ᠷᠠᠰᠢᠶᠠᠨ ᠬᠤᠳᠠ  ᠶᠢᠨ ᠲᠢᠶᠠᠨ ‍ᠤᠤᠢ ᠪᠠᠯᠭᠠᠰᠤ ᠨᠠᠮ ᠤᠨ ᠬᠤᠷᠢᠶᠠᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/10/27
     ᠰᠢᠨ᠎ᠡ ᠴᠠᠭ ᠦᠶ᠎ᠡ ᠶᠢᠨ ᠨᠠᠮ ᠤᠨ ᠪᠠᠶᠢᠭᠤᠯᠤᠯᠲᠠ ᠶᠢᠨ ᠶᠡᠷᠦᠩᠬᠡᠢ ᠱᠠᠭᠠᠷᠳᠠᠯᠭ᠎ᠠ ᠶᠢ ᠪᠦᠬᠦ ᠲᠠᠯ᠎ᠠ ᠪᠠᠷ ᠲᠣᠭᠤᠰᠢᠯᠠᠭᠤᠯᠵᠤ᠂ 2022 ᠣᠨ ᠤ ᠳᠥᠷᠪᠡᠳᠦᠭᠡᠷ ᠤᠯᠠᠷᠢᠯ ᠵᠢᠴᠢ 2023 ᠣᠨ ᠤ ᠲᠢᠶᠠᠨ ᡂᠢ ᠪᠠᠯᠭᠠᠰᠤᠨ ᠤ ᠨᠠᠮ ᠤᠨ ᠬᠤᠷᠢᠶᠠᠨ ᠤ ᠨᠠᠮ ᠤᠨ ᠪᠠᠶᠢᠭᠤᠯᠤᠯᠲᠠ ᠶᠢᠨ ᠭᠤᠣᠯᠳᠠᠯᠭ᠎ᠠ ᠲᠠᠢ ᠠᠵᠢᠯ ᠢ ᠰᠤᠳᠤᠯᠤᠨ ᠪᠠᠶᠢᠷᠢᠯᠠᠭᠤᠯᠬᠤ ᠶᠢᠨ ᠲᠥᠯᠥᠭᠡ᠂ 10 ᠰᠠᠷ᠎ᠠ ᠶᠢᠨ 20 ᠤ ᠡᠳᠦᠷ᠂ ᠷᠠᠰᠢᠶᠠᠨ ᠬᠤᠳᠠ ᠶᠢᠨ ᠲᠢᠶᠠᠨ ᡂᠢ ᠪᠠᠯᠭᠠᠰᠤ ᠪᠠᠯᠭᠠᠰᠤᠨ ᠤ ᠨᠠᠮ ᠤᠨ ᠬᠤᠷᠢᠶᠠᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠢ ᠬᠤᠷᠠᠯᠳᠤᠭᠤᠯᠪᠠ᠃     ᠬᠤᠷᠠᠯ ᠠᠴᠠ ᠡᠩ ᠲᠡᠷᠢᠭᠦᠨ ᠳᠤ ᠬᠤᠲᠠ ᠶᠢᠨ ᠨᠠᠮ ᠤᠨ ᠬᠤᠷᠢᠶᠠᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠡᠭᠦᠨ ᠤ ᠬᠠᠮᠲᠤ ᠲᠢᠶᠠᠨ ‍ᠤᠤᠢ ᠪᠠᠯᠭᠠᠰᠤᠨ ᠤ ᠨᠠᠮ ᠤᠨ ᠬᠤᠷᠢᠶᠠᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠳᠤ ᠲᠤᠬᠢᠷᠠᠭᠤᠯᠤᠯᠳᠠ ᠬᠢᠭᠰᠡᠨ ᠪᠠᠶᠢᠳᠠᠯ ᠤᠨ ᠲᠤᠬᠠᠢ ᠬᠤᠷᠠᠯ ᠳᠤ ᠣᠷᠣᠯᠴᠠᠭᠰᠠᠳ ᠲᠠᠢ ᠰᠠᠶᠢᠳᠤᠷ ᠶᠠᠷᠢᠯᠴᠠᠪᠡ᠂ ᠲᠠᠷᠠᠭ᠎ᠠ ᠨᠢ 2021 ᠣᠨ ᠤ ᠨᠠᠮ ᠤᠨ ᠬᠤᠷᠢᠶᠠᠨ ᠤ ᠱᠦᠵᠢ ᠶᠢᠨ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠲᠤᠰᠢᠶᠠᠯ ᠤᠨ ᠮᠡᠳᠡᠭᠦᠯᠦᠯᠲᠡ ᠦᠨᠡᠯᠡᠯᠲᠡ ᠶᠢᠨ ᠰᠠᠨᠠᠯ ᠢ ᠴᠡᠭᠴᠡᠯᠡᠨ ᠰᠠᠶᠢᠵᠢᠷᠠᠭᠤᠯᠤᠭᠰᠠᠨ ᠠᠬᠢᠴᠠ ᠶᠢᠨ ᠪᠠᠶᠢᠳᠠᠯ᠂ 2022 ᠣᠨ ᠤ ᠲᠢᠶᠠᠨ ‍ᠤᠤᠢ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠶᠢᠨ ᠲᠦᠷᠦᠯ ᠵᠦᠢᠯ ᠤᠨ ︽ᠴᠡᠷᠢᠭ ᠠᠩᠬᠢ ᠣᠷᠣᠨ ᠨᠤᠲᠤᠭ ᠬᠠᠮᠲᠤᠪᠠᠷ ᠪᠠᠶᠢᠭᠤᠯᠬᠤ︾ ᠵᠢᠱᠢᠶ᠎ᠠ ᠦᠵᠡᠭᠦᠯᠬᠦ ᠴᠡᠭ ᠤᠨ ᠠᠬᠢᠴᠠ ᠶᠢᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠬᠢᠵᠡᠢ᠃ ᠦᠵᠡᠯ ᠰᠠᠨᠠᠭᠠᠨ ᠤ ᠪᠠᠶᠢᠭᠤᠯᠤᠯᠲᠠ ᠶᠢᠨ ᠲᠤᠰᠬᠠᠢ ᠳᠤᠭᠤᠶᠢᠯᠠᠩ᠂ ᠵᠣᠬᠢᠶᠠᠨ ᠪᠠᠶᠢᠭᠤᠯᠤᠯᠲᠠ ᠶᠢᠨ ᠲᠤᠰᠬᠠᠢ ᠳᠤᠭᠤᠶᠢᠯᠠᠩ᠂ ᠰᠤᠷᠲᠠᠯ ᠤᠨ ᠪᠠᠶᠢᠭᠤᠯᠤᠯᠲᠠ ᠶᠢᠨ ᠲᠤᠰᠬᠠᠢ ᠳᠤᠭᠤᠶᠢᠯᠠᠩ ᠲᠤᠰ ᠲᠤᠰ 2022 ᠣᠨ ᠠᠴᠠ ᠨᠠᠰᠢᠬᠢ ᠦᠵᠡᠯ ᠰᠠᠨᠠᠭᠠᠨ ᠤ ᠪᠠᠶᠢᠭᠤᠯᠤᠯᠲᠠ᠂ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠯᠲᠠ᠂ ᠰᠤᠷᠲᠠᠯ ᠤᠨ ᠪᠠᠶᠢᠭᠤᠯᠤᠯᠲᠠ ᠶᠢᠨ ᠠᠵᠢᠯ ᠤᠨ ᠠᠬᠢᠴᠠ ᠶᠢᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠬᠢᠵᠡᠢ᠃    ᠬᠤᠷᠠᠯ ᠠᠴᠠ᠂ ᠨᠢᠭᠡ ᠳᠤ᠂ ᠨᠠᠮ ᠤᠨ ᠪᠠᠶᠢᠭᠤᠯᠤᠯᠲᠠ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠶᠢᠨ ᠲᠦᠷᠢᠮ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠡᠯ᠎ᠡ ᠲᠦᠷᠦᠯ ᠤᠨ ᠠᠵᠢᠯ ᠢ ᠦᠷᠭᠦᠯᠵᠢᠯᠡᠨ ᠨᠠᠮ ᠤᠨ ᠪᠠᠶᠢᠭᠤᠯᠤᠯᠲᠠ ᠪᠠᠷ ᠬᠦᠳᠦᠯᠦᠨ ᠳᠠᠭᠠᠭᠤᠯᠵᠤ᠂ ᠲᠤᠬᠠᠶᠢᠯᠠᠭᠰᠠᠨ ᠠᠵᠢᠯ ᠲᠠᠢ ᠵᠡᠷᠭᠡᠪᠡᠷ ᠳᠤᠬᠢᠷᠠᠭᠤᠯᠵᠤ᠂ ᠵᠡᠷᠭᠡᠪᠡᠷ ᠪᠠᠶᠢᠷᠢᠯᠠᠭᠤᠯᠵᠤ᠂ ᠵᠡᠷᠭᠡᠪᠡᠷ ᠠᠬᠢᠭᠤᠯᠬᠤ ᠶᠢ ᠪᠠᠲᠤᠯᠠᠵᠤ᠂ ︽ᠨᠢᠭᠡ ᠲᠠᠯ᠎ᠠ ᠪᠠᠷ ᠴᠢᠩᠭᠠᠳᠬᠠᠵᠣ᠂ ᠨᠦᠬᠦᠭᠡ ᠲᠠᠯ᠎ᠠ  ᠪᠠᠷ ᠰᠣᠯᠠᠷᠡᠭᠤᠯᠬᠤ︾ ᠶᠢ ᠡᠷᠡᠰ ᠬᠤᠷᠢᠭᠯᠠᠬᠤ ᠬᠡᠷᠡᠭᠲᠡᠢ᠃ ᠬᠤᠶᠠᠷ ᠲᠤ᠂ ᠨᠠᠮ ᠤᠨ ᠭᠡᠰᠢᠭᠦᠨ ᠤᠳᠤᠷᠢᠳᠬᠤ ᠺᠠᠳ᠋ᠷ ᠤᠨ ᠪᠡᠶᠡᠴᠢ ᠴᠢᠳᠠᠮᠠᠭᠠᠢ ᠴᠢᠨᠠᠷ ᠢ ᠢᠳᠡᠪᠬᠢᠲᠡᠢ ᠪᠠᠳᠠᠷᠠᠭᠤᠯᠣᠨ᠂ ᠡᠯ᠎ᠡ ᠵᠦᠢᠯ ᠤᠨ ᠠᠵᠢᠯ ᠢ ᠨᠠᠶᠢᠳᠠᠪᠤᠷᠢᠵᠢᠭᠤᠯᠬᠤ ᠳᠤ ᠭᠤᠣᠯᠳᠠᠯᠭ᠎ᠠ ᠶᠢ ᠠᠬᠢᠭᠤᠯᠵᠤ᠂ ᠬᠦᠴᠢᠷ ᠠᠰᠠᠭᠤᠳᠠᠯ ᠢ ᠰᠢᠢᠳᠪᠦᠷᠢᠯᠡᠨ᠂ ᠬᠢᠯᠠᠰ ᠴᠡᠭ ᠢ ᠡᠭᠦᠳᠬᠦ ᠶᠢᠨ ᠬᠠᠮᠲᠤ ᠴᠠᠭ ᠬᠤᠭᠤᠴᠠᠭ᠎ᠠ ᠶᠢ ᠲᠣᠭᠲᠠᠭᠠᠵᠤ᠂ ᠬᠠᠷᠢᠭᠤᠴᠠᠯᠭ᠎ᠠ ᠶᠢ ᠲᠣᠭᠲᠠᠭᠠᠵᠤ᠂ ᠠᠷᠭ᠎ᠠ ᠬᠡᠮᠵᠢᠶ᠎ᠠ  ᠶᠢ ᠲᠣᠭᠲᠠᠭᠠᠵᠤ᠂ ᠴᠡᠭ ᠢᠶᠠᠷ ᠨᠡᠶᠢᠳᠡᠮ ᠢ ᠲᠠᠶᠢᠴᠢᠯᠠᠨ ᠪᠦᠬᠦ ᠲᠠᠯ᠎ᠠ ᠪᠠᠷ ᠳᠡᠭᠡᠭᠰᠢᠯᠡᠭᠦᠯᠬᠦ ᠶᠢ ᠠᠬᠢᠭᠤᠯᠬᠤ ᠬᠡᠷᠡᠭᠲᠡᠢ ︔ ᠭᠤᠷᠪᠠ ᠳᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠭᠰᠠᠨ ᠢᠶᠠᠷ ᠠᠵᠠ ᠲᠣᠬᠢᠶᠠᠯ ᠪᠣᠯᠭᠠᠵᠤ᠂ ᠰᠢᠨ᠎ᠡ ᠭᠠᠷᠤᠭ᠎ᠠ ᠳᠤ ᠰᠠᠭᠤᠷᠢᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠵᠡᠷᠭᠡ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠢᠵᠦ᠂ ᠰᠢᠨ᠎ᠡ ᠠᠶᠠᠨ ᠳᠤ ᠡᠷᠡᠮᠡᠭᠡᠶᠢᠯᠡᠨ ᠤᠷᠤᠭᠰᠢᠯᠠᠵᠤ᠂ ᠰᠢᠨ᠎ᠡ ᠴᠠᠭ ᠦᠶ᠎ᠡ ᠳᠤ ᠭᠠᠪᠢᠶ᠎ᠠ ᠵᠢᠳᠬᠦᠯ ᠭᠠᠷᠭᠠᠬᠤ ᠳᠤ ᠬᠦᠴᠦᠨ  ᠢᠶᠠᠨ ᠨᠢᠭᠲᠠᠷᠠᠭᠤᠯᠬᠤ ᠬᠡᠷᠡᠭᠲᠡᠢ ᠭᠡᠵᠣ ᠴᠢᠬᠤᠯᠠᠴᠢᠯᠡᠬᠰᠠᠨ ᠪᠠᠶᠢᠨ᠎ᠠ᠃    
 
ᠢᠷᠡᠯᠲᠡ᠄ ᠷᠠᠰᠢᠶᠠᠨ ᠬᠤᠳᠠ ᠵᠢᠨ‌ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号