ᠬᠢᠩᠭᠠᠨ ᠠᠶᠢᠮᠠᠭ ᠤᠨ ᠵᠠᠬᠢᠷᠭ᠎ᠠ ᠶᠢᠨ ︽ᠬᠢᠩᠭᠠᠨ ᠠᠶᠢᠮᠠᠭ ᠤᠨ ᠬᠤᠶᠠᠷ ᠱᠠᠲᠤᠨ ᠤ ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯᠡᠰ ᠤᠨ  ᠨᠠᠷᠢᠨ ᠲᠠᠩᠰᠠ ︵2022 ᠣᠨ ᠤ ᠬᠡᠪᠯᠡᠯ︶︾ ᠶᠢ ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯ
ᠨᠡᠶᠢᠲᠡᠯᠡᠭᠰᠡᠨ ᠴᠠᠭ᠄
2022/10/26
               ᠬᠢᠩᠭᠠᠨ ᠵᠠᠬᠢᠷᠭ᠎ᠠ ᠲᠠᠷᠬᠠᠭᠠᠭᠰᠠᠨ ﹇2022﹈ 92 ᠳ᠋ᠤᠭᠠᠷ ᠲᠣᠭᠠᠲᠤ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠠᠶᠢᠮᠠᠭ ᠤᠨ ᠰᠢᠭᠤᠳ ᠬᠠᠷᠢᠶ᠎ᠠ ᠡᠯ᠎ᠡ ᠵᠥᠪᠯᠡᠯ ᠂ ᠠᠯᠪᠠᠨ ᠬᠡᠷ᠂ ᠲᠣᠪᠴᠢᠶ᠎ᠠ᠂ ᠡᠯ᠎ᠡ ᠠᠵᠤ ᠠᠬᠤᠶᠢᠯᠠᠯ᠂ ᠠᠵᠢᠯ  ᠦᠢᠯᠡᠰ ᠤᠨ ᠨᠢᠭᠡᠴᠢ ᠳᠤ᠄    ︽ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ᠤᠨ ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯᠡᠰ ᠤᠨ  ᠨᠠᠷᠢᠨ ᠲᠠᠩᠰᠠ ᠶᠢᠨ ᠬᠠᠮᠢᠶᠠᠷᠤᠯᠲᠠ ᠶᠢ ᠪᠥᠬᠦ ᠲᠠᠯ᠎ᠠ ᠪᠠᠷ ᠬᠡᠷᠡᠭᠵᠢᠭᠦᠯᠬᠦ ᠲᠤᠬᠠᠶ ᠮᠡᠳᠡᠭᠳᠡᠯ︾ ︵ᠲᠥᠷᠥ ᠠᠯᠪᠠᠨ ᠲᠠᠷᠬᠠᠭᠠᠭᠰᠠᠨ ︹ 2022 ︺ 2 ᠳ᠋ᠤᠭᠠᠷ ᠲᠣᠭᠠᠲᠤ︶ ᠪᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠡᠭᠦᠷᠭᠡ ᠴᠢᠳᠠᠪᠤᠷᠢ ᠶᠢ ᠬᠤᠪᠢᠷᠠᠭᠤᠯᠬᠤ ᠪᠠ ︿ᠲᠠᠯᠪᠢᠬᠤ ᠬᠠᠮᠢᠶᠠᠷᠬᠤ  ᠦᠢᠯᠡᠴᠢᠯᠡᠬᠦ﹀ ᠥᠭᠡᠷᠡᠴᠢᠯᠡᠯᠲᠡ ᠶᠢ ᠠᠬᠢᠭᠤᠯᠬᠤ ᠵᠣᠬᠢᠴᠠᠭᠤᠯᠬᠤ ᠳᠤᠭᠤᠶᠢᠯᠠᠩ ᠤᠨ  ᠪᠥᠬᠦ ᠣᠷᠣᠨ ᠤ ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯᠡᠰ ᠤᠨ ᠨᠠᠷᠢᠨ ᠬᠠᠭᠤᠳᠠᠰᠤ ᠶᠢ ᠨᠠᠶᠢᠷᠠᠭᠤᠯᠤᠨ ᠵᠣᠬᠢᠶᠠᠬᠤ ᠠᠵᠢᠯ ᠢ ᠥᠷᠨᠢᠭᠦᠯᠬᠦ ᠲᠤᠬᠠᠶ ᠮᠡᠳᠡᠭᠳᠡᠯ︾ ︵ᠥᠪᠥᠷ ᠡᠬᠦᠷᠭᠡ ᠬᠤᠪᠢᠷᠠᠭᠤᠯᠬᠤ ᠠᠯᠪᠠᠨ ᠲᠠᠷᠬᠠᠭᠠᠭᠰᠠᠨ ︹ 2022 ︺ 3 ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠢ  ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠤᠰᠠᠳᠠ᠂ ᠮᠠᠨ ᠤ ᠠᠶᠢᠮᠠᠭ ᠤᠨ ᠵᠠᠰᠠᠭ ᠵᠠᠬᠢᠷᠭᠠᠨ ᠤ ᠵᠥᠪᠰᠢᠶᠡᠷᠡᠯ ᠤᠨ ᠡᠷᠬᠡ ᠶᠢᠨ ᠵᠠᠭᠠᠭ ᠢ ᠤᠯᠠᠮ ᠨᠢᠭᠡ ᠠᠯᠬᠤᠮ ᠲᠤᠳᠤᠷᠬᠠᠢ ᠪᠤᠯᠭᠠᠨ᠂ ᠵᠠᠰᠠᠭ ᠵᠠᠬᠢᠷᠭᠠᠨ ᠤ ᠵᠥᠪᠰᠢᠶᠡᠷᠡᠯ ᠤᠨ ᠠᠵᠢᠯᠯᠠᠭᠠᠨ ᠢ ᠵᠢᠷᠤᠮᠵᠢᠭᠤᠯᠵᠤ᠂ ᠠᠵᠤ ᠠᠬᠤᠶᠢᠯᠠᠯ ᠪᠠ ᠣᠯᠠᠨ ᠲᠦᠮᠡᠨ ᠳᠤ ᠨᠠᠩ ᠲᠥᠪ ᠭᠤᠤᠯᠴᠢ ᠥᠨᠳᠥᠷ ᠦᠷ᠎ᠡ ᠪᠦᠲᠦᠮᠵᠢᠲᠡᠶ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠣᠷᠴᠢᠨ ᠲᠣᠭᠤᠷᠢᠨ ᠢ ᠪᠣᠶ ᠪᠣᠯᠭᠠᠵᠤ᠂ ᠠᠶᠢᠮᠠᠭ  ᠤᠨ ᠵᠠᠬᠢᠷᠭ᠎ᠠ ᠶᠢᠨ ᠪᠠᠶᠢᠩᠭᠤ ᠶᠢᠨ ᠬᠤᠷᠠᠯ ᠢᠶᠠᠷ ᠬᠢᠨᠠᠨ ᠵᠥᠪᠯᠡᠵᠦ ᠪᠠᠲᠤᠯᠠᠭᠠᠳ᠂ ᠡᠳᠦᠭᠡ ︽ᠬᠢᠩᠭᠠᠨ ᠠᠶᠢᠮᠠᠭ ᠤᠨ ᠬᠤᠶᠠᠷ ᠱᠠᠲᠤᠨ ᠤ ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯᠡᠰ ᠤᠨ ᠨᠠᠷᠢᠨ ᠲᠠᠩᠰᠠ ︵2022 ᠣᠨ ᠤ ᠬᠡᠪᠯᠡᠯ︶︾ ︵ᠳᠣᠷᠣᠭᠰᠢ ︽ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯᠡᠰ ᠤᠨ ᠨᠠᠷᠢᠨ ᠬᠠᠭᠤᠳᠠᠰᠤ︾ ᠭᠡᠵᠦ ᠲᠣᠪᠴᠢᠯᠠᠨ᠎ᠠ︶ ᠶᠢ ᠲᠠᠨᠠᠷ ᠲᠤ ᠳᠠᠷᠤᠮᠠᠯᠯᠠᠨ  ᠲᠠᠷᠬᠠᠭᠠᠬᠤ  ᠶᠢᠨ ᠬᠠᠮᠲᠤ ᠪᠣᠳᠠᠲᠠᠶ ᠲᠠᠢ ᠪᠠᠨ ᠤᠶᠠᠯᠳᠤᠭᠤᠯᠤᠨ ᠳᠣᠤᠷᠠᠬᠢ ᠱᠠᠭᠠᠷᠳᠠᠯᠭ᠎ᠠ ᠶᠢ ᠳᠤᠷᠠᠳᠪᠠ᠂ ᠬᠠᠮᠲᠤ ᠳᠤᠨᠢ  ᠲᠤᠭᠤᠰᠢᠯᠠᠭᠤᠯᠤᠨ ᠨᠠᠶᠢᠳᠠᠪᠤᠷᠢᠵᠢᠭᠤᠯᠲᠤᠭᠠᠶ᠃    ᠨᠢᠭᠡ᠂ ᠡᠯ᠎ᠡ ᠭᠠᠵᠠᠷ᠂ ᠡᠯ᠎ᠡ ᠰᠠᠯᠠᠭ᠎ᠠ ᠮᠥᠴᠢᠷ ᠤᠳ ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯᠡᠰ ᠤᠨ ᠨᠠᠷᠢᠨ ᠬᠠᠭᠤᠳᠠᠰᠤ ᠶᠢᠨ ᠬᠠᠮᠢᠶᠠᠷᠤᠯᠲᠠ ᠶᠢ ᠬᠡᠷᠡᠭᠵᠢᠭᠦᠯᠬᠦ ᠶᠢᠨ ᠴᠢᠬᠤᠯᠠ ᠠᠴᠢ ᠬᠤᠯᠪᠣᠭᠳᠠᠯ ᠢ ᠭᠦᠢᠴᠡᠳ ᠲᠠᠨᠢᠵᠤ᠂ ᠤᠯᠤᠰ᠂ ᠦᠪᠡᠷᠳᠡᠭᠡᠨ ᠵᠠᠰᠠᠬᠤ ᠤᠷᠤᠨ ᠪᠠ ᠠᠶᠢᠮᠠᠭ ᠤᠨ ᠱᠠᠭᠠᠷᠳᠠᠯᠭ᠎ᠠ ᠶᠣᠰᠣᠭᠠᠷ᠂ ︽ᠵᠠᠰᠠᠭ ᠵᠠᠬᠢᠷᠭᠠᠨ ᠤ ᠵᠥᠪᠰᠢᠶᠡᠷᠡᠯ ᠤᠨ  ᠵᠦᠢᠯᠡᠰ  ᠤᠨ ᠨᠠᠷᠢᠨ ᠬᠠᠭᠤᠳᠠᠰᠤ︾ ᠶᠢ ᠴᠢᠩᠭ᠎ᠠ ᠨᠠᠶᠢᠳᠠᠪᠤᠷᠢᠵᠢᠭᠤᠯᠵᠤ᠂ ᠨᠠᠷᠢᠨ ᠬᠠᠭᠤᠳᠠᠰᠤ ᠠᠴᠠ ᠭᠠᠳᠠᠨ᠎ᠠ ᠬᠠᠤᠯᠢ ᠠᠴᠠ ᠵᠥᠷᠢᠴᠡᠨ ᠵᠠᠰᠠᠭ ᠵᠠᠬᠢᠷᠭᠠᠨ ᠤ ᠵᠥᠪᠰᠢᠶᠡᠷᠡᠯ ᠢ ᠬᠡᠷᠡᠭᠵᠢᠭᠦᠯᠵᠦ ᠪᠣᠯᠬᠤ ᠥᠬᠡᠶ᠃    ᠬᠤᠶᠠᠷ᠂ ᠠᠶᠢᠮᠠᠭ ᠤᠨ ᠲᠣᠰ ᠱᠠᠲᠤᠨ ᠤ ᠡᠯ᠎ᠡ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠤᠳ ᠠᠵᠢᠯ ᠲᠥᠷᠥᠯ ᠤᠨ ᠲᠠᠯ᠎ᠠ ᠠᠴᠠ ᠵᠠᠰᠠᠭ ᠵᠠᠬᠢᠷᠭᠠᠨ ᠤ ᠵᠥᠪᠰᠢᠶᠡᠷᠡᠯ ᠤᠨ ᠪᠠᠷᠢᠮᠵᠢᠶᠠᠵᠢᠯᠲᠠ᠂ ᠵᠢᠷᠤᠮᠵᠢᠭᠤᠯᠤᠯᠲᠠ᠂ ᠳᠥᠭᠦᠮᠴᠢᠯᠡᠯᠲᠡ ᠶᠢ ᠠᠬᠢᠭᠤᠯᠵᠤ᠂ ᠵᠠᠰᠠᠭ ᠵᠠᠬᠢᠷᠭᠠᠨ ᠤ ᠵᠥᠪᠰᠢᠶᠡᠷᠡᠯ ᠤᠨ ᠬᠡᠷᠡᠭᠵᠢᠭᠦᠯᠦᠯᠲᠡ ᠶᠢᠨ ᠵᠢᠷᠤᠮᠵᠢᠯ ᠢ ᠨᠢᠭᠡᠳᠬᠡᠵᠦ᠂ ᠡᠯ᠎ᠡ ᠱᠠᠲᠤ ᠳᠠᠪᠬᠤᠷᠭ᠎ᠠ ᠶᠢᠨ ᠬᠡᠷᠡᠭ ᠤᠨ ᠡᠮᠦᠨ᠎ᠡ ᠬᠡᠷᠡᠭ ᠤᠨ ᠳᠤᠮᠳᠠ ᠬᠡᠷᠡᠭ ᠤᠨ ᠳᠠᠷᠠᠭᠠᠬᠢ ᠪᠥᠬᠦ ᠬᠡᠯᠬᠢᠶ᠎ᠡ ᠪᠥᠬᠦ ᠬᠦᠷᠢᠶᠡᠨ ᠳᠠᠬᠢ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠶᠢ ᠠᠬᠢᠭᠤᠯᠬᠤ ᠬᠡᠷᠡᠭᠲᠡᠶ᠃    ᠭᠤᠷᠪᠠ᠂ ᠡᠯ᠎ᠡ ᠭᠠᠵᠠᠷ ᠣᠷᠣᠨ ᠨᠢ ᠲᠣᠰ ᠭᠠᠵᠠᠷ ᠣᠷᠣᠨ ᠤ ᠪᠠᠨ ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯᠡᠰ ᠤᠨ ᠨᠠᠷᠢᠨ ᠬᠠᠭᠤᠳᠠᠰᠤ ᠶᠢ ᠨᠠᠶᠢᠷᠠᠭᠤᠯᠤᠨ ᠵᠣᠬᠢᠶᠠᠵᠤ᠂ ᠠᠳᠠᠯᠢ ᠱᠠᠲᠤᠨ ᠤ ᠠᠷᠠᠳ ᠤᠨ ᠵᠠᠰᠠᠭ ᠤᠨ ᠣᠷᠳᠣᠨ ᠢᠶᠠᠷ ᠬᠢᠨᠠᠨ ᠲᠣᠭᠲᠠᠭᠠᠯᠭᠠᠭᠰᠠᠨ ᠤ ᠳᠠᠷᠠᠭ᠎ᠠ ᠨᠡᠶᠢᠭᠡᠮ ᠳᠤ ᠨᠡᠶᠢᠲᠡᠯᠡᠬᠦ ᠬᠡᠷᠡᠭᠲᠡᠶ᠃                   ︵ᠤᠭ ᠵᠤᠬᠢᠶᠠᠯ ᠢ ᠬᠢᠩᠭᠠᠨ ᠠᠶᠢᠮᠠᠭ ᠤᠨ ᠵᠠᠬᠢᠷᠭ᠎ᠠ ᠶᠢᠨ ᠬᠢᠲᠠᠳ ᠰᠦᠯᠵᠢᠶ᠎ᠡ ᠶᠢᠨ  ︽ᠠᠶᠢᠮᠠᠭ ᠤᠨ ᠪᠢᠴᠢᠭ ᠮᠠᠲ᠋ᠧᠷᠢᠶᠠᠯ︾ ᠠᠴᠠ ᠦᠵᠡᠭᠡᠷᠡᠢ︶
 
ᠢᠷᠡᠯᠲᠡ᠄ ᠬᠢᠩᠭᠠᠨ ᠠᠶᠢᠮᠠᠭ ᠤᠨ ᠵᠠᠬᠢᠷᠭ᠎ᠠ ᠶᠢᠨ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号