ᠵᠢᠦ ᠯᠦᠩ ᠰᠢᠶᠠᠩ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠯᠠᠪᠳᠠᠭᠤᠨ ᠪᠠᠳᠤᠳᠠᠢ ᠦᠷᠨᠢᠭᠦᠯᠵᠤ ᠪᠤᠢ
ᠨᠡᠶᠢᠲᠡᠯᠡᠭᠰᠡᠨ ᠴᠠᠭ᠄
2022/1/29
   ᠴᠠᠭᠠᠨ ᠰᠠᠷ᠎ᠠ ᠬᠦᠷᠴᠦ ᠢᠷᠡᠬᠦ ᠳᠠᠰᠢᠷᠠᠮ ᠢᠶᠠᠷ᠂ ᠬᠦᠮᠦᠰ ᠤᠨ ᠨᠠᠭᠠᠰᠢ ᠴᠠᠭᠠᠰᠢ ᠶᠠᠪᠤᠵᠤ ᠰᠠᠭᠤᠬᠤ ᠴᠤᠪᠤᠷᠠᠯ ᠣᠯᠠᠰᠢᠷᠠᠬᠰᠠᠨ ᠪᠠᠶᠢᠨ᠎ᠠ᠂ ᠡᠨᠡ ᠬᠦ ᠪᠠᠶᠢᠳᠡᠯ ᠳᠤ ᠴᠢᠭᠯᠡᠬᠦᠯᠤᠨ᠂ ᠲᠦᠴᠢᠤᠸᠠᠨ ᠰᠢᠶᠠᠨ ᠤ ᠵᠢᠦ ᠯᠦᠩ ᠰᠢᠶᠠᠩ ᠤᠨ ᠬᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠳᠤ ᠨᠠᠩ ᠥᠨᠳᠥᠷ ᠱᠠᠭᠠᠷᠳᠠᠯᠭ᠎ᠠ ᠲᠠᠯᠪᠢᠵᠤ ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠰᠡᠷᠭᠡᠶᠢᠯᠡᠨ ᠡᠵᠡᠮᠳᠡᠬᠦ ᠬᠠᠷᠢᠭᠤᠴᠠᠯᠭ᠎ᠠ ᠪᠠᠨ ᠴᠢᠩᠭᠠᠳᠬᠠᠵᠤ᠂ ᠬᠢᠵᠢᠭ ᠤᠨ ᠪᠠᠶᠢᠳᠠᠯ ᠢ ᠪᠠᠶᠢᠩᠭᠤᠵᠢᠭᠤᠯᠤᠨ ᠰᠡᠷᠭᠡᠶᠢᠯᠡᠨ ᠡᠵᠡᠮᠳᠡᠬᠦ ᠠᠵᠢᠯ ᠢ ᠯᠠᠪᠳᠠᠭᠤᠨ ᠪᠠᠲᠤᠲᠠᠶ ᠦᠷᠨᠢᠬᠦᠯᠵᠤ ᠪᠤᠢ᠃   ᠰᠢᠨᠵᠢᠯᠡᠬᠦ ᠤᠬᠠᠭᠠᠨᠴᠢ ᠪᠠᠷ ᠲᠥᠯᠥᠪᠯᠡᠨ᠂ ᠡᠯ᠎ᠠ ᠰᠠᠯᠠᠭ᠎ᠠ ᠮᠦᠴᠢᠷ ᠤᠨ ᠭᠤᠤᠯ ᠴᠤᠬᠴᠠ ᠶᠢᠨ ᠬᠠᠷᠢᠭᠤᠴᠠᠯᠭ᠎ᠠ ᠶᠢ ᠨᠠᠷᠢᠯᠢᠬᠵᠢᠭᠤᠯᠤᠨ ᠨᠠᠶᠢᠳᠠᠪᠤᠷᠢᠵᠢᠭᠤᠯᠪᠠ᠃ ᠵᠢᠦ ᠯᠦᠩ ᠰᠢᠶᠠᠩ ᠤᠨ ᠬᠢᠨ ᠰᠢᠶᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠤᠨ ᠪᠠᠶᠢᠷᠢᠯᠠᠭᠤᠯᠤᠯᠲᠠ ᠶᠢ ᠴᠢᠩᠭ᠎ᠠ ᠨᠠᠶᠢᠳᠠᠪᠤᠷᠢᠵᠢᠭᠤᠯᠵᠤ᠂ ᠬᠥᠳᠡᠭᠡ ᠲᠣᠰᠬᠤᠨ ᠬᠤᠶᠠᠷ ᠱᠠᠲᠤᠨ ᠤ ᠬᠢᠨ ᠲᠤᠰ ᠲᠤᠰ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠤᠳᠤᠷᠢᠳᠬᠤ ᠳᠤᠭᠤᠶᠢᠯᠠᠩ ᠪᠠᠶᠢᠭᠤᠯᠵᠤ᠂ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠭᠦᠢᠴᠡᠳ ᠪᠠᠳᠠᠷᠠᠭᠤᠯᠤᠨ᠂ ︽ᠵᠢᠦ ᠯᠦᠩ ᠰᠢᠶᠠᠩ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠪᠠᠴᠢᠮ ᠪᠠᠶᠢᠳᠠᠯ ᠢ ᠠᠷᠭᠠᠴᠠᠬᠤ ᠲᠥᠰᠦᠯ︾ ᠢ ᠰᠢᠨᠡᠳᠬᠡᠵᠦ᠂ ᠰᠡᠷᠭᠡᠶᠢᠯᠡᠨ ᠡᠵᠡᠮᠳᠡᠬᠦ ᠠᠵᠢᠯ ᠤᠨ ᠰᠢᠨᠵᠢᠯᠡᠬᠦ ᠤᠬᠠᠭᠠᠨᠴᠢ ᠡᠮᠬᠢ ᠳᠢᠭᠯᠢᠮ ᠲᠠᠢ ᠪᠠᠶᠢᠬᠤ ᠶᠢ ᠪᠠᠲᠤᠯᠠᠵᠠᠢ᠃ ᠳᠠᠭᠠᠭᠠᠴᠢᠯᠠᠨ ᠬᠤᠯᠪᠣᠭᠠᠯᠠᠬᠤ ᠲᠣᠭᠲᠠᠴᠠ ᠶᠢ ᠪᠠᠶᠢᠭᠤᠯᠵᠤ᠂ ᠰᠢᠶᠠᠩ ᠤᠨ ᠭᠤᠣᠯ ᠤᠳᠤᠷᠢᠳᠤᠯᠭ᠎ᠠ ᠲᠦᠷᠦᠭᠦᠯᠡᠨ ᠳᠠᠭᠠᠭᠠᠴᠢᠯᠠᠨ ᠬᠤᠯᠪᠣᠭᠠᠯᠠᠵᠤ᠂ ᠨᠠᠮ ᠤᠨ ᠭᠡᠰᠢᠬᠦᠨ ᠺᠠᠳ᠋ᠷ ᠲᠣᠰᠬᠤᠨ ᠢ ᠳᠠᠭᠠᠭᠠᠴᠢᠯᠠᠵᠤ᠂ ᠲᠣᠰᠬᠤᠨ ᠤ ᠠᠷᠠᠳ ᠤᠨ ᠲᠥᠯᠥᠭᠡᠯᠡᠭᠴᠢ ᠪᠠ ᠨᠠᠮ ᠤᠨ ᠭᠡᠰᠢᠭᠦᠨ ᠡᠷᠦᠭᠡ ᠶᠢ ᠳᠠᠭᠠᠭᠠᠴᠢᠯᠠᠵᠤ᠂ ᠱᠠᠳᠤ ᠱᠠᠳᠤ ᠪᠠᠷ ᠰᠡᠷᠭᠡᠶᠢᠯᠡᠨ ᠡᠵᠡᠮᠳᠡᠬᠦ ᠠᠵᠢᠯ ᠢ ᠠᠳᠬᠤᠬᠤ ᠪᠠᠶᠢᠳᠠᠯ ᠢ ᠪᠤᠢ ᠪᠣᠯᠭᠠᠪᠠ᠃   ᠰᠤᠷᠢᠯᠳᠠ ᠪᠤᠯᠪᠠᠰᠤᠷᠠᠯ ᠬᠢᠵᠦ᠂ ᠺᠠᠳ᠋ᠷ ᠤᠯᠠᠨ ᠲᠦᠮᠡᠨ ᠤ ᠰᠡᠷᠭᠡᠶᠢᠯᠡᠨ ᠡᠵᠡᠮᠳᠡᠬᠦ ᠤᠬᠠᠮᠰᠠᠷ ᠢ ᠦᠨᠡᠨ ᠬᠦ ᠳᠡᠭᠡᠭᠰᠢᠯᠡᠭᠦᠯᠪᠡ᠃ ᠬᠢᠵᠢᠭ ᠤᠨ ᠪᠠᠶᠢᠳᠠᠯ ᠢ ᠪᠠᠶᠢᠩᠭᠤᠵᠢᠭᠤᠯᠤᠨ ᠰᠡᠷᠭᠡᠶᠢᠯᠡᠨ ᠡᠵᠡᠮᠳᠡᠬᠦ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠬᠦ ᠶᠢᠨ ᠲᠥᠯᠥᠭᠡ᠂ ᠪᠥᠬᠦ ᠠᠵᠢᠯᠲᠠᠨ ᠤ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠶᠢᠨ ᠲᠤᠬᠠᠶ ᠶᠢᠨ ᠲᠠᠯᠠᠪᠤᠷ ᠢ ᠵᠢᠯᠣᠭᠤᠳᠬᠤ᠂ ᠵᠣᠬᠢᠶᠠᠨ ᠪᠠᠶᠢᠭᠤᠯᠤᠨ ᠵᠣᠬᠢᠴᠠᠭᠤᠯᠬᠤ᠂ ᠵᠣᠯᠭᠠᠭᠤᠯᠤᠨ ᠬᠠᠮᠵᠢᠯᠴᠠᠬᠤ ᠪᠠ ᠪᠠᠴᠢᠮ ᠪᠠᠶᠢᠳᠠᠯ ᠢ ᠠᠷᠭᠠᠴᠠᠬᠤ ᠴᠢᠳᠠᠪᠤᠷᠢ ᠶᠢ ᠳᠡᠭᠡᠭᠰᠢᠯᠡᠭᠦᠯᠬᠦ ᠪᠠᠷ ᠣᠶᠢᠷ᠎ᠠ ᠳᠤ᠂ ᠵᠢᠦ ᠯᠦᠩ ᠰᠢᠶᠠᠩ ᠤᠨ 13 ᠵᠠᠰᠠᠭ ᠵᠠᠬᠢᠷᠭᠠᠨ ᠤ ᠲᠣᠰᠬᠤᠨ ᠳᠤ ᠲᠣᠰ ᠲᠣᠰ ᠪᠥᠬᠦ ᠠᠵᠢᠯᠲᠠᠨ ᠤ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠶᠢᠨ ᠰᠣᠷᠢᠯᠲᠠ ᠶᠢ ᠬᠢᠭᠰᠡᠨ ᠪᠠᠶᠢᠨ᠎ᠠ᠂ ᠰᠣᠷᠢᠯᠲᠠ ᠶᠢᠨ ᠲᠤᠬᠠᠶ ᠶᠢᠨ ᠲᠠᠯᠠᠪᠤᠷ ᠲᠤ ᠱᠠᠭᠠᠷᠳᠠᠯᠭ᠎ᠠ ᠶᠣᠰᠣ ᠪᠠᠷ ᠬᠦᠯᠢᠶᠡᠬᠦ ᠲᠣᠭᠤᠷᠢᠭ᠂ ᠮᠡᠳᠡᠭᠡ ᠵᠠᠩᠭᠢ ᠳᠠᠩᠰᠠᠯᠠᠬᠤ ᠲᠣᠭᠤᠷᠢᠭ᠂ ᠥᠯᠢᠭᠡᠷ ᠠᠪᠬᠤ ᠲᠣᠭᠤᠷᠢᠭ᠂ ᠡᠮᠴᠢᠯᠡᠭᠡᠨ ᠤ ᠬᠤᠭ ᠨᠣᠪᠰᠢ ᠶᠢ ᠬᠤᠷᠢᠶᠠᠨ ᠴᠤᠭᠯᠠᠭᠤᠯᠬᠤ ᠭᠠᠵᠠᠷ᠂ ᠲᠤᠰᠠᠭᠠᠷᠯᠠᠬᠤ ᠲᠣᠭᠤᠷᠢᠭ ᠵᠡᠷᠭᠡ ᠶᠢ ᠪᠠᠶᠢᠷᠢᠯᠠᠭᠤᠯᠵᠠᠶ᠃ ᠵᠢᠦ ᠯᠦᠩ ᠰᠢᠶᠠᠩ ᠰᠣᠷᠢᠯᠲᠠ ᠬᠢᠬᠦ ᠪᠠᠷ ᠳᠠᠮᠵᠢᠭᠤᠯᠤᠨ ᠦᠨᠡᠨ ᠠᠴᠠ ᠵᠥᠪ ᠢ ᠡᠷᠢᠬᠦ ᠣᠪᠣᠷ ᠢᠶᠠᠷ ᠤᠷᠤᠰᠢᠵᠦ ᠪᠠᠶᠢᠭ᠎ᠠ ᠠᠰᠠᠭᠤᠳᠠᠯ ᠢᠶᠠᠨ ᠡᠷᠢᠨ ᠭᠠᠷᠭᠠᠵᠤ᠂ ᠳᠤᠳᠠᠭᠤᠳᠠᠯ ᠢᠶᠠᠨ ᠨᠥᠬᠦᠪᠥᠷᠢᠯᠡᠨ᠂ ᠣᠯᠠᠨ ᠲᠦᠮᠡᠨ ᠤ ᠬᠢᠵᠢᠭ ᠤᠨ ᠪᠠᠶᠢᠳᠠᠯ ᠤᠨ ᠪᠠᠴᠢᠮ ᠪᠠᠶᠢᠳᠠᠯ ᠢ ᠠᠷᠭᠠᠴᠠᠭᠠᠨ ᠰᠢᠶ᠋ᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠦᠨ᠂ ᠣᠯᠠᠨ ᠲᠦᠮᠡᠨ ᠤ ᠰᠡᠷᠭᠡᠶᠢᠯᠡᠨ ᠡᠵᠡᠮᠳᠡᠬᠦ ᠤᠬᠠᠮᠰᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃   ᠬᠥᠮᠦᠨ ᠪᠠ ᠪᠤᠳᠠᠰ ᠢ ᠰᠡᠷᠭᠡᠶᠢᠯᠡᠵᠦ᠂ ᠬᠢᠵᠢᠭ ᠢ ᠰᠡᠷᠭᠡᠶᠢᠯᠡᠬᠦ ᠡᠳ᠋ ᠪᠣᠳᠠᠰ ᠤᠨ ᠨᠥᠭᠡᠴᠡᠯᠡᠯᠲᠡ ᠶᠢ ᠦᠨᠡᠨ ᠬᠦ ᠪᠠᠲᠤᠯᠠᠵᠠᠢ᠃ ᠵᠢᠦ ᠯᠦᠩ ᠰᠢᠶᠠᠩ ᠤᠨ ᠡᠯ᠎ᠡ ᠲᠦᠷᠦᠯ ᠤᠨ ᠬᠢᠵᠢᠭ ᠢ ᠰᠡᠷᠭᠡᠶᠢᠯᠡᠬᠦ ᠡᠳ᠋ ᠪᠠᠷᠠᠭ᠎ᠠ ᠶᠢ ᠪᠣᠳᠠᠲᠠᠢ ᠬᠤᠳᠠᠯᠳᠤᠨ ᠠᠪᠴᠤ᠂ ᠬᠢᠵᠢᠭ ᠢ ᠰᠡᠷᠭᠡᠶᠢᠯᠡᠬᠦ ᠡᠳ᠋ ᠪᠠᠷᠠᠭ᠎ᠠ ᠶᠢᠨ ᠨᠥᠭᠡᠴᠡ ᠨᠢ ᠰᠡᠷᠭᠡᠶᠢᠯᠡᠨ ᠡᠵᠡᠮᠳᠡᠬᠦ ᠬᠡᠷᠡᠭᠴᠡᠭᠡ ᠶᠢ ᠭᠦᠢᠴᠡᠳ ᠬᠠᠩᠭᠠᠵᠤ᠂ ᠵᠠᠩᠭᠢᠯᠠᠭ᠎ᠠ ᠶᠢᠨ ᠦᠶ᠎ᠡ ᠳᠤ ᠠᠪᠴᠤ ᠳᠡᠶᠢᠯᠬᠦ᠂ ᠲᠦᠷᠭᠡᠨ ᠲᠤᠬᠢᠷᠠᠭᠤᠯᠬᠤ᠂ ᠬᠡᠷᠡᠭᠯᠡᠵᠦ ᠳᠡᠶᠢᠯᠬᠦ᠂ ᠪᠠᠲᠤᠯᠠᠭ᠎ᠠ ᠲᠠᠢ ᠪᠠᠶᠢᠬᠤ ᠶᠢ ᠪᠠᠲᠤᠯᠠᠵᠤ᠂ ᠤᠯᠠᠨ ᠲᠦᠮᠡᠨ ᠤ ᠠᠮᠤᠷ ᠲᠦᠪᠰᠢᠨ ᠰᠠᠨᠠᠭ᠎ᠠ ᠠᠮᠤᠷ ᠴᠠᠭᠠᠯᠠᠬᠤ ᠳᠤ ᠪᠠᠳᠤᠯᠠᠭ᠎ᠠ ᠬᠠᠨᠭ᠍ᠭᠠᠵᠠᠢ᠃ ︵ᠬᠤ᠋ ᡁᠢ ᠮᠢᠨ ᠳ᠋ᠢᠩ ᠽᠧ ᠮᠢᠨ︶
 
ᠢᠷᠡᠯᠲᠡ᠄ ᠬᠢᠩᠭᠠᠨ ᠤ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号