ᠱᠠᠩᠬᠠᠢ ᠠᠴᠠ ᠨᠤᠳᠤᠭ ᠲᠤ ᠪᠠᠨ ᠪᠤᠴᠠᠬᠰᠠᠨ ᠡᠯᠧᠺᠲᠷᠤᠨ ᠬᠤᠳᠠᠯᠳᠤᠭᠠᠴᠢᠨ — ᠳ᠋ᠦᠩ ᠲᠠᠨ᠎ᠠ
ᠨᠡᠶᠢᠲᠡᠯᠡᠭᠰᠡᠨ ᠴᠠᠭ᠄
2022/10/25
      ᠳ᠋ᠦᠩ ᠲᠠᠨ᠎ᠠ ᠶᠢ ᠱᠠᠩᠬᠠᠢ ᠳᠤ ᠠᠷᠪᠠᠨ ᠵᠢᠯ ᠠᠵᠢᠯᠯᠠᠭᠠᠳ ᠨᠤᠳᠤᠭ ᠲᠠᠭᠠᠨ ᠪᠤᠴᠠᠵᠦ ᠦᠢᠯᠡᠰ ᠪᠤᠰᠬᠠᠬᠰᠠᠨ ᠰᠤᠷᠠᠭ ᠢᠶᠠᠷ ᠲᠡᠬᠦᠨ ᠢ ᠰᠤᠷᠪᠤᠯᠵᠢᠯᠠᠬᠰᠠᠨ ᠶᠤᠮ᠃ ᠲᠠᠨ᠎ᠠ ᠶᠢᠨ ᠡᠷᠬᠢᠯᠡᠵᠦ ᠪᠠᠶᠢᠭ᠎ᠠ ︽ᠭᠤᠶᠤᠬᠠᠨ︾ ᠬᠡᠳᠡᠭ ᠮᠤᠩᠭᠤᠯ ᠬᠤᠪᠴᠠᠰᠦ ᠵᠠᠰᠠᠯ ᠤᠨ ᠲᠡᠯᠬᠡᠬᠦᠷ ᠨᠢ ᠤᠯᠠᠭᠠᠨᠬᠤᠳᠠ ᠶᠢᠨ ᠬᠦᠭᠵᠢᠶᠡᠨᠳᠤ ᠵᠡᠬᠡᠯᠢ ᠠᠴᠠ ᠵᠠᠶᠢᠳᠠᠭᠤ ᠪᠦᠭᠡᠳ ᠵᠢᠵᠢᠭᠭᠡᠨ ᠲᠡᠯᠬᠡᠬᠦᠷ ᠯᠡ ᠪᠠᠶᠢᠯ᠎ᠠ᠃ ᠡᠬᠦᠨ ᠢ ᠬᠠᠷᠠᠬᠰᠠᠨ ᠪᠢ ᠲᠤᠳᠤᠷ᠎ᠠ ᠪᠠᠨ ︽ᠡᠳᠡᠨ ᠤ ᠬᠢᠨ ᠬᠤᠳᠠᠯᠳᠤᠭ᠎ᠠ ᠮᠠᠶᠢᠮᠠᠢ ᠨᠢ ᠶᠠᠭᠤ ᠴᠤ ᠦᠬᠡᠢ ᠪᠠ︖︾ ᠬᠡᠬᠦ ᠡᠷᠡᠬᠡᠯᠵᠡᠯ ᠲᠠᠢ ᠰᠤᠷᠪᠤᠯᠵᠢᠯᠠᠭ᠎ᠠ ᠠᠪᠴᠦ ᠪᠠᠷ ᠬᠦᠷᠦᠯ᠎ᠡ᠃ ᠬᠡᠪᠡᠴᠦ ᠲᠠᠨ᠎ᠠ ᠲᠠᠢ ᠵᠤᠭᠤᠬᠳᠠᠬᠤ ᠪᠠᠷ ᠲᠠᠮᠵᠢᠭᠠᠳ ᠬᠦᠮᠦᠨ ᠤ ᠨᠢᠳᠦᠨ ᠳᠤ ᠦᠷᠳᠦᠮᠡᠷ ᠦᠬᠡᠢ ᠲᠠᠨ᠎ᠠ ᠶᠢᠨ ᠲᠡᠯᠬᠡᠬᠦᠷ ᠤᠨ ᠬᠤᠪᠴᠠᠰᠦ ᠵᠠᠰᠠᠯ ᠨᠢ ᠠᠮᠧᠷᠢᠺᠠ᠂ ᠢᠲ᠋ᠠᠯᠢ᠂ ᠹᠷᠠᠨᠼᠢ᠂ ᠶᠠᠫᠤᠨ ᠵᠡᠷᠭᠡ ᠤᠯᠤᠰ ᠪᠠ ᠭᠤᠸᠠᠩᠳᠦ᠋ᠩ᠂ ᠱᠠᠩᠬᠠᠢ ᠵᠡᠷᠭᠡ ᠲᠤᠮᠤ ᠬᠤᠳᠠ ᠪᠠᠷ ᠪᠤᠷᠤᠯᠠᠭᠤᠯᠤᠬᠳᠠᠵᠦ ᠪᠠᠶᠢᠭ᠎ᠠ ᠶᠢ ᠮᠡᠳᠡᠭᠡᠳ ᠦᠪᠡᠷ ᠤᠨ ᠡᠷᠬᠡ ᠦᠬᠡᠢ ᠭᠠᠶᠢᠬᠠᠰᠢ ᠠᠯᠳᠠᠵᠦ᠂ ᠦᠪᠡᠷ ᠢᠶᠠᠨ ᠭᠠᠭᠴᠠ ᠭᠠᠳᠠᠨᠠᠬᠢ ᠪᠠᠶᠢᠳᠠᠯ ᠢ ᠨᠢ ᠬᠠᠷᠠᠭᠠᠳ ᠪᠤᠷᠤᠭᠤ ᠮᠠᠭᠠᠳᠯᠠᠯᠳᠠ ᠬᠢᠭᠰᠡᠨ ᠢᠶᠠᠨ ᠮᠡᠳᠡᠷᠡᠯ᠎ᠡ᠃    ᠳ᠋ᠦᠩ ᠲᠠᠨ᠎ᠠ ᠬᠢᠩᠭᠠᠨ ᠠᠶᠢᠮᠠᠭ ᠤᠨ ᠤᠯᠠᠭᠠᠨᠬᠤᠳᠠ ᠶᠢᠨ ᠤᠯᠠᠭᠠᠨᠬᠠᠳᠠ ᠪᠠᠯᠭᠠᠰᠦ ᠶᠢᠨ ᠭᠦᠩᠵᠦ᠋ᠯᠢᠩ ᠭᠠᠴᠠᠭ᠎ᠠ ᠪᠠᠷ ᠨᠤᠳᠤᠬᠳᠠᠢ᠃ 2007 ᠤᠨ ᠳᠤ ᠦᠪᠦᠷ ᠮᠤᠩᠭᠤᠯ ᠤᠨ ᠶᠡᠭᠡ ᠰᠤᠷᠭᠠᠭᠤᠯᠢ ᠶᠢᠨ ᠬᠤᠪᠴᠠᠰᠦ ᠵᠠᠰᠠᠯ ᠵᠢᠷᠤᠵᠦ ᠲᠦᠯᠦᠪᠯᠡᠬᠦ ᠲᠤᠰᠬᠠᠢ ᠮᠡᠷᠬᠡᠵᠢᠯ ᠠᠴᠠ ᠲᠡᠬᠦᠰᠦᠮᠡᠭᠴᠡ ᠺᠤᠮᠫᠢᠦ᠋ᠲ᠋ᠧᠷ ᠤᠨ ᠲᠤᠰᠬᠠᠢ ᠮᠡᠷᠬᠡᠵᠢᠯ ᠰᠤᠷᠤᠬᠰᠠᠨ ᠡᠷᠡᠭᠳᠡᠢ ᠨᠠᠶᠢᠵᠠ ᠲᠠᠢ ᠪᠠᠨ ᠬᠠᠮᠳᠤ ᠠᠯᠦᠰ ᠤᠨ ᠬᠦᠰᠡᠯ ᠢ ᠡᠪᠦᠷᠯᠡᠨ ᠱᠠᠩᠬᠠᠢ ᠬᠤᠳᠠ ᠶᠢ ᠴᠢᠭᠯᠡᠵᠡᠢ᠃ ᠲᠡᠳᠡ ᠬᠤᠶᠠᠭᠤᠯᠠ ᠱᠠᠩᠬᠠᠢ ᠬᠤᠳᠠ ᠶᠢᠨ ᠨᠢᠬᠡᠨ ᠲᠤᠮᠤ ᠬᠤᠪᠴᠠᠰᠦ ᠵᠠᠰᠠᠯ ᠵᠢᠷᠦᠵᠦ ᠲᠦᠯᠦᠪᠯᠡᠬᠦ ᠺᠤᠮᠫᠠᠨᠢ ᠳᠤ ᠬᠦᠯ ᠲᠤᠬᠳᠠᠵᠦ᠂ ᠲᠠᠪᠰᠢᠬᠰᠠᠨ ᠭᠠᠵᠠᠷ ᠤᠨ ᠮᠡᠷᠬᠡᠵᠢᠯ ᠢ ᠰᠤᠷᠴᠦ᠂ ᠨᠢᠬᠡ ᠮᠡᠳᠡᠬᠦ ᠳᠤ ᠠᠷᠪᠠᠨ ᠵᠢᠯ ᠤᠨ ᠨᠢᠭᠤᠷ ᠢ ᠦᠵᠡᠵᠡᠢ᠃ ᠲᠡᠳᠡ ᠬᠤᠶᠠᠭᠤᠯᠠ ᠲᠤᠮᠤ ᠬᠤᠳᠠ ᠶᠢᠨ ᠰᠢᠨ᠎ᠡ ᠰᠡᠪᠡᠬᠦᠨ ᠵᠦᠢᠯ ᠢ ᠲᠠᠰᠦᠷᠠᠯᠳᠠ ᠦᠬᠡᠢ ᠬᠦᠯᠢᠶᠡᠨ ᠠᠪᠴᠦ ᠮᠡᠳᠡᠯᠬᠡ ᠮᠡᠷᠬᠡᠵᠢᠯ ᠢᠶᠠᠨ ᠲᠡᠬᠦᠯᠳᠡᠷᠵᠢᠬᠦᠯᠵᠦ ᠯᠡ ᠪᠠᠶᠢᠯ᠎ᠠ᠃ 2008 ᠤᠨ ᠳᠤ ᠱᠠᠩᠬᠠᠢ ᠬᠤᠳᠠᠨ ᠳᠤ ᠡᠯᠧᠺᠲᠷᠤᠨ ᠬᠤᠳᠠᠯᠳᠤᠭ᠎ᠠ ᠬᠦᠭᠵᠢᠶᠡᠨ ᠲᠠᠢ ᠪᠤᠯᠤᠬᠰᠠᠨ ᠳᠤ ᠲᠡᠷᠢᠬᠢ ᠰᠡᠷᠬᠡᠢ᠂ ᠬᠤᠯᠠ ᠶᠢᠨ ᠬᠠᠷᠠᠴᠠ ᠲᠠᠢ ᠲᠠᠨ᠎ᠠ ᠬᠡᠳᠦ᠋ᠢᠨ ᠰᠦᠯᠵᠢᠶᠡᠨ ᠲᠡᠭᠡᠷ᠎ᠡ ᠬᠤᠪᠴᠠᠰᠦ ᠬᠤᠨᠠᠷ ᠬᠤᠳᠠᠯᠳᠤᠵᠦ ᠡᠬᠢᠯᠡᠭᠰᠡᠨ ᠪᠠᠶᠢᠵᠠᠢ᠃ ᠬᠦᠮᠦᠨ ᠤ ᠭᠠᠵᠠᠷ ᠬᠦᠨᠳᠡᠯᠡᠨ ᠨᠤᠳᠤᠭ ᠢᠶᠠᠷ ᠠᠵᠢᠯᠯᠠᠵᠦ ᠶᠠᠪᠤᠬᠰᠠᠨ ᠲᠠᠨ᠎ᠠ ᠨᠠᠰᠦ ᠨᠡᠮᠡᠭᠳᠡᠬᠦ ᠲᠤᠳᠤᠮ ᠲᠦᠷᠦᠭᠰᠡᠨ ᠨᠤᠳᠤᠭ ᠢᠶᠠᠨ ᠤᠯᠠᠮ ᠢᠯᠡᠬᠦᠦ ᠰᠠᠨᠠᠭᠠᠯᠵᠠᠬᠤ ᠪᠤᠯᠤᠬᠰᠠᠨ ᠢᠶᠠᠷ᠂ 2015 ᠤᠨ ᠳᠤ ᠲᠦᠷᠦᠭᠰᠡᠨ ᠨᠤᠳᠤᠭ ᠤᠯᠠᠭᠠᠨᠬᠤᠳᠠ ᠳᠠᠭᠠᠨ ᠪᠤᠴᠠᠵᠦ ᠢᠷᠡᠵᠡᠢ᠃ ᠨᠤᠳᠤᠭ ᠲᠠᠭᠠᠨ ᠪᠤᠴᠠᠬᠰᠠᠨ ᠲᠠᠨ᠎ᠠ ᠶᠠᠭᠤ ᠨᠢᠬᠡ ᠶᠢ ᠬᠢᠬᠦ ᠪᠢᠯᠡ ᠬᠡᠵᠦ ᠰᠡᠳᠬᠢᠵᠦ ᠰᠠᠭᠤᠬᠤ ᠳᠠᠭᠠᠨ᠂ ᠮᠠᠨ ᠤ ᠡ᠊ᠨᠳᠡ ᠮᠤᠩᠭᠤᠯ ᠬᠤᠪᠴᠠᠰᠦᠨ ᠤ ᠪᠤᠳᠠᠳᠤ ᠲᠡᠯᠬᠡᠬᠦᠷ ᠤᠯᠠᠨ ᠪᠠᠶᠢᠭ᠎ᠠ ᠪᠤᠯᠪᠠᠴᠦ ᠰᠦᠯᠵᠢᠶᠡᠨ ᠲᠡᠭᠡᠷ᠎ᠡ ᠬᠤᠳᠠᠯᠳᠤᠵᠦ ᠪᠠᠶᠢᠭ᠎ᠠ ᠬᠦᠮᠦᠨ ᠴᠦᠬᠡᠨ ᠪᠠᠶᠢᠭ᠎ᠠ ᠶᠢ ᠠᠵᠢᠵᠦ ᠮᠡᠳᠡᠭᠡᠳ᠂ ︽ᠭᠤᠶᠤᠬᠠᠨ︾ ᠬᠡᠳᠡᠭ ᠨᠡᠷ᠎ᠡ ᠲᠠᠢ ᠮᠤᠩᠭᠤᠯ ᠬᠤᠪᠴᠠᠰᠦ ᠵᠠᠰᠠᠯ ᠤᠨ ᠲᠡᠯᠬᠡᠬᠦᠷ ᠢᠶᠠᠨ ᠨᠡᠬᠡᠬᠡᠵᠦ᠂ ᠭᠤᠤᠯᠳᠠᠭᠤ ᠡᠯᠧᠺᠲᠷᠤᠨ ᠬᠤᠳᠠᠯᠳᠤᠭᠠᠨ ᠤ ᠲᠡᠪᠴᠡᠩ ᠪᠤᠯᠬᠤ ᠲᠤᠤ ᠪᠤᠤ᠂ ᠫᠢᠨ ᠳ᠋ᠦᠸᠧ ᠳ᠋ᠦᠸᠧ ᠲᠡᠭᠡᠷ᠎ᠡ ᠬᠤᠳᠠᠯᠳᠤᠵᠦ ᠡᠬᠢᠯᠡᠵᠡᠢ᠃ ᠲᠠᠨ᠎ᠠ ᠬᠤᠪᠴᠠᠰᠦ ᠵᠠᠰᠠᠯ ᠵᠢᠷᠤᠵᠦ ᠲᠦᠯᠦᠪᠯᠡᠬᠦ ᠲᠤᠰᠬᠠᠢ ᠮᠡᠷᠬᠡᠵᠢᠯ ᠰᠤᠷᠤᠬᠰᠠᠨ ᠪᠠ ᠱᠠᠩᠬᠠᠢ ᠳᠤ ᠤᠯᠠᠨ ᠵᠢᠯ ᠬᠤᠪᠴᠠᠰᠦ ᠵᠠᠰᠠᠯ ᠵᠢᠷᠦᠵᠦ ᠲᠦᠯᠦᠪᠯᠡᠬᠦ ᠺᠤᠮᠫᠠᠨᠢ ᠳᠤ ᠠᠵᠢᠯᠯᠠᠵᠦ ᠡᠯᠧᠺᠲᠷᠤᠨ ᠬᠤᠳᠠᠯᠳᠤᠭ᠎ᠠ ᠬᠢᠵᠦ ᠪᠠᠶᠢᠬᠰᠠᠨ ᠲᠤᠷᠰᠢᠯᠭ᠎ᠠ ᠨᠢ ᠬᠤᠪᠴᠠᠰᠦ ᠵᠠᠰᠠᠯ ᠤᠨ ᠲᠡᠯᠬᠡᠬᠦᠷ ᠨᠡᠬᠡᠬᠡᠬᠦ ᠳᠤ ᠨᠢ ᠰᠠᠭᠤᠷᠢ ᠪᠤᠯᠤᠬᠰᠠᠨ ᠪᠠᠶᠢᠨ᠎ᠠ᠃ ᠬᠡᠪᠡᠴᠦ ᠲᠠᠨ᠎ᠠ ᠦᠪᠡᠷ ᠤᠨ ᠮᠡᠳᠡᠯᠬᠡ ᠮᠡᠷᠬᠡᠵᠢᠯ ᠳᠡᠭᠡᠨ ᠰᠡᠳᠬᠢᠯ ᠬᠠᠨᠤᠵᠦ᠂ ᠬᠠᠰᠢ ᠶᠠᠰᠢ ᠲᠡᠯᠬᠡᠬᠦᠷ ᠢᠶᠠᠨ ᠨᠡᠬᠡᠭᠡᠭᠰᠡᠨ ᠦᠬᠡᠢ ᠬᠠᠷᠢᠨ ᠬᠡᠷᠡᠭᠯᠡᠭᠴᠢᠳ ᠲᠤ ᠤᠯᠠᠮ ᠲᠠᠭᠠᠯᠠᠬᠳᠠᠬᠰᠠᠨ ᠮᠤᠩᠭᠤᠯ ᠲᠡᠷᠯᠢᠭ ᠬᠠᠩᠭᠠᠬᠤ ᠪᠠᠷ 2019 ᠤᠨ ᠳᠤ ᠬᠦᠬᠡᠬᠤᠳᠠ ᠳᠤ ᠬᠦᠷᠴᠦ ᠮᠤᠩᠭᠤᠯ ᠤᠯᠤᠰ ᠤᠨ ᠨᠡᠷᠡᠳᠤ ᠤᠶᠤᠳᠠᠯᠴᠢᠨ ᠪᠠᠭᠰᠢ ᠠᠴᠠ ᠡᠮᠵᠢᠶᠡᠷᠢ ᠲᠠᠷᠦᠬᠤ᠂ ᠲᠤᠪᠴᠢ ᠵᠠᠩᠬᠢᠳᠬᠤ ᠵᠡᠷᠭᠡ ᠨᠠᠷᠢᠯᠢᠭ ᠬᠤᠪᠴᠠᠰᠦ ᠡᠰᠬᠡᠬᠦ ᠮᠡᠷᠬᠡᠵᠢᠯ ᠢ ᠰᠠᠷ᠎ᠠ ᠭᠠᠷᠦᠢ ᠰᠤᠷᠤᠯᠴᠠᠬᠰᠠᠨ ᠪᠦᠭᠡᠳ ᠤᠯᠠᠭᠠᠨᠬᠤᠳᠠ ᠶᠢᠨ ᠨᠢᠬᠡᠨ ᠮᠤᠩᠭᠤᠯ ᠬᠤᠪᠴᠠᠰᠦ ᠤᠶᠤᠬᠤ ᠭᠠᠵᠠᠷ ᠬᠠᠭᠠᠰ ᠵᠢᠯ ᠰᠤᠷᠤᠯᠴᠠᠵᠦ ᠮᠡᠷᠬᠡᠵᠢᠯ ᠢᠶᠠᠨ ᠲᠡᠭᠡᠭᠰᠢᠯᠡᠬᠦᠯᠵᠡᠢ᠃    ᠤᠶᠢᠯᠠᠭᠠᠬᠰᠠᠨ ᠢᠶᠠᠷ᠂ ᠤᠳᠤ ᠲᠠᠨ᠎ᠠ ᠶᠢᠨ ᠲᠡᠯᠬᠡᠬᠦᠷ ᠲᠤ ᠬᠤᠶᠠᠷ ᠤᠶᠤᠳᠠᠯᠴᠢᠨ ᠲᠠᠢ᠂ ᠲᠡᠯᠬᠡᠬᠦᠷ ᠲᠤ ᠨᠢ ᠪᠠᠶᠢᠭ᠎ᠠ ᠬᠤᠪᠴᠠᠰᠦ ᠨᠢ ᠪᠦᠷ ᠵᠠᠬᠢᠶᠠᠯᠠᠭ᠎ᠠ ᠲᠤᠬᠳᠠᠬᠰᠠᠨ ᠠᠴᠠ ᠦᠵᠡᠬᠦ ᠳᠤ ᠬᠠᠩᠭᠠᠯᠭ᠎ᠠ ᠨᠢ ᠬᠡᠷᠡᠭᠴᠡᠭᠡ ᠳᠡᠭᠡᠨ ᠬᠦᠷᠬᠦ ᠦᠬᠡᠢ ᠪᠠᠶᠢᠭ᠎ᠠ ᠨᠢ ᠢᠯᠡᠬᠡᠨ᠃ ᠬᠤᠵᠢᠮ ᠤᠨ ᠬᠠᠷᠠᠯᠳᠠ ᠶᠢᠨ ᠲᠤᠬᠠᠢ ᠲᠠᠨ᠎ᠠ᠄ ︽ᠰᠢᠭᠤᠳ ᠨᠡᠪᠳᠡᠷᠡᠬᠦᠯᠬᠡ ᠬᠢᠵᠦ ᠬᠤᠳᠠᠯᠳᠤᠬᠤ ᠰᠠᠨᠠᠭ᠎ᠠ ᠪᠠᠶᠢᠪᠠᠴᠦ ᠤᠨᠤᠭ᠎ᠠ ᠬᠦᠷᠬᠦ ᠦᠬᠡᠢ ᠪᠠᠶᠢᠨ᠎ᠠ᠂ ᠬᠦᠮᠦᠨ ᠤ ᠬᠦᠴᠦ ᠬᠦᠷᠦᠯᠴᠡᠬᠦ ᠦᠬᠡᠢ ᠪᠠᠶᠢᠨ᠎ᠠ᠂ ᠵᠠᠬᠢᠶᠠᠯᠠᠭ᠎ᠠ ᠲᠤᠬᠳᠠᠬᠰᠠᠨ ᠬᠤᠪᠴᠠᠰᠦ ᠪᠠᠨ ᠴᠢᠨᠠᠷ ᠰᠠᠶᠢᠳᠠᠢ ᠬᠢᠵᠦ ᠲᠠᠭᠤᠰᠬᠠᠬᠤ ᠨᠢ ᠬᠠᠮᠤᠭ ᠤᠨ ᠴᠢᠬᠤᠯᠠ ᠶᠤᠮ᠃ ᠠᠭᠠᠵᠢᠮ ᠢᠶᠠᠷ ᠠᠵᠢᠯᠳᠠᠨ ᠡᠯᠰᠡᠵᠦ ᠰᠢᠭᠤᠳ ᠨᠡᠪᠳᠡᠷᠡᠬᠦᠯᠬᠡ ᠬᠢᠬᠦ ᠰᠠᠨᠠᠭ᠎ᠠ ᠲᠠᠢ ᠪᠠᠶᠢᠨ᠎ᠠ︾ ᠬᠡᠵᠦ ᠶᠠᠷᠢᠵᠦ ᠪᠠᠶᠢᠯ᠎ᠠ᠃ ᠰᠤᠷᠪᠤᠯᠵᠢᠯᠠᠬᠴᠢ ᠰᠡᠷᠬᠦᠯᠡᠩ    
 
ᠢᠷᠡᠯᠲᠡ᠄ ᠤᠯᠠᠭᠠᠨᠬᠤᠳᠠ ᠵᠢᠨ‌ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号