| ᠬᠢᠩᠭᠠᠨ ᠵᠠᠬᠢᠷᠭ᠎ᠠ ᠠᠯᠪᠠᠨ ᠲᠠᠷᠬᠠᠭᠠᠭᠰᠠᠨ ﹇2021﹈ 37 ᠳ᠋ᠤᠭᠠᠷ ᠲᠣᠭᠠᠲᠤ | ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠠᠶᠢᠮᠠᠭ ᠤᠨ ᠰᠢᠭᠤᠳ ᠬᠠᠷᠢᠶ᠎ᠠ | ᠬᠤᠯᠪᠣᠭᠳᠠᠯ ᠪᠥᠬᠦᠶ ᠰᠠᠯᠠᠭ᠎ᠠ ᠮᠥᠴᠢᠷ ᠲᠤ᠄ | ︽ᠬᠢᠩᠭᠠᠨ ᠠᠶᠢᠮᠠᠭ ᠤᠨ ᠵᠤᠭᠠᠴᠠᠯ ᠰᠡᠯᠡᠭᠦᠴᠡᠯ ᠤᠨ ᠬᠤᠲᠠ ᠶᠢ ᠪᠥᠲᠥᠭᠡᠨ ᠪᠠᠶᠢᠭᠤᠯᠬᠤ ᠶᠢᠨ ᠬᠡᠷᠡᠭᠵᠢᠭᠦᠯᠬᠦ | ᠲᠥᠰᠦᠯ ︵2021 — 2025 ᠣᠨ︶︾ ᠢ ᠡᠳᠦᠭᠡ ᠲᠠᠨᠠᠷ ᠲᠤ ᠳᠠᠷᠤᠮᠠᠯᠯᠠᠨ ᠲᠠᠷᠬᠠᠭᠠᠯ᠎ᠠ᠂ | ᠪᠣᠳᠠᠲᠠᠶ ᠲᠠᠢ ᠪᠠᠨ ᠤᠶᠠᠯᠳᠤᠭᠤᠯᠤᠨ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠲᠤᠭᠠᠶ᠃ | | 2021 ᠣᠨ ᠤ 12 ᠰᠠᠷ᠎ᠠ ᠶᠢᠨ | 20 | ᠬᠢᠩᠭᠠᠨ ᠠᠶᠢᠮᠠᠭ ᠤᠨ ᠵᠤᠭᠠᠴᠠᠯ ᠰᠡᠯᠡᠭᠦᠴᠡᠯ ᠤᠨ ᠬᠤᠲᠠ ᠶᠢ ᠪᠥᠲᠥᠭᠡᠨ ᠪᠠᠶᠢᠭᠤᠯᠬᠤ ᠶᠢᠨ ᠬᠡᠷᠡᠭᠵᠢᠭᠦᠯᠬᠦ | ᠲᠥᠰᠦᠯ ︵2021 — 2025 ᠣᠨ︶ | ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ | ᠬᠥᠭᠵᠢᠯᠲᠡ ᠶᠢᠨ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠪᠠ 2035 ᠣᠨ ᠤ ᠠᠯᠤᠰ ᠤᠨ | ᠬᠠᠷᠠᠯᠲᠠ ᠶᠢᠨ ᠲᠣᠪᠴᠢ︾ ᠳᠠᠬᠢ ︽ᠨᠢᠭᠡ ᠪᠦᠯᠦᠭ ᠰᠣᠶᠣᠯ ᠤᠨ ᠣᠨᠴᠠᠯᠢᠭ ᠢᠶᠠᠷ ᠢᠯᠡ ᠲᠣᠳᠣ ᠤᠯᠤᠰ ᠤᠨ | ᠳᠡᠰ ᠤᠨ ᠵᠤᠭᠠᠴᠠᠯ ᠰᠡᠯᠡᠭᠦᠴᠡᠯ ᠤᠨ ᠬᠤᠲᠠ ᠪᠠ ᠵᠡᠭᠡᠯᠢ ᠲᠣᠭᠤᠷᠢᠭ ᠢ ᠪᠤᠶ ᠪᠣᠯᠭᠠᠬᠤ︾ ᠰᠢᠢᠳᠪᠦᠷᠢᠳᠦ | ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ | ᠵᠤᠭᠠᠴᠠᠯ ᠰᠡᠯᠡᠭᠦᠴᠡᠯ ᠤᠨ ᠬᠤᠲᠠ ᠶᠢ ᠲᠦᠷᠭᠡᠳᠬᠡᠨ ᠪᠥᠲᠥᠭᠡᠨ ᠪᠠᠶᠢᠭᠤᠯᠵᠤ᠂ ︽ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠵᠤᠭᠠᠴᠠᠯ ᠰᠡᠯᠡᠭᠦᠴᠡᠯ ᠤᠨ ᠬᠤᠲᠠ ᠶᠢᠨ ᠪᠥᠲᠥᠭᠡᠨ ᠪᠠᠶᠢᠭᠤᠯᠤᠯᠲᠠ ᠶᠢᠨ ᠵᠤᠷᠢᠯᠭ᠎ᠠ | ︵ᠲᠤᠷᠰᠢᠨ ᠬᠡᠷᠡᠭᠵᠢᠭᠦᠯᠬᠦ︶︾ ᠶᠣᠰᠣᠭᠠᠷ᠂ ᠮᠠᠨ ᠤ ᠠᠶᠢᠮᠠᠭ ᠤᠨ ᠪᠣᠳᠠᠲᠠᠶ ᠲᠠᠢ ᠪᠠᠨ ᠤᠶᠠᠯᠳᠤᠭᠤᠯᠤᠨ᠂ ᠲᠣᠰ | ᠲᠥᠰᠦᠯ ᠢ ᠲᠣᠭᠲᠠᠭᠠᠪᠠ᠃ | ᠨᠢᠭᠡ᠂ ᠶᠡᠷᠦᠩᠬᠡᠶ ᠱᠠᠭᠠᠷᠳᠠᠯᠭ᠎ᠠ | ︵ᠨᠢᠭᠡ︶ ᠵᠢᠯᠣᠭᠤᠳᠬᠤ ᠦᠵᠡᠯ ᠰᠠᠨᠠᠭ᠎ᠠ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ | ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠤᠨ ᠠᠷᠪᠠ | ᠶᠢᠰᠦᠳᠦᠭᠡᠷ ᠬᠤᠭᠤᠴᠠᠭᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ᠂ ᠲᠠᠪᠤᠳᠤᠭᠠᠷ᠂ ᠵᠢᠷᠭᠤᠳᠤᠭᠠᠷ | ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠵᠦ᠂ ᠶᠡᠷᠦᠩᠬᠡᠶ ᠱᠦᠵᠢ ᠰᠢ ᠶᠢᠨ | ᠫᠢᠩ ᠤᠨ ᠥᠪᠥᠷ ᠮᠣᠩᠭᠤᠯ ᠳᠤ ᠲᠠᠯᠪᠢᠭᠰᠠᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ | ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨᠨᠠᠶᠢᠳᠠᠪᠤᠷᠢᠵᠢᠭᠤᠯᠵᠤ᠂ ᠵᠤᠭᠠᠴᠠᠯ ᠰᠡᠯᠡᠭᠦᠴᠡᠯ ᠤᠨ ᠬᠤᠲᠠ ᠶᠢᠨ | ᠬᠥᠭᠵᠢᠯᠲᠡ ᠶᠢᠨ ᠱᠠᠭᠠᠷᠳᠠᠯᠭ᠎ᠠ ᠶᠣᠰᠣᠭᠠᠷ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠢ ᠪᠠᠳᠤ ᠴᠤᠬᠴᠠᠯᠠᠬᠤ ᠪᠠᠷ ᠵᠢᠯᠣᠭᠤᠳᠤᠮᠵᠢ ᠪᠣᠯᠭᠠᠬᠤ ᠶᠢ ᠪᠠᠷᠢᠮᠲᠠᠯᠠᠵᠤ ᠠᠮᠢ ᠠᠬᠤᠶ ᠶᠢ ᠤᠷᠢᠳ ᠢᠶᠠᠷ | ᠪᠤᠳᠤᠯᠬᠢᠯᠠᠬᠤ᠂ ᠪᠣᠬᠢᠷᠲᠤᠯ ᠥᠬᠡᠶ ᠬᠥᠭᠵᠢᠯᠲᠡ ᠪᠠᠷ ᠤᠳᠤᠷᠢᠳᠤᠮᠵᠢ ᠪᠣᠯᠭᠠᠵᠤ᠂ ᠴᠢᠨᠠᠷ ᠰᠠᠶᠢᠲᠠᠶ ᠬᠥᠭᠵᠢᠯᠲᠡ ᠪᠠᠷ | ᠬᠠᠷᠠᠯᠲᠠ ᠪᠣᠯᠭᠠᠨ᠂ ᠪᠠᠶᠢᠭᠤᠯᠤᠯ ᠲᠣᠭᠲᠠᠴᠠ ᠶᠢ ᠬᠦᠴᠦᠯᠡᠨ ᠪᠦᠷᠢᠨᠰᠢᠬᠦᠯᠵᠦ᠂ ᠭᠤᠤᠯᠯᠠᠬᠤ ᠲᠠᠲᠠᠬᠤ ᠪᠣᠳᠠᠰ ᠢ ᠪᠣᠶ | ᠪᠣᠯᠭᠠᠨ᠂ ᠣᠯᠠᠨ ᠨᠡᠶᠢᠲᠡ ᠶᠢᠨ ᠦᠢᠯᠡᠴᠢᠯᠡᠭᠡ ᠶᠢ ᠰᠢᠯᠢᠳᠡᠭᠵᠢᠭᠦᠯᠵᠦ᠂ ᠰᠣᠶᠣᠯ ᠤᠨ ᠴᠢᠨᠠᠷ ᠴᠢᠨᠰᠠᠭ᠎ᠠ ᠶᠢ | ᠳᠡᠭᠡᠭᠰᠢᠯᠡᠭᠦᠯᠦᠨ᠂ ᠵᠤᠭᠠᠴᠠᠯ ᠤᠨ ᠬᠦᠴᠦᠨ ᠵᠦᠢᠯ ᠢ ᠲᠡᠭᠦᠯᠳᠡᠷᠵᠢᠭᠦᠯᠵᠦ᠂ ᠵᠠᠬ᠎ᠠ ᠳᠡᠯᠭᠡᠭᠦᠷ ᠤᠨ ᠡᠮᠬᠢ | ᠳᠢᠭᠯᠢᠮ ᠢ ᠵᠢᠷᠤᠮᠵᠢᠭᠤᠯᠤᠨ᠂ ᠤᠬᠠᠭᠤᠯᠵᠤ ᠡᠵᠡᠩᠨᠡᠨ ᠪᠣᠷᠣᠯᠠᠭᠤᠯᠬᠤ ᠶᠢ ᠴᠢᠩᠭᠠᠳᠬᠠᠵᠤ᠂ ᠤᠯᠤᠰ ᠤᠨ | ᠳᠣᠲᠣᠭᠠᠳᠤ ᠶᠢᠨ ᠲᠡᠷᠢᠭᠦᠨ ᠤ ᠵᠤᠭᠠᠴᠠᠯ ᠰᠡᠯᠡᠭᠦᠴᠡᠯ ᠤᠨ ᠬᠤᠲᠠ ᠶᠢ ᠴᠢᠷᠮᠠᠶᠢᠨ ᠪᠠᠶᠢᠭᠤᠯᠵᠤ᠂ ᠣᠳᠣᠬᠢᠴᠢᠯᠠᠭᠰᠠᠨ | ᠬᠢᠩᠭᠠᠨ ᠠᠶᠢᠮᠠᠭ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠳᠤ ᠰᠢᠨ᠎ᠡ ᠬᠤᠪᠢ ᠨᠡᠮᠡᠷᠢ ᠦᠵᠡᠭᠦᠯᠦᠨ᠎ᠡ᠃ | ︵ᠬᠤᠶᠠᠷ︶ ᠦᠨᠳᠦᠰᠦᠨ ᠵᠠᠷᠴᠢᠮ | 1. ᠪᠣᠬᠢᠷᠲᠤᠯ ᠥᠬᠡᠶ ᠬᠥᠭᠵᠢᠯᠲᠡ ᠶᠢ ᠪᠠᠷᠢᠮᠲᠠᠯᠠᠨ᠎ᠠ᠃ ᠪᠣᠬᠢᠷᠲᠤᠯ ᠥᠬᠡᠶ ᠬᠥᠭᠵᠢᠯᠲᠡ ᠶᠢᠨ ᠣᠨᠣᠯᠵᠢᠬᠤᠨ ᠢ ᠪᠠᠲᠤ | ᠪᠠᠬᠢ ᠪᠣᠶ ᠪᠣᠯᠭᠠᠵᠤ᠂ ᠠᠵᠤ ᠠᠬᠤᠶ ᠶᠢᠨ ᠦᠷ᠎ᠡ ᠠᠰᠢᠭ᠂ ᠨᠡᠶᠢᠭᠡᠮ ᠤᠨ ᠦᠷ᠎ᠡ ᠠᠰᠢᠭ᠂ ᠠᠮᠢ ᠠᠬᠤᠶ ᠶᠢᠨ ᠦᠷ᠎ᠡ | ᠠᠰᠢᠭ ᠢ ᠬᠠᠷᠢᠯᠴᠠᠨ ᠠᠬᠢᠭᠤᠯᠵᠤ᠂ ᠬᠠᠮᠲᠤᠪᠠᠷ ᠳᠡᠭᠡᠭᠰᠢᠯᠡᠭᠦᠯᠬᠦ ᠶᠢ ᠪᠡᠶᠡᠯᠡᠭᠦᠯᠦᠨ᠎ᠡ᠃ | 2. ᠶᠠᠰᠤ ᠴᠢᠨᠠᠷ ᠦᠷ᠎ᠡ ᠠᠰᠢᠭ ᠢ ᠪᠠᠷᠢᠮᠲᠠᠯᠠᠨ᠎ᠠ᠃ ᠵᠥᠪ ᠤᠳᠤᠷᠢᠳᠤᠮᠵᠢ ᠶᠢ ᠪᠠᠷᠢᠮᠲᠠᠯᠠᠨ᠂ ᠨᠡᠶᠢᠭᠡᠮ ᠤᠨ ᠦᠷ᠎ᠡ | ᠠᠰᠢᠭ ᠢ ᠲᠡᠷᠢᠭᠦᠨ ᠪᠠᠶᠢᠷᠢᠨ ᠳᠤ ᠲᠠᠯᠪᠢᠵᠤ᠂ ᠨᠡᠶᠢᠭᠡᠮ ᠤᠨ ᠦᠷ᠎ᠡ ᠠᠰᠢᠭ ᠪᠠ ᠠᠵᠤ ᠠᠬᠤᠶ ᠶᠢᠨ ᠦᠷ᠎ᠡ | ᠠᠰᠢᠭ ᠤᠨ ᠨᠢᠭᠡᠳᠦᠯ ᠢ ᠪᠡᠶᠡᠯᠡᠭᠦᠯᠦᠨ᠎ᠡ᠃ ᠰᠣᠶᠣᠯ ᠵᠤᠭᠠᠴᠠᠯ ᠤᠨ ᠪᠠᠶᠢᠭᠤᠯᠤᠯ ᠲᠣᠭᠲᠠᠴᠠ ᠶᠢᠨ ᠥᠭᠡᠷᠡᠴᠢᠯᠡᠯᠲᠡ | ᠪᠠ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠰᠣᠶᠣᠯ | ᠵᠤᠭᠠᠴᠠᠯ ᠤᠨ ᠪᠦᠬᠦᠯᠢ ᠴᠣᠭᠴᠠ ᠶᠢᠨ ᠬᠢᠷᠢ ᠲᠦᠪᠰᠢᠨ ᠪᠠ ᠬᠥᠭᠵᠢᠯᠲᠡ ᠶᠢᠨ ᠶᠠᠰᠤ ᠴᠢᠨᠠᠷ ᠢ ᠪᠦᠬᠦ ᠲᠠᠯ᠎ᠠ ᠪᠠᠷ | ᠳᠡᠭᠡᠭᠰᠢᠯᠡᠭᠦᠯᠦᠨ᠎ᠡ᠃ | 3. ᠨᠠᠷᠠᠲᠤ ᠲᠥᠷᠥᠯ ᠲᠡᠮᠳᠡᠭᠲᠦ ᠶᠢᠨ ᠣᠨᠴᠠᠯᠢᠭ ᠢ ᠪᠠᠷᠢᠮᠲᠠᠯᠠᠨ᠎ᠠ᠃ ᠵᠤᠭᠠᠴᠠᠯ ᠢ ᠵᠦᠷᠢᠶᠡᠵᠢᠬᠦᠯᠦᠨ ᠬᠥᠭᠵᠢᠭᠦᠯᠬᠦ | ᠪᠠᠶᠢᠯᠳᠤᠬᠤ ᠪᠣᠳᠣᠯᠭ᠎ᠠ ᠶᠢ ᠪᠠᠷᠢᠮᠲᠠᠯᠠᠵᠤ᠂ ᠵᠤᠭᠠᠴᠠᠯ ᠤᠨ ᠰᠣᠶᠣᠯ ᠤᠨ ᠠᠭᠤᠯᠤᠭᠳᠠᠬᠤᠨ ᠢ ᠨᠡᠮᠡᠭᠳᠡᠭᠦᠯᠦᠨ᠂ | ᠣᠨᠴᠠᠯᠢᠭ ᠢᠶᠠᠷ ᠢᠯᠡ ᠲᠣᠳᠣ᠂ ᠳᠠᠪᠠᠭᠤᠯᠢᠭ ᠢᠶᠠᠨ ᠬᠠᠷᠢᠯᠴᠠᠨ ᠨᠥᠬᠦᠪᠥᠷᠢᠯᠡᠭᠰᠡᠨ ᠰᠣᠶᠣᠯ ᠤᠨ ᠵᠤᠭᠠᠴᠠᠯ ᠤᠨ | ᠬᠥᠭᠵᠢᠯᠲᠡ ᠶᠢᠨ ᠰᠢᠨ᠎ᠡ ᠪᠠᠶᠢᠳᠠᠯ ᠢ ᠪᠣᠶ ᠪᠣᠯᠭᠠᠵᠤ᠂ ᠰᠣᠶᠣᠯ ᠤᠨ ᠵᠤᠭᠠᠴᠠᠯ ᠤᠨ ᠬᠥᠭᠵᠢᠯᠲᠡ ᠶᠢᠨ ᠰᠢᠨ᠎ᠡ | ᠬᠥᠳᠡᠯᠭᠡᠬᠦ ᠬᠦᠴᠦᠨ ᠢ ᠪᠥᠬᠦ ᠲᠠᠯ᠎ᠠ ᠪᠠᠷ ᠴᠢᠩᠭᠠᠷᠠᠭᠤᠯᠤᠨ᠎ᠠ᠃ | ︵ᠭᠤᠷᠪᠠ︶ ᠠᠵᠢᠯ ᠤᠨ ᠬᠠᠷᠠᠯᠲᠠ | ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠤᠭᠠᠴᠠᠯ ᠰᠡᠯᠡᠭᠦᠴᠡᠯ ᠤᠨ ᠬᠤᠲᠠ ᠶᠢᠨ ᠪᠥᠲᠥᠭᠡᠨ | ᠪᠠᠶᠢᠭᠤᠯᠤᠯᠲᠠ ᠶᠢᠨ ᠴᠢᠬᠤᠯᠠ ᠵᠦᠢᠯ ︵ᠲᠤᠷᠰᠢᠨ ᠬᠡᠷᠡᠭᠵᠢᠭᠦᠯᠬᠦ︶︾ ᠲᠠᠢ ᠬᠠᠷᠢᠴᠠᠭᠤᠯᠵᠤ᠂ ᠵᠤᠭᠠᠴᠠᠯ ᠤᠨ ᠠᠵᠤ | ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠲᠦᠷᠭᠡᠳᠬᠡᠨ ᠠᠬᠢᠭᠤᠯᠵᠤ᠂ 2025 ᠣᠨ ᠪᠣᠯᠬᠤ ᠳᠤ ᠪᠥᠬᠦ | ᠠᠶᠢᠮᠠᠭ ᠤᠨ ᠵᠤᠭᠠᠴᠠᠭᠰᠠᠳ ᠤᠨ ᠭᠥᠯᠢᠶᠡᠨ ᠠᠪᠬᠤ ᠬᠡᠮᠵᠢᠶ᠎ᠡ ᠶᠢ 1600 ᠲᠦᠮᠡᠨ ᠬᠥᠮᠦᠨ ᠤᠳᠠᠭ᠎ᠠ ᠠᠴᠠ | ᠳᠠᠪᠠᠭᠤᠯᠵᠤ᠂ ᠵᠤᠭᠠᠴᠠᠯ ᠤᠨ ᠣᠷᠣᠯᠭ᠎ᠠ ᠶᠢ 160 ᠳ᠋ᠦᠩᠰᠢᠭᠤᠷ ᠲᠥᠭᠦᠷᠢᠭ ᠠᠴᠠ ᠳᠠᠪᠠᠭᠤᠯᠵᠤ᠂ ᠵᠤᠭᠠᠴᠠᠯ ᠤᠨ | ᠦᠢᠯᠡᠰ ᠢ ᠪᠥᠬᠦ ᠠᠶᠢᠮᠠᠭ ᠤᠨ ᠦᠢᠯᠡᠴᠢᠯᠡᠭᠡᠨ ᠤ ᠦᠢᠯᠡᠰ ᠤᠨ ᠬᠦᠷᠢᠶᠡᠨ ᠳᠠᠬᠢ ᠲᠤᠯᠭᠠᠭᠤᠷᠢ ᠠᠵᠤ ᠦᠢᠯᠡᠰ ᠪᠠ | ᠵᠣᠯ ᠵᠢᠷᠭᠠᠯᠲᠤ ᠠᠵᠤ ᠦᠢᠯᠡᠰ ᠪᠣᠯᠭᠠᠨ ᠬᠥᠭᠵᠢᠭᠦᠯᠬᠦ ᠪᠠᠷ ᠴᠢᠷᠮᠠᠶᠢᠨ᠎ᠠ᠃ ᠠᠷᠪᠠᠨ ᠳᠥᠷᠪᠡᠳᠦᠭᠡᠷ ᠲᠠᠪᠤᠨ ᠵᠢᠯ ᠤᠨ | ᠲᠥᠯᠥᠪᠵᠢᠭᠦᠯᠭᠡ ᠶᠢᠨ ᠰᠡᠭᠦᠯᠴᠢ ᠪᠣᠯᠬᠤ ᠳᠤ᠂ ᠪᠦᠬᠦ ᠠᠶᠢᠮᠠᠭ ᠤᠨ ᠳᠡᠭᠡᠳᠦ ᠳᠡᠰ ᠤᠨ A ᠳᠡᠰ ᠤᠨ ᠵᠤᠭᠠᠴᠠᠯ ᠤᠨ | ᠨᠡᠷᠡᠲᠦ ᠦᠵᠡᠮᠵᠢ ᠶᠢᠨ ᠣᠷᠣᠨ 15 ᠪᠣᠯᠵᠤ᠂ ᠤᠯᠤᠰ ᠤᠨ ᠪᠦᠬᠦ ᠴᠠᠷᠠᠭᠠᠨ ᠤ ᠵᠤᠭᠠᠴᠠᠯ ᠤᠨ ᠵᠢᠱᠢᠶ᠎ᠡ ᠦᠵᠡᠭᠦᠯᠬᠦ | ᠣᠷᠣᠨ ᠢ 3 ᠪᠠᠶᠢᠭᠤᠯᠵᠤ᠂ ᠥᠪᠡᠷᠲᠡᠭᠡᠨ ᠵᠠᠰᠠᠬᠤ ᠣᠷᠣᠨ ᠤ ᠳᠡᠰ ᠤᠨ ᠪᠦᠬᠦ ᠴᠠᠷᠠᠭᠠᠨ ᠤ ᠵᠤᠭᠠᠴᠠᠯ ᠤᠨ ᠵᠢᠱᠢᠶ᠎ᠡ | ᠦᠵᠡᠭᠦᠯᠬᠦ ᠣᠷᠣᠨ 5 ᠪᠠᠶᠢᠵᠤ᠂ ᠪᠦᠬᠦ ᠠᠶᠢᠮᠠᠭ ᠤᠨ ᠵᠤᠭᠠᠴᠠᠯ ᠤᠨ ᠠᠮᠠᠷᠠᠯᠲᠠ ᠶᠢᠨ ᠣᠷᠣᠨ ᠤ ᠶᠡᠷᠦᠩᠬᠡᠶ ᠲᠤᠭ᠎ᠠ | 5 ᠪᠣᠯᠵᠤ᠂ ᠤᠯᠤᠰ᠂ ᠥᠪᠡᠷᠲᠡᠭᠡᠨ ᠵᠠᠰᠠᠬᠤ ᠣᠷᠣᠨ ᠤ ᠬᠥᠳᠡᠭᠡ ᠲᠣᠰᠬᠤᠨ ᠤ ᠵᠤᠭᠠᠴᠠᠯ ᠤᠨ ᠭᠤᠤᠯᠳᠠᠯᠭ᠎ᠠ ᠲᠠᠢ | 15 ᠲᠣᠰᠬᠤᠨ ᠢ ᠪᠤᠶᠢᠵᠢᠭᠤᠯᠵᠤ᠂ ᠣᠳᠣᠨ ᠲᠠᠰ ᠤᠨ ᠬᠥᠳᠡᠭᠡ ᠲᠣᠰᠬᠤᠨ ᠤ ᠵᠤᠭᠠᠴᠠᠯ ᠤᠨ ᠭᠥᠯᠢᠶᠡᠨ ᠠᠪᠬᠤ | ᠡᠷᠦᠬᠡ ᠶᠢ 60 ᠪᠣᠯᠭᠠᠨ ᠬᠥᠭᠵᠢᠭᠦᠯᠵᠦ᠂ ᠥᠨᠳᠥᠷ ᠣᠳᠣᠨ ᠲᠠᠰ ᠤᠨ ᠵᠣᠴᠢᠳ ᠤᠨ ᠪᠠᠭᠤᠳᠠᠯ ︵ᠪᠠᠭᠤᠳᠠᠯ︶ ᠤᠨ | ᠶᠡᠷᠦᠩᠬᠡᠶ ᠲᠤᠭ᠎ᠠ ᠶᠢ 15 ᠪᠣᠯᠭᠠᠵᠤ᠂ ᠳᠡᠭᠡᠳᠦ ᠲᠠᠰ ᠤᠨ ᠵᠤᠭᠠᠴᠠᠯ ᠤᠨ ᠠᠷᠠᠳ ᠤᠨ ᠪᠠᠶᠢᠷᠢ ᠶᠢᠨ ᠲᠥᠷᠥᠯ | ᠵᠦᠢᠯ ᠢ 30 ᠪᠣᠯᠭᠠᠵᠤ᠂ ᠣᠷᠣᠨ ᠪᠦᠰᠡ ᠶᠢᠨ ᠭᠠᠳᠠᠨᠠᠬᠢ ᠪᠠ ᠠᠶᠢᠮᠠᠭ ᠤᠨ ᠳᠣᠲᠣᠭᠠᠳᠤ ᠶᠢᠨ ᠰᠣᠳᠣᠨ | ᠵᠤᠭᠠᠴᠠᠯ ᠤᠨ ᠱᠤᠭᠤᠮ ᠢ 20 ᠣᠷᠴᠢᠮ ᠪᠣᠶ ᠪᠣᠯᠭᠠᠵᠤ᠂ ᠨᠠᠷᠠᠲᠤ ᠲᠡᠮᠳᠡᠭᠲᠦ ᠪᠠᠶᠠᠷ ᠳᠤᠷᠠᠰᠬᠠᠯ ᠤᠨ ᠠᠵᠢᠯᠯᠠᠭ᠎ᠠ ᠶᠢ | 20 ᠣᠷᠴᠢᠮ ᠬᠢᠵᠦ᠂ ᠬᠢᠩᠭᠠᠨ ᠠᠶᠢᠮᠠᠭ ᠢ ᠤᠯᠤᠰ ᠤᠨ ᠳᠣᠲᠣᠭᠠᠳᠤ ᠶᠢᠨ ᠲᠡᠷᠢᠭᠦᠨ ᠲᠠᠰ ᠤᠨ ᠵᠤᠭᠠᠴᠠᠯ | ᠰᠡᠯᠡᠭᠦᠴᠡᠯ ᠤᠨ ᠬᠤᠲᠠ ᠪᠣᠯᠭᠠᠨ ᠪᠥᠲᠥᠭᠡᠨ ᠪᠠᠶᠢᠭᠤᠯᠤᠨ᠎ᠠ᠃ | ᠬᠤᠶᠠᠷ᠂ ᠭᠤᠣᠯᠳᠠᠯᠭ᠎ᠠ ᠲᠠᠢ ᠠᠵᠢᠯ ᠤᠨ ᠡᠭᠦᠷᠭᠡ | ︵ᠨᠢᠭᠡ︶ ᠪᠠᠶᠢᠭᠤᠯᠤᠯ ᠲᠣᠭᠲᠠᠴᠠ ᠶᠢ ᠲᠡᠭᠦᠯᠳᠡᠷᠵᠢᠭᠦᠯᠦᠨ᠎ᠡ | 1. ᠵᠤᠭᠠᠴᠠᠯ ᠤᠨ ᠬᠥᠭᠵᠢᠯᠲᠡ ᠶᠢᠨ ᠤᠳᠤᠷᠢᠳᠬᠤ ᠲᠣᠭᠲᠠᠴᠠ ᠶᠢ ᠪᠠᠶᠢᠭᠤᠯᠤᠨ᠎ᠠ᠃ ᠬᠢᠩᠭᠠᠨ ᠠᠶᠢᠮᠠᠭ ᠤᠨ | ᠵᠤᠭᠠᠴᠠᠯ ᠤᠨ ᠬᠥᠭᠵᠢᠭᠦᠯᠦᠯᠲᠡ ᠶᠢᠨ ᠵᠥᠪᠯᠡᠯ ᠤᠨ ᠵᠤᠭᠠᠴᠠᠯ ᠰᠡᠯᠡᠭᠦᠴᠡᠯ ᠤᠨ ᠬᠤᠲᠠ ᠶᠢᠨ ᠪᠦᠲᠦᠭᠡᠨ | ᠪᠠᠶᠢᠭᠤᠯᠤᠯᠲᠠ ᠶᠢᠨ ᠠᠵᠢᠯ ᠤᠨ ᠲᠤᠰᠬᠠᠶ ᠠᠩᠭᠢ ᠪᠠᠶᠢᠭᠤᠯᠵᠤ᠂ ᠠᠶᠢᠮᠠᠭ ᠤᠨ ᠨᠠᠮ ᠤᠨ ᠬᠤᠷᠢᠶ᠎ᠠ ᠵᠠᠬᠢᠷᠭ᠎ᠠ ᠠᠴᠠ | ᠨᠢᠭᠡᠳᠦᠯᠲᠡᠶ ᠤᠳᠤᠷᠢᠳᠴᠤ᠂ ᠠᠶᠢᠮᠠᠭ ᠤᠨ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ᠂ ᠬᠥᠭᠵᠢᠭᠦᠯᠦᠯᠲᠡ | ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠣᠪᠴᠢᠶ᠎ᠠ᠂ ᠣᠷᠣᠨ ᠪᠦᠰᠡ ᠶᠢᠨ ᠠᠵᠤ ᠠᠬᠤᠶ ᠶᠢᠨ | ᠬᠠᠮᠲᠤᠷᠠᠯᠴᠠᠭᠠᠨ ᠤ ᠲᠣᠪᠴᠢᠶ᠎ᠠ᠂ ᠣᠶ ᠰᠢᠭᠤᠶ ᠨᠤᠳᠤᠭ ᠪᠡᠯᠴᠢᠭᠡᠷ ᠤᠨ ᠲᠣᠪᠴᠢᠶ᠎ᠠ᠂ ᠣᠷᠣᠨ ᠰᠠᠭᠤᠴᠠ ᠪᠠ | ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠵᠠᠮ ᠬᠠᠷᠢᠯᠴᠠᠭᠠᠨ ᠤ ᠲᠣᠪᠴᠢᠶ᠎ᠠ᠂ | ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ ᠵᠡᠷᠭᠡ ᠰᠠᠯᠠᠭ᠎ᠠ | ᠮᠥᠴᠢᠷ ᠢᠶᠠᠷ ᠪᠦᠷᠢᠯᠳᠦᠵᠦ᠂ ᠵᠤᠭᠠᠴᠠᠯ ᠤᠨ ᠴᠢᠨᠠᠷ ᠰᠠᠶᠢᠲᠠᠶ ᠬᠥᠭᠵᠢᠯᠲᠡ ᠶᠢᠨ ᠲᠥᠯᠥᠪᠵᠢᠭᠦᠯᠭᠡ᠂ ᠲᠥᠷᠥ ᠶᠢᠨ | ᠪᠣᠳᠣᠯᠭ᠎ᠠ ᠶᠢ ᠲᠣᠭᠲᠠᠮᠠᠯ ᠬᠤᠭᠤᠴᠠᠭ᠎ᠠ ᠲᠠᠢ ᠪᠠᠷ ᠰᠤᠳᠤᠯᠤᠨ ᠠᠬᠢᠭᠤᠯᠵᠤ᠂ ᠣᠯᠠᠨ ᠰᠠᠯᠠᠭ᠎ᠠ ᠮᠥᠴᠢᠷ᠂ ᠣᠯᠠᠨ | ᠠᠷᠭ᠎ᠠ ᠵᠠᠮ ᠢᠶᠠᠷ ᠵᠤᠭᠠᠴᠠᠯ ᠤᠨ ᠦᠢᠯᠡᠰ ᠤᠨ ᠪᠥᠬᠦ ᠲᠠᠯ᠎ᠠ ᠶᠢᠨ ᠬᠥᠭᠵᠢᠯᠲᠡ ᠶᠢ ᠠᠬᠢᠭᠤᠯᠤᠨ᠎ᠠ᠃ | ᠲᠦᠷᠦᠭᠦᠯᠡᠬᠦ ᠨᠢᠭᠡᠴᠢ᠄ ᠠᠶᠢᠮᠠᠭ ᠤᠨ ᠰᠣᠶᠣᠯ ᠵᠤᠭᠠᠴᠠᠯ ᠪᠡᠶ᠎ᠡ ᠶᠢᠨ ᠲᠠᠮᠢᠷ ᠤᠨ ᠲᠣᠪᠴᠢᠶ᠎ᠠ | ᠬᠠᠷᠢᠭᠤᠴᠠᠯᠭᠠᠲᠤ ᠨᠢᠭᠡᠴᠢ᠄ ᠠᠶᠢᠮᠠᠭ ᠤᠨ ᠰᠢᠭᠤᠳ ᠬᠠᠷᠢᠶ᠎ᠠ ᠬᠠᠮᠢᠶ᠎ᠠ ᠪᠥᠬᠦᠶ ᠰᠠᠯᠠᠭ᠎ᠠ ᠮᠥᠴᠢᠷ᠂ ᠡᠯ᠎ᠡ | ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ | 2. ᠬᠤᠯᠪᠣᠭᠳᠠᠯ ᠪᠥᠬᠦᠶ ᠠᠶᠢᠮᠠᠭ ᠤᠨ ᠰᠢᠭᠤᠳ ᠬᠠᠷᠢᠶ᠎ᠠ ᠰᠠᠯᠠᠭ᠎ᠠ ᠮᠥᠴᠢᠷ ᠤᠳ ᠢ ᠵᠣᠬᠢᠴᠠᠭᠤᠯᠤᠨ ᠵᠣᠬᠢᠴᠠᠩᠭᠤᠶ | ᠢᠵᠢ ᠪᠥᠷᠢᠳᠦᠭᠦᠯᠬᠦ ᠲᠥᠰᠦᠯ ᠪᠤᠶᠤ ᠠᠵᠢᠯ ᠤᠨ ᠠᠷᠭ᠎ᠠ ᠬᠡᠮᠵᠢᠶ᠎ᠡ ᠶᠢ ᠨᠡᠶᠢᠲᠡᠯᠡᠵᠦ᠂ ︽ᠣᠯᠠᠨ | ᠲᠥᠯᠥᠪᠵᠢᠭᠦᠯᠭᠡ ᠶᠢ ᠨᠢᠭᠡᠳᠬᠡᠬᠦ︾ ᠶᠢ ᠠᠬᠢᠭᠤᠯᠵᠤ᠂ ᠰᠠᠯᠠᠭ᠎ᠠ ᠮᠥᠴᠢᠷ ᠤᠨ ᠵᠣᠬᠢᠴᠠᠩᠭᠤᠶ ᠬᠥᠭᠵᠢᠯᠲᠡ ᠶᠢ | ᠴᠢᠩᠭᠠᠳᠬᠠᠨ᠎ᠠ᠃ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠨᠤᠭᠤᠳ ᠰᠣᠶᠣᠯ ᠵᠤᠭᠠᠴᠠᠯ ᠤᠨ | ᠲᠥᠯᠥᠪᠵᠢᠭᠦᠯᠭᠡ ᠶᠢ ᠬᠤᠲᠠ ᠬᠥᠳᠡᠭᠡ ᠶᠢᠨ ᠲᠥᠯᠥᠪᠵᠢᠭᠦᠯᠭᠡ ᠶᠢᠨ ᠭᠤᠤᠯᠳᠠᠯᠭ᠎ᠠ ᠲᠠᠢ ᠠᠭᠤᠯᠭ᠎ᠠ ᠳᠤ ᠣᠷᠣᠭᠤᠯᠵᠤ | ᠂ ᠠᠵᠤ ᠠᠬᠤᠶ ᠨᠡᠶᠢᠭᠡᠮ ᠤᠨ ᠬᠥᠭᠵᠢᠯᠲᠡ᠂ ᠵᠠᠮ ᠬᠠᠷᠢᠯᠴᠠᠭ᠎ᠠ ᠲᠡᠭᠡᠭᠡᠪᠦᠷᠢ᠂ ᠤᠯᠤᠰ ᠤᠨ ᠭᠠᠵᠠᠷ ᠰᠢᠷᠣᠶ ᠶᠢᠨ | ᠣᠷᠣᠨ ᠵᠠᠶ᠂ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ᠂ ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ | ᠡᠯ᠎ᠡ ᠲᠠᠯ᠎ᠠ ᠶᠢᠨ ᠲᠥᠯᠥᠪᠵᠢᠭᠦᠯᠭᠡ ᠯᠦᠭᠡ ᠵᠣᠯᠭᠠᠭᠤᠯᠬᠤ ᠪᠠ ᠵᠣᠬᠢᠴᠠᠭᠤᠯᠬᠤ ᠪᠠᠨ ᠴᠢᠩᠭᠠᠳᠬᠠᠬᠤ ᠬᠡᠷᠡᠭᠲᠡᠶ᠃ | ᠬᠤᠯᠪᠣᠭᠳᠠᠯ ᠪᠥᠬᠦᠶ ᠵᠤᠭᠠᠴᠠᠯ ᠰᠡᠯᠡᠭᠦᠴᠡᠯ ᠤᠨ ᠲᠥᠷᠥᠯ ᠵᠦᠢᠯ᠂ ᠪᠡᠯᠡᠳᠬᠡᠮᠵᠢ ᠶᠢᠨ ᠣᠷᠣᠨ ᠵᠠᠶ ᠶᠢᠨ | ᠪᠠᠶᠢᠷᠢᠰᠢᠭᠤᠯᠤᠯ ᠪᠠ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠡᠷᠡᠭᠴᠡᠭᠡ ᠱᠠᠭᠠᠷᠳᠠᠯᠭ᠎ᠠ ᠶᠢ ᠭᠦᠢᠴᠡᠳ | ᠪᠣᠳᠣᠯᠬᠢᠯᠠᠵᠤ᠂ ᠭᠤᠤᠯᠳᠠᠯᠭ᠎ᠠ ᠲᠠᠢ ᠰᠣᠶᠣᠯ ᠵᠤᠭᠠᠴᠠᠯ ᠤᠨ ᠠᠵᠤ ᠦᠢᠯᠡᠰ ᠤᠨ ᠲᠥᠷᠥᠯ ᠵᠦᠢᠯ ᠳᠤ ᠭᠠᠵᠠᠷ | ᠰᠢᠷᠣᠶ ᠶᠢᠨ ᠬᠠᠩᠭᠠᠯᠭ᠎ᠠ ᠶᠢ ᠪᠥᠬᠦ ᠬᠦᠴᠦᠨ ᠢᠶᠠᠷ ᠢᠶᠠᠨ ᠪᠠᠲᠤᠯᠠᠵᠤ᠂ ᠰᠣᠶᠣᠯ ᠵᠤᠭᠠᠴᠠᠯ ᠤᠨ ᠲᠥᠷᠥᠯ ᠵᠦᠢᠯ ᠳᠤ | ᠬᠡᠷᠡᠭᠯᠡᠬᠦ ᠭᠠᠵᠠᠷ ᠢ ᠤᠷᠢᠳᠠᠪᠠᠷ ᠲᠦᠷᠢᠶᠡᠰᠦᠯᠡᠭᠦᠯᠵᠦ ᠳᠠᠷᠠᠭ᠎ᠠ ᠨᠢ ᠰᠢᠯᠵᠢᠭᠦᠯᠦᠨ ᠥᠭᠬᠦ᠂ ᠲᠦᠷᠢᠶᠡᠰᠦᠯᠡᠭᠦᠯᠬᠦ ᠪᠠ | ᠰᠢᠯᠵᠢᠭᠦᠯᠦᠨ ᠥᠭᠬᠦ ᠶᠢ ᠤᠶᠠᠯᠳᠤᠭᠤᠯᠬᠤ ᠵᠡᠷᠭᠡ ᠣᠯᠠᠨ ᠵᠦᠢᠯ ᠤᠨ ᠭᠠᠵᠠᠷ ᠬᠠᠩᠭᠠᠬᠤ ᠠᠷᠭ᠎ᠠ ᠮᠠᠶ᠋ᠢᠭ ᠤᠨ ᠪᠣᠳᠠᠲᠠᠶ | ᠠᠷᠭ᠎ᠠ ᠶᠢ ᠰᠦᠪᠡᠭᠴᠢᠯᠡᠨ ᠬᠡᠷᠡᠭᠵᠢᠭᠦᠯᠬᠦ ᠬᠡᠷᠡᠭᠲᠡᠶ᠃ ᠠᠶᠢᠮᠠᠭ ᠤᠨ ᠰᠢᠭᠤᠳ ᠬᠠᠷᠢᠶ᠎ᠠ ᠬᠤᠯᠪᠣᠭᠳᠠᠯ ᠪᠥᠬᠦᠶ ᠰᠠᠯᠠᠭ᠎ᠠ | ᠮᠥᠴᠢᠷ ᠤᠳ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢᠶᠠᠨ ᠦᠨᠳᠦᠰᠦᠯᠡᠨ᠂ ᠰᠠᠭᠤᠷᠢ | ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ᠂ ᠦᠢᠯᠡᠳᠭᠦᠨ ᠤ ᠨᠡᠭᠡᠭᠡᠯᠲᠡ᠂ ᠬᠤᠳᠠᠯᠳᠤᠭᠠᠴᠢᠨ ᠤᠷᠢᠵᠤ ᠪᠠᠯᠠ | ᠣᠷᠣᠭᠤᠯᠬᠤ᠂ ᠴᠢᠳᠠᠪᠤᠷᠢᠲᠠᠨ ᠤ ᠪᠣᠯᠪᠠᠰᠤᠷᠠᠭᠤᠯᠤᠯ ᠵᠡᠷᠭᠡ ᠲᠠᠯ᠎ᠠ ᠪᠠᠷ ᠰᠣᠶᠣᠯ ᠵᠤᠭᠠᠴᠠᠯ ᠤᠨ ᠠᠵᠢᠯ ᠳᠤ | ᠭᠤᠤᠯᠳᠠᠯᠭ᠎ᠠ ᠲᠠᠢ ᠳᠡᠮᠵᠢᠯᠭᠡ ᠦᠵᠡᠭᠦᠯᠬᠦ ᠬᠡᠷᠡᠭᠲᠡᠶ᠃ | ᠲᠦᠷᠦᠭᠦᠯᠡᠬᠦ ᠨᠢᠭᠡᠴᠢ᠄ ᠠᠶᠢᠮᠠᠭ ᠤᠨ ᠰᠤᠶᠤᠯ ᠵᠤᠭᠠᠴᠠᠯ ᠪᠡᠶ᠎ᠡ ᠶᠢᠨ ᠲᠠᠮᠢᠷ ᠤᠨ ᠲᠤᠪᠴᠢᠶ᠎ᠠ | ᠬᠠᠷᠢᠭᠤᠴᠠᠯᠭᠠᠲᠤ ᠨᠢᠭᠡᠴᠢ᠄ ᠠᠶᠢᠮᠠᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠣᠷᠣᠨ ᠰᠠᠭᠤᠴᠠ | ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠵᠠᠮ ᠬᠠᠷᠢᠯᠴᠠᠭᠠᠨ ᠤ ᠲᠣᠪᠴᠢᠶ᠎ᠠ᠂ | ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠂ ᠣᠶ ᠰᠢᠭᠤᠶ ᠡᠪᠡᠰᠦ ᠪᠡᠯᠴᠢᠭᠡᠷ ᠤᠨ ᠲᠣᠪᠴᠢᠶ᠎ᠠ᠂ ᠠᠮᠢ | ᠠᠬᠤᠶ ᠶᠢᠨ ᠣᠷᠴᠢᠨ ᠲᠣᠭᠤᠷᠢᠨ ᠤ ᠲᠣᠪᠴᠢᠶ᠎ᠠ᠂ ᠬᠤᠳᠠᠯᠳᠤᠭᠠᠨ ᠤ ᠶᠠᠪᠤᠳᠠᠯ ᠤᠨ ᠪᠣᠭᠤᠮᠲᠠ ᠶᠢᠨ ᠲᠣᠪᠴᠢᠶ᠎ᠠ᠂ | ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ | ᠪᠠᠲᠤᠯᠠᠭ᠎ᠠ ᠶᠢᠨ ᠲᠣᠪᠴᠢᠶ᠎ᠠ᠂ ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ | 3. ᠬᠤᠲᠠ ᠶᠢᠨ ᠪᠥᠲᠥᠭᠡᠨ ᠪᠠᠶᠢᠭᠤᠯᠤᠯᠲᠠ ᠪᠠ ᠵᠤᠭᠠᠴᠠᠯ ᠤᠨ ᠨᠡᠭᠡᠭᠡᠨ ᠬᠥᠭᠵᠢᠭᠦᠯᠦᠯᠲᠡ ᠶᠢᠨ ᠬᠠᠮᠢᠶᠠᠷᠤᠯᠲᠠ ᠶᠢ | ᠴᠢᠩᠭᠠᠳᠬᠠᠨ᠎ᠠ᠃ ᠠᠶᠢᠮᠠᠭ ᠤᠨ ᠰᠢᠭᠤᠳ ᠬᠠᠷᠢᠶ᠎ᠠ ᠬᠠᠮᠢᠶ᠎ᠠ ᠪᠥᠬᠦᠶ ᠰᠠᠯᠠᠭ᠎ᠠ ᠮᠥᠴᠢᠷ ᠤᠳ ︽ᠠᠷᠪᠠᠨ | ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢ ᠴᠢᠩᠭ᠎ᠠ ᠵᠢᠷᠤᠮᠯᠠᠨ᠂ ᠲᠥᠯᠥᠪᠵᠢᠭᠦᠯᠵᠦ ᠵᠢᠷᠤᠭᠯᠠᠨ | ᠲᠥᠯᠥᠪᠯᠡᠬᠦ ᠶᠢ ᠰᠠᠶᠢᠲᠤᠷ ᠬᠢᠵᠦ᠂ ᠲᠥᠷᠥᠯ ᠵᠦᠢᠯ ᠤᠨ ᠪᠣᠭᠤᠮᠲᠠ ᠶᠢ ᠰᠠᠬᠢᠵᠤ ᠬᠢᠨᠠᠨ ᠬᠠᠷᠭᠤᠭᠤᠯᠬᠤ ᠶᠢ | ᠴᠢᠩᠭᠠᠳᠬᠠᠨ᠂ ᠳᠣᠤᠷ᠎ᠠ ᠬᠢᠷᠢ ᠬᠡᠮᠵᠢᠶ᠎ᠡ ᠪᠠᠷ ᠳᠠᠪᠬᠤᠷᠳᠠᠭᠤᠯᠤᠨ ᠪᠥᠲᠥᠭᠡᠨ ᠪᠠᠶᠢᠭᠤᠯᠬᠤ ᠪᠠ ᠳᠥᠭᠦᠮᠬᠡᠨ ᠢᠶᠠᠷ | ᠳᠠᠭᠤᠷᠢᠶᠠᠬᠤ ᠶᠢ ᠲᠠᠰᠤ ᠵᠣᠭᠰᠣᠭᠠᠵᠤ᠂ ᠠᠭᠤᠯᠠᠨ ᠲᠣᠰᠬᠤᠨ ᠤ ᠲᠡᠤᠬᠡ ᠶᠢᠨ ᠳᠤᠷᠠᠰᠬᠠᠯᠲᠤ ᠵᠦᠢᠯᠡᠰ ᠪᠠ ᠪᠣᠯᠬᠢ | ᠪᠦᠳᠦᠭᠦᠯᠢᠭ ᠵᠤᠭᠠᠴᠠᠯ ᠤᠨ ᠲᠥᠷᠥᠯ ᠵᠦᠢᠯ ᠢ ᠳᠤᠷ᠎ᠠ ᠪᠠᠷ ᠢᠶᠠᠨ ᠪᠠᠶᠢᠭᠤᠯᠬᠤ ᠶᠢ ᠡᠷᠡᠰ ᠬᠤᠷᠢᠭᠯᠠᠵᠤ᠂ | ᠬᠤᠲᠠ ᠶᠢᠨ ᠪᠥᠲᠥᠭᠡᠨ ᠪᠠᠶᠢᠭᠤᠯᠤᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠬᠡᠷᠡᠭᠲᠡᠶ᠃ ᠴᠢᠬᠤᠯᠠ ᠶᠡᠭᠡ | ᠵᠤᠭᠠᠴᠠᠯ ᠤᠨ ᠵᠦᠢᠯᠡᠰ ᠤᠨ ᠪᠦᠳᠦᠭᠡᠨ ᠪᠠᠶᠢᠭᠤᠯᠤᠯᠲᠠ ᠶᠢᠨ ᠲᠥᠯᠥᠪᠵᠢᠭᠦᠯᠭᠡ ᠶᠢ ᠲᠤᠰ ᠭᠠᠵᠠᠷ ᠤᠨ ᠬᠤᠳᠠ | ᠬᠥᠳᠡᠭᠡ ᠶᠢᠨ ᠲᠥᠯᠥᠪᠵᠢᠭᠦᠯᠭᠡ ᠪᠠ ᠵᠤᠭᠠᠴᠠᠯ ᠤᠨ ᠬᠥᠭᠵᠢᠯᠲᠡ ᠶᠢᠨ ᠲᠥᠯᠥᠪᠵᠢᠭᠦᠯᠭᠡ ᠳᠤ ᠨᠡᠶᠢᠴᠡᠭᠦᠯᠵᠦ᠂ | ᠲᠤᠰ ᠱᠠᠲᠤᠨ ᠤ ᠬᠢᠨᠠᠨ ᠬᠠᠷᠭᠤᠭᠤᠯᠤᠭᠰᠠᠨ ᠤ ᠲᠠᠷᠠᠭ᠎ᠠ᠂ ᠵᠢᠷᠤᠮ ᠶᠣᠰᠣᠭᠠᠷ ᠳᠡᠭᠡᠭᠰᠢ ᠮᠡᠳᠡᠭᠦᠯᠵᠦ ᠬᠢᠨᠠᠨ | ᠵᠥᠪᠰᠢᠶᠡᠷᠡᠭᠦᠯᠵᠦ ᠬᠡᠷᠡᠭᠵᠢᠭᠦᠯᠬᠦ ᠬᠡᠷᠡᠭᠲᠡᠶ᠃ | ᠲᠦᠷᠦᠭᠦᠯᠡᠬᠦ ᠨᠢᠭᠡᠴᠢ᠄ ᠠᠶᠢᠮᠠᠭ ᠤᠨ ᠰᠤᠶᠤᠯ ᠵᠤᠭᠠᠴᠠᠯ ᠪᠡᠶ᠎ᠡ ᠶᠢᠨ ᠲᠠᠮᠢᠷ ᠤᠨ ᠲᠤᠪᠴᠢᠶ᠎ᠠ | ᠬᠠᠷᠢᠭᠤᠴᠠᠯᠭᠠᠲᠤ ᠨᠢᠭᠡᠴᠢ᠄ ᠠᠶᠢᠮᠠᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠣᠷᠣᠨ ᠰᠠᠭᠤᠴᠠ | ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠡᠯ᠎ᠡ ᠬᠤᠰᠢᠭᠤ ᠰᠢᠶᠠᠨ ᠬᠤᠲᠠ ᠶᠢᠨ | ᠠᠷᠠᠳ ᠤᠨ ᠵᠠᠰᠠᠭ ᠤᠨ ᠣᠷᠳᠣᠨ | ︵ᠬᠤᠶᠠᠷ︶ ᠭᠤᠣᠯᠯᠠᠬᠤ ᠲᠠᠲᠠᠬᠤ ᠪᠣᠳᠠᠰ ᠢ ᠪᠤᠶ ᠪᠣᠯᠭᠠᠨ᠎ᠠ | 1. ᠴᠢᠨᠠᠷ ᠰᠠᠶᠢᠲᠠᠶ ᠵᠤᠭᠠᠴᠠᠯ ᠤᠨ ᠦᠵᠡᠮᠵᠢ ᠶᠢᠨ ᠣᠷᠣᠨ ᠢ ᠴᠣᠭᠴᠠᠯᠠᠨ ᠪᠠᠶᠢᠭᠤᠯᠬᠤ ᠶᠢ ᠠᠬᠢᠭᠤᠯᠤᠨ᠎ᠠ᠃ | ᠪᠤᠶᠢᠵᠢᠭᠤᠯᠬᠤ ᠪᠠ ᠡᠭᠦᠳᠦᠨ ᠪᠠᠶᠢᠭᠤᠯᠬᠤ ᠡᠷᠴᠢᠮ ᠢᠶᠠᠨ ᠴᠢᠩᠭᠠᠷᠠᠭᠤᠯᠵᠤ᠂ ᠰᠣᠳᠣᠨ ᠨᠠᠷᠠᠲᠤ ᠦᠵᠡᠮᠵᠢ ᠶᠢᠨ | ᠣᠷᠣᠨ ᠢ ᠬᠦᠴᠦᠯᠡᠨ ᠡᠭᠦᠳᠦᠨ ᠪᠠᠶᠢᠭᠤᠯᠵᠤ᠂ ᠷᠠᠰᠢᠶᠠᠨ — ᠴᠠᠢ ᠾᠧ ᠭᠤᠤᠯ ᠤᠨ ᠦᠵᠡᠮᠵᠢ ᠶᠢᠨ ᠣᠷᠣᠨ᠂ | ᠤᠯᠤᠮᠪᠤᠺᠠᠨ ᠵᠤᠭᠠᠴᠠᠯ ᠤᠨ ᠦᠵᠡᠮᠵᠢ ᠶᠢᠨ ᠣᠷᠣᠨ᠂ ᠬᠠᠩᠭᠠᠯ — ᠪᠠᠳᠤᠴᠠᠭᠠᠨ ᠵᠤᠭᠠᠴᠠᠯ ᠤᠨ ᠣᠷᠣᠨ᠂ | ᠷᠠᠰᠢᠶᠠᠨ ᠤ ᠬᠠᠢ ᠱᠧᠨ ᠱᠧᠩ ᠴᠢᠤᠸᠠᠨ ᠵᠤᠭᠠᠴᠠᠯ ᠤᠨ ᠠᠮᠠᠷᠠᠯᠲᠠ ᠶᠢᠨ ᠣᠷᠣᠨ᠂ ᠲᠢᠶᠠᠨ ᠵᠢᠶᠤᠤ ᠲᠢᠶᠠᠨ | ᠵᠢᠶᠦ᠋ᠨ ᠠᠮᠢ ᠠᠬᠤᠶ ᠶᠢᠨ ᠵᠤᠭᠠᠴᠠᠯ ᠤᠨ ᠠᠮᠠᠷᠠᠯᠲᠠ ᠶᠢᠨ ᠣᠷᠣᠨ ᠵᠡᠷᠭᠡ ᠭᠤᠤᠯᠳᠠᠯᠭ᠎ᠠ ᠲᠠᠢ ᠦᠵᠡᠮᠵᠢ ᠶᠢᠨ | ᠣᠷᠣᠨ ᠤ ᠲᠠᠩᠰᠠ ᠡᠪᠬᠡᠮᠡᠯ ᠢ ᠳᠡᠭᠡᠭᠰᠢᠯᠡᠭᠦᠯᠦᠨ ᠲᠠᠰ ᠳᠡᠪᠰᠢᠭᠦᠯᠬᠦ ᠶᠢ ᠠᠬᠢᠭᠤᠯᠤᠨ᠎ᠠ᠃ A ᠲᠠᠰ ᠤᠨ | ᠦᠵᠡᠮᠵᠢ ᠶᠢᠨ ᠣᠷᠣᠨ ᠤ ᠰᠣᠶᠣᠯ ᠤᠨ ᠠᠭᠤᠯᠤᠭᠳᠠᠬᠤᠨ ᠪᠠ ᠪᠦᠲᠦᠭᠡᠭᠳᠡᠬᠦᠨ ᠤ ᠶᠠᠰᠤ ᠴᠢᠨᠠᠷ ᠢ ᠤᠯᠠᠮ ᠨᠢᠭᠡ | ᠠᠯᠬᠤᠮ ᠳᠡᠭᠡᠭᠰᠢᠯᠡᠭᠦᠯᠵᠦ᠂ ᠰᠡᠯᠡᠭᠦᠴᠡᠨ ᠠᠮᠠᠷᠠᠬᠤ᠂ ᠠᠮᠢ ᠠᠬᠤᠶ ᠶᠢᠨ ᠡᠷᠡᠭᠦᠯ ᠮᠡᠨᠳᠦ ᠰᠤᠪᠢᠯᠠᠯᠲᠠ᠂ ᠰᠤᠳᠤᠯᠤᠨ | ᠰᠤᠷᠤᠯᠴᠠᠬᠤ ᠰᠤᠷᠭᠠᠨ ᠬᠥᠮᠦᠵᠢᠯ᠂ ᠰᠣᠶᠣᠯ ᠤᠷᠠᠨ ᠲᠣᠭᠯᠠᠯᠲᠠ᠂ ᠰᠥᠨᠢ ᠶᠢᠨ ᠵᠤᠭᠠᠴᠠᠯ ᠵᠡᠷᠭᠡ ᠰᠢᠨ᠎ᠡ | ᠪᠦᠲᠦᠭᠡᠭᠳᠡᠬᠦᠨ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠢ ᠭᠤᠤᠯᠳᠠᠯᠭ᠎ᠠ ᠲᠠᠢ ᠨᠡᠭᠡᠭᠡᠨ ᠬᠥᠭᠵᠢᠭᠦᠯᠵᠦ ᠪᠥᠲᠥᠭᠡᠨ | ᠪᠠᠶᠢᠭᠤᠯᠤᠨ᠎ᠠ᠃ | ᠲᠦᠷᠦᠭᠦᠯᠡᠬᠦ ᠨᠢᠭᠡᠴᠢ᠄ ᠠᠶᠢᠮᠠᠭ ᠤᠨ ᠰᠤᠶᠤᠯ ᠵᠤᠭᠠᠴᠠᠯ ᠪᠡᠶ᠎ᠡ ᠶᠢᠨ ᠲᠠᠮᠢᠷ ᠤᠨ ᠲᠤᠪᠴᠢᠶ᠎ᠠ | ᠬᠠᠷᠢᠭᠤᠴᠠᠯᠭᠠᠲᠤ ᠨᠢᠭᠡᠴᠢ᠄ ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ | 2. ᠬᠤᠲᠠ ᠶᠢᠨ ᠵᠤᠭᠠᠴᠠᠯ ᠰᠡᠯᠡᠭᠦᠴᠡᠯ ᠤᠨ ᠵᠡᠭᠡᠯᠢ ᠲᠣᠭᠤᠷᠢᠭ ᠢ ᠪᠥᠲᠥᠭᠡᠨ ᠪᠠᠶᠢᠭᠤᠯᠤᠨ᠎ᠠ᠃ ︽ᠵᠠᠰᠠᠭ ᠤᠨ | ᠣᠷᠳᠣᠨ ᠠᠴᠠ ᠬᠥᠲᠥᠯᠥᠨ ᠵᠢᠯᠣᠭᠤᠳᠬᠤ + ᠵᠠᠬ᠎ᠠ ᠳᠡᠯᠭᠡᠭᠦᠷ ᠢᠶᠠᠷ ᠠᠵᠢᠯᠯᠠᠭᠤᠯᠬᠤ︾ ᠵᠠᠭᠪᠤᠷ ᠢ ᠬᠡᠷᠡᠭᠯᠡᠵᠦ᠂ | ᠨᠢᠭᠡ ᠪᠦᠯᠦᠭ ᠰᠡᠯᠡᠭᠦᠴᠡᠯ᠂ ᠪᠠᠷᠠᠭ᠎ᠠ ᠬᠤᠳᠠᠯᠳᠤᠨ ᠠᠪᠬᠤ᠂ ᠢᠳᠡᠭᠡᠨ ᠤᠮᠳᠠᠭᠠᠨ ᠵᠡᠷᠭᠡ ᠶᠢ ᠨᠢᠭᠡ | ᠴᠣᠠᠠᠴᠠᠵᠢᠭᠤᠯᠥᠠᠠᠰᠠᠨ ᠵᠤᠭᠠᠴᠠᠯ ᠰᠡᠯᠡᠭᠦᠴᠡᠯ ᠤᠨ ᠵᠡᠭᠡᠯᠢ ᠲᠣᠭᠤᠷᠢᠭ ᠢ ᠬᠦᠴᠦᠯᠡᠨ ᠪᠠᠶᠢᠭᠤᠯᠵᠤ᠂ ︽ᠨᠢᠭᠡ | ᠣᠷᠳᠣᠨ ᠭᠤᠷᠪᠠᠨ ᠪᠠᠭᠤᠷᠢ︾ ᠵᠡᠷᠭᠡ ᠬᠤᠪᠢᠰᠬᠠᠯ ᠤᠨ ᠬᠠᠭᠤᠴᠢᠨ ᠪᠠᠭᠤᠷᠢ ᠶᠢᠨ ᠡᠬᠢ ᠪᠠᠶᠠᠯᠢᠭ ᠢᠶᠠᠷ ᠭᠤᠤᠯ | ᠱᠤᠭᠤᠮ ᠪᠣᠯᠭᠠᠭᠰᠠᠨ ᠬᠤᠪᠢᠰᠬᠠᠯ ᠤᠨ ᠰᠣᠶᠣᠯ ᠤᠨ ᠵᠡᠭᠡᠯᠢ ᠲᠣᠭᠤᠷᠢᠭ᠂ ᠤᠯᠠᠭᠠᠨᠬᠠᠳᠠ ᠪᠠᠯᠭᠠᠰᠤ ᠶᠢᠨ ᠰᠠᠨ ᠾᠧ | ᠲᠣᠰᠬᠤᠨ ᠤ ᠤᠨᠴᠠᠯᠢᠭᠳᠤ ᠰᠣᠶᠣᠯ ᠵᠤᠭᠠᠴᠠᠯ ᠰᠡᠯᠡᠭᠦᠴᠡᠯ ᠤᠨ ᠵᠡᠭᠡᠯᠢ ᠲᠣᠭᠤᠷᠢᠭ ᠵᠡᠷᠭᠡ ᠤᠨᠴᠠᠯᠢᠭᠳᠤ ᠵᠡᠭᠡᠯᠢ | ᠲᠣᠭᠤᠷᠢᠭ ᠤᠨ ᠪᠥᠲᠥᠭᠡᠨ ᠪᠠᠶᠢᠭᠤᠯᠤᠯᠲᠠ ᠶᠢ ᠭᠤᠤᠯᠳᠠᠯᠭ᠎ᠠ ᠲᠠᠢ ᠠᠬᠢᠭᠤᠯᠵᠤ᠂ ᠤᠯᠤᠰ ᠤᠨ ᠲᠠᠰ ᠤᠨ | ᠤᠨᠴᠠᠯᠢᠭᠳᠤ ᠰᠣᠶᠣᠯ ᠵᠤᠭᠠᠴᠠᠯ ᠰᠡᠯᠡᠭᠦᠴᠡᠯ ᠤᠨ ᠵᠡᠭᠡᠯᠢ ᠲᠣᠭᠤᠷᠢᠭ ᠢ 1 ᠡᠭᠦᠳᠦᠨ ᠪᠠᠶᠢᠭᠤᠯᠬᠤ ᠪᠠᠷ ᠴᠢᠷᠮᠠᠶᠢᠨ᠎ᠠ᠃ | | ᠲᠦᠷᠦᠭᠦᠯᠡᠬᠦ ᠨᠢᠭᠡᠴᠢ᠄ ᠠᠶᠢᠮᠠᠭ ᠤᠨ ᠰᠣᠶᠣᠯ ᠵᠤᠭᠠᠴᠠᠯ ᠪᠡᠶ᠎ᠡ ᠶᠢᠨ ᠲᠠᠮᠢᠷ ᠤᠨ ᠲᠣᠪᠴᠢᠶ᠎ᠠ᠂ | ᠬᠤᠳᠠᠯᠳᠤᠭᠠᠨ ᠤ ᠶᠠᠪᠤᠳᠠᠯ ᠤᠨ ᠪᠣᠭᠤᠮᠲᠠ ᠶᠢᠨ ᠲᠣᠪᠴᠢᠶ᠎ᠠ | ᠬᠠᠷᠢᠭᠤᠴᠠᠯᠭᠠᠲᠤ ᠨᠢᠭᠡᠴᠢ᠄ ᠠᠶᠢᠮᠠᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ | ᠵᠠᠰᠠᠭ ᠤᠨ ᠣᠷᠳᠣᠨ | 3. ᠵᠤᠭᠠᠴᠠᠯ ᠤᠨ ᠠᠮᠠᠷᠠᠯᠲᠠ ᠶᠢᠨ ᠣᠷᠣᠨ ᠢ ᠡᠭᠦᠳᠦᠨ ᠪᠠᠶᠢᠭᠤᠯᠤᠨ᠎ᠠ᠃ ᠨᠢᠭᠡ ᠪᠦᠯᠦᠭ ᠤᠯᠤᠰ ᠤᠨ ᠲᠠᠰ ᠤᠨ | ᠪᠠ ᠥᠪᠡᠷᠲᠡᠭᠡᠨ ᠵᠠᠰᠠᠬᠤ ᠣᠷᠣᠨ ᠤ ᠲᠠᠰ ᠤᠨ ᠵᠤᠭᠠᠴᠠᠯ ᠤᠨ ᠠᠮᠠᠷᠠᠯᠲᠠ ᠶᠢᠨ ᠣᠷᠣᠨ ᠢ ᠴᠢᠨᠠᠷ ᠰᠠᠶᠢᠲᠠᠶ ᠪᠥᠭᠡᠳ | ᠴᠢᠨᠠᠷ ᠰᠠᠶᠢᠲᠠᠶ ᠪᠠᠶᠢᠭᠤᠯᠵᠤ᠂ ᠷᠠᠰᠢᠶᠠᠨ — ᠴᠠᠢ ᠾᠧ ᠦᠵᠡᠮᠵᠢ ᠶᠢᠨ ᠣᠷᠣᠨ ᠤ ᠤᠯᠤᠰ ᠤᠨ ᠲᠠᠰ ᠤᠨ | ᠵᠤᠭᠠᠴᠠᠯ ᠤᠨ ᠠᠮᠠᠷᠠᠯᠲᠠ ᠶᠢᠨ ᠣᠷᠣᠨ ᠢ ᠡᠭᠦᠳᠦᠨ ᠪᠠᠶᠢᠭᠤᠯᠬᠤ᠂ ᠬᠠᠩᠭᠠᠯ — ᠪᠠᠳᠤᠴᠠᠭᠠᠨ ᠵᠤᠭᠠᠴᠠᠯ ᠤᠨ | ᠦᠵᠡᠮᠵᠢ ᠶᠢᠨ ᠣᠷᠣᠨ ᠤ ᠥᠪᠡᠷᠲᠡᠭᠡᠨ ᠵᠠᠰᠠᠬᠤ ᠣᠷᠣᠨ ᠤ ᠲᠠᠰ ᠤᠨ ᠵᠤᠭᠠᠴᠠᠯ ᠤᠨ ᠠᠮᠠᠷᠠᠯᠲᠠ ᠶᠢᠨ ᠣᠷᠣᠨ ᠢ | ᠡᠭᠦᠳᠦᠨ ᠪᠠᠶᠢᠭᠤᠯᠬᠤ ᠶᠢ ᠭᠤᠤᠯᠳᠠᠯᠭ᠎ᠠ ᠲᠠᠢ ᠳᠥᠯᠭᠢᠨ ᠠᠬᠢᠭᠤᠯᠵᠤ᠂ ᠵᠠᠯᠠᠶᠢᠳ ᠬᠤᠰᠢᠭᠤᠨ ᠤ ᠬᠤᠯᠪᠤᠭ᠎ᠠ | ᠪᠠᠯᠭᠠᠰᠤ ᠪᠠᠷ ᠲᠥᠪ ᠪᠣᠯᠭᠠᠨ᠂ ᠣᠲᠣ ᠦᠶ᠎ᠡ ᠶᠢᠨ ᠲᠠᠷᠢᠶᠠᠯᠠᠩ ᠢ ᠶᠡᠬᠡᠪᠡᠷ ᠬᠥᠭᠵᠢᠭᠦᠯᠵᠦ᠂ ᠥᠪᠡᠷᠲᠡᠭᠡᠨ ᠵᠠᠰᠠᠬᠤ | ᠣᠷᠣᠨ ᠤ ᠲᠠᠰ ᠤᠨ ᠵᠤᠭᠠᠴᠠᠯ ᠤᠨ ᠠᠮᠠᠷᠠᠯᠲᠠ ᠶᠢᠨ ᠣᠷᠣᠨ ᠢ ᠡᠭᠦᠳᠦᠨ ᠪᠠᠶᠢᠭᠤᠯᠤᠨ᠎ᠠ᠃ | ᠲᠦᠷᠦᠭᠦᠯᠡᠬᠦ ᠨᠢᠭᠡᠴᠢ᠄ ᠠᠶᠢᠮᠠᠭ ᠤᠨ ᠰᠤᠶᠤᠯ ᠵᠤᠭᠠᠴᠠᠯ ᠪᠡᠶ᠎ᠡ ᠶᠢᠨ ᠲᠠᠮᠢᠷ ᠤᠨ ᠲᠤᠪᠴᠢᠶ᠎ᠠ | ᠬᠠᠷᠢᠭᠤᠴᠠᠯᠭᠠᠲᠤ ᠨᠢᠭᠡᠴᠢ᠄ ᠷᠠᠰᠢᠶᠠᠨ ᠬᠤᠲᠠ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ᠂ | ᠵᠠᠯᠠᠶᠢᠳ ᠬᠤᠰᠢᠭᠤᠨ ᠤ ᠠᠷᠠᠳ ᠤᠨ ᠵᠠᠰᠠᠭ ᠤᠨ ᠣᠷᠳᠣᠨ | 4. ᠰᠥᠨᠢ ᠶᠢᠨ ᠠᠵᠤ ᠠᠬᠤᠶ ᠶᠢᠨ ᠲᠥᠪᠯᠡᠷᠡᠭᠰᠡᠨ ᠣᠷᠣᠨ ᠢ ᠡᠭᠦᠳᠦᠨ ᠪᠠᠶᠢᠭᠤᠯᠤᠨ᠎ᠠ᠃ ᠮᠠᠨ ᠤ ᠠᠶᠢᠮᠠᠭ ᠤᠨ | ᠡᠯ᠎ᠡ ᠬᠤᠰᠢᠭᠤ ᠰᠢᠶᠠᠨ ᠬᠤᠲᠠ ᠶᠢᠨ ᠬᠤᠲᠠ ᠶᠢᠨ ᠭᠤᠤᠯ ᠲᠣᠭᠤᠷᠢᠭ ᠤᠨ ᠰᠥᠨᠢ ᠶᠢᠨ ᠦᠵᠡᠮᠵᠢ ᠳᠤ ᠲᠦᠰᠢᠭᠯᠡᠨ᠂ | ᠳ᠋ᠧᠩ ᠤᠨ ᠬᠡᠷᠡᠯ ᠤᠨ ᠦᠵᠡᠭᠦᠯᠦᠯᠭᠡ᠂ ᠤᠨᠴᠠᠯᠢᠬᠳᠤ ᠵᠡᠭᠡᠯᠢ ᠲᠣᠭᠤᠷᠢᠭ᠂ ᠳᠠᠭᠤᠤ ᠬᠥᠭᠵᠢᠮ ᠤᠨ ᠦᠳᠡᠰᠢᠯᠡᠭᠡ᠂ | ᠲᠣᠭᠤᠷᠢᠨ ᠵᠤᠭᠠᠴᠠᠬᠤ ᠣᠩᠭᠤᠴᠠ ᠵᠡᠷᠭᠡ ᠰᠥᠨᠢ ᠶᠢᠨ ᠵᠤᠭᠠᠴᠠᠯ ᠤᠨ ᠲᠥᠷᠥᠯ ᠵᠦᠢᠯ ᠢ ᠬᠥᠭᠵᠢᠭᠦᠯᠵᠦ᠂ ︽ | ᠰᠤᠯᠠ ᠢᠳᠡᠭᠡᠨ ᠤ ᠰᠥᠨᠢ ᠶᠢᠨ ᠵᠠᠬ᠎ᠠ ᠳᠡᠯᠭᠡᠭᠦᠷ︾᠂ ᠲᠣᠭᠯᠠᠯᠲᠠ ᠵᠡᠷᠭᠡ ᠣᠯᠠᠨ ᠵᠦᠢᠯ ᠤᠨ ᠰᠥᠨᠢ ᠶᠢᠨ ᠰᠣᠶᠣᠯ | ᠵᠤᠭᠠᠴᠠᠯ ᠤᠨ ᠬᠡᠷᠡᠭᠯᠡᠭᠡᠨ ᠤ ᠡᠵᠡᠩᠨᠡᠯᠲᠡ ᠶᠢᠨ ᠬᠡᠯᠪᠡᠷᠢ ᠪᠠᠶᠢᠳᠠᠯ ᠢ ᠨᠡᠮᠡᠭᠳᠡᠭᠦᠯᠵᠦ᠂ ᠤᠨᠴᠠᠯᠢᠬᠳᠤ ᠠᠮᠲᠠᠲᠤ | ᠢᠳᠡᠭᠡᠨ ᠤ ᠪᠠᠶᠠᠷ᠂ ᠰᠤᠯᠠ ᠢᠳᠡᠭᠡᠨ ᠤ ᠪᠠᠶᠠᠷ᠂ ᠫᠢᠸᠤ᠋ ᠶᠢᠨ ᠪᠠᠶᠠᠷ᠂ ᠳᠠᠭᠤᠤ ᠬᠥᠭᠵᠢᠮ ᠤᠨ ᠨᠠᠶᠢᠷ ᠵᠡᠷᠭᠡ ᠰᠢᠷᠢᠰ | ᠠᠵᠢᠯᠯᠠᠭ᠎ᠠ ᠶᠢ ᠡᠷᠭᠢᠯᠡᠨ᠎ᠡ᠃ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠦᠢᠯᠡᠴᠢᠯᠡᠭᠡᠨ ᠤ ᠪᠠᠲᠤᠯᠠᠭ᠎ᠠ ᠶᠢ | ᠲᠡᠭᠦᠯᠳᠡᠷᠵᠢᠭᠦᠯᠵᠦ᠂ ᠰᠥᠨᠢ ᠶᠢᠨ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠦᠢᠯᠡᠴᠢᠯᠡᠭᠡ ᠶᠢ ᠰᠢᠯᠢᠳᠡᠭᠵᠢᠭᠦᠯᠦᠨ᠂ | ᠰᠥᠨᠢ ᠶᠢᠨ ᠦᠵᠡᠮᠵᠢ ᠶᠢ ᠭᠡᠷᠡᠯᠲᠦᠭᠦᠯᠬᠦ᠂ ᠭᠤᠶᠤᠵᠢᠭᠤᠯᠬᠤ ᠢᠨᠵᠧᠨᠧᠷᠢᠩ ᠢ ᠳᠡᠮᠵᠢᠵᠦ᠂ ᠰᠥᠨᠢ ᠶᠢᠨ | ᠲᠡᠮᠳᠡᠭ ᠤᠨ ᠰᠢᠰᠲ᠋ᠧᠮᠵᠢ᠂ ᠰᠡᠯᠡᠭᠦᠴᠡᠯ ᠤᠨ ᠪᠡᠯᠡᠳᠬᠡᠮᠵᠢ᠂ ᠳ᠋ᠧᠩ ᠤᠨ ᠬᠡᠷᠡᠯ ᠤᠨ ᠪᠡᠯᠡᠳᠬᠡᠮᠵᠢ ᠵᠡᠷᠭᠡ ᠢᠵᠢ | ᠪᠥᠷᠢᠳᠦᠭᠦᠯᠬᠦ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢ ᠲᠡᠭᠦᠯᠳᠡᠷᠵᠢᠭᠦᠯᠵᠦ᠂ ᠰᠥᠨᠢ ᠶᠢᠨ ᠬᠡᠷᠡᠭᠯᠡᠭᠡᠨ ᠤ | ᠠᠬᠤᠶ ᠪᠠᠶᠢᠳᠠᠯ ᠢ ᠭᠡᠷᠡᠯᠲᠦᠭᠦᠯᠦᠨ᠎ᠡ᠃ ᠷᠠᠰᠢᠶᠠᠨ ᠤ ᠵᠤᠭᠠᠴᠠᠯ ᠠᠮᠠᠷᠠᠯᠲᠠ ᠶᠢᠨ ᠣᠷᠣᠨ ᠢ ᠡᠭᠦᠳᠦᠨ ᠪᠠᠶᠢᠭᠤᠯᠬᠤ | ᠠᠵᠢᠯ ᠲᠠᠢ ᠤᠶᠠᠯᠳᠤᠭᠤᠯᠤᠨ᠂ ᠷᠠᠰᠢᠶᠠᠨ ᠤ ᠰᠥᠨᠢ ᠶᠢᠨ ᠠᠵᠤ ᠠᠬᠤᠶ ᠶᠢᠨ ᠲᠥᠪᠯᠡᠷᠡᠯ ᠤᠨ ᠣᠷᠣᠨ ᠢ ᠪᠣᠶ | ᠪᠣᠯᠭᠠᠵᠤ᠂ ᠤᠯᠠᠭᠠᠨᠬᠤᠲᠠ᠂ ᠬᠤᠷᠴᠢᠨ ᠲᠠᠯ᠎ᠠ ᠬᠤᠲᠠᠨ ᠳᠠᠬᠢ ᠲᠠᠯ᠎ᠠ ᠨᠤᠲᠤᠭ ᠤᠨ ᠣᠯᠠᠨ ᠡᠵᠡᠩᠨᠡᠯᠲᠡ ᠶᠢᠨ | ᠬᠡᠯᠪᠡᠷᠢ ᠪᠠᠶᠢᠳᠠᠯ ᠲᠠᠢ ᠰᠥᠨᠢ ᠶᠢᠨ ᠠᠵᠤ ᠠᠬᠤᠶ ᠶᠢᠨ ᠬᠡᠯᠪᠡᠷᠢ ᠪᠠᠶᠢᠳᠠᠯ ᠢ ᠪᠣᠶ ᠪᠣᠯᠭᠠᠵᠤ᠂ ᠤᠯᠤᠰ ᠤᠨ | ᠰᠥᠨᠢ ᠶᠢᠨ ᠰᠣᠶᠣᠯ ᠵᠤᠭᠠᠴᠠᠯ ᠤᠨ ᠬᠡᠷᠡᠭᠯᠡᠭᠡᠨ ᠤ ᠲᠥᠪᠯᠡᠷᠡᠯ ᠤᠨ ᠣᠷᠣᠨ ᠢ 1 ᠡᠭᠦᠳᠦᠨ ᠪᠠᠶᠢᠭᠤᠯᠬᠤ ᠪᠠᠷ | ᠴᠢᠷᠮᠠᠶᠢᠨ᠎ᠠ᠃ | ᠲᠦᠷᠦᠭᠦᠯᠡᠬᠦ ᠨᠢᠭᠡᠴᠢ᠄ ᠠᠶᠢᠮᠠᠭ ᠤᠨ ᠬᠤᠳᠠᠯᠳᠤᠭᠠᠨ ᠤ ᠶᠠᠪᠤᠳᠠᠯ ᠤᠨ ᠪᠣᠭᠤᠮᠲᠠ ᠶᠢᠨ ᠲᠣᠪᠴᠢᠶ᠎ᠠ᠂ ᠰᠣᠶᠣᠯ | ᠵᠤᠭᠠᠴᠠᠯ ᠪᠡᠶ᠎ᠡ ᠶᠢᠨ ᠲᠠᠮᠢᠷ ᠤᠨ ᠲᠣᠪᠴᠢᠶ᠎ᠠ᠂ ᠵᠠᠮ ᠬᠠᠷᠢᠯᠴᠠᠭᠠᠨ ᠤ ᠲᠣᠪᠴᠢᠶ᠎ᠠ | ᠬᠠᠷᠢᠭᠤᠴᠠᠯᠭᠠᠲᠤ ᠨᠢᠭᠡᠴᠢ᠄ ᠠᠶᠢᠮᠠᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ | ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠷᠠᠰᠢᠶᠠᠨ ᠬᠤᠲᠠ᠂ | ᠤᠯᠠᠭᠠᠨᠬᠤᠲᠠ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ | 5. ᠬᠥᠳᠡᠭᠡ ᠲᠣᠰᠬᠤᠨ ᠤ ᠵᠤᠭᠠᠴᠠᠯ ᠢ ᠶᠡᠬᠡᠪᠡᠷ ᠬᠥᠭᠵᠢᠭᠦᠯᠦᠨ᠎ᠡ᠃ ᠥᠪᠡᠷᠲᠡᠭᠡᠨ ᠵᠠᠰᠠᠬᠤ ᠣᠷᠣᠨ ᠪᠣᠯᠤᠨ ᠮᠠᠨ ᠤ | ᠠᠶᠢᠮᠠᠭ ᠤᠨ ᠲᠠᠷᠢᠶᠠᠯᠠᠩ ᠤᠨ ᠬᠥᠭᠵᠢᠯᠲᠡ ᠶᠢᠨ ᠬᠠᠮᠢᠶ᠎ᠠ ᠪᠦᠬᠦᠢ ᠲᠡᠳᠬᠦᠬᠦ ᠲᠥᠷᠥ ᠶᠢᠨ ᠪᠣᠳᠣᠯᠭ᠎ᠠ ᠶᠢ | ᠨᠠᠶᠢᠳᠠᠪᠤᠷᠢᠵᠢᠭᠤᠯᠵᠤ᠂ ᠦᠵᠡᠭᠦᠯᠦᠯᠭᠡ ᠶᠢᠨ ᠲᠠᠷᠢᠶᠠᠯᠠᠩ᠂ ᠰᠡᠯᠡᠭᠦᠴᠡᠯ ᠤᠨ ᠲᠠᠷᠢᠶᠠᠯᠠᠩ᠂ ᠪᠦᠲᠦᠭᠡᠯᠴᠢ | ᠲᠠᠷᠢᠶᠠᠯᠠᠩ ᠢ ᠶᠡᠬᠡᠪᠡᠷ ᠬᠥᠭᠵᠢᠭᠦᠯᠵᠦ᠂ ᠨᠢᠭᠡ ᠪᠦᠯᠦᠭ ᠲᠣᠭᠤᠷᠢᠨ ᠦᠵᠡᠬᠦ᠂ ᠰᠡᠯᠡᠭᠦᠴᠡᠨ ᠠᠮᠠᠷᠠᠬᠤ᠂ ᠡᠷᠡᠭᠦᠯ | ᠮᠡᠨᠳᠦ ᠪᠡᠶ᠎ᠡ ᠮᠠᠬᠠᠪᠣᠳ ᠰᠤᠪᠢᠯᠠᠯᠲᠠ ᠵᠡᠷᠭᠡ ᠴᠢᠳᠠᠮᠵᠢ ᠶᠢ ᠨᠢᠭᠡ ᠴᠤᠭᠴᠠᠵᠢᠭᠤᠯᠤᠭᠰᠠᠨ ᠬᠥᠳᠡᠭᠡ ᠲᠣᠰᠬᠤᠨ ᠤ | ᠵᠤᠭᠠᠴᠠᠯ ᠤᠨ ᠰᠣᠳᠣᠨ ᠲᠥᠷᠥᠯ ᠵᠦᠢᠯ ᠢ ᠭᠤᠤᠯᠳᠠᠯᠭ᠎ᠠ ᠲᠠᠢ ᠪᠣᠶ ᠪᠣᠯᠭᠠᠵᠤ᠂ ᠪᠥᠬᠦ ᠠᠶᠢᠮᠠᠭ ᠤᠨ ᠳᠠᠶᠢᠴᠢᠨᠲᠠᠯ᠎ᠠ | ᠭᠠᠴᠠᠭ᠎ᠠ᠂ ᠶᠦᠩ ᠰᠢᠩ ᠲᠣᠰᠬᠤᠨ᠂ ᠦᠪᠦᠷᠵᠢᠯᠠᠭ᠎ᠠ ᠭᠠᠴᠠᠭ᠎ᠠ ᠵᠡᠷᠭᠡ 15 ᠭᠠᠴᠠᠭ᠎ᠠ ᠲᠣᠰᠬᠤᠨ ᠳᠤ ᠪᠥᠬᠦ | ᠤᠯᠤᠰ ᠪᠤᠶᠤ ᠪᠥᠬᠦ ᠣᠷᠣᠨ ᠤ ᠬᠥᠳᠡᠭᠡ ᠲᠣᠰᠬᠤᠨ ᠤ ᠵᠤᠭᠠᠴᠠᠯ ᠤᠨ ᠭᠤᠤᠯᠳᠠᠯᠭ᠎ᠠ ᠲᠠᠢ ᠭᠠᠴᠠᠭ᠎ᠠ ᠲᠣᠰᠬᠤᠨ | ᠪᠠᠶᠢᠭᠤᠯᠬᠤ ᠶᠢ ᠳᠡᠮᠵᠢᠵᠦ᠂ ᠬᠤᠰᠢᠭᠤ ᠰᠢᠶᠠᠨ ᠬᠤᠲᠠ ᠨᠢᠭᠡᠪᠦᠷᠢ ᠳᠤ ᠨᠠᠭᠠᠳᠤ ᠵᠠᠬ᠎ᠠ ᠳᠠᠭᠠᠨ ᠨᠢᠭᠡ ᠬᠥᠳᠡᠭᠡ | ᠲᠣᠰᠬᠤᠨ ᠤ ᠵᠤᠭᠠᠴᠠᠯ ᠤᠨ ᠪᠦᠰᠡ ᠪᠤᠶᠤ ᠨᠢᠭᠡ ᠬᠥᠳᠡᠭᠡ ᠲᠣᠰᠬᠤᠨ ᠤ ᠵᠤᠭᠠᠴᠠᠯ ᠤᠨ ᠴᠤᠭᠯᠠᠷᠠᠯ ᠤᠨ ᠣᠷᠣᠨ ᠢ | ᠪᠠᠶᠢᠭᠤᠯᠤᠨ᠎ᠠ᠃ | ᠲᠦᠷᠦᠭᠦᠯᠡᠬᠦ ᠨᠢᠭᠡᠴᠢ᠄ ᠠᠶᠢᠮᠠᠭ ᠤᠨ ᠰᠣᠶᠣᠯ ᠵᠤᠭᠠᠴᠠᠯ ᠪᠡᠶ᠎ᠡ ᠶᠢᠨ ᠲᠠᠮᠢᠷ ᠤᠨ ᠲᠣᠪᠴᠢᠶ᠎ᠠ᠂ ᠲᠠᠷᠢᠶᠠᠯᠠᠩ ᠮᠠᠯ | ᠠᠵᠤ ᠠᠬᠤᠶ ᠶᠢᠨ ᠲᠣᠪᠴᠢᠶ᠎ᠠ | ᠬᠠᠷᠢᠭᠤᠴᠠᠯᠭᠠᠲᠤ ᠨᠢᠭᠡᠴᠢ᠄ ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ | 6. ᠬᠤᠪᠢᠰᠬᠠᠯ ᠤᠨ ᠳᠤᠷᠠᠰᠬᠠᠯᠲᠤ ᠵᠤᠭᠠᠴᠠᠯ ᠢ ᠰᠢᠨ᠎ᠡ ᠪᠠᠷ ᠡᠭᠦᠳᠦᠨ ᠬᠥᠭᠵᠢᠭᠦᠯᠦᠨ᠎ᠡ᠃ ᠬᠤᠪᠢᠰᠬᠠᠯ ᠤᠨ | ᠳᠤᠷᠠᠰᠬᠠᠯᠲᠤ ᠵᠦᠢᠯᠡᠰ ᠢ ᠬᠠᠮᠠᠭᠠᠯᠠᠵᠤ ᠠᠰᠢᠭᠯᠠᠬᠤ ᠪᠠ ᠬᠤᠪᠢᠰᠬᠠᠯ ᠤᠨ ᠳᠤᠷᠠᠰᠬᠠᠯᠲᠤ ᠵᠤᠭᠠᠴᠠᠯ ᠤᠨ | ᠬᠥᠭᠵᠢᠯᠲᠡ ᠶᠢ ᠨᠢᠭᠡᠳᠦᠯᠲᠡᠶ ᠲᠥᠯᠥᠪᠯᠡᠵᠦ᠂ ᠮᠠᠨ ᠤ ᠠᠶᠢᠮᠠᠭ ᠤᠨ ︽ᠨᠢᠭᠡ ᠣᠷᠳᠣᠨ ᠭᠤᠷᠪᠠᠨ ᠪᠠᠭᠤᠷᠢ︾ ︽ | ᠬᠢᠩᠭᠠᠨ ᠨᠢᠭᠡᠳᠦᠭᠡᠷ ᠨᠠᠮ ᠤᠨ ᠡᠭᠦᠷ︾ ᠵᠡᠷᠭᠡ ᠬᠤᠪᠢᠰᠬᠠᠯ ᠤᠨ ᠰᠣᠶᠣᠯ ᠤᠨ ᠡᠬᠢ ᠪᠠᠶᠠᠯᠢᠭ ᠢ ᠭᠦᠢᠴᠡᠳ | ᠠᠰᠢᠭᠯᠠᠵᠤ᠂ ᠬᠤᠪᠢᠰᠬᠠᠯ ᠤᠨ ᠰᠣᠶᠣᠯ ᠤᠨ ᠪᠡᠶᠡᠴᠢᠯᠡᠨ ᠣᠶᠢᠯᠠᠭᠠᠬᠤ ᠠᠭᠤᠯᠭ᠎ᠠ ᠪᠠ ᠵᠤᠭᠠᠴᠠᠯ ᠤᠨ | ᠦᠢᠯᠡᠴᠢᠯᠡᠭᠡᠨ ᠤ ᠴᠢᠳᠠᠪᠬᠢ ᠶᠢ ᠪᠠᠶᠠᠯᠢᠭᠵᠢᠭᠤᠯᠵᠤ᠂ ᠡᠯ᠎ᠡ ᠬᠤᠰᠢᠭᠤ ᠰᠢᠶᠠᠨ ᠬᠤᠳᠠ ︽ᠬᠤᠪᠢᠰᠬᠠᠯ ᠤᠨ | ᠤᠳᠤᠮᠰᠢᠯ ᠢ ᠤᠯᠠᠮᠵᠢᠯᠠᠬᠤ᠂ ᠬᠤᠪᠢᠰᠬᠠᠯ ᠤᠨ ᠰᠣᠶᠣᠯ ᠢ ᠤᠯᠠᠮᠵᠢᠯᠠᠬᠤ︾ ᠬᠤᠪᠢᠰᠬᠠᠯ ᠤᠨ ᠳᠤᠷᠠᠰᠬᠠᠯᠲᠤ | ᠵᠤᠭᠠᠴᠠᠯ ᠤᠨ ᠭᠤᠣᠯ ᠰᠡᠳᠦᠪ ᠢ ᠡᠵᠡᠮᠳᠡᠵᠦ᠂ ᠬᠤᠪᠢᠰᠬᠠᠯ ᠤᠨ ᠰᠣᠶᠣᠯ ᠤᠨ ᠡᠬᠢ ᠪᠠᠶᠠᠯᠢᠭ ᠢ ᠭᠦᠨᠵᠡᠭᠡᠢ | ᠠᠭᠤᠳᠠᠯᠵᠤ᠂ ᠬᠤᠪᠢᠰᠬᠠᠯ ᠤᠨ ᠰᠣᠶᠣᠯ ᠤᠨ ᠡᠯᠧᠮᠧᠨ᠋ᠲ ᠢ ᠰᠣᠶᠣᠯ ᠤᠨ ᠠᠵᠤ ᠦᠢᠯᠡᠰ ᠤᠨ ᠬᠦᠷᠢᠶᠡᠯᠡᠩ ᠤᠨ | ᠪᠦᠳᠦᠭᠡᠨ ᠪᠠᠶᠢᠭᠤᠯᠤᠯᠲᠠ ᠳᠤ ᠣᠷᠣᠭᠤᠯᠵᠤ᠂ ᠬᠤᠪᠢᠰᠬᠠᠯ ᠤᠨ ᠭᠤᠣᠯ ᠰᠡᠳᠦᠪᠲᠦ ᠰᠣᠶᠣᠯ ᠤᠨ ᠠᠵᠤ ᠦᠢᠯᠡᠰ ᠤᠨ | ᠬᠦᠷᠢᠶᠡᠯᠡᠩ ᠢ ᠪᠠᠶᠢᠭᠤᠯᠬᠤ ᠬᠡᠷᠡᠭᠲᠡᠢ᠃ | ᠲᠦᠷᠦᠭᠦᠯᠡᠬᠦ ᠨᠢᠭᠡᠴᠢ᠄ ᠠᠶᠢᠮᠠᠭ ᠤᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠰᠣᠶᠣᠯ ᠵᠤᠭᠠᠴᠠᠯ | ᠪᠡᠶ᠎ᠡ ᠶᠢᠨ ᠲᠠᠮᠢᠷ ᠤᠨ ᠲᠣᠪᠴᠢᠶ᠎ᠠ | ᠬᠠᠷᠢᠭᠤᠴᠠᠯᠭᠠᠲᠤ ᠨᠢᠭᠡᠴᠢ᠄ ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ | 7. ᠰᠣᠳᠣᠨ ᠵᠤᠭᠠᠴᠠᠯ ᠤᠨ ᠵᠠᠮ ᠱᠤᠭᠤᠮ ᠢ ᠪᠣᠶ ᠪᠣᠯᠭᠠᠨ᠎ᠠ᠃ ᠬᠤᠲᠠ ᠶᠢᠨ ᠰᠡᠯᠡᠭᠦᠴᠡᠯ ᠵᠤᠭᠠᠴᠠᠯ ᠤᠨ ᠵᠠᠮ | ᠱᠤᠭᠤᠮ ᠢ ᠭᠦᠨᠵᠡᠭᠡᠶ ᠨᠡᠭᠡᠭᠡᠨ ᠬᠥᠭᠵᠢᠭᠦᠯᠵᠦ᠂ ᠬᠤᠲᠠ ᠪᠠᠷ ᠲᠥᠪᠯᠡᠷᠡᠭᠦᠯᠦᠨ ᠲᠠᠷᠬᠠᠭᠠᠬᠤ ᠲᠥᠪ ᠪᠣᠯᠭᠠᠭᠰᠠᠨ᠂ | ᠡᠷᠬᠢᠨ ᠲᠣᠭᠤᠷᠢᠨ ᠢ ᠨᠥᠯᠥᠭᠡᠯᠡᠨ ᠳᠠᠶᠢᠴᠢᠯᠠᠭᠰᠠᠨ ᠨᠢᠭᠡ ᠡᠳᠦᠷ ᠤᠨ ᠵᠤᠭᠠᠴᠠᠯ᠂ ᠬᠤᠶᠠᠷ ᠡᠳᠦᠷ ᠤᠨ ᠵᠤᠭᠠᠴᠠᠯ᠂ | ᠣᠯᠠᠨ ᠡᠳᠦᠷ ᠤᠨ ᠵᠤᠭᠠᠴᠠᠯ ᠤᠨ ᠵᠠᠮ ᠱᠤᠭᠤᠮ ᠢ ᠤᠬᠠᠭᠠᠯᠠᠨ ᠭᠠᠷᠭᠠᠵᠤ᠂ ᠨᠢᠭᠡ ᠪᠦᠯᠦᠭ ᠰᠣᠶᠣᠯ ᠢ ᠣᠶᠢᠯᠠᠭᠠᠬᠤ | ᠵᠤᠭᠠᠴᠠᠯ᠂ ᠰᠡᠯᠡᠭᠦᠴᠡᠯ ᠵᠤᠭᠠᠴᠠᠯ᠂ ᠡᠷᠡᠭᠦᠯᠵᠢᠯ ᠰᠤᠪᠢᠯᠠᠯᠲᠠ ᠶᠢᠨ ᠵᠤᠭᠠᠴᠠᠯ᠂ ᠠᠮᠢ ᠠᠬᠤᠶ ᠶᠢᠨ ᠵᠤᠭᠠᠴᠠᠯ | ᠵᠡᠷᠭᠡ ᠭᠤᠤᠯ ᠰᠡᠳᠦᠪᠲᠦ ᠵᠤᠭᠠᠴᠠᠯ ᠤᠨ ᠰᠣᠳᠣᠨ ᠵᠠᠮ ᠱᠤᠭᠤᠮ ᠢ ᠭᠤᠤᠯᠳᠠᠯᠭ᠎ᠠ ᠲᠠᠢ ᠪᠣᠶ ᠪᠣᠯᠭᠠᠨ᠎ᠠ᠃ | ᠲᠦᠷᠦᠭᠦᠯᠡᠬᠦ ᠨᠢᠭᠡᠴᠢ᠄ ᠠᠶᠢᠮᠠᠭ ᠤᠨ ᠰᠤᠶᠤᠯ ᠵᠤᠭᠠᠴᠠᠯ ᠪᠡᠶ᠎ᠡ ᠶᠢᠨ ᠲᠠᠮᠢᠷ ᠤᠨ ᠲᠤᠪᠴᠢᠶ᠎ᠠ | ᠬᠠᠷᠢᠭᠤᠴᠠᠯᠭᠠᠲᠤ ᠨᠢᠭᠡᠴᠢ᠄ ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ | 8. ᠬᠤᠲᠠ ᠶᠢᠨ ᠵᠤᠭᠠᠴᠠᠯ ᠤᠨ ᠦᠢᠯᠡᠴᠢᠯᠡᠭᠡᠨ ᠤ ᠴᠢᠳᠠᠮᠵᠢ ᠶᠢ ᠲᠡᠭᠦᠯᠳᠡᠷᠵᠢᠭᠦᠯᠦᠨ᠎ᠡ᠃ ᠬᠤᠲᠠ ᠶᠢᠨ ᠰᠠᠭᠤᠷᠢ | ᠪᠡᠯᠡᠳᠬᠡᠮᠵᠢ ᠶᠢᠨ ᠴᠢᠳᠠᠮᠵᠢ ᠶᠢ ᠲᠡᠭᠦᠯᠳᠡᠷᠵᠢᠭᠦᠯᠵᠦ᠂ ᠵᠤᠭᠠᠴᠠᠯ ᠤᠨ ᠦᠢᠯᠡᠴᠢᠯᠡᠭᠡᠨ ᠤ ᠬᠢᠷᠢ ᠬᠡᠮᠵᠢᠶ᠎ᠡ ᠶᠢ | ᠦᠷᠭᠦᠯᠵᠢᠯᠡᠨ ᠳᠡᠭᠡᠭᠰᠢᠯᠡᠭᠦᠯᠦᠨ᠂ ᠬᠤᠷᠴᠢᠨ ᠲᠠᠯ᠎ᠠ ᠬᠤᠲᠠ ᠶᠢᠨ ᠳᠤᠮᠳᠠᠬᠢ ᠲᠠᠯ᠎ᠠ ᠨᠤᠲᠤᠭ ᠢ ᠬᠤᠲᠠ ᠶᠢᠨ | ᠲᠥᠪ ᠤᠨ ᠲᠠᠯ᠎ᠠ ᠨᠤᠲᠤᠭ ᠤᠨ ᠭᠤᠤᠯ ᠰᠡᠳᠦᠪᠲᠦ ᠰᠡᠯᠡᠭᠦᠴᠡᠯ ᠤᠨ ᠲᠣᠭᠤᠷᠢᠭ ᠪᠣᠯᠭᠠᠵᠤ᠂ ᠤᠯᠠᠭᠠᠨᠬᠤᠲᠠ ᠶᠢᠨ | ᠲᠢᠶᠠᠨ ᠵᠢᠶᠤᠤ ᠲᠢᠶᠠᠨ ᠵᠢᠶᠦ᠋ᠨ ᠤ ᠵᠤᠭᠠᠴᠠᠯ ᠤᠨ ᠠᠮᠠᠷᠠᠯᠲᠠ ᠶᠢᠨ ᠲᠣᠭᠤᠷᠢᠭ᠂ ᠱᠧᠨ ᠵᠢᠶᠦ᠋ᠨ ᠸᠠᠨ ᠠᠮᠢ | ᠠᠬᠤᠶ ᠶᠢᠨ ᠪᠡᠶᠡᠴᠢᠯᠡᠨ ᠣᠶᠢᠯᠠᠭᠠᠬᠤ ᠲᠣᠭᠤᠷᠢᠭ ᠢ ᠲᠦᠷᠭᠡᠳᠬᠡᠨ ᠪᠠᠶᠢᠭᠤᠯᠵᠤ᠂ ᠷᠠᠰᠢᠶᠠᠨ ᠬᠤᠲᠠ ᠶᠢᠨ ᠬᠠᠯᠠᠭᠤᠨ | ᠷᠠᠰᠢᠶᠠᠨ ᠤ ᠰᠡᠯᠡᠭᠦᠴᠡᠯ ᠤᠨ ᠵᠡᠭᠡᠯᠢ ᠶᠢᠨ ᠲᠣᠭᠤᠷᠢᠭ ᠢᠶᠠᠷ ᠭᠤᠤᠯ ᠪᠣᠯᠭᠠᠭᠰᠠᠨ ᠨᠢᠭᠡ ᠪᠦᠯᠦᠭ ᠭᠤᠤᠯ ᠰᠡᠳᠦᠪᠲᠦ | ᠴᠢᠳᠠᠮᠵᠢᠳᠤ ᠲᠣᠭᠤᠷᠢᠭ᠂ ᠵᠤᠭᠠᠴᠠᠯ ᠤᠨ ᠰᠡᠯᠡᠭᠦᠴᠡᠯ ᠤᠨ ᠲᠣᠭᠤᠷᠢᠭ ᠢ ᠪᠠᠶᠢᠭᠤᠯᠤᠨ᠎ᠠ᠃ | ᠲᠦᠷᠦᠭᠦᠯᠡᠬᠦ ᠨᠢᠭᠡᠴᠢ᠄ ᠠᠶᠢᠮᠠᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ | ᠪᠠᠶᠢᠭᠤᠯᠤᠯᠲᠠ ᠶᠢᠨ ᠲᠣᠪᠴᠢᠶ᠎ᠠ᠂ ᠰᠣᠶᠣᠯ ᠵᠤᠭᠠᠴᠠᠯ ᠪᠡᠶ᠎ᠡ ᠶᠢᠨ ᠲᠠᠮᠢᠷ ᠤᠨ ᠲᠣᠪᠴᠢᠶ᠎ᠠ | ᠬᠠᠷᠢᠭᠤᠴᠠᠯᠭᠠᠲᠤ ᠨᠢᠭᠡᠴᠢ᠄ ᠤᠯᠠᠭᠠᠨᠬᠤᠲᠠ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ᠂ ᠷᠠᠰᠢᠶᠠᠨ | ᠬᠤᠲᠠ ᠶᠢᠨ ᠠᠷᠠᠳ ᠤᠨ ᠵᠠᠰᠠᠭ ᠤᠨ ᠣᠷᠳᠣᠨ | 9. ᠬᠤᠲᠠ ᠶᠢᠨ ᠶᠠᠰᠤ ᠴᠢᠨᠠᠷ ᠢ ᠳᠡᠭᠡᠭᠰᠢᠯᠡᠭᠦᠯᠦᠨ᠎ᠡ᠃ ᠬᠤᠲᠠ ᠶᠢᠨ ᠭᠤᠤᠯ ᠲᠣᠭᠤᠷᠢᠭ ᠢ ᠨᠣᠭᠤᠭᠠᠷᠠᠭᠤᠯᠬᠤ᠂ | ᠭᠤᠶᠤᠵᠢᠭᠤᠯᠬᠤ᠂ ᠭᠡᠷᠡᠯᠲᠦᠭᠦᠯᠬᠦ ᠢᠨᠵᠧᠨᠧᠷᠢᠩ ᠢ ᠦᠷᠭᠦᠯᠵᠢᠯᠡᠨ ᠬᠡᠷᠡᠭᠵᠢᠭᠦᠯᠵᠦ᠂ ᠬᠤᠲᠠ ᠶᠢᠨ ᠶᠠᠰᠤ ᠴᠢᠨᠠᠷ ᠢ | ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠡᠯ᠎ᠡ ᠬᠤᠰᠢᠭᠤ ᠰᠢᠶᠠᠨ ᠬᠤᠲᠠ ᠨᠢ ᠣᠯᠠᠨ ᠡᠰᠢᠵᠢᠭᠰᠡᠨ | ᠡᠵᠡᠩᠨᠡᠯᠲᠡ ᠶᠢᠨ ᠬᠡᠯᠪᠡᠷᠢ ᠪᠠᠶᠢᠳᠠᠯ ᠢ ᠨᠢᠭᠡ ᠴᠤᠭᠴᠠᠵᠢᠭᠤᠯᠤᠭᠰᠠᠨ ᠣᠷᠣᠨ ᠪᠦᠰᠡ ᠶᠢᠨ ᠰᠣᠶᠣᠯ ᠤᠨ | ᠣᠨᠴᠠᠯᠢᠭ ᠲᠠᠢ ᠬᠤᠲᠠ ᠶᠢᠨ ᠴᠡᠴᠡᠷᠯᠢᠭ ᠢ ᠪᠠᠶᠢᠭᠤᠯᠤᠨ᠎ᠠ᠃ ᠣᠲᠣ ᠶᠢᠨ ᠪᠠᠶᠢᠭ᠎ᠠ ᠬᠤᠲᠠ ᠶᠢᠨ ᠰᠡᠯᠡᠭᠦᠴᠡᠯ ᠤᠨ | ᠴᠡᠴᠡᠷᠯᠢᠭ᠂ ᠠᠮᠢ ᠠᠬᠤᠶ ᠶᠢᠨ ᠴᠡᠴᠡᠷᠯᠢᠭ ᠤᠨ ᠰᠠᠭᠤᠷᠢᠨ ᠳᠡᠭᠡᠷ᠎ᠡ ᠨᠢᠭᠡ ᠪᠦᠯᠦᠭ ᠭᠤᠤᠯ ᠰᠡᠳᠦᠪᠲᠦ ᠴᠡᠩᠭᠡᠯ ᠤᠨ | ᠬᠦᠷᠢᠶᠡᠯᠡᠩ᠂ ᠰᠢᠨᠵᠢᠯᠡᠬᠦ ᠤᠬᠠᠭᠠᠨ ᠮᠡᠷᠭᠡᠵᠢᠯ ᠤᠨ ᠣᠷᠳᠣᠨ᠂ ᠦᠵᠡᠰᠬᠦᠯᠡᠩ ᠤᠨ ᠣᠷᠳᠣᠨ᠂ ᠠᠮᠢᠲᠠᠨ ᠤ | ᠬᠦᠷᠢᠶᠡᠯᠡᠩ᠂ ᠤᠷᠭᠤᠮᠠᠯ ᠤᠨ ᠬᠦᠷᠢᠶᠡᠯᠡᠩ ᠵᠡᠷᠭᠡ ᠬᠤᠲᠠ ᠶᠢᠨ ᠰᠡᠯᠡᠭᠦᠴᠡᠯ ᠤᠨ ᠵᠤᠭᠠᠴᠠᠯ ᠤᠨ ᠡᠯᠧᠮᠧᠨ᠋ᠲ ᠢ | ᠨᠡᠮᠡᠭᠳᠡᠭᠦᠯᠬᠦ ᠴᠡᠴᠡᠷᠯᠢᠭ᠂ ᠴᠡᠩᠭᠡᠯ ᠤᠨ ᠬᠦᠷᠢᠶᠡᠯᠡᠩ ᠢ ᠪᠥᠲᠥᠭᠡᠨ ᠪᠠᠶᠢᠭᠤᠯᠬᠤ ᠶᠢ ᠠᠬᠢᠭᠤᠯᠤᠨ᠎ᠠ᠃ | ᠲᠦᠷᠦᠭᠦᠯᠡᠬᠦ ᠨᠢᠭᠡᠴᠢ᠄ ᠠᠶᠢᠮᠠᠭ ᠤᠨ ᠣᠷᠣᠨ ᠰᠠᠭᠤᠴᠠ ᠪᠣᠯᠤᠨ ᠬᠤᠲᠠ ᠬᠥᠳᠡᠭᠡ ᠶᠢᠨ ᠪᠦᠲᠦᠭᠡᠨ | ᠪᠠᠶᠢᠭᠤᠯᠤᠯᠲᠠ ᠶᠢᠨ ᠲᠣᠪᠴᠢᠶ᠎ᠠ᠂ ᠣᠶ ᠰᠢᠭᠤᠶ ᠨᠤᠳᠤᠭ ᠪᠡᠯᠴᠢᠭᠡᠷ ᠤᠨ ᠲᠣᠪᠴᠢᠶ᠎ᠠ᠂ ᠰᠣᠶᠣᠯ ᠵᠤᠭᠠᠴᠠᠯ | ᠪᠡᠶ᠎ᠡ ᠶᠢᠨ ᠲᠠᠮᠢᠷ ᠤᠨ ᠲᠣᠪᠴᠢᠶ᠎ᠠ | ᠬᠠᠷᠢᠭᠤᠴᠠᠯᠭᠠᠲᠤ ᠨᠢᠭᠡᠴᠢ᠄ ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ | 10. ᠬᠤᠲᠠ ᠶᠢᠨ ᠭᠠᠵᠠᠷ ᠣᠷᠣᠨ ᠤ ᠪᠠᠷᠢᠮᠵᠢᠶᠠᠲᠤ ᠣᠷᠣᠨ ᠪᠦᠰᠡ ᠪᠠ ᠪᠠᠷᠢᠯᠭ᠎ᠠ ᠶᠢ ᠪᠥᠲᠥᠭᠡᠨ ᠪᠠᠶᠢᠭᠤᠯᠤᠨ᠎ᠠ᠃ | ᠬᠤᠳᠠ ᠶᠢᠨ ᠭᠤᠣᠯ ᠲᠣᠭᠤᠷᠢᠭ ᠢᠶᠠᠷ ᠭᠤᠣᠯᠳᠠᠯᠭ᠎ᠠ ᠪᠣᠯᠭᠠᠨ᠂ ᠨᠢᠭᠡ ᠪᠦᠯᠦᠭ ᠬᠤᠳᠠ ᠶᠢᠨ ᠵᠤᠭᠠᠴᠠᠯ ᠤᠨ ᠲᠥᠪ ᠢ | ᠲᠥᠯᠥᠪᠵᠢᠭᠦᠯᠦᠨ ᠪᠦᠳᠦᠭᠡᠨ ᠪᠠᠶᠢᠭᠤᠯᠤᠨ᠎ᠠ᠃ ᠬᠤᠲᠠ ᠶᠢᠨ ᠭᠠᠵᠠᠷ ᠤᠨ ᠲᠡᠮᠳᠡᠭ ᠲᠠᠢ ᠣᠷᠣᠨ ᠪᠦᠰᠡ ᠪᠠ | ᠪᠠᠷᠢᠯᠭ᠎ᠠ ᠶᠢ ᠲᠥᠯᠥᠪᠵᠢᠭᠦᠯᠦᠨ ᠪᠥᠲᠥᠭᠡᠨ ᠪᠠᠶᠢᠭᠤᠯᠵᠤ ᠳᠡᠭᠡᠭᠰᠢᠯᠡᠭᠦᠯᠦᠨ᠂ ᠬᠤᠲᠠ ᠶᠢᠨ ᠵᠤᠭᠠᠴᠠᠯ ᠤᠨ | ᠴᠢᠳᠠᠮᠵᠢ ᠶᠢ ᠦᠷᠭᠦᠯᠵᠢᠯᠡᠨ ᠲᠡᠭᠦᠯᠳᠡᠷᠵᠢᠭᠦᠯᠵᠦ᠂ ᠬᠤᠲᠠ ᠶᠢᠨ ᠵᠤᠭᠠᠴᠠᠯ ᠤᠨ ᠶᠠᠰᠤ ᠴᠢᠨᠠᠷ ᠢ ᠲᠠᠰᠤᠷᠠᠯᠲᠠ ᠥᠬᠡᠶ | ᠳᠡᠭᠡᠭᠰᠢᠯᠡᠭᠦᠯᠦᠨ᠂ ᠤᠯᠠᠭᠠᠨᠬᠤᠲᠠ ᠶᠢᠨ ᠤᠯᠠᠭᠠᠨᠮᠥ᠋ᠴᠢᠷ ᠤᠨ ᠣᠷᠳᠣᠨ᠂ ᠬᠤᠷᠴᠢᠨ ᠪᠠᠷᠠᠭᠤᠨ ᠭᠠᠷᠤᠨ ᠳᠤᠮᠳᠠᠳᠤ | ᠬᠤᠰᠢᠭᠤᠨ ᠤ ᠵᠤᠭᠠᠴᠠᠭᠰᠠᠳ ᠤᠨ ᠲᠥᠪᠯᠡᠷᠡᠭᠦᠯᠵᠦ ᠲᠠᠷᠬᠠᠭᠠᠬᠤ ᠲᠥᠪ᠂ ᠷᠠᠰᠢᠶᠠᠨ ᠬᠤᠲᠠ ᠶᠢᠨ ᠬᠠᠯᠠᠭᠤᠨ | ᠷᠠᠰᠢᠶᠠᠨ ᠵᠡᠭᠡᠯᠢ ᠪᠠᠷ ᠲᠥᠪ ᠪᠣᠯᠭᠠᠭᠰᠠᠨ ᠢᠯᠡ ᠲᠣᠳᠣ ᠣᠨᠴᠠᠯᠢᠭ ᠲᠠᠢ ᠬᠤᠲᠠ ᠶᠢᠨ ᠵᠤᠭᠠᠴᠠᠯ ᠤᠨ ᠲᠥᠪ ᠢ | ᠭᠤᠤᠯᠳᠠᠯᠭ᠎ᠠ ᠲᠠᠢ ᠪᠠᠶᠢᠭᠤᠯᠤᠨ᠎ᠠ᠃ | ᠲᠦᠷᠦᠭᠦᠯᠡᠬᠦ ᠨᠢᠭᠡᠴᠢ᠄ ᠠᠶᠢᠮᠠᠭ ᠤᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠣᠷᠣᠨ ᠰᠠᠭᠤᠴᠠ ᠪᠠ | ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠬᠤᠲᠠ ᠶᠢᠨ ᠪᠠᠯᠠ ᠣᠷᠣᠭᠤᠯᠤᠯᠲᠠ ᠶᠢᠨ | ᠺᠣᠮᠫᠠᠨᠢ | ᠬᠠᠷᠢᠭᠤᠴᠠᠯᠭᠠᠲᠤ ᠨᠢᠭᠡᠴᠢ᠄ ᠠᠶᠢᠮᠠᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠰᠣᠶᠣᠯ | ᠵᠤᠭᠠᠴᠠᠯ ᠪᠡᠶ᠎ᠡ ᠶᠢᠨ ᠲᠠᠮᠢᠷ ᠤᠨ ᠲᠣᠪᠴᠢᠶ᠎ᠠ᠂ ᠤᠯᠠᠭᠠᠨᠬᠤᠲᠠ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ᠂ | ᠷᠠᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ | 11. ᠨᠡᠷᠡᠲᠦ ᠲᠡᠮᠳᠡᠭᠲᠦ ᠶᠢᠨ ᠪᠠᠶᠠᠷ ᠳᠤᠷᠠᠰᠬᠠᠯ ᠤᠨ ᠠᠵᠢᠯᠯᠠᠭ᠎ᠠ ᠶᠢ ᠪᠤᠶ ᠪᠣᠯᠭᠠᠨ᠎ᠠ᠃ ᠬᠢᠩᠭᠠᠨ ᠠᠶᠢᠮᠠᠭ ᠤᠨ | ᠬᠢᠯᠢ ᠳᠣᠲᠣᠷᠠᠬᠢ ᠤᠨᠴᠠᠯᠢᠬᠳᠤ ᠰᠣᠶᠣᠯ ᠤᠨ ᠵᠤᠭᠠᠴᠠᠯ ᠤᠨ ᠠᠵᠢᠯᠯᠠᠭ᠎ᠠ ᠶᠢ ᠦᠷᠭᠦᠯᠵᠢᠯᠡᠨ ᠰᠠᠶᠢᠲᠤᠷ ᠡᠷᠭᠢᠯᠡᠵᠦ᠂ | ᠷᠠᠰᠢᠶᠠᠨ ᠤ ᠮᠥᠰᠥ ᠴᠠᠰᠤᠨ ᠤ ᠪᠠᠶᠠᠷ᠂ ᠬᠢᠩᠭᠠᠨ ᠠᠶᠢᠮᠠᠭ ᠤᠨ ᠡᠪᠦᠯ ᠵᠣᠨ ᠤ ᠬᠤᠶᠠᠷ ᠤᠯᠠᠷᠢᠯ ᠤᠨ ᠨᠠᠭᠠᠳᠤᠮ ᠤᠨ | ᠬᠤᠷᠠᠯ᠂ ᠪᠠᠲᠤᠴᠠᠭᠠᠨ ᠵᠤᠭᠠᠴᠠᠯ ᠤᠨ ᠪᠠᠶᠠᠷ᠂ ᠲᠤᠲᠤᠷᠭ᠎ᠠ ᠶᠢᠨ ᠲᠠᠷᠢᠶᠠᠨ ᠤ ᠰᠣᠶᠣᠯ ᠤᠨ ᠨᠠᠶᠢᠷ᠂ ᠬᠤᠷᠴᠠ | ᠤᠯᠠᠭᠠᠨ ᠴᠡᠴᠡᠭ ᠤᠨ ᠪᠠᠶᠠᠷ ᠵᠡᠷᠭᠡ ᠨᠢᠭᠡ ᠪᠦᠯᠦᠭ ᠪᠠᠶᠠᠷ ᠳᠤᠷᠠᠰᠬᠠᠯ ᠤᠨ ᠡᠳᠦᠷ ᠤᠨ ᠴᠤᠭᠯᠠᠭᠠᠨ ᠤ ᠨᠠᠷᠠᠲᠤ | ᠲᠡᠮᠳᠡᠭᠲᠦ ᠶᠢ ᠭᠤᠤᠯᠳᠠᠯᠭ᠎ᠠ ᠲᠠᠢ ᠪᠣᠶ ᠪᠣᠯᠭᠠᠨ᠎ᠠ᠃ | ᠲᠦᠷᠦᠭᠦᠯᠡᠬᠦ ᠨᠢᠭᠡᠴᠢ᠄ ᠠᠶᠢᠮᠠᠭ ᠤᠨ ᠰᠤᠶᠤᠯ ᠵᠤᠭᠠᠴᠠᠯ ᠪᠡᠶ᠎ᠡ ᠶᠢᠨ ᠲᠠᠮᠢᠷ ᠤᠨ ᠲᠤᠪᠴᠢᠶ᠎ᠠ | ᠬᠠᠷᠢᠭᠤᠴᠠᠯᠭᠠᠲᠤ ᠨᠢᠭᠡᠴᠢ᠄ ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ | ︵ᠭᠤᠷᠪᠠ︶ ᠰᠣᠶᠣᠯ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠦᠨ᠎ᠡ | 1. ᠵᠥᠪ ᠣᠨᠣᠪᠴᠢᠲᠠᠶ ᠤᠯᠤᠰ ᠲᠥᠷᠥ ᠶᠢᠨ ᠤᠳᠤᠷᠢᠳᠤᠮᠵᠢ ᠶᠢ ᠡᠵᠡᠮᠰᠢᠬᠦ ᠬᠡᠷᠡᠭᠲᠡᠶ᠃ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠪᠠᠷ ᠭᠤᠣᠯ ᠰᠢᠵᠢᠮ | ᠪᠣᠯᠭᠠᠵᠤ᠂ ᠰᠣᠶᠣᠯ ᠵᠤᠭᠠᠴᠠᠯ ᠤᠨ ᠪᠦᠲᠦᠭᠡᠭᠳᠡᠬᠦᠨ ᠤ ᠬᠠᠩᠭᠠᠯᠭ᠎ᠠ᠂ ᠠᠵᠢᠯᠯᠠᠭᠠᠨ ᠤ ᠲᠦᠷᠦᠯ ᠵᠦᠢᠯ᠂ | ᠤᠬᠠᠭᠤᠯᠤᠨ ᠳᠡᠯᠭᠡᠷᠡᠭᠦᠯᠬᠦ ᠵᠡᠷᠭᠡ ᠡᠯ᠎ᠡ ᠭᠤᠭᠴᠤᠭ᠎ᠠ ᠳᠤ ᠦᠨᠳᠦᠰᠦᠲᠡᠨ ᠨᠦᠭᠦᠳ ᠤᠨ ᠬᠠᠮᠲᠤ ᠪᠠᠷ ᠡᠳ᠋ᠯᠡᠬᠦ | ᠳᠤᠮᠳᠠᠳᠤ ᠶᠢᠨ ᠰᠣᠶᠣᠯ ᠤᠨ ᠲᠡᠮᠳᠡᠭ ᠪᠣᠯᠤᠨ ᠳᠤᠮᠳᠠᠳᠤ ᠶᠢᠨ ᠦᠨᠳᠦᠰᠦᠲᠡᠨ ᠤ ᠲᠦᠷᠢ ᠲᠥᠷᠬᠦ ᠶᠢ ᠪᠤᠢ ᠪᠣᠯᠭᠠᠵᠤ | ᠲᠤᠪᠤᠶᠢᠯᠭᠠᠨ᠎ᠠ᠃ | ᠲᠦᠷᠦᠭᠦᠯᠡᠬᠦ ᠨᠢᠭᠡᠴᠢ᠄ ᠠᠶᠢᠮᠠᠭ ᠤᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠰᠣᠶᠣᠯ ᠵᠤᠭᠠᠴᠠᠯ | ᠪᠡᠶ᠎ᠡ ᠶᠢᠨ ᠲᠠᠮᠢᠷ ᠤᠨ ᠲᠣᠪᠴᠢᠶ᠎ᠠ | ᠬᠠᠷᠢᠭᠤᠴᠠᠯᠭᠠᠲᠤ ᠨᠢᠭᠡᠴᠢ᠄ ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ | 2. ᠬᠤᠲᠠ ᠶᠢᠨ ᠦᠯᠢᠭᠡᠷ ᠢ ᠰᠠᠶᠢᠬᠠᠨ ᠶᠠᠷᠢᠨ᠎ᠠ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠢᠯᠡᠷᠡᠭᠦᠯᠦᠭᠰᠡᠨ᠂ ᠬᠤᠳᠠ ᠶᠢᠨ ᠲᠡᠦᠬᠡ ᠪᠠ ᠵᠣᠷᠢᠭ ᠰᠠᠨᠠᠭ᠎ᠠ ᠶᠢ ᠲᠤᠰᠬᠠᠭᠰᠠᠨ ᠨᠢᠭᠡ | ᠪᠦᠯᠦᠭ ᠦᠯᠢᠭᠡᠷ ᠢ ᠭᠦᠨᠵᠡᠭᠡᠶ ᠠᠭᠤᠳᠠᠯᠤᠨ ᠡᠮᠬᠢᠳᠬᠡᠨ᠎ᠡ᠃ ᠲᠡᠦᠬᠡ ᠰᠣᠶᠣᠯ ᠤᠨ ᠠᠭᠤᠯᠬᠤᠨ ᠤ ᠳᠠᠪᠠᠭᠤᠯᠢᠭ ᠢ | ᠰᠠᠶᠢᠲᠤᠷ ᠠᠰᠢᠭᠯᠠᠵᠤ᠂ ᠰᠣᠶᠣᠯ ᠤᠨ ᠪᠠᠶᠢᠭᠤᠯᠤᠯᠲᠠ ᠶᠢ ᠴᠢᠩᠭᠠᠳᠬᠠᠵᠤ᠂ ᠰᠢᠷᠢᠰ ᠭᠤᠣᠯ ᠰᠡᠳᠦᠪᠲᠦ ᠤᠳᠬ᠎ᠠ | ᠤᠷᠠᠯᠢᠭ ᠤᠨ ᠵᠣᠬᠢᠶᠠᠨ ᠪᠦᠲᠦᠭᠡᠯᠭᠡ ᠪᠠ ᠦᠵᠡᠭᠦᠯᠦᠯᠭᠡ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ | ᠬᠢᠩᠭᠠᠨ ᠠᠶᠢᠮᠠᠭ ᠤᠨ ᠬᠤᠪᠢᠰᠬᠠᠯ ᠤᠨ ᠦᠯᠢᠬᠡᠷ᠂ ᠰᠣᠶᠣᠯ ᠤᠨ ᠦᠯᠢᠬᠡᠷ᠂ ᠠᠮᠢ ᠠᠬᠤᠢ ᠶᠢᠨ ᠦᠯᠢᠭᠡᠷ ᠢ | ᠰᠠᠶᠢᠲᠤᠷ ᠶᠠᠷᠢᠵᠤ᠂ ᠰᠣᠶᠣᠯ ᠤᠨ ᠤᠯᠠᠮᠵᠢᠯᠠᠯ ᠢ ᠰᠠᠶᠢᠲᠤᠷ ᠬᠢᠵᠦ᠂ ᠬᠤᠳᠠ ᠶᠢ ᠨᠡᠩ ᠢᠯᠡᠭᠦᠦ ᠲᠡᠦᠬᠡ ᠶᠢᠨ ᠦᠨᠦᠷ | ᠠᠮᠲᠠ ᠪᠠ ᠰᠣᠶᠣᠯ ᠢᠷᠭᠡᠨᠰᠢᠯ ᠤᠨ ᠠᠭᠤᠷ ᠠᠮᠢᠰᠬᠤᠯ ᠲᠠᠢ ᠪᠣᠯᠭᠠᠨ᠎ᠠ᠃ | ᠲᠦᠷᠦᠭᠦᠯᠡᠬᠦ ᠨᠢᠭᠡᠴᠢ᠄ ᠠᠶᠢᠮᠠᠭ ᠤᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠰᠣᠶᠣᠯ ᠵᠤᠭᠠᠴᠠᠯ | ᠪᠡᠶ᠎ᠡ ᠶᠢᠨ ᠲᠠᠮᠢᠷ ᠤᠨ ᠲᠣᠪᠴᠢᠶ᠎ᠠ | ᠬᠠᠷᠢᠭᠤᠴᠠᠯᠭᠠᠲᠤ ᠨᠢᠭᠡᠴᠢ᠄ ᠠᠶᠢᠮᠠᠭ ᠤᠨ ᠤᠳᠬ᠎ᠠ ᠤᠷᠠᠯᠢᠭ ᠤᠨ ᠬᠢᠨ ᠤ ᠬᠤᠯᠪᠣᠭ᠎ᠠ᠂ ᠡᠯ᠎ᠡ ᠬᠤᠰᠢᠭᠤ | ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ | 3. ᠬᠤᠲᠠ ᠶᠢᠨ ᠲᠡᠤᠬᠡ ᠶᠢᠨ ᠪᠠᠷᠢᠯᠭ᠎ᠠ᠂ ᠲᠡᠤᠬᠡ ᠰᠣᠶᠣᠯ ᠤᠨ ᠵᠡᠭᠡᠯᠢ ᠲᠣᠭᠤᠷᠢᠭ ᠤᠨ ᠬᠠᠮᠠᠭᠠᠯᠠᠯᠲᠠ ᠪᠠ | ᠠᠰᠢᠭᠯᠠᠯᠲᠠ ᠶᠢ ᠴᠢᠩᠭᠠᠳᠬᠠᠨ᠎ᠠ᠃ ᠲᠡᠤᠬᠡ ᠶᠢᠨ ᠪᠠᠷᠢᠯᠭ᠎ᠠ ᠶᠢ ᠨᠡᠶᠢᠳᠡᠮ ᠪᠠᠶᠢᠴᠠᠭᠠᠬᠤ᠂ ᠦᠨᠡᠯᠡᠨ ᠵᠢᠱᠢᠬᠦ ᠪᠠ | ᠦᠨᠡᠮᠰᠢᠬᠦ ᠠᠵᠢᠯ ᠢ ᠦᠷᠭᠦᠯᠵᠢᠯᠡᠨ ᠥᠷᠨᠢᠭᠦᠯᠵᠦ᠂ ᠬᠠᠮᠠᠭᠠᠯᠠᠬᠤ ᠡᠲᠡᠭᠡᠳ ᠢᠶᠠᠨ ᠴᠠᠭ ᠲᠤᠬᠠᠶ ᠳᠤᠨᠢ ᠥᠷᠭᠡᠳᠬᠡᠨ᠂ | ᠬᠠᠮᠠᠭᠠᠯᠠᠬᠤ ᠨᠡᠷᠡᠰ ᠤᠨ ᠵᠢᠭᠰᠠᠭᠠᠯᠲᠠ ᠶᠢ ᠪᠠᠶᠠᠯᠢᠭᠵᠢᠭᠤᠯᠤᠨ᠂ ᠲᠡᠤᠬᠡ ᠰᠣᠶᠣᠯ ᠤᠨ ᠰᠤᠳᠠᠰᠤ ᠶᠢ | ᠦᠷᠭᠦᠯᠵᠢᠯᠡᠭᠦᠯᠵᠦ᠂ ᠬᠤᠪᠢᠰᠬᠠᠯ ᠤᠨ ᠰᠣᠶᠣᠯ ᠤᠨ ᠵᠤᠭᠠᠴᠠᠯ ᠤᠨ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠨ᠂ | ᠤᠯᠠᠭᠠᠨᠬᠤᠲᠠ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ᠂ ᠬᠤᠷᠴᠢᠨ ᠪᠠᠷᠠᠭᠤᠨ ᠭᠠᠷᠤᠨ ᠳᠤᠮᠳᠠᠳᠤ | ᠬᠤᠰᠢᠭᠤ ᠵᠡᠷᠭᠡ ᠬᠤᠰᠢᠭᠤ ᠰᠢᠶᠠᠨ ᠬᠤᠲᠠ ᠶᠢᠨ ᠨᠢᠭᠡ ᠪᠦᠯᠦᠭ ᠣᠨᠴᠠᠯᠢᠭᠲᠤ ᠰᠣᠶᠣᠯ ᠤᠨ ᠲᠡᠤᠬᠡ ᠶᠢᠨ ᠵᠡᠭᠡᠯᠢ | ᠲᠣᠭᠤᠷᠢᠭ ᠢ ᠪᠥᠲᠥᠭᠡᠨ ᠪᠠᠶᠢᠭᠤᠯᠬᠤ ᠶᠢ ᠠᠬᠢᠭᠤᠯᠤᠨ᠎ᠠ᠃ | ᠲᠦᠷᠦᠭᠦᠯᠡᠬᠦ ᠨᠢᠭᠡᠴᠢ᠄ ᠠᠶᠢᠮᠠᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ | ᠪᠠᠶᠢᠭᠤᠯᠤᠯᠲᠠ ᠶᠢᠨ ᠲᠣᠪᠴᠢᠶ᠎ᠠ | ᠬᠠᠷᠢᠭᠤᠴᠠᠯᠭᠠᠲᠤ ᠨᠢᠭᠡᠴᠢ᠄ ᠠᠶᠢᠮᠠᠭ ᠤᠨ ᠰᠣᠶᠣᠯ ᠵᠤᠭᠠᠴᠠᠯ ᠪᠡᠶ᠎ᠡ ᠶᠢᠨ ᠲᠠᠮᠢᠷ ᠤᠨ ᠲᠣᠪᠴᠢᠶ᠎ᠠ᠂ ᠡᠯ᠎ᠡ | ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ | 4. ᠤᠨᠴᠠᠯᠢᠭᠳᠤ ᠮᠦᠽᠧᠶ᠂ ᠰᠣᠶᠣᠯ ᠤᠨ ᠣᠷᠳᠣᠨ᠂ ᠤᠷᠠᠨ ᠵᠢᠷᠤᠭ ᠤᠨ ᠣᠷᠳᠣᠨ᠂ ᠳᠤᠷᠠᠰᠬᠠᠯ ᠤᠨ | ᠣᠷᠳᠣᠨ᠂ ᠨᠣᠮ ᠤᠨ ᠰᠠᠩ ᠵᠡᠷᠭᠡ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠲᠥᠬᠦᠭᠡᠷᠦᠮᠵᠢ ᠶᠢᠨ | ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠎ᠠ᠃ ᠪᠥᠬᠦ ᠠᠶᠢᠮᠠᠭ ᠤᠨ ᠡᠯ᠎ᠡ ᠱᠠᠲᠤᠨ ᠤ ᠣᠯᠠᠨ ᠨᠡᠶᠢᠲᠡ ᠶᠢᠨ | ᠰᠣᠶᠣᠯ ᠤᠨ ᠪᠡᠯᠡᠳᠬᠡᠮᠵᠢ ᠶᠢᠨ ᠦᠢᠯᠡᠴᠢᠯᠡᠭᠡᠨ ᠤ ᠬᠦᠴᠦᠨ ᠴᠢᠳᠠᠪᠤᠷᠢ ᠶᠢ ᠪᠠᠬᠢᠵᠢᠭᠦᠯᠦᠨ ᠳᠡᠭᠡᠭᠰᠢᠯᠡᠭᠦᠯᠵᠦ᠂ | ᠨᠡᠶᠢᠭᠡᠮ ᠨᠡᠶᠢᠲᠡ ᠳᠤ ᠰᠦᠢᠳᠭᠡᠯ ᠬᠤᠷᠢᠶᠠᠬᠤ ᠥᠬᠡᠶ ᠪᠠᠷ ᠴᠢᠯᠥᠭᠡᠲᠡᠶ ᠦᠢᠯᠡᠴᠢᠯᠡᠬᠦ ᠶᠢ ᠣᠷᠣᠨ ᠨᠤᠲᠤᠭ ᠤᠨ | ᠰᠣᠶᠣᠯ ᠤᠨ ᠣᠨᠴᠠᠯᠢᠭ ᠪᠤᠶᠤ ᠠᠵᠢᠯ ᠲᠥᠷᠥᠯ ᠤᠨ ᠣᠨᠴᠠᠯᠢᠭ ᠪᠥᠬᠦᠶ ᠮᠦᠽᠧᠶ ᠪᠠ ᠤᠷᠠᠨ ᠵᠢᠷᠤᠭ ᠤᠨ ᠣᠷᠳᠣᠨ | ᠪᠠᠶᠢᠭᠤᠯᠬᠤ ᠶᠢ ᠵᠣᠷᠢᠭᠵᠢᠭᠤᠯᠵᠤ᠂ ᠡᠯ᠎ᠡ ᠲᠥᠷᠥᠯ ᠤᠨ ᠲᠤᠰᠬᠠᠶ ᠰᠡᠳᠦᠪᠲᠦ ᠣᠷᠳᠣᠨ᠂ ᠭᠤᠤᠯ ᠰᠡᠳᠦᠪᠲᠦ | ᠣᠷᠳᠣᠨ ᠪᠠᠶᠢᠭᠤᠯᠬᠤ ᠶᠢ ᠳᠡᠮᠵᠢᠨ᠎ᠡ᠃ ᠡᠯ᠎ᠡ ᠲᠥᠷᠥᠯ ᠤᠨ ᠪᠣᠳᠠᠰ ᠤᠨ ᠪᠤᠰᠤ ᠰᠣᠶᠣᠯ ᠤᠨ ᠥᠪ ᠤᠨ | ᠦᠵᠡᠭᠦᠯᠦᠯᠭᠡ ᠶᠢᠨ ᠣᠷᠳᠣᠨ᠂ ᠠᠷᠠᠳ ᠤᠨ ᠵᠠᠩ ᠦᠢᠯᠡ ᠶᠢᠨ ᠣᠷᠳᠣᠨ᠂ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠣᠷᠳᠣᠨ ᠵᠡᠷᠭᠡ ᠣᠨᠴᠠᠯᠢᠭᠲᠤ ᠰᠣᠶᠣᠯ ᠤᠨ ᠣᠷᠳᠣᠨ ᠲᠠᠯᠠᠪᠠᠶ ᠶᠢᠨ ᠪᠥᠲᠥᠭᠡᠨ ᠪᠠᠶᠢᠭᠤᠯᠤᠯᠲᠠ ᠶᠢ | ᠮᠦᠽᠧᠶ᠂ ᠰᠣᠶᠣᠯ ᠤᠨ ᠣᠷᠳᠣᠨ᠂ ᠨᠣᠮ ᠤᠨ ᠰᠠᠩ ᠵᠡᠷᠭᠡ ᠰᠣᠶᠣᠯ ᠤᠨ ᠲᠠᠯᠠᠪᠤᠷ ᠭᠠᠵᠠᠷ ᠢ ᠠᠰᠢᠭᠯᠠᠨ | ᠰᠣᠶᠣᠯ ᠢ ᠣᠶᠢᠯᠠᠭᠠᠬᠤ ᠵᠤᠭᠠᠴᠠᠯ ᠥᠷᠨᠢᠭᠦᠯᠵᠦ᠂ ᠤᠯᠠᠨ ᠨᠡᠶᠢᠳᠡ ᠶᠢᠨ ᠰᠣᠶᠣᠯ ᠤ ᠦᠢᠯᠡᠴᠢᠯᠡᠭᠡᠨ ᠢ | ᠵᠤᠭᠠᠴᠠᠯ ᠤᠨ ᠦᠵᠡᠮᠵᠢᠲᠦ ᠣᠷᠣᠨ ᠳᠤ ᠣᠷᠣᠭᠤᠯᠬᠤ ᠶᠢ ᠲᠥᠯᠬᠢᠨ ᠠᠬᠢᠭᠤᠯᠤᠨ᠎ᠠ᠃ | ᠲᠦᠷᠦᠭᠦᠯᠡᠬᠦ ᠨᠢᠭᠡᠴᠢ᠄ ᠠᠶᠢᠮᠠᠭ ᠤᠨ ᠰᠣᠶᠣᠯ ᠵᠤᠭᠠᠴᠠᠯ ᠪᠡᠶ᠎ᠡ ᠶᠢᠨ ᠲᠠᠮᠢᠷ ᠤᠨ ᠲᠣᠪᠴᠢᠶ᠎ᠠ᠂ ᠤᠳᠬ᠎ᠠ | ᠤᠷᠠᠯᠢᠭ ᠤᠨ ᠬᠢᠨ ᠤ ᠬᠤᠯᠪᠣᠭ᠎ᠠ | ᠬᠠᠷᠢᠭᠤᠴᠠᠯᠭᠠᠲᠤ ᠨᠢᠭᠡᠴᠢ᠄ ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ | 5᠂ ᠡᠯ᠎ᠡ ᠲᠥᠷᠥᠯ ᠤᠨ ᠰᠣᠶᠣᠯ ᠤᠷᠠᠯᠢᠭ ᠤᠨ ᠠᠵᠢᠯᠯᠠᠭ᠎ᠠ ᠶᠢ ᠢᠳᠡᠪᠬᠢᠲᠡᠶ ᠡᠷᠭᠢᠯᠡᠨ᠎ᠡ᠃ ᠪᠦᠬᠦ ᠠᠶᠢᠮᠠᠭ ᠤᠨ | ᠤᠯᠠᠭᠠᠨᠮᠥ᠋ᠴᠢᠷ ᠤᠨ ᠰᠢᠯᠢᠳᠡᠭ ᠵᠦᠴᠦᠭᠡ ᠶᠢᠨ ᠦᠵᠡᠭᠦᠯᠦᠯᠭᠡ ᠶᠢᠨ ᠲᠣᠭᠯᠠᠯᠲᠠ᠂ ᠮᠠᠯᠴᠢᠨ ᠲᠠᠷᠢᠶᠠᠴᠢᠨ ᠤ ᠤᠷᠠᠨ | ᠰᠠᠶᠢᠬᠠᠨ ᠤ ᠬᠠᠮᠲᠤᠷᠠᠭᠰᠠᠨ ᠲᠣᠭᠯᠠᠯᠲᠠ ᠵᠡᠷᠭᠡ ᠰᠣᠶᠣᠯ ᠤᠷᠠᠯᠢᠭ ᠤᠨ ᠠᠵᠢᠯᠯᠠᠭ᠎ᠠ ᠶᠢᠨ ᠨᠡᠷᠡᠲᠦ ᠲᠡᠮᠳᠡᠭ ᠢ | ᠦᠷᠭᠦᠯᠵᠢᠯᠡᠨ ᠥᠷᠨᠢᠭᠦᠯᠵᠦ᠂ ᠤᠷᠠᠨ ᠰᠠᠶᠢᠬᠠᠨ ᠤ ᠬᠦᠷᠢᠶᠡᠯᠡᠩ ᠪᠦᠯᠬᠦᠮ᠂ ᠰᠣᠶᠣᠯ ᠵᠤᠭᠠᠴᠠᠯ ᠤᠨ ᠠᠵᠤ | ᠠᠬᠤᠶᠢᠯᠠᠯ ᠤᠨ ᠭᠦᠨ ᠵᠤᠵᠠᠭᠠᠨ ᠣᠷᠣᠨ ᠨᠤᠲᠤᠭ ᠤᠨ ᠰᠣᠶᠣᠯ ᠤᠨ ᠣᠨᠴᠠᠯᠢᠭ ᠲᠠᠢ᠂ ᠵᠠᠬ᠎ᠠ ᠳᠡᠯᠭᠡᠭᠦᠷ ᠤᠨ | ᠬᠡᠷᠡᠭᠴᠡᠭᠡ ᠶᠢ ᠬᠠᠩᠭᠠᠬᠤ ᠬᠡᠪᠴᠢᠶ᠎ᠡ ᠲᠠᠢ ᠵᠤᠭᠠᠴᠠᠯ ᠤᠨ ᠤᠷᠠᠨ ᠰᠠᠶᠢᠬᠠᠨ ᠤ ᠲᠥᠷᠥᠯ ᠵᠦᠢᠯ ᠢ ᠡᠭᠦᠳᠦᠨ | ᠪᠠᠶᠢᠭᠤᠯᠬᠤ ᠶᠢ ᠳᠡᠮᠵᠢᠵᠦ᠂ ᠡᠯ᠎ᠡ ᠬᠤᠰᠢᠭᠤ ᠰᠢᠶᠠᠨ ᠬᠤᠲᠠ ᠨᠤᠭᠤᠳ ᠨᠢᠭᠡ ᠪᠦᠯᠦᠭ ᠲᠣᠰ ᠪᠡᠶ᠎ᠡ ᠶᠢᠨ | ᠵᠤᠭᠠᠴᠠᠯ ᠤᠨ ᠡᠬᠢ ᠪᠠᠶᠠᠯᠢᠭ ᠤᠨ ᠣᠨᠴᠠᠯᠢᠭ ᠲᠠᠢ ᠪᠠᠨ ᠤᠶᠠᠯᠳᠤᠭᠤᠯᠤᠭᠰᠠᠨ ᠤᠳᠬ᠎ᠠ ᠤᠷᠠᠯᠢᠭ ᠤᠨ | ᠪᠦᠲᠦᠭᠡᠭᠳᠡᠬᠦᠨ ᠢ ᠭᠠᠷᠭᠠᠵᠤ᠂ ᠬᠤᠪᠢᠰᠬᠠᠯ ᠤᠨ ᠰᠣᠶᠣᠯ᠂ ᠣᠶ ᠰᠢᠭᠤᠶ ᠶᠢᠨ ᠪᠦᠳᠦᠭᠦᠯᠢᠭ ᠰᠣᠶᠣᠯ᠂ ᠠᠷᠠᠳ ᠤᠨ | ᠳᠣᠮᠤᠭ ᠶᠠᠷᠢᠶ᠎ᠠ᠂ ᠰᠢᠳᠢᠲᠦ ᠥᠯᠢᠭᠡᠷ ᠵᠡᠷᠭᠡ ᠰᠡᠳᠦᠪ ᠲᠠᠢ ᠤᠶᠠᠯᠳᠤᠭᠤᠯᠤᠨ᠂ ᠨᠢᠭᠡ ᠪᠦᠯᠦᠭ ᠲᠣᠭᠯᠠᠯᠲᠠ ᠶᠢᠨ | ᠤᠷᠠᠯᠢᠭ ᠤᠨ ᠰᠣᠳᠣᠨ ᠪᠦᠲᠦᠭᠡᠯ ᠢ ᠭᠠᠷᠭᠠᠵᠤ᠂ ᠵᠠᠬ᠎ᠠ ᠳᠡᠯᠭᠡᠭᠦᠷ ᠤᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠭᠰᠠᠨ | ᠤᠷᠢᠲᠠᠯ ᠳᠣᠤᠷ᠎ᠠ᠂ ᠤᠬᠠᠭᠤᠯᠭ᠎ᠠ ᠶᠢᠨ ᠵᠤᠭᠠᠴᠠᠯ ᠤᠨ ᠭᠤᠤᠯ ᠱᠤᠭᠤᠮ ᠢ ᠡᠵᠡᠮᠰᠢᠵᠦ᠂ ︽ᠰᠣᠶᠣᠯ ᠵᠤᠭᠠᠴᠠᠯ ᠢ | ᠠᠭᠤᠰᠤᠯᠴᠠᠭᠤᠯᠬᠤ︾ ᠶᠢ ᠦᠨᠡᠨᠬᠦ ᠪᠡᠶᠡᠯᠡᠭᠦᠯᠦᠨ᠎ᠡ᠃ | ᠲᠦᠷᠦᠭᠦᠯᠡᠬᠦ ᠨᠢᠭᠡᠴᠢ᠄ ᠠᠶᠢᠮᠠᠭ ᠤᠨ ᠰᠤᠶᠤᠯ ᠵᠤᠭᠠᠴᠠᠯ ᠪᠡᠶ᠎ᠡ ᠶᠢᠨ ᠲᠠᠮᠢᠷ ᠤᠨ ᠲᠤᠪᠴᠢᠶ᠎ᠠ | ᠬᠠᠷᠢᠭᠤᠴᠠᠯᠭᠠᠲᠤ ᠨᠢᠭᠡᠴᠢ᠄ ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ | ︵ᠳᠥᠷᠪᠡ︶ ᠣᠯᠠᠨ ᠨᠡᠢᠲᠡ ᠶᠢᠨ ᠦᠢᠯᠡᠴᠢᠯᠡᠭᠡᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ | 1. ᠠᠭᠠᠷ ᠤᠨ ᠠᠶᠠᠯᠠᠯ᠂ ᠲᠡᠮᠦᠷ ᠵᠠᠮ ᠪᠠ ᠵᠠᠰᠠᠮᠠᠯ ᠵᠠᠮ ᠤᠨ ᠶᠡᠷᠦᠩᠬᠡᠶᠢᠯᠡᠭᠰᠡᠨ ᠲᠡᠭᠡᠭᠡᠪᠦᠷᠢ ᠶᠢᠨ ᠰᠢᠰᠲ᠋ᠧᠮᠵᠢ ᠶᠢ | ᠪᠠᠶᠢᠭᠤᠯᠤᠨ᠎ᠠ᠃ ᠤᠯᠠᠭᠠᠨᠬᠤᠲᠠ᠂ ᠷᠠᠰᠢᠶᠠᠨ ᠤ ︽ᠬᠤᠤᠰ ᠨᠢᠰᠬᠡᠯ ᠤᠨ ᠪᠠᠭᠤᠳᠠᠯ︾ ᠤᠨ ᠳᠠᠪᠠᠭᠤᠯᠢᠭ ᠲᠤ | ᠲᠦᠰᠢᠭᠯᠡᠨ᠂ ᠵᠤᠭᠠᠴᠠᠯ ᠤᠨ ᠬᠤᠲᠠ᠂ ᠠᠵᠤ ᠠᠬᠤᠶ ᠬᠥᠭᠵᠢᠭᠰᠡᠨ ᠬᠤᠲᠠ ᠯᠤᠭ᠎ᠠ ᠶᠢᠨ ᠬᠤᠭᠤᠷᠣᠨᠳᠣᠬᠢ ᠠᠶᠠᠯᠠᠯ | ᠨᠡᠪᠲᠡᠷᠡᠬᠦ ᠵᠠᠮ ᠱᠤᠭᠤᠮ ᠢ ᠨᠡᠪᠲᠡᠷᠡᠭᠦᠯᠵᠦ᠂ ᠵᠡᠭᠦᠨ ᠬᠤᠶᠢᠲᠤ ᠣᠷᠣᠨ ᠬᠢᠭᠡᠳ ᠮᠠᠨ ᠤ ᠠᠶᠢᠮᠠᠭ ᠤᠨ ᠵᠤᠭᠠᠴᠠᠯ ᠤᠨ | ᠵᠠᠮ ᠱᠤᠭᠤᠮ ᠢ ᠨᠡᠪᠲᠡᠷᠡᠭᠦᠯᠦᠨ᠎ᠡ᠃ ᠡᠭᠦᠨ ᠤ ᠬᠠᠮᠲᠤ᠂ ᠬᠢᠯᠢ ᠶᠢᠨ ᠳᠣᠲᠣᠷᠠᠬᠢ ᠦᠨᠳᠦᠷ ᠬᠤᠷᠳᠤᠴᠠᠲᠤ ᠵᠠᠰᠠᠮᠠᠯ | ᠵᠠᠮ᠂ ᠤᠯᠤᠰ ᠤᠨ ᠵᠠᠮ᠂ ᠮᠤᠵᠢ ᠶᠢᠨ ᠵᠠᠮ ᠤᠨ ᠵᠠᠰᠠᠮᠠᠯ ᠵᠠᠮ ᠤᠨ ᠲᠣᠤᠷ ᠢ ᠤᠯᠠᠮ ᠨᠢᠭᠡ ᠠᠯᠬᠤᠮ | ᠲᠡᠭᠦᠯᠳᠡᠷᠵᠢᠭᠦᠯᠵᠦ᠂ ᠪᠥᠬᠦ ᠠᠶᠢᠮᠠᠭ ᠤᠨ ᠵᠤᠭᠠᠴᠠᠯ ᠤᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠬᠦ ᠳᠤ ᠬᠦᠴᠦ | ᠨᠡᠮᠡᠷᠢᠯᠡᠵᠦ᠂ ᠵᠤᠭᠠᠴᠠᠭᠰᠠᠳ ᠤᠨ ᠣᠷᠣᠵᠤ ᠢᠷᠡᠬᠦ ᠵᠠᠮ ᠢ ᠥᠷᠭᠡᠳᠬᠡᠨ᠂ ᠳᠥᠭᠦᠮ ᠳᠥᠲᠡ ᠴᠢᠨᠠᠷ ᠢ | ᠳᠡᠭᠡᠭᠰᠢᠯᠡᠭᠦᠯᠵᠦ᠂ ᠵᠠᠮ ᠬᠠᠷᠢᠯᠴᠠᠭᠠᠨ ᠤ ᠥᠪᠡᠷ ᠤᠨ ᠥᠷᠲᠡᠭ ᠢ ᠪᠠᠭᠤᠷᠠᠭᠤᠯᠤᠨ᠎ᠠ᠃ | ᠲᠦᠷᠦᠭᠦᠯᠡᠬᠦ ᠨᠢᠭᠡᠴᠢ᠄ ᠠᠶᠢᠮᠠᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠦᠪᠯᠡᠯ | ᠬᠠᠷᠢᠭᠤᠴᠠᠯᠭᠠᠲᠤ ᠨᠢᠭᠡᠴᠢ᠄ ᠠᠶᠢᠮᠠᠭ ᠤᠨ ᠡᠳ᠋ ᠤᠨ ᠵᠠᠰᠠᠭ ᠤᠨ ᠲᠣᠪᠴᠢᠶ᠎ᠠ᠂ ᠵᠠᠮ ᠬᠠᠷᠢᠯᠴᠠᠭᠠᠨ ᠤ ᠲᠣᠪᠴᠢᠶ᠎ᠠ | ᠂ ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠤᠯᠠᠭᠠᠨᠬᠤᠲᠠ ᠶᠢᠨ ᠠᠷᠠᠳ ᠤᠨ | ᠠᠭᠠᠷ ᠤᠨ ᠲᠡᠭᠡᠭᠡᠪᠦᠷᠢ ᠶᠢᠨ ᠨᠢᠰᠬᠡᠯ ᠤᠨ ᠪᠠᠭᠤᠳᠠᠯ ᠤᠨ ᠺᠣᠮᠫᠠᠨᠢ᠂ ᠤᠯᠠᠭᠠᠨᠬᠤᠲᠠ ᠶᠢᠨ ᠭᠠᠯᠲᠤ ᠲᠡᠷᠭᠡᠨ ᠤ | ᠥᠷᠲᠡᠭᠡ᠂ ᠷᠠᠰᠢᠶᠠᠨ ᠤ ᠭᠠᠯᠲᠤ ᠲᠡᠷᠭᠡᠨ ᠤ ᠥᠷᠲᠡᠭᠡ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ | ᠭᠠᠯᠲᠤ ᠲᠡᠷᠭᠡᠨ ᠤ ᠥᠷᠲᠡᠭᠡ | 2. ᠵᠤᠭᠠᠴᠠᠯ ᠤᠨ ᠲᠡᠷᠭᠡ ᠲᠦᠷᠢᠶᠡᠰᠦᠯᠡᠬᠦ ᠦᠢᠯᠡᠴᠢᠯᠡᠭᠡᠨ ᠤ ᠲᠣᠤᠷ ᠰᠦᠯᠵᠢᠶ᠎ᠡ ᠶᠢ ᠲᠡᠭᠦᠯᠳᠡᠷᠵᠢᠭᠦᠯᠦᠨ᠎ᠡ᠃ ᠵᠠᠬ᠎ᠠ | ᠳᠡᠯᠭᠡᠭᠦᠷᠴᠢᠯᠡᠨ ᠠᠵᠢᠯᠯᠠᠭᠤᠯᠬᠤ ᠠᠷᠭ᠎ᠠ ᠮᠠᠶ᠋ᠢᠭ ᠢᠶᠠᠷ ᠳᠠᠮᠵᠢᠭᠤᠯᠤᠨ᠂ ᠤᠯᠠᠭᠠᠨᠬᠤᠲᠠ — ᠷᠠᠰᠢᠶᠠᠨ — | ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ᠂ ᠤᠯᠠᠭᠠᠨᠬᠤᠲᠠ — ᠵᠠᠯᠠᠶᠢᠳ ᠬᠤᠰᠢᠭᠤ — ᠷᠠᠰᠢᠶᠠᠨ | ᠣᠷᠣᠨ ᠪᠦᠰᠡ ᠪᠠᠷ ᠲᠥᠪ ᠪᠣᠯᠭᠠᠵᠤ᠂ ᠡᠷᠬᠢᠨ ᠲᠣᠭᠤᠷᠢᠨ ᠤ ᠭᠤᠤᠯᠳᠠᠯᠭ᠎ᠠ ᠲᠠᠢ ᠦᠵᠡᠮᠵᠢ ᠶᠢᠨ ᠣᠷᠣᠨ᠂ ᠵᠠᠮ | ᠬᠠᠷᠢᠯᠴᠠᠭᠠᠨ ᠤ ᠭᠦᠢᠰᠦ ᠬᠤᠲᠠ ᠶᠢ ᠬᠠᠮᠤᠷᠤᠭᠰᠠᠨ ᠥᠪᠡᠷ ᠢᠶᠠᠨ ᠲᠡᠷᠭᠡ ᠵᠢᠯᠣᠭᠤᠳᠴᠤ ᠵᠤᠭᠠᠴᠠᠯ ᠤᠨ ᠲᠡᠷᠭᠡ | ᠲᠦᠷᠢᠶᠡᠰᠦᠯᠡᠬᠦ ᠦᠢᠯᠡᠴᠢᠯᠡᠭᠡᠨ ᠤ ᠰᠢᠰᠲ᠋ᠧᠮᠵᠢ ᠶᠢ ᠪᠠᠶᠢᠭᠤᠯᠵᠤ᠂ ᠭᠠᠵᠠᠷ ᠪᠠᠭᠤᠵᠤ ᠲᠡᠷᠭᠡ ᠲᠦᠷᠢᠶᠡᠰᠦᠯᠡᠬᠦ᠂ | ᠣᠨᠳᠣᠤ ᠭᠠᠵᠠᠷ ᠲᠤ ᠲᠡᠷᠭᠡ ᠪᠤᠴᠠᠭᠠᠬᠤ ᠶᠢ ᠪᠡᠶᠡᠯᠡᠭᠦᠯᠦᠨ᠎ᠡ᠃ ᠥᠪᠡᠷ ᠢᠶᠠᠨ ᠲᠡᠷᠭᠡ ᠵᠢᠯᠣᠭᠤᠳᠬᠤ ᠵᠤᠭᠠᠴᠠᠯ ᠤᠨ | ᠦᠢᠯᠡᠴᠢᠯᠡᠭᠡᠨ ᠤ ᠰᠢᠰᠲ᠋ᠧᠮᠵᠢ ᠶᠢ ᠲᠡᠭᠦᠯᠳᠡᠷᠵᠢᠭᠦᠯᠵᠦ᠂ ᠪᠥᠬᠦ ᠠᠶᠢᠮᠠᠭ ᠲᠤ 3 — 5 ᠪᠠᠷᠢᠮᠵᠢᠶᠠᠵᠢᠭᠰᠠᠨ | ᠥᠪᠡᠷ ᠢᠶᠠᠨ ᠲᠡᠷᠭᠡ ᠵᠢᠯᠣᠭᠤᠳᠬᠤ ᠬᠡᠷ ᠲᠡᠷᠭᠡ ᠶᠢᠨ ᠪᠠᠭᠤᠴᠠ ᠪᠤᠶᠤ ᠥᠪᠡᠷ ᠢᠶᠠᠨ ᠲᠡᠷᠭᠡ ᠵᠢᠯᠣᠭᠤᠳᠬᠤ ᠥᠷᠲᠡᠭᠡ | ᠪᠠᠶᠢᠭᠤᠯᠤᠨ᠎ᠠ᠃ | ᠲᠦᠷᠦᠭᠦᠯᠡᠬᠦ ᠨᠢᠭᠡᠴᠢ᠄ ᠠᠶᠢᠮᠠᠭ ᠤᠨ ᠵᠠᠮ ᠬᠠᠷᠢᠯᠴᠠᠭᠠᠨ ᠤ ᠲᠣᠪᠴᠢᠶ᠎ᠠ | ᠬᠠᠷᠢᠭᠤᠴᠠᠯᠭᠠᠲᠤ ᠨᠢᠭᠡᠴᠢ᠄ ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ | 3. ᠬᠤᠲᠠ ᠶᠢᠨ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠦᠢᠯᠡᠴᠢᠯᠡᠭᠡ ᠶᠢ ᠲᠡᠭᠦᠯᠳᠡᠷᠵᠢᠭᠦᠯᠦᠨ᠎ᠡ᠃ | ᠬᠤᠲᠠ ᠶᠢᠨ ᠵᠤᠭᠠᠴᠠᠯ ᠤᠨ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠦᠢᠯᠡᠴᠢᠯᠡᠭᠡᠨ ᠤ ᠪᠠᠲᠤᠯᠠᠭ᠎ᠠ ᠶᠢ | ᠲᠡᠭᠦᠯᠳᠡᠷᠵᠢᠭᠦᠯᠵᠦ᠂ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠦᠢᠯᠡᠴᠢᠯᠡᠭᠡᠨ ᠢ ᠰᠢᠯᠢᠳᠡᠭᠵᠢᠭᠦᠯᠦᠨ᠂ ᠲᠥᠪ | ᠬᠤᠲᠠ ᠶᠢᠨ ᠲᠣᠭᠤᠷᠢᠭ᠂ ᠵᠠᠮ ᠬᠠᠷᠢᠯᠴᠠᠭᠠᠨ ᠤ ᠬᠦᠢᠰᠦ ᠬᠤᠲᠠ ᠶᠢᠨ ᠭᠤᠤᠯ ᠲᠣᠭᠤᠷᠢᠭ᠂ ᠰᠡᠯᠡᠭᠦᠴᠡᠯ | ᠵᠤᠭᠠᠴᠠᠯ ᠤᠨ ᠵᠡᠭᠡᠯᠢ ᠲᠣᠭᠤᠷᠢᠭ᠂ ᠴᠢᠬᠤᠯᠠ ᠵᠤᠭᠠᠴᠠᠯ ᠤᠨ ᠦᠵᠡᠮᠵᠢ ᠶᠢᠨ ᠣᠷᠣᠨ ᠪᠠ ᠰᠣᠶᠣᠯ ᠤᠨ ᠲᠠᠯᠠᠪᠤᠷ | ᠣᠷᠳᠣᠨ ᠳᠤ ᠰᠢᠭᠤᠳ ᠬᠥᠷᠬᠦ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠵᠠᠮ ᠱᠤᠭᠤᠮ ᠢ ᠨᠡᠪᠲᠡᠷᠡᠭᠦᠯᠵᠦ᠂ ᠡᠯ᠎ᠡ | ᠬᠤᠰᠢᠭᠤ ᠰᠢᠶᠠᠨ ᠬᠤᠲᠠ ᠦᠵᠡᠮᠵᠢ ᠶᠢᠨ ᠣᠷᠣᠨ ᠤ ᠲᠤᠰᠬᠠᠶ ᠱᠤᠭᠤᠮ᠂ ᠤᠯᠠᠭᠠᠨ ᠥᠩᠭᠡᠲᠦ ᠣᠯᠠᠨ | ᠨᠡᠶᠢᠲᠡ ᠶᠢᠨ ᠵᠠᠮ ᠬᠠᠷᠢᠯᠴᠠᠭᠠᠨ ᠤ ᠲᠤᠰᠬᠠᠶ ᠱᠤᠭᠤᠮ ᠢ ᠨᠡᠪᠲᠡᠷᠡᠭᠦᠯᠵᠦ᠂ ᠲᠣᠭᠤᠷᠢᠨ ᠦᠵᠡᠬᠦ ᠨᠡᠶᠢᠲᠡ ᠶᠢᠨ ᠮᠠᠰᠢᠨ | ᠲᠡᠷᠭᠡ ᠶᠢᠨ ᠣᠯᠠᠨ ᠶᠠᠩᠵᠤᠴᠢᠯᠠᠭᠰᠠᠨ ᠥᠪᠡᠷᠮᠢᠴᠡ ᠣᠨᠴᠠᠯᠢᠭ ᠲᠠᠢ ᠬᠤᠲᠠ ᠶᠢᠨ ᠲᠣᠭᠤᠷᠢᠨ ᠦᠵᠡᠬᠦ ᠵᠠᠮ | ᠬᠠᠷᠢᠯᠴᠠᠭ᠎ᠠ ᠶᠢ ᠬᠠᠩᠭᠠᠨ᠎ᠠ᠃ | ᠲᠦᠷᠦᠭᠦᠯᠡᠬᠦ ᠨᠢᠭᠡᠴᠢ᠄ ᠠᠶᠢᠮᠠᠭ ᠤᠨ ᠵᠠᠮ ᠬᠠᠷᠢᠯᠴᠠᠭᠠᠨ ᠤ ᠲᠣᠪᠴᠢᠶ᠎ᠠ᠂ ᠰᠣᠶᠣᠯ ᠵᠤᠭᠠᠴᠠᠯ ᠪᠡᠶ᠎ᠡ ᠶᠢᠨ | ᠲᠠᠮᠢᠷ ᠤᠨ ᠲᠣᠪᠴᠢᠶ᠎ᠠ | ᠬᠠᠷᠢᠭᠤᠴᠠᠯᠭᠠᠲᠤ ᠨᠢᠭᠡᠴᠢ᠄ ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ᠂ | ᠠᠶᠢᠮᠠᠭ ᠤᠨ ᠰᠣᠶᠣᠯ ᠵᠤᠭᠠᠴᠠᠯ ᠤᠨ ᠺᠣᠮᠫᠠᠨᠢ | 4. ᠤᠳᠠᠭᠠᠨ ᠠᠶᠠᠯᠠᠬᠤ ᠵᠠᠮ ᠤᠨ ᠰᠢᠰᠲ᠋ᠧᠮ ᠢ ᠪᠠᠶᠢᠭᠤᠯᠤᠨ᠎ᠠ᠃ ᠡᠯ᠎ᠡ ᠬᠤᠰᠢᠭᠤ ᠰᠢᠶᠠᠨ ᠬᠤᠲᠠ ᠶᠢᠨ | ᠲᠣᠭᠤᠷᠢᠭ ᠤᠨ ᠳᠣᠲᠣᠷ᠎ᠠ ᠪᠠᠨ ᠬᠤᠲᠠ ᠶᠢᠨ ᠦᠵᠡᠮᠵᠢ ᠶᠢᠨ ᠵᠠᠮ ᠪᠠ ᠭᠤᠤᠯ ᠪᠣᠯᠬᠤ ᠦᠵᠡᠮᠵᠢ ᠶᠢᠨ ᠣᠷᠣᠨ ᠤ | ᠵᠠᠯᠭᠠᠯᠲᠠ ᠶᠢᠨ ᠱᠤᠭᠤᠮ ᠳᠠᠭᠠᠤ ᠠᠯᠭᠤᠷ ᠶᠠᠪᠤᠬᠤ ᠵᠠᠮ ᠬᠠᠷᠢᠯᠴᠠᠭᠠᠨ ᠤ ᠱᠤᠭᠤᠮ ᠢ ᠪᠠᠶᠢᠷᠢᠯᠠᠭᠤᠯᠵᠤ᠂ ᠬᠤᠲᠠ ᠶᠢᠨ | ᠴᠡᠴᠡᠷᠯᠢᠭ᠂ ᠬᠤᠲᠠ ᠠᠴᠠ ᠬᠤᠲᠠ ᠶᠢᠨ ᠲᠡᠭᠦᠷᠭᠡ ᠶᠢᠨ ᠬᠥᠳᠡᠭᠡ ᠲᠣᠰᠬᠤᠨ᠂ ᠬᠤᠲᠠ ᠠᠴᠠ ᠬᠤᠲᠠ ᠶᠢᠨ ᠣᠶᠢᠷ᠎ᠠ | ᠬᠠᠪᠢ ᠶᠢᠨ ᠦᠵᠡᠮᠵᠢ ᠶᠢᠨ ᠣᠷᠣᠨ ᠳᠤ ᠬᠥᠷᠬᠦ ᠳᠤᠭᠤᠶ ᠤᠨᠤᠬᠤ ᠵᠠᠮ᠂ ᠰᠡᠯᠡᠭᠦᠴᠡᠯ ᠤᠨ ᠵᠠᠮ ᠢ ᠲᠥᠷᠥᠯ | ᠬᠤᠪᠢᠶᠠᠨ ᠠᠬᠢᠭᠤᠯᠤᠨ᠎ᠠ᠃ | ᠲᠦᠷᠦᠭᠦᠯᠡᠬᠦ ᠨᠢᠭᠡᠴᠢ᠄ ᠠᠶᠢᠮᠠᠭ ᠤᠨ ᠵᠠᠮ ᠬᠠᠷᠢᠯᠴᠠᠭᠠᠨ ᠤ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ | ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ | ᠬᠠᠷᠢᠭᠤᠴᠠᠯᠭᠠᠲᠤ ᠨᠢᠭᠡᠴᠢ᠄ ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ | 5. ᠣᠯᠠᠨ ᠨᠡᠶᠢᠲᠡ ᠶᠢᠨ ᠲᠡᠷᠭᠡᠨ ᠵᠣᠭᠰᠣᠭᠠᠯ ᠤᠨ ᠶᠠᠰᠤ ᠴᠢᠨᠠᠷ ᠢ ᠳᠡᠭᠡᠭᠰᠢᠯᠡᠭᠦᠯᠦᠨ᠎ᠡ᠃ ᠵᠠᠮ ᠬᠠᠷᠢᠯᠴᠠᠭᠠᠨ ᠤ | ᠬᠦᠢᠰᠦ᠂ ᠵᠤᠭᠠᠴᠠᠯ ᠤᠨ ᠦᠵᠡᠮᠵᠢ ᠶᠢᠨ ᠣᠷᠣᠨ ᠤ ᠢᠵᠢ ᠪᠥᠷᠢᠳᠦᠭᠦᠯᠬᠦ ᠲᠡᠷᠭᠡᠨ ᠵᠣᠭᠰᠣᠭᠠᠯ ᠳᠠᠬᠢ ᠣᠶᠤᠨᠴᠢ | ᠦᠢᠯᠡᠳᠭᠦᠨ ᠤ ᠪᠠᠶᠢᠷᠢᠯᠠᠭᠤᠯᠤᠯᠲᠠ ᠶᠢ ᠴᠢᠩᠭᠠᠷᠠᠭᠤᠯᠵᠤ᠂ ᠨᠢᠭᠡᠨᠲᠡ ᠪᠠᠶᠢᠭ᠎ᠠ ᠵᠠᠮ ᠬᠠᠷᠢᠯᠴᠠᠭᠠᠨ ᠤ ᠬᠦᠢᠰᠦ᠂ | ᠵᠤᠭᠠᠴᠠᠯ ᠤᠨ ᠦᠵᠡᠮᠵᠢ ᠶᠢᠨ ᠣᠷᠣᠨ ᠤ ᠲᠡᠷᠭᠡᠨ ᠵᠣᠭᠰᠣᠭᠠᠯ ᠤᠨ ᠪᠡᠯᠡᠳᠬᠡᠮᠵᠢ ᠳᠤ ᠲᠣᠭᠠᠵᠢᠭᠤᠯᠤᠭᠰᠠᠨ | ᠥᠭᠡᠷᠡᠴᠢᠯᠡᠯᠲᠡ ᠬᠢᠬᠦ ᠶᠢ ᠵᠣᠷᠢᠭᠵᠢᠭᠤᠯᠤᠨ᠎ᠠ ᠥᠪᠡᠷᠲᠡᠭᠡᠨ ᠦᠢᠯᠡᠴᠢᠯᠡᠬᠦ ᠮᠠᠶ᠋ᠢᠭ ᠤᠨ ᠴᠠᠬᠢᠯᠭᠠᠨ ᠴᠡᠨᠡᠭᠯᠡᠬᠦ ᠱᠣᠩ | ᠵᠡᠷᠭᠡ ᠣᠯᠠᠨ ᠨᠡᠶᠢᠲᠡ ᠶᠢᠨ ᠦᠢᠯᠡᠴᠢᠯᠡᠭᠡᠨ ᠤ ᠪᠡᠯᠡᠳᠬᠡᠮᠵᠢ ᠶᠢ ᠴᠢᠬᠤᠯᠠ ᠦᠵᠡᠮᠵᠢ ᠶᠢᠨ ᠣᠷᠣᠨ ᠳᠤ ᠨᠡᠶᠢᠳᠡᠮ | ᠬᠡᠷᠡᠭᠯᠡᠬᠦ ᠶᠢ ᠢᠳᠡᠪᠬᠢᠲᠡᠶ ᠪᠠᠷ ᠠᠬᠢᠭᠤᠯᠵᠤ᠂ ᠬᠤᠰᠢᠭᠤ ᠰᠢᠶᠠᠨ ᠬᠤᠲᠠ ᠶᠢᠨ ᠬᠤᠭᠤᠷᠣᠨᠳᠣᠬᠢ ᠵᠤᠭᠠᠴᠠᠯ ᠤᠨ | ᠥᠷᠲᠡᠭᠡ᠂ ᠦᠵᠡᠮᠵᠢ ᠶᠢᠨ ᠥᠷᠲᠡᠭᠡ ᠵᠡᠷᠭᠡ ᠴᠢᠬᠤᠯᠠ ᠵᠠᠩᠭᠢᠯᠠᠭ᠎ᠠ ᠶᠢᠨ ᠴᠡᠭ ᠲᠤ ᠪᠥᠬᠦ ᠲᠠᠯ᠎ᠠ ᠪᠠᠷ | ᠳᠡᠯᠭᠡᠷᠡᠭᠦᠯᠦᠨ᠎ᠡ᠃ | ᠲᠦᠷᠦᠭᠦᠯᠡᠬᠦ ᠨᠢᠭᠡᠴᠢ᠄ ᠠᠶᠢᠮᠠᠭ ᠤᠨ ᠵᠠᠮ ᠬᠠᠷᠢᠯᠴᠠᠭᠠᠨ ᠤ ᠲᠣᠪᠴᠢᠶ᠎ᠠ᠂ ᠡᠨᠧᠷᠭᠢ ᠶᠢᠨ ᠲᠣᠪᠴᠢᠶ᠎ᠠ᠂ | ᠬᠤᠲᠠ ᠶᠢᠨ ᠪᠡᠯᠡ ᠣᠷᠣᠭᠤᠯᠤᠯᠲᠠ ᠶᠢᠨ ᠺᠣᠮᠫᠠᠨᠢ | ᠬᠠᠷᠢᠭᠤᠴᠠᠯᠭᠠᠲᠤ ᠨᠢᠭᠡᠴᠢ᠄ ᠠᠶᠢᠮᠠᠭ ᠤᠨ ᠰᠣᠶᠣᠯ ᠵᠤᠭᠠᠴᠠᠯ ᠪᠡᠶ᠎ᠡ ᠶᠢᠨ ᠲᠠᠮᠢᠷ ᠤᠨ ᠲᠣᠪᠴᠢᠶ᠎ᠠ᠂ ᠣᠷᠣᠨ | ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠡᠯ᠎ᠡ ᠬᠤᠰᠢᠭᠤ ᠰᠢᠶᠠᠨ | ᠬᠤᠲᠠ ᠶᠢᠨ ᠠᠷᠠᠳ ᠤᠨ ᠵᠠᠰᠠᠭ ᠤᠨ ᠣᠷᠳᠣᠨ | 6. ᠬᠤᠲᠠ ᠶᠢᠨ ᠵᠤᠭᠠᠴᠠᠯ ᠤᠨ ᠵᠠᠮ ᠬᠠᠷᠢᠯᠴᠠᠭᠠᠨ ᠤ ᠪᠦᠷᠢᠨ ᠲᠡᠭᠦᠯᠳᠡᠷ ᠲᠣᠣᠷ ᠰᠦᠯᠵᠢᠶ᠎ᠡ ᠶᠢ ᠪᠠᠶᠢᠭᠤᠯᠤᠨ᠎ᠠ | ᠃ ᠭᠤᠣᠯ ᠬᠤᠳᠠ ᠶᠢᠨ ᠲᠣᠭᠤᠷᠢᠭ ᠠᠴᠠ ᠭᠤᠣᠯ ᠦᠵᠡᠮᠵᠢ ᠶᠢᠨ ᠣᠷᠣᠨ ᠬᠦᠷᠲᠡᠯᠡᠬᠢ ᠵᠠᠰᠠᠮᠠᠯ ᠵᠠᠮ ᠢ ᠪᠦᠳᠦᠭᠡᠨ | ᠪᠠᠶᠢᠭᠤᠯᠵᠤ᠂ ᠮᠤᠬᠤᠷ ᠵᠠᠮ ᠢ ᠨᠡᠪᠲᠡᠷᠡᠭᠦᠯᠵᠦ᠂ ᠵᠤᠭᠠᠴᠠᠯ ᠤᠨ ᠲᠣᠭᠤᠷᠢᠯ ᠵᠠᠮ ᠢ ᠴᠢᠷᠮᠠᠶᠢᠨ ᠪᠤᠢ ᠪᠣᠯᠭᠠᠨ᠎ᠠ᠃ | 2025 ᠣᠨ ᠪᠣᠯᠬᠤ ᠳᠤ᠂ 4A ᠲᠠᠰ ᠤᠨ ᠵᠤᠭᠠᠴᠠᠯ ᠤᠨ ᠦᠵᠡᠮᠵᠢ ᠶᠢᠨ ᠣᠷᠣᠨ ᠳᠤ ᠨᠡᠪᠲᠡᠷᠡᠬᠦ ᠵᠠᠰᠠᠮᠠᠯ ᠵᠠᠮ ᠢ | ᠬᠤᠶᠠᠳᠤᠭᠠᠷ ᠳᠡᠰ ᠵᠢᠴᠢ ᠲᠡᠭᠦᠨ ᠠᠴᠠ ᠳᠡᠭᠡᠭᠰᠢᠬᠢ ᠪᠠᠷᠢᠮᠵᠢᠶ᠎ᠠ ᠳᠤ ᠬᠦᠷᠦᠭᠦᠯᠬᠦ ᠶᠢ ᠦᠨᠳᠦᠰᠦᠨ ᠳᠡᠭᠡᠨ | ᠪᠡᠶᠡᠯᠡᠭᠦᠯᠵᠦ᠂ ︽ᠡᠴᠦᠰ ᠤᠨ ᠨᠢᠭᠡ ᠺᠢᠯᠣᠮᠧᠲᠷ︾ ᠤᠨ ᠠᠰᠠᠭᠤᠳᠠᠯ ᠢ ᠬᠦᠴᠦᠯᠡᠨ ᠰᠢᠢᠳᠪᠦᠷᠢᠯᠡᠨ᠎ᠡ᠃ G12᠂ | G5511᠂ G302᠂ G111᠂ S309᠂ S205 ᠵᠡᠷᠭᠡ ᠦᠨᠳᠦᠷ ᠬᠤᠷᠳᠤᠴᠠᠳᠤ ᠵᠠᠰᠠᠮᠠᠯ ᠵᠠᠮ᠂ | ᠤᠯᠤᠰ ᠤᠨ ᠵᠠᠮ᠂ ᠮᠤᠵᠢ ᠶᠢᠨ ᠵᠠᠮ ᠳᠤ ᠲᠦᠰᠢᠭᠯᠡᠨ ᠴᠢᠬᠤᠯᠠ ᠦᠵᠡᠮᠵᠢ ᠶᠢᠨ ᠣᠷᠣᠨ ᠦᠵᠡᠮᠵᠢ ᠶᠢᠨ ᠣᠷᠣᠨ᠂ | ᠬᠥᠳᠡᠭᠡ ᠲᠣᠰᠬᠤᠨ ᠤ ᠵᠤᠭᠠᠴᠠᠯ ᠤᠨ ᠪᠦᠰᠡ ᠶᠢ ᠬᠤᠯᠪᠣᠯᠳᠤᠭᠤᠯᠤᠨ ᠵᠤᠭᠠᠴᠠᠯ ᠤᠨ ᠲᠣᠭᠤᠷᠢᠯ ᠵᠠᠮ ᠪᠣᠯᠭᠠᠵᠤ᠂ | ᠦᠵᠡᠮᠵᠢ ᠶᠢᠨ ᠣᠷᠣᠨ ᠤ ᠵᠠᠰᠠᠮᠠᠯ ᠵᠠᠮ ᠢ ᠳᠡᠭᠡᠭᠰᠢᠯᠡᠭᠦᠯᠬᠦ ᠢᠨᠵᠧᠨᠧᠷᠢᠩ ᠢ ᠶᠡᠬᠡᠪᠡᠷ ᠬᠡᠷᠡᠭᠵᠢᠭᠦᠯᠦᠨ᠎ᠡ᠃ | ᠲᠦᠷᠦᠭᠦᠯᠡᠬᠦ ᠨᠢᠭᠡᠴᠢ᠄ ᠠᠶᠢᠮᠠᠭ ᠤᠨ ᠵᠠᠮ ᠬᠠᠷᠢᠯᠴᠠᠭᠠᠨ ᠤ ᠲᠣᠪᠴᠢᠶ᠎ᠠ | ᠬᠠᠷᠢᠭᠤᠴᠠᠯᠭᠠᠲᠤ ᠨᠢᠭᠡᠴᠢ᠄ ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ | 7. ᠬᠤᠲᠠ ᠶᠢᠨ ᠵᠤᠭᠠᠴᠠᠯ ᠤᠨ ᠭᠠᠵᠠᠷ ᠤᠨ ᠵᠢᠷᠤᠭ᠂ ᠵᠤᠭᠠᠴᠠᠯ ᠤᠨ ᠦᠵᠡᠮᠵᠢ ᠶᠢᠨ ᠣᠷᠣᠨ ᠤ ᠵᠠᠷ ᠮᠡᠳᠡᠭᠡ ᠶᠢ | ᠵᠦᠶ ᠵᠣᠬᠢᠰᠲᠠᠶ ᠪᠠᠶᠢᠷᠢᠯᠠᠭᠤᠯᠤᠨ᠎ᠠ᠃ ᠨᠢᠭᠡ ᠪᠦᠯᠦᠭ ᠴᠢᠨᠠᠷ ᠰᠠᠶᠢᠲᠠᠶ ᠵᠢᠷᠤᠭ ᠤᠨ ᠳᠠᠪᠬᠤᠷᠭ᠎ᠠ᠂ ᠲᠡᠮᠳᠡᠭ᠂ | ᠫᠠᠶᠢᠰᠠ᠂ ᠵᠠᠷ ᠮᠡᠳᠡᠭᠡ ᠵᠡᠷᠭᠡ ᠤᠬᠠᠭᠤᠯᠭ᠎ᠠ ᠶᠢᠨ ᠵᠦᠢᠯᠡᠰ ᠢ ᠵᠢᠷᠤᠭᠯᠠᠨ ᠲᠥᠯᠥᠪᠯᠡᠵᠦ᠂ ᠬᠤᠲᠠ ᠶᠢᠨ ᠵᠠᠮ | ᠬᠠᠷᠢᠯᠴᠠᠭᠠᠨ ᠤ ᠣᠷᠣᠵᠤ ᠭᠠᠷᠬᠤ ᠭᠠᠵᠠᠷ᠂ ᠲᠥᠪ ᠲᠠᠯᠠᠪᠠᠶ᠂ ᠰᠡᠯᠡᠭᠦᠴᠡᠯ ᠵᠤᠭᠠᠴᠠᠯ ᠤᠨ ᠵᠡᠭᠡᠯᠢ ᠲᠣᠭᠤᠷᠢᠭ᠂ | ᠵᠤᠭᠠᠴᠠᠯ ᠤᠨ ᠦᠵᠡᠮᠵᠢ ᠶᠢᠨ ᠣᠷᠣᠨ ᠪᠠ ᠣᠯᠠᠨ ᠨᠡᠶᠢᠲᠡ ᠶᠢᠨ ᠰᠣᠶᠣᠯ ᠤᠨ ᠲᠠᠯᠠᠪᠠᠶ ᠣᠷᠳᠣᠨ ᠵᠡᠷᠭᠡ | ᠵᠤᠭᠠᠴᠠᠭᠰᠠᠳ ᠴᠤᠭᠯᠠᠷᠠᠭᠰᠠᠨ ᠣᠷᠣᠨ ᠪᠦᠰᠡ ᠶᠢᠨ ᠢᠯᠡᠷᠬᠡᠶ ᠣᠷᠣᠨ ᠪᠠᠶᠢᠷᠢ ᠳᠤ ᠬᠤᠲᠠ ᠶᠢᠨ ᠵᠤᠭᠠᠴᠠᠯ ᠤᠨ | ᠭᠠᠵᠠᠷ ᠤᠨ ᠵᠢᠷᠤᠭ ᠪᠠ ᠵᠤᠭᠠᠴᠠᠯ ᠤᠨ ᠦᠵᠡᠮᠵᠢ ᠶᠢᠨ ᠣᠷᠣᠨ ᠤ ᠵᠠᠷ ᠮᠡᠳᠡᠭᠡ ᠶᠢ ᠪᠠᠶᠢᠷᠢᠯᠠᠭᠤᠯᠵᠤ᠂ | ᠵᠤᠭᠠᠴᠠᠭᠰᠠᠳ ᠤᠨ ᠬᠤᠲᠠ ᠶᠢᠨ ᠵᠤᠭᠠᠴᠠᠯ ᠪᠠ ᠵᠠᠮ ᠬᠠᠷᠢᠯᠴᠠᠭᠠᠨ ᠤ ᠮᠡᠳᠡᠭᠡ ᠵᠠᠩᠭᠢ ᠶᠢ ᠪᠠᠶᠢᠴᠠᠭᠠᠨ ᠯᠠᠪᠯᠠᠬᠤ ᠳᠤ | ᠲᠥᠬᠦᠮ ᠦᠵᠡᠭᠦᠯᠦᠨ᠎ᠡ᠃ ᠭᠤᠤᠯᠳᠠᠭᠤ ᠨᠢᠰᠬᠡᠯ ᠤᠨ ᠪᠠᠭᠤᠳᠠᠯ᠂ ᠭᠠᠯᠲᠤ ᠲᠡᠷᠭᠡᠨ ᠤ ᠥᠷᠲᠡᠭᠡ᠂ ᠮᠠᠰᠢᠨ | ᠲᠡᠷᠭᠡᠨ ᠤ ᠥᠷᠲᠡᠭᠡ ᠵᠡᠷᠭᠡ ᠴᠢᠬᠤᠯᠠ ᠵᠠᠮ ᠬᠠᠷᠢᠯᠴᠠᠭᠠᠨ ᠤ ᠵᠠᠩᠭᠢᠯᠠᠭ᠎ᠠ ᠳᠤ ᠬᠤᠲᠠ ᠶᠢᠨ ᠵᠤᠭᠠᠴᠠᠯ ᠤᠨ | ᠭᠠᠵᠠᠷ ᠤᠨ ᠵᠢᠷᠤᠭ᠂ ᠵᠤᠭᠠᠴᠠᠯ ᠤᠨ ᠦᠵᠡᠮᠵᠢ ᠶᠢᠨ ᠣᠷᠣᠨ ᠤ ᠵᠠᠷ ᠮᠡᠳᠡᠭᠡ᠂ ᠪᠥᠬᠦ ᠴᠠᠷᠠᠭᠠᠨ ᠤ ᠪᠥᠬᠦ | ᠦᠵᠡᠮᠵᠢ ᠶᠢᠨ ᠦᠵᠡᠭᠦᠯᠦᠯᠭᠡ ᠶᠢᠨ ᠬᠥᠲᠥᠯᠦᠮᠵᠢ ᠶᠢᠨ ᠫᠠᠶᠢᠰᠠ ᠪᠠᠶᠢᠷᠢᠯᠠᠭᠤᠯᠤᠨ᠎ᠠ᠃ A ᠲᠠᠰ ᠤᠨ ᠵᠤᠭᠠᠴᠠᠯ ᠤᠨ | ᠦᠵᠡᠮᠵᠢ ᠶᠢᠨ ᠣᠷᠣᠨ᠂ ᠬᠥᠳᠡᠭᠡ ᠲᠣᠰᠬᠤᠨ ᠤ ᠵᠤᠭᠠᠴᠠᠯ ᠤᠨ ᠴᠡᠭ᠂ ᠬᠤᠲᠠ ᠶᠢᠨ ᠴᠡᠴᠡᠷᠯᠢᠭ ᠤᠨ ᠠᠭᠤᠳᠠᠮ | ᠲᠠᠯᠠᠪᠠᠶ᠂ ᠰᠣᠶᠣᠯ ᠤᠨ ᠲᠠᠯᠠᠪᠠᠶ ᠣᠷᠳᠣᠨ ᠳᠤ ᠵᠤᠭᠠᠴᠠᠯ ᠤᠨ ᠬᠥᠲᠥᠴᠢ ᠵᠢᠷᠤᠭ ᠭᠠᠷᠭᠠᠵᠤ᠂ ᠭᠤᠤᠯᠳᠠᠯᠭ᠎ᠠ ᠲᠠᠢ | ᠵᠤᠭᠠᠴᠠᠯ ᠤᠨ ᠦᠵᠡᠮᠵᠢ ᠶᠢᠨ ᠣᠷᠣᠨ ᠳᠤ ᠵᠤᠭᠠᠴᠠᠯ ᠤᠨ ᠵᠠᠷ ᠮᠡᠳᠡᠭᠡ ᠶᠢ ᠬᠠᠷᠢᠯᠴᠠᠨ ᠪᠠᠶᠢᠷᠢᠯᠠᠭᠤᠯᠵᠤ᠂ | ᠤᠬᠠᠭᠤᠯᠭ᠎ᠠ ᠶᠢᠨ ᠴᠤᠭᠯᠠᠷᠠᠯ ᠤᠨ ᠦᠢᠯᠡᠳᠦᠯ ᠢ ᠪᠣᠶ ᠪᠣᠯᠭᠠᠨ᠎ᠠ᠃ | ᠲᠦᠷᠦᠭᠦᠯᠡᠬᠦ ᠨᠢᠭᠡᠴᠢ᠄ ᠠᠶᠢᠮᠠᠭ ᠤᠨ ᠰᠣᠶᠣᠯ ᠤᠨ ᠵᠤᠭᠠᠴᠠᠯ ᠪᠡᠶ᠎ᠡ ᠶᠢᠨ ᠲᠠᠮᠢᠷ ᠤᠨ ᠲᠣᠪᠴᠢᠶ᠎ᠠ᠂ ᠵᠠᠮ | ᠬᠠᠷᠢᠯᠴᠠᠭᠠᠨ ᠤ ᠲᠣᠪᠴᠢᠶ᠎ᠠ | ᠬᠠᠷᠢᠭᠤᠴᠠᠯᠭᠠᠲᠤ ᠨᠢᠭᠡᠴᠢ᠄ ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ | 8. ᠵᠠᠮ ᠬᠠᠷᠢᠯᠴᠠᠭᠠᠨ ᠤ ᠲᠡᠮᠳᠡᠭ ᠪᠣᠯᠤᠨ ᠲᠠᠨᠢᠯᠴᠠᠭᠤᠯᠬᠤ ᠫᠠᠶᠢᠰᠠ ᠶᠢ ᠲᠡᠭᠦᠯᠳᠡᠷᠵᠢᠭᠦᠯᠦᠨ᠎ᠡ᠃ ᠴᠢᠬᠤᠯᠠ | ᠵᠤᠭᠠᠴᠠᠯ ᠤᠨ ᠦᠵᠡᠮᠵᠢ ᠶᠢᠨ ᠣᠷᠣᠨ᠂ ᠰᠣᠶᠣᠯ ᠤᠨ ᠲᠠᠯᠠᠪᠤᠷ ᠣᠷᠳᠣᠨ᠂ ᠰᠡᠯᠡᠭᠦᠴᠡᠯ ᠵᠤᠭᠠᠴᠠᠯ ᠤᠨ ᠵᠡᠭᠡᠯᠢ | ᠲᠣᠭᠤᠷᠢᠭ ᠲᠤ ᠨᠡᠪᠲᠡᠷᠡᠬᠦ ᠵᠠᠰᠠᠮᠠᠯ ᠵᠠᠮ ᠳᠠᠭᠠᠤ ᠳᠤ᠂ ᠵᠠᠮ ᠤᠨ ᠠᠭᠤᠯᠵᠠᠷ ᠲᠤ ᠵᠤᠭᠠᠴᠠᠯ ᠤᠨ ᠵᠠᠮ | ᠬᠠᠷᠢᠯᠴᠠᠭᠠᠨ ᠤ ᠲᠡᠮᠳᠡᠭ ᠢ ᠵᠣᠬᠢᠰᠲᠠᠶ ᠪᠠᠶᠢᠷᠢᠯᠠᠭᠤᠯᠵᠤ᠂ ᠴᠢᠬᠤᠯᠠ ᠦᠵᠡᠮᠵᠢ ᠶᠢᠨ ᠭᠠᠵᠠᠷ ᠤᠨ ᠦᠵᠡᠮᠵᠢ ᠳᠤ | ᠡᠷᠬᠡᠪᠰᠢ ᠲᠠᠨᠢᠯᠴᠠᠭᠤᠯᠭ᠎ᠠ ᠶᠢᠨ ᠫᠠᠶᠢᠰᠠ ᠪᠠᠶᠢᠷᠢᠯᠠᠭᠤᠯᠵᠤ᠂ ᠬᠤᠲᠠ ᠶᠢᠨ ᠴᠢᠬᠤᠯᠠ ᠵᠠᠮ ᠬᠠᠷᠢᠯᠴᠠᠭᠠᠨ ᠤ ᠭᠦᠢᠰᠦ᠂ | ᠲᠥᠪᠯᠡᠷᠡᠭᠦᠯᠵᠦ ᠲᠠᠷᠬᠠᠭᠠᠬᠤ ᠲᠥᠪ᠂ ᠬᠤᠲᠠ ᠪᠠᠯᠭᠠᠰᠤ ᠶᠢᠨ ᠵᠠᠮ᠂ ᠵᠠᠮ ᠨᠡᠪᠲᠡᠷᠡᠯᠭᠡ ᠶᠢᠨ ᠵᠠᠰᠠᠮᠠᠯ ᠵᠠᠮ ᠳᠠᠭᠠᠤ | ᠵᠢᠴᠢ ᠵᠠᠮ ᠤᠨ ᠠᠭᠤᠯᠵᠠᠷ ᠲᠤ ᠨᠢᠭᠡ ᠪᠦᠯᠦᠭ ᠵᠤᠭᠠᠴᠠᠯ ᠤᠨ ᠵᠢᠭᠠᠯᠲᠠ ᠶᠢᠨ ᠫᠠᠶᠢᠰᠠ ᠨᠡᠮᠡᠵᠦ ᠳᠣᠭᠢᠷᠠᠭᠤᠯᠬᠤ | ᠬᠡᠷᠡᠭᠲᠡᠶ᠃ | ᠲᠦᠷᠦᠭᠦᠯᠡᠬᠦ ᠨᠢᠭᠡᠴᠢ᠄ ᠠᠶᠢᠮᠠᠭ ᠤᠨ ᠰᠣᠶᠣᠯ ᠤᠨ ᠵᠤᠭᠠᠴᠠᠯ ᠪᠡᠶ᠎ᠡ ᠶᠢᠨ ᠲᠠᠮᠢᠷ ᠤᠨ ᠲᠣᠪᠴᠢᠶ᠎ᠠ᠂ ᠵᠠᠮ | ᠬᠠᠷᠢᠯᠴᠠᠭᠠᠨ ᠤ ᠲᠣᠪᠴᠢᠶ᠎ᠠ | ᠬᠠᠷᠢᠭᠤᠴᠠᠯᠭᠠᠲᠤ ᠨᠢᠭᠡᠴᠢ᠄ ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ | 9. ᠵᠤᠭᠠᠴᠠᠯ ᠤᠨ ᠲᠥᠪᠯᠡᠷᠡᠭᠦᠯᠵᠦ ᠲᠠᠷᠬᠠᠭᠠᠬᠤ ᠯᠠᠪᠯᠠᠯᠭ᠎ᠠ ᠶᠢᠨ ᠦᠢᠯᠡᠴᠢᠯᠡᠭᠡᠨ ᠤ ᠰᠢᠰᠲ᠋ᠧᠮᠵᠢ ᠶᠢ | ᠲᠡᠭᠦᠯᠳᠡᠷᠵᠢᠭᠦᠯᠦᠨ᠎ᠡ᠃ ᠨᠢᠰᠬᠡᠯ ᠤᠨ ᠪᠠᠭᠤᠳᠠᠯ᠂ ᠭᠠᠯᠲᠤ ᠲᠡᠷᠭᠡᠨ ᠥᠷᠳᠡᠭᠡ᠂ ᠮᠠᠰᠢᠨ ᠲᠡᠷᠭᠡᠨ ᠤ ᠥᠷᠳᠡᠭᠡ | ᠪᠣᠯᠤᠨ ᠬᠤᠳᠠ ᠶᠢᠨ ᠰᠡᠯᠡᠭᠦᠴᠡᠯ ᠵᠤᠭᠠᠴᠠᠯ ᠤᠨ ᠵᠡᠭᠡᠯᠢ ᠲᠣᠭᠤᠷᠢᠭ᠂ ᠬᠤᠳᠠ ᠶᠢᠨ ᠠᠭᠤᠳᠠᠮ ᠲᠠᠯᠠᠪᠠᠢ ᠵᠡᠷᠭᠡ | ᠵᠤᠭᠠᠴᠠᠭᠰᠠᠳ ᠲᠥᠪᠯᠡᠷᠡᠭᠰᠡᠨ ᠣᠷᠣᠨ ᠳᠤ ᠶᠡᠷᠦᠩᠬᠡᠶᠢᠯᠡᠭᠰᠡᠨ ᠴᠢᠨᠠᠷᠲᠠᠶ ᠵᠤᠭᠠᠴᠠᠯ ᠤᠨ ᠯᠠᠪᠯᠠᠯᠭ᠎ᠠ ᠥᠭᠬᠦ ᠲᠥᠪ | ᠢ ᠵᠦᠢ ᠵᠣᠬᠢᠰᠲᠠᠶ ᠪᠠᠶᠢᠷᠢᠯᠠᠭᠤᠯᠵᠤ᠂ ᠠᠶᠢᠮᠠᠭ ᠤᠨ ᠳᠣᠲᠣᠷᠠᠬᠢ ᠤᠳᠤ ᠪᠠᠶᠢᠭ᠎ᠠ ᠨᠢᠰᠬᠡᠯ ᠤᠨ ᠪᠠᠭᠤᠳᠠᠯ᠂ | ᠭᠠᠯᠲᠤ ᠲᠡᠷᠭᠡᠨ ᠥᠷᠳᠡᠭᠡ ᠵᠡᠷᠭᠡ ᠠᠶᠠᠨᠴᠢᠳ ᠤᠨ ᠴᠤᠪᠤᠷᠠᠯ ᠤᠨ ᠬᠡᠮᠵᠢᠶ᠎ᠡ ᠶᠡᠬᠡᠲᠡᠶ ᠣᠷᠣᠨ ᠳᠤ | ᠶᠡᠷᠦᠩᠬᠡᠶᠢᠯᠡᠭᠰᠡᠨ ᠴᠢᠨᠠᠷᠲᠠᠶ ᠵᠤᠭᠠᠴᠠᠯ ᠤᠨ ᠯᠠᠪᠯᠠᠯᠭ᠎ᠠ ᠥᠭᠬᠦ ᠲᠥᠪ ᠢ ᠵᠦᠢ ᠵᠣᠬᠢᠰᠲᠠᠶ ᠪᠠᠶᠢᠷᠢᠯᠠᠭᠤᠯᠤᠨ᠎ᠠ᠃ | ᠡᠯ᠎ᠡ ᠬᠤᠰᠢᠭᠤ ᠰᠢᠶᠠᠨ ᠬᠤᠲᠠ ᠶᠢᠨ ᠣᠲᠣ ᠶᠢᠨ ᠪᠠᠶᠢᠭ᠎ᠠ ᠵᠤᠭᠠᠴᠠᠭᠰᠠᠳ ᠤᠨ ᠲᠥᠪᠯᠡᠷᠡᠭᠦᠯᠦᠨ ᠲᠠᠷᠬᠠᠭᠠᠬᠤ | ᠲᠥᠪ ᠲᠤ ᠤᠬᠠᠭᠤᠯᠬᠤ᠂ ᠠᠰᠠᠭᠤᠨ ᠯᠠᠪᠯᠠᠬᠤ᠂ ᠦᠢᠯᠡᠴᠢᠯᠡᠬᠦ᠂ ᠳᠡᠯᠭᠡᠨ ᠦᠵᠡᠭᠦᠯᠬᠦ᠂ ᠪᠡᠶᠡᠴᠢᠯᠡᠨ ᠣᠶᠢᠯᠠᠭᠠᠬᠤ᠂ | ᠬᠠᠮᠢᠶᠠᠷᠬᠤ ᠴᠢᠳᠠᠮᠵᠢ ᠲᠠᠢ ᠰᠣᠶᠣᠯ ᠵᠤᠭᠠᠴᠠᠯ ᠤᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠪ ᠪᠠᠶᠢᠭᠤᠯᠬᠤ ᠶᠢ | ᠭᠤᠤᠯᠳᠠᠯᠭ᠎ᠠ ᠲᠠᠢ ᠠᠬᠢᠭᠤᠯᠤᠨ᠎ᠠ᠃ | ᠲᠦᠷᠦᠭᠦᠯᠡᠬᠦ ᠨᠢᠭᠡᠴᠢ᠄ ᠠᠶᠢᠮᠠᠭ ᠤᠨ ᠰᠤᠶᠤᠯ ᠵᠤᠭᠠᠴᠠᠯ ᠪᠡᠶ᠎ᠡ ᠶᠢᠨ ᠲᠠᠮᠢᠷ ᠤᠨ ᠲᠤᠪᠴᠢᠶ᠎ᠠ | ᠬᠠᠷᠢᠭᠤᠴᠠᠯᠭᠠᠲᠤ ᠨᠢᠭᠡᠴᠢ᠄ ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ | 10. ᠵᠤᠭᠠᠴᠠᠯ ᠤᠨ ᠯᠠᠪᠯᠠᠯᠭ᠎ᠠ ᠶᠢᠨ ᠥᠷᠲᠡᠭᠡ ᠴᠡᠭ ᠢ ᠪᠥᠲᠥᠭᠡᠨ ᠪᠠᠶᠢᠭᠤᠯᠤᠨ᠎ᠠ᠃ 4A ᠲᠠᠰ ᠠᠴᠠ ᠳᠡᠭᠡᠭᠰᠢᠬᠢ | ᠵᠤᠭᠠᠴᠠᠯ ᠤᠨ ᠦᠵᠡᠮᠵᠢ ᠶᠢᠨ ᠣᠷᠣᠨ᠂ ᠰᠣᠶᠣᠯ ᠤᠨ ᠲᠠᠯᠠᠪᠤᠷ ᠣᠷᠳᠣᠨ᠂ ᠬᠤᠷᠠᠯ ᠦᠵᠡᠰᠬᠦᠯᠡᠩ ᠤᠨ ᠲᠥᠪ᠂ | ᠬᠤᠳᠠᠯᠳᠤᠭᠠᠨ ᠤ ᠵᠡᠭᠡᠯᠢ ᠲᠣᠭᠤᠷᠢᠭ ᠵᠡᠷᠭᠡ ᠳᠤ ᠵᠤᠭᠠᠴᠠᠯ ᠤᠨ ᠯᠠᠪᠯᠠᠯᠭ᠎ᠠ ᠶᠢᠨ ᠥᠷᠲᠡᠭᠡ ᠴᠡᠭ ᠢ | ᠭᠤᠤᠯᠳᠠᠯᠭ᠎ᠠ ᠲᠠᠢ ᠳᠣᠭᠢᠷᠠᠭᠤᠯᠵᠤ᠂ ᠳᠡᠯᠭᠡᠭᠦᠷ᠂ ᠨᠣᠮ ᠤᠨ ᠳᠡᠯᠭᠡᠭᠦᠷ᠂ ᠺᠤᠹᠧ ᠤᠨ ᠮᠤᠬᠤᠯᠠᠭ ᠵᠡᠷᠭᠡ ᠯᠦᠭᠡ | ᠢᠵᠢ ᠪᠥᠷᠢᠳᠦᠭᠦᠯᠦᠨ ᠳᠣᠭᠢᠷᠠᠭᠤᠯᠵᠤ᠂ ᠵᠤᠭᠠᠴᠠᠯ ᠤᠨ ᠯᠠᠪᠯᠠᠯᠭ᠎ᠠ ᠶᠢᠨ ᠦᠢᠯᠡᠴᠢᠯᠡᠭᠡᠨ ᠤ ᠳᠥᠭᠦᠮᠴᠢᠯᠡᠯᠲᠡ ᠶᠢᠨ | ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ | ᠲᠦᠷᠦᠭᠦᠯᠡᠬᠦ ᠨᠢᠭᠡᠴᠢ᠄ ᠠᠶᠢᠮᠠᠭ ᠤᠨ ᠰᠤᠶᠤᠯ ᠵᠤᠭᠠᠴᠠᠯ ᠪᠡᠶ᠎ᠡ ᠶᠢᠨ ᠲᠠᠮᠢᠷ ᠤᠨ ᠲᠤᠪᠴᠢᠶ᠎ᠠ | ᠬᠠᠷᠢᠭᠤᠴᠠᠯᠭᠠᠲᠤ ᠨᠢᠭᠡᠴᠢ᠄ ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ | 11. ᠵᠤᠭᠠᠴᠠᠯ ᠤᠨ ᠵᠣᠷᠯᠣᠩ ᠤᠨ ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠤᠨ᠎ᠠ᠃ ᠵᠠᠮ | ᠬᠠᠷᠢᠯᠴᠠᠭᠠᠨ ᠤ ᠥᠷᠲᠡᠭᠡ ᠴᠡᠭ᠂ ᠬᠤᠳᠠᠯᠳᠤᠭᠠᠨ ᠤ ᠵᠡᠭᠡᠯᠢ ᠲᠣᠭᠤᠷᠢᠭ᠂ ᠰᠣᠶᠣᠯ ᠰᠡᠯᠡᠭᠦᠴᠡᠯ ᠤᠨ ᠵᠡᠭᠡᠯᠢ | ᠲᠣᠭᠤᠷᠢᠭ᠂ ᠰᠣᠶᠣᠯ ᠵᠤᠭᠠᠴᠠᠯ ᠤᠨ ᠲᠠᠯᠠᠪᠠᠶ ᠣᠷᠳᠣᠨ ᠪᠠ ᠬᠤᠲᠠ ᠶᠢᠨ ᠠᠭᠤᠳᠠᠮ ᠲᠠᠯᠠᠪᠠᠶ ᠵᠡᠷᠭᠡ ᠬᠤᠲᠠ ᠶᠢᠨ | ᠡᠯ᠎ᠡ ᠲᠥᠷᠥᠯ ᠤᠨ ᠴᠢᠳᠠᠮᠵᠢᠳᠣ ᠣᠷᠣᠨ ᠳᠤ ᠪᠠᠷᠢᠮᠵᠢᠶᠠᠵᠢᠭᠤᠯᠤᠭᠰᠠᠨ ᠵᠤᠭᠠᠴᠠᠯ ᠤᠨ ᠵᠣᠷᠯᠣᠩ ᠢ ᠰᠢᠨᠵᠢᠯᠡᠬᠦ | ᠤᠬᠠᠭᠠᠨᠴᠢ ᠪᠠᠷ ᠪᠠᠶᠢᠷᠢᠰᠢᠭᠤᠯᠵᠤ᠂ ᠣᠯᠠᠨ ᠨᠡᠶᠢᠲᠡ ᠶᠢᠨ ᠲᠠᠯᠠᠪᠤᠷ ᠤᠨ ᠵᠤᠭᠠᠴᠠᠯ ᠤᠨ ᠵᠣᠷᠯᠣᠩ ᠢ | ᠵᠤᠭᠠᠴᠠᠭᠰᠠᠳ ᠲᠤ ᠬᠠᠨᠳᠤᠭᠤᠯᠤᠨ ᠨᠡᠭᠡᠭᠡᠨ ᠬᠡᠷᠡᠭᠯᠡᠬᠦ ᠶᠢ ᠵᠣᠷᠢᠭᠵᠢᠭᠤᠯᠤᠨ ᠳᠡᠮᠵᠢᠨ᠎ᠡ᠃ ᠬᠤᠲᠠ ᠬᠥᠳᠡᠭᠡ ᠶᠢᠨ | ᠵᠤᠭᠠᠴᠠᠯ ᠳᠤ ᠬᠤᠯᠪᠣᠭᠳᠠᠬᠤ ᠣᠷᠣᠨ ᠪᠦᠰᠡ ᠶᠢᠨ ᠵᠣᠷᠯᠣᠩ ᠤᠨ ᠬᠠᠮᠢᠶᠠᠷᠤᠯᠲᠠ ᠬᠠᠮᠠᠭᠠᠯᠠᠯᠲᠠ ᠶᠢᠨ ᠬᠢᠷᠢ | ᠬᠡᠮᠵᠢᠶ᠎ᠡ ᠶᠢ ᠳᠡᠭᠡᠭᠰᠢᠯᠡᠭᠦᠯᠵᠦ᠂ ᠲᠤᠭ᠎ᠠ ᠬᠡᠮᠵᠢᠶ᠎ᠡ ᠪᠠᠷ ᠭᠦᠢᠴᠡᠳ᠂ ᠠᠷᠢᠭᠤᠨ ᠴᠡᠪᠡᠷ᠂ ᠬᠡᠷᠡᠭᠯᠡᠭᠡᠨ ᠳᠤ | ᠰᠦᠢᠳᠭᠡᠯ ᠬᠤᠷᠢᠶᠠᠬᠤ ᠥᠬᠡᠶ᠂ ᠬᠠᠮᠢᠶᠠᠷᠤᠯᠲᠠ ᠨᠢ ᠪᠦᠲᠦᠮᠵᠢᠲᠡᠶ ᠪᠠᠶᠢᠬᠤ ᠶᠢ ᠪᠡᠶᠡᠯᠡᠭᠦᠯᠦᠨ᠎ᠡ᠃ | ᠲᠦᠷᠦᠭᠦᠯᠡᠬᠦ ᠨᠢᠭᠡᠴᠢ᠄ ᠠᠶᠢᠮᠠᠭ ᠤᠨ ᠰᠣᠶᠣᠯ ᠵᠤᠭᠠᠴᠠᠯ ᠪᠡᠶ᠎ᠡ ᠶᠢᠨ ᠲᠠᠮᠢᠷ ᠤᠨ ᠲᠣᠪᠴᠢᠶ᠎ᠠ᠂ ᠣᠷᠣᠨ | ᠰᠠᠭᠤᠴᠠ ᠪᠣᠯᠤᠨ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ | ᠬᠠᠷᠢᠭᠤᠴᠠᠯᠭᠠᠲᠤ ᠨᠢᠭᠡᠴᠢ᠄ ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ | 12. ᠣᠶᠤᠨᠴᠢ ᠵᠤᠭᠠᠴᠠᠯ ᠤᠨ ᠬᠤᠲᠠ ᠶᠢ ᠪᠤᠶ ᠪᠣᠯᠭᠠᠨ᠎ᠠ᠃ ᠡᠭᠦᠯᠡᠨ ᠪᠤᠳᠤᠯᠲᠠ᠂ ᠡᠳ᠋ ᠪᠠᠷᠠᠭᠠᠨ ᠤ ᠮᠡᠳᠡᠭᠡ | ᠵᠠᠩᠭᠢ ᠶᠢᠨ ᠰᠦᠯᠵᠢᠶ᠎ᠡ᠂ 5G ᠪᠠ AI ᠮᠡᠷᠭᠡᠵᠢᠯ ᠢᠶᠠᠷ ᠳᠡᠮᠵᠢᠯᠭᠡ ᠪᠣᠯᠭᠠᠵᠤ᠂ ᠭᠤᠤᠯᠳᠠᠯᠭ᠎ᠠ ᠲᠠᠢ ᠵᠤᠭᠠᠴᠠᠯ ᠤᠨ | ᠦᠵᠡᠮᠵᠢ ᠶᠢᠨ ᠣᠷᠣᠨ ᠤ ᠲᠣᠭᠠᠴᠢᠯᠠᠭᠰᠠᠨ ᠪᠡᠶᠡᠴᠢᠯᠡᠨ ᠣᠶᠢᠯᠠᠭᠠᠬᠤ ᠦᠢᠯᠡᠳᠭᠦᠨ ᠢ ᠨᠡᠭᠡᠭᠡᠨ ᠬᠥᠭᠵᠢᠭᠦᠯᠬᠦ ᠶᠢ | ᠬᠥᠲᠥᠯᠦᠨ ᠵᠢᠯᠣᠭᠤᠳᠬᠤ ᠶᠢᠨ ᠬᠠᠮᠲᠤ ᠦᠵᠡᠮᠵᠢ ᠶᠢᠨ ᠣᠷᠣᠨ ᠤ ᠡᠯᠧᠺᠲᠷᠣᠨ ᠭᠠᠵᠠᠷ ᠤᠨ ᠵᠢᠷᠤᠭ᠂ ᠵᠠᠮ | ᠱᠤᠭᠤᠮ ᠤᠨ ᠲᠠᠨᠢᠯᠴᠠᠭᠤᠯᠭ᠎ᠠ᠂ ᠠᠪᠢᠶᠠᠨ ᠤ ᠬᠥᠲᠥᠯᠦᠮᠵᠢ ᠵᠡᠷᠭᠡ ᠣᠶᠤᠨᠴᠢᠯᠠᠭᠰᠠᠨ ᠦᠢᠯᠡᠴᠢᠯᠡᠭᠡᠨ ᠢ | ᠲᠦᠭᠡᠮᠡᠯᠵᠢᠭᠦᠯᠵᠦ᠂ ︽ᠬᠤᠷᠤᠭᠤᠨ ᠦᠵᠦᠭᠦᠷ ᠲᠠᠬᠢ ᠬᠢᠩᠭᠠᠨ ᠠᠶᠢᠮᠠᠭ︾ ᠤᠨ ᠸᠢᠴᠠᠲ ᠤᠨ ᠵᠢᠵᠢᠭ ᠫᠷᠤᠭ᠍ᠷᠠᠮ ᠢ | ᠪᠠᠶᠢᠭᠤᠯᠤᠨ ᠲᠡᠭᠦᠯᠳᠡᠷᠵᠢᠭᠦᠯᠵᠦ᠂ A ᠲᠠᠰ ᠤᠨ ᠵᠤᠭᠠᠴᠠᠯ ᠤᠨ ᠦᠵᠡᠮᠵᠢ ᠶᠢᠨ ᠣᠷᠣᠨ ᠳᠤ ᠪᠦᠬᠦᠨ ᠢᠶᠠᠷ ᠢᠶᠠᠨ | ᠰᠦᠯᠵᠢᠶᠡᠨ ᠳᠡᠭᠡᠷ᠎ᠡ ᠤᠷᠢᠳᠴᠢᠯᠠᠨ ᠵᠠᠬᠢᠶᠠᠯᠠᠬᠤ ᠦᠢᠯᠡᠴᠢᠯᠡᠭᠡ ᠬᠠᠩᠭᠠᠬᠤ ᠶᠢ ᠠᠯᠬᠤᠮ ᠠᠯᠬᠤᠮ ᠢᠶᠠᠷ | ᠪᠡᠶᠡᠯᠡᠭᠦᠯᠦᠨ᠎ᠡ᠃ 4G ᠶᠢ ᠦᠷᠭᠦᠯᠵᠢᠯᠡᠨ ᠰᠢᠯᠢᠳᠡᠭᠵᠢᠭᠦᠯᠵᠦ᠂ 5G ᠶᠢᠨ ᠰᠦᠯᠵᠢᠶᠡᠨ ᠤ ᠪᠠᠶᠢᠷᠢᠯᠠᠭᠤᠯᠤᠯᠲᠠ ᠶᠢ | ᠲᠦᠯᠬᠢᠨ ᠠᠬᠢᠭᠤᠯᠵᠤ᠂ ᠰᠣᠶᠣᠯ ᠪᠠ ᠵᠤᠭᠠᠴᠠᠯ ᠤᠨ ᠬᠡᠷᠡᠭᠯᠡᠭᠡᠨ ᠤ ᠲᠠᠯᠠᠪᠤᠷ ᠭᠠᠵᠠᠷ ᠤᠨ ᠥᠷᠭᠡᠨ ᠪᠦᠰᠡᠲᠦ | ᠰᠢᠯᠵᠢᠮᠡᠯ ᠮᠡᠳᠡᠭᠡ ᠬᠤᠯᠪᠣᠭᠠᠨ ᠤ ᠰᠦᠯᠵᠢᠶᠡᠨ ᠤ ᠪᠦᠷᠬᠦᠴᠡ ᠶᠢᠨ ᠬᠢᠷᠢ ᠲᠦᠪᠰᠢᠨ ᠢ ᠳᠡᠭᠡᠭᠰᠢᠯᠡᠭᠦᠯᠵᠦ᠂ ᠰᠢᠯᠵᠢᠮᠡᠯ | ᠮᠡᠳᠡᠭᠡ ᠬᠤᠯᠪᠣᠭᠠᠨ ᠤ ᠠᠷᠠᠳ ᠲᠤ ᠲᠦᠬᠦᠮ ᠦᠵᠡᠭᠦᠯᠬᠦ ᠢᠨᠵᠧᠨᠧᠷᠢᠩ ᠢ ᠬᠡᠷᠡᠭᠵᠢᠭᠦᠯᠬᠦ ᠶᠢ ᠲᠦᠯᠬᠢᠨ ᠠᠬᠢᠭᠤᠯᠵᠤ᠂ | ᠰᠣᠶᠣᠯ ᠪᠠ ᠵᠤᠭᠠᠴᠠᠯ ᠤᠨ ᠬᠡᠷᠡᠭᠯᠡᠭᠡᠨ ᠤ ᠲᠠᠯᠠᠪᠤᠷ ᠭᠠᠵᠠᠷ ᠤᠨ ᠪᠠᠩᠬᠢ ᠶᠢᠨ ᠺᠠᠷᠲ᠂ ᠶᠦᠨ ᠱᠠᠨ ᠹᠦ᠋ APP | ᠪᠠ ᠪᠠᠩᠬᠢ ᠶᠢᠨ ᠦᠢᠯᠡᠰ ᠤᠨ ᠨᠢᠭᠡᠳᠦᠯᠲᠡᠶ ᠪᠠᠷᠢᠮᠵᠢᠶ᠎ᠠ ᠳᠤ ᠨᠡᠶᠢᠴᠡᠭᠰᠡᠨ ᠡᠯ᠎ᠡ ᠲᠦᠷᠦᠯ ᠤᠨ ᠰᠢᠯᠵᠢᠮᠡᠯ ᠮᠡᠳᠡᠭᠡ | ᠬᠤᠯᠪᠣᠭᠠᠨ ᠤ ᠲᠥᠯᠥᠪᠦᠷᠢ ᠶᠢᠨ ᠦᠢᠯᠡᠳᠬᠦᠨ ᠤ ᠬᠡᠷᠡᠭᠯᠡᠯᠲᠡ ᠶᠢᠨ ᠳᠥᠭᠦᠮ ᠳᠥᠲᠡ ᠶᠢᠨ ᠬᠡᠮᠵᠢᠶ᠎ᠡ ᠶᠢ | ᠳᠡᠭᠡᠭᠰᠢᠯᠡᠭᠦᠯᠦᠨ᠎ᠡ᠃ | ᠲᠦᠷᠦᠭᠦᠯᠡᠬᠦ ᠨᠢᠭᠡᠴᠢ᠄ ᠠᠶᠢᠮᠠᠭ ᠤᠨ ᠰᠤᠶᠤᠯ ᠵᠤᠭᠠᠴᠠᠯ ᠪᠡᠶ᠎ᠡ ᠶᠢᠨ ᠲᠠᠮᠢᠷ ᠤᠨ ᠲᠣᠪᠴᠢᠶ᠎ᠠ᠂ ᠲᠣᠮᠣ | ᠳ᠋ᠠᠶᠢᠲ᠋ᠠ ᠶᠢᠨ ᠲᠥᠪ | ᠬᠠᠷᠢᠭᠤᠴᠠᠯᠭᠠᠲᠤ ᠨᠢᠭᠡᠴᠢ᠄ ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ | ︵ᠲᠠᠪᠤ︶ ᠢᠳᠡᠭᠡᠨ ᠤᠮᠳᠠᠭᠠᠨ᠂ ᠬᠤᠨᠤᠭ ᠪᠠᠭᠤᠳᠠᠯ᠂ ᠪᠠᠷᠠᠭ᠎ᠠ ᠬᠤᠳᠠᠯᠳᠤᠨ ᠠᠪᠬᠤ ᠡᠵᠡᠩᠨᠡᠯᠲᠡ ᠶᠢᠨ | ᠪᠠᠶᠢᠳᠠᠯ ᠢ ᠪᠠᠶᠠᠯᠢᠭᠵᠢᠭᠤᠯᠤᠨ᠎ᠠ | 1. ᠣᠨᠴᠠᠯᠢᠭᠲᠤ ᠢᠳᠡᠭᠡᠨ ᠤᠮᠳᠠᠭᠠᠨ ᠢ ᠪᠥᠲᠥᠭᠡᠨ ᠪᠠᠶᠢᠭᠤᠯᠤᠨ᠎ᠠ᠃ ᠥᠪᠥᠷ ᠮᠣᠩᠭᠤᠯ ᠤᠨ ᠦᠨᠦᠷ ᠠᠮᠲᠠ ᠶᠢ | ᠳᠣᠪᠤᠶᠢᠯᠭᠠᠨ᠂ ᠬᠢᠩᠭᠠᠨ ᠠᠶᠢᠮᠠᠭ ᠤᠨ ᠤᠨᠴᠠᠯᠢᠬᠳᠤ ᠢᠳᠡᠭᠡᠨ ᠤᠮᠳᠠᠭᠠᠨ ᠤ ᠲᠥᠷᠥᠯ ᠵᠦᠢᠯ ᠢ ᠪᠠᠶᠠᠯᠢᠭᠵᠢᠭᠤᠯᠵᠤ᠂ | ︽ᠥᠪᠥᠷ ᠮᠣᠩᠭᠤᠯ ᠤᠨ ᠠᠮᠲᠠ︾ ᠶᠢᠨ ᠨᠠᠷᠠᠲᠤ ᠲᠥᠷᠥᠯ ᠲᠡᠮᠳᠡᠭᠲᠦ ᠶᠢᠨ 10 ᠳᠡᠯᠭᠡᠭᠦᠷ ᠢ ᠪᠣᠶ ᠪᠣᠯᠭᠠᠵᠤ᠂ | ᠤᠨᠴᠠᠯᠢᠬᠳᠤ ᠠᠮᠲᠠᠲᠤ ᠢᠳᠡᠭᠡᠨ ᠤ ᠵᠢᠱᠢᠶ᠎ᠡ ᠦᠵᠡᠭᠦᠯᠬᠦ ᠵᠡᠭᠡᠯᠢ᠂ ᠵᠢᠱᠢᠶ᠎ᠡ ᠦᠵᠡᠭᠦᠯᠬᠦ ᠳᠡᠯᠭᠡᠭᠦᠷ ᠤᠨ ᠪᠥᠲᠥᠭᠡᠨ | ᠪᠠᠶᠢᠭᠤᠯᠤᠯᠲᠠ ᠶᠢ ᠴᠢᠩᠭᠠᠳᠬᠠᠨ᠂ ᠲᠣᠰ ᠭᠠᠵᠠᠷ ᠤᠨ ᠤᠨᠴᠠᠯᠢᠬᠳᠤ ᠢᠳᠡᠭᠡᠨ ᠤᠮᠳᠠᠭᠠᠨ ᠤ ᠳᠡᠯᠭᠡᠭᠦᠷ ᠪᠠ ᠵᠢᠵᠢᠭ | ᠢᠳᠡᠭᠡᠨ ᠤ ᠳᠡᠯᠭᠡᠭᠦᠷ ᠢ ᠬᠥᠭᠵᠢᠭᠦᠯᠵᠦ᠂ ᠤᠨᠴᠠᠯᠢᠬᠳᠤ ᠢᠳᠡᠭᠡᠨ ᠤᠮᠳᠠᠭᠠᠨ ᠢᠶᠠᠷ ᠭᠤᠤᠯ ᠪᠣᠯᠭᠠᠭᠰᠠᠨ ᠠᠵᠤ | ᠦᠢᠯᠡᠰ ᠤᠨ ᠲᠥᠪᠯᠡᠷᠡᠭᠰᠡᠨ ᠣᠷᠣᠨ ᠢ ᠪᠣᠶ ᠪᠣᠯᠭᠠᠨ᠎ᠠ᠃ ᠣᠷᠣᠨ ᠨᠤᠲᠤᠭ ᠤᠨ ᠤᠨᠴᠠᠯᠢᠬᠳᠤ ᠢᠳᠡᠭᠡᠨ | ᠤᠮᠳᠠᠭᠠᠨ ᠤ ᠰᠣᠯᠢᠯᠴᠠᠭᠠᠨ ᠤ ᠴᠤᠭᠯᠠᠭᠠᠨ᠂ ᠲᠠᠨᠢᠯᠴᠠᠭᠤᠯᠭ᠎ᠠ ᠶᠢᠨ ᠴᠤᠭᠯᠠᠭᠠᠨ᠂ ᠠᠮᠲᠠᠲᠤ ᠢᠳᠡᠭᠡᠨ ᠤ ᠪᠠᠶᠠᠷ | ᠵᠡᠷᠭᠡ ᠠᠵᠢᠯᠯᠠᠭ᠎ᠠ ᠥᠷᠨᠢᠭᠦᠯᠬᠦ ᠶᠢ ᠵᠣᠷᠢᠭᠵᠢᠭᠤᠯᠵᠤ᠂ ᠣᠷᠣᠨ ᠨᠤᠲᠤᠭ ᠤᠨ ᠤᠨᠴᠠᠯᠢᠬᠳᠤ ᠠᠮᠲᠠᠲᠤ ᠢᠳᠡᠭᠡᠨ ᠤ | ᠰᠣᠶᠣᠯ ᠤᠨ ᠠᠭᠤᠳᠠᠯᠤᠯᠲᠠ ᠪᠠ ᠤᠬᠠᠭᠤᠯᠭ᠎ᠠ ᠶᠢ ᠴᠢᠩᠭᠠᠳᠬᠠᠨ᠂ ᠣᠷᠣᠨ ᠨᠤᠲᠤᠭ ᠤᠨ ᠤᠨᠴᠠᠯᠢᠬᠳᠤ ᠠᠮᠲᠠᠲᠤ | ᠢᠳᠡᠭᠡᠨ ᠤ ᠰᠣᠶᠣᠯ ᠤᠨ ᠨᠡᠮᠡᠯᠲᠡ ᠥᠷᠲᠡᠭ ᠢ ᠳᠡᠭᠡᠭᠰᠢᠯᠡᠭᠦᠯᠦᠨ᠎ᠡ᠃ | ᠲᠦᠷᠦᠭᠦᠯᠡᠬᠦ ᠨᠢᠭᠡᠴᠢ᠄ ᠠᠶᠢᠮᠠᠭ ᠤᠨ ᠬᠤᠳᠠᠯᠳᠤᠭᠠᠨ ᠤ ᠶᠠᠪᠤᠳᠠᠯ ᠤᠨ ᠪᠣᠭᠤᠮᠲᠠ ᠶᠢᠨ ᠲᠣᠪᠴᠢᠶ᠎ᠠ᠂ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ | ᠬᠠᠷᠢᠭᠤᠴᠠᠯᠭᠠᠲᠤ ᠨᠢᠭᠡᠴᠢ᠄ ᠠᠶᠢᠮᠠᠭ ᠤᠨ ᠡᠳ᠋ ᠤᠨ ᠵᠠᠰᠠᠭ ᠤᠨ ᠲᠣᠪᠴᠢᠶ᠎ᠠ᠂ ᠰᠣᠶᠣᠯ ᠵᠤᠭᠠᠴᠠᠯ ᠪᠡᠶ᠎ᠡ ᠶᠢᠨ | ᠲᠠᠮᠢᠷ ᠤᠨ ᠲᠣᠪᠴᠢᠶ᠎ᠠ᠂ ᠷᠠᠳᠢᠣ᠋ ᠲᠧᠯᠸᠢᠰ ᠤᠨ ᠬᠤᠷᠢᠶ᠎ᠠ᠂ ᠠᠶᠢᠮᠠᠭ ᠤᠨ ᠢᠳᠡᠭᠡᠨ ᠤᠮᠳᠠᠭᠠᠨ ᠬᠢᠭᠡᠳ ᠵᠣᠴᠢᠳ ᠤᠨ | ᠪᠠᠭᠤᠳᠠᠯ ᠤᠨ ᠠᠵᠢᠯ ᠲᠥᠷᠥᠯ ᠤᠨ ᠨᠡᠶᠢᠭᠡᠮᠯᠢᠭ᠂ ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ | ᠣᠷᠳᠣᠨ | 2. ᠴᠢᠨᠠᠷ ᠰᠠᠶᠢᠲᠠᠶ ᠬᠤᠨᠣᠭᠯᠠᠬᠤ ᠶᠢ ᠪᠣᠶ ᠪᠣᠯᠭᠠᠨ᠎ᠠ᠃ ᠮᠠᠨ ᠤ ᠠᠶᠢᠮᠠᠭ ᠤᠨ ᠲᠠᠪᠤᠨ ᠣᠳᠣᠨ ᠲᠠᠰ᠂ ᠳᠥᠷᠪᠡᠨ | ᠣᠳᠣᠨ ᠲᠠᠰ ᠤᠨ ᠵᠤᠭᠠᠴᠠᠯ ᠤᠨ ᠵᠣᠴᠢᠳ ᠤᠨ ᠪᠠᠭᠤᠳᠠᠯ ᠢ ᠡᠭᠦᠳᠦᠨ ᠪᠠᠶᠢᠭᠤᠯᠬᠤ ᠠᠵᠢᠯ ᠢ ᠠᠬᠢᠭᠤᠯᠵᠤ᠂ | ᠬᠤᠲᠠ ᠶᠢᠨ ᠭᠤᠤᠯ ᠲᠣᠭᠤᠷᠢᠭ ᠲᠤ ᠨᠢᠭᠡ ᠪᠦᠯᠦᠭ ᠠᠯᠲᠠᠨ ᠮᠣᠳᠣᠨ ᠨᠠᠪᠴᠢ ᠶᠢᠨ ᠲᠠᠰ ᠤᠨ ᠪᠣᠬᠢᠷᠲᠤᠯ ᠥᠬᠡᠶ | ᠵᠤᠭᠠᠴᠠᠯ ᠤᠨ ᠪᠠᠭᠤᠳᠠᠯ᠂ ᠮᠥᠩᠭᠦᠨ ᠮᠣᠳᠣᠨ ᠨᠠᠪᠴᠢ ᠶᠢᠨ ᠲᠠᠰ ᠤᠨ ᠪᠣᠬᠢᠷᠲᠤᠯ ᠥᠬᠡᠶ ᠵᠤᠭᠠᠴᠠᠯ ᠤᠨ | ᠵᠣᠴᠢᠳ ᠤᠨ ᠪᠠᠭᠤᠳᠠᠯ ᠢ ᠬᠦᠴᠦᠯᠡᠨ ᠪᠤᠶᠢᠵᠢᠭᠤᠯᠵᠤ᠂ ᠨᠢᠭᠡ ᠪᠦᠯᠦᠭ ᠭᠤᠤᠯ ᠰᠡᠳᠦᠪᠲᠦ ᠪᠠᠭᠤᠳᠠᠯ ᠪᠠ | ᠠᠷᠠᠳ ᠤᠨ ᠣᠷᠣᠨ ᠰᠠᠭᠤᠴᠠ ᠶᠢᠨ ᠪᠥᠲᠥᠭᠡᠨ ᠪᠠᠶᠢᠭᠤᠯᠤᠯᠲᠠ ᠶᠢ ᠠᠬᠢᠭᠤᠯᠤᠨ᠂ ᠰᠣᠶᠣᠯ ᠤᠨ ᠵᠤᠭᠠᠴᠠᠯ ᠤᠨ | ᠣᠷᠣᠨ ᠰᠠᠭᠤᠴᠠ ᠶᠢᠨ ᠦᠢᠯᠡᠴᠢᠯᠡᠭᠡᠨ ᠤ ᠣᠶᠢᠯᠠᠭᠠᠯᠲᠠ ᠶᠢ ᠳᠡᠭᠡᠭᠰᠢᠯᠡᠭᠦᠯᠦᠨ᠎ᠡ᠃ | ᠲᠦᠷᠦᠭᠦᠯᠡᠬᠦ ᠨᠢᠭᠡᠴᠢ᠄ ᠠᠶᠢᠮᠠᠭ ᠤᠨ ᠰᠣᠶᠣᠯ ᠵᠤᠭᠠᠴᠠᠯ ᠪᠡᠶ᠎ᠡ ᠶᠢᠨ ᠲᠠᠮᠢᠷ ᠤᠨ ᠲᠣᠪᠴᠢᠶ᠎ᠠ᠂ ᠬᠤᠳᠠᠯᠳᠤᠭᠠᠨ ᠤ | ᠶᠠᠪᠤᠳᠠᠯ ᠤᠨ ᠪᠣᠭᠤᠮᠲᠠ ᠶᠢᠨ ᠲᠣᠪᠴᠢᠶ᠎ᠠ | ᠬᠠᠷᠢᠭᠤᠴᠠᠯᠭᠠᠲᠤ ᠨᠢᠭᠡᠴᠢ᠄ ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ | 3. ᠵᠤᠭᠠᠴᠠᠯ ᠤᠨ ᠲᠠᠸᠠᠷ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠦᠨ᠎ᠡ᠃ ᠲᠠᠷᠢᠶᠠᠯᠠᠩ ᠲᠤᠰᠠᠯᠠᠬᠤ ᠠᠵᠤ | ᠠᠬᠤᠶ ᠶᠢᠨ ᠨᠤᠲᠤᠭ ᠤᠨ ᠣᠨᠴᠠ ᠭᠠᠷᠤᠯᠲᠠ᠂ ᠥᠪ ᠬᠥᠷᠥᠩᠭᠡ ᠶᠢᠨ ᠪᠤᠰᠤ ᠪᠦᠲᠦᠭᠡᠭᠳᠡᠬᠦᠨ᠂ ᠰᠣᠶᠣᠯ ᠤᠨ | ᠡᠭᠦᠳᠦᠯᠲᠡ ᠶᠢᠨ ᠪᠦᠲᠦᠭᠡᠭᠳᠡᠬᠦᠨ᠂ ᠬᠡᠷᠡᠭᠯᠡᠭᠡᠨ ᠤ ᠪᠦᠲᠦᠭᠡᠭᠳᠡᠬᠦᠨ ᠵᠡᠷᠭᠡ ᠤᠨᠴᠠᠯᠢᠬᠳᠤ ᠵᠤᠭᠠᠴᠠᠯ ᠤᠨ ᠲᠠᠸᠠᠷ ᠢ | ᠪᠣᠶ ᠪᠣᠯᠭᠠᠵᠤ᠂ ᠨᠤᠲᠤᠭ ᠤᠨ ᠣᠨᠴᠠ ᠭᠠᠷᠤᠯᠲᠠ ᠶᠢ ᠨᠠᠷᠢᠯᠢᠬᠵᠢᠭᠤᠯᠤᠨ ᠦᠢᠯᠡᠳᠬᠦ ᠶᠢ ᠪᠡᠶᠡᠯᠡᠭᠦᠯᠦᠨ᠂ | ᠭᠤᠤᠯᠳᠠᠯᠭ᠎ᠠ ᠲᠠᠢ ᠰᠣᠶᠣᠯ ᠤᠨ ᠵᠤᠭᠠᠴᠠᠯ ᠤᠨ ᠠᠵᠢᠯᠯᠠᠭ᠎ᠠ ᠲᠠᠢ ᠤᠶᠠᠯᠳᠤᠭᠤᠯᠵᠤ᠂ ᠠᠷᠠᠯᠵᠢᠶ᠎ᠠ ᠬᠤᠳᠠᠯᠳᠤᠭᠠᠨ ᠤ | ᠳᠡᠯᠭᠡᠨ ᠪᠣᠷᠣᠯᠠᠭᠤᠯᠬᠤ ᠴᠤᠭᠯᠠᠭᠠᠨ ᠢ ᠵᠣᠬᠢᠶᠠᠨ ᠪᠠᠶᠢᠭᠤᠯᠵᠤ᠂ ᠮᠠᠨ ᠤ ᠠᠶᠢᠮᠠᠭ ᠤᠨ ᠴᠢᠨᠠᠷ ᠰᠠᠶᠢᠲᠠᠶ ᠲᠠᠷᠢᠶᠠᠯᠠᠩ | ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠳᠡᠯᠭᠡᠨ ᠦᠵᠡᠭᠦᠯᠵᠦ ᠪᠡᠶᠡᠴᠢᠯᠡᠨ ᠣᠶᠢᠯᠠᠭᠠᠬᠤ ᠳᠡᠯᠭᠡᠭᠦᠷ᠂ | ᠤᠨᠴᠠᠯᠢᠬᠳᠤ ᠵᠤᠭᠠᠴᠠᠯ ᠤᠨ ᠲᠠᠸᠠᠷ ᠤᠨ ᠳᠡᠯᠭᠡᠭᠦᠷ ᠢ ᠵᠤᠭᠠᠴᠠᠯ ᠤᠨ ᠵᠠᠮ ᠱᠤᠭᠤᠮ ᠳᠤ ᠣᠷᠣᠭᠤᠯᠤᠨ᠎ᠠ᠃ | ᠰᠣᠶᠣᠯ ᠤᠨ ᠡᠭᠦᠳᠦᠯᠲᠡ ᠶᠢᠨ ᠲᠠᠸᠠᠷ ᠤᠨ ᠤᠷᠤᠯᠳᠤᠭᠠᠨ ᠢ ᠡᠷᠬᠢᠯᠡᠵᠦ᠂ ᠨᠢᠭᠡ ᠪᠦᠯᠦᠭ ᠪᠡᠶ᠎ᠡ ᠪᠠᠨ ᠳᠠᠭᠠᠭᠠᠭᠰᠠᠨ | ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠪᠠ ᠢᠯᠡ ᠲᠣᠳᠣ ᠣᠷᠣᠨ ᠨᠤᠲᠤᠭ ᠤᠨ ᠣᠨᠴᠠᠯᠢᠭ ᠲᠠᠢ | ᠰᠣᠶᠣᠯ ᠤᠨ ᠡᠭᠦᠳᠦᠯᠲᠡ ᠶᠢᠨ ᠪᠦᠲᠦᠭᠡᠭᠳᠡᠬᠦᠨ᠂ ᠡᠭᠦᠰᠦᠮᠡᠯ ᠪᠦᠲᠦᠭᠡᠭᠳᠡᠬᠦᠨ᠂ ᠪᠣᠳᠠᠰ ᠤᠨ ᠪᠤᠰᠤ ᠰᠣᠶᠣᠯ ᠤᠨ | ᠥᠪ ᠤᠨ ᠲᠠᠸᠠᠷ᠂ ᠤᠨᠴᠠᠯᠢᠭᠳᠤ ᠭᠠᠷ ᠤᠷᠠᠯᠠᠯ ᠤᠨ ᠪᠦᠲᠦᠭᠡᠭᠳᠡᠬᠦᠨ ᠪᠠ ᠨᠤᠲᠤᠭ ᠤᠨ ᠣᠨᠴᠠ ᠭᠠᠷᠤᠯᠲᠠ ᠶᠢ | ᠪᠤᠶᠢᠵᠢᠭᠤᠯᠤᠨ ᠭᠠᠷᠭᠠᠵᠤ᠂ ᠪᠦᠲᠦᠭᠡᠯᠴᠢ ᠲᠥᠰᠦᠪᠯᠡᠯ ᠤᠨ ᠵᠢᠷᠤᠭ ᠲᠥᠯᠥᠪᠯᠡᠭᠡ ᠶᠢᠨ ᠦᠷ᠎ᠡ ᠪᠦᠲᠦᠭᠡᠯ ᠢ | ᠬᠤᠪᠢᠷᠠᠭᠤᠯᠬᠤ ᠪᠠ ᠵᠠᠬ᠎ᠠ ᠳᠡᠯᠭᠡᠭᠦᠷ ᠲᠤ ᠳᠡᠯᠭᠡᠷᠡᠭᠦᠯᠬᠦ ᠶᠢ ᠲᠦᠯᠬᠢᠨ ᠠᠬᠢᠭᠤᠯᠤᠨ᠎ᠠ᠃ ᠰᠣᠶᠣᠯ ᠤᠨ ᠰᠢᠨ᠎ᠡ ᠶᠢ | ᠡᠭᠦᠳᠬᠦ᠂ ᠪᠣᠳᠠᠰ ᠤᠨ ᠪᠤᠰᠤ ᠰᠣᠶᠣᠯ ᠤᠨ ᠥᠪ ᠢ ᠦᠵᠡᠮᠵᠢᠲᠦ ᠣᠷᠣᠨ ᠳᠤ ᠣᠷᠣᠭᠤᠯᠬᠤ ᠵᠡᠷᠭᠡ ᠠᠵᠢᠯᠯᠠᠭ᠎ᠠ ᠶᠢ | ᠭᠦᠨᠵᠡᠭᠡᠶ ᠥᠷᠨᠢᠭᠦᠯᠵᠦ᠂ ᠵᠢᠭᠤᠯᠴᠢᠯᠠᠭᠴᠢᠳ ᠤᠨ ᠬᠡᠷᠡᠭᠯᠡᠭᠡᠨ ᠤ ᠬᠡᠷᠡᠭᠴᠡᠭᠡ ᠱᠠᠭᠠᠷᠳᠠᠯᠭ᠎ᠠ ᠶᠢ ᠬᠥᠲᠥᠯᠦᠨ | ᠳᠠᠭᠠᠭᠤᠯᠬᠤ ᠪᠠ ᠳᠠᠶᠢᠴᠢᠯᠠᠨ᠎ᠠ᠃ | ᠲᠦᠷᠦᠭᠦᠯᠡᠬᠦ ᠨᠢᠭᠡᠴᠢ᠄ ᠠᠶᠢᠮᠠᠭ ᠤᠨ ᠰᠣᠶᠣᠯ ᠵᠤᠭᠠᠴᠠᠯ ᠪᠡᠶ᠎ᠡ ᠶᠢᠨ ᠲᠠᠮᠢᠷ ᠤᠨ ᠲᠣᠪᠴᠢᠶ᠎ᠠ᠂ ᠬᠤᠳᠠᠯᠳᠤᠭᠠᠨ ᠤ | ᠶᠠᠪᠤᠳᠠᠯ ᠤᠨ ᠪᠣᠭᠤᠮᠲᠠ ᠶᠢᠨ ᠲᠣᠪᠴᠢᠶ᠎ᠠ | ᠬᠠᠷᠢᠭᠤᠴᠠᠯᠭᠠᠲᠤ ᠨᠢᠭᠡᠴᠢ᠄ ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ | 4. ᠪᠠᠷᠠᠭ᠎ᠠ ᠬᠤᠳᠠᠯᠳᠤᠨ ᠠᠪᠬᠤ ᠲᠤᠷᠰᠢᠯᠲᠠ ᠪᠠᠨ ᠳᠡᠭᠡᠭᠰᠢᠯᠡᠭᠦᠯᠦᠨ᠎ᠡ᠃ ᠵᠤᠭᠠᠴᠠᠭᠰᠠᠳ ᠤᠨ ᠦᠢᠯᠡᠴᠢᠯᠡᠭᠡᠨ ᠤ | ᠲᠥᠪ᠂ ᠲᠡᠷᠭᠡᠨ ᠥᠷᠲᠡᠭᠡ᠂ ᠦᠵᠡᠮᠵᠢ ᠶᠢᠨ ᠣᠷᠣᠨ᠂ ᠵᠤᠭᠠᠴᠠᠯ ᠤᠨ ᠵᠡᠭᠡᠯᠢ ᠲᠣᠭᠤᠷᠢᠭ ᠲᠤ ᠨᠢᠭᠡ ᠪᠦᠯᠦᠭ | ᠵᠢᠷᠤᠮᠵᠢᠭᠰᠠᠨ ᠡᠵᠡᠩᠨᠡᠯᠲᠡ ᠶᠢᠨ ᠵᠤᠭᠠᠴᠠᠯ ᠤᠨ ᠲᠠᠸᠠᠷ ᠤᠨ ᠰᠣᠳᠣᠨ ᠪᠦᠲᠦᠭᠡᠭᠳᠡᠬᠦᠨ ᠤ ᠳᠡᠯᠭᠡᠭᠦᠷ᠂ ᠣᠨᠴᠠᠯᠢᠭᠲᠤ | ᠳᠡᠯᠭᠡᠭᠦᠷ ᠢ ᠪᠥᠲᠥᠭᠡᠨ ᠪᠠᠶᠢᠭᠤᠯᠤᠨ᠎ᠠ᠃ A ᠲᠠᠰ ᠤᠨ ᠦᠵᠡᠮᠵᠢ ᠶᠢᠨ ᠣᠷᠣᠨ ᠤ ᠵᠤᠭᠠᠴᠠᠯ ᠤᠨ ᠲᠠᠸᠠᠷ ᠤᠨ | ᠪᠠᠷᠠᠭ᠎ᠠ ᠬᠤᠳᠠᠯᠳᠤᠨ ᠠᠪᠬᠤ ᠲᠣᠭᠤᠷᠢᠭ ᠢ ᠵᠢᠷᠤᠮᠵᠢᠭᠤᠯᠤᠨ ᠪᠥᠲᠥᠭᠡᠨ ᠪᠠᠶᠢᠭᠤᠯᠬᠤ ᠶᠢ ᠠᠬᠢᠭᠤᠯᠵᠤ᠂ ᠴᠢᠨᠠᠷ | ᠰᠠᠶᠢᠲᠠᠶ ᠤᠨᠴᠠᠯᠢᠭᠳᠤ ᠵᠤᠭᠠᠴᠠᠯ ᠤᠨ ᠲᠠᠸᠠᠷ ᠢ ᠦᠵᠡᠮᠵᠢ ᠶᠢᠨ ᠣᠷᠣᠨ᠂ ᠲᠡᠷᠭᠡᠨ ᠥᠷᠲᠡᠭᠡ᠂ ᠵᠤᠭᠠᠴᠠᠯ ᠤᠨ | ᠵᠡᠭᠡᠯᠢ ᠲᠣᠭᠤᠷᠢᠭ᠂ ᠦᠨᠳᠦᠷ ᠬᠤᠷᠳᠤᠴᠠᠳᠤ ᠵᠠᠰᠠᠮᠠᠯ ᠵᠠᠮ ᠤᠨ ᠦᠢᠯᠡᠴᠢᠯᠡᠭᠡᠨ ᠤ ᠲᠣᠭᠤᠷᠢᠭ ᠵᠡᠷᠭᠡ | ᠵᠤᠭᠠᠴᠠᠭᠰᠠᠳ ᠤᠨ ᠴᠤᠭᠯᠠᠷᠠᠯ ᠤᠨ ᠲᠣᠭᠤᠷᠢᠭ ᠲᠤ ᠣᠷᠣᠭᠤᠯᠬᠤ ᠶᠢ ᠳᠡᠮᠵᠢᠵᠦ᠂ ᠵᠢᠩ ᠳ᠋ᠦᠩ᠂ ᠲᠢᠶᠠᠨ ᠮᠤᠤ | ᠵᠡᠷᠭᠡ ᠡᠯᠧᠺᠲᠷᠣᠨ ᠬᠤᠳᠠᠯᠳᠤᠭ᠎ᠠ ᠯᠤᠭ᠎ᠠ ᠬᠢᠩᠭᠠᠨ ᠠᠶᠢᠮᠠᠭ ᠤᠨ ᠤᠨᠴᠠᠯᠢᠭᠳᠤ ᠵᠤᠭᠠᠴᠠᠯ ᠤᠨ ᠲᠠᠸᠠᠷ ᠢ ᠬᠤᠷᠰᠢᠨ | ᠡᠵᠡᠩᠨᠡᠬᠦ ᠶᠢ ᠵᠣᠷᠢᠭᠵᠢᠭᠤᠯᠤᠨ᠎ᠠ᠃ ᠵᠤᠭᠠᠴᠠᠯ ᠤᠨ ᠦᠵᠡᠮᠵᠢ ᠶᠢᠨ ᠣᠷᠣᠨ ᠤ ᠤᠨᠴᠠᠯᠢᠬᠳᠤ ᠵᠤᠭᠠᠴᠠᠯ ᠤᠨ | ᠲᠠᠸᠠᠷ ᠤᠨ ᠳᠡᠯᠭᠡᠭᠦᠷ ᠢ ᠪᠠᠶᠢᠷᠢᠯᠠᠭᠤᠯᠬᠤ ᠪᠠ ᠳᠡᠭᠡᠭᠰᠢᠯᠡᠭᠦᠯᠦᠨ ᠥᠭᠡᠷᠡᠴᠢᠯᠡᠬᠦ ᠶᠢ ᠵᠢᠷᠤᠮᠵᠢᠭᠤᠯᠤᠨ ᠬᠥᠲᠥᠯᠦᠨ | ᠵᠢᠯᠣᠭᠤᠳᠴᠤ᠂ ︽ᠥᠪᠥᠷ ᠮᠣᠩᠭᠤᠯ ᠤᠨ ᠪᠡᠯᠡᠭ︾ ︽ᠬᠢᠩᠭᠠᠨ ᠵᠤᠭᠠᠴᠠᠯ ᠤᠨ ᠪᠡᠯᠡᠭ︾ ᠤᠨ ᠲᠤᠰᠬᠠᠶ | ᠯᠠᠩᠭᠦᠶ ᠶᠢ ᠨᠡᠮᠡᠨ ᠪᠠᠶᠢᠭᠤᠯᠵᠤ᠂ ᠵᠤᠭᠠᠴᠠᠯ ᠤᠨ ᠪᠠᠷᠠᠭ᠎ᠠ ᠬᠤᠳᠠᠯᠳᠤᠨ ᠠᠪᠬᠤ ᠶᠢ ᠪᠡᠶᠡᠴᠢᠯᠡᠨ ᠣᠶᠢᠯᠠᠭᠠᠬᠤ ᠪᠠ | ᠴᠢᠨᠠᠷ ᠴᠢᠨᠰᠠᠭ᠎ᠠ ᠶᠢ ᠳᠡᠭᠡᠭᠰᠢᠯᠡᠭᠦᠯᠦᠨ᠎ᠡ᠃ | ᠲᠦᠷᠦᠭᠦᠯᠡᠬᠦ ᠨᠢᠭᠡᠴᠢ᠄ ᠠᠶᠢᠮᠠᠭ ᠤᠨ ᠰᠣᠶᠣᠯ ᠵᠤᠭᠠᠴᠠᠯ ᠪᠡᠶ᠎ᠡ ᠶᠢᠨ ᠲᠠᠮᠢᠷ ᠤᠨ ᠲᠣᠪᠴᠢᠶ᠎ᠠ᠂ ᠬᠤᠳᠠᠯᠳᠤᠭᠠᠨ ᠤ | ᠶᠠᠪᠤᠳᠠᠯ ᠤᠨ ᠪᠣᠭᠤᠮᠲᠠ ᠶᠢᠨ ᠲᠣᠪᠴᠢᠶ᠎ᠠ | ᠬᠠᠷᠢᠭᠤᠴᠠᠯᠭᠠᠲᠤ ᠨᠢᠭᠡᠴᠢ᠄ ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ | ︵ᠵᠢᠷᠭᠤᠭ᠎ᠠ︶ ᠠᠮᠤᠷ ᠲᠦᠪᠰᠢᠨ ᠤ ᠡᠮᠬᠢ ᠳᠢᠭᠯᠢᠮ ᠢ ᠦᠨᠡᠨ ᠬᠦ ᠬᠠᠮᠠᠭᠠᠯᠠᠨ᠎ᠠ | 1. ᠬᠠᠤᠯᠢ ᠬᠡᠷᠡᠭᠵᠢᠭᠦᠯᠬᠦ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ᠠᠶᠢᠮᠠᠭ ᠬᠤᠰᠢᠭᠤ ᠬᠤᠶᠠᠷ | ᠱᠠᠲᠤᠨ ᠤ ᠰᠣᠶᠣᠯ ᠵᠤᠭᠠᠴᠠᠯ ᠤᠨ ᠵᠠᠬ᠎ᠠ ᠳᠡᠯᠭᠡᠭᠦᠷ ᠤᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠡᠩᠨᠡᠭᠡ ᠶᠢ | ᠪᠠᠶᠢᠭᠤᠯᠬᠤ ᠪᠠ ᠡᠮᠬᠢᠯᠡᠨ ᠨᠡᠶᠢᠯᠡᠭᠦᠯᠬᠦ ᠶᠢ ᠪᠡᠶᠡᠯᠡᠭᠦᠯᠵᠦ᠂ ᠵᠤᠭᠠᠴᠠᠯ ᠤᠨ ᠵᠠᠬ᠎ᠠ ᠳᠡᠯᠭᠡᠭᠦᠷ ᠤᠨ ᠬᠠᠤᠯᠢ | ᠬᠡᠷᠡᠭᠵᠢᠭᠦᠯᠬᠦ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠨ᠎ᠡ᠃ ᠰᠣᠶᠣᠯ ᠵᠤᠭᠠᠴᠠᠯ ᠤᠨ ᠵᠠᠬ᠎ᠠ ᠳᠡᠯᠭᠡᠭᠦᠷ ᠢ ᠲᠤᠰᠬᠠᠶᠢᠯᠠᠨ | ᠵᠠᠰᠠᠬᠤ ᠠᠵᠢᠯ ᠢ ᠭᠦᠨᠵᠡᠭᠡᠶ ᠥᠷᠨᠢᠭᠦᠯᠵᠦ᠂ ︽ᠬᠡᠷᠡᠭ ᠤᠨ ᠡᠮᠦᠨ᠎ᠡ᠂ ᠬᠡᠷᠡᠭ ᠤᠨ ᠳᠤᠮᠳᠠ᠂ ᠬᠡᠷᠡᠭ ᠤᠨ ᠬᠤᠶᠢᠨ᠎ᠠ︾ | ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠂ ᠬᠠᠮᠢᠶ᠎ᠠ ᠪᠥᠬᠦᠶ ᠪᠠᠶᠢᠴᠠᠭᠠᠯᠲᠠ ᠵᠢᠴᠢ ᠬᠡᠷᠡᠭ ᠢ | ᠰᠢᠢᠳᠪᠦᠷᠢᠯᠡᠬᠦ ᠶᠢ ᠯᠠᠪᠳᠠᠭᠤᠨ ᠪᠠᠲᠤᠲᠠᠶ ᠥᠷᠨᠢᠭᠦᠯᠵᠦ᠂ ᠲᠣᠭᠲᠠᠮᠠᠯ ᠬᠤᠭᠤᠴᠠᠭ᠎ᠠ ᠲᠠᠢ ᠪᠠᠷ ᠬᠠᠤᠯᠢ | ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢ ᠥᠷᠨᠢᠭᠦᠯᠦᠨ᠂ ᠵᠤᠭᠠᠴᠠᠯ ᠤᠨ ᠵᠠᠬ᠎ᠠ ᠳᠡᠯᠭᠡᠭᠦᠷ ᠤᠨ ᠡᠮᠬᠢ ᠳᠢᠭᠯᠢᠮ ᠢ | ᠬᠠᠮᠠᠭᠠᠯᠠᠵᠤ᠂ ᠡᠯ᠎ᠡ ᠲᠥᠷᠥᠯ ᠤᠨ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠴᠢᠩᠭ᠎ᠠ | ᠴᠣᠬᠢᠯᠲᠠ ᠥᠭᠴᠦ᠂ ᠰᠣᠶᠣᠯ ᠤᠨ ᠵᠤᠭᠠᠴᠠᠯ ᠤᠨ ᠠᠵᠢᠯ ᠲᠥᠷᠥᠯ ᠤᠨ ᠥᠪᠡᠷ ᠢ ᠪᠠᠨ ᠱᠠᠭᠠᠷᠳᠠᠬᠤ ᠶᠢ | ᠠᠬᠢᠭᠤᠯᠤᠨ᠂ ᠣᠯᠠᠨ ᠲᠦᠮᠡᠨ ᠤ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠨ᠎ᠠ᠃ | ᠲᠦᠷᠦᠭᠦᠯᠡᠬᠦ ᠨᠢᠭᠡᠴᠢ᠄ ᠠᠶᠢᠮᠠᠭ ᠤᠨ ᠰᠤᠶᠤᠯ ᠵᠤᠭᠠᠴᠠᠯ ᠪᠡᠶ᠎ᠡ ᠶᠢᠨ ᠲᠠᠮᠢᠷ ᠤᠨ ᠲᠤᠪᠴᠢᠶ᠎ᠠ | ᠬᠠᠷᠢᠭᠤᠴᠠᠯᠭᠠᠲᠤ ᠨᠢᠭᠡᠴᠢ᠄ ᠠᠶᠢᠮᠠᠭ ᠤᠨ ᠨᠠᠮ ᠤᠨ ᠬᠤᠷᠢᠶ᠎ᠠ ᠶᠢᠨ ᠣᠷᠣᠨ ᠲᠤᠭ᠎ᠠ ᠶᠢᠨ ᠠᠯᠪᠠᠨ ᠬᠡᠷ᠂ | ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠡᠯ᠎ᠡ ᠬᠤᠰᠢᠭᠤ ᠰᠢᠶᠠᠨ | ᠬᠤᠲᠠ ᠶᠢᠨ ᠠᠷᠠᠳ ᠤᠨ ᠵᠠᠰᠠᠭ ᠤᠨ ᠤᠷᠳᠤᠨ | 2. ᠵᠤᠭᠠᠴᠠᠯ ᠤᠨ ᠦᠨᠡᠨᠴᠢ ᠢᠲᠡᠭᠡᠮᠵᠢ ᠶᠢᠨ ᠰᠢᠰᠲ᠋ᠧᠮᠵᠢ ᠶᠢ ᠪᠠᠶᠢᠭᠤᠯᠤᠨ ᠪᠦᠷᠢᠨᠰᠢᠭᠦᠯᠦᠨ᠎ᠡ᠃ ᠡᠯ᠎ᠡ ᠬᠤᠰᠢᠭᠤ | ᠰᠢᠶᠠᠨ ᠬᠤᠲᠠ ᠨᠤᠭᠤᠳ ᠡᠷᠬᠡᠪᠰᠢ ᠰᠣᠶᠣᠯ ᠵᠤᠭᠠᠴᠠᠯ ᠤᠨ ᠵᠠᠬ᠎ᠠ ᠳᠡᠯᠭᠡᠭᠦᠷ ᠤᠨ ᠢᠲᠡᠭᠡᠮᠵᠢ ᠶᠢᠨ ᠰᠢᠰᠲ᠋ᠧᠮᠵᠢ ᠶᠢ | ᠪᠠᠶᠢᠭᠤᠯᠵᠤ᠂ ᠵᠤᠭᠠᠴᠠᠯ ᠤᠨ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ︽ᠤᠯᠠᠭᠠᠨ ᠬᠠᠷ᠎ᠠ ᠰᠠᠮᠪᠠᠷ᠎ᠠ︾ ᠶᠢᠨ | ᠲᠦᠷᠢᠮ ᠢ ᠲᠣᠭᠲᠠᠭᠠᠬᠤ ᠶᠢᠨ ᠬᠠᠮᠲᠤ ᠬᠡᠷᠡᠭᠵᠢᠭᠦᠯᠵᠦ᠂ ᠵᠤᠭᠠᠴᠠᠯ ᠤᠨ ᠠᠵᠤ ᠠᠬᠤᠶᠢᠯᠠᠯ ᠤᠨ ᠢᠲᠡᠭᠡᠯ | ᠠᠯᠳᠠᠭᠰᠠᠳ ᠢ ᠬᠤᠯᠪᠣᠭᠠᠯᠠᠨ ᠵᠠᠯᠬᠠᠭᠠᠨ ᠴᠡᠭᠡᠷᠯᠡᠭᠦᠯᠬᠦ ᠲᠣᠭᠲᠠᠴᠠ ᠶᠢ ᠪᠠᠶᠢᠭᠤᠯᠤᠨ᠂ ᠰᠣᠶᠣᠯ ᠵᠤᠭᠠᠴᠠᠯ ᠤᠨ ᠵᠠᠬ᠎ᠠ | ᠳᠡᠯᠭᠡᠭᠦᠷ ᠤᠨ ᠢᠲᠡᠭᠡᠯ ᠠᠯᠳᠠᠭᠰᠠᠨ ᠠᠵᠢᠯᠯᠠᠭ᠎ᠠ ᠶᠢ ᠵᠠᠯᠬᠠᠭᠠᠨ ᠴᠡᠭᠡᠷᠯᠡᠭᠦᠯᠬᠦ ᠡᠷᠴᠢᠮ ᠢᠶᠠᠨ ᠴᠢᠩᠭᠠᠷᠠᠭᠤᠯᠵᠤ᠂ | ᠵᠠᠬ᠎ᠠ ᠳᠡᠯᠭᠡᠭᠦᠷ ᠤᠨ ᠣᠷᠴᠢᠨ ᠲᠣᠭᠤᠷᠢᠨ ᠢ ᠴᠡᠪᠡᠷᠰᠢᠭᠦᠯᠬᠦ ᠬᠡᠷᠡᠭᠲᠡᠶ᠃ | ᠲᠦᠷᠦᠭᠦᠯᠡᠬᠦ ᠨᠢᠭᠡᠴᠢ᠄ ᠠᠶᠢᠮᠠᠭ ᠤᠨ ᠰᠣᠶᠣᠯ ᠵᠤᠭᠠᠴᠠᠯ ᠪᠡᠶ᠎ᠡ ᠶᠢᠨ ᠲᠠᠮᠢᠷ ᠤᠨ ᠲᠣᠪᠴᠢᠶ᠎ᠠ᠂ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ | ᠬᠠᠷᠢᠭᠤᠴᠠᠯᠭᠠᠲᠤ ᠨᠢᠭᠡᠴᠢ᠄ ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ | 3. ᠵᠠᠭᠠᠯᠳᠤᠬᠤ ᠠᠷᠭ᠎ᠠ ᠵᠠᠮ ᠢ ᠰᠠᠭᠠᠳ ᠥᠬᠡᠶ ᠨᠡᠪᠲᠡᠷᠡᠭᠦᠯᠦᠨ᠎ᠡ᠃ 12345 ᠵᠤᠭᠠᠴᠠᠯ ᠤᠨ ᠵᠠᠭᠠᠯᠳᠤᠯᠭ᠎ᠠ ᠶᠢᠨ | ᠬᠠᠯᠠᠮᠰᠢᠯ ᠤᠲᠠᠰᠤ ᠶᠢᠨ ᠲᠤᠰᠬᠠᠶ ᠦᠢᠯᠡᠴᠢᠯᠡᠭᠡ ᠶᠢ ᠳᠣᠭᠢᠷᠠᠭᠤᠯᠵᠤ᠂ ᠡᠯ᠎ᠡ ᠬᠤᠰᠢᠭᠤ ᠰᠢᠶᠠᠨ ᠬᠤᠲᠠ ᠶᠢᠨ | ᠰᠣᠶᠣᠯ ᠵᠤᠭᠠᠴᠠᠯ ᠪᠡᠶ᠎ᠡ ᠶᠢᠨ ᠲᠠᠮᠢᠷ ᠤᠨ ᠲᠣᠪᠴᠢᠶ᠎ᠠ ᠳᠤ ᠵᠠᠭᠠᠯᠳᠤᠯᠭ᠎ᠠ ᠶᠢᠨ ᠬᠠᠯᠠᠮᠰᠢᠯ ᠤᠲᠠᠰᠤ ᠶᠢ ᠲᠤᠰᠬᠠᠶᠢᠯᠠᠨ | ᠳᠣᠭᠢᠷᠠᠭᠤᠯᠤᠨ᠂ ᠳ᠋ᠢᠶᠠᠩᠬᠤᠸᠠ᠂ ᠵᠤᠭᠠᠴᠠᠯ ᠤᠨ ᠬᠢᠨᠠᠯᠲᠠ ᠬᠠᠮᠢᠶᠠᠷᠤᠯᠲᠠ ᠶᠢᠨ ᠲᠠᠪᠴᠠᠩ ᠵᠡᠷᠭᠡ ᠣᠯᠠᠨ ᠵᠦᠢᠯ ᠤᠨ | ᠵᠠᠭᠠᠯᠳᠤᠯᠭ᠎ᠠ ᠶᠢᠨ ᠠᠷᠭ᠎ᠠ ᠮᠠᠶ᠋ᠢᠭ ᠢ ᠬᠡᠷᠡᠭᠵᠢᠭᠦᠯᠵᠦ᠂ ᠵᠠᠭᠠᠯᠳᠤᠯᠭ᠎ᠠ ᠶᠢᠨ ᠵᠠᠮ ᠮᠥᠷ ᠤᠨ ᠰᠠᠭᠠᠳ ᠥᠬᠡᠶ | ᠨᠡᠪᠲᠡᠷᠡᠬᠦ ᠶᠢ ᠦᠨᠡᠨᠬᠦ ᠪᠠᠲᠤᠯᠠᠨ᠎ᠠ᠃ | ᠲᠦᠷᠦᠭᠦᠯᠡᠬᠦ ᠨᠢᠭᠡᠴᠢ᠄ ᠠᠶᠢᠮᠠᠭ ᠤᠨ ᠰᠣᠶᠣᠯ ᠵᠤᠭᠠᠴᠠᠯ ᠪᠡᠶ᠎ᠡ ᠶᠢᠨ ᠲᠠᠮᠢᠷ ᠤᠨ ᠲᠣᠪᠴᠢᠶ᠎ᠠ᠂ ᠠᠶᠢᠮᠠᠭ ᠤᠨ | ᠬᠡᠪᠴᠢᠶᠡᠨ ᠳᠠᠬᠢ ᠨᠡᠶᠢᠭᠡᠮ ᠤᠨ ᠵᠠᠰᠠᠯᠲᠠ ᠶᠢᠨ ᠲᠥᠪ | ᠬᠠᠷᠢᠭᠤᠴᠠᠯᠭᠠᠲᠤ ᠨᠢᠭᠡᠴᠢ᠄ ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ | 4. ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠶᠢ ᠴᠢᠩᠭᠠᠳᠬᠠᠨ᠎ᠠ᠃ ᠡᠯ᠎ᠡ ᠵᠦᠢᠯ ᠤᠨ ᠵᠤᠭᠠᠴᠠᠯ ᠤᠨ ᠭᠡᠨᠡᠳᠲᠡ | ᠡᠭᠦᠰᠬᠦ ᠣᠯᠠᠨ ᠨᠡᠶᠢᠲᠡ ᠶᠢᠨ ᠬᠡᠷᠡᠭ ᠢ ᠠᠷᠭᠠᠴᠠᠬᠤ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠢ | ᠲᠣᠭᠲᠠᠭᠠᠵᠤ᠂ ᠵᠤᠭᠠᠴᠠᠯ ᠤᠨ ᠠᠮᠤᠷ ᠲᠦᠪᠰᠢᠨ ᠤ ᠲᠦᠭᠰᠢᠭᠦᠷᠢ ᠶᠢᠨ ᠰᠠᠨᠠᠭᠤᠯᠤᠮᠵᠢ ᠶᠢᠨ ᠲᠦᠷᠢᠮ ᠢ | ᠳᠡᠭᠡᠭᠰᠢᠯᠡᠭᠦᠯᠦᠨ ᠲᠡᠭᠦᠯᠳᠡᠷᠵᠢᠭᠦᠯᠵᠦ᠂ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠢ ᠲᠣᠭᠲᠠᠭᠠᠨ | ᠲᠡᠭᠦᠯᠳᠡᠷᠵᠢᠭᠦᠯᠵᠦ᠂ ᠠᠵᠢᠯᠲᠠᠳ ᠤᠨ ᠠᠮᠤᠷ ᠲᠦᠪᠰᠢᠨ ᠤ ᠪᠠᠴᠢᠮ ᠪᠠᠶᠢᠳᠠᠯ ᠢ ᠠᠷᠭᠠᠴᠠᠬᠤ ᠪᠣᠯᠪᠠᠰᠤᠷᠠᠭᠤᠯᠤᠯ ᠢ | ᠴᠢᠩᠭᠠᠳᠬᠠᠨ᠂ ᠰᠣᠶᠣᠯ ᠵᠤᠭᠠᠴᠠᠯ ᠤᠨ ᠠᠵᠤ ᠠᠬᠤᠶᠢᠯᠠᠯ ᠢ ᠵᠣᠬᠢᠶᠠᠨ ᠪᠠᠶᠢᠭᠤᠯᠤᠨ ᠵᠢᠯ ᠪᠦᠷᠢ ᠠᠳᠠᠭ ᠲᠠᠭᠠᠨ | ᠨᠢᠭᠡ ᠤᠳᠠᠭ᠎ᠠ ᠠᠮᠤᠷ ᠲᠦᠪᠰᠢᠨ ᠤ ᠰᠣᠷᠢᠯᠲᠠ ᠬᠢᠨ᠎ᠠ᠃ | ᠲᠦᠷᠦᠭᠦᠯᠡᠬᠦ ᠨᠢᠭᠡᠴᠢ᠄ ᠠᠶᠢᠮᠠᠭ ᠤᠨ ᠰᠤᠶᠤᠯ ᠵᠤᠭᠠᠴᠠᠯ ᠪᠡᠶ᠎ᠡ ᠶᠢᠨ ᠲᠠᠮᠢᠷ ᠤᠨ ᠲᠤᠪᠴᠢᠶ᠎ᠠ | ᠬᠠᠷᠢᠭᠤᠴᠠᠯᠭᠠᠲᠤ ᠨᠢᠭᠡᠴᠢ᠄ ᠠᠶᠢᠮᠠᠭ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠂ | ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ | ᠠᠶᠢᠮᠠᠭ ᠤᠨ ᠭᠠᠯ ᠤᠨᠲᠠᠷᠠᠭᠠᠬᠤ ᠠᠪᠤᠷᠠᠨ ᠲᠤᠰᠠᠯᠠᠬᠤ ᠰᠠᠯᠪᠤᠷᠢ ᠠᠩᠭᠢ᠂ ᠡᠯ᠎ᠡ ᠬᠤᠰᠢᠭᠤ ᠰᠢᠶᠠᠨ ᠬᠤᠲᠠ ᠶᠢᠨ | ᠠᠷᠠᠳ ᠤᠨ ᠵᠠᠰᠠᠭ ᠤᠨ ᠣᠷᠳᠣᠨ | 5. ᠠᠪᠤᠷᠠᠨ ᠲᠤᠰᠠᠯᠠᠬᠤ ᠲᠣᠭᠲᠠᠴᠠ ᠶᠢ ᠲᠡᠭᠦᠯᠳᠡᠷᠵᠢᠭᠦᠯᠦᠨ᠎ᠡ᠃ ᠰᠠᠯᠠᠭ᠎ᠠ ᠮᠥᠴᠢᠷ ᠤᠨ ᠬᠠᠮᠲᠤᠷᠠᠨ ᠬᠠᠤᠯᠢ | ᠬᠡᠷᠡᠭᠵᠢᠭᠦᠯᠵᠦ ᠪᠠᠶᠢᠴᠠᠭᠠᠬᠤ ᠶᠢ ᠴᠢᠩᠭᠠᠳᠬᠠᠵᠤ᠂ ᠨᠢᠭᠡ ᠴᠤᠭᠴᠠᠵᠢᠭᠤᠯᠤᠭᠰᠠᠨ ᠵᠤᠭᠠᠴᠠᠯ ᠤᠨ ᠪᠠᠴᠢᠮ ᠪᠠᠶᠢᠳᠠᠯ ᠢ | ᠠᠷᠭᠠᠴᠠᠵᠤ ᠠᠪᠤᠷᠠᠨ ᠲᠤᠰᠠᠯᠠᠬᠤ ᠬᠠᠮᠲᠤᠷᠠᠯᠴᠠᠭᠠᠨ ᠤ ᠲᠣᠭᠲᠠᠴᠠ ᠶᠢ ᠪᠠᠶᠢᠭᠤᠯᠬᠤ ᠶᠢ ᠠᠬᠢᠭᠤᠯᠤᠨ᠎ᠠ᠃ | ᠲᠦᠷᠦᠭᠦᠯᠡᠬᠦ ᠨᠢᠭᠡᠴᠢ᠄ ᠠᠶᠢᠮᠠᠭ ᠤᠨ ᠰᠤᠶᠤᠯ ᠵᠤᠭᠠᠴᠠᠯ ᠪᠡᠶ᠎ᠡ ᠶᠢᠨ ᠲᠠᠮᠢᠷ ᠤᠨ ᠲᠤᠪᠴᠢᠶ᠎ᠠ | ᠬᠠᠷᠢᠭᠤᠴᠠᠯᠭᠠᠲᠤ ᠨᠢᠭᠡᠴᠢ᠄ ᠠᠶᠢᠮᠠᠭ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠂ | ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ | ᠠᠶᠢᠮᠠᠭ ᠤᠨ ᠭᠠᠯ ᠤᠨᠲᠠᠷᠠᠭᠠᠬᠤ ᠠᠪᠤᠷᠠᠨ ᠲᠤᠰᠠᠯᠠᠬᠤ ᠰᠠᠯᠪᠤᠷᠢ ᠠᠩᠭᠢ᠂ ᠡᠯ᠎ᠡ ᠬᠤᠰᠢᠭᠤ ᠰᠢᠶᠠᠨ ᠬᠤᠲᠠ ᠶᠢᠨ | ᠠᠷᠠᠳ ᠤᠨ ᠵᠠᠰᠠᠭ ᠤᠨ ᠣᠷᠳᠣᠨ | ︵ᠳᠣᠯᠤᠭ᠎ᠠ︶ ᠨᠠᠷᠠᠲᠤ ᠲᠥᠷᠥᠯ ᠲᠡᠮᠳᠡᠭᠲᠦ ᠶᠢᠨ ᠡᠵᠡᠩᠨᠡᠨ ᠪᠣᠷᠣᠯᠠᠭᠤᠯᠤᠯᠲᠠ ᠶᠢ ᠴᠢᠩᠭᠠᠳᠬᠠᠨ᠎ᠠ | 1. ᠤᠬᠠᠭᠤᠯᠵᠤ ᠡᠵᠡᠩᠨᠡᠨ ᠪᠣᠷᠣᠯᠠᠭᠤᠯᠬᠤ ᠡᠷᠴᠢᠮ ᠢ ᠴᠢᠩᠭᠠᠷᠠᠭᠤᠯᠤᠨ᠎ᠠ᠃ ᠰᠣᠶᠣᠯ ᠵᠤᠭᠠᠴᠠᠯ ᠤᠨ ᠡᠬᠢ | ᠪᠠᠶᠠᠯᠢᠭ ᠢ ᠡᠮᠬᠢᠯᠡᠨ ᠨᠡᠶᠢᠯᠡᠭᠦᠯᠵᠦ᠂ ᠪᠦᠬᠦ ᠠᠶᠢᠮᠠᠭ ᠤᠨ ᠰᠣᠶᠣᠯ ᠵᠤᠭᠠᠴᠠᠯ ᠤᠨ ᠪᠦᠬᠦᠯᠢ ᠴᠣᠭᠴᠠ ᠶᠢᠨ ᠨᠡᠷᠡᠲᠦ | ᠲᠡᠮᠳᠡᠭ ᠢ ᠪᠠᠶᠢᠭᠤᠯᠵᠤ᠂ ᠡᠯ᠎ᠡ ᠬᠤᠰᠢᠭᠤ ᠰᠢᠶᠠᠨ ᠬᠤᠲᠠ ᠶᠢᠨ ᠬᠤᠲᠠ ᠶᠢᠨ ᠨᠠᠷᠠᠲᠤ ᠲᠥᠷᠥᠯ ᠲᠡᠮᠳᠡᠭᠲᠦ᠂ | ᠪᠦᠲᠦᠭᠡᠭᠳᠡᠬᠦᠨ ᠤ ᠨᠠᠷᠠᠲᠤ ᠲᠥᠷᠥᠯ ᠲᠡᠮᠳᠡᠭᠲᠦ᠂ ᠠᠵᠤ ᠠᠬᠤᠶᠢᠯᠠᠯ ᠤᠨ ᠨᠠᠷᠠᠲᠤ ᠲᠥᠷᠥᠯ ᠲᠡᠮᠳᠡᠭᠲᠦ᠂ ᠪᠠᠶᠠᠷ | ᠳᠤᠷᠠᠰᠬᠠᠯ ᠤᠨ ᠨᠠᠷᠠᠲᠤ ᠲᠥᠷᠥᠯ ᠲᠡᠮᠳᠡᠭᠲᠦ᠂ ᠦᠢᠯᠡᠴᠢᠯᠡᠭᠡᠨ ᠤ ᠨᠠᠷᠠᠲᠤ ᠲᠥᠷᠥᠯ ᠲᠡᠮᠳᠡᠭᠲᠦ ᠶᠢ ᠪᠣᠶ ᠪᠣᠯᠭᠠᠵᠤ᠂ | ︽ᠨᠢᠭᠡ ᠯᠡ ᠦᠭᠡ ᠪᠠᠷ ᠬᠢᠩᠭᠠᠨ ᠠᠶᠢᠮᠠᠭ ᠢ ᠳᠠᠭᠤᠷᠢᠰᠬᠠᠬᠤ︾ ᠣᠷᠣᠨ ᠪᠦᠰᠡ ᠶᠢᠨ ᠳᠦᠷᠢ ᠲᠥᠷᠬᠦ ᠶᠢᠨ | ᠤᠬᠠᠭᠤᠯᠭ᠎ᠠ ᠶᠢᠨ ᠦᠭᠡ ᠶᠢᠨ ᠱᠠᠩᠨᠠᠯ ᠲᠠᠢ ᠡᠯᠰᠡᠬᠦ ᠠᠵᠢᠯᠯᠠᠭ᠎ᠠ ᠶᠢ ᠥᠷᠨᠢᠭᠦᠯᠵᠦ᠂ ᠮᠠᠨ ᠤ ᠠᠶᠢᠮᠠᠭ ᠤᠨ | ᠪᠣᠳᠠᠲᠠᠶ ᠳᠤ ᠨᠡᠶᠢᠴᠡᠬᠦ ᠬᠤᠲᠠ ᠶᠢᠨ ᠳᠦᠷᠢ ᠲᠥᠷᠬᠦ ᠶᠢᠨ ᠨᠠᠷᠠᠲᠤ ᠲᠥᠷᠥᠯ ᠲᠡᠮᠳᠡᠭᠲᠦ ᠶᠢ ᠬᠦᠴᠦᠯᠡᠨ ᠪᠣᠶ ᠪᠣᠯᠭᠠᠵᠤ | ᠂ ᠡᠯ᠎ᠡ ᠵᠦᠢᠯ ᠤᠨ ᠵᠠᠭᠤᠴᠢᠯᠠᠭᠤᠷ ᠢ ᠶᠡᠷᠦᠩᠬᠡᠶᠢᠯᠡᠨ ᠬᠡᠷᠡᠭᠯᠡᠵᠦ᠂ ᠪᠥᠬᠦ ᠲᠠᠯ᠎ᠠ ᠪᠠᠷ᠂ ᠪᠣᠰᠤᠭ᠎ᠠ ᠴᠣᠭᠴᠠᠲᠤ | ᠤᠬᠠᠭᠤᠯᠤᠨ ᠲᠠᠨᠢᠯᠴᠠᠭᠤᠯᠵᠤ᠂ ᠬᠢᠩᠭᠠᠨ ᠠᠶᠢᠮᠠᠭ ᠤᠨ ᠰᠣᠶᠣᠯ ᠵᠤᠭᠠᠴᠠᠯ ᠤᠨ ᠰᠢᠨ᠎ᠡ ᠳᠦᠷᠢ ᠲᠥᠷᠬᠦ ᠶᠢ ᠪᠥᠬᠦ | ᠬᠦᠴᠦᠨ ᠢᠶᠠᠷ ᠢᠶᠠᠨ ᠪᠣᠶ ᠪᠣᠯᠭᠠᠨ᠎ᠠ᠃ | ᠲᠦᠷᠦᠭᠦᠯᠡᠬᠦ ᠨᠢᠭᠡᠴᠢ᠄ ᠠᠶᠢᠮᠠᠭ ᠤᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠲᠣᠣᠷ ᠰᠦᠯᠵᠢᠶᠡᠨ ᠤ | ᠮᠡᠳᠡᠭᠡ ᠵᠠᠩᠭᠢ ᠶᠢᠨ ᠠᠯᠪᠠᠨ ᠭᠡᠷ᠂ ᠰᠣᠶᠣᠯ ᠵᠤᠭᠠᠴᠠᠯ ᠪᠡᠶ᠎ᠡ ᠶᠢᠨ ᠲᠠᠮᠢᠷ ᠤᠨ ᠲᠣᠪᠴᠢᠶ᠎ᠠ | ᠬᠠᠷᠢᠭᠤᠴᠠᠯᠭᠠᠲᠤ ᠨᠢᠭᠡᠴᠢ᠄ ᠬᠢᠩᠭᠠᠨ ᠤ ᠡᠳᠦᠷ ᠤᠨ ᠰᠣᠨᠢᠨ ᠤ ᠬᠤᠷᠢᠶ᠎ᠠ᠂ ᠷᠠᠳᠢᠣ᠋ ᠲᠧᠯᠸᠢᠰ ᠬᠤᠷᠢᠶ᠎ᠠ᠂ ᠡᠯ᠎ᠡ | ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ | 2. ᠪᠦᠲᠦᠭᠡᠯᠴᠢ ᠴᠢᠨᠠᠷᠲᠠᠶ ᠪᠠᠷ ᠡᠵᠡᠩᠨᠡᠨ ᠪᠣᠷᠣᠯᠠᠭᠤᠯᠬᠤ ᠶᠢ ᠨᠡᠮᠡᠭᠳᠡᠭᠦᠯᠦᠨ᠎ᠡ᠃ ᠤᠬᠠᠭᠤᠯᠭ᠎ᠠ ᠶᠢᠨ ᠬᠡᠯᠪᠡᠷᠢ ᠶᠢ | ᠪᠠᠶᠠᠯᠢᠭᠵᠢᠭᠤᠯᠤᠨ᠂ ᠪᠦᠲᠦᠭᠡᠯᠴᠢ ᠰᠡᠳᠬᠢᠬᠦᠶ ᠶᠢ ᠳᠣᠪᠤᠶᠢᠯᠭᠠᠵᠤ᠂ ᠣᠯᠠᠨ ᠨᠡᠶᠢᠲᠡ ᠶᠢᠨ ᠡᠵᠡᠩᠨᠡᠯᠲᠡ | ᠪᠣᠷᠣᠯᠠᠭᠤᠯᠤᠯᠲᠠ᠂ ᠰᠦᠯᠵᠢᠶ᠎ᠡ ᠶᠢᠨ ᠡᠵᠡᠩᠨᠡᠯᠲᠡ ᠪᠣᠷᠣᠯᠠᠭᠤᠯᠤᠯᠲᠠ᠂ ᠪᠠᠶᠠᠷ ᠳᠤᠷᠠᠰᠬᠠᠯ ᠤᠨ ᠡᠵᠡᠩᠨᠡᠯᠲᠡ | ᠪᠣᠷᠣᠯᠠᠭᠤᠯᠤᠯᠲᠠ ᠵᠡᠷᠭᠡ ᠣᠯᠠᠨ ᠵᠦᠢᠯ ᠤᠨ ᠠᠷᠭ᠎ᠠ ᠮᠠᠶ᠋ᠢᠭ ᠢ ᠪᠦᠲᠦᠮᠵᠢᠲᠡᠶ ᠬᠡᠷᠡᠭᠯᠡᠨ᠂ ᠸᠢᠴᠠᠲ᠂ ᠪᠢᠴᠢᠯ ᠪᠦᠷᠭᠡ᠂ | ᠲᠠᠭᠤ ᠴᠡᠴᠡᠷᠡᠭᠦᠯᠬᠦ ᠵᠡᠷᠭᠡ ᠰᠢᠨ᠎ᠡ ᠵᠠᠭᠤᠴᠢᠯᠠᠭᠤᠷ᠂ ᠰᠢᠨ᠎ᠡ ᠮᠡᠷᠭᠡᠵᠢᠯ ᠢ ᠭᠦᠢᠴᠡᠳᠠᠰᠢᠭᠯᠠᠨ᠂ ᠰᠦᠯᠵᠢᠶᠡᠨ ᠤ | ᠰᠢᠭᠤᠳ ᠨᠡᠪᠲᠡᠷᠡᠭᠦᠯᠭᠡ ᠪᠠᠷᠠᠭ᠎ᠠ ᠠᠪᠴᠤ ᠶᠠᠪᠤᠬᠤ ᠵᠡᠷᠭᠡ ᠰᠢᠷᠢᠰ ᠡᠵᠡᠩᠨᠡᠯᠲᠡ ᠪᠣᠷᠣᠯᠠᠭᠤᠯᠤᠯᠲᠠ ᠶᠢᠨ | ᠠᠵᠢᠯᠯᠠᠭ᠎ᠠ ᠶᠢ ᠤᠬᠠᠭᠠᠯᠠᠨ ᠥᠷᠨᠢᠭᠦᠯᠵᠦ᠂ ᠨᠢᠭᠡ ᠪᠦᠯᠦᠭ ᠰᠦᠯᠵᠢᠶᠡᠨ ᠤ ᠺᠠᠷᠲ ᠴᠣᠬᠢᠬᠤ ᠭᠠᠵᠠᠷ ᠢ ᠪᠣᠶ ᠪᠣᠯᠭᠠᠨ᠎ᠠ | ᠃ | ᠲᠦᠷᠦᠭᠦᠯᠡᠬᠦ ᠨᠢᠭᠡᠴᠢ᠄ ᠠᠶᠢᠮᠠᠭ ᠤᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠲᠣᠣᠷ ᠰᠦᠯᠵᠢᠶᠡᠨ ᠤ | ᠮᠡᠳᠡᠭᠡ ᠵᠠᠩᠭᠢ ᠶᠢᠨ ᠠᠯᠪᠠᠨ ᠭᠡᠷ᠂ ᠰᠣᠶᠣᠯ ᠵᠤᠭᠠᠴᠠᠯ ᠪᠡᠶ᠎ᠡ ᠶᠢᠨ ᠲᠠᠮᠢᠷ ᠤᠨ ᠲᠣᠪᠴᠢᠶ᠎ᠠ | ᠬᠠᠷᠢᠭᠤᠴᠠᠯᠭᠠᠲᠤ ᠨᠢᠭᠡᠴᠢ᠄ ᠬᠢᠩᠭᠠᠨ ᠤ ᠡᠳᠦᠷ ᠤᠨ ᠰᠣᠨᠢᠨ ᠤ ᠬᠤᠷᠢᠶ᠎ᠠ᠂ ᠷᠠᠳᠢᠣ᠋ ᠲᠧᠯᠸᠢᠰ ᠬᠤᠷᠢᠶ᠎ᠠ᠂ ᠡᠯ᠎ᠡ | ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ | 3. ᠤᠬᠠᠭᠤᠯᠭ᠎ᠠ ᠶᠢᠨ ᠠᠷᠭ᠎ᠠ ᠵᠠᠮ ᠢ ᠥᠷᠭᠡᠳᠬᠡᠨ᠎ᠡ᠃ ᠰᠣᠶᠣᠯ ᠵᠤᠭᠠᠴᠠᠯ ᠤᠨ ᠠᠵᠤ ᠠᠬᠤᠶᠢᠯᠠᠯ ᠪᠠ ᠬᠤᠪᠢ | ᠬᠥᠮᠦᠨ ᠢ ᠵᠣᠷᠢᠭᠵᠢᠭᠤᠯᠵᠤ᠂ ᠺᠢᠨᠣ᠋᠂ ᠲᠧᠯᠸᠢᠰ ᠵᠦᠴᠦᠭᠡ᠂ ᠸᠢᠴᠠᠲ᠂ ᠪᠢᠴᠢᠯ ᠪᠦᠷᠭᠡ᠂ ᠲᠠᠭᠤ ᠴᠡᠴᠡᠷᠡᠭᠦᠯᠬᠦ | ᠵᠡᠷᠭᠡ ᠰᠢᠨ᠎ᠡ ᠵᠠᠭᠤᠴᠢᠯᠠᠭᠤᠷ ᠢ ᠠᠰᠢᠭᠯᠠᠨ ᠬᠤᠲᠠ ᠶᠢᠨ ᠵᠤᠭᠠᠴᠠᠯ ᠢ ᠤᠬᠠᠭᠤᠯᠤᠨ ᠳᠡᠯᠭᠡᠷᠡᠭᠦᠯᠵᠦ᠂ ᠬᠢᠩᠭᠠᠨ | ᠠᠶᠢᠮᠠᠭ ᠤᠨ ᠰᠣᠶᠣᠯ ᠵᠤᠭᠠᠴᠠᠯ ᠤᠨ ᠠᠯᠳᠠᠷᠰᠢᠯ ᠪᠠ ᠢᠷᠠᠭᠤ ᠠᠯᠳᠠᠷ ᠤᠨ ᠬᠡᠮᠵᠢᠶ᠎ᠡ ᠶᠢ ᠦᠨᠡᠨᠬᠦ ᠳᠡᠭᠡᠭᠰᠢᠯᠡᠭᠦᠯᠦᠨ᠎ᠡ | ᠃ | ᠲᠦᠷᠦᠭᠦᠯᠡᠬᠦ ᠨᠢᠭᠡᠴᠢ᠄ ᠠᠶᠢᠮᠠᠭ ᠤᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠲᠣᠣᠷ ᠰᠦᠯᠵᠢᠶᠡᠨ ᠤ | ᠮᠡᠳᠡᠭᠡ ᠵᠠᠩᠭᠢ ᠶᠢᠨ ᠠᠯᠪᠠᠨ ᠭᠡᠷ᠂ ᠰᠣᠶᠣᠯ ᠵᠤᠭᠠᠴᠠᠯ ᠪᠡᠶ᠎ᠡ ᠶᠢᠨ ᠲᠠᠮᠢᠷ ᠤᠨ ᠲᠣᠪᠴᠢᠶ᠎ᠠ | ᠬᠠᠷᠢᠭᠤᠴᠠᠯᠭᠠᠲᠤ ᠨᠢᠭᠡᠴᠢ᠄ ᠬᠢᠩᠭᠠᠨ ᠤ ᠡᠳᠦᠷ ᠤᠨ ᠰᠣᠨᠢᠨ ᠤ ᠬᠤᠷᠢᠶ᠎ᠠ᠂ ᠷᠠᠳᠢᠣ᠋ ᠲᠧᠯᠸᠢᠰ ᠬᠤᠷᠢᠶ᠎ᠠ᠂ | ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ | 4. ᠤᠯᠠᠮᠵᠢᠯᠠᠨ ᠲᠠᠷᠬᠠᠭᠠᠬᠤ ᠲᠠᠪᠴᠠᠩ ᠢ ᠳᠡᠭᠡᠭᠰᠢᠯᠡᠭᠦᠯᠦᠨ᠎ᠡ᠃ ᠲᠥᠪ ᠲᠧᠯᠸᠢᠰ᠂ ᠰᠢᠨᠬᠤᠸᠠ ᠰᠦᠯᠵᠢᠶ᠎ᠡ᠂ | ᠠᠷᠠᠳ ᠤᠨ ᠰᠦᠯᠵᠢᠶ᠎ᠡ᠂ ᠥᠪᠥᠷ ᠮᠣᠩᠭᠤᠯ ᠤᠨ ᠲᠧᠯᠸᠢᠰ ᠬᠤᠷᠢᠶ᠎ᠠ᠂ ᠥᠪᠥᠷ ᠮᠣᠩᠭᠤᠯ ᠤᠨ ᠡᠳᠦᠷ ᠤᠨ ᠰᠣᠨᠢᠨ | ᠵᠡᠷᠭᠡ ᠤᠯᠤᠰ ᠤᠨ ᠲᠠᠰ ᠤᠨ᠂ ᠥᠪᠡᠷᠲᠡᠭᠡᠨ ᠵᠠᠰᠠᠬᠤ ᠣᠷᠣᠨ ᠤ ᠲᠠᠰ ᠤᠨ ᠭᠤᠤᠯ ᠤᠷᠤᠰᠬᠠᠯ ᠤᠨ | ᠵᠠᠭᠤᠴᠢᠯᠠᠭᠤᠷ ᠯᠤᠭ᠎ᠠ ᠶᠢᠨ ᠬᠠᠮᠲᠤᠷᠠᠯᠴᠠᠭ᠎ᠠ ᠪᠠᠨ ᠴᠢᠩᠭᠠᠳᠬᠠᠵᠤ᠂ ᠰᠣᠶᠣᠯ ᠵᠤᠭᠠᠴᠠᠯ ᠤᠨ ᠵᠠᠷ ᠮᠡᠳᠡᠭᠡ | ᠲᠠᠷᠬᠠᠭᠠᠬᠤ᠂ ᠲᠥᠪᠯᠡᠷᠡᠭᠦᠯᠦᠨ ᠰᠤᠷᠪᠤᠯᠵᠢᠯᠠᠨ ᠮᠡᠳᠡᠭᠡᠯᠡᠬᠦ᠂ ᠰᠢᠷᠢᠰ ᠤᠬᠠᠭᠤᠯᠭ᠎ᠠ ᠶᠢᠨ ᠹᠢᠯᠢᠮ ᠢ ᠨᠡᠪᠲᠡᠷᠡᠭᠦᠯᠬᠦ | ᠵᠡᠷᠭᠡ ᠣᠯᠠᠨ ᠵᠦᠢᠯ ᠤᠨ ᠠᠷᠭ᠎ᠠ ᠮᠠᠶ᠋ᠢᠭ ᠢᠶᠠᠷ ᠳᠠᠮᠵᠢᠭᠤᠯᠤᠨ᠂ ᠬᠤᠲᠠ ᠶᠢᠨ ᠵᠤᠭᠠᠴᠠᠯ ᠤᠨ ᠨᠠᠷᠠᠲᠤ ᠲᠥᠷᠥᠯ | ᠲᠡᠮᠳᠡᠭᠲᠦ ᠶᠢ ᠳᠡᠯᠭᠡᠷᠡᠭᠦᠯᠵᠦ᠂ ᠤᠬᠠᠭᠤᠯᠭ᠎ᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ | ᠲᠦᠷᠦᠭᠦᠯᠡᠬᠦ ᠨᠢᠭᠡᠴᠢ᠄ ᠠᠶᠢᠮᠠᠭ ᠤᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠲᠣᠣᠷ ᠰᠦᠯᠵᠢᠶᠡᠨ ᠤ | ᠮᠡᠳᠡᠭᠡ ᠵᠠᠩᠭᠢ ᠶᠢᠨ ᠠᠯᠪᠠᠨ ᠭᠡᠷ᠂ ᠰᠣᠶᠣᠯ ᠵᠤᠭᠠᠴᠠᠯ ᠪᠡᠶ᠎ᠡ ᠶᠢᠨ ᠲᠠᠮᠢᠷ ᠤᠨ ᠲᠣᠪᠴᠢᠶ᠎ᠠ | ᠬᠠᠷᠢᠭᠤᠴᠠᠯᠭᠠᠲᠤ ᠨᠢᠭᠡᠴᠢ᠄ ᠬᠢᠩᠭᠠᠨ ᠡᠳᠦᠷ ᠤᠨ ᠰᠣᠨᠢᠨ ᠤ ᠬᠤᠷᠢᠶ᠎ᠠ᠂ ᠷᠠᠳᠢᠣ᠋ ᠲᠧᠯᠸᠢᠰ ᠬᠤᠷᠢᠶ᠎ᠠ᠂ ᠡᠯ᠎ᠡ | ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ | ᠭᠤᠷᠪᠠ᠂ ᠠᠵᠢᠯ ᠤᠨ ᠪᠠᠲᠤᠯᠠᠭ᠎ᠠ | ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ᠃ ᠡᠯ᠎ᠡ ᠭᠠᠵᠠᠷ ᠣᠷᠣᠨ᠂ | ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠤᠳᠤᠷᠢᠳᠤᠨ ᠵᠣᠬᠢᠴᠠᠭᠤᠯᠬᠤ ᠲᠣᠭᠲᠠᠴᠠ ᠶᠢ ᠪᠠᠶᠢᠭᠤᠯᠵᠤ᠂ | ᠲᠣᠭᠲᠠᠮᠠᠯ ᠬᠤᠭᠤᠴᠠᠭ᠎ᠠ ᠲᠠᠢ ᠪᠠᠷ ᠬᠤᠷᠠᠯ ᠬᠤᠷᠠᠯᠳᠤᠭᠤᠯᠵᠤ᠂ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ | ᠠᠬᠢᠭᠤᠯᠬᠤ ᠠᠷᠭ᠎ᠠ ᠬᠡᠮᠵᠢᠶ᠎ᠡ ᠶᠢ ᠰᠤᠳᠤᠯᠵᠤ᠂ ᠠᠰᠠᠭᠤᠳᠠᠯ ᠢ ᠴᠠᠭ ᠲᠤᠬᠠᠶ ᠳᠤᠨᠢ ᠰᠢᠢᠳᠪᠦᠷᠢᠯᠡᠬᠦ ᠬᠡᠷᠡᠭᠲᠡᠶ᠃ | ᠡᠯ᠎ᠡ ᠲᠦᠷᠦᠭᠦᠯᠡᠬᠦ ᠨᠢᠭᠡᠴᠢ᠂ ᠬᠠᠷᠢᠭᠤᠴᠠᠯᠭᠠᠲᠤ ᠨᠢᠭᠡᠴᠢ ᠨᠦᠭᠦᠳ ᠡᠭᠦᠷᠭᠡ ᠶᠢᠨ ᠠᠵᠢᠯ ᠤᠨ ᠬᠤᠪᠢᠶᠠᠷᠢᠯᠠᠯ | ᠶᠣᠰᠣᠭᠠᠷ ᠲᠥᠰᠦᠯ ᠲᠣᠭᠲᠠᠭᠠᠵᠤ᠂ ᠬᠠᠷᠠᠯᠲᠠ ᠪᠠᠨ ᠨᠠᠷᠢᠯᠢᠬᠵᠢᠭᠤᠯᠤᠨ᠂ ᠠᠷᠭ᠎ᠠ ᠬᠡᠮᠵᠢᠶ᠎ᠡ ᠪᠠᠨ ᠴᠢᠩᠭᠠᠷᠠᠭᠤᠯᠵᠤ᠂ | ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠵᠤ᠂ ᠵᠤᠭᠠᠴᠠᠯ ᠰᠡᠯᠡᠭᠦᠴᠡᠯ ᠤᠨ ᠬᠤᠲᠠ ᠶᠢᠨ ᠪᠥᠲᠥᠭᠡᠨ | ᠪᠠᠶᠢᠭᠤᠯᠤᠯᠲᠠ ᠶᠢᠨ ᠡᠯ᠎ᠡ ᠵᠦᠢᠯ ᠤᠨ ᠭᠤᠤᠯᠳᠠᠯᠭ᠎ᠠ ᠲᠠᠢ ᠡᠭᠦᠷᠭᠡ ᠶᠢ ᠨᠠᠶᠢᠳᠠᠪᠤᠷᠢᠵᠢᠭᠤᠯᠬᠤ ᠶᠢ ᠦᠨᠡᠨᠬᠦ ᠠᠬᠢᠭᠤᠯᠬᠤ | ᠬᠡᠷᠡᠭᠲᠡᠶ᠃ | ︵ᠬᠤᠶᠠᠷ︶ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢ ᠴᠢᠩᠭᠠᠷᠠᠭᠤᠯᠤᠨ᠎ᠠ᠃ ᠡᠯ᠎ᠡ ᠭᠠᠵᠠᠷ ᠣᠷᠣᠨ᠂ ᠡᠯ᠎ᠡ | ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠰᠣᠶᠣᠯ ᠵᠤᠭᠠᠴᠠᠯ ᠤᠨ ᠠᠵᠤ ᠦᠢᠯᠡᠰ ᠤᠨ ᠬᠥᠭᠵᠢᠯᠲᠡ ᠶᠢ ᠳᠡᠮᠵᠢᠬᠦ | ᠡᠷᠴᠢᠮ ᠢᠶᠠᠨ ᠴᠢᠩᠭᠠᠷᠠᠭᠤᠯᠵᠤ᠂ ᠵᠤᠭᠠᠴᠠᠯ ᠰᠡᠯᠡᠭᠦᠴᠡᠯ ᠤᠨ ᠬᠤᠲᠠ ᠶᠢ ᠳᠡᠮᠵᠢᠬᠦ ᠬᠠᠮᠢᠶ᠎ᠠ ᠪᠥᠬᠦᠶ ᠢᠵᠢ | ᠪᠥᠷᠢᠳᠦᠭᠦᠯᠬᠦ ᠲᠥᠷᠥ ᠶᠢᠨ ᠪᠣᠳᠣᠯᠭ᠎ᠠ ᠶᠢ ᠨᠡᠶᠢᠲᠡᠯᠡᠨ ᠬᠡᠷᠡᠭᠵᠢᠭᠦᠯᠵᠦ᠂ ᠳᠡᠭᠡᠳᠦ ᠳᠣᠤᠷᠠᠳᠤ ᠱᠠᠲᠤ ᠪᠠᠷ ᠢᠶᠠᠨ | ᠬᠤᠯᠪᠣᠭᠠᠯᠠᠨ ᠬᠥᠳᠡᠯᠦᠯᠴᠡᠵᠦ᠂ ᠰᠣᠶᠣᠯ ᠵᠤᠭᠠᠴᠠᠯ ᠤᠨ ᠠᠵᠤ ᠦᠢᠯᠡᠰ ᠤᠨ ᠶᠠᠰᠤ ᠴᠢᠨᠠᠷ ᠢ ᠳᠡᠭᠡᠭᠰᠢᠯᠡᠭᠦᠯᠦᠨ | ᠦᠷ᠎ᠡ ᠠᠰᠢᠭ ᠢ ᠨᠡᠮᠡᠭᠳᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠶ᠃ ᠠᠶᠢᠮᠠᠭ ᠤᠨ ᠡᠳ᠋ ᠤᠨ ᠵᠠᠰᠠᠭ ᠤᠨ | ᠲᠣᠪᠴᠢᠶ᠎ᠠ ᠨᠢ ᠪᠠᠯᠠ ᠮᠥᠩᠭᠦ ᠶᠢ ᠨᠢᠭᠡᠳᠦᠯᠲᠡᠶ ᠲᠥᠯᠥᠪᠯᠡᠨ᠂ ᠡᠳ᠋ ᠤᠨ ᠵᠠᠰᠠᠭ ᠤᠨ ᠪᠠᠯᠠ ᠮᠥᠩᠭᠦ ᠶᠢᠨ ᠬᠥᠲᠥᠯᠦᠨ | ᠵᠢᠯᠣᠭᠤᠳᠬᠤ ᠦᠢᠯᠡᠳᠦᠯ᠂ ᠬᠥᠰᠢᠭᠦᠷᠭᠡ ᠶᠢᠨ ᠦᠢᠯᠡᠳᠦᠯ ᠢ ᠪᠠᠳᠠᠷᠠᠭᠤᠯᠵᠤ᠂ ᠰᠣᠶᠣᠯ ᠵᠤᠭᠠᠴᠠᠯ ᠤᠨ ᠠᠵᠤ | ᠦᠢᠯᠡᠰ ᠤᠨ ᠬᠥᠭᠵᠢᠯᠲᠡ ᠶᠢᠨ ᠪᠠᠯᠠ ᠮᠥᠩᠭᠦ ᠶᠢᠨ ᠪᠠᠲᠤᠯᠠᠭ᠎ᠠ ᠶᠢ ᠴᠢᠩᠭᠠᠷᠠᠭᠤᠯᠤᠨ᠎ᠠ︔ ᠰᠣᠶᠣᠯ ᠵᠤᠭᠠᠴᠠᠯ ᠤᠨ | ᠰᠠᠯᠠᠭ᠎ᠠ ᠮᠥᠴᠢᠷ ᠤᠳ ᠡᠯ᠎ᠡ ᠲᠥᠷᠥᠯ ᠤᠨ ᠰᠣᠶᠣᠯ ᠵᠤᠭᠠᠴᠠᠯ ᠤᠨ ᠲᠥᠷᠥᠯ ᠵᠦᠢᠯ ᠤᠨ ᠪᠠᠯᠠ ᠮᠥᠩᠭᠦ ᠶᠢ | ᠭᠦᠢᠴᠡᠳ ᠬᠡᠷᠡᠭᠯᠡᠵᠦ᠂ ᠵᠤᠭᠠᠴᠠᠯ ᠰᠡᠯᠡᠭᠦᠴᠡᠯ ᠤᠨ ᠬᠤᠲᠠ ᠶᠢᠨ ᠪᠥᠲᠥᠭᠡᠨ ᠪᠠᠶᠢᠭᠤᠯᠤᠯᠲᠠ ᠶᠢ ᠡᠩ ᠲᠡᠷᠢᠭᠦᠨ ᠳᠤ | ᠳᠡᠮᠵᠢᠬᠦ ᠬᠡᠷᠡᠭᠲᠡᠶ᠃ | ︵ᠭᠤᠷᠪᠠ︶ ᠰᠢᠮᠳᠠᠭᠤᠯᠤᠨ ᠵᠢᠯᠣᠭᠤᠳᠴᠤ ᠰᠢᠯᠭᠠᠨ ᠬᠢᠨᠠᠬᠤ ᠶᠢ ᠴᠢᠩᠳᠠᠯᠠᠨ᠎ᠠ᠃ ᠠᠶᠢᠮᠠᠭ ᠤᠨ ᠨᠠᠮ ᠤᠨ | ᠬᠤᠷᠢᠶ᠎ᠠ᠂ ᠵᠠᠬᠢᠷᠭ᠎ᠠ ᠨᠢ ᠵᠤᠭᠠᠴᠠᠯ ᠰᠡᠯᠡᠭᠦᠴᠡᠯ ᠤᠨ ᠬᠤᠲᠠ ᠶᠢ ᠰᠢᠮᠳᠠᠭᠤᠯᠤᠨ ᠪᠠᠶᠢᠴᠠᠭᠠᠵᠤ ᠰᠢᠯᠭᠠᠨ ᠬᠢᠨᠠᠬᠤ ᠪᠠᠨ | ᠴᠢᠩᠭᠠᠳᠬᠠᠵᠤ᠂ ᠰᠢᠯᠭᠠᠨ ᠬᠢᠨᠠᠬᠤ ᠭᠦᠢᠴᠡᠳᠭᠡᠯ ᠲᠤᠭ᠎ᠠ ᠶᠢᠨ ᠰᠢᠰᠲ᠋ᠧᠮᠵᠢ ᠶᠢ ᠪᠦᠷᠢᠨᠰᠢᠬᠦᠯᠦᠨ᠂ ᠰᠣᠶᠣᠯ | ᠵᠤᠭᠠᠴᠠᠯ ᠤᠨ ᠠᠵᠤ ᠦᠢᠯᠡᠰ ᠤᠨ ᠬᠥᠭᠵᠢᠯᠲᠡ ᠶᠢ ᠠᠬᠢᠭᠤᠯᠬᠤ ᠶᠢ ᠡᠯ᠎ᠡ ᠬᠤᠰᠢᠭᠤ ᠰᠢᠶᠠᠨ ᠬᠤᠲᠠ ᠶᠢᠨ | ᠠᠵᠢᠯ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢᠨ ᠰᠢᠯᠭᠠᠨ ᠦᠨᠡᠯᠡᠬᠦ ᠭᠦᠢᠴᠡᠳᠭᠡᠯ ᠲᠤᠭ᠎ᠠ ᠶᠢᠨ | ᠰᠢᠰᠲ᠋ᠧᠮᠵᠢ ᠳᠤ ᠣᠷᠣᠭᠤᠯᠵᠤ᠂ ᠰᠢᠯᠭᠠᠨ ᠬᠢᠨᠠᠬᠤ ᠬᠠᠷᠠᠯᠲᠠ ᠶᠢᠨ ᠤᠷᠮᠠᠰᠢᠭᠤᠯᠵᠤ ᠬᠢᠵᠠᠭᠠᠷᠯᠠᠬᠤ ᠶᠢ | ᠴᠢᠩᠭᠠᠷᠠᠭᠤᠯᠤᠨ᠂ ᠲᠣᠭᠲᠠᠮᠠᠯ ᠬᠤᠭᠤᠴᠠᠭ᠎ᠠ ᠲᠠᠢ ᠪᠠᠷ ᠳᠣᠭᠢᠷᠠᠭᠤᠯᠵᠤ᠂ ᠰᠢᠮᠳᠠᠭᠤᠯᠤᠨ ᠵᠢᠯᠣᠭᠤᠳᠴᠤ | ᠪᠠᠶᠢᠴᠠᠭᠠᠬᠤ ᠶᠢ ᠥᠷᠨᠢᠭᠦᠯᠦᠨ᠎ᠡ᠃ ᠨᠠᠶᠢᠳᠠᠪᠤᠷᠢᠵᠢᠭᠤᠯᠤᠭᠰᠠᠨ ᠢᠶᠠᠷ ᠬᠦᠴᠦᠨ ᠥᠬᠡᠶ᠂ ᠠᠵᠢᠯ ᠢᠶᠠᠨ | ᠪᠣᠳᠠᠲᠠᠶᠢᠵᠢᠭᠤᠯᠤᠭᠰᠠᠨ ᠥᠬᠡᠶ ᠶᠢ ᠴᠠᠭ ᠲᠤᠬᠠᠶ ᠳᠤᠨᠢ ᠨᠡᠪᠲᠡᠷᠡᠭᠦᠯᠵᠦ᠂ ᠡᠯ᠎ᠡ ᠵᠦᠢᠯ ᠤᠨ ᠠᠵᠢᠯ ᠤᠨ ᠡᠭᠦᠷᠭᠡ ᠶᠢ | ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ ᠪᠣᠳᠠᠲᠠᠶᠢᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃ | | | ᠬᠢᠩᠭᠠᠨ ᠠᠶᠢᠮᠠᠭ ᠤᠨ ᠵᠠᠬᠢᠷᠭ᠎ᠠ ᠶᠢᠨ ᠠᠯᠪᠠᠨ ᠬᠡᠷ ᠤᠨ | ᠴᠠᠬᠢᠯᠭᠠᠨ ᠮᠡᠳᠡᠭᠡ ᠶᠢᠨ ᠰᠠᠯᠠᠭ᠎ᠠ | 2021 ᠣᠨ ᠤ 12 ᠰᠠᠷ᠎ᠠ ᠶᠢᠨ 22 | | | | |