ᠬᠦᠰᠡᠯ ᠡᠷᠡᠮᠡᠯᠵᠡᠯ ᠲᠠᠢ ᠬᠥᠳᠡᠭᠡ ᠲᠣᠰᠬᠤᠨ ᠳᠤ᠂ ᠬᠦᠭᠵᠢᠯ ᠮᠠᠨᠳᠤᠯ ᠤᠨ ᠡᠭᠡᠰᠢᠭ ᠬᠠᠩᠭᠢᠨᠠᠨ᠎ᠠ᠃ | 2022 ᠣᠨ ᠳᠤ᠂ ᠬᠢᠩᠭᠠᠨ ᠠᠶᠢᠮᠠᠭ ᠤᠨ ᠬᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠱᠢᠶ᠎ᠡ | ᠦᠵᠡᠭᠦᠯᠬᠦ ᠭᠠᠴᠠᠭ᠎ᠠ ᠲᠣᠰᠬᠤᠨ ᠢ 35᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠬᠢᠯᠠᠰ ᠴᠡᠭ ᠲᠠᠢ | ᠭᠠᠴᠠᠭ᠎ᠠ ᠲᠣᠰᠬᠤᠨ ᠢ 10 ᠪᠠᠶᠢᠭᠤᠯᠬᠤ ᠪᠠᠷ ᠲᠦᠯᠦᠪᠯᠡᠵᠦ᠂ ᠤᠳᠤᠬᠠᠨ ᠪᠣᠯᠲᠠᠯ᠎ᠠ ᠵᠢᠱᠢᠶ᠎ᠡ ᠦᠵᠡᠭᠦᠯᠬᠦ ᠭᠠᠴᠠᠭ᠎ᠠ | ᠲᠣᠰᠬᠤᠨ ᠤ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠢ ᠨᠢᠭᠡᠨᠲᠡ ᠬᠢᠵᠦ ᠲᠠᠭᠤᠰᠬᠠᠵᠠᠢ᠃ ᠬᠢᠯᠠᠰ | ᠴᠡᠭ ᠲᠠᠢ ᠭᠠᠴᠠᠭ᠎ᠠ ᠲᠣᠰᠬᠤᠨ ᠤ ᠬᠢᠨ ᠲᠠᠷᠢᠶᠠᠯᠠᠩ ᠰᠣᠶᠣᠯ ᠵᠤᠭᠠᠴᠠᠯ ᠢ ᠠᠭᠤᠰᠤᠯᠴᠠᠭᠤᠯᠬᠤ ᠰᠡᠳᠬᠢᠴᠡ ᠪᠠᠷ᠂ | ᠡᠬᠢ ᠪᠠᠶᠠᠯᠢᠭ ᠤᠨ ᠳᠠᠪᠠᠭᠤᠯᠢᠭ ᠢᠶᠠᠨ ᠭᠦᠨᠵᠡᠭᠡᠢ ᠠᠭᠤᠳᠠᠯᠵᠤ᠂ ᠬᠥᠳᠡᠭᠡ ᠲᠣᠰᠬᠤᠨ ᠤ ᠤᠨᠴᠠᠯᠢᠭᠳᠤ ᠵᠤᠭᠠᠴᠠᠯ ᠢ | ᠲᠤᠪᠤᠶᠢᠯᠭᠠᠨ᠂ ᠲᠤᠰ ᠲᠤᠰ ᠤᠯᠤᠰ ᠤᠨ ᠲᠡᠰ ᠤᠨ ᠲᠥᠯᠥᠪᠵᠢᠭᠦᠯᠭᠡ ᠶᠢᠨ ᠪᠦᠯᠬᠦᠮ ᠲᠠᠢ ᠬᠠᠮᠳᠤᠷᠠᠯᠴᠠᠨ ᠬᠥᠳᠡᠭᠡ | ᠲᠣᠰᠬᠤᠨ ᠤ ᠪᠠᠭᠤᠳᠠᠯ᠂ ᠠᠷᠠᠳ ᠤᠨ ᠤᠷᠤᠨ ᠰᠠᠭᠤᠴᠠ ᠶᠢᠨ ᠬᠤᠨᠤᠭᠯᠠᠯ ᠤᠨ ᠵᠤᠭᠠᠴᠠᠯ᠂ ᠲᠠᠷᠢᠶᠠᠴᠢᠨ ᠠᠶᠢᠯ ᠤᠨ | ᠵᠤᠭᠠᠴᠠᠯ ᠵᠡᠷᠭᠡ ᠦᠵᠡᠮᠵᠢ ᠶᠢᠨ ᠣᠷᠣᠨ ᠢ ᠪᠠᠶᠢᠭᠤᠯᠵᠤ ᠪᠠᠶᠢᠨ᠎ᠠ᠃ ᠡᠭᠦᠨ ᠤ ᠬᠠᠮᠲᠤ ᠲᠤᠷᠰᠢᠯᠲᠠ ᠶᠢᠨ ᠴᠡᠭ ᠤᠨ | ᠵᠢᠱᠢᠶ᠎ᠡ ᠦᠵᠡᠭᠦᠯᠬᠦ ᠠᠵᠢᠯ ᠢ ᠴᠢᠩᠭᠠᠳᠬᠠᠨ᠂ 12 ᠭᠠᠴᠠᠭ᠎ᠠ ᠲᠣᠰᠬᠤᠨ ᠤ ᠤᠰᠤ ᠬᠠᠩᠭᠠᠵᠤ ᠤᠰᠤ ᠵᠠᠯᠠᠬᠤ | ᠬᠤᠭᠤᠯᠠᠢ ᠶᠢ ᠨᠢᠭᠡ ᠴᠣᠠᠠᠴᠠᠵᠢᠭᠤᠯᠬᠤ ᠢᠨᠵᠧᠨᠧᠷᠢᠩ ᠢ ᠶᠠᠭ ᠠᠯᠬᠤᠮ ᠠᠯᠬᠤᠮ ᠢᠶᠠᠷ ᠡᠬᠢᠯᠡᠨ ᠪᠠᠶᠢᠭᠤᠯᠵᠤ᠂ 6 | ᠬᠤᠰᠢᠭᠤ ᠰᠢᠶᠠᠨ ᠬᠤᠲᠠ 425 ᠭᠠᠴᠠᠭ᠎ᠠ ᠲᠣᠰᠬᠤᠨ ᠳᠤ ᠬᠤᠲᠠ ᠬᠥᠳᠡᠭᠡ ᠶᠢᠨ ᠣᠷᠴᠢᠨ ᠲᠣᠭᠤᠷᠢᠨ ᠤ | ᠠᠷᠢᠭᠤᠨ ᠴᠡᠪᠡᠷ ᠢ ᠨᠢᠭᠡ ᠴᠣᠠᠠᠴᠠᠵᠢᠭᠤᠯᠬᠤ ᠢᠨᠵᠧᠨᠧᠷᠢᠩ ᠢ ᠲᠤᠷᠰᠢᠨ ᠬᠡᠷᠡᠭᠵᠢᠬᠦᠯᠬᠦ ᠪᠠᠷ ᠪᠠᠶᠢᠨ᠎ᠠ᠃ | ᠵᠠᠯᠠᠶᠢᠳ ᠬᠤᠰᠢᠭᠤᠨ ᠤ ᠰᠢᠨᠯᠢᠨ ᠪᠠᠯᠭᠠᠰᠤᠨ ᠳᠤ ᠪᠠᠶᠢᠭ᠎ᠠ ᠥᠪᠥᠷ ᠮᠣᠩᠭᠤᠯ ᠤᠨ ᠵᠢᠦ ᠾᠧ ᠲᠠᠷᠢᠶᠠᠯᠠᠩ ᠤᠨ | ᠰᠢᠨᠵᠢᠯᠡᠬᠦ ᠤᠬᠠᠭᠠᠨ ᠮᠡᠷᠭᠡᠵᠢᠯ ᠤᠨ ᠬᠥᠭᠵᠢᠯᠲᠡ ᠶᠢᠨ ᠬᠢᠵᠠᠭᠠᠷᠲᠤ ᠺᠣᠮᠫᠠᠨᠢ ᠶᠢᠨ ᠮᠢᠩᠭᠠᠨ ᠮᠥ ᠬᠢᠳᠠᠳ ᠡᠮ ᠤᠨ | ᠮᠠᠲ᠋ᠧᠷᠢᠶᠠᠯ ᠳᠠᠷᠢᠬᠤ ᠰᠠᠭᠤᠷᠢᠨ ᠭᠠᠵᠠᠷ | | | | | ᠵᠠᠯᠠᠶᠢᠳ ᠬᠤᠰᠢᠭᠤᠨ ᠤ ᠪᠠᠶᠠᠨᠭᠤᠣᠯ ᠪᠠᠯᠭᠠᠰᠤᠨ ᠤ ᠭᠦ᠋ ᠴᠧᠩ ᠲᠣᠰᠬᠤᠨ ᠤ ︽ᠮᠧᠩ ᠰᠢᠶᠠᠩ ᠪᠥᠵᠢᠭ ᠤᠨ | ᠠᠩᠭᠢ︾ ᠠᠴᠠ ᠨᠠᠮ ᠤᠨ ᠲᠥᠷᠥ ᠶᠢᠨ ᠪᠣᠳᠣᠯᠭ᠎ᠠ ᠶᠢ ᠤᠬᠠᠭᠤᠯᠵᠤ ᠨᠤᠳᠤᠭ ᠤᠰᠤ ᠪᠠᠨ ᠮᠠᠭᠲᠠᠨ ᠲᠠᠭᠤᠯᠠᠵᠤ ᠪᠤᠢ | ᠵᠠᠯᠠᠶᠢᠳ ᠬᠤᠰᠢᠭᠤᠨ ᠤ ᠦᠷ᠎ᠡ ᠶᠢᠨ ᠮᠠᠯ ᠦᠷᠡᠵᠢᠭᠦᠯᠬᠦ ᠲᠥᠪ ᠤᠨ ᠪᠠᠶᠠᠨᠬᠤᠸᠠ ᠭᠠᠴᠠᠭ᠎ᠠ ᠣᠷᠴᠢᠨ | ᠲᠣᠭᠤᠷᠢᠨ ᠢᠶᠠᠨ ᠴᠡᠭᠴᠡᠯᠡᠨ ᠵᠠᠰᠠᠬᠤ ᠠᠵᠢᠯᠯᠠᠭ᠎ᠠ ᠦᠷᠨᠢᠭᠦᠯᠵᠦ ᠪᠤᠢ ᠰᠤᠷᠪᠤᠯᠵᠢᠯᠠᠭᠴᠢ ᠪᠢᠯᠢᠭ ᠪᠤᠶᠠᠨᠳᠡᠯᠭᠡᠷ | ᠰᠡᠭᠦᠳᠡᠷᠯᠡᠨ ᠮᠡᠳᠡᠭᠡᠯᠡᠪᠡ | | |