ᠡᠮᠲᠦ ᠶᠢᠨ ᠭᠤᠤᠯ ᠰᠤᠮᠤ ᠣᠳᠣᠬᠠᠨ ᠤ ᠭᠤᠤᠯᠳᠠᠯᠭ᠎ᠠ ᠲᠠᠢ ᠠᠵᠢᠯ ᠤᠨ ᠲᠣᠬᠢᠷᠠᠭᠤᠯᠤᠯᠲᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/10/27
       10 ᠰᠠᠷ᠎ᠠ ᠶᠢᠨ 13 ᠤ ᠡᠳᠦᠷ ᠤᠨ ᠦᠳᠡ ᠶᠢᠨ ᠡᠮᠦᠨ᠎ᠡ᠂ ᠡᠮᠲᠦ ᠶᠢᠨ ᠭᠤᠤᠯ ᠰᠤᠮᠤ ᠣᠳᠣᠬᠠᠨ ᠤ ᠭᠤᠤᠯᠳᠠᠯᠭ᠎ᠠ ᠲᠠᠢ ᠠᠵᠢᠯ ᠤᠨ ᠲᠣᠬᠢᠷᠠᠭᠤᠯᠤᠯᠲᠠ ᠶᠢᠨ ᠬᠤᠷᠠᠯ ᠬᠤᠷᠠᠯᠳᠤᠭᠤᠯᠵᠤ᠂ ᠰᠤᠮᠤ ᠶᠢᠨ ᠨᠠᠮ ᠤᠨ ᠬᠤᠷᠢᠶ᠎ᠠ ᠶᠢᠨ ᠱᠦᠵᠢ ᠸᠠᠩ ᠪᠦᠦ ᠵᠢᠶᠦ᠋ᠨ ᠬᠤᠷᠠᠯ ᠡᠷᠭᠢᠯᠡᠵᠦ᠂ ᠨᠠᠮ ᠵᠠᠰᠠᠭ ᠤᠨ ᠪᠠᠭ ᠤᠨ ᠪᠦᠷᠢᠯᠳᠦᠬᠦᠨ᠂ ᠬᠡᠰᠡᠭ ᠳᠠᠭᠠᠭᠠᠭᠰᠠᠨ ᠤᠳᠤᠷᠢᠳᠤᠯᠭ᠎ᠠ ᠬᠤᠷᠠᠯ ᠳᠤ ᠣᠷᠣᠯᠴᠠᠵᠠᠶ᠃     ᠬᠤᠷᠠᠯ ᠠᠴᠠ ︽ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠦᠢᠯᠡᠳᠪᠦᠷᠢᠯᠡᠯ ᠠᠮᠢᠳᠤᠷᠠᠯ ᠤᠨ ᠡᠮᠬᠢ ᠳᠢᠭᠯᠢᠮ ᠢ ᠰᠡᠷᠭᠦᠭᠡᠬᠦ ᠠᠵᠢᠯ ᠢ ᠴᠢᠨᠠᠭᠰᠢᠳᠠ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠢᠬᠦ ᠲᠤᠬᠠᠢ ᠮᠡᠳᠡᠭᠳᠡᠯ︾᠂ ︽ᠲᠦᠷ ᠴᠠᠭ ᠤᠨ ᠨᠠᠮ ᠵᠢᠮ ᠪᠠᠶᠢᠳᠠᠯ ᠤᠨ ᠬᠠᠮᠢᠶᠠᠷᠤᠯᠲᠠ ᠶᠢ ᠬᠦᠴᠦᠨ ᠦᠭᠡᠢ ᠪᠣᠯᠭᠠᠬᠤ ᠲᠤᠬᠠᠢ ᠠᠯᠪᠠᠨ ᠵᠠᠷ︾  ᠤᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠪᠠ᠃ ᠡᠭᠦᠨ ᠤ ᠬᠠᠮᠲᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠶ᠋ᠯ ᠤᠨ ᠠᠵᠢᠯ ᠢ ᠴᠢᠩᠭᠠᠳᠬᠠᠬᠤ᠂ ᠡᠩ ᠤᠨ ᠦᠨ᠎ᠡ ᠶᠢᠨ ᠨᠡᠭᠦᠷᠡᠰᠦ ᠪᠠᠷ ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠳᠡᠯᠭᠡᠷᠡᠭᠦᠯᠬᠦ᠂ ᠮᠠᠯᠵᠢᠬᠤ ᠲᠠᠷᠢᠶᠠᠯᠠᠬᠤ ᠣᠷᠣᠨ ᠤ ᠡᠷᠦᠬᠡ ᠶᠢᠨ ᠵᠣᠷᠯᠣᠩ ᠢ ᠲᠡᠮᠲᠡᠷᠢᠨ ᠭᠠᠳᠠᠭᠰᠢᠯᠠᠭᠤᠯᠬᠤ ᠶᠢ ᠴᠡᠭᠴᠡᠯᠡᠨ ᠰᠠᠶᠢᠵᠢᠷᠠᠭᠤᠯᠵᠤ ᠰᠢᠯᠭᠠᠨ ᠠᠪᠬᠤ᠂ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ᠂ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ᠂ ᠳᠥᠷᠪᠡᠳᠦᠭᠡᠷ ᠤᠯᠠᠷᠢᠯ ᠳᠤ ᠬᠥᠳᠡᠯᠦᠩᠭᠦᠶ ᠪᠠᠷ ᠲᠣᠬᠢᠷᠠᠭᠤᠯᠤᠯᠲᠠ ᠬᠢᠬᠦ ᠵᠡᠷᠭᠡ ᠣᠳᠣᠬᠠᠨ ᠤ ᠭᠤᠤᠯᠳᠠᠯᠭ᠎ᠠ ᠲᠠᠢ ᠠᠵᠢᠯ ᠳᠤ ᠨᠠᠷᠢᠨ ᠪᠠᠶᠢᠷᠢᠯᠠᠭᠤᠯᠤᠯᠲᠠ ᠬᠢᠪᠠ᠃      ᠬᠤᠷᠠᠯ ᠠᠴᠠ ᠱᠠᠭᠠᠷᠳᠠᠭᠰᠠᠨ ᠨᠢ᠂ ᠨᠢᠭᠡ᠂ ᠣᠳᠣᠬᠠᠨ ᠤ ᠬᠦᠨᠳᠦ ᠬᠡᠴᠡᠭᠦᠦ ᠨᠠᠷᠢᠨ ᠪᠤᠳᠤᠯᠢᠶᠠᠨᠲᠠᠶ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠪᠠᠶᠢᠳᠠᠯ ᠢ ᠦᠨᠳᠦᠰᠦᠯᠡᠨ᠂ ᠨᠠᠮ ᠵᠢᠮ ᠬᠠᠮᠢᠶᠠᠷᠤᠯᠲᠠ ᠶᠢ ᠬᠦᠴᠦᠨ ᠦᠭᠡᠶ ᠪᠣᠯᠭᠠᠭᠰᠠᠨ ᠤ ᠳᠠᠷᠠᠭ᠎ᠠ᠂ ᠳᠠᠶᠢᠨ ᠤ ᠡᠮᠦᠨᠡᠬᠢ ᠪᠠᠶᠢᠳᠠᠯ ᠢ ᠦᠨᠳᠦᠰᠦᠯᠡᠨ ᠰᠡᠷᠭᠡᠶᠢᠯᠡᠨ ᠬᠢᠵᠠᠭᠠᠷᠯᠠᠬᠤ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ 24 ᠴᠠᠭ ᠤᠨ ᠳᠣᠲᠣᠷ᠎ᠠ ᠪᠣᠭᠤᠮᠲᠠ ᠶᠢ ᠴᠢᠩᠭ᠎ᠠ ᠠᠳᠬᠤᠵᠤ᠂ ᠣᠯᠠᠨ ᠨᠡᠶᠢᠲᠡ ᠶᠢᠨ ᠲᠠᠯᠠᠪᠤᠷ ᠤᠨ ᠬᠠᠮᠢᠶᠠᠷᠤᠯᠲᠠ ᠶᠢ ᠴᠢᠩᠳᠠᠯᠠᠵᠤ᠂ ᠴᠢᠬᠤᠯᠠ ᠪᠤᠰᠤ ᠵᠦᠢᠯ ᠢ ᠴᠤᠭᠯᠠᠭᠤᠯᠬᠤ ᠶᠢ ᠬᠤᠷᠢᠭᠯᠠᠬᠤ ᠶᠢᠨ ᠬᠠᠮᠲᠤ ᠠᠷᠠᠳ ᠢᠷᠭᠡᠳ ᠢ ᠵᠣᠬᠢᠶᠠᠨ ᠪᠠᠶᠢᠭᠤᠯᠤᠨ ᠦᠢᠯᠡᠳᠪᠦᠷᠢᠯᠡᠯ ᠠᠮᠢᠳᠤᠷᠠᠯ ᠢ ᠨᠢ ᠡᠮᠬᠢ ᠵᠢᠷᠤᠮ ᠲᠠᠢ ᠪᠠᠷ ᠰᠡᠷᠭᠦᠭᠡᠵᠦ᠂ ᠨᠠᠮᠤᠷ ᠤᠨ ᠬᠤᠷᠢᠶᠠᠯᠲᠠ ᠶᠢᠨ ᠴᠠᠭ ᠲᠣᠬᠢᠶᠠᠯ ᠢ ᠡᠵᠡᠮᠳᠡᠬᠦ ᠬᠡᠷᠡᠭᠲᠡᠶ᠃ ᠬᠤᠶᠠᠷ᠂ ᠠᠭᠠᠷ ᠤᠨ ᠳᠤᠯᠠᠭᠠᠨ ᠢᠳᠡᠭ ᠢᠳᠡᠭ ᠢᠶᠠᠷ ᠪᠠᠭᠤᠷᠠᠵᠤ᠂ ᠡᠩ ᠤᠨ ᠦᠨ᠎ᠡ ᠶᠢᠨ ᠨᠡᠭᠦᠷᠡᠰᠦ ᠪᠠᠷ ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠠᠵᠢᠯ ᠢ ᠤᠷᠢᠳᠴᠢᠯᠠᠨ ᠰᠠᠶᠢᠲᠤᠷ ᠬᠢᠵᠦ᠂ ᠭᠠᠴᠠᠭ᠎ᠠ ᠨᠢ ᠬᠤᠳᠠᠯᠳᠤᠨ ᠠᠪᠬᠤ ᠰᠠᠭᠤᠷᠢ ᠲᠤᠭ᠎ᠠ ᠶᠢ ᠡᠵᠡᠮᠰᠢᠨ᠂ ᠨᠢᠭᠡᠳᠦᠯᠲᠡᠶ ᠬᠠᠮᠢᠶᠠᠷᠴᠤ᠂ ᠣᠯᠠᠨ ᠲᠦᠮᠡᠨ ᠳᠤ ᠲᠥᠬᠦᠮ ᠦᠵᠡᠭᠦᠯᠬᠦ ᠬᠡᠷᠡᠭᠲᠡᠶ᠃ ᠭᠤᠷᠪᠠ᠂ ᠡᠷᠦᠬᠡ ᠶᠢᠨ ᠵᠣᠷᠯᠣᠩ ᠢ ᠲᠡᠮᠲᠡᠷᠢᠨ ᠭᠠᠳᠠᠭᠰᠢᠯᠠᠭᠤᠯᠬᠤ ᠶᠢ ᠴᠡᠭᠴᠡᠯᠡᠨ ᠰᠠᠶᠢᠵᠢᠷᠠᠭᠤᠯᠵᠤ ᠰᠢᠯᠭᠠᠨ ᠬᠤᠷᠢᠶᠠᠬᠤ ᠠᠵᠢᠯ ᠢ ᠦᠷᠭᠦᠯᠵᠢᠯᠡᠨ ᠠᠬᠢᠭᠤᠯᠵᠤ᠂ ᠴᠡᠭᠴᠡᠯᠡᠨ ᠰᠠᠶᠢᠵᠢᠷᠠᠭᠤᠯᠬᠤ ᠡᠷᠴᠢᠮ ᠢᠶᠠᠨ ᠴᠢᠩᠭᠠᠷᠠᠭᠤᠯᠤᠨ᠂ ᠰᠢᠯᠭᠠᠨ ᠬᠤᠷᠢᠶᠠᠬᠤ ᠶᠢ ᠡᠮᠬᠢ ᠵᠢᠷᠤᠮ ᠲᠠᠢ ᠠᠬᠢᠭᠤᠯᠵᠤ᠂ ᠡᠷᠦᠬᠡ ᠶᠢᠨ ᠵᠣᠷᠯᠣᠩ ᠢ ᠴᠡᠭᠴᠡᠯᠡᠨ ᠰᠠᠶᠢᠵᠢᠷᠠᠭᠤᠯᠬᠤ ᠳᠤ ᠯᠠᠪᠳᠠᠭᠤᠨ ᠪᠠᠲᠤᠲᠠᠶ ᠦᠷ᠎ᠡ ᠪᠦᠲᠦᠮᠵᠢ ᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃ ᠡᠭᠦᠨ ᠤ ᠵᠡᠷᠭᠡ ᠳᠤ᠂ ᠰᠠᠶᠢᠨ ᠬᠥᠮᠦᠨ ᠤ ᠣᠷᠣᠰᠢᠨ ᠰᠠᠭᠤᠬᠤ ᠣᠷᠴᠢᠨ ᠨᠥᠬᠦᠴᠡᠯ ᠢ ᠴᠡᠭᠴᠡᠯᠡᠨ ᠵᠠᠰᠠᠬᠤ᠂ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ᠂ ᠳᠥᠷᠪᠡᠳᠦᠭᠡᠷ ᠤᠯᠠᠷᠢᠯ ᠳᠤ ᠬᠥᠳᠡᠯᠦᠩᠭᠦᠶ ᠪᠠᠷ ᠲᠣᠬᠢᠷᠠᠭᠤᠯᠤᠯᠲᠠ ᠬᠢᠬᠦ ᠵᠡᠷᠭᠡ ᠣᠳᠣᠬᠠᠨ ᠤ ᠭᠤᠤᠯᠳᠠᠯᠭ᠎ᠠ ᠲᠠᠢ ᠠᠵᠢᠯ ᠢ ᠦᠷᠭᠦᠯᠵᠢᠯᠡᠨ ᠨᠠᠶᠢᠳᠠᠪᠤᠷᠢᠵᠢᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃    
 
ᠢᠷᠡᠯᠲᠡ᠄ ᠬᠤᠷᠴᠢᠨ ᠪᠠᠷᠠᠭᠤᠨ ᠭᠠᠷᠤᠨ ᠲᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号