1. ︽ᠨᠠᠷᠢᠨ ᠬᠠᠭᠤᠳᠠᠰᠤ︾ ᠶᠢ ᠨᠡᠶᠢᠲᠡᠯᠡᠭᠰᠡᠨ ᠠᠬᠤᠶ ᠪᠠᠶᠢᠳᠠᠯ ᠨᠢ ᠶᠠᠭᠤ ᠪᠤᠢ︖ | ᠵᠠᠰᠠᠭ ᠵᠠᠬᠢᠷᠭᠠᠨ ᠤ ᠵᠥᠪᠰᠢᠶᠡᠷᠡᠯ ᠪᠣᠯ ᠵᠠᠰᠠᠭ ᠤᠨ ᠣᠷᠳᠣᠨ ᠠᠴᠠ ᠠᠵᠤ ᠠᠬᠤᠶ ᠨᠡᠶᠢᠭᠡᠮ ᠤᠨ ᠬᠡᠷᠡᠭ | ᠶᠠᠪᠤᠳᠠᠯ ᠢ ᠬᠠᠤᠯᠢ ᠶᠣᠰᠣᠭᠠᠷ ᠬᠠᠮᠢᠶᠠᠷᠬᠤ ᠴᠢᠬᠤᠯᠠ ᠠᠷᠭ᠎ᠠ ᠪᠠᠷᠢᠯ ᠮᠥᠨ᠃ ᠵᠠᠰᠠᠭ ᠵᠠᠬᠢᠷᠭᠠᠨ ᠤ ᠵᠥᠪᠰᠢᠶᠡᠷᠡᠯ ᠤᠨ | ᠵᠦᠢᠯᠡᠰ ᠤᠨ ᠨᠠᠷᠢᠨ ᠬᠠᠭᠤᠳᠠᠰᠤ ᠶᠢᠨ ᠬᠠᠮᠢᠶᠠᠷᠤᠯᠲᠠ ᠶᠢ ᠪᠥᠬᠦ ᠲᠠᠯ᠎ᠠ ᠪᠠᠷ ᠬᠡᠷᠡᠭᠵᠢᠭᠦᠯᠬᠦ ᠪᠣᠯ ︽ᠲᠠᠯᠪᠢᠬᠤ | ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠬᠤᠳᠠᠯᠳᠤᠭ᠎ᠠ ᠡᠷᠭᠢᠯᠡᠬᠦ ᠣᠷᠴᠢᠨ | ᠨᠥᠬᠦᠴᠡᠯ ᠢ ᠰᠢᠯᠢᠳᠡᠭᠵᠢᠭᠦᠯᠬᠦ ᠴᠢᠬᠤᠯᠠ ᠠᠷᠭ᠎ᠠ ᠬᠡᠮᠵᠢᠶ᠎ᠡ ᠮᠥᠨ᠂ ᠡᠨᠡ ᠨᠢ ᠵᠠᠰᠠᠭ ᠵᠠᠬᠢᠷᠭᠠᠨ ᠤ ᠵᠥᠪᠰᠢᠶᠡᠷᠡᠯ ᠤᠨ | ᠡᠷᠬᠡ ᠶᠢᠨ ᠵᠠᠭᠠᠭ ᠬᠢᠵᠠᠭᠠᠷ ᠢ ᠲᠣᠳᠣᠷᠬᠠᠶ ᠪᠣᠯᠭᠠᠵᠤ᠂ ᠵᠠᠰᠠᠭ ᠵᠠᠬᠢᠷᠭᠠᠨ ᠤ ᠵᠥᠪᠰᠢᠶᠡᠷᠡᠯ ᠤᠨ ᠠᠵᠢᠯᠯᠠᠭᠠᠨ ᠢ | ᠵᠢᠷᠤᠮᠵᠢᠭᠤᠯᠤᠨ᠂ ᠠᠵᠤ ᠠᠬᠤᠶᠢᠯᠠᠯ ᠪᠠ ᠣᠯᠠᠨ ᠲᠦᠮᠡᠨ ᠳᠤ ᠨᠠᠩ ᠲᠥᠪ ᠭᠤᠤᠯᠴᠢ ᠥᠨᠳᠥᠷ ᠪᠦᠲᠦᠮᠵᠢᠲᠡᠶ ᠬᠢᠨᠠᠨ | ᠵᠥᠪᠰᠢᠶᠡᠷᠡᠬᠦ ᠣᠷᠴᠢᠨ ᠨᠥᠬᠦᠴᠡᠯ ᠢ ᠪᠣᠶ ᠪᠣᠯᠭᠠᠬᠤ ᠳᠤ ᠠᠰᠢᠭᠲᠠᠶ ᠪᠠᠶᠢᠵᠤ᠂ ᠵᠠᠰᠠᠭ ᠤᠨ ᠣᠷᠳᠣᠨ ᠤ | ᠵᠠᠰᠠᠯᠲᠠ ᠶᠢᠨ ᠰᠢᠰᠲ᠋ᠧᠮᠵᠢ ᠪᠠ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠬᠤ ᠳᠤ ᠴᠢᠬᠤᠯᠠ | ᠶᠡᠭᠡ ᠠᠴᠢ ᠬᠤᠯᠪᠣᠭᠳᠠᠯ ᠲᠠᠢ ᠶᠤᠮ᠃ | ᠡᠯ᠎ᠡ ᠭᠠᠵᠠᠷ ᠣᠷᠣᠨ ᠤ ᠬᠢᠨ 2022 ᠣᠨ ᠤ ᠵᠢᠯ ᠤᠨ ᠡᠴᠦᠰ ᠠᠴᠠ ᠡᠮᠦᠨ᠎ᠡ ᠮᠤᠵᠢ᠂ ᠬᠤᠲᠠ᠂ ᠰᠢᠶᠠᠨ | ᠭᠤᠷᠪᠠᠨ ᠱᠠᠲᠤᠨ ᠤ ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯᠡᠰ ᠤᠨ ᠲᠣᠳᠣᠷᠬᠠᠶ ᠬᠠᠭᠤᠳᠠᠰᠤ ᠶᠢ | ᠨᠠᠶᠢᠷᠠᠭᠤᠯᠤᠨ ᠵᠣᠬᠢᠶᠠᠬᠤ ᠪᠥᠭᠡᠳ ᠨᠡᠶᠢᠲᠡᠯᠡᠬᠦ ᠬᠡᠷᠡᠭᠲᠡᠶ ᠭᠡᠵᠦ ᠱᠠᠭᠠᠷᠳᠠᠪᠠ᠃ ︽ᠲᠥᠷᠥ ᠶᠢᠨ ᠶᠠᠪᠤᠳᠠᠯ ᠤᠨ | ᠬᠤᠷᠢᠶ᠎ᠠ ᠶᠢᠨ ᠠᠯᠪᠠᠨ ᠲᠢᠩᠬᠢᠮ ᠤᠨ ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯᠡᠰ ᠤᠨ ᠨᠠᠷᠢᠨ ᠬᠠᠭᠤᠳᠠᠰᠤ ᠶᠢᠨ | ᠬᠠᠮᠢᠶᠠᠷᠤᠯᠲᠠ ᠶᠢ ᠪᠥᠬᠦ ᠲᠠᠯ᠎ᠠ ᠪᠠᠷ ᠬᠡᠷᠡᠭᠵᠢᠭᠦᠯᠬᠦ ᠲᠤᠬᠠᠶ ᠮᠡᠳᠡᠭᠳᠡᠯ︾ ︵ᠲᠥᠷᠥ ᠠᠯᠪᠠᠨ | ᠲᠠᠷᠬᠠᠭᠠᠭᠰᠠᠨ〔2022〕2 ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠢ ᠲᠤᠭᠤᠰᠢᠯᠠᠭᠤᠯᠤᠨ | ᠨᠠᠶᠢᠳᠠᠪᠤᠷᠢᠵᠢᠭᠤᠯᠬᠤ ᠶᠢᠨ ᠲᠤᠰᠠᠳᠠ᠂ 2022 ᠣᠨ ᠤ 6 ᠳ᠋ᠤᠭᠠᠷ ᠰᠠᠷ᠎ᠠ ᠶᠢᠨ 30 ᠤ ᠡᠳᠦᠷ᠂ ᠥᠪᠡᠷᠲᠡᠭᠡᠨ | ᠵᠠᠰᠠᠬᠤ ᠣᠷᠣᠨ ᠠᠴᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ | ᠣᠷᠳᠣᠨ ᠤ ᠥᠪᠡᠷᠲᠡᠭᠡᠨ ᠵᠠᠰᠠᠬᠤ ᠣᠷᠣᠨ ᠤ ᠭᠤᠷᠪᠠᠨ ᠱᠠᠲᠤᠨ ᠤ ᠵᠠᠰᠠᠭ ᠵᠠᠬᠢᠷᠭᠠᠨ ᠤ ᠵᠥᠪᠰᠢᠶᠡᠷᠡᠯ ᠤᠨ | ᠵᠦᠢᠯᠡᠰ ᠤᠨ ᠨᠠᠷᠢᠨ ᠬᠠᠭᠤᠳᠠᠰᠤ ︵2022 ᠣᠨ ᠤ ᠬᠡᠪᠯᠡᠯ︶ ᠶᠢ ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯ︾ | ︵ᠥᠪᠥᠷ ᠵᠠᠰᠠᠭ ᠲᠠᠷᠬᠠᠭᠠᠭᠰᠠᠨ〔2022 〕 19 ᠳ᠋ᠦᠭᠡᠷ ᠲᠣᠭᠠᠲᠤ︶ ᠢ ᠳᠠᠷᠤᠮᠠᠯᠯᠠᠨ ᠲᠠᠷᠬᠠᠭᠠᠵᠤ | ᠬᠡᠷᠡᠭᠵᠢᠭᠦᠯᠦᠨ᠎ᠡ᠃ | 2. ︽ᠨᠠᠷᠢᠨ ᠲᠠᠩᠰᠠ︾ ᠶᠢ ᠡᠮᠬᠢᠯᠡᠨ ᠲᠢᠭᠯᠡᠭᠰᠡᠨ ᠶᠠᠪᠤᠴᠠ ᠶᠠᠮᠠᠷ ᠪᠣᠶ︖ | ᠬᠢᠩᠭᠠᠨ ᠠᠶᠢᠮᠠᠭ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠲᠣᠪᠴᠢᠶ᠎ᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠤᠷᠪᠠᠨ ᠱᠠᠲᠤᠨ ᠤ | ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯᠡᠰ ᠤᠨ ᠨᠠᠷᠢᠨ ᠬᠠᠭᠤᠳᠠᠰᠤ ︵2022 ᠣᠨ ᠤ ᠬᠡᠪᠯᠡᠯ︶ ᠶᠢᠨ | ᠰᠠᠭᠤᠷᠢᠨ ᠳᠡᠭᠡᠷ᠎ᠡ᠂ ᠥᠪᠡᠷᠲᠡᠭᠡᠨ ᠵᠠᠰᠠᠬᠤ ᠣᠷᠣᠨ ᠤ ᠱᠠᠲᠤᠨ ᠤ ᠬᠡᠷᠡᠭᠵᠢᠭᠦᠯᠵᠦ ᠪᠠᠶᠢᠭ᠎ᠠ ᠵᠥᠪᠰᠢᠶᠡᠷᠡᠯ ᠤᠨ | ᠵᠦᠢᠯᠡᠰ ᠢ ᠰᠠᠯᠭᠠᠵᠤ᠂ ︽ᠬᠢᠩᠭᠠᠨ ᠠᠶᠢᠮᠠᠭ ᠤᠨ ᠬᠤᠶᠠᠷ ᠱᠠᠲᠤᠨ ᠤ ᠵᠠᠰᠠᠭ ᠵᠠᠬᠢᠷᠭᠠᠨ ᠤ ᠵᠥᠪᠰᠢᠶᠡᠷᠡᠯ ᠤᠨ | ᠵᠦᠢᠯᠡᠰ ᠤᠨ ᠨᠠᠷᠢᠨ ᠬᠠᠭᠤᠳᠠᠰᠤ ︵2022 ᠣᠨ ᠤ ᠬᠡᠪᠯᠡᠯ︶ ᠶᠢᠨ ᠠᠩᠬᠠᠨ ᠤ ᠡᠬᠡ ᠪᠢᠴᠢᠭ︾ ᠢ ᠪᠣᠶ ᠪᠣᠯᠭᠠᠪᠠ | ᠬᠤᠯᠪᠣᠭᠳᠠᠯ ᠪᠥᠬᠦᠶ ᠰᠠᠯᠠᠭ᠎ᠠ ᠮᠥᠴᠢᠷ ᠠᠴᠠ ᠬᠤᠶᠠᠷ ᠤᠳᠠᠭ᠎ᠠ ᠰᠠᠨᠠᠯ ᠬᠤᠷᠢᠶᠠᠵᠤ᠂ ᠡᠷᠭᠢᠯᠡᠨ ᠬᠠᠮᠢᠶᠠᠷᠬᠤ | ᠰᠠᠯᠠᠭ᠎ᠠ ᠮᠥᠴᠢᠷ ᠪᠠ ᠬᠡᠷᠡᠭᠵᠢᠭᠦᠯᠬᠦ ᠪᠠᠶᠢᠭᠤᠯᠭ᠎ᠠ ᠶᠢ ᠲᠣᠳᠣᠷᠬᠠᠶ ᠲᠣᠭᠲᠠᠭᠠᠪᠠ | 9 ᠰᠠᠷ᠎ᠠ ᠶᠢᠨ 5 ᠤ ᠡᠳᠦᠷ᠂ ᠠᠶᠢᠮᠠᠭ ᠤᠨ ᠵᠠᠬᠢᠷᠭ᠎ᠠ ︽ᠬᠢᠩᠭᠠᠨ ᠠᠶᠢᠮᠠᠭ ᠤᠨ ᠬᠤᠶᠠᠷ ᠱᠠᠲᠤᠨ ᠤ | ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯᠡᠰ ᠤᠨ ᠨᠠᠷᠢᠨ ᠲᠠᠩᠰᠠ ︵2022 ᠣᠨ ᠤ ᠬᠡᠪᠯᠡᠯ︶︾ ᠶᠢ ᠬᠢᠨᠠᠨ | ᠵᠥᠪᠯᠡᠵᠦ ᠪᠠᠲᠤᠯᠠᠪᠠ | 9 ᠰᠠᠷ᠎ᠠ ᠶᠢᠨ 15 ᠤ ᠡᠳᠦᠷ᠂ ᠬᠢᠩᠭᠠᠨ ᠠᠶᠢᠮᠠᠭ ᠤᠨ ᠵᠠᠬᠢᠷᠭ᠎ᠠ ︽ᠬᠢᠩᠭᠠᠨ ᠠᠶᠢᠮᠠᠭ ᠤᠨ ᠬᠤᠶᠠᠷ | ᠱᠠᠲᠤᠨ ᠤ ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯᠡᠰ ᠤᠨ ᠲᠣᠳᠣᠷᠬᠠᠶ ᠬᠠᠭᠤᠳᠠᠰᠤ ︵2022 ᠣᠨ ᠤ | ᠬᠡᠪᠯᠡᠯ︶︾ ᠶᠢ ᠳᠠᠷᠤᠮᠠᠯᠯᠠᠨ ᠲᠠᠷᠬᠠᠭᠠᠭᠰᠠᠨ ᠪᠥᠭᠡᠳ ᠨᠡᠶᠢᠭᠡᠮ ᠨᠡᠶᠢᠲᠡ ᠳᠤ ᠢᠯᠡ ᠪᠠᠷ ᠨᠡᠶᠢᠲᠡᠯᠡᠪᠡ | 3. ︽ᠲᠣᠳᠣᠷᠬᠠᠶ ᠬᠠᠭᠤᠳᠠᠰᠤ︾ ᠳᠤ ᠭᠤᠣᠯᠳᠠᠭᠤ ᠶᠠᠮᠠᠷ ᠶᠠᠮᠠᠷ ᠠᠭᠤᠯᠭ᠎ᠠ ᠶᠢ ᠪᠠᠭᠲᠠᠭᠠᠬᠤ ᠪᠤᠢ︖ | ︽ᠨᠠᠷᠢᠨ ᠲᠠᠩᠰᠠ︾ ᠳᠤ ᠭᠤᠤᠯᠳᠠᠭᠤ ᠬᠤᠶᠠᠷ ᠲᠠᠯ᠎ᠠ ᠶᠢᠨ ᠠᠭᠤᠯᠭ᠎ᠠ ᠶᠢ ᠪᠠᠭᠲᠠᠭᠠᠨ᠎ᠠ᠄ | ᠨᠢᠭᠡ ᠳᠤ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ᠂ ᠲᠦᠷᠦ ᠶᠢᠨ ᠶᠠᠪᠤᠳᠠᠯ ᠤᠨ | ᠬᠤᠷᠢᠶ᠎ᠠ ᠠᠴᠠ ᠲᠣᠭᠲᠠᠭᠠᠬᠤ ᠪᠠᠷ ᠲᠣᠭᠲᠠᠭᠠᠭᠰᠠᠨ ᠵᠠᠰᠠᠭ ᠵᠠᠬᠢᠷᠭᠠᠨ ᠤ ᠵᠥᠪᠰᠢᠶᠡᠷᠡᠯ ᠤᠨ ᠨᠠᠷᠢᠨ ᠬᠠᠭᠤᠳᠠᠰᠤ᠃ | ᠨᠡᠶᠢᠲᠡ 322 ᠵᠦᠢᠯ ᠢ ᠪᠠᠭᠲᠠᠭᠠᠵᠤ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠲᠣᠪᠴᠢᠶ᠎ᠠ ᠶᠢᠨ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠥᠬᠦᠶ ᠲᠢᠩᠬᠢᠮ ᠲᠣᠪᠴᠢᠶ᠎ᠠ ᠶᠢ | ᠵᠣᠬᠢᠶᠠᠨ ᠪᠠᠶᠢᠭᠤᠯᠵᠤ ᠡᠮᠬᠢᠯᠡᠨ ᠨᠠᠶᠢᠷᠠᠭᠤᠯᠵᠤ ᠵᠣᠬᠢᠶᠠᠭᠰᠠᠨ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ | ᠲᠣᠭᠲᠠᠭᠠᠯ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠲᠣᠭᠲᠠᠭᠠᠭᠰᠠᠨ ᠵᠠᠰᠠᠭ ᠵᠠᠬᠢᠷᠭᠠᠨ ᠤ ᠵᠥᠪᠰᠢᠶᠡᠷᠡᠯ ᠤᠨ | ᠵᠦᠢᠯᠡᠰ ᠤᠨ ᠨᠠᠷᠢᠨ ᠬᠠᠭᠤᠳᠠᠰᠤ᠃ ᠠᠶᠢᠮᠠᠭ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠠᠴᠠ ᠠᠶᠢᠮᠠᠭ ᠤᠨ ᠲᠣᠰ ᠱᠠᠲᠤᠨ ᠤ ᠡᠯ᠎ᠡ ᠰᠠᠯᠠᠭ᠎ᠠ ᠮᠥᠴᠢᠷ ᠢ | ᠵᠣᠬᠢᠶᠠᠨ ᠪᠠᠶᠢᠭᠤᠯᠵᠤ᠂ ᠮᠠᠨ ᠤ ᠠᠶᠢᠮᠠᠭ ᠤᠨ ᠪᠣᠳᠠᠲᠠᠶ ᠲᠠᠢ ᠪᠠᠨ ᠤᠶᠠᠯᠳᠤᠭᠤᠯᠤᠨ ᠲᠠᠨᠢᠵᠤ ᠠᠪᠤᠭᠤᠯᠵᠤ᠂ | ᠠᠶᠢᠮᠠᠭ ᠤᠨ ᠱᠠᠲᠤᠨ ᠤ ᠲᠤᠬᠠᠶᠢᠯᠠᠭᠰᠠᠨ ᠠᠵᠢᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠠ ᠪᠥᠬᠦ | ᠠᠶᠢᠮᠠᠭ ᠤᠨ ᠡᠯ᠎ᠡ ᠲᠠᠰ ᠳᠠᠪᠬᠤᠷᠭ᠎ᠠ ᠶᠢᠨ ᠬᠡᠷᠡᠭᠵᠢᠭᠦᠯᠬᠦ ᠪᠠᠶᠢᠭᠤᠯᠭ᠎ᠠ ᠶᠢ ᠲᠣᠳᠣᠷᠬᠠᠶᠢᠯᠠᠪᠠ᠃ | ᠬᠤᠶᠠᠷ ᠨᠢ ᠣᠷᠣᠨ ᠨᠤᠲᠤᠭ ᠤᠨ ᠴᠢᠨᠠᠷᠲᠠᠶ ᠬᠠᠤᠯᠢ ᠲᠣᠭᠲᠠᠭᠠᠯ᠂ ᠥᠪᠡᠷᠲᠡᠭᠡᠨ ᠵᠠᠰᠠᠬᠤ ᠣᠷᠣᠨ ᠤ | ᠠᠷᠠᠳ ᠤᠨ ᠵᠠᠰᠠᠭ ᠤᠨ ᠣᠷᠳᠣᠨ ᠤ ᠲᠦᠷᠢᠮ ᠲᠣᠭᠲᠠᠭᠠᠯ ᠳᠤ ᠲᠣᠭᠲᠠᠭᠠᠭᠰᠠᠨ ᠵᠠᠰᠠᠭ ᠵᠠᠬᠢᠷᠭᠠᠨ ᠤ | ᠵᠥᠪᠰᠢᠶᠡᠷᠡᠯ ᠤᠨ ᠵᠦᠢᠯᠡᠰ ᠤᠨ ᠨᠠᠷᠢᠨ ᠬᠠᠭᠤᠳᠠᠰᠤ᠃ ᠨᠡᠶᠢᠲᠡ 10 ᠵᠦᠢᠯ ᠢ ᠪᠠᠭᠲᠠᠭᠠᠵᠤ᠂ ᠨᠠᠷᠢᠨ | ᠬᠠᠭᠤᠳᠠᠰᠤ ᠶᠢᠨ ᠠᠭᠤᠯᠭ᠎ᠠ ᠨᠢ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠲᠣᠪᠴᠢᠶ᠎ᠠ ᠶᠢᠨ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠢ ᠵᠣᠬᠢᠶᠠᠨ ᠪᠠᠶᠢᠭᠤᠯᠵᠤ ᠣᠷᠣᠨ ᠨᠤᠲᠤᠭ ᠤᠨ | ᠴᠢᠨᠠᠷᠲᠠᠶ ᠬᠠᠤᠯᠢ ᠲᠣᠭᠲᠠᠭᠠᠯ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠦᠷᠢᠮ | ᠲᠣᠭᠲᠠᠭᠠᠯ ᠢ ᠦᠨᠳᠦᠰᠦᠯᠡᠨ ᠲᠣᠭᠲᠠᠭᠠᠭᠰᠠᠨ ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯᠡᠰ ᠤᠨ ᠨᠠᠷᠢᠨ | ᠬᠠᠭᠤᠳᠠᠰᠤ᠃ ᠠᠶᠢᠮᠠᠭ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠲᠣᠪᠴᠢᠶ᠎ᠠ ᠠᠴᠠ ᠠᠶᠢᠮᠠᠭ ᠤᠨ ᠲᠣᠰ ᠱᠠᠲᠤᠨ ᠤ ᠡᠯ᠎ᠡ ᠰᠠᠯᠠᠭ᠎ᠠ ᠮᠥᠴᠢᠷ ᠢ ᠵᠣᠬᠢᠶᠠᠨ ᠪᠠᠶᠢᠭᠤᠯᠵᠤ | ᠂ ᠮᠠᠨ ᠤ ᠠᠶᠢᠮᠠᠭ ᠤᠨ ᠪᠣᠳᠠᠲᠠᠶ ᠲᠠᠢ ᠪᠠᠨ ᠤᠶᠠᠯᠳᠤᠭᠤᠯᠤᠨ ᠲᠠᠨᠢᠵᠤ ᠠᠪᠤᠭᠤᠯᠵᠤ᠂ ᠠᠶᠢᠮᠠᠭ ᠤᠨ ᠱᠠᠲᠤᠨ ᠤ | ᠲᠤᠬᠠᠶᠢᠯᠠᠭᠰᠠᠨ ᠠᠵᠢᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠠ ᠪᠥᠬᠦ ᠠᠶᠢᠮᠠᠭ ᠤᠨ ᠡᠯ᠎ᠡ ᠲᠠᠰ | ᠳᠠᠪᠬᠤᠷᠭ᠎ᠠ ᠶᠢᠨ ᠬᠡᠷᠡᠭᠵᠢᠭᠦᠯᠬᠦ ᠪᠠᠶᠢᠭᠤᠯᠭ᠎ᠠ ᠶᠢ ᠲᠣᠳᠣᠷᠬᠠᠶᠢᠯᠠᠪᠠ᠃ | 4.᠂ ︽ᠨᠠᠷᠢᠨ ᠬᠠᠭᠤᠳᠠᠰᠤ︾ ᠶᠢ ᠨᠠᠶᠢᠷᠠᠭᠤᠯᠤᠨ ᠵᠣᠬᠢᠶᠠᠬᠤ ᠨᠢ ᠶᠠᠮᠠᠷ ᠠᠴᠢ ᠬᠤᠯᠪᠣᠭᠳᠠᠯ ᠲᠠᠢ ᠪᠤᠢ︖ | ︵1︶ ︽ᠨᠠᠷᠢᠨ ᠬᠠᠭᠤᠳᠠᠰᠤ︾ ᠪᠣᠯ ᠡᠯ᠎ᠡ ᠱᠠᠲᠤᠨ ᠤ ᠵᠠᠰᠠᠭ ᠤᠨ ᠣᠷᠳᠣᠨ ᠤ ᠰᠠᠯᠠᠭ᠎ᠠ ᠮᠥᠴᠢᠷ | ᠨᠢᠭᠡᠴᠢ ᠶᠢᠨ ᠵᠠᠰᠠᠭ ᠵᠠᠬᠢᠷᠭᠠᠨ ᠤ ᠵᠥᠪᠰᠢᠶᠡᠷᠡᠯ ᠢ ᠬᠡᠷᠡᠭᠵᠢᠭᠦᠯᠬᠦ ᠶᠢᠨ ᠦᠨᠳᠦᠰᠦᠯᠡᠯ ᠮᠥᠨ᠂ ᠨᠠᠷᠢᠨ | ᠬᠠᠭᠤᠳᠠᠰᠤ ᠠᠴᠠ ᠭᠠᠳᠠᠨ᠎ᠠ ᠵᠠᠰᠠᠭ ᠵᠠᠬᠢᠷᠭᠠᠨ ᠤ ᠵᠥᠪᠰᠢᠶᠡᠷᠡᠯ ᠢ ᠬᠠᠤᠯᠢ ᠠᠴᠠ ᠵᠥᠷᠢᠴᠡᠨ ᠬᠡᠷᠡᠭᠵᠢᠭᠦᠯᠵᠦ ᠪᠣᠯᠬᠤ | ᠦᠭᠡᠢ᠃ | ︵2︶. ︽ᠨᠠᠷᠢᠨ ᠬᠠᠭᠤᠳᠠᠰᠤ︾ ᠪᠣᠯ ᠡᠯ᠎ᠡ ᠬᠤᠰᠢᠭᠤ ᠰᠢᠶᠠᠨ ᠬᠤᠲᠠ ᠶᠢᠨ ᠲᠣᠰ ᠵᠠᠰᠠᠭ ᠵᠠᠬᠢᠷᠭᠠᠨ ᠤ | ᠣᠷᠣᠨ ᠤ ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯᠡᠰ ᠢ ᠡᠮᠬᠢᠯᠡᠨ ᠲᠠᠨᠢᠵᠤ ᠠᠪᠬᠤ ᠶᠢᠨ ᠦᠨᠳᠦᠰᠦᠯᠡᠯ ᠪᠣᠯᠤᠨ᠎ᠠ | ᠂ ᠡᠯ᠎ᠡ ᠭᠠᠵᠠᠷ ᠤᠨ ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯᠡᠰ ᠤᠨ ᠨᠠᠷᠢᠨ ᠬᠠᠭᠤᠳᠠᠰᠤ ᠨᠢ ︽ᠨᠠᠷᠢᠨ | ᠬᠠᠭᠤᠳᠠᠰᠤ︾ ᠶᠢᠨ ᠬᠡᠪᠴᠢᠶ᠎ᠡ ᠠᠴᠠ ᠬᠡᠲᠦᠷᠡᠵᠦ ᠪᠣᠯᠬᠤ ᠥᠬᠡᠶ᠃ | | | |