠪᠠᠶᠢᠭᠤᠯᠵᠤ᠂ ᠣᠳᠣᠬᠢᠴᠢᠯᠠᠭᠰᠠᠨ ᠬᠢᠩᠭᠠᠨ ᠠᠶᠢᠮᠠᠭ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠳᠤ ᠰᠢᠨ᠎ᠡ ᠬᠤᠪᠢ ᠨᠡᠮᠡᠷᠢ ᠦᠵᠡᠭᠦᠯᠦᠨ᠎ᠡ᠃    ︵ᠬᠤᠶᠠᠷ︶ ᠦᠨᠳᠦᠰᠦᠨ ᠵᠠᠷᠴᠢᠮ 1. ᠪᠣᠬᠢᠷᠲᠤᠯ ᠥᠬᠡᠶ ᠬᠥᠭᠵᠢᠯᠲᠡ ᠶᠢ ᠪᠠᠷᠢᠮᠲᠠᠯᠠᠨ᠎ᠠ᠃ ᠪᠣᠬᠢᠷᠲᠤᠯ ᠥᠬᠡᠶ ᠬᠥᠭᠵᠢᠯᠲᠡ ᠶᠢᠨ ᠣᠨᠣᠯᠵᠢᠬᠤᠨ ᠢ ᠪᠠᠲᠤ ᠪᠠᠬᠢ ᠪᠣᠶ ᠪᠣᠯᠭᠠᠵᠤ᠂ ᠠᠵᠤ ᠠᠬᠤᠶ ᠶᠢᠨ ᠦᠷ᠎ᠡ ᠠᠰᠢᠭ᠂ ᠨᠡᠶᠢᠭᠡᠮ ᠤᠨ ᠦᠷ᠎ᠡ ᠠᠰᠢᠭ᠂ ᠠᠮᠢ ᠠᠬᠤᠶ ᠶᠢᠨ ᠦᠷ᠎ᠡ ᠠᠰᠢᠭ ᠢ ᠬᠠᠷᠢᠯᠴᠠᠨ ᠠᠬᠢᠭᠤᠯᠵᠤ᠂ ᠬᠠᠮᠲᠤᠪᠠᠷ ᠳᠡᠭᠡᠭᠰᠢᠯᠡᠭᠦᠯᠬᠦ ᠶᠢ ᠪᠡᠶᠡᠯᠡᠭᠦᠯᠦᠨ᠎ᠡ᠃ 2. ᠶᠠᠰᠤ ᠴᠢᠨᠠᠷ ᠦᠷ᠎ᠡ ᠠᠰᠢᠭ ᠢ ᠪᠠᠷᠢᠮᠲᠠᠯᠠᠨ᠎ᠠ᠃ ᠵᠥᠪ ᠤᠳᠤᠷᠢᠳᠤᠮᠵᠢ ᠶᠢ ᠪᠠᠷᠢᠮᠲᠠᠯᠠᠨ᠂ ᠨᠡᠶᠢᠭᠡᠮ ᠤᠨ ᠦᠷ᠎ᠡ ᠠᠰᠢᠭ ᠢ ᠲᠡᠷᠢᠭᠦᠨ ᠪᠠᠶᠢᠷᠢᠨ ᠳᠤ ᠲᠠᠯᠪᠢᠵᠤ᠂ ᠨᠡᠶᠢᠭᠡᠮ ᠤᠨ ᠦᠷ᠎ᠡ ᠠᠰᠢᠭ ᠪᠠ ᠠᠵᠤ ᠠᠬᠤᠶ ᠶᠢᠨ ᠦᠷ᠎ᠡ ᠠᠰᠢᠭ ᠤᠨ ᠨᠢᠭᠡᠳᠦᠯ ᠢ ᠪᠡᠶᠡᠯᠡᠭᠦᠯᠦᠨ᠎ᠡ᠃ ᠰᠣᠶᠣᠯ  ᠵᠤᠭᠠᠴᠠᠯ ᠤᠨ ᠪᠠᠶᠢᠭᠤᠯᠤᠯ ᠲᠣᠭᠲᠠᠴᠠ ᠶᠢᠨ ᠥᠭᠡᠷᠡᠴᠢᠯᠡᠯᠲᠡ ᠪᠠ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠰᠣᠶᠣᠯ  ᠵᠤᠭᠠᠴᠠᠯ ᠤᠨ ᠪᠦᠬᠦᠯᠢ ᠴᠣᠭᠴᠠ ᠶᠢᠨ ᠬᠢᠷᠢ ᠲᠦᠪᠰᠢᠨ ᠪᠠ ᠬᠥᠭᠵᠢᠯᠲᠡ ᠶᠢᠨ ᠶᠠᠰᠤ ᠴᠢᠨᠠᠷ ᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃ 3. ᠨᠠᠷᠠᠲᠤ ᠲᠥᠷᠥᠯ ᠲᠡᠮᠳᠡᠭᠲᠦ ᠶᠢᠨ ᠣᠨᠴᠠᠯᠢᠭ ᠢ ᠪᠠᠷᠢᠮᠲᠠᠯᠠᠨ᠎ᠠ᠃  ᠵᠤᠭᠠᠴᠠᠯ ᠢ ᠵᠦᠷᠢᠶᠡᠵᠢᠬᠦᠯᠦᠨ ᠬᠥᠭᠵᠢᠭᠦᠯᠬᠦ ᠪᠠᠶᠢᠯᠳᠤᠬᠤ ᠪᠣᠳᠣᠯᠭ᠎ᠠ ᠶᠢ ᠪᠠᠷᠢᠮᠲᠠᠯᠠᠵᠤ᠂  ᠵᠤᠭᠠᠴᠠᠯ ᠤᠨ ᠰᠣᠶᠣᠯ ᠤᠨ ᠠᠭᠤᠯᠤᠭᠳᠠᠬᠤᠨ ᠢ ᠨᠡᠮᠡᠭᠳᠡᠭᠦᠯᠦᠨ᠂ ᠣᠨᠴᠠᠯᠢᠭ ᠢᠶᠠᠷ ᠢᠯᠡ ᠲᠣᠳᠣ᠂ ᠳᠠᠪᠠᠭᠤᠯᠢᠭ ᠢᠶᠠᠨ ᠬᠠᠷᠢᠯᠴᠠᠨ ᠨᠥᠬᠦᠪᠥᠷᠢᠯᠡᠭᠰᠡᠨ ᠰᠣᠶᠣᠯ ᠤᠨ  ᠵᠤᠭᠠᠴᠠᠯ ᠤᠨ ᠬᠥᠭᠵᠢᠯᠲᠡ ᠶᠢᠨ ᠰᠢᠨ᠎ᠡ ᠪᠠᠶᠢᠳᠠᠯ ᠢ ᠪᠣᠶ ᠪᠣᠯᠭᠠᠵᠤ᠂ ᠰᠣᠶᠣᠯ ᠤᠨ  ᠵᠤᠭᠠᠴᠠᠯ ᠤᠨ ᠬᠥᠭᠵᠢᠯᠲᠡ ᠶᠢᠨ ᠰᠢᠨ᠎ᠡ ᠬᠥᠳᠡᠯᠭᠡᠬᠦ ᠬᠦᠴᠦᠨ ᠢ ᠪᠥᠬᠦ ᠲᠠᠯ᠎ᠠ ᠪᠠᠷ ᠴᠢᠩᠭᠠᠷᠠᠭᠤᠯᠤᠨ᠎ᠠ᠃    ︵ᠭᠤᠷᠪᠠ︶ ᠠᠵᠢᠯ   ᠤᠨ ᠬᠠᠷᠠᠯᠲᠠ    ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ  ᠵᠤᠭᠠᠴᠠᠯ ᠰᠡᠯᠡᠭᠦᠴᠡᠯ ᠤᠨ ᠬᠤᠲᠠ ᠶᠢᠨ ᠪᠥᠲᠥᠭᠡᠨ ᠪᠠᠶᠢᠭᠤᠯᠤᠯᠲᠠ ᠶᠢᠨ ᠴᠢᠬᠤᠯᠠ ᠵᠦᠢᠯ ︵ᠲᠤᠷᠰᠢᠨ ᠬᠡᠷᠡᠭᠵᠢᠭᠦᠯᠬᠦ︶︾ ᠲᠠᠢ ᠬᠠᠷᠢᠴᠠᠭᠤᠯᠵᠤ᠂  ᠵᠤᠭᠠᠴᠠᠯ ᠤᠨ ᠠᠵᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠲᠦᠷᠭᠡᠳᠬᠡᠨ ᠠᠬᠢᠭᠤᠯᠵᠤ᠂ 2025 ᠣᠨ ᠪᠣᠯᠬᠤ ᠳᠤ ᠪᠥᠬᠦ ᠠᠶᠢᠮᠠᠭ ᠤᠨ  ᠵᠤᠭᠠᠴᠠᠭᠰᠠᠳ ᠤᠨ ᠭᠥᠯᠢᠶᠡᠨ ᠠᠪᠬᠤ ᠬᠡᠮᠵᠢᠶ᠎ᠡ ᠶᠢ 1600 ᠲᠦᠮᠡᠨ ᠬᠥᠮᠦᠨ ᠤᠳᠠᠭ᠎ᠠ ᠠᠴᠠ ᠳᠠᠪᠠᠭᠤᠯᠵᠤ᠂  ᠵᠤᠭᠠᠴᠠᠯ ᠤᠨ ᠣᠷᠣᠯᠭ᠎ᠠ ᠶᠢ 160 ᠳ᠋ᠦᠩᠰᠢᠭᠤᠷ ᠲᠥᠭᠦᠷᠢᠭ ᠠᠴᠠ ᠳᠠᠪᠠᠭᠤᠯᠵᠤ᠂  ᠵᠤᠭᠠᠴᠠᠯ ᠤᠨ ᠦᠢᠯᠡᠰ ᠢ ᠪᠥᠬᠦ ᠠᠶᠢᠮᠠᠭ ᠤᠨ ᠦᠢᠯᠡᠴᠢᠯᠡᠭᠡᠨ ᠤ ᠦᠢᠯᠡᠰ ᠤᠨ ᠬᠦᠷᠢᠶᠡᠨ ᠳᠠᠬᠢ ᠲᠤᠯᠭᠠᠭᠤᠷᠢ ᠠᠵᠤ ᠦᠢᠯᠡᠰ ᠪᠠ ᠵᠣᠯ ᠵᠢᠷᠭᠠᠯᠲᠤ ᠠᠵᠤ ᠦᠢᠯᠡᠰ ᠪᠣᠯᠭᠠᠨ ᠬᠥᠭᠵᠢᠭᠦᠯᠬᠦ ᠪᠠᠷ ᠴᠢᠷᠮᠠᠶᠢᠨ᠎ᠠ᠃ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ᠰᠡᠭᠦᠯᠴᠢ ᠪᠣᠯᠬᠤ ᠳᠤ᠂ ᠪᠦᠬᠦ ᠠᠶᠢᠮᠠᠭ ᠤᠨ ᠳᠡᠭᠡᠳᠦ ᠳᠡᠰ ᠤᠨ A ᠳᠡᠰ ᠤᠨ  ᠵᠤᠭᠠᠴᠠᠯ ᠤᠨ ᠨᠡᠷᠡᠲᠦ ᠦᠵᠡᠮᠵᠢ ᠶᠢᠨ ᠣᠷᠣᠨ 15 ᠪᠣᠯᠵᠤ᠂ ᠤᠯᠤᠰ ᠤᠨ ᠪᠦᠬᠦ ᠴᠠᠷᠠᠭᠠᠨ ᠤ ᠵᠤᠭᠠᠴᠠᠯ ᠤᠨ ᠵᠢᠱᠢᠶ᠎ᠡ ᠦᠵᠡᠭᠦᠯᠬᠦ ᠣᠷᠣᠨ ᠢ 3 ᠪᠠᠶᠢᠭᠤᠯᠵᠤ᠂ ᠥᠪᠡᠷᠲᠡᠭᠡᠨ ᠵᠠᠰᠠᠬᠤ ᠣᠷᠣᠨ ᠤ ᠳᠡᠰ ᠤᠨ ᠪᠦᠬᠦ ᠴᠠᠷᠠᠭᠠᠨ ᠤ  ᠵᠤᠭᠠᠴᠠᠯ ᠤᠨ ᠵᠢᠱᠢᠶ᠎ᠡ ᠦᠵᠡᠭᠦᠯᠬᠦ ᠣᠷᠣᠨ 5 ᠪᠠᠶᠢᠵᠤ᠂ ᠪᠦᠬᠦ ᠠᠶᠢᠮᠠᠭ ᠤᠨ ᠵᠤᠭᠠᠴᠠᠯ ᠤᠨ ᠠᠮᠠᠷᠠᠯᠲᠠ ᠶᠢᠨ ᠣᠷᠣᠨ ᠤ ᠶᠡᠷᠦᠩᠬᠡᠶ ᠲᠤᠭ᠎ᠠ 5 ᠪᠣᠯᠵᠤ᠂ ᠤᠯᠤᠰ᠂ ᠥᠪᠡᠷᠲᠡᠭᠡᠨ ᠵᠠᠰᠠᠬᠤ ᠣᠷᠣᠨ ᠤ ᠬᠥᠳᠡᠭᠡ ᠲᠣᠰᠬᠤᠨ ᠤ  ᠵᠤᠭᠠᠴᠠᠯ ᠤᠨ ᠭᠤᠤᠯᠳᠠᠯᠭ᠎ᠠ ᠲᠠᠢ 15 ᠲᠣᠰᠬᠤᠨ ᠢ ᠪᠤᠶᠢᠵᠢᠭᠤᠯᠵᠤ᠂ ᠣᠳᠣᠨ ᠲᠠᠰ ᠤᠨ ᠬᠥᠳᠡᠭᠡ ᠲᠣᠰᠬᠤᠨ ᠤ  ᠵᠤᠭᠠᠴᠠᠯ ᠤᠨ ᠭᠥᠯᠢᠶᠡᠨ ᠠᠪᠬᠤ ᠡᠷᠦᠬᠡ ᠶᠢ 60 ᠪᠣᠯᠭᠠᠨ ᠬᠥᠭᠵᠢᠭᠦᠯᠵᠦ᠂ ᠥᠨᠳᠥᠷ ᠣᠳᠣᠨ ᠲᠠᠰ ᠤᠨ ᠵᠣᠴᠢᠳ ᠤᠨ ᠪᠠᠭᠤᠳᠠᠯ ︵ᠪᠠᠭᠤᠳᠠᠯ︶ ᠤᠨ ᠶᠡᠷᠦᠩᠬᠡᠶ ᠲᠤᠭ᠎ᠠ ᠶᠢ 15 ᠪᠣᠯᠭᠠᠵᠤ᠂ ᠳᠡᠭᠡᠳᠦ ᠲᠠᠰ ᠤᠨ  ᠵᠤᠭᠠᠴᠠᠯ ᠤᠨ ᠠᠷᠠᠳ ᠤᠨ ᠪᠠᠶᠢᠷᠢ ᠶᠢᠨ ᠲᠥᠷᠥᠯ ᠵᠦᠢᠯ ᠢ 30 ᠪᠣᠯᠭᠠᠵᠤ᠂ ᠣᠷᠣᠨ ᠪᠦᠰᠡ ᠶᠢᠨ ᠭᠠᠳᠠᠨᠠᠬᠢ ᠪᠠ ᠠᠶᠢᠮᠠᠭ ᠤᠨ ᠳᠣᠲᠣᠭᠠᠳᠤ ᠶᠢᠨ ᠰᠣᠳᠣᠨ  ᠵᠤᠭᠠᠴᠠᠯ ᠤᠨ ᠱᠤᠭᠤᠮ ᠢ 20 ᠣᠷᠴᠢᠮ ᠪᠣᠶ ᠪᠣᠯᠭᠠᠵᠤ᠂ ᠨᠠᠷᠠᠲᠤ ᠲᠡᠮᠳᠡᠭᠲᠦ ᠪᠠᠶᠠᠷ ᠳᠤᠷᠠᠰᠬᠠᠯ ᠤᠨ ᠠᠵᠢᠯᠯᠠᠭ᠎ᠠ ᠶᠢ 20 ᠣᠷᠴᠢᠮ ᠬᠢᠵᠦ᠂ ᠬᠢᠩᠭᠠᠨ ᠠᠶᠢᠮᠠᠭ ᠢ ᠤᠯᠤᠰ ᠤᠨ ᠳᠣᠲᠣᠭᠠᠳᠤ ᠶᠢᠨ ᠲᠡᠷᠢᠭᠦᠨ ᠲᠠᠰ ᠤᠨ  ᠵᠤᠭᠠᠴᠠᠯ ᠰᠡᠯᠡᠭᠦᠴᠡᠯ ᠤᠨ ᠬᠤᠲᠠ ᠪᠣᠯᠭᠠᠨ ᠪᠥᠲᠥᠭᠡᠨ ᠪᠠᠶᠢᠭᠤᠯᠤᠨ᠎ᠠ᠃    ᠬᠤᠶᠠᠷ᠂ ᠭᠤᠣᠯᠳᠠᠯᠭ᠎ᠠ ᠲᠠᠢ ᠠᠵᠢᠯ   ᠤᠨ ᠡᠭᠦᠷᠭᠡ    ︵ᠨᠢᠭᠡ︶ ᠪᠠᠶᠢᠭᠤᠯᠤᠯ ᠲᠣᠭᠲᠠᠴᠠ ᠶᠢ ᠲᠡᠭᠦᠯᠳᠡᠷᠵᠢᠭᠦᠯᠦᠨ᠎ᠡ 1. ᠵᠤᠭᠠᠴᠠᠯ ᠤᠨ ᠬᠥᠭᠵᠢᠯᠲᠡ ᠶᠢᠨ ᠤᠳᠤᠷᠢᠳᠬᠤ ᠲᠣᠭᠲᠠᠴᠠ ᠶᠢ ᠪᠠᠶᠢᠭᠤᠯᠤᠨ᠎ᠠ᠃ ᠬᠢᠩᠭᠠᠨ ᠠᠶᠢᠮᠠᠭ ᠤᠨ ᠵᠤᠭᠠᠴᠠᠯ ᠤᠨ ᠬᠥᠭᠵᠢᠭᠦᠯᠦᠯᠲᠡ ᠶᠢᠨ ᠵᠥᠪᠯᠡᠯ ᠤᠨ ᠵᠤᠭᠠᠴᠠᠯ ᠰᠡᠯᠡᠭᠦᠴᠡᠯ ᠤᠨ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠤᠨ ᠲᠤᠰᠬᠠᠶ ᠠᠩᠭᠢ ᠪᠠᠶᠢᠭᠤᠯᠵᠤ᠂ ᠠᠶᠢᠮᠠᠭ ᠤᠨ ᠨᠠᠮ ᠤᠨ ᠬᠤᠷᠢᠶ᠎ᠠ  ᠵᠠᠬᠢᠷᠭ᠎ᠠ ᠠᠴᠠ ᠨᠢᠭᠡᠳᠦᠯᠲᠡᠶ ᠤᠳᠤᠷᠢᠳᠴᠤ᠂ ᠠᠶᠢᠮᠠᠭ ᠤᠨ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠣᠪᠴᠢᠶ᠎ᠠ᠂ ᠣᠷᠣᠨ ᠪᠦᠰᠡ ᠶᠢᠨ ᠠᠵᠤ ᠠᠬᠤᠶ ᠶᠢᠨ ᠬᠠᠮᠲᠤᠷᠠᠯᠴᠠᠭᠠᠨ ᠤ ᠲᠣᠪᠴᠢᠶ᠎ᠠ᠂ ᠣᠶ ᠰᠢᠭᠤᠶ ᠨᠤᠳᠤᠭ ᠪᠡᠯᠴᠢᠭᠡᠷ ᠤᠨ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠵᠠᠮ ᠬᠠᠷᠢᠯᠴᠠᠭᠠᠨ ᠤ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠠᠮᠢ ᠠᠬᠤᠶ  ᠣᠷᠴᠢᠨ ᠲᠣᠭᠤᠷᠢᠨ ᠤ ᠲᠣᠪᠴᠢᠶ᠎ᠠ ᠵᠡᠷᠭᠡ ᠰᠠᠯᠠᠭ᠎ᠠ ᠮᠥᠴᠢᠷ ᠢᠶᠠᠷ ᠪᠦᠷᠢᠯᠳᠦᠵᠦ᠂  ᠵᠤᠭᠠᠴᠠᠯ ᠤᠨ ᠴᠢᠨᠠᠷ ᠰᠠᠶᠢᠲᠠᠶ ᠬᠥᠭᠵᠢᠯᠲᠡ ᠶᠢᠨ ᠲᠥᠯᠥᠪᠵᠢᠭᠦᠯᠭᠡ᠂ ᠲᠥᠷᠥ ᠶᠢᠨ ᠪᠣᠳᠣᠯᠭ᠎ᠠ ᠶᠢ ᠲᠣᠭᠲᠠᠮᠠᠯ ᠬᠤᠭᠤᠴᠠᠭ᠎ᠠ ᠲᠠᠢ ᠪᠠᠷ ᠰᠤᠳᠤᠯᠤᠨ ᠠᠬᠢᠭᠤᠯᠵᠤ᠂ ᠣᠯᠠᠨ ᠰᠠᠯᠠᠭ᠎ᠠ ᠮᠥᠴᠢᠷ᠂ ᠣᠯᠠᠨ ᠠᠷᠭ᠎ᠠ ᠵᠠᠮ ᠢᠶᠠᠷ  ᠵᠤᠭᠠᠴᠠᠯ ᠤᠨ ᠦᠢᠯᠡᠰ ᠤᠨ ᠪᠥᠬᠦ ᠲᠠᠯ᠎ᠠ ᠶᠢᠨ ᠬᠥᠭᠵᠢᠯᠲᠡ ᠶᠢ ᠠᠬᠢᠭᠤᠯᠤᠨ᠎ᠠ᠃  ᠲᠦᠷᠦᠭᠦᠯᠡᠬᠦ ᠨᠢᠭᠡᠴᠢ᠄ ᠠᠶᠢᠮᠠᠭ ᠤᠨ ᠰᠣᠶᠣᠯ ᠵᠤᠭᠠᠴᠠᠯ ᠪᠡᠶ᠎ᠡ ᠶᠢᠨ ᠲᠠᠮᠢᠷ ᠤᠨ ᠲᠣᠪᠴᠢᠶ᠎ᠠ    ᠬᠠᠷᠢᠭᠤᠴᠠᠯᠭᠠᠲᠤ ᠨᠢᠭᠡᠴᠢ᠄ ᠠᠶᠢᠮᠠᠭ ᠤᠨ ᠰᠢᠭᠤᠳ ᠬᠠᠷᠢᠶ᠎ᠠ ᠬᠠᠮᠢᠶ᠎ᠠ ᠪᠥᠬᠦᠶ ᠰᠠᠯᠠᠭ᠎ᠠ ᠮᠥᠴᠢᠷ᠂ ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ 2. ᠬᠤᠯᠪᠣᠭᠳᠠᠯ ᠪᠥᠬᠦᠶ ᠠᠶᠢᠮᠠᠭ ᠤᠨ ᠰᠢᠭᠤᠳ ᠬᠠᠷᠢᠶ᠎ᠠ ᠰᠠᠯᠠᠭ᠎ᠠ ᠮᠥᠴᠢᠷ ᠤᠳ ᠢ ᠵᠣᠬᠢᠴᠠᠭᠤᠯᠤᠨ ᠵᠣᠬᠢᠴᠠᠩᠭᠤᠶ ᠢᠵᠢ ᠪᠥᠷᠢᠳᠦᠭᠦᠯᠬᠦ ᠲᠥᠰᠦᠯ ᠪᠤᠶᠤ ᠠᠵᠢᠯ ᠤᠨ ᠠᠷᠭ᠎ᠠ ᠬᠡᠮᠵᠢᠶ᠎ᠡ ᠶᠢ ᠨᠡᠶᠢᠲᠡᠯᠡᠵᠦ᠂ ︽ᠣᠯᠠᠨ ᠲᠥᠯᠥᠪᠵᠢᠭᠦᠯᠭᠡ ᠶᠢ ᠨᠢᠭᠡᠳᠬᠡᠬᠦ︾ ᠶᠢ ᠠᠬᠢᠭᠤᠯᠵᠤ᠂ ᠰᠠᠯᠠᠭ᠎ᠠ ᠮᠥᠴᠢᠷ ᠤᠨ ᠵᠣᠬᠢᠴᠠᠩᠭᠤᠶ ᠬᠥᠭᠵᠢᠯᠲᠡ ᠶᠢ ᠴᠢᠩᠭᠠᠳᠬᠠᠨ᠎ᠠ᠃ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠨᠤᠭᠤᠳ ᠰᠣᠶᠣᠯ  ᠵᠤᠭᠠᠴᠠᠯ ᠤᠨ ᠲᠥᠯᠥᠪᠵᠢᠭᠦᠯᠭᠡ ᠶᠢ ᠬᠤᠲᠠ ᠬᠥᠳᠡᠭᠡ ᠶᠢᠨ ᠲᠥᠯᠥᠪᠵᠢᠭᠦᠯᠭᠡ ᠶᠢᠨ ᠭᠤᠤᠯᠳᠠᠯᠭ᠎ᠠ ᠲᠠᠢ ᠠᠭᠤᠯᠭ᠎ᠠ ᠳᠤ ᠣᠷᠣᠭᠤᠯᠵᠤ ᠂ ᠠᠵᠤ ᠠᠬᠤᠶ ᠨᠡᠶᠢᠭᠡᠮ ᠤᠨ ᠬᠥᠭᠵᠢᠯᠲᠡ᠂ ᠵᠠᠮ ᠬᠠᠷᠢᠯᠴᠠᠭ᠎ᠠ ᠲᠡᠭᠡᠭᠡᠪᠦᠷᠢ᠂ ᠤᠯᠤᠰ ᠤᠨ ᠭᠠᠵᠠᠷ ᠰᠢᠷᠣᠶ ᠶᠢᠨ ᠣᠷᠣᠨ ᠵᠠᠶ᠂ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ᠂ ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ ᠡᠯ᠎ᠡ ᠲᠠᠯ᠎ᠠ ᠶᠢᠨ ᠲᠥᠯᠥᠪᠵᠢᠭᠦᠯᠭᠡ ᠯᠦᠭᠡ ᠵᠣᠯᠭᠠᠭᠤᠯᠬᠤ ᠪᠠ ᠵᠣᠬᠢᠴᠠᠭᠤᠯᠬᠤ ᠪᠠᠨ ᠴᠢᠩᠭᠠᠳᠬᠠᠬᠤ ᠬᠡᠷᠡᠭᠲᠡᠶ᠃ ᠬᠤᠯᠪᠣᠭᠳᠠᠯ ᠪᠥᠬᠦᠶ ᠵᠤᠭᠠᠴᠠᠯ ᠰᠡᠯᠡᠭᠦᠴᠡᠯ ᠤᠨ ᠲᠥᠷᠥᠯ ᠵᠦᠢᠯ᠂ ᠪᠡᠯᠡᠳᠬᠡᠮᠵᠢ ᠶᠢᠨ ᠣᠷᠣᠨ ᠵᠠᠶ ᠶᠢᠨ ᠪᠠᠶᠢᠷᠢᠰᠢᠭᠤᠯᠤᠯ ᠪᠠ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠡᠷᠡᠭᠴᠡᠭᠡ ᠱᠠᠭᠠᠷᠳᠠᠯᠭ᠎ᠠ ᠶᠢ ᠭᠦᠢᠴᠡᠳ ᠪᠣᠳᠣᠯᠬᠢᠯᠠᠵᠤ᠂ ᠭᠤᠤᠯᠳᠠᠯᠭ᠎ᠠ ᠲᠠᠢ ᠰᠣᠶᠣᠯ  ᠵᠤᠭᠠᠴᠠᠯ ᠤᠨ ᠠᠵᠤ ᠦᠢᠯᠡᠰ ᠤᠨ ᠲᠥᠷᠥᠯ ᠵᠦᠢᠯ ᠳᠤ ᠭᠠᠵᠠᠷ ᠰᠢᠷᠣᠶ ᠶᠢᠨ ᠬᠠᠩᠭᠠᠯᠭ᠎ᠠ ᠶᠢ ᠪᠥᠬᠦ ᠬᠦᠴᠦᠨ ᠢᠶᠠᠷ ᠢᠶᠠᠨ ᠪᠠᠲᠤᠯᠠᠵᠤ᠂ ᠰᠣᠶᠣᠯ  ᠵᠤᠭᠠᠴᠠᠯ ᠤᠨ ᠲᠥᠷᠥᠯ ᠵᠦᠢᠯ ᠳᠤ ᠬᠡᠷᠡᠭᠯᠡᠬᠦ ᠭᠠᠵᠠᠷ ᠢ ᠤᠷᠢᠳᠠᠪᠠᠷ ᠲᠦᠷᠢᠶᠡᠰᠦᠯᠡᠭᠦᠯᠵᠦ ᠳᠠᠷᠠᠭ᠎ᠠ ᠨᠢ ᠰᠢᠯᠵᠢᠭᠦᠯᠦᠨ ᠥᠭᠬᠦ᠂ ᠲᠦᠷᠢᠶᠡᠰᠦᠯᠡᠭᠦᠯᠬᠦ ᠪᠠ ᠰᠢᠯᠵᠢᠭᠦᠯᠦᠨ ᠥᠭᠬᠦ ᠶᠢ ᠤᠶᠠᠯᠳᠤᠭᠤᠯᠬᠤ ᠵᠡᠷᠭᠡ ᠣᠯᠠᠨ ᠵᠦᠢᠯ ᠤᠨ ᠭᠠᠵᠠᠷ ᠬᠠᠩᠭᠠᠬᠤ ᠠᠷᠭ᠎ᠠ ᠮᠠᠶ᠋ᠢᠭ ᠤᠨ ᠪᠣᠳᠠᠲᠠᠶ ᠠᠷᠭ᠎ᠠ ᠶᠢ ᠰᠦᠪᠡᠭᠴᠢᠯᠡᠨ ᠬᠡᠷᠡᠭᠵᠢᠭᠦᠯᠬᠦ ᠬᠡᠷᠡᠭᠲᠡᠶ᠃ ᠠᠶᠢᠮᠠᠭ ᠤᠨ ᠰᠢᠭᠤᠳ ᠬᠠᠷᠢᠶ᠎ᠠ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢᠶᠠᠨ ᠦᠨᠳᠦᠰᠦᠯᠡᠨ᠂ ᠰᠠᠭᠤᠷᠢ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ᠂ ᠦᠢᠯᠡᠳᠭᠦᠨ ᠤ ᠨᠡᠭᠡᠭᠡᠯᠲᠡ᠂ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ᠂ ᠴᠢᠳᠠᠪᠤᠷᠢᠲᠠᠨ ᠤ ᠪᠣᠯᠪᠠᠰᠤᠷᠠᠭᠤᠯᠤᠯ ᠵᠡᠷᠭᠡ ᠲᠠᠯ᠎ᠠ ᠪᠠᠷ ᠰᠣᠶᠣᠯ  ᠵᠤᠭᠠᠴᠠᠯ ᠤᠨ ᠠᠵᠢᠯ ᠳᠤ ᠭᠤᠤᠯᠳᠠᠯᠭ᠎ᠠ ᠲᠠᠢ ᠳᠡᠮᠵᠢᠯᠭᠡ ᠦᠵᠡᠭᠦᠯᠬᠦ ᠬᠡᠷᠡᠭᠲᠡᠶ᠃  ᠲᠦᠷᠦᠭᠦᠯᠡᠬᠦ ᠨᠢᠭᠡᠴᠢ᠄ ᠠᠶᠢᠮᠠᠭ ᠤᠨ ᠰᠤᠶᠤᠯ ᠵᠤᠭᠠᠴᠠᠯ ᠪᠡᠶ᠎ᠡ ᠶᠢᠨ ᠲᠠᠮᠢᠷ ᠤᠨ ᠲᠤᠪᠴᠢᠶ᠎ᠠ   ᠬᠠᠷᠢᠭᠤᠴᠠᠯᠭᠠᠲᠤ ᠨᠢᠭᠡᠴᠢ᠄ ᠠᠶᠢᠮᠠᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠵᠠᠮ ᠬᠠᠷᠢᠯᠴᠠᠭᠠᠨ ᠤ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠂ ᠣᠶ ᠰᠢᠭᠤᠶ ᠡᠪᠡᠰᠦ ᠪᠡᠯᠴᠢᠭᠡᠷ ᠤᠨ ᠲᠣᠪᠴᠢᠶ᠎ᠠ᠂ ᠠᠮᠢ ᠠᠬᠤᠶ ᠶᠢᠨ ᠣᠷᠴᠢᠨ ᠲᠣᠭᠤᠷᠢᠨ ᠤ ᠲᠣᠪᠴᠢᠶ᠎ᠠ᠂ ᠬᠤᠳᠠᠯᠳᠤᠭᠠᠨ ᠤ ᠶᠠᠪᠤᠳᠠᠯ ᠤᠨ ᠪᠣᠭᠤᠮᠲᠠ ᠶᠢᠨ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ 3. ᠬᠤᠲᠠ ᠶᠢᠨ ᠪᠥᠲᠥᠭᠡᠨ ᠪᠠᠶᠢᠭᠤᠯᠤᠯᠲᠠ ᠪᠠ  ᠵᠤᠭᠠᠴᠠᠯ ᠤᠨ ᠨᠡᠭᠡᠭᠡᠨ ᠬᠥᠭᠵᠢᠭᠦᠯᠦᠯᠲᠡ ᠶᠢᠨ ᠬᠠᠮᠢᠶᠠᠷᠤᠯᠲᠠ ᠶᠢ ᠴᠢᠩᠭᠠᠳᠬᠠᠨ᠎ᠠ᠃ ᠠᠶᠢᠮᠠᠭ ᠤᠨ ᠰᠢᠭᠤᠳ ᠬᠠᠷᠢᠶ᠎ᠠ ᠬᠠᠮᠢᠶ᠎ᠠ ᠪᠥᠬᠦᠶ ᠰᠠᠯᠠᠭ᠎ᠠ ᠮᠥᠴᠢᠷ ᠤᠳ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢ ᠴᠢᠩᠭ᠎ᠠ ᠵᠢᠷᠤᠮᠯᠠᠨ᠂ ᠲᠥᠯᠥᠪᠵᠢᠭᠦᠯᠵᠦ ᠵᠢᠷᠤᠭᠯᠠᠨ ᠲᠥᠯᠥᠪᠯᠡᠬᠦ ᠶᠢ ᠰᠠᠶᠢᠲᠤᠷ ᠬᠢᠵᠦ᠂ ᠲᠥᠷᠥᠯ ᠵᠦᠢᠯ ᠤᠨ ᠪᠣᠭᠤᠮᠲᠠ ᠶᠢ ᠰᠠᠬᠢᠵᠤ ᠬᠢᠨᠠᠨ ᠬᠠᠷᠭᠤᠭᠤᠯᠬᠤ ᠶᠢ ᠴᠢᠩᠭᠠᠳᠬᠠᠨ᠂ ᠳᠣᠤᠷ᠎ᠠ ᠬᠢᠷᠢ ᠬᠡᠮᠵᠢᠶ᠎ᠡ ᠪᠠᠷ ᠳᠠᠪᠬᠤᠷᠳᠠᠭᠤᠯᠤᠨ ᠪᠥᠲᠥᠭᠡᠨ ᠪᠠᠶᠢᠭᠤᠯᠬᠤ ᠪᠠ ᠳᠥᠭᠦᠮᠬᠡᠨ ᠢᠶᠠᠷ ᠳᠠᠭᠤᠷᠢᠶᠠᠬᠤ ᠶᠢ ᠲᠠᠰᠤ ᠵᠣᠭᠰᠣᠭᠠᠵᠤ᠂ ᠠᠭᠤᠯᠠᠨ ᠲᠣᠰᠬᠤᠨ ᠤ ᠲᠡᠤᠬᠡ ᠶᠢᠨ ᠳᠤᠷᠠᠰᠬᠠᠯᠲᠤ ᠵᠦᠢᠯᠡᠰ ᠪᠠ ᠪᠣᠯᠬᠢ ᠪᠦᠳᠦᠭᠦᠯᠢᠭ  ᠵᠤᠭᠠᠴᠠᠯ ᠤᠨ ᠲᠥᠷᠥᠯ ᠵᠦᠢᠯ ᠢ ᠳᠤᠷ᠎ᠠ ᠪᠠᠷ ᠢᠶᠠᠨ ᠪᠠᠶᠢᠭᠤᠯᠬᠤ ᠶᠢ ᠡᠷᠡᠰ ᠬᠤᠷᠢᠭᠯᠠᠵᠤ᠂ ᠬᠤᠲᠠ ᠶᠢᠨ ᠪᠥᠲᠥᠭᠡᠨ ᠪᠠᠶᠢᠭᠤᠯᠤᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠬᠡᠷᠡᠭᠲᠡᠶ᠃ ᠴᠢᠬᠤᠯᠠ ᠶᠡᠭᠡ  ᠵᠤᠭᠠᠴᠠᠯ ᠤᠨ ᠵᠦᠢᠯᠡᠰ ᠤᠨ ᠪᠦᠳᠦᠭᠡᠨ ᠪᠠᠶᠢᠭᠤᠯᠤᠯᠲᠠ ᠶᠢᠨ ᠲᠥᠯᠥᠪᠵᠢᠭᠦᠯᠭᠡ ᠶᠢ ᠲᠤᠰ ᠭᠠᠵᠠᠷ ᠤᠨ ᠬᠤᠳᠠ ᠬᠥᠳᠡᠭᠡ ᠶᠢᠨ ᠲᠥᠯᠥᠪᠵᠢᠭᠦᠯᠭᠡ ᠪᠠ  ᠵᠤᠭᠠᠴᠠᠯ ᠤᠨ ᠬᠥᠭᠵᠢᠯᠲᠡ ᠶᠢᠨ ᠲᠥᠯᠥᠪᠵᠢᠭᠦᠯᠭᠡ ᠳᠤ ᠨᠡᠶᠢᠴᠡᠭᠦᠯᠵᠦ᠂ ᠲᠤᠰ ᠱᠠᠲᠤᠨ ᠤ ᠬᠢᠨᠠᠨ ᠬᠠᠷᠭᠤᠭᠤᠯᠤᠭᠰᠠᠨ ᠤ ᠲᠠᠷᠠᠭ᠎ᠠ᠂ ᠵᠢᠷᠤᠮ ᠶᠣᠰᠣᠭᠠᠷ ᠳᠡᠭᠡᠭᠰᠢ ᠮᠡᠳᠡᠭᠦᠯᠵᠦ ᠬᠢᠨᠠᠨ ᠵᠥᠪᠰᠢᠶᠡᠷᠡᠭᠦᠯᠵᠦ ᠬᠡᠷᠡᠭᠵᠢᠭᠦᠯᠬᠦ ᠬᠡᠷᠡᠭᠲᠡᠶ᠃  ᠲᠦᠷᠦᠭᠦᠯᠡᠬᠦ ᠨᠢᠭᠡᠴᠢ᠄ ᠠᠶᠢᠮᠠᠭ ᠤᠨ  ᠰᠤᠶᠤᠯ ᠵᠤᠭᠠᠴᠠᠯ ᠪᠡᠶ᠎ᠡ ᠶᠢᠨ ᠲᠠᠮᠢᠷ ᠤᠨ ᠲᠤᠪᠴᠢᠶ᠎ᠠ   ᠬᠠᠷᠢᠭᠤᠴᠠᠯᠭᠠᠲᠤ ᠨᠢᠭᠡᠴᠢ᠄ ᠠᠶᠢᠮᠠᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ  ︵ᠬᠤᠶᠠᠷ︶ ᠭᠤᠣᠯᠯᠠᠬᠤ ᠲᠠᠲᠠᠬᠤ ᠪᠣᠳᠠᠰ ᠢ ᠪᠤᠶ ᠪᠣᠯᠭᠠᠨ᠎ᠠ 1. ᠴᠢᠨᠠᠷ ᠰᠠᠶᠢᠲᠠᠶ  ᠵᠤᠭᠠᠴᠠᠯ ᠤᠨ ᠦᠵᠡᠮᠵᠢ ᠶᠢᠨ ᠣᠷᠣᠨ ᠢ ᠴᠣᠭᠴᠠᠯᠠᠨ ᠪᠠᠶᠢᠭᠤᠯᠬᠤ ᠶᠢ ᠠᠬᠢᠭᠤᠯᠤᠨ᠎ᠠ᠃ ᠪᠤᠶᠢᠵᠢᠭᠤᠯᠬᠤ ᠪᠠ ᠡᠭᠦᠳᠦᠨ ᠪᠠᠶᠢᠭᠤᠯᠬᠤ ᠡᠷᠴᠢᠮ ᠢᠶᠠᠨ ᠴᠢᠩᠭᠠᠷᠠᠭᠤᠯᠵᠤ᠂ ᠰᠣᠳᠣᠨ ᠨᠠᠷᠠᠲᠤ ᠦᠵᠡᠮᠵᠢ ᠶᠢᠨ ᠣᠷᠣᠨ ᠢ ᠬᠦᠴᠦᠯᠡᠨ ᠡᠭᠦᠳᠦᠨ ᠪᠠᠶᠢᠭᠤᠯᠵᠤ᠂ ᠷᠠᠰᠢᠶᠠᠨ —  ᠴᠠᠢ ᠾᠧ ᠭᠤᠤᠯ ᠤᠨ ᠦᠵᠡᠮᠵᠢ ᠶᠢᠨ ᠣᠷᠣᠨ᠂ ᠤᠯᠤᠮᠪᠤᠺᠠᠨ  ᠵᠤᠭᠠᠴᠠᠯ ᠤᠨ ᠦᠵᠡᠮᠵᠢ ᠶᠢᠨ ᠣᠷᠣᠨ᠂  ᠬᠠᠩᠭᠠᠯ —  ᠪᠠᠳᠤᠴᠠᠭᠠᠨ  ᠵᠤᠭᠠᠴᠠᠯ ᠤᠨ ᠣᠷᠣᠨ᠂ ᠷᠠᠰᠢᠶᠠᠨ ᠤ ᠬᠠᠢ ᠱᠧᠨ ᠱᠧᠩ  ᠴᠢᠤᠸᠠᠨ ᠵᠤᠭᠠᠴᠠᠯ ᠤᠨ ᠠᠮᠠᠷᠠᠯᠲᠠ ᠶᠢᠨ ᠣᠷᠣᠨ᠂ ᠲᠢᠶᠠᠨ ᠵᠢᠶᠤᠤ ᠲᠢᠶᠠᠨ ᠵᠢᠶᠦ᠋ᠨ ᠠᠮᠢ ᠠᠬᠤᠶ  ᠶᠢᠨ  ᠵᠤᠭᠠᠴᠠᠯ ᠤᠨ ᠠᠮᠠᠷᠠᠯᠲᠠ ᠶᠢᠨ ᠣᠷᠣᠨ ᠵᠡᠷᠭᠡ ᠭᠤᠤᠯᠳᠠᠯᠭ᠎ᠠ ᠲᠠᠢ ᠦᠵᠡᠮᠵᠢ ᠶᠢᠨ ᠣᠷᠣᠨ ᠤ ᠲᠠᠩᠰᠠ ᠡᠪᠬᠡᠮᠡᠯ ᠢ ᠳᠡᠭᠡᠭᠰᠢᠯᠡᠭᠦᠯᠦᠨ ᠲᠠᠰ ᠳᠡᠪᠰᠢᠭᠦᠯᠬᠦ ᠶᠢ ᠠᠬᠢᠭᠤᠯᠤᠨ᠎ᠠ᠃ A ᠲᠠᠰ ᠤᠨ ᠦᠵᠡᠮᠵᠢ ᠶᠢᠨ ᠣᠷᠣᠨ ᠤ ᠰᠣᠶᠣᠯ ᠤᠨ ᠠᠭᠤᠯᠤᠭᠳᠠᠬᠤᠨ ᠪᠠ ᠪᠦᠲᠦᠭᠡᠭᠳᠡᠬᠦᠨ ᠤ ᠶᠠᠰᠤ ᠴᠢᠨᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠰᠡᠯᠡᠭᠦᠴᠡᠨ ᠠᠮᠠᠷᠠᠬᠤ᠂ ᠠᠮᠢ ᠠᠬᠤᠶ ᠶᠢᠨ ᠡᠷᠡᠭᠦᠯ ᠮᠡᠨᠳᠦ ᠰᠤᠪᠢᠯᠠᠯᠲᠠ᠂ ᠰᠤᠳᠤᠯᠤᠨ ᠰᠤᠷᠤᠯᠴᠠᠬᠤ ᠰᠤᠷᠭᠠᠨ ᠬᠥᠮᠦᠵᠢᠯ᠂ ᠰᠣᠶᠣᠯ ᠤᠷᠠᠨ ᠲᠣᠭᠯᠠᠯᠲᠠ᠂ ᠰᠥᠨᠢ ᠶᠢᠨ  ᠵᠤᠭᠠᠴᠠᠯ ᠵᠡᠷᠭᠡ ᠰᠢᠨ᠎ᠡ ᠪᠦᠲᠦᠭᠡᠭᠳᠡᠬᠦᠨ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠢ ᠭᠤᠤᠯᠳᠠᠯᠭ᠎ᠠ ᠲᠠᠢ ᠨᠡᠭᠡᠭᠡᠨ ᠬᠥᠭᠵᠢᠭᠦᠯᠵᠦ ᠪᠥᠲᠥᠭᠡᠨ ᠪᠠᠶᠢᠭᠤᠯᠤᠨ᠎ᠠ᠃  ᠲᠦᠷᠦᠭᠦᠯᠡᠬᠦ ᠨᠢᠭᠡᠴᠢ᠄ ᠠᠶᠢᠮᠠᠭ ᠤᠨ ᠰᠤᠶᠤᠯ ᠵᠤᠭᠠᠴᠠᠯ ᠪᠡᠶ᠎ᠡ ᠶᠢᠨ ᠲᠠᠮᠢᠷ ᠤᠨ ᠲᠤᠪᠴᠢᠶ᠎ᠠ ᠬᠠᠷᠢᠭᠤᠴᠠᠯᠭᠠᠲᠤ ᠨᠢᠭᠡᠴᠢ᠄ ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ 2. ᠬᠤᠲᠠ ᠶᠢᠨ  ᠵᠤᠭᠠᠴᠠᠯ ᠰᠡᠯᠡᠭᠦᠴᠡᠯ ᠤᠨ ᠵᠡᠭᠡᠯᠢ ᠲᠣᠭᠤᠷᠢᠭ ᠢ ᠪᠥᠲᠥᠭᠡᠨ ᠪᠠᠶᠢᠭᠤᠯᠤᠨ᠎ᠠ᠃ ︽ᠵᠠᠰᠠᠭ ᠤᠨ ᠣᠷᠳᠣᠨ ᠠᠴᠠ ᠬᠥᠲᠥᠯᠥᠨ ᠵᠢᠯᠣᠭᠤᠳᠬᠤ + ᠵᠠᠬ᠎ᠠ ᠳᠡᠯᠭᠡᠭᠦᠷ ᠢᠶᠠᠷ ᠠᠵᠢᠯᠯᠠᠭᠤᠯᠬᠤ︾ ᠵᠠᠭᠪᠤᠷ ᠢ ᠬᠡᠷᠡᠭᠯᠡᠵᠦ᠂ ᠨᠢᠭᠡ ᠪᠦᠯᠦᠭ ᠰᠡᠯᠡᠭᠦᠴᠡᠯ᠂ ᠪᠠᠷᠠᠭ᠎ᠠ ᠬᠤᠳᠠᠯᠳᠤᠨ ᠠᠪᠬᠤ᠂ ᠢᠳᠡᠭᠡᠨ ᠤᠮᠳᠠᠭᠠᠨ ᠵᠡᠷᠭᠡ ᠶᠢ ᠨᠢᠭᠡ ᠴᠣᠠᠠᠴᠠᠵᠢᠭᠤᠯᠥᠠᠠᠰᠠᠨ  ᠵᠤᠭᠠᠴᠠᠯ ᠰᠡᠯᠡᠭᠦᠴᠡᠯ ᠤᠨ ᠵᠡᠭᠡᠯᠢ ᠲᠣᠭᠤᠷᠢᠭ ᠢ ᠬᠦᠴᠦᠯᠡᠨ ᠪᠠᠶᠢᠭᠤᠯᠵᠤ᠂ ︽ᠨᠢᠭᠡ ᠣᠷᠳᠣᠨ ᠭᠤᠷᠪᠠᠨ ᠪᠠᠭᠤᠷᠢ︾ ᠵᠡᠷᠭᠡ ᠬᠤᠪᠢᠰᠬᠠᠯ ᠤᠨ ᠬᠠᠭᠤᠴᠢᠨ ᠪᠠᠭᠤᠷᠢ ᠶᠢᠨ ᠡᠬᠢ ᠪᠠᠶᠠᠯᠢᠭ ᠢᠶᠠᠷ ᠭᠤᠤᠯ ᠱᠤᠭᠤᠮ ᠪᠣᠯᠭᠠᠭᠰᠠᠨ ᠬᠤᠪᠢᠰᠬᠠᠯ ᠤᠨ ᠰᠣᠶᠣᠯ ᠤᠨ ᠵᠡᠭᠡᠯᠢ ᠲᠣᠭᠤᠷᠢᠭ᠂ ᠤᠯᠠᠭᠠᠨᠬᠠᠳᠠ ᠪᠠᠯᠭᠠᠰᠤ ᠶᠢᠨ ᠰᠠᠨ ᠾᠧ ᠲᠣᠰᠬᠤᠨ ᠤ ᠤᠨᠴᠠᠯᠢᠭᠳᠤ ᠰᠣᠶᠣᠯ  ᠵᠤᠭᠠᠴᠠᠯ ᠰᠡᠯᠡᠭᠦᠴᠡᠯ ᠤᠨ ᠵᠡᠭᠡᠯᠢ ᠲᠣᠭᠤᠷᠢᠭ ᠵᠡᠷᠭᠡ ᠤᠨᠴᠠᠯᠢᠭᠳᠤ ᠵᠡᠭᠡᠯᠢ ᠲᠣᠭᠤᠷᠢᠭ ᠤᠨ ᠪᠥᠲᠥᠭᠡᠨ ᠪᠠᠶᠢᠭᠤᠯᠤᠯᠲᠠ ᠶᠢ ᠭᠤᠤᠯᠳᠠᠯᠭ᠎ᠠ ᠲᠠᠢ ᠠᠬᠢᠭᠤᠯᠵᠤ᠂ ᠤᠯᠤᠰ ᠤᠨ ᠲᠠᠰ ᠤᠨ ᠤᠨᠴᠠᠯᠢᠭᠳᠤ ᠰᠣᠶᠣᠯ  ᠵᠤᠭᠠᠴᠠᠯ ᠰᠡᠯᠡᠭᠦᠴᠡᠯ ᠤᠨ ᠵᠡᠭᠡᠯᠢ ᠲᠣᠭᠤᠷᠢᠭ ᠢ 1 ᠡᠭᠦᠳᠦᠨ ᠪᠠᠶᠢᠭᠤᠯᠬᠤ ᠪᠠᠷ ᠴᠢᠷᠮᠠᠶᠢᠨ᠎ᠠ᠃  ᠲᠦᠷᠦᠭᠦᠯᠡᠬᠦ ᠨᠢᠭᠡᠴᠢ᠄ ᠠᠶᠢᠮᠠᠭ ᠤᠨ ᠰᠣᠶᠣᠯ  ᠵᠤᠭᠠᠴᠠᠯ ᠪᠡᠶ᠎ᠡ ᠶᠢᠨ ᠲᠠᠮᠢᠷ ᠤᠨ ᠲᠣᠪᠴᠢᠶ᠎ᠠ᠂ ᠬᠤᠳᠠᠯᠳᠤᠭᠠᠨ ᠤ ᠶᠠᠪᠤᠳᠠᠯ ᠤᠨ ᠪᠣᠭᠤᠮᠲᠠ ᠶᠢᠨ ᠲᠣᠪᠴᠢᠶ᠎ᠠ    ᠬᠠᠷᠢᠭᠤᠴᠠᠯᠭᠠᠲᠤ ᠨᠢᠭᠡᠴᠢ᠄ ᠠᠶᠢᠮᠠᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ 3.  ᠵᠤᠭᠠᠴᠠᠯ ᠤᠨ ᠠᠮᠠᠷᠠᠯᠲᠠ ᠶᠢᠨ ᠣᠷᠣᠨ ᠢ ᠡᠭᠦᠳᠦᠨ ᠪᠠᠶᠢᠭᠤᠯᠤᠨ᠎ᠠ᠃ ᠨᠢᠭᠡ ᠪᠦᠯᠦᠭ ᠤᠯᠤᠰ ᠤᠨ ᠲᠠᠰ ᠤᠨ ᠪᠠ ᠥᠪᠡᠷᠲᠡᠭᠡᠨ ᠵᠠᠰᠠᠬᠤ ᠣᠷᠣᠨ ᠤ ᠲᠠᠰ ᠤᠨ  ᠵᠤᠭᠠᠴᠠᠯ ᠤᠨ ᠠᠮᠠᠷᠠᠯᠲᠠ ᠶᠢᠨ ᠣᠷᠣᠨ ᠢ ᠴᠢᠨᠠᠷ ᠰᠠᠶᠢᠲᠠᠶ ᠪᠥᠭᠡᠳ ᠴᠢᠨᠠᠷ ᠰᠠᠶᠢᠲᠠᠶ ᠪᠠᠶᠢᠭᠤᠯᠵᠤ᠂ ᠷᠠᠰᠢᠶᠠᠨ — ᠴᠠᠢ ᠾᠧ ᠦᠵᠡᠮᠵᠢ ᠶᠢᠨ ᠣᠷᠣᠨ ᠤ ᠤᠯᠤᠰ ᠤᠨ ᠲᠠᠰ ᠤᠨ  ᠵᠤᠭᠠᠴᠠᠯ ᠤᠨ ᠠᠮᠠᠷᠠᠯᠲᠠ ᠶᠢᠨ ᠣᠷᠣᠨ ᠢ ᠡᠭᠦᠳᠦᠨ ᠪᠠᠶᠢᠭᠤᠯᠬᠤ᠂ ᠬᠠᠩᠭᠠᠯ —  ᠪᠠᠳᠤᠴᠠᠭᠠᠨ ᠵᠤᠭᠠᠴᠠᠯ ᠤᠨ ᠦᠵᠡᠮᠵᠢ ᠶᠢᠨ ᠣᠷᠣᠨ ᠤ ᠥᠪᠡᠷᠲᠡᠭᠡᠨ ᠵᠠᠰᠠᠬᠤ ᠣᠷᠣᠨ ᠤ ᠲᠠᠰ ᠤᠨ  ᠵᠤᠭᠠᠴᠠᠯ ᠤᠨ ᠠᠮᠠᠷᠠᠯᠲᠠ ᠶᠢᠨ ᠣᠷᠣᠨ ᠢ ᠡᠭᠦᠳᠦᠨ ᠪᠠᠶᠢᠭᠤᠯᠬᠤ ᠶᠢ ᠭᠤᠤᠯᠳᠠᠯᠭ᠎ᠠ ᠲᠠᠢ ᠳᠥᠯᠭᠢᠨ ᠠᠬᠢᠭᠤᠯᠵᠤ᠂ ᠵᠠᠯᠠᠶᠢᠳ ᠬᠤᠰᠢᠭᠤᠨ ᠤ ᠬᠤᠯᠪᠤᠭ᠎ᠠ ᠪᠠᠯᠭᠠᠰᠤ ᠪᠠᠷ ᠲᠥᠪ ᠪᠣᠯᠭᠠᠨ᠂ ᠣᠲᠣ ᠦᠶ᠎ᠡ ᠶᠢᠨ ᠲᠠᠷᠢᠶᠠᠯᠠᠩ ᠢ ᠶᠡᠬᠡᠪᠡᠷ ᠬᠥᠭᠵᠢᠭᠦᠯᠵᠦ᠂ ᠥᠪᠡᠷᠲᠡᠭᠡᠨ ᠵᠠᠰᠠᠬᠤ ᠣᠷᠣᠨ ᠤ ᠲᠠᠰ ᠤᠨ  ᠵᠤᠭᠠᠴᠠᠯ ᠤᠨ ᠠᠮᠠᠷᠠᠯᠲᠠ ᠶᠢᠨ ᠣᠷᠣᠨ ᠢ ᠡᠭᠦᠳᠦᠨ ᠪᠠᠶᠢᠭᠤᠯᠤᠨ᠎ᠠ᠃  ᠲᠦᠷᠦᠭᠦᠯᠡᠬᠦ ᠨᠢᠭᠡᠴᠢ᠄ ᠠᠶᠢᠮᠠᠭ ᠤᠨ  ᠰᠤᠶᠤᠯ ᠵᠤᠭᠠᠴᠠᠯ ᠪᠡᠶ᠎ᠡ ᠶᠢᠨ ᠲᠠᠮᠢᠷ ᠤᠨ ᠲᠤᠪᠴᠢᠶ᠎ᠠ    ᠬᠠᠷᠢᠭᠤᠴᠠᠯᠭᠠᠲᠤ ᠨᠢᠭᠡᠴᠢ᠄ ᠷᠠᠰᠢᠶᠠᠨ ᠬᠤᠲᠠ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ᠂ ᠵᠠᠯᠠᠶᠢᠳ ᠬᠤᠰᠢᠭᠤᠨ ᠤ ᠠᠷᠠᠳ ᠤᠨ ᠵᠠᠰᠠᠭ ᠤᠨ ᠣᠷᠳᠣᠨ 4. ᠰᠥᠨᠢ ᠶᠢᠨ ᠠᠵᠤ ᠠᠬᠤᠶ ᠶᠢᠨ ᠲᠥᠪᠯᠡᠷᠡᠭᠰᠡᠨ ᠣᠷᠣᠨ ᠢ ᠡᠭᠦᠳᠦᠨ ᠪᠠᠶᠢᠭᠤᠯᠤᠨ᠎ᠠ᠃ ᠮᠠᠨ ᠤ ᠠᠶᠢᠮᠠᠭ ᠤᠨ ᠡᠯ᠎ᠡ ᠬᠤᠰᠢᠭᠤ ᠰᠢᠶᠠᠨ ᠬᠤᠲᠠ ᠶᠢᠨ ᠬᠤᠲᠠ ᠶᠢᠨ ᠭᠤᠤᠯ ᠲᠣᠭᠤᠷᠢᠭ ᠤᠨ ᠰᠥᠨᠢ ᠶᠢᠨ ᠦᠵᠡᠮᠵᠢ ᠳᠤ ᠲᠦᠰᠢᠭᠯᠡᠨ᠂ ᠳ᠋ᠧᠩ ᠤᠨ ᠬᠡᠷᠡᠯ ᠤᠨ ᠦᠵᠡᠭᠦᠯᠦᠯᠭᠡ᠂ ᠤᠨᠴᠠᠯᠢᠬᠳᠤ ᠵᠡᠭᠡᠯᠢ ᠲᠣᠭᠤᠷᠢᠭ᠂ ᠳᠠᠭᠤᠤ ᠬᠥᠭᠵᠢᠮ ᠤᠨ ᠦᠳᠡᠰᠢᠯᠡᠭᠡ᠂ ᠲᠣᠭᠤᠷᠢᠨ ᠵᠤᠭᠠᠴᠠᠬᠤ ᠣᠩᠭᠤᠴᠠ ᠵᠡᠷᠭᠡ ᠰᠥᠨᠢ ᠶᠢᠨ  ᠵᠤᠭᠠᠴᠠᠯ ᠤᠨ ᠲᠥᠷᠥᠯ ᠵᠦᠢᠯ ᠢ ᠬᠥᠭᠵᠢᠭᠦᠯᠵᠦ᠂ ︽ᠰᠤᠯᠠ ᠢᠳᠡᠭᠡᠨ ᠤ ᠰᠥᠨᠢ ᠶᠢᠨ ᠵᠠᠬ᠎ᠠ ᠳᠡᠯᠭᠡᠭᠦᠷ︾᠂ ᠲᠣᠭᠯᠠᠯᠲᠠ ᠵᠡᠷᠭᠡ ᠣᠯᠠᠨ ᠵᠦᠢᠯ ᠤᠨ ᠰᠥᠨᠢ ᠶᠢᠨ ᠰᠣᠶᠣᠯ  ᠵᠤᠭᠠᠴᠠᠯ ᠤᠨ ᠬᠡᠷᠡᠭᠯᠡᠭᠡᠨ ᠤ ᠡᠵᠡᠩᠨᠡᠯᠲᠡ ᠶᠢᠨ ᠬᠡᠯᠪᠡᠷᠢ ᠪᠠᠶᠢᠳᠠᠯ ᠢ ᠨᠡᠮᠡᠭᠳᠡᠭᠦᠯᠵᠦ᠂ ᠤᠨᠴᠠᠯᠢᠬᠳᠤ ᠠᠮᠲᠠᠲᠤ ᠢᠳᠡᠭᠡᠨ ᠤ ᠪᠠᠶᠠᠷ᠂ ᠰᠤᠯᠠ ᠢᠳᠡᠭᠡᠨ ᠤ ᠪᠠᠶᠠᠷ᠂ ᠫᠢᠸᠤ᠋ ᠶᠢᠨ ᠪᠠᠶᠠᠷ᠂ ᠳᠠᠭᠤᠤ ᠬᠥᠭᠵᠢᠮ ᠤᠨ ᠨᠠᠶᠢᠷ ᠵᠡᠷᠭᠡ ᠰᠢᠷᠢᠰ ᠠᠵᠢᠯᠯᠠᠭ᠎ᠠ ᠶᠢ ᠡᠷᠭᠢᠯᠡᠨ᠎ᠡ᠃ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠦᠢᠯᠡᠴᠢᠯᠡᠭᠡᠨ ᠤ ᠪᠠᠲᠤᠯᠠᠭ᠎ᠠ ᠶᠢ ᠲᠡᠭᠦᠯᠳᠡᠷᠵᠢᠭᠦᠯᠵᠦ᠂ ᠰᠥᠨᠢ ᠶᠢᠨ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠦᠢᠯᠡᠴᠢᠯᠡᠭᠡ ᠶᠢ ᠰᠢᠯᠢᠳᠡᠭᠵᠢᠭᠦᠯᠦᠨ᠂ ᠰᠥᠨᠢ ᠶᠢᠨ ᠦᠵᠡᠮᠵᠢ ᠶᠢ ᠭᠡᠷᠡᠯᠲᠦᠭᠦᠯᠬᠦ᠂ ᠭᠤᠶᠤᠵᠢᠭᠤᠯᠬᠤ ᠢᠨᠵᠧᠨᠧᠷᠢᠩ ᠢ ᠳᠡᠮᠵᠢᠵᠦ᠂ ᠰᠥᠨᠢ ᠶᠢᠨ ᠲᠡᠮᠳᠡᠭ ᠤᠨ ᠰᠢᠰᠲ᠋ᠧᠮᠵᠢ᠂ ᠰᠡᠯᠡᠭᠦᠴᠡᠯ ᠤᠨ ᠪᠡᠯᠡᠳᠬᠡᠮᠵᠢ᠂ ᠳ᠋ᠧᠩ ᠤᠨ ᠬᠡᠷᠡᠯ ᠤᠨ ᠪᠡᠯᠡᠳᠬᠡᠮᠵᠢ ᠵᠡᠷᠭᠡ ᠢᠵᠢ ᠪᠥᠷᠢᠳᠦᠭᠦᠯᠬᠦ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢ ᠲᠡᠭᠦᠯᠳᠡᠷᠵᠢᠭᠦᠯᠵᠦ᠂ ᠰᠥᠨᠢ ᠶᠢᠨ ᠬᠡᠷᠡᠭᠯᠡᠭᠡᠨ ᠤ ᠠᠬᠤᠶ ᠪᠠᠶᠢᠳᠠᠯ ᠢ ᠭᠡᠷᠡᠯᠲᠦᠭᠦᠯᠦᠨ᠎ᠡ᠃ ᠷᠠᠰᠢᠶᠠᠨ ᠤ  ᠵᠤᠭᠠᠴᠠᠯ ᠠᠮᠠᠷᠠᠯᠲᠠ ᠶᠢᠨ ᠣᠷᠣᠨ ᠢ ᠡᠭᠦᠳᠦᠨ ᠪᠠᠶᠢᠭᠤᠯᠬᠤ ᠠᠵᠢᠯ ᠲᠠᠢ ᠤᠶᠠᠯᠳᠤᠭᠤᠯᠤᠨ᠂ ᠷᠠᠰᠢᠶᠠᠨ ᠤ ᠰᠥᠨᠢ ᠶᠢᠨ ᠠᠵᠤ ᠠᠬᠤᠶ ᠶᠢᠨ ᠲᠥᠪᠯᠡᠷᠡᠯ ᠤᠨ ᠣᠷᠣᠨ ᠢ ᠪᠣᠶ ᠪᠣᠯᠭᠠᠵᠤ᠂ ᠤᠯᠠᠭᠠᠨᠬᠤᠲᠠ᠂ ᠬᠤᠷᠴᠢᠨ ᠲᠠᠯ᠎ᠠ ᠬᠤᠲᠠᠨ ᠳᠠᠬᠢ ᠲᠠᠯ᠎ᠠ ᠨᠤᠲᠤᠭ ᠤᠨ ᠣᠯᠠᠨ ᠡᠵᠡᠩᠨᠡᠯᠲᠡ ᠶᠢᠨ ᠬᠡᠯᠪᠡᠷᠢ ᠪᠠᠶᠢᠳᠠᠯ ᠲᠠᠢ ᠰᠥᠨᠢ ᠶᠢᠨ ᠠᠵᠤ ᠠᠬᠤᠶ ᠶᠢᠨ ᠬᠡᠯᠪᠡᠷᠢ ᠪᠠᠶᠢᠳᠠᠯ ᠢ ᠪᠣᠶ ᠪᠣᠯᠭᠠᠵᠤ᠂ ᠤᠯᠤᠰ ᠤᠨ ᠰᠥᠨᠢ ᠶᠢᠨ ᠰᠣᠶᠣᠯ  ᠵᠤᠭᠠᠴᠠᠯ ᠤᠨ ᠬᠡᠷᠡᠭᠯᠡᠭᠡᠨ ᠤ ᠲᠥᠪᠯᠡᠷᠡᠯ ᠤᠨ ᠣᠷᠣᠨ ᠢ 1 ᠡᠭᠦᠳᠦᠨ ᠪᠠᠶᠢᠭᠤᠯᠬᠤ ᠪᠠᠷ ᠴᠢᠷᠮᠠᠶᠢᠨ᠎ᠠ᠃  ᠲᠦᠷᠦᠭᠦᠯᠡᠬᠦ ᠨᠢᠭᠡᠴᠢ᠄ ᠠᠶᠢᠮᠠᠭ ᠤᠨ ᠬᠤᠳᠠᠯᠳᠤᠭᠠᠨ ᠤ ᠶᠠᠪᠤᠳᠠᠯ ᠤᠨ ᠪᠣᠭᠤᠮᠲᠠ ᠶᠢᠨ ᠲᠣᠪᠴᠢᠶ᠎ᠠ᠂ ᠰᠣᠶᠣᠯ  ᠵᠤᠭᠠᠴᠠᠯ ᠪᠡᠶ᠎ᠡ ᠶᠢᠨ ᠲᠠᠮᠢᠷ ᠤᠨ ᠲᠣᠪᠴᠢᠶ᠎ᠠ᠂ ᠵᠠᠮ ᠬᠠᠷᠢᠯᠴᠠᠭᠠᠨ ᠤ ᠲᠣᠪᠴᠢᠶ᠎ᠠ    ᠬᠠᠷᠢᠭᠤᠴᠠᠯᠭᠠᠲᠤ ᠨᠢᠭᠡᠴᠢ᠄ ᠠᠶᠢᠮᠠᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠷᠠᠰᠢᠶᠠᠨ ᠬᠤᠲᠠ᠂ ᠤᠯᠠᠭᠠᠨᠬᠤᠲᠠ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ 5. ᠬᠥᠳᠡᠭᠡ ᠲᠣᠰᠬᠤᠨ ᠤ  ᠵᠤᠭᠠᠴᠠᠯ ᠢ ᠶᠡᠬᠡᠪᠡᠷ ᠬᠥᠭᠵᠢᠭᠦᠯᠦᠨ᠎ᠡ᠃ ᠥᠪᠡᠷᠲᠡᠭᠡᠨ ᠵᠠᠰᠠᠬᠤ ᠣᠷᠣᠨ ᠪᠣᠯᠤᠨ ᠮᠠᠨ ᠤ ᠠᠶᠢᠮᠠᠭ ᠤᠨ ᠲᠠᠷᠢᠶᠠᠯᠠᠩ ᠤᠨ ᠬᠥᠭᠵᠢᠯᠲᠡ ᠶᠢᠨ ᠬᠠᠮᠢᠶ᠎ᠠ ᠪᠦᠬᠦᠢ ᠲᠡᠳᠬᠦᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠦᠵᠡᠭᠦᠯᠦᠯᠭᠡ ᠶᠢᠨ ᠲᠠᠷᠢᠶᠠᠯᠠᠩ᠂ ᠰᠡᠯᠡᠭᠦᠴᠡᠯ ᠤᠨ ᠲᠠᠷᠢᠶᠠᠯᠠᠩ᠂ ᠪᠦᠲᠦᠭᠡᠯᠴᠢ ᠲᠠᠷᠢᠶᠠᠯᠠᠩ ᠢ ᠶᠡᠬᠡᠪᠡᠷ ᠬᠥᠭᠵᠢᠭᠦᠯᠵᠦ᠂ ᠨᠢᠭᠡ ᠪᠦᠯᠦᠭ ᠲᠣᠭᠤᠷᠢᠨ ᠦᠵᠡᠬᠦ᠂ ᠰᠡᠯᠡᠭᠦᠴᠡᠨ ᠠᠮᠠᠷᠠᠬᠤ᠂ ᠡᠷᠡᠭᠦᠯ ᠮᠡᠨᠳᠦ ᠪᠡᠶ᠎ᠡ ᠮᠠᠬᠠᠪᠣᠳ ᠰᠤᠪᠢᠯᠠᠯᠲᠠ ᠵᠡᠷᠭᠡ ᠴᠢᠳᠠᠮᠵᠢ ᠶᠢ ᠨᠢᠭᠡ ᠴᠤᠭᠴᠠᠵᠢᠭᠤᠯᠤᠭᠰᠠᠨ ᠬᠥᠳᠡᠭᠡ ᠲᠣᠰᠬᠤᠨ ᠤ  ᠵᠤᠭᠠᠴᠠᠯ ᠤᠨ ᠰᠣᠳᠣᠨ ᠲᠥᠷᠥᠯ ᠵᠦᠢᠯ ᠢ ᠭᠤᠤᠯᠳᠠᠯᠭ᠎ᠠ ᠲᠠᠢ ᠪᠣᠶ ᠪᠣᠯᠭᠠᠵᠤ᠂ ᠪᠥᠬᠦ ᠠᠶᠢᠮᠠᠭ ᠤᠨ ᠳᠠᠶᠢᠴᠢᠨᠲᠠᠯ᠎ᠠ ᠭᠠᠴᠠᠭ᠎ᠠ᠂ ᠶᠦᠩ ᠰᠢᠩ ᠲᠣᠰᠬᠤᠨ᠂  ᠦᠪᠦᠷᠵᠢᠯᠠᠭ᠎ᠠ ᠭᠠᠴᠠᠭ᠎ᠠ ᠵᠡᠷᠭᠡ 15 ᠭᠠᠴᠠᠭ᠎ᠠ ᠲᠣᠰᠬᠤᠨ ᠳᠤ ᠪᠥᠬᠦ ᠤᠯᠤᠰ ᠪᠤᠶᠤ ᠪᠥᠬᠦ ᠣᠷᠣᠨ ᠤ ᠬᠥᠳᠡᠭᠡ ᠲᠣᠰᠬᠤᠨ ᠤ  ᠵᠤᠭᠠᠴᠠᠯ ᠤᠨ ᠭᠤᠤᠯᠳᠠᠯᠭ᠎ᠠ ᠲᠠᠢ ᠭᠠᠴᠠᠭ᠎ᠠ ᠲᠣᠰᠬᠤᠨ ᠪᠠᠶᠢᠭᠤᠯᠬᠤ ᠶᠢ ᠳᠡᠮᠵᠢᠵᠦ᠂ ᠬᠤᠰᠢᠭᠤ ᠰᠢᠶᠠᠨ ᠬᠤᠲᠠ ᠨᠢᠭᠡᠪᠦᠷᠢ ᠳᠤ ᠨᠠᠭᠠᠳᠤ ᠵᠠᠬ᠎ᠠ ᠳᠠᠭᠠᠨ ᠨᠢᠭᠡ ᠬᠥᠳᠡᠭᠡ ᠲᠣᠰᠬᠤᠨ ᠤ ᠵᠤᠭᠠᠴᠠᠯ ᠤᠨ ᠪᠦᠰᠡ ᠪᠤᠶᠤ ᠨᠢᠭᠡ ᠬᠥᠳᠡᠭᠡ ᠲᠣᠰᠬᠤᠨ ᠤ  ᠵᠤᠭᠠᠴᠠᠯ ᠤᠨ ᠴᠤᠭᠯᠠᠷᠠᠯ ᠤᠨ ᠣᠷᠣᠨ ᠢ ᠪᠠᠶᠢᠭᠤᠯᠤᠨ᠎ᠠ᠃  ᠲᠦᠷᠦᠭᠦᠯᠡᠬᠦ ᠨᠢᠭᠡᠴᠢ᠄ ᠠᠶᠢᠮᠠᠭ ᠤᠨ ᠰᠣᠶᠣᠯ  ᠵᠤᠭᠠᠴᠠᠯ ᠪᠡᠶ᠎ᠡ ᠶᠢᠨ ᠲᠠᠮᠢᠷ ᠤᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ  ᠬᠠᠷᠢᠭᠤᠴᠠᠯᠭᠠᠲᠤ ᠨᠢᠭᠡᠴᠢ᠄ ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ 6. ᠬᠤᠪᠢᠰᠬᠠᠯ ᠤᠨ ᠳᠤᠷᠠᠰᠬᠠᠯᠲᠤ  ᠵᠤᠭᠠᠴᠠᠯ ᠢ ᠰᠢᠨ᠎ᠡ ᠪᠠᠷ ᠡᠭᠦᠳᠦᠨ ᠬᠥᠭᠵᠢᠭᠦᠯᠦᠨ᠎ᠡ᠃ ᠬᠤᠪᠢᠰᠬᠠᠯ ᠤᠨ ᠳᠤᠷᠠᠰᠬᠠᠯᠲᠤ ᠵᠦᠢᠯᠡᠰ ᠢ ᠬᠠᠮᠠᠭᠠᠯᠠᠵᠤ ᠠᠰᠢᠭᠯᠠᠬᠤ ᠪᠠ ᠬᠤᠪᠢᠰᠬᠠᠯ ᠤᠨ ᠳᠤᠷᠠᠰᠬᠠᠯᠲᠤ ᠵᠤᠭᠠᠴᠠᠯ ᠤᠨ ᠬᠥᠭᠵᠢᠯᠲᠡ ᠶᠢ ᠨᠢᠭᠡᠳᠦᠯᠲᠡᠶ ᠲᠥᠯᠥᠪᠯᠡᠵᠦ᠂ ᠮᠠᠨ ᠤ ᠠᠶᠢᠮᠠᠭ ᠤᠨ ︽ᠨᠢᠭᠡ ᠣᠷᠳᠣᠨ ᠭᠤᠷᠪᠠᠨ ᠪᠠᠭᠤᠷᠢ︾ ︽ᠬᠢᠩᠭᠠᠨ ᠨᠢᠭᠡᠳᠦᠭᠡᠷ ᠨᠠᠮ ᠤᠨ ᠡᠭᠦᠷ︾ ᠵᠡᠷᠭᠡ ᠬᠤᠪᠢᠰᠬᠠᠯ ᠤᠨ ᠰᠣᠶᠣᠯ ᠤᠨ ᠡᠬᠢ ᠪᠠᠶᠠᠯᠢᠭ ᠢ ᠭᠦᠢᠴᠡᠳ ᠠᠰᠢᠭᠯᠠᠵᠤ᠂ ᠬᠤᠪᠢᠰᠬᠠᠯ ᠤᠨ ᠰᠣᠶᠣᠯ ᠤᠨ ᠪᠡᠶᠡᠴᠢᠯᠡᠨ ᠣᠶᠢᠯᠠᠭᠠᠬᠤ ᠠᠭᠤᠯᠭ᠎ᠠ ᠪᠠ ᠵᠤᠭᠠᠴᠠᠯ ᠤᠨ ᠦᠢᠯᠡᠴᠢᠯᠡᠭᠡᠨ ᠤ ᠴᠢᠳᠠᠪᠬᠢ ᠶᠢ ᠪᠠᠶᠠᠯᠢᠭᠵᠢᠭᠤᠯᠵᠤ᠂ ᠡᠯ᠎ᠡ ᠬᠤᠰᠢᠭᠤ ᠰᠢᠶᠠᠨ ᠬᠤᠳᠠ ︽ᠬᠤᠪᠢᠰᠬᠠᠯ ᠤᠨ ᠤᠳᠤᠮᠰᠢᠯ ᠢ ᠤᠯᠠᠮᠵᠢᠯᠠᠬᠤ᠂ ᠬᠤᠪᠢᠰᠬᠠᠯ ᠤᠨ ᠰᠣᠶᠣᠯ ᠢ ᠤᠯᠠᠮᠵᠢᠯᠠᠬᠤ︾ ᠬᠤᠪᠢᠰᠬᠠᠯ ᠤᠨ ᠳᠤᠷᠠᠰᠬᠠᠯᠲᠤ ᠵᠤᠭᠠᠴᠠᠯ ᠤᠨ ᠭᠤᠣᠯ ᠰᠡᠳᠦᠪ ᠢ ᠡᠵᠡᠮᠳᠡᠵᠦ᠂ ᠬᠤᠪᠢᠰᠬᠠᠯ ᠤᠨ ᠰᠣᠶᠣᠯ ᠤᠨ ᠡᠬᠢ ᠪᠠᠶᠠᠯᠢᠭ ᠢ ᠭᠦᠨᠵᠡᠭᠡᠢ ᠠᠭᠤᠳᠠᠯᠵᠤ᠂ ᠬᠤᠪᠢᠰᠬᠠᠯ ᠤᠨ ᠰᠣᠶᠣᠯ ᠤᠨ ᠡᠯᠧᠮᠧᠨ᠋ᠲ ᠢ ᠰᠣᠶᠣᠯ ᠤᠨ ᠠᠵᠤ ᠦᠢᠯᠡᠰ ᠤᠨ ᠬᠦᠷᠢᠶᠡᠯᠡᠩ ᠤᠨ ᠪᠦᠳᠦᠭᠡᠨ ᠪᠠᠶᠢᠭᠤᠯᠤᠯᠲᠠ ᠳᠤ ᠣᠷᠣᠭᠤᠯᠵᠤ᠂ ᠬᠤᠪᠢᠰᠬᠠᠯ ᠤᠨ ᠭᠤᠣᠯ ᠰᠡᠳᠦᠪᠲᠦ ᠰᠣᠶᠣᠯ ᠤᠨ ᠠᠵᠤ ᠦᠢᠯᠡᠰ ᠤᠨ ᠬᠦᠷᠢᠶᠡᠯᠡᠩ ᠢ ᠪᠠᠶᠢᠭᠤᠯᠬᠤ ᠬᠡᠷᠡᠭᠲᠡᠢ᠃  ᠲᠦᠷᠦᠭᠦᠯᠡᠬᠦ ᠨᠢᠭᠡᠴᠢ᠄ ᠠᠶᠢᠮᠠᠭ ᠤᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠰᠣᠶᠣᠯ  ᠵᠤᠭᠠᠴᠠᠯ ᠪᠡᠶ᠎ᠡ ᠶᠢᠨ ᠲᠠᠮᠢᠷ ᠤᠨ ᠲᠣᠪᠴᠢᠶ᠎ᠠ  ᠬᠠᠷᠢᠭᠤᠴᠠᠯᠭᠠᠲᠤ ᠨᠢᠭᠡᠴᠢ᠄ ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ 7. ᠰᠣᠳᠣᠨ ᠵᠤᠭᠠᠴᠠᠯ ᠤᠨ ᠵᠠᠮ ᠱᠤᠭᠤᠮ ᠢ ᠪᠣᠶ ᠪᠣᠯᠭᠠᠨ᠎ᠠ᠃ ᠬᠤᠲᠠ ᠶᠢᠨ ᠰᠡᠯᠡᠭᠦᠴᠡᠯ  ᠵᠤᠭᠠᠴᠠᠯ ᠤᠨ ᠵᠠᠮ ᠱᠤᠭᠤᠮ ᠢ ᠭᠦᠨᠵᠡᠭᠡᠶ ᠨᠡᠭᠡᠭᠡᠨ ᠬᠥᠭᠵᠢᠭᠦᠯᠵᠦ᠂ ᠬᠤᠲᠠ ᠪᠠᠷ ᠲᠥᠪᠯᠡᠷᠡᠭᠦᠯᠦᠨ ᠲᠠᠷᠬᠠᠭᠠᠬᠤ ᠲᠥᠪ ᠪᠣᠯᠭᠠᠭᠰᠠᠨ᠂ ᠡᠷᠬᠢᠨ ᠲᠣᠭᠤᠷᠢᠨ ᠢ ᠨᠥᠯᠥᠭᠡᠯᠡᠨ ᠳᠠᠶᠢᠴᠢᠯᠠᠭᠰᠠᠨ ᠨᠢᠭᠡ ᠡᠳᠦᠷ ᠤᠨ  ᠵᠤᠭᠠᠴᠠᠯ᠂ ᠬᠤᠶᠠᠷ ᠡᠳᠦᠷ ᠤᠨ  ᠵᠤᠭᠠᠴᠠᠯ᠂ ᠣᠯᠠᠨ ᠡᠳᠦᠷ ᠤᠨ  ᠵᠤᠭᠠᠴᠠᠯ ᠤᠨ ᠵᠠᠮ ᠱᠤᠭᠤᠮ ᠢ ᠤᠬᠠᠭᠠᠯᠠᠨ ᠭᠠᠷᠭᠠᠵᠤ᠂ ᠨᠢᠭᠡ ᠪᠦᠯᠦᠭ ᠰᠣᠶᠣᠯ ᠢ ᠣᠶᠢᠯᠠᠭᠠᠬᠤ  ᠵᠤᠭᠠᠴᠠᠯ᠂ ᠰᠡᠯᠡᠭᠦᠴᠡᠯ  ᠵᠤᠭᠠᠴᠠᠯ᠂ ᠡᠷᠡᠭᠦᠯᠵᠢᠯ ᠰᠤᠪᠢᠯᠠᠯᠲᠠ ᠶᠢᠨ  ᠵᠤᠭᠠᠴᠠᠯ᠂ ᠠᠮᠢ ᠠᠬᠤᠶ ᠶᠢᠨ  ᠵᠤᠭᠠᠴᠠᠯ ᠵᠡᠷᠭᠡ ᠭᠤᠤᠯ ᠰᠡᠳᠦᠪᠲᠦ  ᠵᠤᠭᠠᠴᠠᠯ ᠤᠨ ᠰᠣᠳᠣᠨ ᠵᠠᠮ ᠱᠤᠭᠤᠮ ᠢ ᠭᠤᠤᠯᠳᠠᠯᠭ᠎ᠠ ᠲᠠᠢ ᠪᠣᠶ ᠪᠣᠯᠭᠠᠨ᠎ᠠ᠃  ᠲᠦᠷᠦᠭᠦᠯᠡᠬᠦ ᠨᠢᠭᠡᠴᠢ᠄ ᠠᠶᠢᠮᠠᠭ ᠤᠨ  ᠰᠤᠶᠤᠯ ᠵᠤᠭᠠᠴᠠᠯ ᠪᠡᠶ᠎ᠡ ᠶᠢᠨ ᠲᠠᠮᠢᠷ ᠤᠨ ᠲᠤᠪᠴᠢᠶ᠎ᠠ ᠬᠠᠷᠢᠭᠤᠴᠠᠯᠭᠠᠲᠤ ᠨᠢᠭᠡᠴᠢ᠄ ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ 8. ᠬᠤᠲᠠ ᠶᠢᠨ ᠵᠤᠭᠠᠴᠠᠯ ᠤᠨ ᠦᠢᠯᠡᠴᠢᠯᠡᠭᠡᠨ ᠤ ᠴᠢᠳᠠᠮᠵᠢ ᠶᠢ ᠲᠡᠭᠦᠯᠳᠡᠷᠵᠢᠭᠦᠯᠦᠨ᠎ᠡ᠃ ᠬᠤᠲᠠ ᠶᠢᠨ ᠰᠠᠭᠤᠷᠢ ᠪᠡᠯᠡᠳᠬᠡᠮᠵᠢ ᠶᠢᠨ ᠴᠢᠳᠠᠮᠵᠢ ᠶᠢ ᠲᠡᠭᠦᠯᠳᠡᠷᠵᠢᠭᠦᠯᠵᠦ᠂ ᠵᠤᠭᠠᠴᠠᠯ ᠤᠨ ᠦᠢᠯᠡᠴᠢᠯᠡᠭᠡᠨ ᠤ ᠬᠢᠷᠢ ᠬᠡᠮᠵᠢᠶ᠎ᠡ ᠶᠢ ᠦᠷᠭᠦᠯᠵᠢᠯᠡᠨ ᠳᠡᠭᠡᠭᠰᠢᠯᠡᠭᠦᠯᠦᠨ᠂ ᠬᠤᠷᠴᠢᠨ ᠲᠠᠯ᠎ᠠ ᠬᠤᠲᠠ ᠶᠢᠨ ᠳᠤᠮᠳᠠᠬᠢ ᠲᠠᠯ᠎ᠠ ᠨᠤᠲᠤᠭ ᠢ ᠬᠤᠲᠠ ᠶᠢᠨ ᠲᠥᠪ ᠤᠨ ᠲᠠᠯ᠎ᠠ ᠨᠤᠲᠤᠭ ᠤᠨ ᠭᠤᠤᠯ ᠰᠡᠳᠦᠪᠲᠦ ᠰᠡᠯᠡᠭᠦᠴᠡᠯ ᠤᠨ ᠲᠣᠭᠤᠷᠢᠭ ᠪᠣᠯᠭᠠᠵᠤ᠂ ᠤᠯᠠᠭᠠᠨᠬᠤᠲᠠ ᠶᠢᠨ ᠲᠢᠶᠠᠨ ᠵᠢᠶᠤᠤ ᠲᠢᠶᠠᠨ ᠵᠢᠶᠦ᠋ᠨ ᠤ  ᠵᠤᠭᠠᠴᠠᠯ ᠤᠨ ᠠᠮᠠᠷᠠᠯᠲᠠ ᠶᠢᠨ ᠲᠣᠭᠤᠷᠢᠭ᠂  ᠱᠧᠨ ᠵᠢᠶᠦ᠋ᠨ ᠸᠠᠨ ᠠᠮᠢ ᠠᠬᠤᠶ ᠶᠢᠨ ᠪᠡᠶᠡᠴᠢᠯᠡᠨ ᠣᠶᠢᠯᠠᠭᠠᠬᠤ ᠲᠣᠭᠤᠷᠢᠭ ᠢ ᠲᠦᠷᠭᠡᠳᠬᠡᠨ ᠪᠠᠶᠢᠭᠤᠯᠵᠤ᠂ ᠷᠠᠰᠢᠶᠠᠨ ᠬᠤᠲᠠ ᠶᠢᠨ ᠬᠠᠯᠠᠭᠤᠨ ᠷᠠᠰᠢᠶᠠᠨ ᠤ ᠰᠡᠯᠡᠭᠦᠴᠡᠯ ᠤᠨ ᠵᠡᠭᠡᠯᠢ ᠶᠢᠨ ᠲᠣᠭᠤᠷᠢᠭ ᠢᠶᠠᠷ ᠭᠤᠤᠯ ᠪᠣᠯᠭᠠᠭᠰᠠᠨ ᠨᠢᠭᠡ ᠪᠦᠯᠦᠭ ᠭᠤᠤᠯ ᠰᠡᠳᠦᠪᠲᠦ ᠴᠢᠳᠠᠮᠵᠢᠳᠤ ᠲᠣᠭᠤᠷᠢᠭ᠂ ᠵᠤᠭᠠᠴᠠᠯ ᠤᠨ ᠰᠡᠯᠡᠭᠦᠴᠡᠯ ᠤᠨ ᠲᠣᠭᠤᠷᠢᠭ ᠢ ᠪᠠᠶᠢᠭᠤᠯᠤᠨ᠎ᠠ᠃    ᠲᠦᠷᠦᠭᠦᠯᠡᠬᠦ ᠨᠢᠭᠡᠴᠢ᠄ ᠠᠶᠢᠮᠠᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠰᠣᠶᠣᠯ  ᠵᠤᠭᠠᠴᠠᠯ ᠪᠡᠶ᠎ᠡ ᠶᠢᠨ ᠲᠠᠮᠢᠷ ᠤᠨ ᠲᠣᠪᠴᠢᠶ᠎ᠠ    ᠬᠠᠷᠢᠭᠤᠴᠠᠯᠭᠠᠲᠤ ᠨᠢᠭᠡᠴᠢ᠄ ᠤᠯᠠᠭᠠᠨᠬᠤᠲᠠ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ᠂ ᠷᠠᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ  9. ᠬᠤᠲᠠ ᠶᠢᠨ ᠶᠠᠰᠤ ᠴᠢᠨᠠᠷ ᠢ ᠳᠡᠭᠡᠭᠰᠢᠯᠡᠭᠦᠯᠦᠨ᠎ᠡ᠃ ᠬᠤᠲᠠ ᠶᠢᠨ ᠭᠤᠤᠯ ᠲᠣᠭᠤᠷᠢᠭ ᠢ ᠨᠣᠭᠤᠭᠠᠷᠠᠭᠤᠯᠬᠤ᠂ ᠭᠤᠶᠤᠵᠢᠭᠤᠯᠬᠤ᠂ ᠭᠡᠷᠡᠯᠲᠦᠭᠦᠯᠬᠦ ᠢᠨᠵᠧᠨᠧᠷᠢᠩ ᠢ ᠦᠷᠭᠦᠯᠵᠢᠯᠡᠨ ᠬᠡᠷᠡᠭᠵᠢᠭᠦᠯᠵᠦ᠂ ᠬᠤᠲᠠ ᠶᠢᠨ ᠶᠠᠰᠤ ᠴᠢᠨᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠡᠯ᠎ᠡ ᠬᠤᠰᠢᠭᠤ ᠰᠢᠶᠠᠨ ᠬᠤᠲᠠ ᠨᠢ ᠣᠯᠠᠨ ᠡᠰᠢᠵᠢᠭᠰᠡᠨ ᠡᠵᠡᠩᠨᠡᠯᠲᠡ ᠶᠢᠨ ᠬᠡᠯᠪᠡᠷᠢ ᠪᠠᠶᠢᠳᠠᠯ ᠢ ᠨᠢᠭᠡ ᠴᠤᠭᠴᠠᠵᠢᠭᠤᠯᠤᠭᠰᠠᠨ ᠣᠷᠣᠨ ᠪᠦᠰᠡ ᠶᠢᠨ ᠰᠣᠶᠣᠯ ᠤᠨ ᠣᠨᠴᠠᠯᠢᠭ ᠲᠠᠢ ᠬᠤᠲᠠ ᠶᠢᠨ ᠴᠡᠴᠡᠷᠯᠢᠭ ᠢ ᠪᠠᠶᠢᠭᠤᠯᠤᠨ᠎ᠠ᠃ ᠣᠲᠣ ᠶᠢᠨ ᠪᠠᠶᠢᠭ᠎ᠠ ᠬᠤᠲᠠ ᠶᠢᠨ ᠰᠡᠯᠡᠭᠦᠴᠡᠯ ᠤᠨ ᠴᠡᠴᠡᠷᠯᠢᠭ᠂ ᠠᠮᠢ ᠠᠬᠤᠶ ᠶᠢᠨ ᠴᠡᠴᠡᠷᠯᠢᠭ ᠤᠨ ᠰᠠᠭᠤᠷᠢᠨ ᠳᠡᠭᠡᠷ᠎ᠡ ᠨᠢᠭᠡ ᠪᠦᠯᠦᠭ ᠭᠤᠤᠯ ᠰᠡᠳᠦᠪᠲᠦ ᠴᠡᠩᠭᠡᠯ ᠤᠨ ᠬᠦᠷᠢᠶᠡᠯᠡᠩ᠂ ᠰᠢᠨᠵᠢᠯᠡᠬᠦ ᠤᠬᠠᠭᠠᠨ ᠮᠡᠷᠭᠡᠵᠢᠯ ᠤᠨ ᠣᠷᠳᠣᠨ᠂ ᠦᠵᠡᠰᠬᠦᠯᠡᠩ ᠤᠨ ᠣᠷᠳᠣᠨ᠂ ᠠᠮᠢᠲᠠᠨ ᠤ ᠬᠦᠷᠢᠶᠡᠯᠡᠩ᠂ ᠤᠷᠭᠤᠮᠠᠯ ᠤᠨ ᠬᠦᠷᠢᠶᠡᠯᠡᠩ ᠵᠡᠷᠭᠡ ᠬᠤᠲᠠ ᠶᠢᠨ ᠰᠡᠯᠡᠭᠦᠴᠡᠯ ᠤᠨ ᠵᠤᠭᠠᠴᠠᠯ ᠤᠨ ᠡᠯᠧᠮᠧᠨ᠋ᠲ ᠢ ᠨᠡᠮᠡᠭᠳᠡᠭᠦᠯᠬᠦ ᠴᠡᠴᠡᠷᠯᠢᠭ᠂ ᠴᠡᠩᠭᠡᠯ ᠤᠨ ᠬᠦᠷᠢᠶᠡᠯᠡᠩ ᠢ ᠪᠥᠲᠥᠭᠡᠨ ᠪᠠᠶᠢᠭᠤᠯᠬᠤ ᠶᠢ ᠠᠬᠢᠭᠤᠯᠤᠨ᠎ᠠ᠃  ᠲᠦᠷᠦᠭᠦᠯᠡᠬᠦ ᠨᠢᠭᠡᠴᠢ᠄ ᠠᠶᠢᠮᠠᠭ ᠤᠨ ᠣᠷᠣᠨ ᠰᠠᠭᠤᠴᠠ ᠪᠣᠯᠤᠨ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠣᠶ ᠰᠢᠭᠤᠶ ᠨᠤᠳᠤᠭ ᠪᠡᠯᠴᠢᠭᠡᠷ ᠤᠨ ᠲᠣᠪᠴᠢᠶ᠎ᠠ᠂ ᠰᠣᠶᠣᠯ  ᠵᠤᠭᠠᠴᠠᠯ ᠪᠡᠶ᠎ᠡ ᠶᠢᠨ ᠲᠠᠮᠢᠷ ᠤᠨ ᠲᠣᠪᠴᠢᠶ᠎ᠠ  ᠬᠠᠷᠢᠭᠤᠴᠠᠯᠭᠠᠲᠤ ᠨᠢᠭᠡᠴᠢ᠄ ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ 10. ᠬᠤᠲᠠ ᠶᠢᠨ ᠭᠠᠵᠠᠷ ᠣᠷᠣᠨ ᠤ ᠪᠠᠷᠢᠮᠵᠢᠶᠠᠲᠤ ᠣᠷᠣᠨ ᠪᠦᠰᠡ ᠪᠠ ᠪᠠᠷᠢᠯᠭ᠎ᠠ ᠶᠢ ᠪᠥᠲᠥᠭᠡᠨ ᠪᠠᠶᠢᠭᠤᠯᠤᠨ᠎ᠠ᠃ ᠬᠤᠳᠠ ᠶᠢᠨ ᠭᠤᠣᠯ ᠲᠣᠭᠤᠷᠢᠭ ᠢᠶᠠᠷ ᠭᠤᠣᠯᠳᠠᠯᠭ᠎ᠠ ᠪᠣᠯᠭᠠᠨ᠂ ᠨᠢᠭᠡ ᠪᠦᠯᠦᠭ ᠬᠤᠳᠠ ᠶᠢᠨ ᠵᠤᠭᠠᠴᠠᠯ ᠤᠨ ᠲᠥᠪ ᠢ ᠲᠥᠯᠥᠪᠵᠢᠭᠦᠯᠦᠨ ᠪᠦᠳᠦᠭᠡᠨ ᠪᠠᠶᠢᠭᠤᠯᠤᠨ᠎ᠠ᠃ ᠬᠤᠲᠠ ᠶᠢᠨ ᠭᠠᠵᠠᠷ ᠤᠨ ᠲᠡᠮᠳᠡᠭ ᠲᠠᠢ ᠣᠷᠣᠨ ᠪᠦᠰᠡ ᠪᠠ ᠪᠠᠷᠢᠯᠭ᠎ᠠ ᠶᠢ ᠲᠥᠯᠥᠪᠵᠢᠭᠦᠯᠦᠨ ᠪᠥᠲᠥᠭᠡᠨ ᠪᠠᠶᠢᠭᠤᠯᠵᠤ ᠳᠡᠭᠡᠭᠰᠢᠯᠡᠭᠦᠯᠦᠨ᠂ ᠬᠤᠲᠠ ᠶᠢᠨ  ᠵᠤᠭᠠᠴᠠᠯ ᠤᠨ ᠴᠢᠳᠠᠮᠵᠢ ᠶᠢ ᠦᠷᠭᠦᠯᠵᠢᠯᠡᠨ ᠲᠡᠭᠦᠯᠳᠡᠷᠵᠢᠭᠦᠯᠵᠦ᠂ ᠬᠤᠲᠠ ᠶᠢᠨ  ᠵᠤᠭᠠᠴᠠᠯ ᠤᠨ ᠶᠠᠰᠤ ᠴᠢᠨᠠᠷ ᠢ ᠲᠠᠰᠤᠷᠠᠯᠲᠠ ᠥᠬᠡᠶ ᠳᠡᠭᠡᠭᠰᠢᠯᠡᠭᠦᠯᠦᠨ᠂ ᠤᠯᠠᠭᠠᠨᠬᠤᠲᠠ ᠶᠢᠨ ᠤᠯᠠᠭᠠᠨᠮᠥ᠋ᠴᠢᠷ ᠤᠨ ᠣᠷᠳᠣᠨ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠤᠭᠠᠴᠠᠭᠰᠠᠳ ᠤᠨ ᠲᠥᠪᠯᠡᠷᠡᠭᠦᠯᠵᠦ ᠲᠠᠷᠬᠠᠭᠠᠬᠤ ᠲᠥᠪ᠂ ᠷᠠᠰᠢᠶᠠᠨ ᠬᠤᠲᠠ ᠶᠢᠨ ᠬᠠᠯᠠᠭᠤᠨ ᠷᠠᠰᠢᠶᠠᠨ ᠵᠡᠭᠡᠯᠢ ᠪᠠᠷ ᠲᠥᠪ ᠪᠣᠯᠭᠠᠭᠰᠠᠨ ᠢᠯᠡ ᠲᠣᠳᠣ ᠣᠨᠴᠠᠯᠢᠭ ᠲᠠᠢ ᠬᠤᠲᠠ ᠶᠢᠨ  ᠵᠤᠭᠠᠴᠠᠯ ᠤᠨ ᠲᠥᠪ ᠢ ᠭᠤᠤᠯᠳᠠᠯᠭ᠎ᠠ ᠲᠠᠢ ᠪᠠᠶᠢᠭᠤᠯᠤᠨ᠎ᠠ᠃    ᠲᠦᠷᠦᠭᠦᠯᠡᠬᠦ ᠨᠢᠭᠡᠴᠢ᠄ ᠠᠶᠢᠮᠠᠭ ᠤᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠬᠤᠲᠠ ᠶᠢᠨ ᠪᠠᠯᠠ ᠣᠷᠣᠭᠤᠯᠤᠯᠲᠠ ᠶᠢᠨ ᠺᠣᠮᠫᠠᠨᠢ    ᠬᠠᠷᠢᠭᠤᠴᠠᠯᠭᠠᠲᠤ ᠨᠢᠭᠡᠴᠢ᠄ ᠠᠶᠢᠮᠠᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠰᠣᠶᠣᠯ  ᠵᠤᠭᠠᠴᠠᠯ ᠪᠡᠶ᠎ᠡ ᠶᠢᠨ ᠲᠠᠮᠢᠷ ᠤᠨ ᠲᠣᠪᠴᠢᠶ᠎ᠠ᠂ ᠤᠯᠠᠭᠠᠨᠬᠤᠲᠠ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ᠂ ᠷᠠᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ  11. ᠨᠡᠷᠡᠲᠦ ᠲᠡᠮᠳᠡᠭᠲᠦ ᠶᠢᠨ ᠪᠠᠶᠠᠷ ᠳᠤᠷᠠᠰᠬᠠᠯ ᠤᠨ ᠠᠵᠢᠯᠯᠠᠭ᠎ᠠ ᠶᠢ ᠪᠤᠶ ᠪᠣᠯᠭᠠᠨ᠎ᠠ᠃ ᠬᠢᠩᠭᠠᠨ ᠠᠶᠢᠮᠠᠭ ᠤᠨ ᠬᠢᠯᠢ ᠳᠣᠲᠣᠷᠠᠬᠢ ᠤᠨᠴᠠᠯᠢᠬᠳᠤ ᠰᠣᠶᠣᠯ ᠤᠨ  ᠵᠤᠭᠠᠴᠠᠯ ᠤᠨ ᠠᠵᠢᠯᠯᠠᠭ᠎ᠠ ᠶᠢ ᠦᠷᠭᠦᠯᠵᠢᠯᠡᠨ ᠰᠠᠶᠢᠲᠤᠷ ᠡᠷᠭᠢᠯᠡᠵᠦ᠂ ᠷᠠᠰᠢᠶᠠᠨ ᠤ ᠮᠥᠰᠥ ᠴᠠᠰᠤᠨ ᠤ ᠪᠠᠶᠠᠷ᠂ ᠬᠢᠩᠭᠠᠨ ᠠᠶᠢᠮᠠᠭ ᠤᠨ ᠡᠪᠦᠯ ᠵᠣᠨ ᠤ ᠬᠤᠶᠠᠷ ᠤᠯᠠᠷᠢᠯ ᠤᠨ ᠨᠠᠭᠠᠳᠤᠮ ᠤᠨ ᠬᠤᠷᠠᠯ᠂ ᠪᠠᠲᠤᠴᠠᠭᠠᠨ ᠵᠤᠭᠠᠴᠠᠯ ᠤᠨ ᠪᠠᠶᠠᠷ᠂ ᠲᠤᠲᠤᠷᠭ᠎ᠠ ᠶᠢᠨ ᠲᠠᠷᠢᠶᠠᠨ ᠤ ᠰᠣᠶᠣᠯ ᠤᠨ ᠨᠠᠶᠢᠷ᠂  ᠬᠤᠷᠴᠠ ᠤᠯᠠᠭᠠᠨ ᠴᠡᠴᠡᠭ ᠤᠨ ᠪᠠᠶᠠᠷ ᠵᠡᠷᠭᠡ ᠨᠢᠭᠡ ᠪᠦᠯᠦᠭ ᠪᠠᠶᠠᠷ ᠳᠤᠷᠠᠰᠬᠠᠯ ᠤᠨ ᠡᠳᠦᠷ ᠤᠨ ᠴᠤᠭᠯᠠᠭᠠᠨ ᠤ ᠨᠠᠷᠠᠲᠤ ᠲᠡᠮᠳᠡᠭᠲᠦ ᠶᠢ ᠭᠤᠤᠯᠳᠠᠯᠭ᠎ᠠ ᠲᠠᠢ ᠪᠣᠶ ᠪᠣᠯᠭᠠᠨ᠎ᠠ᠃  ᠲᠦᠷᠦᠭᠦᠯᠡᠬᠦ ᠨᠢᠭᠡᠴᠢ᠄ ᠠᠶᠢᠮᠠᠭ ᠤᠨ ᠰᠤᠶᠤᠯ ᠵᠤᠭᠠᠴᠠᠯ ᠪᠡᠶ᠎ᠡ ᠶᠢᠨ ᠲᠠᠮᠢᠷ ᠤᠨ ᠲᠤᠪᠴᠢᠶ᠎ᠠ ᠬᠠᠷᠢᠭᠤᠴᠠᠯᠭᠠᠲᠤ ᠨᠢᠭᠡᠴᠢ᠄ ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ    ︵ᠭᠤᠷᠪᠠ︶ ᠰᠣᠶᠣᠯ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠦᠨ᠎ᠡ  1. ᠵᠥᠪ ᠣᠨᠣᠪᠴᠢᠲᠠᠶ ᠤᠯᠤᠰ ᠲᠥᠷᠥ ᠶᠢᠨ ᠤᠳᠤᠷᠢᠳᠤᠮᠵᠢ ᠶᠢ ᠡᠵᠡᠮᠰᠢᠬᠦ ᠬᠡᠷᠡᠭᠲᠡᠶ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠪᠠᠷ ᠭᠤᠣᠯ ᠰᠢᠵᠢᠮ ᠪᠣᠯᠭᠠᠵᠤ᠂ ᠰᠣᠶᠣᠯ ᠵᠤᠭᠠᠴᠠᠯ ᠤᠨ ᠪᠦᠲᠦᠭᠡᠭᠳᠡᠬᠦᠨ ᠤ ᠬᠠᠩᠭᠠᠯᠭ᠎ᠠ᠂ ᠠᠵᠢᠯᠯᠠᠭᠠᠨ ᠤ ᠲᠦᠷᠦᠯ ᠵᠦᠢᠯ᠂ ᠤᠬᠠᠭᠤᠯᠤᠨ ᠳᠡᠯᠭᠡᠷᠡᠭᠦᠯᠬᠦ ᠵᠡᠷᠭᠡ ᠡᠯ᠎ᠡ ᠭᠤᠭᠴᠤᠭ᠎ᠠ ᠳᠤ ᠦᠨᠳᠦᠰᠦᠲᠡᠨ ᠨᠦᠭᠦᠳ ᠤᠨ ᠬᠠᠮᠲᠤ ᠪᠠᠷ ᠡᠳ᠋ᠯᠡᠬᠦ ᠳᠤᠮᠳᠠᠳᠤ ᠶᠢᠨ ᠰᠣᠶᠣᠯ ᠤᠨ ᠲᠡᠮᠳᠡᠭ ᠪᠣᠯᠤᠨ ᠳᠤᠮᠳᠠᠳᠤ ᠶᠢᠨ ᠦᠨᠳᠦᠰᠦᠲᠡᠨ ᠤ ᠲᠦᠷᠢ ᠲᠥᠷᠬᠦ ᠶᠢ ᠪᠤᠢ ᠪᠣᠯᠭᠠᠵᠤ ᠲᠤᠪᠤᠶᠢᠯᠭᠠᠨ᠎ᠠ᠃  ᠲᠦᠷᠦᠭᠦᠯᠡᠬᠦ ᠨᠢᠭᠡᠴᠢ᠄ ᠠᠶᠢᠮᠠᠭ ᠤᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠰᠣᠶᠣᠯ  ᠵᠤᠭᠠᠴᠠᠯ ᠪᠡᠶ᠎ᠡ ᠶᠢᠨ ᠲᠠᠮᠢᠷ ᠤᠨ ᠲᠣᠪᠴᠢᠶ᠎ᠠ  ᠬᠠᠷᠢᠭᠤᠴᠠᠯᠭᠠᠲᠤ ᠨᠢᠭᠡᠴᠢ᠄ ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ 2. ᠬᠤᠲᠠ ᠶᠢᠨ ᠦᠯᠢᠭᠡᠷ ᠢ ᠰᠠᠶᠢᠬᠠᠨ ᠶᠠᠷᠢᠨ᠎ᠠ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠢᠯᠡᠷᠡᠭᠦᠯᠦᠭᠰᠡᠨ᠂ ᠬᠤᠳᠠ ᠶᠢᠨ ᠲᠡᠦᠬᠡ ᠪᠠ ᠵᠣᠷᠢᠭ ᠰᠠᠨᠠᠭ᠎ᠠ ᠶᠢ ᠲᠤᠰᠬᠠᠭᠰᠠᠨ ᠨᠢᠭᠡ ᠪᠦᠯᠦᠭ ᠦᠯᠢᠭᠡᠷ ᠢ ᠭᠦᠨᠵᠡᠭᠡᠶ ᠠᠭᠤᠳᠠᠯᠤᠨ ᠡᠮᠬᠢᠳᠬᠡᠨ᠎ᠡ᠃ ᠲᠡᠦᠬᠡ ᠰᠣᠶᠣᠯ ᠤᠨ ᠠᠭᠤᠯᠬᠤᠨ ᠤ ᠳᠠᠪᠠᠭᠤᠯᠢᠭ ᠢ ᠰᠠᠶᠢᠲᠤᠷ ᠠᠰᠢᠭᠯᠠᠵᠤ᠂ ᠰᠣᠶᠣᠯ ᠤᠨ ᠪᠠᠶᠢᠭᠤᠯᠤᠯᠲᠠ ᠶᠢ ᠴᠢᠩᠭᠠᠳᠬᠠᠵᠤ᠂ ᠰᠢᠷᠢᠰ ᠭᠤᠣᠯ ᠰᠡᠳᠦᠪᠲᠦ ᠤᠳᠬ᠎ᠠ ᠤᠷᠠᠯᠢᠭ ᠤᠨ ᠵᠣᠬᠢᠶᠠᠨ ᠪᠦᠲᠦᠭᠡᠯᠭᠡ ᠪᠠ ᠦᠵᠡᠭᠦᠯᠦᠯᠭᠡ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠬᠢᠩᠭᠠᠨ ᠠᠶᠢᠮᠠᠭ ᠤᠨ ᠬᠤᠪᠢᠰᠬᠠᠯ ᠤᠨ ᠦᠯᠢᠬᠡᠷ᠂ ᠰᠣᠶᠣᠯ ᠤᠨ ᠦᠯᠢᠬᠡᠷ᠂ ᠠᠮᠢ ᠠᠬᠤᠢ ᠶᠢᠨ ᠦᠯᠢᠭᠡᠷ ᠢ ᠰᠠᠶᠢᠲᠤᠷ ᠶᠠᠷᠢᠵᠤ᠂ ᠰᠣᠶᠣᠯ ᠤᠨ ᠤᠯᠠᠮᠵᠢᠯᠠᠯ ᠢ ᠰᠠᠶᠢᠲᠤᠷ ᠬᠢᠵᠦ᠂ ᠬᠤᠳᠠ ᠶᠢ ᠨᠡᠩ ᠢᠯᠡᠭᠦᠦ ᠲᠡᠦᠬᠡ ᠶᠢᠨ ᠦᠨᠦᠷ ᠠᠮᠲᠠ ᠪᠠ ᠰᠣᠶᠣᠯ ᠢᠷᠭᠡᠨᠰᠢᠯ ᠤᠨ ᠠᠭᠤᠷ ᠠᠮᠢᠰᠬᠤᠯ ᠲᠠᠢ ᠪᠣᠯᠭᠠᠨ᠎ᠠ᠃  ᠲᠦᠷᠦᠭᠦᠯᠡᠬᠦ ᠨᠢᠭᠡᠴᠢ᠄ ᠠᠶᠢᠮᠠᠭ ᠤᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠰᠣᠶᠣᠯ ᠵᠤᠭᠠᠴᠠᠯ ᠪᠡᠶ᠎ᠡ ᠶᠢᠨ ᠲᠠᠮᠢᠷ ᠤᠨ ᠲᠣᠪᠴᠢᠶ᠎ᠠ    ᠬᠠᠷᠢᠭᠤᠴᠠᠯᠭᠠᠲᠤ ᠨᠢᠭᠡᠴᠢ᠄ ᠠᠶᠢᠮᠠᠭ ᠤᠨ ᠤᠳᠬ᠎ᠠ ᠤᠷᠠᠯᠢᠭ ᠤᠨ ᠬᠢᠨ ᠤ ᠬᠤᠯᠪᠣᠭ᠎ᠠ᠂ ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ 3. ᠬᠤᠲᠠ ᠶᠢᠨ ᠲᠡᠤᠬᠡ ᠶᠢᠨ ᠪᠠᠷᠢᠯᠭ᠎ᠠ᠂ ᠲᠡᠤᠬᠡ ᠰᠣᠶᠣᠯ ᠤᠨ ᠵᠡᠭᠡᠯᠢ ᠲᠣᠭᠤᠷᠢᠭ ᠤᠨ ᠬᠠᠮᠠᠭᠠᠯᠠᠯᠲᠠ ᠪᠠ ᠠᠰᠢᠭᠯᠠᠯᠲᠠ ᠶᠢ ᠴᠢᠩᠭᠠᠳᠬᠠᠨ᠎ᠠ᠃ ᠲᠡᠤᠬᠡ ᠶᠢᠨ ᠪᠠᠷᠢᠯᠭ᠎ᠠ ᠶᠢ ᠨᠡᠶᠢᠳᠡᠮ ᠪᠠᠶᠢᠴᠠᠭᠠᠬᠤ᠂ ᠦᠨᠡᠯᠡᠨ ᠵᠢᠱᠢᠬᠦ ᠪᠠ ᠦᠨᠡᠮᠰᠢᠬᠦ ᠠᠵᠢᠯ ᠢ ᠦᠷᠭᠦᠯᠵᠢᠯᠡᠨ ᠥᠷᠨᠢᠭᠦᠯᠵᠦ᠂ ᠬᠠᠮᠠᠭᠠᠯᠠᠬᠤ ᠡᠲᠡᠭᠡᠳ ᠢᠶᠠᠨ ᠴᠠᠭ ᠲᠤᠬᠠᠶ ᠳᠤᠨᠢ ᠥᠷᠭᠡᠳᠬᠡᠨ᠂ ᠬᠠᠮᠠᠭᠠᠯᠠᠬᠤ ᠨᠡᠷᠡᠰ ᠤᠨ ᠵᠢᠭᠰᠠᠭᠠᠯᠲᠠ ᠶᠢ ᠪᠠᠶᠠᠯᠢᠭᠵᠢᠭᠤᠯᠤᠨ᠂ ᠲᠡᠤᠬᠡ ᠰᠣᠶᠣᠯ ᠤᠨ ᠰᠤᠳᠠᠰᠤ ᠶᠢ ᠦᠷᠭᠦᠯᠵᠢᠯᠡᠭᠦᠯᠵᠦ᠂ ᠬᠤᠪᠢᠰᠬᠠᠯ ᠤᠨ ᠰᠣᠶᠣᠯ ᠤᠨ  ᠵᠤᠭᠠᠴᠠᠯ ᠤᠨ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠨ᠂ ᠤᠯᠠᠭᠠᠨᠬᠤᠲᠠ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ ᠵᠡᠷᠭᠡ ᠬᠤᠰᠢᠭᠤ ᠰᠢᠶᠠᠨ ᠬᠤᠲᠠ ᠶᠢᠨ ᠨᠢᠭᠡ ᠪᠦᠯᠦᠭ ᠣᠨᠴᠠᠯᠢᠭᠲᠤ ᠰᠣᠶᠣᠯ ᠤᠨ ᠲᠡᠤᠬᠡ ᠶᠢᠨ ᠵᠡᠭᠡᠯᠢ ᠲᠣᠭᠤᠷᠢᠭ ᠢ ᠪᠥᠲᠥᠭᠡᠨ ᠪᠠᠶᠢᠭᠤᠯᠬᠤ ᠶᠢ ᠠᠬᠢᠭᠤᠯᠤᠨ᠎ᠠ᠃    ᠲᠦᠷᠦᠭᠦᠯᠡᠬᠦ ᠨᠢᠭᠡᠴᠢ᠄ ᠠᠶᠢᠮᠠᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ    ᠬᠠᠷᠢᠭᠤᠴᠠᠯᠭᠠᠲᠤ ᠨᠢᠭᠡᠴᠢ᠄ ᠠᠶᠢᠮᠠᠭ ᠤᠨ ᠰᠣᠶᠣᠯ ᠵᠤᠭᠠᠴᠠᠯ ᠪᠡᠶ᠎ᠡ ᠶᠢᠨ ᠲᠠᠮᠢᠷ ᠤᠨ ᠲᠣᠪᠴᠢᠶ᠎ᠠ᠂ ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ 4. ᠤᠨᠴᠠᠯᠢᠭᠳᠤ ᠮᠦᠽᠧᠶ᠂ ᠰᠣᠶᠣᠯ ᠤᠨ ᠣᠷᠳᠣᠨ᠂ ᠤᠷᠠᠨ ᠵᠢᠷᠤᠭ ᠤᠨ ᠣᠷᠳᠣᠨ᠂ ᠳᠤᠷᠠᠰᠬᠠᠯ ᠤᠨ ᠣᠷᠳᠣᠨ᠂ ᠨᠣᠮ ᠤᠨ ᠰᠠᠩ ᠵᠡᠷᠭᠡ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠎ᠠ᠃ ᠪᠥᠬᠦ ᠠᠶᠢᠮᠠᠭ ᠤᠨ ᠡᠯ᠎ᠡ ᠱᠠᠲᠤᠨ ᠤ ᠣᠯᠠᠨ ᠨᠡᠶᠢᠲᠡ ᠶᠢᠨ ᠰᠣᠶᠣᠯ ᠤᠨ ᠪᠡᠯᠡᠳᠬᠡᠮᠵᠢ ᠶᠢᠨ ᠦᠢᠯᠡᠴᠢᠯᠡᠭᠡᠨ ᠤ ᠬᠦᠴᠦᠨ ᠴᠢᠳᠠᠪᠤᠷᠢ ᠶᠢ ᠪᠠᠬᠢᠵᠢᠭᠦᠯᠦᠨ ᠳᠡᠭᠡᠭᠰᠢᠯᠡᠭᠦᠯᠵᠦ᠂ ᠨᠡᠶᠢᠭᠡᠮ ᠨᠡᠶᠢᠲᠡ ᠳᠤ  ᠰᠦᠢᠳᠭᠡᠯ ᠬᠤᠷᠢᠶᠠᠬᠤ ᠥᠬᠡᠶ ᠪᠠᠷ ᠴᠢᠯᠥᠭᠡᠲᠡᠶ  ᠦᠢᠯᠡᠴᠢᠯᠡᠬᠦ ᠶᠢ ᠣᠷᠣᠨ ᠨᠤᠲᠤᠭ ᠤᠨ ᠰᠣᠶᠣᠯ ᠤᠨ ᠣᠨᠴᠠᠯᠢᠭ ᠪᠤᠶᠤ ᠠᠵᠢᠯ ᠲᠥᠷᠥᠯ ᠤᠨ ᠣᠨᠴᠠᠯᠢᠭ ᠪᠥᠬᠦᠶ ᠮᠦᠽᠧᠶ ᠪᠠ ᠤᠷᠠᠨ ᠵᠢᠷᠤᠭ ᠤᠨ ᠣᠷᠳᠣᠨ ᠪᠠᠶᠢᠭᠤᠯᠬᠤ ᠶᠢ ᠵᠣᠷᠢᠭᠵᠢᠭᠤᠯᠵᠤ᠂ ᠡᠯ᠎ᠡ ᠲᠥᠷᠥᠯ ᠤᠨ ᠲᠤᠰᠬᠠᠶ ᠰᠡᠳᠦᠪᠲᠦ ᠣᠷᠳᠣᠨ᠂ ᠭᠤᠤᠯ ᠰᠡᠳᠦᠪᠲᠦ ᠣᠷᠳᠣᠨ ᠪᠠᠶᠢᠭᠤᠯᠬᠤ ᠶᠢ ᠳᠡᠮᠵᠢᠨ᠎ᠡ᠃ ᠡᠯ᠎ᠡ ᠲᠥᠷᠥᠯ ᠤᠨ ᠪᠣᠳᠠᠰ ᠤᠨ ᠪᠤᠰᠤ ᠰᠣᠶᠣᠯ ᠤᠨ ᠥᠪ ᠤᠨ ᠦᠵᠡᠭᠦᠯᠦᠯᠭᠡ ᠶᠢᠨ ᠣᠷᠳᠣᠨ᠂ ᠠᠷᠠᠳ ᠤᠨ ᠵᠠᠩ ᠦᠢᠯᠡ ᠶᠢᠨ ᠣᠷᠳᠣᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠣᠷᠳᠣᠨ ᠵᠡᠷᠭᠡ ᠣᠨᠴᠠᠯᠢᠭᠲᠤ ᠰᠣᠶᠣᠯ ᠤᠨ ᠣᠷᠳᠣᠨ ᠲᠠᠯᠠᠪᠠᠶ ᠶᠢᠨ ᠪᠥᠲᠥᠭᠡᠨ ᠪᠠᠶᠢᠭᠤᠯᠤᠯᠲᠠ ᠶᠢ ᠮᠦᠽᠧᠶ᠂ ᠰᠣᠶᠣᠯ   ᠤᠨ ᠣᠷᠳᠣᠨ᠂ ᠨᠣᠮ   ᠤᠨ ᠰᠠᠩ ᠵᠡᠷᠭᠡ ᠰᠣᠶᠣᠯ   ᠤᠨ ᠲᠠᠯᠠᠪᠤᠷ ᠭᠠᠵᠠᠷ   ᠢ ᠠᠰᠢᠭᠯᠠᠨ ᠰᠣᠶᠣᠯ   ᠢ ᠣᠶᠢᠯᠠᠭᠠᠬᠤ  ᠵᠤᠭᠠᠴᠠᠯ ᠥᠷᠨᠢᠭᠦᠯᠵᠦ᠂ ᠤᠯᠠᠨ ᠨᠡᠶᠢᠳᠡ   ᠶᠢᠨ ᠰᠣᠶᠣᠯ   ᠤ ᠦᠢᠯᠡᠴᠢᠯᠡᠭᠡᠨ   ᠢ  ᠵᠤᠭᠠᠴᠠᠯ ᠤᠨ ᠦᠵᠡᠮᠵᠢᠲᠦ ᠣᠷᠣᠨ   ᠳᠤ ᠣᠷᠣᠭᠤᠯᠬᠤ   ᠶᠢ ᠲᠥᠯᠬᠢᠨ ᠠᠬᠢᠭᠤᠯᠤᠨ᠎ᠠ᠃  ᠲᠦᠷᠦᠭᠦᠯᠡᠬᠦ ᠨᠢᠭᠡᠴᠢ᠄ ᠠᠶᠢᠮᠠᠭ ᠤᠨ ᠰᠣᠶᠣᠯ  ᠵᠤᠭᠠᠴᠠᠯ ᠪᠡᠶ᠎ᠡ ᠶᠢᠨ ᠲᠠᠮᠢᠷ ᠤᠨ ᠲᠣᠪᠴᠢᠶ᠎ᠠ᠂ ᠤᠳᠬ᠎ᠠ ᠤᠷᠠᠯᠢᠭ ᠤᠨ ᠬᠢᠨ ᠤ ᠬᠤᠯᠪᠣᠭ᠎ᠠ  ᠬᠠᠷᠢᠭᠤᠴᠠᠯᠭᠠᠲᠤ ᠨᠢᠭᠡᠴᠢ᠄ ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ    5᠂ ᠡᠯ᠎ᠡ ᠲᠥᠷᠥᠯ ᠤᠨ ᠰᠣᠶᠣᠯ ᠤᠷᠠᠯᠢᠭ ᠤᠨ ᠠᠵᠢᠯᠯᠠᠭ᠎ᠠ ᠶᠢ ᠢᠳᠡᠪᠬᠢᠲᠡᠶ ᠡᠷᠭᠢᠯᠡᠨ᠎ᠡ᠃ ᠪᠦᠬᠦ ᠠᠶᠢᠮᠠᠭ ᠤᠨ ᠤᠯᠠᠭᠠᠨᠮᠥ᠋ᠴᠢᠷ ᠤᠨ ᠰᠢᠯᠢᠳᠡᠭ ᠵᠦᠴᠦᠭᠡ ᠶᠢᠨ ᠦᠵᠡᠭᠦᠯᠦᠯᠭᠡ ᠶᠢᠨ ᠲᠣᠭᠯᠠᠯᠲᠠ᠂ ᠮᠠᠯᠴᠢᠨ ᠲᠠᠷᠢᠶᠠᠴᠢᠨ ᠤ ᠤᠷᠠᠨ ᠰᠠᠶᠢᠬᠠᠨ ᠤ ᠬᠠᠮᠲᠤᠷᠠᠭᠰᠠᠨ ᠲᠣᠭᠯᠠᠯᠲᠠ ᠵᠡᠷᠭᠡ ᠰᠣᠶᠣᠯ ᠤᠷᠠᠯᠢᠭ ᠤᠨ ᠠᠵᠢᠯᠯᠠᠭ᠎ᠠ ᠶᠢᠨ ᠨᠡᠷᠡᠲᠦ ᠲᠡᠮᠳᠡᠭ ᠢ ᠦᠷᠭᠦᠯᠵᠢᠯᠡᠨ ᠥᠷᠨᠢᠭᠦᠯᠵᠦ᠂ ᠤᠷᠠᠨ ᠰᠠᠶᠢᠬᠠᠨ ᠤ ᠬᠦᠷᠢᠶᠡᠯᠡᠩ ᠪᠦᠯᠬᠦᠮ᠂ ᠰᠣᠶᠣᠯ ᠵᠤᠭᠠᠴᠠᠯ ᠤᠨ ᠠᠵᠤ ᠠᠬᠤᠶᠢᠯᠠᠯ ᠤᠨ ᠭᠦᠨ ᠵᠤᠵᠠᠭᠠᠨ ᠣᠷᠣᠨ ᠨᠤᠲᠤᠭ ᠤᠨ ᠰᠣᠶᠣᠯ ᠤᠨ ᠣᠨᠴᠠᠯᠢᠭ ᠲᠠᠢ᠂ ᠵᠠᠬ᠎ᠠ ᠳᠡᠯᠭᠡᠭᠦᠷ ᠤᠨ ᠬᠡᠷᠡᠭᠴᠡᠭᠡ ᠶᠢ ᠬᠠᠩᠭᠠᠬᠤ ᠬᠡᠪᠴᠢᠶ᠎ᠡ ᠲᠠᠢ ᠵᠤᠭᠠᠴᠠᠯ ᠤᠨ ᠤᠷᠠᠨ ᠰᠠᠶᠢᠬᠠᠨ ᠤ ᠲᠥᠷᠥᠯ ᠵᠦᠢᠯ ᠢ ᠡᠭᠦᠳᠦᠨ ᠪᠠᠶᠢᠭᠤᠯᠬᠤ ᠶᠢ ᠳᠡᠮᠵᠢᠵᠦ᠂ ᠡᠯ᠎ᠡ ᠬᠤᠰᠢᠭᠤ ᠰᠢᠶᠠᠨ ᠬᠤᠲᠠ ᠨᠤᠭᠤᠳ ᠨᠢᠭᠡ ᠪᠦᠯᠦᠭ ᠲᠣᠰ ᠪᠡᠶ᠎ᠡ ᠶᠢᠨ ᠵᠤᠭᠠᠴᠠᠯ ᠤᠨ ᠡᠬᠢ ᠪᠠᠶᠠᠯᠢᠭ ᠤᠨ ᠣᠨᠴᠠᠯᠢᠭ ᠲᠠᠢ ᠪᠠᠨ ᠤᠶᠠᠯᠳᠤᠭᠤᠯᠤᠭᠰᠠᠨ ᠤᠳᠬ᠎ᠠ ᠤᠷᠠᠯᠢᠭ ᠤᠨ ᠪᠦᠲᠦᠭᠡᠭᠳᠡᠬᠦᠨ ᠢ ᠭᠠᠷᠭᠠᠵᠤ᠂ ᠬᠤᠪᠢᠰᠬᠠᠯ ᠤᠨ ᠰᠣᠶᠣᠯ᠂ ᠣᠶ ᠰᠢᠭᠤᠶ ᠶᠢᠨ ᠪᠦᠳᠦᠭᠦᠯᠢᠭ ᠰᠣᠶᠣᠯ᠂ ᠠᠷᠠᠳ ᠤᠨ ᠳᠣᠮᠤᠭ ᠶᠠᠷᠢᠶ᠎ᠠ᠂ ᠰᠢᠳᠢᠲᠦ ᠥᠯᠢᠭᠡᠷ ᠵᠡᠷᠭᠡ ᠰᠡᠳᠦᠪ ᠲᠠᠢ ᠤᠶᠠᠯᠳᠤᠭᠤᠯᠤᠨ᠂ ᠨᠢᠭᠡ ᠪᠦᠯᠦᠭ ᠲᠣᠭᠯᠠᠯᠲᠠ ᠶᠢᠨ ᠤᠷᠠᠯᠢᠭ ᠤᠨ ᠰᠣᠳᠣᠨ ᠪᠦᠲᠦᠭᠡᠯ ᠢ ᠭᠠᠷᠭᠠᠵᠤ᠂ ᠵᠠᠬ᠎ᠠ ᠳᠡᠯᠭᠡᠭᠦᠷ ᠤᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠭᠰᠠᠨ ᠤᠷᠢᠲᠠᠯ ᠳᠣᠤᠷ᠎ᠠ᠂ ᠤᠬᠠᠭᠤᠯᠭ᠎ᠠ ᠶᠢᠨ  ᠵᠤᠭᠠᠴᠠᠯ ᠤᠨ ᠭᠤᠤᠯ ᠱᠤᠭᠤᠮ ᠢ ᠡᠵᠡᠮᠰᠢᠵᠦ᠂ ︽ᠰᠣᠶᠣᠯ  ᠵᠤᠭᠠᠴᠠᠯ ᠢ ᠠᠭᠤᠰᠤᠯᠴᠠᠭᠤᠯᠬᠤ︾ ᠶᠢ ᠦᠨᠡᠨᠬᠦ ᠪᠡᠶᠡᠯᠡᠭᠦᠯᠦᠨ᠎ᠡ᠃  ᠲᠦᠷᠦᠭᠦᠯᠡᠬᠦ ᠨᠢᠭᠡᠴᠢ᠄ ᠠᠶᠢᠮᠠᠭ ᠤᠨ  ᠰᠤᠶᠤᠯ ᠵᠤᠭᠠᠴᠠᠯ ᠪᠡᠶ᠎ᠡ ᠶᠢᠨ ᠲᠠᠮᠢᠷ ᠤᠨ ᠲᠤᠪᠴᠢᠶ᠎ᠠ ᠬᠠᠷᠢᠭᠤᠴᠠᠯᠭᠠᠲᠤ ᠨᠢᠭᠡᠴᠢ᠄ ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ    ︵ᠳᠥᠷᠪᠡ︶ ᠣᠯᠠᠨ ᠨᠡᠢᠲᠡ ᠶᠢᠨ ᠦᠢᠯᠡᠴᠢᠯᠡᠭᠡᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ 1. ᠠᠭᠠᠷ ᠤᠨ ᠠᠶᠠᠯᠠᠯ᠂ ᠲᠡᠮᠦᠷ ᠵᠠᠮ ᠪᠠ ᠵᠠᠰᠠᠮᠠᠯ ᠵᠠᠮ ᠤᠨ ᠶᠡᠷᠦᠩᠬᠡᠶᠢᠯᠡᠭᠰᠡᠨ ᠲᠡᠭᠡᠭᠡᠪᠦᠷᠢ ᠶᠢᠨ ᠰᠢᠰᠲ᠋ᠧᠮᠵᠢ ᠶᠢ ᠪᠠᠶᠢᠭᠤᠯᠤᠨ᠎ᠠ᠃ ᠤᠯᠠᠭᠠᠨᠬᠤᠲᠠ᠂ ᠷᠠᠰᠢᠶᠠᠨ ᠤ ︽ᠬᠤᠤᠰ ᠨᠢᠰᠬᠡᠯ ᠤᠨ ᠪᠠᠭᠤᠳᠠᠯ︾ ᠤᠨ ᠳᠠᠪᠠᠭᠤᠯᠢᠭ ᠲᠤ ᠲᠦᠰᠢᠭᠯᠡᠨ᠂  ᠵᠤᠭᠠᠴᠠᠯ ᠤᠨ ᠬᠤᠲᠠ᠂ ᠠᠵᠤ ᠠᠬᠤᠶ ᠬᠥᠭᠵᠢᠭᠰᠡᠨ ᠬᠤᠲᠠ ᠯᠤᠭ᠎ᠠ ᠶᠢᠨ ᠬᠤᠭᠤᠷᠣᠨᠳᠣᠬᠢ ᠠᠶᠠᠯᠠᠯ ᠨᠡᠪᠲᠡᠷᠡᠬᠦ ᠵᠠᠮ ᠱᠤᠭᠤᠮ ᠢ ᠨᠡᠪᠲᠡᠷᠡᠭᠦᠯᠵᠦ᠂ ᠵᠡᠭᠦᠨ ᠬᠤᠶᠢᠲᠤ ᠣᠷᠣᠨ ᠬᠢᠭᠡᠳ ᠮᠠᠨ ᠤ ᠠᠶᠢᠮᠠᠭ ᠤᠨ  ᠵᠤᠭᠠᠴᠠᠯ ᠤᠨ ᠵᠠᠮ ᠱᠤᠭᠤᠮ ᠢ ᠨᠡᠪᠲᠡᠷᠡᠭᠦᠯᠦᠨ᠎ᠡ᠃ ᠡᠭᠦᠨ ᠤ ᠬᠠᠮᠲᠤ᠂ ᠬᠢᠯᠢ ᠶᠢᠨ ᠳᠣᠲᠣᠷᠠᠬᠢ ᠦᠨᠳᠦᠷ ᠬᠤᠷᠳᠤᠴᠠᠲᠤ ᠵᠠᠰᠠᠮᠠᠯ ᠵᠠᠮ᠂ ᠤᠯᠤᠰ ᠤᠨ ᠵᠠᠮ᠂ ᠮᠤᠵᠢ ᠶᠢᠨ ᠵᠠᠮ ᠤᠨ ᠵᠠᠰᠠᠮᠠᠯ ᠵᠠᠮ ᠤᠨ ᠲᠣᠤᠷ ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠪᠥᠬᠦ ᠠᠶᠢᠮᠠᠭ ᠤᠨ  ᠵᠤᠭᠠᠴᠠᠯ ᠤᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠬᠦ ᠳᠤ ᠬᠦᠴᠦ ᠨᠡᠮᠡᠷᠢᠯᠡᠵᠦ᠂  ᠵᠤᠭᠠᠴᠠᠭᠰᠠᠳ  ᠤᠨ ᠣᠷᠣᠵᠤ ᠢᠷᠡᠬᠦ ᠵᠠᠮ ᠢ ᠥᠷᠭᠡᠳᠬᠡᠨ᠂ ᠳᠥᠭᠦᠮ ᠳᠥᠲᠡ ᠴᠢᠨᠠᠷ ᠢ ᠳᠡᠭᠡᠭᠰᠢᠯᠡᠭᠦᠯᠵᠦ᠂ ᠵᠠᠮ ᠬᠠᠷᠢᠯᠴᠠᠭᠠᠨ ᠤ ᠥᠪᠡᠷ ᠤᠨ ᠥᠷᠲᠡᠭ ᠢ ᠪᠠᠭᠤᠷᠠᠭᠤᠯᠤᠨ᠎ᠠ᠃  ᠲᠦᠷᠦᠭᠦᠯᠡᠬᠦ ᠨᠢᠭᠡᠴᠢ᠄ ᠠᠶᠢᠮᠠᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ  ᠵᠦᠪᠯᠡᠯ    ᠬᠠᠷᠢᠭᠤᠴᠠᠯᠭᠠᠲᠤ ᠨᠢᠭᠡᠴᠢ᠄ ᠠᠶᠢᠮᠠᠭ ᠤᠨ ᠡᠳ᠋ ᠤᠨ ᠵᠠᠰᠠᠭ ᠤᠨ ᠲᠣᠪᠴᠢᠶ᠎ᠠ᠂ ᠵᠠᠮ ᠬᠠᠷᠢᠯᠴᠠᠭᠠᠨ ᠤ ᠲᠣᠪᠴᠢᠶ᠎ᠠ ᠂ ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠤᠯᠠᠭᠠᠨᠬᠤᠲᠠ ᠶᠢᠨ ᠠᠷᠠᠳ ᠤᠨ ᠠᠭᠠᠷ ᠤᠨ ᠲᠡᠭᠡᠭᠡᠪᠦᠷᠢ ᠶᠢᠨ ᠨᠢᠰᠬᠡᠯ ᠤᠨ ᠪᠠᠭᠤᠳᠠᠯ ᠤᠨ ᠺᠣᠮᠫᠠᠨᠢ᠂ ᠤᠯᠠᠭᠠᠨᠬᠤᠲᠠ ᠶᠢᠨ ᠭᠠᠯᠲᠤ ᠲᠡᠷᠭᠡᠨ ᠤ ᠥᠷᠲᠡᠭᠡ᠂ ᠷᠠᠰᠢᠶᠠᠨ ᠤ ᠭᠠᠯᠲᠤ ᠲᠡᠷᠭᠡᠨ ᠤ ᠥᠷᠲᠡᠭᠡ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠭᠠᠯᠲᠤ ᠲᠡᠷᠭᠡᠨ ᠤ ᠥᠷᠲᠡᠭᠡ 2.  ᠵᠤᠭᠠᠴᠠᠯ ᠤᠨ ᠲᠡᠷᠭᠡ ᠲᠦᠷᠢᠶᠡᠰᠦᠯᠡᠬᠦ ᠦᠢᠯᠡᠴᠢᠯᠡᠭᠡᠨ ᠤ ᠲᠣᠤᠷ ᠰᠦᠯᠵᠢᠶ᠎ᠡ ᠶᠢ ᠲᠡᠭᠦᠯᠳᠡᠷᠵᠢᠭᠦᠯᠦᠨ᠎ᠡ᠃ ᠵᠠᠬ᠎ᠠ ᠳᠡᠯᠭᠡᠭᠦᠷᠴᠢᠯᠡᠨ ᠠᠵᠢᠯᠯᠠᠭᠤᠯᠬᠤ ᠠᠷᠭ᠎ᠠ ᠮᠠᠶ᠋ᠢᠭ ᠢᠶᠠᠷ ᠳᠠᠮᠵᠢᠭᠤᠯᠤᠨ᠂ ᠤᠯᠠᠭᠠᠨᠬᠤᠲᠠ — ᠷᠠᠰᠢᠶᠠᠨ — ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ᠂ ᠤᠯᠠᠭᠠᠨᠬᠤᠲᠠ — ᠵᠠᠯᠠᠶᠢᠳ ᠬᠤᠰᠢᠭᠤ — ᠷᠠᠰᠢᠶᠠᠨ ᠣᠷᠣᠨ ᠪᠦᠰᠡ ᠪᠠᠷ ᠲᠥᠪ ᠪᠣᠯᠭᠠᠵᠤ᠂ ᠡᠷᠬᠢᠨ ᠲᠣᠭᠤᠷᠢᠨ ᠤ ᠭᠤᠤᠯᠳᠠᠯᠭ᠎ᠠ ᠲᠠᠢ ᠦᠵᠡᠮᠵᠢ ᠶᠢᠨ ᠣᠷᠣᠨ᠂ ᠵᠠᠮ ᠬᠠᠷᠢᠯᠴᠠᠭᠠᠨ ᠤ ᠭᠦᠢᠰᠦ ᠬᠤᠲᠠ ᠶᠢ ᠬᠠᠮᠤᠷᠤᠭᠰᠠᠨ ᠥᠪᠡᠷ ᠢᠶᠠᠨ ᠲᠡᠷᠭᠡ ᠵᠢᠯᠣᠭᠤᠳᠴᠤ  ᠵᠤᠭᠠᠴᠠᠯ ᠤᠨ ᠲᠡᠷᠭᠡ ᠲᠦᠷᠢᠶᠡᠰᠦᠯᠡᠬᠦ ᠦᠢᠯᠡᠴᠢᠯᠡᠭᠡᠨ ᠤ ᠰᠢᠰᠲ᠋ᠧᠮᠵᠢ ᠶᠢ ᠪᠠᠶᠢᠭᠤᠯᠵᠤ᠂ ᠭᠠᠵᠠᠷ ᠪᠠᠭᠤᠵᠤ ᠲᠡᠷᠭᠡ ᠲᠦᠷᠢᠶᠡᠰᠦᠯᠡᠬᠦ᠂ ᠣᠨᠳᠣᠤ ᠭᠠᠵᠠᠷ ᠲᠤ ᠲᠡᠷᠭᠡ ᠪᠤᠴᠠᠭᠠᠬᠤ ᠶᠢ ᠪᠡᠶᠡᠯᠡᠭᠦᠯᠦᠨ᠎ᠡ᠃ ᠥᠪᠡᠷ ᠢᠶᠠᠨ ᠲᠡᠷᠭᠡ ᠵᠢᠯᠣᠭᠤᠳᠬᠤ  ᠵᠤᠭᠠᠴᠠᠯ ᠤᠨ ᠦᠢᠯᠡᠴᠢᠯᠡᠭᠡᠨ ᠤ ᠰᠢᠰᠲ᠋ᠧᠮᠵᠢ ᠶᠢ ᠲᠡᠭᠦᠯᠳᠡᠷᠵᠢᠭᠦᠯᠵᠦ᠂ ᠪᠥᠬᠦ ᠠᠶᠢᠮᠠᠭ ᠲᠤ 3 — 5 ᠪᠠᠷᠢᠮᠵᠢᠶᠠᠵᠢᠭᠰᠠᠨ ᠥᠪᠡᠷ ᠢᠶᠠᠨ ᠲᠡᠷᠭᠡ ᠵᠢᠯᠣᠭᠤᠳᠬᠤ ᠬᠡᠷ ᠲᠡᠷᠭᠡ ᠶᠢᠨ ᠪᠠᠭᠤᠴᠠ ᠪᠤᠶᠤ ᠥᠪᠡᠷ ᠢᠶᠠᠨ ᠲᠡᠷᠭᠡ ᠵᠢᠯᠣᠭᠤᠳᠬᠤ ᠥᠷᠲᠡᠭᠡ ᠪᠠᠶᠢᠭᠤᠯᠤᠨ᠎ᠠ᠃  ᠲᠦᠷᠦᠭᠦᠯᠡᠬᠦ ᠨᠢᠭᠡᠴᠢ᠄ ᠠᠶᠢᠮᠠᠭ ᠤᠨ ᠵᠠᠮ ᠬᠠᠷᠢᠯᠴᠠᠭᠠᠨ ᠤ ᠲᠣᠪᠴᠢᠶ᠎ᠠ  ᠬᠠᠷᠢᠭᠤᠴᠠᠯᠭᠠᠲᠤ ᠨᠢᠭᠡᠴᠢ᠄ ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ 3. ᠬᠤᠲᠠ ᠶᠢᠨ ᠣᠯᠠᠨ ᠨᠡᠶᠢᠲᠡ ᠶᠢᠨ ᠵᠠᠮ ᠬᠠᠷᠢᠯᠴᠠᠭᠠᠨ ᠤ  ᠦᠢᠯᠡᠴᠢᠯᠡᠭᠡ ᠶᠢ ᠲᠡᠭᠦᠯᠳᠡᠷᠵᠢᠭᠦᠯᠦᠨ᠎ᠡ᠃ ᠬᠤᠲᠠ ᠶᠢᠨ  ᠵᠤᠭᠠᠴᠠᠯ ᠤᠨ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠦᠢᠯᠡᠴᠢᠯᠡᠭᠡᠨ ᠤ ᠪᠠᠲᠤᠯᠠᠭ᠎ᠠ ᠶᠢ ᠲᠡᠭᠦᠯᠳᠡᠷᠵᠢᠭᠦᠯᠵᠦ᠂ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠦᠢᠯᠡᠴᠢᠯᠡᠭᠡᠨ ᠢ ᠰᠢᠯᠢᠳᠡᠭᠵᠢᠭᠦᠯᠦᠨ᠂ ᠲᠥᠪ ᠬᠤᠲᠠ ᠶᠢᠨ ᠲᠣᠭᠤᠷᠢᠭ᠂ ᠵᠠᠮ ᠬᠠᠷᠢᠯᠴᠠᠭᠠᠨ ᠤ ᠬᠦᠢᠰᠦ ᠬᠤᠲᠠ ᠶᠢᠨ ᠭᠤᠤᠯ ᠲᠣᠭᠤᠷᠢᠭ᠂ ᠰᠡᠯᠡᠭᠦᠴᠡᠯ  ᠵᠤᠭᠠᠴᠠᠯ ᠤᠨ ᠵᠡᠭᠡᠯᠢ ᠲᠣᠭᠤᠷᠢᠭ᠂ ᠴᠢᠬᠤᠯᠠ  ᠵᠤᠭᠠᠴᠠᠯ ᠤᠨ ᠦᠵᠡᠮᠵᠢ ᠶᠢᠨ ᠣᠷᠣᠨ ᠪᠠ ᠰᠣᠶᠣᠯ ᠤᠨ ᠲᠠᠯᠠᠪᠤᠷ ᠣᠷᠳᠣᠨ ᠳᠤ ᠰᠢᠭᠤᠳ ᠬᠥᠷᠬᠦ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠵᠠᠮ ᠱᠤᠭᠤᠮ ᠢ ᠨᠡᠪᠲᠡᠷᠡᠭᠦᠯᠵᠦ᠂ ᠡᠯ᠎ᠡ ᠬᠤᠰᠢᠭᠤ ᠰᠢᠶᠠᠨ ᠬᠤᠲᠠ ᠦᠵᠡᠮᠵᠢ ᠶᠢᠨ ᠣᠷᠣᠨ ᠤ ᠲᠤᠰᠬᠠᠶ ᠱᠤᠭᠤᠮ᠂ ᠤᠯᠠᠭᠠᠨ ᠥᠩᠭᠡᠲᠦ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠲᠤᠰᠬᠠᠶ ᠱᠤᠭᠤᠮ ᠢ ᠨᠡᠪᠲᠡᠷᠡᠭᠦᠯᠵᠦ᠂ ᠲᠣᠭᠤᠷᠢᠨ ᠦᠵᠡᠬᠦ ᠨᠡᠶᠢᠲᠡ ᠶᠢᠨ ᠮᠠᠰᠢᠨ ᠲᠡᠷᠭᠡ ᠶᠢᠨ ᠣᠯᠠᠨ ᠶᠠᠩᠵᠤᠴᠢᠯᠠᠭᠰᠠᠨ ᠥᠪᠡᠷᠮᠢᠴᠡ ᠣᠨᠴᠠᠯᠢᠭ ᠲᠠᠢ ᠬᠤᠲᠠ ᠶᠢᠨ ᠲᠣᠭᠤᠷᠢᠨ ᠦᠵᠡᠬᠦ ᠵᠠᠮ ᠬᠠᠷᠢᠯᠴᠠᠭ᠎ᠠ ᠶᠢ ᠬᠠᠩᠭᠠᠨ᠎ᠠ᠃  ᠲᠦᠷᠦᠭᠦᠯᠡᠬᠦ ᠨᠢᠭᠡᠴᠢ᠄ ᠠᠶᠢᠮᠠᠭ ᠤᠨ ᠵᠠᠮ ᠬᠠᠷᠢᠯᠴᠠᠭᠠᠨ ᠤ ᠲᠣᠪᠴᠢᠶ᠎ᠠ᠂ ᠰᠣᠶᠣᠯ  ᠵᠤᠭᠠᠴᠠᠯ ᠪᠡᠶ᠎ᠡ ᠶᠢᠨ ᠲᠠᠮᠢᠷ ᠤᠨ ᠲᠣᠪᠴᠢᠶ᠎ᠠ    ᠬᠠᠷᠢᠭᠤᠴᠠᠯᠭᠠᠲᠤ ᠨᠢᠭᠡᠴᠢ᠄ ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠠᠶᠢᠮᠠᠭ ᠤᠨ ᠰᠣᠶᠣᠯ  ᠵᠤᠭᠠᠴᠠᠯ ᠤᠨ ᠺᠣᠮᠫᠠᠨᠢ 4. ᠤᠳᠠᠭᠠᠨ ᠠᠶᠠᠯᠠᠬᠤ ᠵᠠᠮ ᠤᠨ ᠰᠢᠰᠲ᠋ᠧᠮ ᠢ ᠪᠠᠶᠢᠭᠤᠯᠤᠨ᠎ᠠ᠃ ᠡᠯ᠎ᠡ ᠬᠤᠰᠢᠭᠤ ᠰᠢᠶᠠᠨ ᠬᠤᠲᠠ ᠶᠢᠨ ᠲᠣᠭᠤᠷᠢᠭ ᠤᠨ ᠳᠣᠲᠣᠷ᠎ᠠ ᠪᠠᠨ ᠬᠤᠲᠠ ᠶᠢᠨ ᠦᠵᠡᠮᠵᠢ ᠶᠢᠨ ᠵᠠᠮ ᠪᠠ ᠭᠤᠤᠯ ᠪᠣᠯᠬᠤ ᠦᠵᠡᠮᠵᠢ ᠶᠢᠨ ᠣᠷᠣᠨ ᠤ ᠵᠠᠯᠭᠠᠯᠲᠠ ᠶᠢᠨ ᠱᠤᠭᠤᠮ ᠳᠠᠭᠠᠤ ᠠᠯᠭᠤᠷ ᠶᠠᠪᠤᠬᠤ ᠵᠠᠮ ᠬᠠᠷᠢᠯᠴᠠᠭᠠᠨ ᠤ ᠱᠤᠭᠤᠮ ᠢ ᠪᠠᠶᠢᠷᠢᠯᠠᠭᠤᠯᠵᠤ᠂ ᠬᠤᠲᠠ ᠶᠢᠨ ᠴᠡᠴᠡᠷᠯᠢᠭ᠂ ᠬᠤᠲᠠ ᠠᠴᠠ ᠬᠤᠲᠠ ᠶᠢᠨ ᠲᠡᠭᠦᠷᠭᠡ ᠶᠢᠨ ᠬᠥᠳᠡᠭᠡ ᠲᠣᠰᠬᠤᠨ᠂ ᠬᠤᠲᠠ ᠠᠴᠠ ᠬᠤᠲᠠ ᠶᠢᠨ ᠣᠶᠢᠷ᠎ᠠ ᠬᠠᠪᠢ ᠶᠢᠨ ᠦᠵᠡᠮᠵᠢ ᠶᠢᠨ ᠣᠷᠣᠨ ᠳᠤ ᠬᠥᠷᠬᠦ ᠳᠤᠭᠤᠶ ᠤᠨᠤᠬᠤ ᠵᠠᠮ᠂ ᠰᠡᠯᠡᠭᠦᠴᠡᠯ ᠤᠨ ᠵᠠᠮ ᠢ ᠲᠥᠷᠥᠯ ᠬᠤᠪᠢᠶᠠᠨ ᠠᠬᠢᠭᠤᠯᠤᠨ᠎ᠠ᠃    ᠲᠦᠷᠦᠭᠦᠯᠡᠬᠦ ᠨᠢᠭᠡᠴᠢ᠄ ᠠᠶᠢᠮᠠᠭ ᠤᠨ ᠵᠠᠮ ᠬᠠᠷᠢᠯᠴᠠᠭᠠᠨ ᠤ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ  ᠬᠠᠷᠢᠭᠤᠴᠠᠯᠭᠠᠲᠤ ᠨᠢᠭᠡᠴᠢ᠄ ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ 5. ᠣᠯᠠᠨ ᠨᠡᠶᠢᠲᠡ ᠶᠢᠨ ᠲᠡᠷᠭᠡᠨ ᠵᠣᠭᠰᠣᠭᠠᠯ ᠤᠨ ᠶᠠᠰᠤ ᠴᠢᠨᠠᠷ ᠢ ᠳᠡᠭᠡᠭᠰᠢᠯᠡᠭᠦᠯᠦᠨ᠎ᠡ᠃ ᠵᠠᠮ ᠬᠠᠷᠢᠯᠴᠠᠭᠠᠨ ᠤ ᠬᠦᠢᠰᠦ᠂  ᠵᠤᠭᠠᠴᠠᠯ ᠤᠨ ᠦᠵᠡᠮᠵᠢ ᠶᠢᠨ ᠣᠷᠣᠨ ᠤ ᠢᠵᠢ ᠪᠥᠷᠢᠳᠦᠭᠦᠯᠬᠦ ᠲᠡᠷᠭᠡᠨ ᠵᠣᠭᠰᠣᠭᠠᠯ ᠳᠠᠬᠢ ᠣᠶᠤᠨᠴᠢ  ᠦᠢᠯᠡᠳᠭᠦᠨ ᠤ ᠪᠠᠶᠢᠷᠢᠯᠠᠭᠤᠯᠤᠯᠲᠠ ᠶᠢ ᠴᠢᠩᠭᠠᠷᠠᠭᠤᠯᠵᠤ᠂ ᠨᠢᠭᠡᠨᠲᠡ ᠪᠠᠶᠢᠭ᠎ᠠ ᠵᠠᠮ ᠬᠠᠷᠢᠯᠴᠠᠭᠠᠨ ᠤ ᠬᠦᠢᠰᠦ᠂  ᠵᠤᠭᠠᠴᠠᠯ ᠤᠨ ᠦᠵᠡᠮᠵᠢ ᠶᠢᠨ ᠣᠷᠣᠨ ᠤ ᠲᠡᠷᠭᠡᠨ ᠵᠣᠭᠰᠣᠭᠠᠯ ᠤᠨ ᠪᠡᠯᠡᠳᠬᠡᠮᠵᠢ ᠳᠤ ᠲᠣᠭᠠᠵᠢᠭᠤᠯᠤᠭᠰᠠᠨ ᠥᠭᠡᠷᠡᠴᠢᠯᠡᠯᠲᠡ ᠬᠢᠬᠦ ᠶᠢ ᠵᠣᠷᠢᠭᠵᠢᠭᠤᠯᠤᠨ᠎ᠠ ᠥᠪᠡᠷᠲᠡᠭᠡᠨ  ᠦᠢᠯᠡᠴᠢᠯᠡᠬᠦ ᠮᠠᠶ᠋ᠢᠭ ᠤᠨ ᠴᠠᠬᠢᠯᠭᠠᠨ ᠴᠡᠨᠡᠭᠯᠡᠬᠦ ᠱᠣᠩ ᠵᠡᠷᠭᠡ ᠣᠯᠠᠨ ᠨᠡᠶᠢᠲᠡ ᠶᠢᠨ ᠦᠢᠯᠡᠴᠢᠯᠡᠭᠡᠨ ᠤ ᠪᠡᠯᠡᠳᠬᠡᠮᠵᠢ ᠶᠢ ᠴᠢᠬᠤᠯᠠ ᠦᠵᠡᠮᠵᠢ ᠶᠢᠨ ᠣᠷᠣᠨ ᠳᠤ ᠨᠡᠶᠢᠳᠡᠮ ᠬᠡᠷᠡᠭᠯᠡᠬᠦ ᠶᠢ ᠢᠳᠡᠪᠬᠢᠲᠡᠶ ᠪᠠᠷ ᠠᠬᠢᠭᠤᠯᠵᠤ᠂ ᠬᠤᠰᠢᠭᠤ ᠰᠢᠶᠠᠨ ᠬᠤᠲᠠ ᠶᠢᠨ ᠬᠤᠭᠤᠷᠣᠨᠳᠣᠬᠢ  ᠵᠤᠭᠠᠴᠠᠯ ᠤᠨ ᠥᠷᠲᠡᠭᠡ᠂ ᠦᠵᠡᠮᠵᠢ ᠶᠢᠨ ᠥᠷᠲᠡᠭᠡ ᠵᠡᠷᠭᠡ ᠴᠢᠬᠤᠯᠠ ᠵᠠᠩᠭᠢᠯᠠᠭ᠎ᠠ ᠶᠢᠨ ᠴᠡᠭ ᠲᠤ ᠪᠥᠬᠦ ᠲᠠᠯ᠎ᠠ ᠪᠠᠷ ᠳᠡᠯᠭᠡᠷᠡᠭᠦᠯᠦᠨ᠎ᠡ᠃  ᠲᠦᠷᠦᠭᠦᠯᠡᠬᠦ ᠨᠢᠭᠡᠴᠢ᠄ ᠠᠶᠢᠮᠠᠭ ᠤᠨ ᠵᠠᠮ ᠬᠠᠷᠢᠯᠴᠠᠭᠠᠨ ᠤ ᠲᠣᠪᠴᠢᠶ᠎ᠠ᠂ ᠡᠨᠧᠷᠭᠢ ᠶᠢᠨ ᠲᠣᠪᠴᠢᠶ᠎ᠠ᠂ ᠬᠤᠲᠠ ᠶᠢᠨ ᠪᠡᠯᠡ ᠣᠷᠣᠭᠤᠯᠤᠯᠲᠠ ᠶᠢᠨ ᠺᠣᠮᠫᠠᠨᠢ    ᠬᠠᠷᠢᠭᠤᠴᠠᠯᠭᠠᠲᠤ ᠨᠢᠭᠡᠴᠢ᠄ ᠠᠶᠢᠮᠠᠭ ᠤᠨ ᠰᠣᠶᠣᠯ  ᠵᠤᠭᠠᠴᠠᠯ ᠪᠡᠶ᠎ᠡ ᠶᠢᠨ ᠲᠠᠮᠢᠷ ᠤᠨ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ  6. ᠬᠤᠲᠠ ᠶᠢᠨ ᠵᠤᠭᠠᠴᠠᠯ ᠤᠨ ᠵᠠᠮ ᠬᠠᠷᠢᠯᠴᠠᠭᠠᠨ ᠤ ᠪᠦᠷᠢᠨ ᠲᠡᠭᠦᠯᠳᠡᠷ ᠲᠣᠣᠷ ᠰᠦᠯᠵᠢᠶ᠎ᠡ ᠶᠢ ᠪᠠᠶᠢᠭᠤᠯᠤᠨ᠎ᠠ ᠃ ᠭᠤᠣᠯ ᠬᠤᠳᠠ ᠶᠢᠨ ᠲᠣᠭᠤᠷᠢᠭ ᠠᠴᠠ ᠭᠤᠣᠯ ᠦᠵᠡᠮᠵᠢ ᠶᠢᠨ ᠣᠷᠣᠨ ᠬᠦᠷᠲᠡᠯᠡᠬᠢ ᠵᠠᠰᠠᠮᠠᠯ ᠵᠠᠮ ᠢ ᠪᠦᠳᠦᠭᠡᠨ ᠪᠠᠶᠢᠭᠤᠯᠵᠤ᠂ ᠮᠤᠬᠤᠷ ᠵᠠᠮ ᠢ ᠨᠡᠪᠲᠡᠷᠡᠭᠦᠯᠵᠦ᠂  ᠵᠤᠭᠠᠴᠠᠯ ᠤᠨ ᠲᠣᠭᠤᠷᠢᠯ ᠵᠠᠮ ᠢ ᠴᠢᠷᠮᠠᠶᠢᠨ ᠪᠤᠢ ᠪᠣᠯᠭᠠᠨ᠎ᠠ᠃ 2025 ᠣᠨ ᠪᠣᠯᠬᠤ ᠳᠤ᠂ 4A ᠲᠠᠰ ᠤᠨ  ᠵᠤᠭᠠᠴᠠᠯ ᠤᠨ ᠦᠵᠡᠮᠵᠢ ᠶᠢᠨ ᠣᠷᠣᠨ ᠳᠤ ᠨᠡᠪᠲᠡᠷᠡᠬᠦ ᠵᠠᠰᠠᠮᠠᠯ ᠵᠠᠮ ᠢ ᠬᠤᠶᠠᠳᠤᠭᠠᠷ ᠳᠡᠰ ᠵᠢᠴᠢ ᠲᠡᠭᠦᠨ ᠠᠴᠠ ᠳᠡᠭᠡᠭᠰᠢᠬᠢ ᠪᠠᠷᠢᠮᠵᠢᠶ᠎ᠠ ᠳᠤ ᠬᠦᠷᠦᠭᠦᠯᠬᠦ ᠶᠢ ᠦᠨᠳᠦᠰᠦᠨ ᠳᠡᠭᠡᠨ ᠪᠡᠶᠡᠯᠡᠭᠦᠯᠵᠦ᠂ ︽ᠡᠴᠦᠰ ᠤᠨ ᠨᠢᠭᠡ ᠺᠢᠯᠣᠮᠧᠲᠷ︾ ᠤᠨ ᠠᠰᠠᠭᠤᠳᠠᠯ ᠢ ᠬᠦᠴᠦᠯᠡᠨ ᠰᠢᠢᠳᠪᠦᠷᠢᠯᠡᠨ᠎ᠡ᠃ G12᠂ G5511᠂ G302᠂ G111᠂ S309᠂ S205 ᠵᠡᠷᠭᠡ  ᠦᠨᠳᠦᠷ ᠬᠤᠷᠳᠤᠴᠠᠳᠤ ᠵᠠᠰᠠᠮᠠᠯ ᠵᠠᠮ᠂ ᠤᠯᠤᠰ ᠤᠨ ᠵᠠᠮ᠂ ᠮᠤᠵᠢ ᠶᠢᠨ ᠵᠠᠮ ᠳᠤ ᠲᠦᠰᠢᠭᠯᠡᠨ ᠴᠢᠬᠤᠯᠠ ᠦᠵᠡᠮᠵᠢ ᠶᠢᠨ ᠣᠷᠣᠨ ᠦᠵᠡᠮᠵᠢ ᠶᠢᠨ ᠣᠷᠣᠨ᠂ ᠬᠥᠳᠡᠭᠡ ᠲᠣᠰᠬᠤᠨ ᠤ ᠵᠤᠭᠠᠴᠠᠯ ᠤᠨ ᠪᠦᠰᠡ ᠶᠢ ᠬᠤᠯᠪᠣᠯᠳᠤᠭᠤᠯᠤᠨ  ᠵᠤᠭᠠᠴᠠᠯ ᠤᠨ ᠲᠣᠭᠤᠷᠢᠯ ᠵᠠᠮ ᠪᠣᠯᠭᠠᠵᠤ᠂ ᠦᠵᠡᠮᠵᠢ ᠶᠢᠨ ᠣᠷᠣᠨ ᠤ ᠵᠠᠰᠠᠮᠠᠯ ᠵᠠᠮ ᠢ ᠳᠡᠭᠡᠭᠰᠢᠯᠡᠭᠦᠯᠬᠦ ᠢᠨᠵᠧᠨᠧᠷᠢᠩ ᠢ ᠶᠡᠬᠡᠪᠡᠷ ᠬᠡᠷᠡᠭᠵᠢᠭᠦᠯᠦᠨ᠎ᠡ᠃  ᠲᠦᠷᠦᠭᠦᠯᠡᠬᠦ ᠨᠢᠭᠡᠴᠢ᠄ ᠠᠶᠢᠮᠠᠭ ᠤᠨ ᠵᠠᠮ ᠬᠠᠷᠢᠯᠴᠠᠭᠠᠨ ᠤ ᠲᠣᠪᠴᠢᠶ᠎ᠠ  ᠬᠠᠷᠢᠭᠤᠴᠠᠯᠭᠠᠲᠤ ᠨᠢᠭᠡᠴᠢ᠄ ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ 7. ᠬᠤᠲᠠ ᠶᠢᠨ  ᠵᠤᠭᠠᠴᠠᠯ ᠤᠨ ᠭᠠᠵᠠᠷ ᠤᠨ ᠵᠢᠷᠤᠭ᠂  ᠵᠤᠭᠠᠴᠠᠯ ᠤᠨ ᠦᠵᠡᠮᠵᠢ ᠶᠢᠨ ᠣᠷᠣᠨ ᠤ ᠵᠠᠷ ᠮᠡᠳᠡᠭᠡ ᠶᠢ ᠵᠦᠶ ᠵᠣᠬᠢᠰᠲᠠᠶ ᠪᠠᠶᠢᠷᠢᠯᠠᠭᠤᠯᠤᠨ᠎ᠠ᠃ ᠨᠢᠭᠡ ᠪᠦᠯᠦᠭ ᠴᠢᠨᠠᠷ ᠰᠠᠶᠢᠲᠠᠶ ᠵᠢᠷᠤᠭ ᠤᠨ ᠳᠠᠪᠬᠤᠷᠭ᠎ᠠ᠂ ᠲᠡᠮᠳᠡᠭ᠂ ᠫᠠᠶᠢᠰᠠ᠂ ᠵᠠᠷ ᠮᠡᠳᠡᠭᠡ ᠵᠡᠷᠭᠡ ᠤᠬᠠᠭᠤᠯᠭ᠎ᠠ ᠶᠢᠨ  ᠵᠦᠢᠯᠡᠰ ᠢ ᠵᠢᠷᠤᠭᠯᠠᠨ ᠲᠥᠯᠥᠪᠯᠡᠵᠦ᠂ ᠬᠤᠲᠠ ᠶᠢᠨ ᠵᠠᠮ ᠬᠠᠷᠢᠯᠴᠠᠭᠠᠨ ᠤ ᠣᠷᠣᠵᠤ ᠭᠠᠷᠬᠤ ᠭᠠᠵᠠᠷ᠂ ᠲᠥᠪ ᠲᠠᠯᠠᠪᠠᠶ᠂ ᠰᠡᠯᠡᠭᠦᠴᠡᠯ  ᠵᠤᠭᠠᠴᠠᠯ ᠤᠨ ᠵᠡᠭᠡᠯᠢ ᠲᠣᠭᠤᠷᠢᠭ᠂  ᠵᠤᠭᠠᠴᠠᠯ ᠤᠨ ᠦᠵᠡᠮᠵᠢ ᠶᠢᠨ ᠣᠷᠣᠨ ᠪᠠ ᠣᠯᠠᠨ ᠨᠡᠶᠢᠲᠡ ᠶᠢᠨ ᠰᠣᠶᠣᠯ ᠤᠨ ᠲᠠᠯᠠᠪᠠᠶ ᠣᠷᠳᠣᠨ ᠵᠡᠷᠭᠡ ᠵᠤᠭᠠᠴᠠᠭᠰᠠᠳ ᠴᠤᠭᠯᠠᠷᠠᠭᠰᠠᠨ ᠣᠷᠣᠨ ᠪᠦᠰᠡ ᠶᠢᠨ ᠢᠯᠡᠷᠬᠡᠶ ᠣᠷᠣᠨ ᠪᠠᠶᠢᠷᠢ ᠳᠤ ᠬᠤᠲᠠ ᠶᠢᠨ ᠵᠤᠭᠠᠴᠠᠯ ᠤᠨ ᠭᠠᠵᠠᠷ ᠤᠨ ᠵᠢᠷᠤᠭ ᠪᠠ ᠵᠤᠭᠠᠴᠠᠯ ᠤᠨ ᠦᠵᠡᠮᠵᠢ ᠶᠢᠨ ᠣᠷᠣᠨ ᠤ ᠵᠠᠷ ᠮᠡᠳᠡᠭᠡ ᠶᠢ ᠪᠠᠶᠢᠷᠢᠯᠠᠭᠤᠯᠵᠤ᠂ ᠵᠤᠭᠠᠴᠠᠭᠰᠠᠳ ᠤᠨ ᠬᠤᠲᠠ ᠶᠢᠨ  ᠵᠤᠭᠠᠴᠠᠯ ᠪᠠ ᠵᠠᠮ ᠬᠠᠷᠢᠯᠴᠠᠭᠠᠨ ᠤ ᠮᠡᠳᠡᠭᠡ ᠵᠠᠩᠭᠢ ᠶᠢ ᠪᠠᠶᠢᠴᠠᠭᠠᠨ ᠯᠠᠪᠯᠠᠬᠤ ᠳᠤ ᠲᠥᠬᠦᠮ ᠦᠵᠡᠭᠦᠯᠦᠨ᠎ᠡ᠃ ᠭᠤᠤᠯᠳᠠᠭᠤ ᠨᠢᠰᠬᠡᠯ ᠤᠨ ᠪᠠᠭᠤᠳᠠᠯ᠂ ᠭᠠᠯᠲᠤ ᠲᠡᠷᠭᠡᠨ ᠤ ᠥᠷᠲᠡᠭᠡ᠂ ᠮᠠᠰᠢᠨ ᠲᠡᠷᠭᠡᠨ ᠤ ᠥᠷᠲᠡᠭᠡ ᠵᠡᠷᠭᠡ ᠴᠢᠬᠤᠯᠠ ᠵᠠᠮ ᠬᠠᠷᠢᠯᠴᠠᠭᠠᠨ ᠤ ᠵᠠᠩᠭᠢᠯᠠᠭ᠎ᠠ ᠳᠤ ᠬᠤᠲᠠ ᠶᠢᠨ  ᠵᠤᠭᠠᠴᠠᠯ ᠤᠨ ᠭᠠᠵᠠᠷ ᠤᠨ ᠵᠢᠷᠤᠭ᠂  ᠵᠤᠭᠠᠴᠠᠯ ᠤᠨ ᠦᠵᠡᠮᠵᠢ ᠶᠢᠨ ᠣᠷᠣᠨ ᠤ ᠵᠠᠷ ᠮᠡᠳᠡᠭᠡ᠂ ᠪᠥᠬᠦ ᠴᠠᠷᠠᠭᠠᠨ ᠤ ᠪᠥᠬᠦ ᠦᠵᠡᠮᠵᠢ ᠶᠢᠨ ᠦᠵᠡᠭᠦᠯᠦᠯᠭᠡ ᠶᠢᠨ ᠬᠥᠲᠥᠯᠦᠮᠵᠢ   ᠶᠢᠨ ᠫᠠᠶᠢᠰᠠ ᠪᠠᠶᠢᠷᠢᠯᠠᠭᠤᠯᠤᠨ᠎ᠠ᠃ A ᠲᠠᠰ ᠤᠨ  ᠵᠤᠭᠠᠴᠠᠯ ᠤᠨ ᠦᠵᠡᠮᠵᠢ ᠶᠢᠨ ᠣᠷᠣᠨ᠂ ᠬᠥᠳᠡᠭᠡ ᠲᠣᠰᠬᠤᠨ ᠤ  ᠵᠤᠭᠠᠴᠠᠯ ᠤᠨ  ᠴᠡᠭ᠂ ᠬᠤᠲᠠ ᠶᠢᠨ ᠴᠡᠴᠡᠷᠯᠢᠭ ᠤᠨ ᠠᠭᠤᠳᠠᠮ ᠲᠠᠯᠠᠪᠠᠶ᠂ ᠰᠣᠶᠣᠯ ᠤᠨ ᠲᠠᠯᠠᠪᠠᠶ ᠣᠷᠳᠣᠨ ᠳᠤ  ᠵᠤᠭᠠᠴᠠᠯ ᠤᠨ ᠬᠥᠲᠥᠴᠢ ᠵᠢᠷᠤᠭ ᠭᠠᠷᠭᠠᠵᠤ᠂ ᠭᠤᠤᠯᠳᠠᠯᠭ᠎ᠠ ᠲᠠᠢ  ᠵᠤᠭᠠᠴᠠᠯ ᠤᠨ ᠦᠵᠡᠮᠵᠢ ᠶᠢᠨ ᠣᠷᠣᠨ ᠳᠤ  ᠵᠤᠭᠠᠴᠠᠯ ᠤᠨ ᠵᠠᠷ ᠮᠡᠳᠡᠭᠡ ᠶᠢ ᠬᠠᠷᠢᠯᠴᠠᠨ ᠪᠠᠶᠢᠷᠢᠯᠠᠭᠤᠯᠵᠤ᠂ ᠤᠬᠠᠭᠤᠯᠭ᠎ᠠ ᠶᠢᠨ ᠴᠤᠭᠯᠠᠷᠠᠯ ᠤᠨ  ᠦᠢᠯᠡᠳᠦᠯ ᠢ ᠪᠣᠶ ᠪᠣᠯᠭᠠᠨ᠎ᠠ᠃  ᠲᠦᠷᠦᠭᠦᠯᠡᠬᠦ ᠨᠢᠭᠡᠴᠢ᠄ ᠠᠶᠢᠮᠠᠭ ᠤᠨ ᠰᠣᠶᠣᠯ ᠤᠨ  ᠵᠤᠭᠠᠴᠠᠯ ᠪᠡᠶ᠎ᠡ ᠶᠢᠨ ᠲᠠᠮᠢᠷ ᠤᠨ ᠲᠣᠪᠴᠢᠶ᠎ᠠ᠂ ᠵᠠᠮ ᠬᠠᠷᠢᠯᠴᠠᠭᠠᠨ ᠤ ᠲᠣᠪᠴᠢᠶ᠎ᠠ  ᠬᠠᠷᠢᠭᠤᠴᠠᠯᠭᠠᠲᠤ ᠨᠢᠭᠡᠴᠢ᠄ ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ  8. ᠵᠠᠮ ᠬᠠᠷᠢᠯᠴᠠᠭᠠᠨ ᠤ ᠲᠡᠮᠳᠡᠭ ᠪᠣᠯᠤᠨ ᠲᠠᠨᠢᠯᠴᠠᠭᠤᠯᠬᠤ ᠫᠠᠶᠢᠰᠠ ᠶᠢ ᠲᠡᠭᠦᠯᠳᠡᠷᠵᠢᠭᠦᠯᠦᠨ᠎ᠡ᠃ ᠴᠢᠬᠤᠯᠠ ᠵᠤᠭᠠᠴᠠᠯ ᠤᠨ ᠦᠵᠡᠮᠵᠢ ᠶᠢᠨ ᠣᠷᠣᠨ᠂ ᠰᠣᠶᠣᠯ ᠤᠨ ᠲᠠᠯᠠᠪᠤᠷ ᠣᠷᠳᠣᠨ᠂ ᠰᠡᠯᠡᠭᠦᠴᠡᠯ  ᠵᠤᠭᠠᠴᠠᠯ ᠤᠨ ᠵᠡᠭᠡᠯᠢ ᠲᠣᠭᠤᠷᠢᠭ ᠲᠤ ᠨᠡᠪᠲᠡᠷᠡᠬᠦ ᠵᠠᠰᠠᠮᠠᠯ ᠵᠠᠮ ᠳᠠᠭᠠᠤ ᠳᠤ᠂ ᠵᠠᠮ ᠤᠨ ᠠᠭᠤᠯᠵᠠᠷ ᠲᠤ  ᠵᠤᠭᠠᠴᠠᠯ ᠤᠨ ᠵᠠᠮ ᠬᠠᠷᠢᠯᠴᠠᠭᠠᠨ ᠤ ᠲᠡᠮᠳᠡᠭ ᠢ ᠵᠣᠬᠢᠰᠲᠠᠶ ᠪᠠᠶᠢᠷᠢᠯᠠᠭᠤᠯᠵᠤ᠂ ᠴᠢᠬᠤᠯᠠ ᠦᠵᠡᠮᠵᠢ ᠶᠢᠨ ᠭᠠᠵᠠᠷ ᠤᠨ ᠦᠵᠡᠮᠵᠢ ᠳᠤ ᠡᠷᠬᠡᠪᠰᠢ ᠲᠠᠨᠢᠯᠴᠠᠭᠤᠯᠭ᠎ᠠ ᠶᠢᠨ ᠫᠠᠶᠢᠰᠠ ᠪᠠᠶᠢᠷᠢᠯᠠᠭᠤᠯᠵᠤ᠂ ᠬᠤᠲᠠ ᠶᠢᠨ ᠴᠢᠬᠤᠯᠠ ᠵᠠᠮ ᠬᠠᠷᠢᠯᠴᠠᠭᠠᠨ ᠤ  ᠭᠦᠢᠰᠦ᠂ ᠲᠥᠪᠯᠡᠷᠡᠭᠦᠯᠵᠦ ᠲᠠᠷᠬᠠᠭᠠᠬᠤ ᠲᠥᠪ᠂ ᠬᠤᠲᠠ ᠪᠠᠯᠭᠠᠰᠤ ᠶᠢᠨ ᠵᠠᠮ᠂ ᠵᠠᠮ ᠨᠡᠪᠲᠡᠷᠡᠯᠭᠡ ᠶᠢᠨ ᠵᠠᠰᠠᠮᠠᠯ ᠵᠠᠮ ᠳᠠᠭᠠᠤ ᠵᠢᠴᠢ ᠵᠠᠮ ᠤᠨ ᠠᠭᠤᠯᠵᠠᠷ ᠲᠤ ᠨᠢᠭᠡ ᠪᠦᠯᠦᠭ  ᠵᠤᠭᠠᠴᠠᠯ ᠤᠨ ᠵᠢᠭᠠᠯᠲᠠ ᠶᠢᠨ ᠫᠠᠶᠢᠰᠠ ᠨᠡᠮᠡᠵᠦ ᠳᠣᠭᠢᠷᠠᠭᠤᠯᠬᠤ ᠬᠡᠷᠡᠭᠲᠡᠶ᠃  ᠲᠦᠷᠦᠭᠦᠯᠡᠬᠦ ᠨᠢᠭᠡᠴᠢ᠄ ᠠᠶᠢᠮᠠᠭ ᠤᠨ ᠰᠣᠶᠣᠯ ᠤᠨ  ᠵᠤᠭᠠᠴᠠᠯ ᠪᠡᠶ᠎ᠡ ᠶᠢᠨ ᠲᠠᠮᠢᠷ ᠤᠨ ᠲᠣᠪᠴᠢᠶ᠎ᠠ᠂ ᠵᠠᠮ ᠬᠠᠷᠢᠯᠴᠠᠭᠠᠨ ᠤ ᠲᠣᠪᠴᠢᠶ᠎ᠠ  ᠬᠠᠷᠢᠭᠤᠴᠠᠯᠭᠠᠲᠤ ᠨᠢᠭᠡᠴᠢ᠄ ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ    9.  ᠵᠤᠭᠠᠴᠠᠯ ᠤᠨ ᠲᠥᠪᠯᠡᠷᠡᠭᠦᠯᠵᠦ ᠲᠠᠷᠬᠠᠭᠠᠬᠤ ᠯᠠᠪᠯᠠᠯᠭ᠎ᠠ ᠶᠢᠨ ᠦᠢᠯᠡᠴᠢᠯᠡᠭᠡᠨ ᠤ ᠰᠢᠰᠲ᠋ᠧᠮᠵᠢ ᠶᠢ ᠲᠡᠭᠦᠯᠳᠡᠷᠵᠢᠭᠦᠯᠦᠨ᠎ᠡ᠃ ᠨᠢᠰᠬᠡᠯ   ᠤᠨ ᠪᠠᠭᠤᠳᠠᠯ᠂ ᠭᠠᠯᠲᠤ ᠲᠡᠷᠭᠡᠨ ᠥᠷᠳᠡᠭᠡ᠂ ᠮᠠᠰᠢᠨ ᠲᠡᠷᠭᠡᠨ   ᠤ ᠥᠷᠳᠡᠭᠡ ᠪᠣᠯᠤᠨ ᠬᠤᠳᠠ   ᠶᠢᠨ ᠰᠡᠯᠡᠭᠦᠴᠡᠯ  ᠵᠤᠭᠠᠴᠠᠯ   ᠤᠨ ᠵᠡᠭᠡᠯᠢ ᠲᠣᠭᠤᠷᠢᠭ᠂ ᠬᠤᠳᠠ   ᠶᠢᠨ ᠠᠭᠤᠳᠠᠮ ᠲᠠᠯᠠᠪᠠᠢ ᠵᠡᠷᠭᠡ ᠵᠤᠭᠠᠴᠠᠭᠰᠠᠳ ᠲᠥᠪᠯᠡᠷᠡᠭᠰᠡᠨ ᠣᠷᠣᠨ   ᠳᠤ ᠶᠡᠷᠦᠩᠬᠡᠶᠢᠯᠡᠭᠰᠡᠨ ᠴᠢᠨᠠᠷᠲᠠᠶ  ᠵᠤᠭᠠᠴᠠᠯ   ᠤᠨ ᠯᠠᠪᠯᠠᠯᠭ᠎ᠠ ᠥᠭᠬᠦ ᠲᠥᠪ   ᠢ ᠵᠦᠢ ᠵᠣᠬᠢᠰᠲᠠᠶ ᠪᠠᠶᠢᠷᠢᠯᠠᠭᠤᠯᠵᠤ᠂ ᠠᠶᠢᠮᠠᠭ   ᠤᠨ ᠳᠣᠲᠣᠷᠠᠬᠢ ᠤᠳᠤ ᠪᠠᠶᠢᠭ᠎ᠠ ᠨᠢᠰᠬᠡᠯ   ᠤᠨ ᠪᠠᠭᠤᠳᠠᠯ᠂ ᠭᠠᠯᠲᠤ ᠲᠡᠷᠭᠡᠨ ᠥᠷᠳᠡᠭᠡ ᠵᠡᠷᠭᠡ ᠠᠶᠠᠨᠴᠢᠳ   ᠤᠨ ᠴᠤᠪᠤᠷᠠᠯ   ᠤᠨ ᠬᠡᠮᠵᠢᠶ᠎ᠡ ᠶᠡᠬᠡᠲᠡᠶ ᠣᠷᠣᠨ   ᠳᠤ ᠶᠡᠷᠦᠩᠬᠡᠶᠢᠯᠡᠭᠰᠡᠨ ᠴᠢᠨᠠᠷᠲᠠᠶ  ᠵᠤᠭᠠᠴᠠᠯ ᠤᠨ ᠯᠠᠪᠯᠠᠯᠭ᠎ᠠ ᠥᠭᠬᠦ ᠲᠥᠪ   ᠢ ᠵᠦᠢ ᠵᠣᠬᠢᠰᠲᠠᠶ ᠪᠠᠶᠢᠷᠢᠯᠠᠭᠤᠯᠤᠨ᠎ᠠ᠃ ᠡᠯ᠎ᠡ ᠬᠤᠰᠢᠭᠤ ᠰᠢᠶᠠᠨ ᠬᠤᠲᠠ ᠶᠢᠨ ᠣᠲᠣ ᠶᠢᠨ ᠪᠠᠶᠢᠭ᠎ᠠ  ᠵᠤᠭᠠᠴᠠᠭᠰᠠᠳ ᠤᠨ ᠲᠥᠪᠯᠡᠷᠡᠭᠦᠯᠦᠨ ᠲᠠᠷᠬᠠᠭᠠᠬᠤ ᠲᠥᠪ ᠲᠤ ᠤᠬᠠᠭᠤᠯᠬᠤ᠂ ᠠᠰᠠᠭᠤᠨ ᠯᠠᠪᠯᠠᠬᠤ᠂ ᠦᠢᠯᠡᠴᠢᠯᠡᠬᠦ᠂ ᠳᠡᠯᠭᠡᠨ ᠦᠵᠡᠭᠦᠯᠬᠦ᠂ ᠪᠡᠶᠡᠴᠢᠯᠡᠨ ᠣᠶᠢᠯᠠᠭᠠᠬᠤ᠂ ᠬᠠᠮᠢᠶᠠᠷᠬᠤ ᠴᠢᠳᠠᠮᠵᠢ ᠲᠠᠢ ᠰᠣᠶᠣᠯ  ᠵᠤᠭᠠᠴᠠᠯ ᠤᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠪ ᠪᠠᠶᠢᠭᠤᠯᠬᠤ ᠶᠢ ᠭᠤᠤᠯᠳᠠᠯᠭ᠎ᠠ ᠲᠠᠢ ᠠᠬᠢᠭᠤᠯᠤᠨ᠎ᠠ᠃  ᠲᠦᠷᠦᠭᠦᠯᠡᠬᠦ ᠨᠢᠭᠡᠴᠢ᠄ ᠠᠶᠢᠮᠠᠭ ᠤᠨ  ᠰᠤᠶᠤᠯ ᠵᠤᠭᠠᠴᠠᠯ ᠪᠡᠶ᠎ᠡ ᠶᠢᠨ ᠲᠠᠮᠢᠷ ᠤᠨ ᠲᠤᠪᠴᠢᠶ᠎ᠠ ᠬᠠᠷᠢᠭᠤᠴᠠᠯᠭᠠᠲᠤ ᠨᠢᠭᠡᠴᠢ᠄ ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ 10.  ᠵᠤᠭᠠᠴᠠᠯ ᠤᠨ ᠯᠠᠪᠯᠠᠯᠭ᠎ᠠ ᠶᠢᠨ ᠥᠷᠲᠡᠭᠡ  ᠴᠡᠭ ᠢ ᠪᠥᠲᠥᠭᠡᠨ ᠪᠠᠶᠢᠭᠤᠯᠤᠨ᠎ᠠ᠃ 4A ᠲᠠᠰ ᠠᠴᠠ ᠳᠡᠭᠡᠭᠰᠢᠬᠢ  ᠵᠤᠭᠠᠴᠠᠯ ᠤᠨ ᠦᠵᠡᠮᠵᠢ ᠶᠢᠨ ᠣᠷᠣᠨ᠂ ᠰᠣᠶᠣᠯ ᠤᠨ ᠲᠠᠯᠠᠪᠤᠷ ᠣᠷᠳᠣᠨ᠂ ᠬᠤᠷᠠᠯ ᠦᠵᠡᠰᠬᠦᠯᠡᠩ ᠤᠨ ᠲᠥᠪ᠂ ᠬᠤᠳᠠᠯᠳᠤᠭᠠᠨ ᠤ ᠵᠡᠭᠡᠯᠢ ᠲᠣᠭᠤᠷᠢᠭ ᠵᠡᠷᠭᠡ ᠳᠤ  ᠵᠤᠭᠠᠴᠠᠯ ᠤᠨ ᠯᠠᠪᠯᠠᠯᠭ᠎ᠠ ᠶᠢᠨ ᠥᠷᠲᠡᠭᠡ  ᠴᠡᠭ ᠢ ᠭᠤᠤᠯᠳᠠᠯᠭ᠎ᠠ ᠲᠠᠢ ᠳᠣᠭᠢᠷᠠᠭᠤᠯᠵᠤ᠂ ᠳᠡᠯᠭᠡᠭᠦᠷ᠂ ᠨᠣᠮ ᠤᠨ ᠳᠡᠯᠭᠡᠭᠦᠷ᠂  ᠺᠤᠹᠧ   ᠤᠨ ᠮᠤᠬᠤᠯᠠᠭ ᠵᠡᠷᠭᠡ ᠯᠦᠭᠡ ᠢᠵᠢ ᠪᠥᠷᠢᠳᠦᠭᠦᠯᠦᠨ ᠳᠣᠭᠢᠷᠠᠭᠤᠯᠵᠤ᠂  ᠵᠤᠭᠠᠴᠠᠯ ᠤᠨ ᠯᠠᠪᠯᠠᠯᠭ᠎ᠠ ᠶᠢᠨ ᠦᠢᠯᠡᠴᠢᠯᠡᠭᠡᠨ ᠤ ᠳᠥᠭᠦᠮᠴᠢᠯᠡᠯᠲᠡ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃  ᠲᠦᠷᠦᠭᠦᠯᠡᠬᠦ ᠨᠢᠭᠡᠴᠢ᠄ ᠠᠶᠢᠮᠠᠭ ᠤᠨ  ᠰᠤᠶᠤᠯ ᠵᠤᠭᠠᠴᠠᠯ ᠪᠡᠶ᠎ᠡ ᠶᠢᠨ ᠲᠠᠮᠢᠷ ᠤᠨ ᠲᠤᠪᠴᠢᠶ᠎ᠠ ᠬᠠᠷᠢᠭᠤᠴᠠᠯᠭᠠᠲᠤ ᠨᠢᠭᠡᠴᠢ᠄ ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ  11.  ᠵᠤᠭᠠᠴᠠᠯ ᠤᠨ ᠵᠣᠷᠯᠣᠩ ᠤᠨ ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠤᠨ᠎ᠠ᠃ ᠵᠠᠮ ᠬᠠᠷᠢᠯᠴᠠᠭᠠᠨ ᠤ ᠥᠷᠲᠡᠭᠡ  ᠴᠡᠭ᠂ ᠬᠤᠳᠠᠯᠳᠤᠭᠠᠨ ᠤ ᠵᠡᠭᠡᠯᠢ ᠲᠣᠭᠤᠷᠢᠭ᠂ ᠰᠣᠶᠣᠯ ᠰᠡᠯᠡᠭᠦᠴᠡᠯ ᠤᠨ ᠵᠡᠭᠡᠯᠢ ᠲᠣᠭᠤᠷᠢᠭ᠂ ᠰᠣᠶᠣᠯ  ᠵᠤᠭᠠᠴᠠᠯ ᠤᠨ ᠲᠠᠯᠠᠪᠠᠶ ᠣᠷᠳᠣᠨ ᠪᠠ ᠬᠤᠲᠠ ᠶᠢᠨ ᠠᠭᠤᠳᠠᠮ ᠲᠠᠯᠠᠪᠠᠶ ᠵᠡᠷᠭᠡ ᠬᠤᠲᠠ ᠶᠢᠨ ᠡᠯ᠎ᠡ ᠲᠥᠷᠥᠯ ᠤᠨ ᠴᠢᠳᠠᠮᠵᠢᠳᠣ ᠣᠷᠣᠨ ᠳᠤ ᠪᠠᠷᠢᠮᠵᠢᠶᠠᠵᠢᠭᠤᠯᠤᠭᠰᠠᠨ  ᠵᠤᠭᠠᠴᠠᠯ ᠤᠨ ᠵᠣᠷᠯᠣᠩ ᠢ ᠰᠢᠨᠵᠢᠯᠡᠬᠦ ᠤᠬᠠᠭᠠᠨᠴᠢ ᠪᠠᠷ ᠪᠠᠶᠢᠷᠢᠰᠢᠭᠤᠯᠵᠤ᠂ ᠣᠯᠠᠨ ᠨᠡᠶᠢᠲᠡ ᠶᠢᠨ ᠲᠠᠯᠠᠪᠤᠷ ᠤᠨ  ᠵᠤᠭᠠᠴᠠᠯ ᠤᠨ ᠵᠣᠷᠯᠣᠩ ᠢ ᠵᠤᠭᠠᠴᠠᠭᠰᠠᠳ ᠲᠤ ᠬᠠᠨᠳᠤᠭᠤᠯᠤᠨ ᠨᠡᠭᠡᠭᠡᠨ ᠬᠡᠷᠡᠭᠯᠡᠬᠦ ᠶᠢ ᠵᠣᠷᠢᠭᠵᠢᠭᠤᠯᠤᠨ ᠳᠡᠮᠵᠢᠨ᠎ᠡ᠃ ᠬᠤᠲᠠ ᠬᠥᠳᠡᠭᠡ ᠶᠢᠨ  ᠵᠤᠭᠠᠴᠠᠯ ᠳᠤ ᠬᠤᠯᠪᠣᠭᠳᠠᠬᠤ ᠣᠷᠣᠨ ᠪᠦᠰᠡ ᠶᠢᠨ ᠵᠣᠷᠯᠣᠩ ᠤᠨ ᠬᠠᠮᠢᠶᠠᠷᠤᠯᠲᠠ ᠬᠠᠮᠠᠭᠠᠯᠠᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠵᠦ᠂ ᠲᠤᠭ᠎ᠠ ᠬᠡᠮᠵᠢᠶ᠎ᠡ ᠪᠠᠷ  ᠭᠦᠢᠴᠡᠳ᠂ ᠠᠷᠢᠭᠤᠨ ᠴᠡᠪᠡᠷ᠂ ᠬᠡᠷᠡᠭᠯᠡᠭᠡᠨ ᠳᠤ  ᠰᠦᠢᠳᠭᠡᠯ ᠬᠤᠷᠢᠶᠠᠬᠤ ᠥᠬᠡᠶ᠂ ᠬᠠᠮᠢᠶᠠᠷᠤᠯᠲᠠ ᠨᠢ ᠪᠦᠲᠦᠮᠵᠢᠲᠡᠶ ᠪᠠᠶᠢᠬᠤ ᠶᠢ ᠪᠡᠶᠡᠯᠡᠭᠦᠯᠦᠨ᠎ᠡ᠃  ᠲᠦᠷᠦᠭᠦᠯᠡᠬᠦ ᠨᠢᠭᠡᠴᠢ᠄ ᠠᠶᠢᠮᠠᠭ ᠤᠨ ᠰᠣᠶᠣᠯ ᠵᠤᠭᠠᠴᠠᠯ ᠪᠡᠶ᠎ᠡ ᠶᠢᠨ ᠲᠠᠮᠢᠷ ᠤᠨ ᠲᠣᠪᠴᠢᠶ᠎ᠠ᠂ ᠣᠷᠣᠨ ᠰᠠᠭᠤᠴᠠ ᠪᠣᠯᠤᠨ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ  ᠬᠠᠷᠢᠭᠤᠴᠠᠯᠭᠠᠲᠤ ᠨᠢᠭᠡᠴᠢ᠄ ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ  12. ᠣᠶᠤᠨᠴᠢ ᠵᠤᠭᠠᠴᠠᠯ ᠤᠨ ᠬᠤᠲᠠ ᠶᠢ ᠪᠤᠶ ᠪᠣᠯᠭᠠᠨ᠎ᠠ᠃ ᠡᠭᠦᠯᠡᠨ ᠪᠤᠳᠤᠯᠲᠠ᠂ ᠡᠳ᠋ ᠪᠠᠷᠠᠭᠠᠨ ᠤ ᠮᠡᠳᠡᠭᠡ ᠵᠠᠩᠭᠢ ᠶᠢᠨ ᠰᠦᠯᠵᠢᠶ᠎ᠡ᠂ 5G ᠪᠠ AI ᠮᠡᠷᠭᠡᠵᠢᠯ ᠢᠶᠠᠷ ᠳᠡᠮᠵᠢᠯᠭᠡ ᠪᠣᠯᠭᠠᠵᠤ᠂ ᠭᠤᠤᠯᠳᠠᠯᠭ᠎ᠠ ᠲᠠᠢ  ᠵᠤᠭᠠᠴᠠᠯ ᠤᠨ ᠦᠵᠡᠮᠵᠢ ᠶᠢᠨ ᠣᠷᠣᠨ ᠤ ᠲᠣᠭᠠᠴᠢᠯᠠᠭᠰᠠᠨ ᠪᠡᠶᠡᠴᠢᠯᠡᠨ ᠣᠶᠢᠯᠠᠭᠠᠬᠤ  ᠦᠢᠯᠡᠳᠭᠦᠨ ᠢ ᠨᠡᠭᠡᠭᠡᠨ ᠬᠥᠭᠵᠢᠭᠦᠯᠬᠦ ᠶᠢ ᠬᠥᠲᠥᠯᠦᠨ ᠵᠢᠯᠣᠭᠤᠳᠬᠤ ᠶᠢᠨ ᠬᠠᠮᠲᠤ ᠦᠵᠡᠮᠵᠢ ᠶᠢᠨ ᠣᠷᠣᠨ ᠤ ᠡᠯᠧᠺᠲᠷᠣᠨ ᠭᠠᠵᠠᠷ ᠤᠨ ᠵᠢᠷᠤᠭ᠂ ᠵᠠᠮ ᠱᠤᠭᠤᠮ ᠤᠨ ᠲᠠᠨᠢᠯᠴᠠᠭᠤᠯᠭ᠎ᠠ᠂ ᠠᠪᠢᠶᠠᠨ ᠤ ᠬᠥᠲᠥᠯᠦᠮᠵᠢ ᠵᠡᠷᠭᠡ ᠣᠶᠤᠨᠴᠢᠯᠠᠭᠰᠠᠨ ᠦᠢᠯᠡᠴᠢᠯᠡᠭᠡᠨ ᠢ ᠲᠦᠭᠡᠮᠡᠯᠵᠢᠭᠦᠯᠵᠦ᠂ ︽ᠬᠤᠷᠤᠭᠤᠨ ᠦᠵᠦᠭᠦᠷ ᠲᠠᠬᠢ ᠬᠢᠩᠭᠠᠨ ᠠᠶᠢᠮᠠᠭ︾ ᠤᠨ ᠸᠢᠴᠠᠲ ᠤᠨ ᠵᠢᠵᠢᠭ ᠫᠷᠤᠭ᠍ᠷᠠᠮ ᠢ ᠪᠠᠶᠢᠭᠤᠯᠤᠨ ᠲᠡᠭᠦᠯᠳᠡᠷᠵᠢᠭᠦᠯᠵᠦ᠂ A ᠲᠠᠰ ᠤᠨ  ᠵᠤᠭᠠᠴᠠᠯ ᠤᠨ ᠦᠵᠡᠮᠵᠢ ᠶᠢᠨ ᠣᠷᠣᠨ ᠳᠤ ᠪᠦᠬᠦᠨ ᠢᠶᠠᠷ ᠢᠶᠠᠨ ᠰᠦᠯᠵᠢᠶᠡᠨ ᠳᠡᠭᠡᠷ᠎ᠡ ᠤᠷᠢᠳᠴᠢᠯᠠᠨ ᠵᠠᠬᠢᠶᠠᠯᠠᠬᠤ  ᠦᠢᠯᠡᠴᠢᠯᠡᠭᠡ ᠬᠠᠩᠭᠠᠬᠤ ᠶᠢ ᠠᠯᠬᠤᠮ ᠠᠯᠬᠤᠮ ᠢᠶᠠᠷ ᠪᠡᠶᠡᠯᠡᠭᠦᠯᠦᠨ᠎ᠡ᠃ 4G ᠶᠢ ᠦᠷᠭᠦᠯᠵᠢᠯᠡᠨ ᠰᠢᠯᠢᠳᠡᠭᠵᠢᠭᠦᠯᠵᠦ᠂ 5G ᠶᠢᠨ ᠰᠦᠯᠵᠢᠶᠡᠨ ᠤ ᠪᠠᠶᠢᠷᠢᠯᠠᠭᠤᠯᠤᠯᠲᠠ ᠶᠢ ᠲᠦᠯᠬᠢᠨ ᠠᠬᠢᠭᠤᠯᠵᠤ᠂ ᠰᠣᠶᠣᠯ ᠪᠠ  ᠵᠤᠭᠠᠴᠠᠯ ᠤᠨ ᠬᠡᠷᠡᠭᠯᠡᠭᠡᠨ ᠤ ᠲᠠᠯᠠᠪᠤᠷ ᠭᠠᠵᠠᠷ ᠤᠨ ᠥᠷᠭᠡᠨ ᠪᠦᠰᠡᠲᠦ ᠰᠢᠯᠵᠢᠮᠡᠯ ᠮᠡᠳᠡᠭᠡ ᠬᠤᠯᠪᠣᠭᠠᠨ ᠤ ᠰᠦᠯᠵᠢᠶᠡᠨ ᠤ ᠪᠦᠷᠬᠦᠴᠡ ᠶᠢᠨ ᠬᠢᠷᠢ ᠲᠦᠪᠰᠢᠨ ᠢ ᠳᠡᠭᠡᠭᠰᠢᠯᠡᠭᠦᠯᠵᠦ᠂ ᠰᠢᠯᠵᠢᠮᠡᠯ ᠮᠡᠳᠡᠭᠡ ᠬᠤᠯᠪᠣᠭᠠᠨ ᠤ ᠠᠷᠠᠳ ᠲᠤ ᠲᠦᠬᠦᠮ ᠦᠵᠡᠭᠦᠯᠬᠦ ᠢᠨᠵᠧᠨᠧᠷᠢᠩ ᠢ ᠬᠡᠷᠡᠭᠵᠢᠭᠦᠯᠬᠦ ᠶᠢ ᠲᠦᠯᠬᠢᠨ ᠠᠬᠢᠭᠤᠯᠵᠤ᠂ ᠰᠣᠶᠣᠯ ᠪᠠ  ᠵᠤᠭᠠᠴᠠᠯ ᠤᠨ ᠬᠡᠷᠡᠭᠯᠡᠭᠡᠨ ᠤ ᠲᠠᠯᠠᠪᠤᠷ ᠭᠠᠵᠠᠷ ᠤᠨ ᠪᠠᠩᠬᠢ ᠶᠢᠨ ᠺᠠᠷᠲ᠂ ᠶᠦᠨ  ᠱᠠᠨ ᠹᠦ᠋ APP ᠪᠠ ᠪᠠᠩᠬᠢ ᠶᠢᠨ ᠦᠢᠯᠡᠰ ᠤᠨ ᠨᠢᠭᠡᠳᠦᠯᠲᠡᠶ ᠪᠠᠷᠢᠮᠵᠢᠶ᠎ᠠ ᠳᠤ ᠨᠡᠶᠢᠴᠡᠭᠰᠡᠨ ᠡᠯ᠎ᠡ ᠲᠦᠷᠦᠯ ᠤᠨ ᠰᠢᠯᠵᠢᠮᠡᠯ ᠮᠡᠳᠡᠭᠡ ᠬᠤᠯᠪᠣᠭᠠᠨ ᠤ ᠲᠥᠯᠥᠪᠦᠷᠢ ᠶᠢᠨ ᠦᠢᠯᠡᠳᠬᠦᠨ ᠤ ᠬᠡᠷᠡᠭᠯᠡᠯᠲᠡ ᠶᠢᠨ ᠳᠥᠭᠦᠮ ᠳᠥᠲᠡ ᠶᠢᠨ ᠬᠡᠮᠵᠢᠶ᠎ᠡ ᠶᠢ ᠳᠡᠭᠡᠭᠰᠢᠯᠡᠭᠦᠯᠦᠨ᠎ᠡ᠃  ᠲᠦᠷᠦᠭᠦᠯᠡᠬᠦ ᠨᠢᠭᠡᠴᠢ᠄ ᠠᠶᠢᠮᠠᠭ ᠤᠨ ᠰᠤᠶᠤᠯ ᠵᠤᠭᠠᠴᠠᠯ ᠪᠡᠶ᠎ᠡ ᠶᠢᠨ ᠲᠠᠮᠢᠷ ᠤᠨ ᠲᠣᠪᠴᠢᠶ᠎ᠠ᠂ ᠲᠣᠮᠣ ᠳ᠋ᠠᠶᠢᠲ᠋ᠠ ᠶᠢᠨ ᠲᠥᠪ  ᠬᠠᠷᠢᠭᠤᠴᠠᠯᠭᠠᠲᠤ ᠨᠢᠭᠡᠴᠢ᠄ ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ    ︵ᠲᠠᠪᠤ︶ ᠢᠳᠡᠭᠡᠨ ᠤᠮᠳᠠᠭᠠᠨ᠂ ᠬᠤᠨᠤᠭ ᠪᠠᠭᠤᠳᠠᠯ᠂ ᠪᠠᠷᠠᠭ᠎ᠠ ᠬᠤᠳᠠᠯᠳᠤᠨ ᠠᠪᠬᠤ ᠡᠵᠡᠩᠨᠡᠯᠲᠡ ᠶᠢᠨ ᠪᠠᠶᠢᠳᠠᠯ ᠢ ᠪᠠᠶᠠᠯᠢᠭᠵᠢᠭᠤᠯᠤᠨ᠎ᠠ 1. ᠣᠨᠴᠠᠯᠢᠭᠲᠤ ᠢᠳᠡᠭᠡᠨ ᠤᠮᠳᠠᠭᠠᠨ ᠢ ᠪᠥᠲᠥᠭᠡᠨ ᠪᠠᠶᠢᠭᠤᠯᠤᠨ᠎ᠠ᠃ ᠥᠪᠥᠷ ᠮᠣᠩᠭᠤᠯ ᠤᠨ ᠦᠨᠦᠷ ᠠᠮᠲᠠ ᠶᠢ ᠳᠣᠪᠤᠶᠢᠯᠭᠠᠨ᠂ ᠬᠢᠩᠭᠠᠨ ᠠᠶᠢᠮᠠᠭ ᠤᠨ ᠤᠨᠴᠠᠯᠢᠬᠳᠤ ᠢᠳᠡᠭᠡᠨ ᠤᠮᠳᠠᠭᠠᠨ ᠤ ᠲᠥᠷᠥᠯ ᠵᠦᠢᠯ ᠢ ᠪᠠᠶᠠᠯᠢᠭᠵᠢᠭᠤᠯᠵᠤ᠂  ︽ᠥᠪᠥᠷ ᠮᠣᠩᠭᠤᠯ ᠤᠨ ᠠᠮᠲᠠ︾ ᠶᠢᠨ ᠨᠠᠷᠠᠲᠤ ᠲᠥᠷᠥᠯ ᠲᠡᠮᠳᠡᠭᠲᠦ ᠶᠢᠨ 10 ᠳᠡᠯᠭᠡᠭᠦᠷ ᠢ ᠪᠣᠶ ᠪᠣᠯᠭᠠᠵᠤ᠂ ᠤᠨᠴᠠᠯᠢᠬᠳᠤ ᠠᠮᠲᠠᠲᠤ ᠢᠳᠡᠭᠡᠨ ᠤ ᠵᠢᠱᠢᠶ᠎ᠡ ᠦᠵᠡᠭᠦᠯᠬᠦ ᠵᠡᠭᠡᠯᠢ᠂ ᠵᠢᠱᠢᠶ᠎ᠡ ᠦᠵᠡᠭᠦᠯᠬᠦ ᠳᠡᠯᠭᠡᠭᠦᠷ ᠤᠨ ᠪᠥᠲᠥᠭᠡᠨ ᠪᠠᠶᠢᠭᠤᠯᠤᠯᠲᠠ ᠶᠢ ᠴᠢᠩᠭᠠᠳᠬᠠᠨ᠂ ᠲᠣᠰ ᠭᠠᠵᠠᠷ ᠤᠨ ᠤᠨᠴᠠᠯᠢᠬᠳᠤ ᠢᠳᠡᠭᠡᠨ ᠤᠮᠳᠠᠭᠠᠨ ᠤ ᠳᠡᠯᠭᠡᠭᠦᠷ ᠪᠠ ᠵᠢᠵᠢᠭ ᠢᠳᠡᠭᠡᠨ ᠤ ᠳᠡᠯᠭᠡᠭᠦᠷ ᠢ ᠬᠥᠭᠵᠢᠭᠦᠯᠵᠦ᠂ ᠤᠨᠴᠠᠯᠢᠬᠳᠤ ᠢᠳᠡᠭᠡᠨ ᠤᠮᠳᠠᠭᠠᠨ ᠢᠶᠠᠷ ᠭᠤᠤᠯ ᠪᠣᠯᠭᠠᠭᠰᠠᠨ ᠠᠵᠤ ᠦᠢᠯᠡᠰ ᠤᠨ ᠲᠥᠪᠯᠡᠷᠡᠭᠰᠡᠨ ᠣᠷᠣᠨ ᠢ ᠪᠣᠶ ᠪᠣᠯᠭᠠᠨ᠎ᠠ᠃ ᠣᠷᠣᠨ ᠨᠤᠲᠤᠭ ᠤᠨ ᠤᠨᠴᠠᠯᠢᠬᠳᠤ ᠢᠳᠡᠭᠡᠨ ᠤᠮᠳᠠᠭᠠᠨ ᠤ ᠰᠣᠯᠢᠯᠴᠠᠭᠠᠨ ᠤ ᠴᠤᠭᠯᠠᠭᠠᠨ᠂ ᠲᠠᠨᠢᠯᠴᠠᠭᠤᠯᠭ᠎ᠠ ᠶᠢᠨ ᠴᠤᠭᠯᠠᠭᠠᠨ᠂ ᠠᠮᠲᠠᠲᠤ ᠢᠳᠡᠭᠡᠨ ᠤ ᠪᠠᠶᠠᠷ ᠵᠡᠷᠭᠡ ᠠᠵᠢᠯᠯᠠᠭ᠎ᠠ ᠥᠷᠨᠢᠭᠦᠯᠬᠦ ᠶᠢ ᠵᠣᠷᠢᠭᠵᠢᠭᠤᠯᠵᠤ᠂ ᠣᠷᠣᠨ ᠨᠤᠲᠤᠭ ᠤᠨ ᠤᠨᠴᠠᠯᠢᠬᠳᠤ ᠠᠮᠲᠠᠲᠤ ᠢᠳᠡᠭᠡᠨ ᠤ ᠰᠣᠶᠣᠯ ᠤᠨ ᠠᠭᠤᠳᠠᠯᠤᠯᠲᠠ ᠪᠠ ᠤᠬᠠᠭᠤᠯᠭ᠎ᠠ ᠶᠢ ᠴᠢᠩᠭᠠᠳᠬᠠᠨ᠂ ᠣᠷᠣᠨ ᠨᠤᠲᠤᠭ ᠤᠨ ᠤᠨᠴᠠᠯᠢᠬᠳᠤ ᠠᠮᠲᠠᠲᠤ ᠢᠳᠡᠭᠡᠨ ᠤ ᠰᠣᠶᠣᠯ ᠤᠨ ᠨᠡᠮᠡᠯᠲᠡ ᠥᠷᠲᠡᠭ ᠢ ᠳᠡᠭᠡᠭᠰᠢᠯᠡᠭᠦᠯᠦᠨ᠎ᠡ᠃  ᠲᠦᠷᠦᠭᠦᠯᠡᠬᠦ ᠨᠢᠭᠡᠴᠢ᠄ ᠠᠶᠢᠮᠠᠭ ᠤᠨ ᠬᠤᠳᠠᠯᠳᠤᠭᠠᠨ ᠤ ᠶᠠᠪᠤᠳᠠᠯ ᠤᠨ ᠪᠣᠭᠤᠮᠲᠠ ᠶᠢᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ    ᠬᠠᠷᠢᠭᠤᠴᠠᠯᠭᠠᠲᠤ ᠨᠢᠭᠡᠴᠢ᠄ ᠠᠶᠢᠮᠠᠭ ᠤᠨ ᠡᠳ᠋ ᠤᠨ ᠵᠠᠰᠠᠭ ᠤᠨ ᠲᠣᠪᠴᠢᠶ᠎ᠠ᠂ ᠰᠣᠶᠣᠯ  ᠵᠤᠭᠠᠴᠠᠯ ᠪᠡᠶ᠎ᠡ ᠶᠢᠨ ᠲᠠᠮᠢᠷ ᠤᠨ ᠲᠣᠪᠴᠢᠶ᠎ᠠ᠂ ᠷᠠᠳᠢᠣ᠋ ᠲᠧᠯᠸᠢᠰ ᠤᠨ ᠬᠤᠷᠢᠶ᠎ᠠ᠂ ᠠᠶᠢᠮᠠᠭ ᠤᠨ ᠢᠳᠡᠭᠡᠨ ᠤᠮᠳᠠᠭᠠᠨ ᠬᠢᠭᠡᠳ ᠵᠣᠴᠢᠳ ᠤᠨ ᠪᠠᠭᠤᠳᠠᠯ ᠤᠨ ᠠᠵᠢᠯ ᠲᠥᠷᠥᠯ ᠤᠨ ᠨᠡᠶᠢᠭᠡᠮᠯᠢᠭ᠂ ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ 2. ᠴᠢᠨᠠᠷ ᠰᠠᠶᠢᠲᠠᠶ ᠬᠤᠨᠣᠭᠯᠠᠬᠤ ᠶᠢ ᠪᠣᠶ ᠪᠣᠯᠭᠠᠨ᠎ᠠ᠃ ᠮᠠᠨ ᠤ ᠠᠶᠢᠮᠠᠭ ᠤᠨ ᠲᠠᠪᠤᠨ ᠣᠳᠣᠨ ᠲᠠᠰ᠂ ᠳᠥᠷᠪᠡᠨ ᠣᠳᠣᠨ ᠲᠠᠰ ᠤᠨ  ᠵᠤᠭᠠᠴᠠᠯ ᠤᠨ ᠵᠣᠴᠢᠳ ᠤᠨ ᠪᠠᠭᠤᠳᠠᠯ ᠢ ᠡᠭᠦᠳᠦᠨ ᠪᠠᠶᠢᠭᠤᠯᠬᠤ ᠠᠵᠢᠯ ᠢ ᠠᠬᠢᠭᠤᠯᠵᠤ᠂ ᠬᠤᠲᠠ ᠶᠢᠨ ᠭᠤᠤᠯ ᠲᠣᠭᠤᠷᠢᠭ ᠲᠤ ᠨᠢᠭᠡ ᠪᠦᠯᠦᠭ ᠠᠯᠲᠠᠨ ᠮᠣᠳᠣᠨ ᠨᠠᠪᠴᠢ ᠶᠢᠨ ᠲᠠᠰ ᠤᠨ ᠪᠣᠬᠢᠷᠲᠤᠯ ᠥᠬᠡᠶ  ᠵᠤᠭᠠᠴᠠᠯ ᠤᠨ ᠪᠠᠭᠤᠳᠠᠯ᠂ ᠮᠥᠩᠭᠦᠨ ᠮᠣᠳᠣᠨ ᠨᠠᠪᠴᠢ ᠶᠢᠨ ᠲᠠᠰ ᠤᠨ ᠪᠣᠬᠢᠷᠲᠤᠯ ᠥᠬᠡᠶ  ᠵᠤᠭᠠᠴᠠᠯ ᠤᠨ ᠵᠣᠴᠢᠳ ᠤᠨ ᠪᠠᠭᠤᠳᠠᠯ ᠢ ᠬᠦᠴᠦᠯᠡᠨ ᠪᠤᠶᠢᠵᠢᠭᠤᠯᠵᠤ᠂ ᠨᠢᠭᠡ ᠪᠦᠯᠦᠭ ᠭᠤᠤᠯ ᠰᠡᠳᠦᠪᠲᠦ ᠪᠠᠭᠤᠳᠠᠯ ᠪᠠ ᠠᠷᠠᠳ ᠤᠨ ᠣᠷᠣᠨ ᠰᠠᠭᠤᠴᠠ ᠶᠢᠨ ᠪᠥᠲᠥᠭᠡᠨ ᠪᠠᠶᠢᠭᠤᠯᠤᠯᠲᠠ ᠶᠢ ᠠᠬᠢᠭᠤᠯᠤᠨ᠂ ᠰᠣᠶᠣᠯ ᠤᠨ  ᠵᠤᠭᠠᠴᠠᠯ ᠤᠨ ᠣᠷᠣᠨ ᠰᠠᠭᠤᠴᠠ ᠶᠢᠨ ᠦᠢᠯᠡᠴᠢᠯᠡᠭᠡᠨ ᠤ ᠣᠶᠢᠯᠠᠭᠠᠯᠲᠠ ᠶᠢ ᠳᠡᠭᠡᠭᠰᠢᠯᠡᠭᠦᠯᠦᠨ᠎ᠡ᠃  ᠲᠦᠷᠦᠭᠦᠯᠡᠬᠦ ᠨᠢᠭᠡᠴᠢ᠄ ᠠᠶᠢᠮᠠᠭ ᠤᠨ ᠰᠣᠶᠣᠯ ᠵᠤᠭᠠᠴᠠᠯ ᠪᠡᠶ᠎ᠡ ᠶᠢᠨ ᠲᠠᠮᠢᠷ ᠤᠨ ᠲᠣᠪᠴᠢᠶ᠎ᠠ᠂ ᠬᠤᠳᠠᠯᠳᠤᠭᠠᠨ ᠤ ᠶᠠᠪᠤᠳᠠᠯ ᠤᠨ ᠪᠣᠭᠤᠮᠲᠠ ᠶᠢᠨ ᠲᠣᠪᠴᠢᠶ᠎ᠠ  ᠬᠠᠷᠢᠭᠤᠴᠠᠯᠭᠠᠲᠤ ᠨᠢᠭᠡᠴᠢ᠄ ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ 3.  ᠵᠤᠭᠠᠴᠠᠯ ᠤᠨ ᠲᠠᠸᠠᠷ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠦᠨ᠎ᠡ᠃ ᠲᠠᠷᠢᠶᠠᠯᠠᠩ ᠲᠤᠰᠠᠯᠠᠬᠤ ᠠᠵᠤ ᠠᠬᠤᠶ ᠶᠢᠨ ᠨᠤᠲᠤᠭ ᠤᠨ ᠣᠨᠴᠠ ᠭᠠᠷᠤᠯᠲᠠ᠂ ᠥᠪ ᠬᠥᠷᠥᠩᠭᠡ ᠶᠢᠨ ᠪᠤᠰᠤ ᠪᠦᠲᠦᠭᠡᠭᠳᠡᠬᠦᠨ᠂ ᠰᠣᠶᠣᠯ ᠤᠨ ᠡᠭᠦᠳᠦᠯᠲᠡ ᠶᠢᠨ ᠪᠦᠲᠦᠭᠡᠭᠳᠡᠬᠦᠨ᠂ ᠬᠡᠷᠡᠭᠯᠡᠭᠡᠨ ᠤ ᠪᠦᠲᠦᠭᠡᠭᠳᠡᠬᠦᠨ ᠵᠡᠷᠭᠡ ᠤᠨᠴᠠᠯᠢᠬᠳᠤ  ᠵᠤᠭᠠᠴᠠᠯ ᠤᠨ ᠲᠠᠸᠠᠷ ᠢ ᠪᠣᠶ ᠪᠣᠯᠭᠠᠵᠤ᠂ ᠨᠤᠲᠤᠭ ᠤᠨ ᠣᠨᠴᠠ ᠭᠠᠷᠤᠯᠲᠠ ᠶᠢ ᠨᠠᠷᠢᠯᠢᠬᠵᠢᠭᠤᠯᠤᠨ ᠦᠢᠯᠡᠳᠬᠦ ᠶᠢ ᠪᠡᠶᠡᠯᠡᠭᠦᠯᠦᠨ᠂ ᠭᠤᠤᠯᠳᠠᠯᠭ᠎ᠠ ᠲᠠᠢ ᠰᠣᠶᠣᠯ ᠤᠨ ᠵᠤᠭᠠᠴᠠᠯ ᠤᠨ ᠠᠵᠢᠯᠯᠠᠭ᠎ᠠ ᠲᠠᠢ ᠤᠶᠠᠯᠳᠤᠭᠤᠯᠵᠤ᠂ ᠠᠷᠠᠯᠵᠢᠶ᠎ᠠ ᠬᠤᠳᠠᠯᠳᠤᠭᠠᠨ ᠤ ᠳᠡᠯᠭᠡᠨ ᠪᠣᠷᠣᠯᠠᠭᠤᠯᠬᠤ ᠴᠤᠭᠯᠠᠭᠠᠨ ᠢ ᠵᠣᠬᠢᠶᠠᠨ ᠪᠠᠶᠢᠭᠤᠯᠵᠤ᠂ ᠮᠠᠨ ᠤ ᠠᠶᠢᠮᠠᠭ ᠤᠨ ᠴᠢᠨᠠᠷ ᠰᠠᠶᠢᠲᠠᠶ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠳᠡᠯᠭᠡᠨ ᠦᠵᠡᠭᠦᠯᠵᠦ ᠪᠡᠶᠡᠴᠢᠯᠡᠨ ᠣᠶᠢᠯᠠᠭᠠᠬᠤ ᠳᠡᠯᠭᠡᠭᠦᠷ᠂ ᠤᠨᠴᠠᠯᠢᠬᠳᠤ ᠵᠤᠭᠠᠴᠠᠯ ᠤᠨ ᠲᠠᠸᠠᠷ ᠤᠨ ᠳᠡᠯᠭᠡᠭᠦᠷ ᠢ ᠵᠤᠭᠠᠴᠠᠯ ᠤᠨ ᠵᠠᠮ ᠱᠤᠭᠤᠮ ᠳᠤ ᠣᠷᠣᠭᠤᠯᠤᠨ᠎ᠠ᠃ ᠰᠣᠶᠣᠯ ᠤᠨ ᠡᠭᠦᠳᠦᠯᠲᠡ ᠶᠢᠨ ᠲᠠᠸᠠᠷ ᠤᠨ ᠤᠷᠤᠯᠳᠤᠭᠠᠨ ᠢ ᠡᠷᠬᠢᠯᠡᠵᠦ᠂ ᠨᠢᠭᠡ ᠪᠦᠯᠦᠭ ᠪᠡᠶ᠎ᠡ ᠪᠠᠨ ᠳᠠᠭᠠᠭᠠᠭᠰᠠᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠪᠠ ᠢᠯᠡ ᠲᠣᠳᠣ ᠣᠷᠣᠨ ᠨᠤᠲᠤᠭ ᠤᠨ ᠣᠨᠴᠠᠯᠢᠭ ᠲᠠᠢ ᠰᠣᠶᠣᠯ ᠤᠨ ᠡᠭᠦᠳᠦᠯᠲᠡ ᠶᠢᠨ ᠪᠦᠲᠦᠭᠡᠭᠳᠡᠬᠦᠨ᠂ ᠡᠭᠦᠰᠦᠮᠡᠯ ᠪᠦᠲᠦᠭᠡᠭᠳᠡᠬᠦᠨ᠂ ᠪᠣᠳᠠᠰ ᠤᠨ ᠪᠤᠰᠤ ᠰᠣᠶᠣᠯ ᠤᠨ ᠥᠪ ᠤᠨ ᠲᠠᠸᠠᠷ᠂ ᠤᠨᠴᠠᠯᠢᠭᠳᠤ ᠭᠠᠷ ᠤᠷᠠᠯᠠᠯ ᠤᠨ ᠪᠦᠲᠦᠭᠡᠭᠳᠡᠬᠦᠨ ᠪᠠ ᠨᠤᠲᠤᠭ ᠤᠨ ᠣᠨᠴᠠ ᠭᠠᠷᠤᠯᠲᠠ ᠶᠢ ᠪᠤᠶᠢᠵᠢᠭᠤᠯᠤᠨ ᠭᠠᠷᠭᠠᠵᠤ᠂ ᠪᠦᠲᠦᠭᠡᠯᠴᠢ ᠲᠥᠰᠦᠪᠯᠡᠯ ᠤᠨ ᠵᠢᠷᠤᠭ ᠲᠥᠯᠥᠪᠯᠡᠭᠡ ᠶᠢᠨ ᠦᠷ᠎ᠡ ᠪᠦᠲᠦᠭᠡᠯ ᠢ ᠬᠤᠪᠢᠷᠠᠭᠤᠯᠬᠤ ᠪᠠ ᠵᠠᠬ᠎ᠠ ᠳᠡᠯᠭᠡᠭᠦᠷ ᠲᠤ ᠳᠡᠯᠭᠡᠷᠡᠭᠦᠯᠬᠦ ᠶᠢ ᠲᠦᠯᠬᠢᠨ ᠠᠬᠢᠭᠤᠯᠤᠨ᠎ᠠ᠃ ᠰᠣᠶᠣᠯ ᠤᠨ ᠰᠢᠨ᠎ᠡ ᠶᠢ ᠡᠭᠦᠳᠬᠦ᠂ ᠪᠣᠳᠠᠰ ᠤᠨ ᠪᠤᠰᠤ ᠰᠣᠶᠣᠯ ᠤᠨ ᠥᠪ ᠢ ᠦᠵᠡᠮᠵᠢᠲᠦ ᠣᠷᠣᠨ ᠳᠤ ᠣᠷᠣᠭᠤᠯᠬᠤ ᠵᠡᠷᠭᠡ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠵᠢᠭᠤᠯᠴᠢᠯᠠᠭᠴᠢᠳ ᠤᠨ ᠬᠡᠷᠡᠭᠯᠡᠭᠡᠨ ᠤ ᠬᠡᠷᠡᠭᠴᠡᠭᠡ ᠱᠠᠭᠠᠷᠳᠠᠯᠭ᠎ᠠ ᠶᠢ ᠬᠥᠲᠥᠯᠦᠨ ᠳᠠᠭᠠᠭᠤᠯᠬᠤ ᠪᠠ ᠳᠠᠶᠢᠴᠢᠯᠠᠨ᠎ᠠ᠃  ᠲᠦᠷᠦᠭᠦᠯᠡᠬᠦ ᠨᠢᠭᠡᠴᠢ᠄ ᠠᠶᠢᠮᠠᠭ ᠤᠨ ᠰᠣᠶᠣᠯ ᠵᠤᠭᠠᠴᠠᠯ ᠪᠡᠶ᠎ᠡ ᠶᠢᠨ ᠲᠠᠮᠢᠷ ᠤᠨ ᠲᠣᠪᠴᠢᠶ᠎ᠠ᠂ ᠬᠤᠳᠠᠯᠳᠤᠭᠠᠨ ᠤ ᠶᠠᠪᠤᠳᠠᠯ ᠤᠨ ᠪᠣᠭᠤᠮᠲᠠ ᠶᠢᠨ ᠲᠣᠪᠴᠢᠶ᠎ᠠ  ᠬᠠᠷᠢᠭᠤᠴᠠᠯᠭᠠᠲᠤ ᠨᠢᠭᠡᠴᠢ᠄ ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ 4. ᠪᠠᠷᠠᠭ᠎ᠠ ᠬᠤᠳᠠᠯᠳᠤᠨ ᠠᠪᠬᠤ ᠲᠤᠷᠰᠢᠯᠲᠠ ᠪᠠᠨ ᠳᠡᠭᠡᠭᠰᠢᠯᠡᠭᠦᠯᠦᠨ᠎ᠡ᠃  ᠵᠤᠭᠠᠴᠠᠭᠰᠠᠳ ᠤᠨ ᠦᠢᠯᠡᠴᠢᠯᠡᠭᠡᠨ ᠤ ᠲᠥᠪ᠂ ᠲᠡᠷᠭᠡᠨ ᠥᠷᠲᠡᠭᠡ᠂ ᠦᠵᠡᠮᠵᠢ ᠶᠢᠨ ᠣᠷᠣᠨ᠂  ᠵᠤᠭᠠᠴᠠᠯ ᠤᠨ ᠵᠡᠭᠡᠯᠢ ᠲᠣᠭᠤᠷᠢᠭ ᠲᠤ ᠨᠢᠭᠡ ᠪᠦᠯᠦᠭ ᠵᠢᠷᠤᠮᠵᠢᠭᠰᠠᠨ ᠡᠵᠡᠩᠨᠡᠯᠲᠡ ᠶᠢᠨ  ᠵᠤᠭᠠᠴᠠᠯ ᠤᠨ ᠲᠠᠸᠠᠷ ᠤᠨ ᠰᠣᠳᠣᠨ ᠪᠦᠲᠦᠭᠡᠭᠳᠡᠬᠦᠨ ᠤ ᠳᠡᠯᠭᠡᠭᠦᠷ᠂ ᠣᠨᠴᠠᠯᠢᠭᠲᠤ ᠳᠡᠯᠭᠡᠭᠦᠷ ᠢ ᠪᠥᠲᠥᠭᠡᠨ ᠪᠠᠶᠢᠭᠤᠯᠤᠨ᠎ᠠ᠃ A ᠲᠠᠰ ᠤᠨ ᠦᠵᠡᠮᠵᠢ ᠶᠢᠨ ᠣᠷᠣᠨ ᠤ  ᠵᠤᠭᠠᠴᠠᠯ ᠤᠨ ᠲᠠᠸᠠᠷ ᠤᠨ ᠪᠠᠷᠠᠭ᠎ᠠ ᠬᠤᠳᠠᠯᠳᠤᠨ ᠠᠪᠬᠤ ᠲᠣᠭᠤᠷᠢᠭ ᠢ ᠵᠢᠷᠤᠮᠵᠢᠭᠤᠯᠤᠨ ᠪᠥᠲᠥᠭᠡᠨ ᠪᠠᠶᠢᠭᠤᠯᠬᠤ ᠶᠢ ᠠᠬᠢᠭᠤᠯᠵᠤ᠂ ᠴᠢᠨᠠᠷ ᠰᠠᠶᠢᠲᠠᠶ ᠤᠨᠴᠠᠯᠢᠭᠳᠤ  ᠵᠤᠭᠠᠴᠠᠯ ᠤᠨ ᠲᠠᠸᠠᠷ ᠢ ᠦᠵᠡᠮᠵᠢ ᠶᠢᠨ ᠣᠷᠣᠨ᠂ ᠲᠡᠷᠭᠡᠨ ᠥᠷᠲᠡᠭᠡ᠂  ᠵᠤᠭᠠᠴᠠᠯ ᠤᠨ ᠵᠡᠭᠡᠯᠢ ᠲᠣᠭᠤᠷᠢᠭ᠂  ᠦᠨᠳᠦᠷ ᠬᠤᠷᠳᠤᠴᠠᠳᠤ ᠵᠠᠰᠠᠮᠠᠯ ᠵᠠᠮ ᠤᠨ ᠦᠢᠯᠡᠴᠢᠯᠡᠭᠡᠨ ᠤ ᠲᠣᠭᠤᠷᠢᠭ ᠵᠡᠷᠭᠡ ᠵᠤᠭᠠᠴᠠᠭᠰᠠᠳ ᠤᠨ ᠴᠤᠭᠯᠠᠷᠠᠯ ᠤᠨ ᠲᠣᠭᠤᠷᠢᠭ ᠲᠤ ᠣᠷᠣᠭᠤᠯᠬᠤ ᠶᠢ ᠳᠡᠮᠵᠢᠵᠦ᠂ ᠵᠢᠩ ᠳ᠋ᠦᠩ᠂ ᠲᠢᠶᠠᠨ ᠮᠤᠤ ᠵᠡᠷᠭᠡ ᠡᠯᠧᠺᠲᠷᠣᠨ ᠬᠤᠳᠠᠯᠳᠤᠭ᠎ᠠ ᠯᠤᠭ᠎ᠠ ᠬᠢᠩᠭᠠᠨ ᠠᠶᠢᠮᠠᠭ ᠤᠨ ᠤᠨᠴᠠᠯᠢᠭᠳᠤ  ᠵᠤᠭᠠᠴᠠᠯ ᠤᠨ ᠲᠠᠸᠠᠷ ᠢ ᠬᠤᠷᠰᠢᠨ ᠡᠵᠡᠩᠨᠡᠬᠦ ᠶᠢ ᠵᠣᠷᠢᠭᠵᠢᠭᠤᠯᠤᠨ᠎ᠠ᠃  ᠵᠤᠭᠠᠴᠠᠯ ᠤᠨ ᠦᠵᠡᠮᠵᠢ ᠶᠢᠨ ᠣᠷᠣᠨ ᠤ ᠤᠨᠴᠠᠯᠢᠬᠳᠤ  ᠵᠤᠭᠠᠴᠠᠯ ᠤᠨ ᠲᠠᠸᠠᠷ ᠤᠨ ᠳᠡᠯᠭᠡᠭᠦᠷ ᠢ ᠪᠠᠶᠢᠷᠢᠯᠠᠭᠤᠯᠬᠤ ᠪᠠ ᠳᠡᠭᠡᠭᠰᠢᠯᠡᠭᠦᠯᠦᠨ ᠥᠭᠡᠷᠡᠴᠢᠯᠡᠬᠦ ᠶᠢ ᠵᠢᠷᠤᠮᠵᠢᠭᠤᠯᠤᠨ ᠬᠥᠲᠥᠯᠦᠨ ᠵᠢᠯᠣᠭᠤᠳᠴᠤ᠂ ︽ᠥᠪᠥᠷ ᠮᠣᠩᠭᠤᠯ ᠤᠨ ᠪᠡᠯᠡᠭ︾ ︽ᠬᠢᠩᠭᠠᠨ  ᠵᠤᠭᠠᠴᠠᠯ ᠤᠨ ᠪᠡᠯᠡᠭ︾ ᠤᠨ ᠲᠤᠰᠬᠠᠶ ᠯᠠᠩᠭᠦᠶ ᠶᠢ ᠨᠡᠮᠡᠨ ᠪᠠᠶᠢᠭᠤᠯᠵᠤ᠂  ᠵᠤᠭᠠᠴᠠᠯ ᠤᠨ ᠪᠠᠷᠠᠭ᠎ᠠ ᠬᠤᠳᠠᠯᠳᠤᠨ ᠠᠪᠬᠤ ᠶᠢ ᠪᠡᠶᠡᠴᠢᠯᠡᠨ ᠣᠶᠢᠯᠠᠭᠠᠬᠤ ᠪᠠ ᠴᠢᠨᠠᠷ ᠴᠢᠨᠰᠠᠭ᠎ᠠ ᠶᠢ ᠳᠡᠭᠡᠭᠰᠢᠯᠡᠭᠦᠯᠦᠨ᠎ᠡ᠃  ᠲᠦᠷᠦᠭᠦᠯᠡᠬᠦ ᠨᠢᠭᠡᠴᠢ᠄ ᠠᠶᠢᠮᠠᠭ ᠤᠨ ᠰᠣᠶᠣᠯ ᠵᠤᠭᠠᠴᠠᠯ ᠪᠡᠶ᠎ᠡ ᠶᠢᠨ ᠲᠠᠮᠢᠷ ᠤᠨ ᠲᠣᠪᠴᠢᠶ᠎ᠠ᠂ ᠬᠤᠳᠠᠯᠳᠤᠭᠠᠨ ᠤ ᠶᠠᠪᠤᠳᠠᠯ ᠤᠨ ᠪᠣᠭᠤᠮᠲᠠ ᠶᠢᠨ ᠲᠣᠪᠴᠢᠶ᠎ᠠ  ᠬᠠᠷᠢᠭᠤᠴᠠᠯᠭᠠᠲᠤ ᠨᠢᠭᠡᠴᠢ᠄ ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ      ︵ᠵᠢᠷᠭᠤᠭ᠎ᠠ︶ ᠠᠮᠤᠷ ᠲᠦᠪᠰᠢᠨ ᠤ ᠡᠮᠬᠢ ᠳᠢᠭᠯᠢᠮ ᠢ ᠦᠨᠡᠨ ᠬᠦ ᠬᠠᠮᠠᠭᠠᠯᠠᠨ᠎ᠠ 1. ᠬᠠᠤᠯᠢ ᠬᠡᠷᠡᠭᠵᠢᠭᠦᠯᠬᠦ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ᠠᠶᠢᠮᠠᠭ ᠬᠤᠰᠢᠭᠤ ᠬᠤᠶᠠᠷ ᠱᠠᠲᠤᠨ ᠤ ᠰᠣᠶᠣᠯ  ᠵᠤᠭᠠᠴᠠᠯ ᠤᠨ ᠵᠠᠬ᠎ᠠ ᠳᠡᠯᠭᠡᠭᠦᠷ ᠤᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠡᠩᠨᠡᠭᠡ ᠶᠢ ᠪᠠᠶᠢᠭᠤᠯᠬᠤ ᠪᠠ ᠡᠮᠬᠢᠯᠡᠨ ᠨᠡᠶᠢᠯᠡᠭᠦᠯᠬᠦ ᠶᠢ ᠪᠡᠶᠡᠯᠡᠭᠦᠯᠵᠦ᠂  ᠵᠤᠭᠠᠴᠠᠯ ᠤᠨ ᠵᠠᠬ᠎ᠠ ᠳᠡᠯᠭᠡᠭᠦᠷ ᠤᠨ ᠬᠠᠤᠯᠢ ᠬᠡᠷᠡᠭᠵᠢᠭᠦᠯᠬᠦ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠨ᠎ᠡ᠃ ᠰᠣᠶᠣᠯ ᠵᠤᠭᠠᠴᠠᠯ ᠤᠨ ᠵᠠᠬ᠎ᠠ ᠳᠡᠯᠭᠡᠭᠦᠷ ᠢ ᠲᠤᠰᠬᠠᠶᠢᠯᠠᠨ ᠵᠠᠰᠠᠬᠤ ᠠᠵᠢᠯ ᠢ ᠭᠦᠨᠵᠡᠭᠡᠶ ᠥᠷᠨᠢᠭᠦᠯᠵᠦ᠂ ︽ᠬᠡᠷᠡᠭ ᠤᠨ ᠡᠮᠦᠨ᠎ᠡ᠂ ᠬᠡᠷᠡᠭ ᠤᠨ ᠳᠤᠮᠳᠠ᠂ ᠬᠡᠷᠡᠭ ᠤᠨ ᠬᠤᠶᠢᠨ᠎ᠠ︾ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠂ ᠬᠠᠮᠢᠶ᠎ᠠ ᠪᠥᠬᠦᠶ ᠪᠠᠶᠢᠴᠠᠭᠠᠯᠲᠠ ᠵᠢᠴᠢ ᠬᠡᠷᠡᠭ ᠢ  ᠰᠢᠢᠳᠪᠦᠷᠢᠯᠡᠬᠦ ᠶᠢ ᠯᠠᠪᠳᠠᠭᠤᠨ ᠪᠠᠲᠤᠲᠠᠶ ᠥᠷᠨᠢᠭᠦᠯᠵᠦ᠂ ᠲᠣᠭᠲᠠᠮᠠᠯ ᠬᠤᠭᠤᠴᠠᠭ᠎ᠠ ᠲᠠᠢ ᠪᠠᠷ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢ ᠥᠷᠨᠢᠭᠦᠯᠦᠨ᠂  ᠵᠤᠭᠠᠴᠠᠯ ᠤᠨ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠬᠠᠮᠠᠭᠠᠯᠠᠵᠤ᠂ ᠡᠯ᠎ᠡ ᠲᠥᠷᠥᠯ ᠤᠨ ᠬᠠᠤᠯᠢ ᠲᠣᠭᠲᠠᠭᠠᠯ ᠠᠴᠠ ᠵᠥᠷᠢᠴᠡᠭᠰᠡᠨ  ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠰᠣᠶᠣᠯ ᠤᠨ  ᠵᠤᠭᠠᠴᠠᠯ ᠤᠨ ᠠᠵᠢᠯ ᠲᠥᠷᠥᠯ ᠤᠨ ᠥᠪᠡᠷ ᠢ ᠪᠠᠨ ᠱᠠᠭᠠᠷᠳᠠᠬᠤ ᠶᠢ ᠠᠬᠢᠭᠤᠯᠤᠨ᠂ ᠣᠯᠠᠨ ᠲᠦᠮᠡᠨ ᠤ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠨ᠎ᠠ᠃  ᠲᠦᠷᠦᠭᠦᠯᠡᠬᠦ ᠨᠢᠭᠡᠴᠢ᠄ ᠠᠶᠢᠮᠠᠭ ᠤᠨ  ᠰᠤᠶᠤᠯ ᠵᠤᠭᠠᠴᠠᠯ ᠪᠡᠶ᠎ᠡ ᠶᠢᠨ ᠲᠠᠮᠢᠷ ᠤᠨ ᠲᠤᠪᠴᠢᠶ᠎ᠠ    ᠬᠠᠷᠢᠭᠤᠴᠠᠯᠭᠠᠲᠤ ᠨᠢᠭᠡᠴᠢ᠄ ᠠᠶᠢᠮᠠᠭ ᠤᠨ ᠨᠠᠮ ᠤᠨ ᠬᠤᠷᠢᠶ᠎ᠠ ᠶᠢᠨ ᠣᠷᠣᠨ ᠲᠤᠭ᠎ᠠ ᠶᠢᠨ ᠠᠯᠪᠠᠨ ᠬᠡᠷ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ  ᠵᠠᠰᠠᠭ ᠤᠨ ᠤᠷᠳᠤᠨ2.  ᠵᠤᠭᠠᠴᠠᠯ ᠤᠨ ᠦᠨᠡᠨᠴᠢ ᠢᠲᠡᠭᠡᠮᠵᠢ ᠶᠢᠨ ᠰᠢᠰᠲ᠋ᠧᠮᠵᠢ ᠶᠢ ᠪᠠᠶᠢᠭᠤᠯᠤᠨ ᠪᠦᠷᠢᠨᠰᠢᠭᠦᠯᠦᠨ᠎ᠡ᠃ ᠡᠯ᠎ᠡ ᠬᠤᠰᠢᠭᠤ ᠰᠢᠶᠠᠨ ᠬᠤᠲᠠ ᠨᠤᠭᠤᠳ ᠡᠷᠬᠡᠪᠰᠢ ᠰᠣᠶᠣᠯ ᠵᠤᠭᠠᠴᠠᠯ ᠤᠨ ᠵᠠᠬ᠎ᠠ ᠳᠡᠯᠭᠡᠭᠦᠷ ᠤᠨ ᠢᠲᠡᠭᠡᠮᠵᠢ ᠶᠢᠨ ᠰᠢᠰᠲ᠋ᠧᠮᠵᠢ ᠶᠢ ᠪᠠᠶᠢᠭᠤᠯᠵᠤ᠂  ᠵᠤᠭᠠᠴᠠᠯ ᠤᠨ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ︽ᠤᠯᠠᠭᠠᠨ ᠬᠠᠷ᠎ᠠ ᠰᠠᠮᠪᠠᠷ᠎ᠠ︾ ᠶᠢᠨ ᠲᠦᠷᠢᠮ ᠢ ᠲᠣᠭᠲᠠᠭᠠᠬᠤ ᠶᠢᠨ ᠬᠠᠮᠲᠤ ᠬᠡᠷᠡᠭᠵᠢᠭᠦᠯᠵᠦ᠂  ᠵᠤᠭᠠᠴᠠᠯ ᠤᠨ ᠠᠵᠤ ᠠᠬᠤᠶᠢᠯᠠᠯ ᠤᠨ ᠢᠲᠡᠭᠡᠯ ᠠᠯᠳᠠᠭᠰᠠᠳ ᠢ ᠬᠤᠯᠪᠣᠭᠠᠯᠠᠨ ᠵᠠᠯᠬᠠᠭᠠᠨ ᠴᠡᠭᠡᠷᠯᠡᠭᠦᠯᠬᠦ ᠲᠣᠭᠲᠠᠴᠠ ᠶᠢ ᠪᠠᠶᠢᠭᠤᠯᠤᠨ᠂ ᠰᠣᠶᠣᠯ ᠵᠤᠭᠠᠴᠠᠯ ᠤᠨ ᠵᠠᠬ᠎ᠠ ᠳᠡᠯᠭᠡᠭᠦᠷ ᠤᠨ ᠢᠲᠡᠭᠡᠯ ᠠᠯᠳᠠᠭᠰᠠᠨ ᠠᠵᠢᠯᠯᠠᠭ᠎ᠠ ᠶᠢ ᠵᠠᠯᠬᠠᠭᠠᠨ ᠴᠡᠭᠡᠷᠯᠡᠭᠦᠯᠬᠦ ᠡᠷᠴᠢᠮ ᠢᠶᠠᠨ ᠴᠢᠩᠭᠠᠷᠠᠭᠤᠯᠵᠤ᠂ ᠵᠠᠬ᠎ᠠ ᠳᠡᠯᠭᠡᠭᠦᠷ ᠤᠨ ᠣᠷᠴᠢᠨ ᠲᠣᠭᠤᠷᠢᠨ ᠢ ᠴᠡᠪᠡᠷᠰᠢᠭᠦᠯᠬᠦ ᠬᠡᠷᠡᠭᠲᠡᠶ᠃  ᠲᠦᠷᠦᠭᠦᠯᠡᠬᠦ ᠨᠢᠭᠡᠴᠢ᠄ ᠠᠶᠢᠮᠠᠭ ᠤᠨ ᠰᠣᠶᠣᠯ ᠵᠤᠭᠠᠴᠠᠯ ᠪᠡᠶ᠎ᠡ ᠶᠢᠨ ᠲᠠᠮᠢᠷ ᠤᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ  ᠬᠠᠷᠢᠭᠤᠴᠠᠯᠭᠠᠲᠤ ᠨᠢᠭᠡᠴᠢ᠄ ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ 3. ᠵᠠᠭᠠᠯᠳᠤᠬᠤ ᠠᠷᠭ᠎ᠠ ᠵᠠᠮ ᠢ ᠰᠠᠭᠠᠳ ᠥᠬᠡᠶ ᠨᠡᠪᠲᠡᠷᠡᠭᠦᠯᠦᠨ᠎ᠡ᠃ 12345 ᠵᠤᠭᠠᠴᠠᠯ ᠤᠨ ᠵᠠᠭᠠᠯᠳᠤᠯᠭ᠎ᠠ ᠶᠢᠨ ᠬᠠᠯᠠᠮᠰᠢᠯ ᠤᠲᠠᠰᠤ ᠶᠢᠨ ᠲᠤᠰᠬᠠᠶ  ᠦᠢᠯᠡᠴᠢᠯᠡᠭᠡ ᠶᠢ ᠳᠣᠭᠢᠷᠠᠭᠤᠯᠵᠤ᠂ ᠡᠯ᠎ᠡ ᠬᠤᠰᠢᠭᠤ ᠰᠢᠶᠠᠨ ᠬᠤᠲᠠ ᠶᠢᠨ ᠰᠣᠶᠣᠯ  ᠵᠤᠭᠠᠴᠠᠯ ᠪᠡᠶ᠎ᠡ ᠶᠢᠨ ᠲᠠᠮᠢᠷ ᠤᠨ ᠲᠣᠪᠴᠢᠶ᠎ᠠ ᠳᠤ ᠵᠠᠭᠠᠯᠳᠤᠯᠭ᠎ᠠ ᠶᠢᠨ ᠬᠠᠯᠠᠮᠰᠢᠯ ᠤᠲᠠᠰᠤ ᠶᠢ ᠲᠤᠰᠬᠠᠶᠢᠯᠠᠨ ᠳᠣᠭᠢᠷᠠᠭᠤᠯᠤᠨ᠂ ᠳ᠋ᠢᠶᠠᠩᠬᠤᠸᠠ᠂ ᠵᠤᠭᠠᠴᠠᠯ ᠤᠨ ᠬᠢᠨᠠᠯᠲᠠ ᠬᠠᠮᠢᠶᠠᠷᠤᠯᠲᠠ ᠶᠢᠨ ᠲᠠᠪᠴᠠᠩ ᠵᠡᠷᠭᠡ ᠣᠯᠠᠨ ᠵᠦᠢᠯ ᠤᠨ ᠵᠠᠭᠠᠯᠳᠤᠯᠭ᠎ᠠ ᠶᠢᠨ ᠠᠷᠭ᠎ᠠ ᠮᠠᠶ᠋ᠢᠭ ᠢ ᠬᠡᠷᠡᠭᠵᠢᠭᠦᠯᠵᠦ᠂ ᠵᠠᠭᠠᠯᠳᠤᠯᠭ᠎ᠠ ᠶᠢᠨ ᠵᠠᠮ ᠮᠥᠷ ᠤᠨ ᠰᠠᠭᠠᠳ ᠥᠬᠡᠶ ᠨᠡᠪᠲᠡᠷᠡᠬᠦ ᠶᠢ ᠦᠨᠡᠨᠬᠦ ᠪᠠᠲᠤᠯᠠᠨ᠎ᠠ᠃    ᠲᠦᠷᠦᠭᠦᠯᠡᠬᠦ ᠨᠢᠭᠡᠴᠢ᠄ ᠠᠶᠢᠮᠠᠭ ᠤᠨ ᠰᠣᠶᠣᠯ ᠵᠤᠭᠠᠴᠠᠯ ᠪᠡᠶ᠎ᠡ ᠶᠢᠨ ᠲᠠᠮᠢᠷ ᠤᠨ ᠲᠣᠪᠴᠢᠶ᠎ᠠ᠂ ᠠᠶᠢᠮᠠᠭ ᠤᠨ ᠬᠡᠪᠴᠢᠶᠡᠨ ᠳᠠᠬᠢ ᠨᠡᠶᠢᠭᠡᠮ ᠤᠨ ᠵᠠᠰᠠᠯᠲᠠ ᠶᠢᠨ ᠲᠥᠪ  ᠬᠠᠷᠢᠭᠤᠴᠠᠯᠭᠠᠲᠤ ᠨᠢᠭᠡᠴᠢ᠄ ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ 4. ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠶᠢ ᠴᠢᠩᠭᠠᠳᠬᠠᠨ᠎ᠠ᠃ ᠡᠯ᠎ᠡ ᠵᠦᠢᠯ ᠤᠨ ᠵᠤᠭᠠᠴᠠᠯ ᠤᠨ ᠭᠡᠨᠡᠳᠲᠡ ᠡᠭᠦᠰᠬᠦ ᠣᠯᠠᠨ ᠨᠡᠶᠢᠲᠡ ᠶᠢᠨ ᠬᠡᠷᠡᠭ ᠢ ᠠᠷᠭᠠᠴᠠᠬᠤ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠢ ᠲᠣᠭᠲᠠᠭᠠᠵᠤ᠂  ᠵᠤᠭᠠᠴᠠᠯ ᠤᠨ ᠠᠮᠤᠷ ᠲᠦᠪᠰᠢᠨ ᠤ ᠲᠦᠭᠰᠢᠭᠦᠷᠢ ᠶᠢᠨ ᠰᠠᠨᠠᠭᠤᠯᠤᠮᠵᠢ ᠶᠢᠨ ᠲᠦᠷᠢᠮ ᠢ ᠳᠡᠭᠡᠭᠰᠢᠯᠡᠭᠦᠯᠦᠨ ᠲᠡᠭᠦᠯᠳᠡᠷᠵᠢᠭᠦᠯᠵᠦ᠂ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠢ ᠲᠣᠭᠲᠠᠭᠠᠨ ᠲᠡᠭᠦᠯᠳᠡᠷᠵᠢᠭᠦᠯᠵᠦ᠂ ᠠᠵᠢᠯᠲᠠᠳ ᠤᠨ ᠠᠮᠤᠷ ᠲᠦᠪᠰᠢᠨ ᠤ ᠪᠠᠴᠢᠮ ᠪᠠᠶᠢᠳᠠᠯ ᠢ ᠠᠷᠭᠠᠴᠠᠬᠤ ᠪᠣᠯᠪᠠᠰᠤᠷᠠᠭᠤᠯᠤᠯ ᠢ ᠴᠢᠩᠭᠠᠳᠬᠠᠨ᠂ ᠰᠣᠶᠣᠯ  ᠵᠤᠭᠠᠴᠠᠯ ᠤᠨ ᠠᠵᠤ ᠠᠬᠤᠶᠢᠯᠠᠯ ᠢ ᠵᠣᠬᠢᠶᠠᠨ ᠪᠠᠶᠢᠭᠤᠯᠤᠨ ᠵᠢᠯ ᠪᠦᠷᠢ ᠠᠳᠠᠭ ᠲᠠᠭᠠᠨ ᠨᠢᠭᠡ ᠤᠳᠠᠭ᠎ᠠ ᠠᠮᠤᠷ ᠲᠦᠪᠰᠢᠨ ᠤ ᠰᠣᠷᠢᠯᠲᠠ ᠬᠢᠨ᠎ᠠ᠃  ᠲᠦᠷᠦᠭᠦᠯᠡᠬᠦ ᠨᠢᠭᠡᠴᠢ᠄ ᠠᠶᠢᠮᠠᠭ ᠤᠨ  ᠰᠤᠶᠤᠯ ᠵᠤᠭᠠᠴᠠᠯ ᠪᠡᠶ᠎ᠡ ᠶᠢᠨ ᠲᠠᠮᠢᠷ ᠤᠨ ᠲᠤᠪᠴᠢᠶ᠎ᠠ    ᠬᠠᠷᠢᠭᠤᠴᠠᠯᠭᠠᠲᠤ ᠨᠢᠭᠡᠴᠢ᠄ ᠠᠶᠢᠮᠠᠭ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠠᠶᠢᠮᠠᠭ ᠤᠨ ᠭᠠᠯ ᠤᠨᠲᠠᠷᠠᠭᠠᠬᠤ ᠠᠪᠤᠷᠠᠨ ᠲᠤᠰᠠᠯᠠᠬᠤ ᠰᠠᠯᠪᠤᠷᠢ ᠠᠩᠭᠢ᠂ ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ 5. ᠠᠪᠤᠷᠠᠨ ᠲᠤᠰᠠᠯᠠᠬᠤ ᠲᠣᠭᠲᠠᠴᠠ ᠶᠢ ᠲᠡᠭᠦᠯᠳᠡᠷᠵᠢᠭᠦᠯᠦᠨ᠎ᠡ᠃ ᠰᠠᠯᠠᠭ᠎ᠠ ᠮᠥᠴᠢᠷ ᠤᠨ ᠬᠠᠮᠲᠤᠷᠠᠨ ᠬᠠᠤᠯᠢ ᠬᠡᠷᠡᠭᠵᠢᠭᠦᠯᠵᠦ ᠪᠠᠶᠢᠴᠠᠭᠠᠬᠤ ᠶᠢ ᠴᠢᠩᠭᠠᠳᠬᠠᠵᠤ᠂ ᠨᠢᠭᠡ ᠴᠤᠭᠴᠠᠵᠢᠭᠤᠯᠤᠭᠰᠠᠨ ᠵᠤᠭᠠᠴᠠᠯ ᠤᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠬᠠᠮᠲᠤᠷᠠᠯᠴᠠᠭᠠᠨ ᠤ ᠲᠣᠭᠲᠠᠴᠠ ᠶᠢ ᠪᠠᠶᠢᠭᠤᠯᠬᠤ ᠶᠢ ᠠᠬᠢᠭᠤᠯᠤᠨ᠎ᠠ᠃  ᠲᠦᠷᠦᠭᠦᠯᠡᠬᠦ ᠨᠢᠭᠡᠴᠢ᠄ ᠠᠶᠢᠮᠠᠭ ᠤᠨ  ᠰᠤᠶᠤᠯ ᠵᠤᠭᠠᠴᠠᠯ ᠪᠡᠶ᠎ᠡ ᠶᠢᠨ ᠲᠠᠮᠢᠷ ᠤᠨ ᠲᠤᠪᠴᠢᠶ᠎ᠠ    ᠬᠠᠷᠢᠭᠤᠴᠠᠯᠭᠠᠲᠤ ᠨᠢᠭᠡᠴᠢ᠄ ᠠᠶᠢᠮᠠᠭ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠠᠶᠢᠮᠠᠭ ᠤᠨ ᠭᠠᠯ ᠤᠨᠲᠠᠷᠠᠭᠠᠬᠤ ᠠᠪᠤᠷᠠᠨ ᠲᠤᠰᠠᠯᠠᠬᠤ ᠰᠠᠯᠪᠤᠷᠢ ᠠᠩᠭᠢ᠂ ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ    ︵ᠳᠣᠯᠤᠭ᠎ᠠ︶ ᠨᠠᠷᠠᠲᠤ ᠲᠥᠷᠥᠯ ᠲᠡᠮᠳᠡᠭᠲᠦ ᠶᠢᠨ ᠡᠵᠡᠩᠨᠡᠨ ᠪᠣᠷᠣᠯᠠᠭᠤᠯᠤᠯᠲᠠ ᠶᠢ  ᠴᠢᠩᠭᠠᠳᠬᠠᠨ᠎ᠠ1. ᠤᠬᠠᠭᠤᠯᠵᠤ ᠡᠵᠡᠩᠨᠡᠨ ᠪᠣᠷᠣᠯᠠᠭᠤᠯᠬᠤ ᠡᠷᠴᠢᠮ ᠢ ᠴᠢᠩᠭᠠᠷᠠᠭᠤᠯᠤᠨ᠎ᠠ᠃ ᠰᠣᠶᠣᠯ ᠵᠤᠭᠠᠴᠠᠯ ᠤᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠪᠦᠬᠦ ᠠᠶᠢᠮᠠᠭ ᠤᠨ ᠰᠣᠶᠣᠯ ᠵᠤᠭᠠᠴᠠᠯ ᠤᠨ ᠪᠦᠬᠦᠯᠢ ᠴᠣᠭᠴᠠ ᠶᠢᠨ ᠨᠡᠷᠡᠲᠦ ᠲᠡᠮᠳᠡᠭ ᠢ ᠪᠠᠶᠢᠭᠤᠯᠵᠤ᠂ ᠡᠯ᠎ᠡ ᠬᠤᠰᠢᠭᠤ ᠰᠢᠶᠠᠨ ᠬᠤᠲᠠ ᠶᠢᠨ ᠬᠤᠲᠠ ᠶᠢᠨ ᠨᠠᠷᠠᠲᠤ ᠲᠥᠷᠥᠯ ᠲᠡᠮᠳᠡᠭᠲᠦ᠂ ᠪᠦᠲᠦᠭᠡᠭᠳᠡᠬᠦᠨ ᠤ ᠨᠠᠷᠠᠲᠤ ᠲᠥᠷᠥᠯ ᠲᠡᠮᠳᠡᠭᠲᠦ᠂ ᠠᠵᠤ ᠠᠬᠤᠶᠢᠯᠠᠯ ᠤᠨ ᠨᠠᠷᠠᠲᠤ ᠲᠥᠷᠥᠯ ᠲᠡᠮᠳᠡᠭᠲᠦ᠂ ᠪᠠᠶᠠᠷ ᠳᠤᠷᠠᠰᠬᠠᠯ ᠤᠨ ᠨᠠᠷᠠᠲᠤ ᠲᠥᠷᠥᠯ ᠲᠡᠮᠳᠡᠭᠲᠦ᠂ ᠦᠢᠯᠡᠴᠢᠯᠡᠭᠡᠨ ᠤ ᠨᠠᠷᠠᠲᠤ ᠲᠥᠷᠥᠯ ᠲᠡᠮᠳᠡᠭᠲᠦ ᠶᠢ ᠪᠣᠶ ᠪᠣᠯᠭᠠᠵᠤ᠂ ︽ᠨᠢᠭᠡ ᠯᠡ ᠦᠭᠡ ᠪᠠᠷ ᠬᠢᠩᠭᠠᠨ ᠠᠶᠢᠮᠠᠭ ᠢ ᠳᠠᠭᠤᠷᠢᠰᠬᠠᠬᠤ︾ ᠣᠷᠣᠨ ᠪᠦᠰᠡ ᠶᠢᠨ ᠳᠦᠷᠢ ᠲᠥᠷᠬᠦ ᠶᠢᠨ ᠤᠬᠠᠭᠤᠯᠭ᠎ᠠ ᠶᠢᠨ ᠦᠭᠡ ᠶᠢᠨ ᠱᠠᠩᠨᠠᠯ ᠲᠠᠢ ᠡᠯᠰᠡᠬᠦ ᠠᠵᠢᠯᠯᠠᠭ᠎ᠠ ᠶᠢ ᠥᠷᠨᠢᠭᠦᠯᠵᠦ᠂ ᠮᠠᠨ ᠤ ᠠᠶᠢᠮᠠᠭ ᠤᠨ ᠪᠣᠳᠠᠲᠠᠶ ᠳᠤ ᠨᠡᠶᠢᠴᠡᠬᠦ ᠬᠤᠲᠠ ᠶᠢᠨ ᠳᠦᠷᠢ ᠲᠥᠷᠬᠦ ᠶᠢᠨ ᠨᠠᠷᠠᠲᠤ ᠲᠥᠷᠥᠯ ᠲᠡᠮᠳᠡᠭᠲᠦ ᠶᠢ ᠬᠦᠴᠦᠯᠡᠨ ᠪᠣᠶ ᠪᠣᠯᠭᠠᠵᠤ ᠂ ᠡᠯ᠎ᠡ ᠵᠦᠢᠯ ᠤᠨ ᠵᠠᠭᠤᠴᠢᠯᠠᠭᠤᠷ ᠢ ᠶᠡᠷᠦᠩᠬᠡᠶᠢᠯᠡᠨ ᠬᠡᠷᠡᠭᠯᠡᠵᠦ᠂ ᠪᠥᠬᠦ ᠲᠠᠯ᠎ᠠ ᠪᠠᠷ᠂ ᠪᠣᠰᠤᠭ᠎ᠠ ᠴᠣᠭᠴᠠᠲᠤ ᠤᠬᠠᠭᠤᠯᠤᠨ ᠲᠠᠨᠢᠯᠴᠠᠭᠤᠯᠵᠤ᠂ ᠬᠢᠩᠭᠠᠨ ᠠᠶᠢᠮᠠᠭ ᠤᠨ ᠰᠣᠶᠣᠯ  ᠵᠤᠭᠠᠴᠠᠯ ᠤᠨ ᠰᠢᠨ᠎ᠡ ᠳᠦᠷᠢ ᠲᠥᠷᠬᠦ ᠶᠢ ᠪᠥᠬᠦ ᠬᠦᠴᠦᠨ ᠢᠶᠠᠷ ᠢᠶᠠᠨ ᠪᠣᠶ ᠪᠣᠯᠭᠠᠨ᠎ᠠ᠃  ᠲᠦᠷᠦᠭᠦᠯᠡᠬᠦ ᠨᠢᠭᠡᠴᠢ᠄ ᠠᠶᠢᠮᠠᠭ ᠤᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠲᠣᠣᠷ ᠰᠦᠯᠵᠢᠶᠡᠨ ᠤ ᠮᠡᠳᠡᠭᠡ ᠵᠠᠩᠭᠢ ᠶᠢᠨ ᠠᠯᠪᠠᠨ ᠭᠡᠷ᠂ ᠰᠣᠶᠣᠯ  ᠵᠤᠭᠠᠴᠠᠯ ᠪᠡᠶ᠎ᠡ ᠶᠢᠨ ᠲᠠᠮᠢᠷ ᠤᠨ ᠲᠣᠪᠴᠢᠶ᠎ᠠ    ᠬᠠᠷᠢᠭᠤᠴᠠᠯᠭᠠᠲᠤ ᠨᠢᠭᠡᠴᠢ᠄ ᠬᠢᠩᠭᠠᠨ ᠤ ᠡᠳᠦᠷ ᠤᠨ ᠰᠣᠨᠢᠨ ᠤ ᠬᠤᠷᠢᠶ᠎ᠠ᠂ ᠷᠠᠳᠢᠣ᠋ ᠲᠧᠯᠸᠢᠰ ᠬᠤᠷᠢᠶ᠎ᠠ᠂ ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ 2. ᠪᠦᠲᠦᠭᠡᠯᠴᠢ ᠴᠢᠨᠠᠷᠲᠠᠶ ᠪᠠᠷ ᠡᠵᠡᠩᠨᠡᠨ ᠪᠣᠷᠣᠯᠠᠭᠤᠯᠬᠤ ᠶᠢ ᠨᠡᠮᠡᠭᠳᠡᠭᠦᠯᠦᠨ᠎ᠡ᠃ ᠤᠬᠠᠭᠤᠯᠭ᠎ᠠ ᠶᠢᠨ ᠬᠡᠯᠪᠡᠷᠢ ᠶᠢ ᠪᠠᠶᠠᠯᠢᠭᠵᠢᠭᠤᠯᠤᠨ᠂ ᠪᠦᠲᠦᠭᠡᠯᠴᠢ ᠰᠡᠳᠬᠢᠬᠦᠶ ᠶᠢ ᠳᠣᠪᠤᠶᠢᠯᠭᠠᠵᠤ᠂ ᠣᠯᠠᠨ ᠨᠡᠶᠢᠲᠡ ᠶᠢᠨ ᠡᠵᠡᠩᠨᠡᠯᠲᠡ ᠪᠣᠷᠣᠯᠠᠭᠤᠯᠤᠯᠲᠠ᠂ ᠰᠦᠯᠵᠢᠶ᠎ᠡ ᠶᠢᠨ ᠡᠵᠡᠩᠨᠡᠯᠲᠡ ᠪᠣᠷᠣᠯᠠᠭᠤᠯᠤᠯᠲᠠ᠂ ᠪᠠᠶᠠᠷ ᠳᠤᠷᠠᠰᠬᠠᠯ ᠤᠨ ᠡᠵᠡᠩᠨᠡᠯᠲᠡ ᠪᠣᠷᠣᠯᠠᠭᠤᠯᠤᠯᠲᠠ ᠵᠡᠷᠭᠡ ᠣᠯᠠᠨ ᠵᠦᠢᠯ ᠤᠨ ᠠᠷᠭ᠎ᠠ ᠮᠠᠶ᠋ᠢᠭ ᠢ ᠪᠦᠲᠦᠮᠵᠢᠲᠡᠶ ᠬᠡᠷᠡᠭᠯᠡᠨ᠂ ᠸᠢᠴᠠᠲ᠂ ᠪᠢᠴᠢᠯ ᠪᠦᠷᠭᠡ᠂ ᠲᠠᠭᠤ ᠴᠡᠴᠡᠷᠡᠭᠦᠯᠬᠦ ᠵᠡᠷᠭᠡ ᠰᠢᠨ᠎ᠡ ᠵᠠᠭᠤᠴᠢᠯᠠᠭᠤᠷ᠂ ᠰᠢᠨ᠎ᠡ ᠮᠡᠷᠭᠡᠵᠢᠯ ᠢ  ᠭᠦᠢᠴᠡᠳ‌ᠠᠰᠢᠭᠯᠠᠨ᠂ ᠰᠦᠯᠵᠢᠶᠡᠨ ᠤ ᠰᠢᠭᠤᠳ ᠨᠡᠪᠲᠡᠷᠡᠭᠦᠯᠭᠡ ᠪᠠᠷᠠᠭ᠎ᠠ ᠠᠪᠴᠤ ᠶᠠᠪᠤᠬᠤ ᠵᠡᠷᠭᠡ ᠰᠢᠷᠢᠰ ᠡᠵᠡᠩᠨᠡᠯᠲᠡ ᠪᠣᠷᠣᠯᠠᠭᠤᠯᠤᠯᠲᠠ ᠶᠢᠨ ᠠᠵᠢᠯᠯᠠᠭ᠎ᠠ ᠶᠢ ᠤᠬᠠᠭᠠᠯᠠᠨ ᠥᠷᠨᠢᠭᠦᠯᠵᠦ᠂ ᠨᠢᠭᠡ ᠪᠦᠯᠦᠭ ᠰᠦᠯᠵᠢᠶᠡᠨ ᠤ ᠺᠠᠷᠲ ᠴᠣᠬᠢᠬᠤ ᠭᠠᠵᠠᠷ ᠢ ᠪᠣᠶ ᠪᠣᠯᠭᠠᠨ᠎ᠠ  ᠲᠦᠷᠦᠭᠦᠯᠡᠬᠦ ᠨᠢᠭᠡᠴᠢ᠄ ᠠᠶᠢᠮᠠᠭ ᠤᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠲᠣᠣᠷ ᠰᠦᠯᠵᠢᠶᠡᠨ ᠤ ᠮᠡᠳᠡᠭᠡ ᠵᠠᠩᠭᠢ ᠶᠢᠨ ᠠᠯᠪᠠᠨ ᠭᠡᠷ᠂ ᠰᠣᠶᠣᠯ  ᠵᠤᠭᠠᠴᠠᠯ ᠪᠡᠶ᠎ᠡ ᠶᠢᠨ ᠲᠠᠮᠢᠷ ᠤᠨ ᠲᠣᠪᠴᠢᠶ᠎ᠠ    ᠬᠠᠷᠢᠭᠤᠴᠠᠯᠭᠠᠲᠤ ᠨᠢᠭᠡᠴᠢ᠄ ᠬᠢᠩᠭᠠᠨ ᠤ ᠡᠳᠦᠷ ᠤᠨ ᠰᠣᠨᠢᠨ ᠤ ᠬᠤᠷᠢᠶ᠎ᠠ᠂ ᠷᠠᠳᠢᠣ᠋ ᠲᠧᠯᠸᠢᠰ ᠬᠤᠷᠢᠶ᠎ᠠ᠂ ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ 3. ᠤᠬᠠᠭᠤᠯᠭ᠎ᠠ ᠶᠢᠨ ᠠᠷᠭ᠎ᠠ ᠵᠠᠮ ᠢ ᠥᠷᠭᠡᠳᠬᠡᠨ᠎ᠡ᠃ ᠰᠣᠶᠣᠯ ᠵᠤᠭᠠᠴᠠᠯ ᠤᠨ ᠠᠵᠤ ᠠᠬᠤᠶᠢᠯᠠᠯ ᠪᠠ ᠬᠤᠪᠢ ᠬᠥᠮᠦᠨ ᠢ ᠵᠣᠷᠢᠭᠵᠢᠭᠤᠯᠵᠤ᠂ ᠺᠢᠨᠣ᠋᠂ ᠲᠧᠯᠸᠢᠰ ᠵᠦᠴᠦᠭᠡ᠂ ᠸᠢᠴᠠᠲ᠂ ᠪᠢᠴᠢᠯ ᠪᠦᠷᠭᠡ᠂ ᠲᠠᠭᠤ ᠴᠡᠴᠡᠷᠡᠭᠦᠯᠬᠦ ᠵᠡᠷᠭᠡ ᠰᠢᠨ᠎ᠡ ᠵᠠᠭᠤᠴᠢᠯᠠᠭᠤᠷ ᠢ ᠠᠰᠢᠭᠯᠠᠨ ᠬᠤᠲᠠ ᠶᠢᠨ  ᠵᠤᠭᠠᠴᠠᠯ ᠢ ᠤᠬᠠᠭᠤᠯᠤᠨ ᠳᠡᠯᠭᠡᠷᠡᠭᠦᠯᠵᠦ᠂ ᠬᠢᠩᠭᠠᠨ ᠠᠶᠢᠮᠠᠭ ᠤᠨ ᠰᠣᠶᠣᠯ  ᠵᠤᠭᠠᠴᠠᠯ ᠤᠨ ᠠᠯᠳᠠᠷᠰᠢᠯ ᠪᠠ ᠢᠷᠠᠭᠤ ᠠᠯᠳᠠᠷ ᠤᠨ ᠬᠡᠮᠵᠢᠶ᠎ᠡ ᠶᠢ ᠦᠨᠡᠨᠬᠦ ᠳᠡᠭᠡᠭᠰᠢᠯᠡᠭᠦᠯᠦᠨ᠎ᠡ  ᠲᠦᠷᠦᠭᠦᠯᠡᠬᠦ ᠨᠢᠭᠡᠴᠢ᠄ ᠠᠶᠢᠮᠠᠭ ᠤᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠲᠣᠣᠷ ᠰᠦᠯᠵᠢᠶᠡᠨ ᠤ ᠮᠡᠳᠡᠭᠡ ᠵᠠᠩᠭᠢ ᠶᠢᠨ ᠠᠯᠪᠠᠨ ᠭᠡᠷ᠂ ᠰᠣᠶᠣᠯ  ᠵᠤᠭᠠᠴᠠᠯ ᠪᠡᠶ᠎ᠡ ᠶᠢᠨ ᠲᠠᠮᠢᠷ ᠤᠨ ᠲᠣᠪᠴᠢᠶ᠎ᠠ    ᠬᠠᠷᠢᠭᠤᠴᠠᠯᠭᠠᠲᠤ ᠨᠢᠭᠡᠴᠢ᠄ ᠬᠢᠩᠭᠠᠨ   ᠤ ᠡᠳᠦᠷ ᠤᠨ ᠰᠣᠨᠢᠨ ᠤ ᠬᠤᠷᠢᠶ᠎ᠠ᠂ ᠷᠠᠳᠢᠣ᠋ ᠲᠧᠯᠸᠢᠰ ᠬᠤᠷᠢᠶ᠎ᠠ᠂ ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ 4. ᠤᠯᠠᠮᠵᠢᠯᠠᠨ ᠲᠠᠷᠬᠠᠭᠠᠬᠤ ᠲᠠᠪᠴᠠᠩ ᠢ ᠳᠡᠭᠡᠭᠰᠢᠯᠡᠭᠦᠯᠦᠨ᠎ᠡ᠃ ᠲᠥᠪ ᠲᠧᠯᠸᠢᠰ᠂ ᠰᠢᠨᠬᠤᠸᠠ ᠰᠦᠯᠵᠢᠶ᠎ᠡ᠂ ᠠᠷᠠᠳ ᠤᠨ ᠰᠦᠯᠵᠢᠶ᠎ᠡ᠂ ᠥᠪᠥᠷ ᠮᠣᠩᠭᠤᠯ ᠤᠨ ᠲᠧᠯᠸᠢᠰ ᠬᠤᠷᠢᠶ᠎ᠠ᠂ ᠥᠪᠥᠷ ᠮᠣᠩᠭᠤᠯ ᠤᠨ ᠡᠳᠦᠷ ᠤᠨ ᠰᠣᠨᠢᠨ ᠵᠡᠷᠭᠡ ᠤᠯᠤᠰ ᠤᠨ ᠲᠠᠰ ᠤᠨ᠂ ᠥᠪᠡᠷᠲᠡᠭᠡᠨ ᠵᠠᠰᠠᠬᠤ ᠣᠷᠣᠨ ᠤ ᠲᠠᠰ ᠤᠨ ᠭᠤᠤᠯ ᠤᠷᠤᠰᠬᠠᠯ ᠤᠨ ᠵᠠᠭᠤᠴᠢᠯᠠᠭᠤᠷ ᠯᠤᠭ᠎ᠠ ᠶᠢᠨ ᠬᠠᠮᠲᠤᠷᠠᠯᠴᠠᠭ᠎ᠠ ᠪᠠᠨ ᠴᠢᠩᠭᠠᠳᠬᠠᠵᠤ᠂ ᠰᠣᠶᠣᠯ  ᠵᠤᠭᠠᠴᠠᠯ ᠤᠨ ᠵᠠᠷ ᠮᠡᠳᠡᠭᠡ ᠲᠠᠷᠬᠠᠭᠠᠬᠤ᠂ ᠲᠥᠪᠯᠡᠷᠡᠭᠦᠯᠦᠨ ᠰᠤᠷᠪᠤᠯᠵᠢᠯᠠᠨ ᠮᠡᠳᠡᠭᠡᠯᠡᠬᠦ᠂ ᠰᠢᠷᠢᠰ ᠤᠬᠠᠭᠤᠯᠭ᠎ᠠ ᠶᠢᠨ ᠹᠢᠯᠢᠮ ᠢ ᠨᠡᠪᠲᠡᠷᠡᠭᠦᠯᠬᠦ ᠵᠡᠷᠭᠡ ᠣᠯᠠᠨ ᠵᠦᠢᠯ ᠤᠨ ᠠᠷᠭ᠎ᠠ ᠮᠠᠶ᠋ᠢᠭ ᠢᠶᠠᠷ ᠳᠠᠮᠵᠢᠭᠤᠯᠤᠨ᠂ ᠬᠤᠲᠠ ᠶᠢᠨ ᠵᠤᠭᠠᠴᠠᠯ ᠤᠨ ᠨᠠᠷᠠᠲᠤ ᠲᠥᠷᠥᠯ ᠲᠡᠮᠳᠡᠭᠲᠦ ᠶᠢ ᠳᠡᠯᠭᠡᠷᠡᠭᠦᠯᠵᠦ᠂ ᠤᠬᠠᠭᠤᠯᠭ᠎ᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃  ᠲᠦᠷᠦᠭᠦᠯᠡᠬᠦ ᠨᠢᠭᠡᠴᠢ᠄ ᠠᠶᠢᠮᠠᠭ ᠤᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠲᠣᠣᠷ ᠰᠦᠯᠵᠢᠶᠡᠨ ᠤ ᠮᠡᠳᠡᠭᠡ ᠵᠠᠩᠭᠢ ᠶᠢᠨ ᠠᠯᠪᠠᠨ ᠭᠡᠷ᠂ ᠰᠣᠶᠣᠯ  ᠵᠤᠭᠠᠴᠠᠯ ᠪᠡᠶ᠎ᠡ ᠶᠢᠨ ᠲᠠᠮᠢᠷ ᠤᠨ ᠲᠣᠪᠴᠢᠶ᠎ᠠ    ᠬᠠᠷᠢᠭᠤᠴᠠᠯᠭᠠᠲᠤ ᠨᠢᠭᠡᠴᠢ᠄ ᠬᠢᠩᠭᠠᠨ ᠡᠳᠦᠷ ᠤᠨ ᠰᠣᠨᠢᠨ ᠤ ᠬᠤᠷᠢᠶ᠎ᠠ᠂ ᠷᠠᠳᠢᠣ᠋ ᠲᠧᠯᠸᠢᠰ ᠬᠤᠷᠢᠶ᠎ᠠ᠂ ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ    ᠭᠤᠷᠪᠠ᠂ ᠠᠵᠢᠯ   ᠤᠨ ᠪᠠᠲᠤᠯᠠᠭ᠎ᠠ    ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ᠃ ᠡᠯ᠎ᠡ ᠭᠠᠵᠠᠷ ᠣᠷᠣᠨ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠤᠳᠤᠷᠢᠳᠤᠨ ᠵᠣᠬᠢᠴᠠᠭᠤᠯᠬᠤ ᠲᠣᠭᠲᠠᠴᠠ ᠶᠢ ᠪᠠᠶᠢᠭᠤᠯᠵᠤ᠂ ᠲᠣᠭᠲᠠᠮᠠᠯ ᠬᠤᠭᠤᠴᠠᠭ᠎ᠠ ᠲᠠᠢ ᠪᠠᠷ ᠬᠤᠷᠠᠯ ᠬᠤᠷᠠᠯᠳᠤᠭᠤᠯᠵᠤ᠂ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠠᠬᠢᠭᠤᠯᠬᠤ ᠠᠷᠭ᠎ᠠ ᠬᠡᠮᠵᠢᠶ᠎ᠡ ᠶᠢ ᠰᠤᠳᠤᠯᠵᠤ᠂ ᠠᠰᠠᠭᠤᠳᠠᠯ ᠢ ᠴᠠᠭ ᠲᠤᠬᠠᠶ ᠳᠤᠨᠢ  ᠰᠢᠢᠳᠪᠦᠷᠢᠯᠡᠬᠦ ᠬᠡᠷᠡᠭᠲᠡᠶ᠃ ᠡᠯ᠎ᠡ ᠲᠦᠷᠦᠭᠦᠯᠡᠬᠦ ᠨᠢᠭᠡᠴᠢ᠂ ᠬᠠᠷᠢᠭᠤᠴᠠᠯᠭᠠᠲᠤ ᠨᠢᠭᠡᠴᠢ ᠨᠦᠭᠦᠳ ᠡᠭᠦᠷᠭᠡ ᠶᠢᠨ ᠠᠵᠢᠯ ᠤᠨ ᠬᠤᠪᠢᠶᠠᠷᠢᠯᠠᠯ ᠶᠣᠰᠣᠭᠠᠷ ᠲᠥᠰᠦᠯ ᠲᠣᠭᠲᠠᠭᠠᠵᠤ᠂ ᠬᠠᠷᠠᠯᠲᠠ ᠪᠠᠨ ᠨᠠᠷᠢᠯᠢᠬᠵᠢᠭᠤᠯᠤᠨ᠂ ᠠᠷᠭ᠎ᠠ ᠬᠡᠮᠵᠢᠶ᠎ᠡ ᠪᠠᠨ ᠴᠢᠩᠭᠠᠷᠠᠭᠤᠯᠵᠤ᠂ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠵᠤ᠂  ᠵᠤᠭᠠᠴᠠᠯ ᠰᠡᠯᠡᠭᠦᠴᠡᠯ ᠤᠨ ᠬᠤᠲᠠ ᠶᠢᠨ ᠪᠥᠲᠥᠭᠡᠨ ᠪᠠᠶᠢᠭᠤᠯᠤᠯᠲᠠ ᠶᠢᠨ ᠡᠯ᠎ᠡ ᠵᠦᠢᠯ ᠤᠨ ᠭᠤᠤᠯᠳᠠᠯᠭ᠎ᠠ ᠲᠠᠢ ᠡᠭᠦᠷᠭᠡ ᠶᠢ ᠨᠠᠶᠢᠳᠠᠪᠤᠷᠢᠵᠢᠭᠤᠯᠬᠤ ᠶᠢ ᠦᠨᠡᠨᠬᠦ ᠠᠬᠢᠭᠤᠯᠬᠤ ᠬᠡᠷᠡᠭᠲᠡᠶ᠃    ︵ᠬᠤᠶᠠᠷ︶ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢ ᠴᠢᠩᠭᠠᠷᠠᠭᠤᠯᠤᠨ᠎ᠠ᠃ ᠡᠯ᠎ᠡ ᠭᠠᠵᠠᠷ ᠣᠷᠣᠨ᠂ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠰᠣᠶᠣᠯ ᠵᠤᠭᠠᠴᠠᠯ ᠤᠨ ᠠᠵᠤ ᠦᠢᠯᠡᠰ ᠤᠨ ᠬᠥᠭᠵᠢᠯᠲᠡ ᠶᠢ ᠳᠡᠮᠵᠢᠬᠦ ᠡᠷᠴᠢᠮ ᠢᠶᠠᠨ ᠴᠢᠩᠭᠠᠷᠠᠭᠤᠯᠵᠤ᠂  ᠵᠤᠭᠠᠴᠠᠯ ᠰᠡᠯᠡᠭᠦᠴᠡᠯ ᠤᠨ ᠬᠤᠲᠠ ᠶᠢ ᠳᠡᠮᠵᠢᠬᠦ ᠬᠠᠮᠢᠶ᠎ᠠ ᠪᠥᠬᠦᠶ ᠢᠵᠢ ᠪᠥᠷᠢᠳᠦᠭᠦᠯᠬᠦ ᠲᠥᠷᠥ ᠶᠢᠨ ᠪᠣᠳᠣᠯᠭ᠎ᠠ ᠶᠢ ᠨᠡᠶᠢᠲᠡᠯᠡᠨ ᠬᠡᠷᠡᠭᠵᠢᠭᠦᠯᠵᠦ᠂ ᠳᠡᠭᠡᠳᠦ ᠳᠣᠤᠷᠠᠳᠤ ᠱᠠᠲᠤ ᠪᠠᠷ ᠢᠶᠠᠨ ᠬᠤᠯᠪᠣᠭᠠᠯᠠᠨ ᠬᠥᠳᠡᠯᠦᠯᠴᠡᠵᠦ᠂ ᠰᠣᠶᠣᠯ  ᠵᠤᠭᠠᠴᠠᠯ ᠤᠨ ᠠᠵᠤ ᠦᠢᠯᠡᠰ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠶ᠃ ᠠᠶᠢᠮᠠᠭ ᠤᠨ ᠡᠳ᠋ ᠤᠨ ᠵᠠᠰᠠᠭ ᠤᠨ ᠲᠣᠪᠴᠢᠶ᠎ᠠ ᠨᠢ ᠪᠠᠯᠠ ᠮᠥᠩᠭᠦ ᠶᠢ ᠨᠢᠭᠡᠳᠦᠯᠲᠡᠶ ᠲᠥᠯᠥᠪᠯᠡᠨ᠂ ᠡᠳ᠋ ᠤᠨ ᠵᠠᠰᠠᠭ ᠤᠨ ᠪᠠᠯᠠ ᠮᠥᠩᠭᠦ ᠶᠢᠨ ᠬᠥᠲᠥᠯᠦᠨ ᠵᠢᠯᠣᠭᠤᠳᠬᠤ  ᠦᠢᠯᠡᠳᠦᠯ᠂ ᠬᠥᠰᠢᠭᠦᠷᠭᠡ ᠶᠢᠨ  ᠦᠢᠯᠡᠳᠦᠯ ᠢ ᠪᠠᠳᠠᠷᠠᠭᠤᠯᠵᠤ᠂ ᠰᠣᠶᠣᠯ  ᠵᠤᠭᠠᠴᠠᠯ ᠤᠨ ᠠᠵᠤ ᠦᠢᠯᠡᠰ ᠤᠨ ᠬᠥᠭᠵᠢᠯᠲᠡ ᠶᠢᠨ ᠪᠠᠯᠠ ᠮᠥᠩᠭᠦ ᠶᠢᠨ ᠪᠠᠲᠤᠯᠠᠭ᠎ᠠ ᠶᠢ ᠴᠢᠩᠭᠠᠷᠠᠭᠤᠯᠤᠨ᠎ᠠ︔ ᠰᠣᠶᠣᠯ  ᠵᠤᠭᠠᠴᠠᠯ ᠤᠨ ᠰᠠᠯᠠᠭ᠎ᠠ ᠮᠥᠴᠢᠷ ᠤᠳ ᠡᠯ᠎ᠡ ᠲᠥᠷᠥᠯ ᠤᠨ ᠰᠣᠶᠣᠯ  ᠵᠤᠭᠠᠴᠠᠯ ᠤᠨ ᠲᠥᠷᠥᠯ ᠵᠦᠢᠯ ᠤᠨ ᠪᠠᠯᠠ ᠮᠥᠩᠭᠦ ᠶᠢ  ᠭᠦᠢᠴᠡᠳ ᠬᠡᠷᠡᠭᠯᠡᠵᠦ᠂  ᠵᠤᠭᠠᠴᠠᠯ ᠰᠡᠯᠡᠭᠦᠴᠡᠯ ᠤᠨ ᠬᠤᠲᠠ ᠶᠢᠨ ᠪᠥᠲᠥᠭᠡᠨ ᠪᠠᠶᠢᠭᠤᠯᠤᠯᠲᠠ ᠶᠢ ᠡᠩ ᠲᠡᠷᠢᠭᠦᠨ ᠳᠤ ᠳᠡᠮᠵᠢᠬᠦ ᠬᠡᠷᠡᠭᠲᠡᠶ᠃    ︵ᠭᠤᠷᠪᠠ︶ ᠰᠢᠮᠳᠠᠭᠤᠯᠤᠨ ᠵᠢᠯᠣᠭᠤᠳᠴᠤ ᠰᠢᠯᠭᠠᠨ ᠬᠢᠨᠠᠬᠤ ᠶᠢ ᠴᠢᠩᠳᠠᠯᠠᠨ᠎ᠠ᠃ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠨᠢ  ᠵᠤᠭᠠᠴᠠᠯ ᠰᠡᠯᠡᠭᠦᠴᠡᠯ ᠤᠨ ᠬᠤᠲᠠ ᠶᠢ ᠰᠢᠮᠳᠠᠭᠤᠯᠤᠨ ᠪᠠᠶᠢᠴᠠᠭᠠᠵᠤ ᠰᠢᠯᠭᠠᠨ ᠬᠢᠨᠠᠬᠤ ᠪᠠᠨ ᠴᠢᠩᠭᠠᠳᠬᠠᠵᠤ᠂ ᠰᠢᠯᠭᠠᠨ ᠬᠢᠨᠠᠬᠤ  ᠭᠦᠢᠴᠡᠳᠭᠡᠯ ᠲᠤᠭ᠎ᠠ ᠶᠢᠨ ᠰᠢᠰᠲ᠋ᠧᠮᠵᠢ ᠶᠢ ᠪᠦᠷᠢᠨᠰᠢᠬᠦᠯᠦᠨ᠂ ᠰᠣᠶᠣᠯ  ᠵᠤᠭᠠᠴᠠᠯ ᠤᠨ ᠠᠵᠤ ᠦᠢᠯᠡᠰ ᠤᠨ ᠬᠥᠭᠵᠢᠯᠲᠡ ᠶᠢ ᠠᠬᠢᠭᠤᠯᠬᠤ ᠶᠢ ᠡᠯ᠎ᠡ ᠬᠤᠰᠢᠭᠤ ᠰᠢᠶᠠᠨ ᠬᠤᠲᠠ ᠶᠢᠨ ᠠᠵᠢᠯ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢᠨ ᠰᠢᠯᠭᠠᠨ ᠦᠨᠡᠯᠡᠬᠦ ᠭᠦᠢᠴᠡᠳᠭᠡᠯ ᠲᠤᠭ᠎ᠠ ᠶᠢᠨ ᠰᠢᠰᠲ᠋ᠧᠮᠵᠢ ᠳᠤ ᠣᠷᠣᠭᠤᠯᠵᠤ᠂ ᠰᠢᠯᠭᠠᠨ ᠬᠢᠨᠠᠬᠤ ᠬᠠᠷᠠᠯᠲᠠ ᠶᠢᠨ ᠤᠷᠮᠠᠰᠢᠭᠤᠯᠵᠤ ᠬᠢᠵᠠᠭᠠᠷᠯᠠᠬᠤ ᠶᠢ ᠴᠢᠩᠭᠠᠷᠠᠭᠤᠯᠤᠨ᠂ ᠲᠣᠭᠲᠠᠮᠠᠯ ᠬᠤᠭᠤᠴᠠᠭ᠎ᠠ ᠲᠠᠢ ᠪᠠᠷ ᠳᠣᠭᠢᠷᠠᠭᠤᠯᠵᠤ᠂ ᠰᠢᠮᠳᠠᠭᠤᠯᠤᠨ ᠵᠢᠯᠣᠭᠤᠳᠴᠤ ᠪᠠᠶᠢᠴᠠᠭᠠᠬᠤ ᠶᠢ ᠥᠷᠨᠢᠭᠦᠯᠦᠨ᠎ᠡ᠃ ᠨᠠᠶᠢᠳᠠᠪᠤᠷᠢᠵᠢᠭᠤᠯᠤᠭᠰᠠᠨ ᠢᠶᠠᠷ ᠬᠦᠴᠦᠨ ᠥᠬᠡᠶ᠂ ᠠᠵᠢᠯ ᠢᠶᠠᠨ ᠪᠣᠳᠠᠲᠠᠶᠢᠵᠢᠭᠤᠯᠤᠭᠰᠠᠨ ᠥᠬᠡᠶ ᠶᠢ ᠴᠠᠭ ᠲᠤᠬᠠᠶ ᠳᠤᠨᠢ ᠨᠡᠪᠲᠡᠷᠡᠭᠦᠯᠵᠦ᠂ ᠡᠯ᠎ᠡ ᠵᠦᠢᠯ ᠤᠨ ᠠᠵᠢᠯ ᠤᠨ ᠡᠭᠦᠷᠭᠡ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ ᠪᠣᠳᠠᠲᠠᠶᠢᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃                                 ᠬᠢᠩᠭᠠᠨ ᠠᠶᠢᠮᠠᠭ ᠤᠨ ᠵᠠᠬᠢᠷᠭ᠎ᠠ ᠶᠢᠨ ᠠᠯᠪᠠᠨ ᠬᠡᠷ ᠤᠨ  ᠴᠠᠬᠢᠯᠭᠠᠨ ᠮᠡᠳᠡᠭᠡ ᠶᠢᠨ ᠰᠠᠯᠠᠭ᠎ᠠ                                         2021 ᠣᠨ ᠤ 12 ᠰᠠᠷ᠎ᠠ ᠶᠢᠨ 22 
 
ᠢᠷᠡᠯᠲᠡ᠄ ᠬᠢᠩᠭᠠᠨ ᠠᠶᠢᠮᠠᠭ ᠤᠨ ᠵᠠᠬᠢᠷᠭ᠎ᠠ ᠶᠢᠨ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号