ᠬᠢᠩᠭᠠᠨ ᠠᠶᠢᠮᠠᠭ ᠤᠨ ᠵᠠᠬᠢᠷᠭ᠎ᠠ ᠶᠢᠨ ᠠᠯᠪᠠᠨ ᠭᠡᠷ ᠤᠨ ᠬᠢᠩᠭᠠᠨ ᠠᠶᠢᠮᠠᠭ ᠤᠨ ᠪᠠᠷᠢᠮᠵᠢᠶᠠᠵᠢᠭᠤᠯᠤᠯᠲᠠ ᠶᠢᠨ ᠠᠵᠢᠯ ᠢ ᠵᠤᠬᠢᠴᠠᠭᠤᠯᠬᠤ ᠤᠳᠤᠷᠢᠳᠬᠤ ᠳᠤᠭᠤᠶᠢᠯᠠᠩ ᠪᠠᠶᠢᠭᠤᠯᠬᠤ ᠲᠤᠬᠠᠶ ᠮᠡᠳᠡᠭᠳᠡᠯ
ᠨᠡᠶᠢᠲᠡᠯᠡᠭᠰᠡᠨ ᠴᠠᠭ᠄
2022/1/29
     ᠬᠢᠩᠭᠠᠨ ᠵᠠᠬᠢᠷᠭ᠎ᠠ ᠠᠯᠪᠠᠨ ᠥᠰᠥᠭ ﹇2021﹈ 65 ᠳ᠋ᠤᠭᠠᠷ ᠲᠣᠭᠠᠲᠤ ᠠᠶᠢᠮᠠᠭ ᠤᠨ ᠰᠢᠭᠤᠳ ᠬᠠᠷᠢᠶ᠎ᠠ ᠰᠠᠯᠠᠭ᠎ᠠ ᠮᠥᠴᠢᠷ ᠲᠤ᠄       ᠪᠠᠷᠢᠮᠵᠢᠶᠠᠵᠢᠭᠤᠯᠤᠯᠲᠠ ᠶᠢᠨ ᠠᠵᠢᠯ ᠢ ᠤᠯᠠᠮ ᠨᠢᠭᠡ ᠠᠯᠬᠤᠮ ᠴᠢᠩᠭᠠᠳᠬᠠᠬᠤ ᠶᠢᠨ ᠲᠥᠯᠥᠭᠡ᠂ ᠰᠠᠯᠠᠭ᠎ᠠ ᠮᠥᠴᠢᠷ ᠤᠨ ᠨᠡᠪᠲᠡᠷᠡᠯᠴᠡᠭᠡ ᠶᠢ ᠴᠢᠩᠭᠠᠷᠠᠭᠤᠯᠵᠤ᠂ ᠪᠠᠷᠢᠮᠵᠢᠶᠠᠵᠢᠭᠤᠯᠬᠤ ᠠᠵᠢᠯ ᠤᠨ ᠨᠡᠶᠢᠯᠡᠮᠡᠯ ᠬᠦᠴᠦᠨ ᠢ ᠨᠢᠭᠲᠠᠷᠠᠭᠤᠯᠤᠨ᠂ ᠮᠠᠨ ᠤ ᠠᠶᠢᠮᠠᠭ ᠤᠨ ᠪᠠᠷᠢᠮᠵᠢᠶᠠᠵᠢᠭᠤᠯᠬᠤ ᠠᠵᠢᠯ ᠤᠨ ᠬᠢᠷᠢ ᠬᠡᠮᠵᠢᠶ᠎ᠡ ᠶᠢ ᠳᠡᠭᠡᠭᠰᠢᠯᠡᠭᠦᠯᠵᠦ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠪᠠᠷᠢᠮᠵᠢᠶᠠᠵᠢᠭᠤᠯᠤᠯᠲᠠ ᠶᠢᠨ ᠬᠠᠤᠯᠢ︾ ᠶᠢᠨ ᠵᠢᠷᠭᠤᠳᠤᠭᠠᠷ ᠵᠦᠢᠯ ᠵᠢᠴᠢ ᠤᠯᠤᠰ᠂ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠥᠬᠦᠶ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠦᠨᠳᠦᠰᠦᠯᠡᠨ᠂ ᠠᠶᠢᠮᠠᠭ ᠤᠨ ᠵᠠᠬᠢᠷᠭ᠎ᠠ ᠠᠴᠠ ᠬᠢᠩᠭᠠᠨ ᠠᠶᠢᠮᠠᠭ ᠤᠨ ᠪᠠᠷᠢᠮᠵᠢᠶᠠᠵᠢᠭᠤᠯᠤᠯᠲᠠ ᠶᠢᠨ ᠠᠵᠢᠯ ᠤᠨ ᠵᠣᠬᠢᠴᠠᠭᠤᠯᠤᠨ ᠤᠳᠤᠷᠢᠳᠬᠤ ᠳᠤᠭᠤᠶᠢᠯᠠᠩ ︵ᠳᠣᠷᠣᠭᠰᠢ ᠤᠳᠤᠷᠢᠳᠬᠤ ᠳᠤᠭᠤᠶᠢᠯᠠᠩ ᠭᠡᠵᠦ ᠲᠣᠪᠴᠢᠯᠠᠨ᠎ᠠ︶ ᠢ ᠪᠠᠶᠢᠭᠤᠯᠬᠤ ᠪᠠᠷ ᠲᠣᠭᠲᠠᠪᠠ᠃ ᠡᠳᠦᠭᠡ ᠬᠤᠯᠪᠣᠭᠳᠠᠯ ᠪᠥᠬᠦᠢ ᠤᠴᠢᠷ   ᠢ ᠳᠣᠣᠷᠠᠬᠢ ᠮᠡᠲᠦ ᠮᠡᠳᠡᠭᠳᠡᠶ᠎ᠡ᠄  ᠨᠢᠭᠡ᠂ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ    ᠳᠤᠭᠤᠶᠢᠯᠠᠩ ᠤᠨ ᠳᠠᠷᠤᠭ᠎ᠠ᠄ ᠾᠧ ᠸᠧᠶ ᠯᠢ    ᠠᠶᠢᠮᠠᠭ ᠤᠨ ᠳᠡᠳ᠋  ᠳᠠᠷᠤᠭ᠎ᠠ    ᠳᠡᠳ᠋ ᠳᠤᠭᠤᠶᠢᠯᠠᠩ ᠤᠨ ᠳᠠᠷᠤᠭ᠎ᠠ᠄ ᠾᠧ ᠶᠦᠨ  ᠹᠧᠩ  ᠠᠶᠢᠮᠠᠭ ᠤᠨ ᠵᠠᠬᠢᠷᠭ᠎ᠠ ᠶᠢᠨ  ᠨᠠᠷᠢᠨ ᠪᠢᠴᠢᠭ ᠤᠨ ᠳᠡᠳ᠋ ᠳᠠᠷᠤᠭ᠎ᠠ    ᠰᠦᠩ ᠰᠢᠩ ᠾᠧ  ᠠᠶᠢᠮᠠᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶᠠᠨ ᠤ ᠳᠠᠷᠤᠭ᠎ᠠ    ᠪᠦᠷᠢᠯᠳᠦᠬᠦᠨ᠄ ᠾᠧᠦ ᠢᠦᠶ ᠴᠢᠩ  ᠠᠶᠢᠮᠠᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠬᠤᠶᠠᠳᠤᠭᠠᠷ ᠳᠡᠰ ᠤᠨ ᠪᠠᠶᠢᠴᠠᠭᠠᠨ ᠰᠤᠳᠤᠯᠤᠭᠴᠢ     ᠸᠧᠨ ᠴᠧᠩ ᠸᠧᠶ  ᠠᠶᠢᠮᠠᠭ ᠤᠨ ᠰᠤᠷᠭᠠᠨ ᠬᠥᠮᠦᠵᠢᠯ ᠤᠨ ᠲᠣᠪᠴᠢᠶᠠᠨ ᠤ ᠳᠡᠳ᠋ ᠳᠠᠷᠤᠭ᠎ᠠ    ᠯᠢᠦ ᡁᠢ  ᠠᠶᠢᠮᠠᠭ ᠤᠨ ᠰᠣᠶᠣᠯ ᠵᠤᠭᠠᠴᠠᠯ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠳᠡᠳ᠋ ᠳᠠᠷᠤᠭ᠎ᠠ    ᠵᠤᠤ ᠵᠢᠶᠠᠨ ᠬᠤᠢ  ᠠᠶᠢᠮᠠᠭ ᠤᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ ᠶᠢᠨ ᠳᠡᠳ᠋ ᠳᠠᠷᠤᠭ᠎ᠠ    ᠬᠠᠨ ᠶᠢᠨ ᠬᠦᠢ  ᠠᠶᠢᠮᠠᠭ ᠤᠨ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠳᠡᠳ᠋ ᠳᠠᠷᠤᠭ᠎ᠠ    ᠵᠠᠩ ᠵᠢᠶᠦ᠋ᠨ ᠢᠦᠢ  ᠠᠶᠢᠮᠠᠭ ᠤᠨ ᠡᠳ᠋ ᠤᠨ ᠵᠠᠰᠠᠭ ᠤᠨ ᠲᠣᠪᠴᠢᠶᠠᠨ ᠤ ᠳᠡᠳ᠋ ᠳᠠᠷᠤᠭ᠎ᠠ    ᠵᠢᠶ ᠰᠢᠶᠠᠩ ᠬᠠᠶ  ᠠᠶᠢᠮᠠᠭ ᠤᠨ ᠠᠷᠠᠳ ᠤᠨ ᠶᠠᠪᠤᠳᠠᠯ ᠤᠨ ᠲᠣᠪᠴᠢᠶᠠᠨ ᠤ ᠳᠡᠳ᠋ ᠳᠠᠷᠤᠭ᠎ᠠ    ᠯᠢ ᠬᠠᠶ ᠴᠢᠤᠸᠠᠨ  ᠪᠦᠬᠦ ᠠᠶᠢᠮᠠᠭ ᠤᠨ ᠬᠠᠤᠯᠢ ᠴᠠᠭᠠᠵᠠ ᠶᠢᠨ ᠲᠣᠪᠴᠢᠶᠠᠨ ᠤ ᠳᠡᠳ᠋ ᠳᠠᠷᠤᠭ᠎ᠠ    ᠯᠦ ᠴᠢ ᠭᠦᠸᠧ  ᠠᠶᠢᠮᠠᠭ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶᠠᠨ ᠤ ᠳᠡᠳ᠋ ᠳᠠᠷᠤᠭ᠎ᠠ    ᠡᠦ ᠵᠧᠨ ᠺᠦᠢ  ᠠᠶᠢᠮᠠᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ    ᠴᠧᠨ  ᠴᠢᠶᠦ᠋ᠨ  ᠠᠶᠢᠮᠠᠭ ᠤᠨ ᠣᠷᠣᠨ ᠰᠠᠭᠤᠴᠠ ᠪᠠ ᠬᠤᠳᠠ ᠬᠥᠳᠡᠭᠡ ᠶᠢᠨ ᠪᠦᠳᠦᠭᠡᠨ ᠪᠠᠶᠢᠭᠤᠯᠤᠯᠲᠠ ᠶᠢᠨ    ᠴᠧᠩ ᠰᠢ ᠴᠢᠩ  ᠠᠶᠢᠮᠠᠭ ᠤᠨ ᠵᠠᠮ ᠬᠠᠷᠢᠯᠴᠠᠭᠠᠨ ᠤ ᠲᠣᠪᠴᠢᠶᠠᠨ ᠤ ᠳᠡᠳ᠋ ᠳᠠᠷᠤᠭ᠎ᠠ    ᠵᠢᠶᠠᠩ ᠶᠠᠨ ᠯᠢ  ᠠᠶᠢᠮᠠᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶᠠᠨ ᠤ ᠳᠡᠳ᠋ ᠳᠠᠷᠤᠭ᠎ᠠ    ᠯᠢ ᠵᠢᠶᠠᠨ ᠮᠢᠨ  ᠠᠶᠢᠮᠠᠭ ᠤᠨ ᠤᠰᠤᠨ ᠠᠰᠢᠭᠯᠠᠯᠲᠠ ᠶᠢᠨ ᠲᠣᠪᠴᠢᠶᠠᠨ ᠤ ᠳᠡᠳ᠋ ᠳᠠᠷᠤᠭ᠎ᠠ    ᠴᠦᠨ ᠬᠤᠩ  ᠠᠶᠢᠮᠠᠭ ᠤᠨ ᠬᠤᠳᠠᠯᠳᠤᠭᠠᠨ ᠤ ᠶᠠᠪᠤᠳᠠᠯ ᠤᠨ ᠪᠣᠭᠤᠮᠲᠠ ᠶᠢᠨ ᠲᠣᠪᠴᠢᠶ᠎ᠠ ᠶᠢᠨ ᠳᠡᠳ᠋ ᠳᠠᠷᠤᠭ᠎ᠠ    ᠵᠢᠤᠢ  ᠯᠧ  ᠠᠶᠢᠮᠠᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶᠠᠨ ᠤ ᠳᠡᠳ᠋ ᠳᠠᠷᠤᠭ᠎ᠠ    ᠸᠠᠩ ᠸᠧᠶ  ᠠᠶᠢᠮᠠᠭ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶᠠᠨ ᠤ ᠳᠡᠳ᠋    ᠵᠧᠩ ᠰᠢᠶᠠᠩ ᠶᠢᠩ ᠶᠢᠨ ᠠᠶᠢᠮᠠᠭ ᠤᠨ ᠠᠮᠢ ᠠᠬᠤᠶ ᠶᠢᠨ ᠣᠷᠴᠢᠨ ᠨᠥᠬᠦᠴᠡᠯ ᠤᠨ ᠲᠣᠪᠴᠢᠶᠠᠨ ᠤ ᠳᠡᠳ᠋ ᠳᠠᠷᠤᠭ᠎ᠠ   ᠯᠢᠦ ᠸᠧᠨ ᠮᠢᠩ ᠠᠶᠢᠮᠠᠭ ᠤᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠲᠠᠷᠢᠶᠠᠯᠠᠩ ᠤᠨ ᠰᠤᠳᠤᠯᠭᠠᠨ ᠤ ᠭᠠᠵᠠᠷ ᠤᠨ ᠨᠠᠮ ᠤᠨ ᠶᠡᠷᠦᠩᠬᠡᠶ ᠡᠭᠦᠷ ᠤᠨ ᠱᠦᠵᠢ    ᠮᠠᠤ ᠬᠤᠩ ᠬᠠᠶ  ᠠᠶᠢᠮᠠᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠳᠡᠳ᠋ ᠡᠷᠬᠢᠯᠡᠭᠴᠢ    ᠰᠢᠶᠧ ᠰᠢᠶᠤᠤ ᠸᠧᠨ  ᠠᠶᠢᠮᠠᠭ ᠤᠨ ᠤᠢ ᠰᠢᠭᠤᠶ ᠡᠪᠡᠰᠦ ᠪᠡᠯᠴᠢᠭᠡᠷ ᠤᠨ ᠲᠣᠪᠴᠢᠶ᠎ᠠ ᠶᠢᠨ ᠳᠡᠳ᠋ ᠳᠠᠷᠤᠭ᠎ᠠ ᠳᠤ ᠲᠠᠯᠠᠷᠬᠠᠵᠤ ᠪᠠᠶᠢᠨ᠎ᠠ    ᠵᠠᠩ ᠺᠧ ᠢᠦᠢ  ᠠᠶᠢᠮᠠᠭ ᠤᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶᠠᠨ ᠤ ᠳᠡᠳ᠋ ᠳᠠᠷᠤᠭ᠎ᠠ   ᠵᠧᠦ ᠴᠢᠩ ᠵᠢᠶᠦ᠋ᠨ ᠠᠶᠢᠮᠠᠭ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶᠠᠨ ᠤ ᠳᠡᠳ᠋ ᠳᠠᠷᠤᠭ᠎ᠠ    ᠵᠠᠩ ᠰᠢᠶᠤᠤ ᠢ ᠠᠶᠢᠮᠠᠭ ᠤᠨ ᠠᠵᠤ ᠠᠬᠤᠶ ᠮᠡᠷᠭᠡᠵᠢᠯ ᠤᠨ ᠨᠡᠭᠡᠭᠡᠨ ᠬᠥᠭᠵᠢᠭᠦᠯᠦᠯᠲᠡ ᠶᠢᠨ ᠣᠷᠣᠨ ᠤ ᠬᠠᠮᠢᠶᠠᠷᠤᠯᠲᠠ ᠶᠢᠨ ᠵᠥᠪᠯᠡᠯ ᠤᠨ ᠳᠡᠳ᠋ ᠡᠷᠬᠢᠯᠡᠭᠴᠢ    ᠵᠠᠩ ᠳ᠋ᠠ ᠸᠧᠶ  ᠠᠶᠢᠮᠠᠭ ᠤᠨ ᠴᠠᠭ ᠠᠭᠤᠷ ᠤᠨ ᠲᠣᠪᠴᠢᠶᠠᠨ ᠤ ᠳᠡᠳ᠋ ᠳᠠᠷᠤᠭ᠎ᠠ    ᠵᠠᠩ ᠯᠢ ᠷᠦᠩ  ᠠᠶᠢᠮᠠᠭ ᠤᠨ ᠰᠢᠦᠳᠠᠨ ᠤ ᠬᠠᠮᠢᠶᠠᠷᠤᠯᠲᠠ ᠶᠢᠨ ᠲᠣᠪᠴᠢᠶ᠎ᠠ ᠶᠢᠨ ᠳᠡᠳ᠋ ᠳᠠᠷᠤᠭ᠎ᠠ    ᠬᠤᠶᠠᠷ᠂ ᠪᠤᠰᠤᠳ ᠵᠦᠢᠯ ᠤᠳ    ︵ᠨᠢᠭᠡ︶ ᠤᠳᠤᠷᠢᠳᠬᠤ ᠳᠤᠭᠤᠶᠢᠯᠠᠩ ᠤᠨ ᠠᠯᠪᠠᠨ ᠬᠡᠷ ᠢ ᠠᠶᠢᠮᠠᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠳᠤ ᠪᠠᠶᠢᠷᠢᠯᠠᠭᠤᠯᠵᠤ᠂ ᠠᠯᠪᠠᠨ ᠬᠡᠷ ᠤᠨ ᠡᠷᠬᠢᠯᠡᠭᠴᠢ ᠶᠢᠨ ᠲᠤᠰᠢᠶᠠᠯ ᠢ ᠰᠥᠩ ᠰᠢᠩ ᠾᠧ ᠨᠥᠬᠦᠷ ᠬᠠᠪᠰᠤᠷᠭᠠᠨ ᠬᠠᠷᠢᠭᠤᠴᠠᠵᠤ᠂ ᠠᠯᠪᠠᠨ ᠬᠡᠷ ᠤᠨ ᠳᠡᠳ᠋ ᠡᠷᠬᠢᠯᠡᠭᠴᠢ ᠶᠢᠨ ᠲᠤᠰᠢᠶᠠᠯ ᠢ ᠵᠢᠶᠠᠩ ᠶᠠᠨ ᠯᠢ ᠨᠥᠬᠦᠷ ᠬᠠᠪᠰᠤᠷᠭᠠᠨ ᠬᠠᠷᠢᠭᠤᠴᠠᠨ᠎ᠠ᠂ ᠬᠠᠷᠢᠯᠴᠠᠬᠤ ᠬᠥᠮᠦᠨ᠄ ᠮᠥ ᠽᠧ ᠮᠢᠩ᠂ ᠬᠠᠷᠢᠯᠴᠠᠬᠤ ᠤᠲᠠᠰᠤ᠄ 2779050᠂ 13451399696᠃    ᠡᠯ᠎ᠡ ᠪᠦᠷᠢᠯᠳᠦᠬᠦᠨ ᠨᠢᠭᠡᠴᠢ ᠨᠦᠭᠦᠳ 1 ᠬᠠᠷᠢᠯᠴᠠᠬᠤ ᠬᠦᠮᠦᠨ ᠢ ᠲᠣᠭᠲᠠᠭᠠᠬᠤ ᠶᠢᠨ ᠬᠠᠮᠲᠤ ᠬᠤᠯᠪᠣᠭᠳᠠᠯ ᠪᠥᠬᠦᠶ ᠮᠡᠳᠡᠭᠡ ᠵᠠᠩᠭᠢ ᠶᠢ ᠤᠳᠤᠷᠢᠳᠬᠤ ᠳᠤᠭᠤᠶᠢᠯᠠᠩ ᠤᠨ ᠠᠯᠪᠠᠨ ᠬᠡᠷ ᠲᠤ ᠮᠡᠳᠡᠭᠦᠯᠦᠨ ᠬᠦᠷᠭᠡᠬᠦ ᠶᠢ ᠬᠦᠰᠡᠵᠦ ᠪᠠᠶᠢᠨ᠎ᠠ᠃    ︵ᠬᠤᠶᠠᠷ︶ ᠬᠤᠶᠢᠰᠢᠳᠠ᠂ ᠠᠶᠢᠮᠠᠭ ᠤᠨ ᠤᠳᠤᠷᠢᠳᠤᠯᠭ᠎ᠠ ᠠᠴᠠ ᠪᠤᠰᠤᠳ ᠬᠥᠮᠦᠰ ᠲᠤ ᠬᠤᠪᠢᠷᠠᠯᠲᠠ ᠭᠠᠷᠪᠠᠯ᠂ ᠤᠳᠤᠷᠢᠳᠬᠤ ᠳᠤᠭᠤᠶᠢᠯᠠᠩ ᠠᠴᠠ ᠥᠪᠡᠰᠦᠪᠡᠨ ᠲᠣᠬᠢᠷᠠᠭᠤᠯᠤᠯᠲᠠ ᠬᠢᠵᠦ᠂ ᠠᠶᠢᠮᠠᠭ ᠤᠨ ᠵᠠᠬᠢᠷᠭ᠎ᠠ ᠶᠢᠨ ᠠᠯᠪᠠᠨ ᠬᠡᠷ ᠠᠴᠠ ᠳᠠᠭᠢᠵᠤ ᠠᠰ ᠲᠤᠨᠢ ᠪᠢᠴᠢᠭ ᠮᠠᠲ᠋ᠧᠷᠢᠶᠠᠯ ᠶᠠᠪᠤᠭᠤᠯᠬᠤ ᠥᠬᠡᠶ᠃                                                                    2021 ᠣᠨ ᠤ 12 ᠰᠠᠷ᠎ᠠ ᠶᠢᠨ 28 ᠤ ᠡᠳᠦᠷ 
 
ᠢᠷᠡᠯᠲᠡ᠄ ᠬᠢᠩᠭᠠᠨ ᠠᠶᠢᠮᠠᠭ ᠤᠨ ᠵᠠᠬᠢᠷᠭ᠎ᠠ ᠶᠢᠨ ᠠᠯᠪᠠᠨ ᠭᠡᠷ 
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号