ᠪᠦᠬᠦ ᠣᠷᠣᠨ ᠪᠦᠰᠡ ᠶᠢᠨ ᠵᠤᠭᠠᠴᠠᠯ ᠢ ᠬᠠᠷᠠᠭᠠᠯᠠᠨ ︽ᠪᠦᠬᠦ ᠦᠵᠡᠮᠵᠢ ᠶᠢᠨ ᠲᠦᠴᠢᠦᠸᠠᠨ︾ ᠢ ᠴᠣᠭᠴᠠᠯᠠᠨ᠎ᠠ
ᠨᠡᠶᠢᠲᠡᠯᠡᠭᠰᠡᠨ ᠴᠠᠭ᠄
2022/11/10
    ᠣᠳᠣᠬᠠᠨ ᠳᠤ᠂ ᠪᠦᠦ ᠱᠢ ᠬᠥᠳᠡᠭᠡ ᠲᠣᠰᠬᠤᠨ ᠤ ᠶᠡᠷᠦᠩᠬᠡᠶᠢᠯᠡᠭᠰᠡᠨ ᠴᠣᠭᠴᠠ ᠶᠢᠨ ᠲᠡᠦᠬᠡ ᠶᠢᠨ ᠮᠦᠽᠧᠢ ᠳᠤ ᠪᠠᠶᠢᠷᠢᠯᠠᠵᠤ᠂ ᠯᠢᠶᠣᠤ ᠶᠢᠨ ᠤ ᠰᠣᠶᠣᠯ ᠢᠶᠠᠷ ᠭᠤᠣᠯ ᠰᠡᠳᠦᠪ ᠪᠣᠯᠭᠠᠭᠰᠠᠨ ᠠᠷᠠᠳ ᠤᠨ ᠣᠷᠣᠨ ᠰᠠᠭᠤᠴᠠ ᠶᠢᠨ ᠠᠩᠬᠠᠨ ᠤ ᠳᠦᠷᠰᠦ ᠢᠯᠡᠷᠡᠵᠦ᠂ ᠵᠡᠭᠦᠨ ᠲᠦᠷᠦᠯᠵᠢ ᠪᠠᠯᠭᠠᠰᠤ ᠶᠢᠨ ᠲᠣᠮᠣ ᠲᠤᠲᠤᠷᠭ᠎ᠠ ᠶᠢᠨ ᠵᠢᠷᠤᠭ ᠨᠢᠭᠡᠨᠲᠡ ᠠᠮᠤ ᠪᠤᠳᠠᠭᠠᠨ ᠤ ᠬᠥᠮᠥᠷᠭᠡ ᠳᠠᠬᠢ ᠡᠯᠪᠡᠭ ᠬᠤᠷᠢᠶᠠᠯᠲᠠ ᠪᠣᠯᠵᠠᠢ ᠁    ᠡᠨᠡ ᠵᠢᠯ᠂ ᠲᠦᠴᠢᠦᠸᠠᠨ ᠰᠢᠶᠠᠨ ᠤ ᠬᠢᠨ ︽ᠬᠢᠩᠭᠠᠨ ᠳᠠᠪᠠᠭ᠎ᠠ ᠳᠠᠬᠢ ᠬᠢᠩᠭᠠᠨ ᠠᠶᠢᠮᠠᠭ︾ ᠤᠨ ᠣᠷᠣᠨ ᠪᠦᠰᠡ ᠶᠢᠨ ᠫᠠᠶᠢᠰᠠ ᠶᠢᠨ ᠭᠤᠣᠯ ᠴᠣᠭᠴᠠ ᠶᠢᠨ ᠳᠦᠷᠢ ᠲᠥᠷᠬᠦ ᠶᠢ ᠱᠤᠭᠤᠵᠤ ᠳᠡᠭᠡᠭᠰᠢᠯᠡᠭᠦᠯᠬᠦ ᠠᠵᠢᠯ ᠤᠨ ᠲᠣᠭᠤᠷᠢᠨ ᠳᠤ᠂ ᠬᠥᠳᠡᠭᠡ ᠲᠣᠰᠬᠤᠨ ᠤ ᠵᠤᠭᠠᠴᠠᠯ ᠤᠨ ᠳᠠᠯᠳᠠ ᠬᠦᠴᠦᠨ ᠢ ᠭᠦᠨᠵᠡᠭᠡᠢ ᠨᠠᠷᠠᠲᠤ ᠬᠥᠮᠥᠰ ᠤᠨ ᠬᠥᠳᠡᠭᠡ ᠲᠣᠰᠬᠤᠨ ᠤ ᠶᠡᠷᠦᠩᠬᠡᠶᠢᠯᠡᠭᠰᠡᠨ ᠴᠣᠭᠴᠠ᠂ ᠪᠦᠦ ᠱᠢ ᠬᠥᠳᠡᠭᠡ ᠲᠣᠰᠬᠤᠨ ᠤ ᠶᠡᠷᠦᠩᠬᠡᠶᠢᠯᠡᠭᠰᠡᠨ ᠴᠣᠭᠴᠠ᠂ ᠨᠠᠨ ᠬᠤ᠋ ᠨᠠᠭᠤᠷ ᠤᠨ ᠨᠤᠭᠤ ᠭᠠᠵᠠᠷ᠂ ᠡᠮᠳᠦ ᠶᠢᠨ ᠭᠤᠣᠯ ᠤᠨ ᠰᠡᠯᠡᠭᠦᠴᠡᠯ ᠵᠤᠭᠠᠴᠠᠯ ᠤᠨ ᠪᠦᠰᠡ ᠵᠡᠷᠭᠡ ᠲᠥᠷᠥᠯ ᠵᠦᠢᠯ ᠢ ᠰᠢᠨᠵᠢᠯᠡᠬᠦ ᠤᠬᠠᠭᠠᠨᠴᠢ ᠪᠠᠷ ᠰᠦᠪᠡᠭᠴᠢᠯᠡᠨ ᠬᠡᠷᠡᠭᠵᠢᠭᠦᠯᠵᠦ᠂ ᠰᠡᠯᠡᠭᠦᠴᠡᠯ ᠲᠡᠭᠦᠵᠦ ᠲᠡᠭᠦᠬᠦ ᠪᠠᠷ ᠰᠠᠭᠤᠷᠢ ᠪᠣᠯᠭᠠᠭᠰᠠᠨ᠂ ᠠᠮᠠᠷᠠᠯᠲᠠ ᠶᠢᠨ ᠦᠨᠦᠷ ᠠᠮᠲᠠ ᠪᠠᠷ ᠤᠳᠤᠷᠢᠳᠤᠮᠵᠢ ᠪᠣᠯᠭᠠᠭᠰᠠᠨ᠂ ᠮᠥᠰᠥ ᠴᠠᠰᠤᠨ ᠤ ᠥᠩᠭᠡᠷᠡᠭᠡᠯᠲᠡ ᠪᠠᠷ ᠣᠨᠴᠠᠯᠢᠭ ᠪᠣᠯᠭᠠᠭᠰᠠᠨ᠂ ᠡᠷᠳᠡᠮ ᠰᠢᠨᠵᠢᠯᠡᠭᠡᠨ ᠤ ᠲᠥᠷᠥᠯ ᠤᠨ ᠰᠢᠯᠭᠠᠯᠲᠠ ᠶᠢ ᠤᠷᠲᠤᠳᠬᠠᠭᠰᠠᠨ ᠵᠢᠭᠤᠯᠴᠢᠯᠠᠯ ᠤᠨ ᠠᠵᠤ ᠦᠢᠯᠡᠰ ᠤᠨ ᠰᠢᠰᠲ᠋ᠧᠮᠵᠢ ᠶᠢ ᠬᠦᠴᠦᠯᠡᠨ ᠪᠠᠶᠢᠭᠤᠯᠵᠤ᠂ ᠰᠢᠶᠠᠨ ᠤ ᠬᠡᠪᠴᠢᠶᠡᠨ ᠤ ᠵᠢᠭᠤᠯᠴᠢᠯᠠᠯ ᠤᠨ ᠳᠠᠪᠠᠭᠤᠯᠢᠭ ᠡᠬᠢ ᠪᠠᠶᠠᠯᠢᠭ ᠢ ᠦᠨᠡᠨᠬᠦ ᠣᠷᠣᠯᠭ᠎ᠠ ᠶᠢᠨ ᠡᠬᠢ ᠪᠠᠶᠠᠯᠢᠭ᠂ ᠡᠳ᠋ ᠪᠠᠶᠠᠯᠢᠭ ᠤᠨ ᠡᠬᠢ ᠪᠠᠶᠠᠯᠢᠭ ᠪᠣᠯᠭᠠᠨ ᠬᠤᠪᠢᠷᠠᠭᠤᠯᠤᠨ᠎ᠠ᠃    ᠡᠨᠡ ᠵᠢᠯ ᠤᠨ ᠤᠯᠤᠰ ᠤᠨ ᠪᠠᠶᠠᠷ ᠤᠨ ᠠᠮᠠᠷᠠᠯᠲᠠ ᠳᠤ᠂ ᠲᠦᠴᠢᠦᠸᠠᠨ ᠰᠢᠶᠠᠨ ᠤ ᠪᠦᠦ ᠱᠢ ᠵᠤᠭᠠᠴᠠᠯ ᠤᠨ ᠦᠵᠡᠮᠵᠢ ᠶᠢᠨ ᠣᠷᠣᠨ ᠨᠢ ᠬᠢᠩᠭᠠᠨᠴᠤᠳ ᠤᠨ ᠵᠤᠭᠠᠴᠠᠬᠤ ᠪᠠᠷ ᠭᠠᠷᠬᠤ ᠭᠠᠵᠠᠷ ᠪᠣᠯᠵᠠᠢ᠃ ︽ᠠᠳᠡ ᠦᠨᠡᠬᠡᠷ ᠰᠠᠶᠢᠬᠠᠨ ᠪᠠᠶᠢᠨ᠎ᠠ᠂ ᠦᠵᠡᠮᠵᠢ ᠰᠠᠶᠢᠬᠠᠨ᠂ ᠵᠤᠭ᠎ᠠ ᠴᠡᠩᠭᠡᠯ ᠤᠨ ᠵᠦᠢᠯ ᠴᠦ ᠣᠯᠠᠨ᠂ ᠬᠡᠦᠬᠡᠳ ᠤᠳ ᠲᠠᠪᠠᠲᠠᠢ ᠰᠠᠶᠢᠬᠠᠨ ᠨᠠᠭᠠᠳᠴᠤ᠂ ᠲᠣᠮᠣ ᠬᠥᠮᠥᠰ ᠤᠨ ᠪᠡᠶ᠎ᠡ ᠰᠡᠳᠬᠢᠯ ᠢ ᠠᠭᠤᠵᠢᠷᠠᠭᠤᠯᠤᠨ᠎ᠠ᠂ ᠥᠴᠥᠭᠡᠳᠦᠷ ᠪᠢᠳᠡ ᠪᠠᠰᠠ ︿ᠪᠦᠦ ᠱᠢ ᠸᠠᠨ ᠤ ᠬᠡᠭᠡᠷ᠎ᠡ ᠪᠠᠭᠤᠳᠠᠯᠯᠠᠬᠤ ᠭᠠᠵᠠᠷ﹀ ᠠᠴᠠ ᠨᠢᠭᠡᠨ ᠭᠡᠷ ᠲᠡᠷᠭᠡ ᠲᠦᠷᠢᠶᠡᠰᠦᠯᠡᠵᠦ᠂ ᠦᠵᠡᠮᠵᠢ ᠶᠢᠨ ᠣᠷᠣᠨ ᠤ ᠰᠥᠨᠢ ᠶᠢᠨ ᠠᠮᠢᠳᠤᠷᠠᠯ ᠢ ᠪᠡᠶ᠎ᠡ ᠪᠠᠷ ᠢᠶᠠᠨ ᠥᠩᠭᠡᠷᠡᠭᠦᠯᠵᠡᠢ᠂ ᠦᠳᠡᠰᠢ ᠳᠤ᠂ ᠨᠠᠶᠢᠵᠠ ᠨᠠᠷ ᠲᠠᠢ ᠪᠠᠨ ᠣᠭᠲᠠᠷᠭᠤᠢ ᠶᠢᠨ ᠳᠣᠣᠷ᠎ᠠ ᠰᠠᠭᠤᠵᠤ᠂ ᠦᠳᠡᠰᠢ ᠶᠢᠨ ᠰᠠᠯᠬᠢ ᠰᠠᠯᠬᠢᠯᠠᠵᠤ᠂ ᠵᠣᠭᠤᠭᠳᠠᠨ ᠶᠠᠷᠢᠯᠴᠠᠬᠤ ᠳᠤ ᠦᠨᠡᠬᠡᠷ ᠲᠠᠭᠠᠲᠠᠢ ᠪᠠᠶᠢᠨ᠎ᠠ︾ ᠭᠡᠵᠦ ᠤᠯᠠᠭᠠᠨᠬᠤᠲᠠ ᠠᠴᠠ ᠢᠷᠡᠭᠰᠡᠨ ᠵᠤᠭᠠᠴᠠᠭᠴᠢ ᠯᠢᠦᠢ ᠶᠢᠩ ᠴᠦᠨ ᠪᠠᠶᠠᠷᠲᠠᠢ ᠪᠠᠷ ᠬᠡᠯᠡᠪᠡ ᠃    ᠡᠨᠡ ᠵᠢᠯ ᠤᠨ ᠡᠬᠢ ᠪᠠᠷ᠂ ᠲᠦᠴᠢᠦᠸᠠᠨ ᠰᠢᠶᠠᠨ ᠤ ᠬᠢᠨ ᠪᠦᠦ ᠱᠢ ᠪᠠᠯᠭᠠᠰᠤ ᠶᠢᠨ ︽ᠨᠢᠭᠡ ᠠᠭᠤᠯᠠ ᠨᠢᠭᠡ ᠤᠰᠤ ᠬᠤᠶᠠᠷ ᠨᠠᠭᠤᠷ ᠭᠤᠷᠪᠠᠨ ᠪᠠᠭᠤᠷᠢ︾ ᠰᠠᠶᠢᠨ ᠰᠠᠶᠢᠬᠠᠨ ᠰᠣᠶᠣᠯ ᠢᠷᠭᠡᠨᠰᠢᠯ ᠤᠨ ᠪᠠᠶᠢᠭᠠᠯᠢ ᠶᠢᠨ ᠡᠬᠢ ᠪᠠᠶᠠᠯᠢᠭ ᠲᠤ ᠲᠦᠰᠢᠭᠯᠡᠵᠦ᠂ 2.6 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ ᠵᠤᠭᠠᠴᠠᠯ ᠤᠨ ᠦᠵᠡᠮᠵᠢ ᠶᠢᠨ ᠣᠷᠣᠨ ᠢ ᠪᠦᠲᠦᠭᠡᠨ ᠪᠠᠶᠢᠭᠤᠯᠪᠠ᠃ ᠠᠳᠡ᠂ ᠪᠦᠦ ᠱᠢ ᠸᠠᠨ ᠪᠤᠯᠤᠩ᠂ ᠭᠡᠨᠡᠳᠲᠡ ᠶᠢᠨ ᠳᠠᠭᠠᠷᠢᠯᠲᠠ ᠶᠢᠨ ᠬᠥᠪᠥᠮᠡᠯ ᠤᠷᠤᠰᠬᠠᠯ ᠂ ᠬᠠᠰᠢᠯᠭ᠎ᠠ ᠶᠢᠨ ᠳᠣᠣᠷᠠᠬᠢ ᠤᠢ ᠰᠢᠭᠤᠢ᠂ ᠴᠦᠨᠵᠸᠤ ᠶᠢᠨ ᠡᠷᠲᠡᠨ ᠤ ᠬᠤᠳᠠ ᠵᠡᠷᠭᠡ ᠲᠦᠷᠪᠡᠨ ᠦᠵᠡᠮᠵᠢ ᠶᠢᠨ ᠣᠷᠣᠨ ᠤ ᠬᠤᠷᠢᠨ ᠨᠠᠢᠮᠠᠨ ᠦᠵᠡᠮᠵᠢ ᠶᠢᠨ ᠣᠷᠣᠨ ᠰᠣᠯᠪᠢᠴᠠᠨ ᠬᠡᠷᠡᠯᠳᠦᠵᠦ᠂ ᠮᠠᠰᠢ ᠤᠯᠠᠨ ᠵᠤᠭᠠᠴᠠᠭᠰᠠᠳ ᠤᠨ ᠠᠩᠬᠠᠷᠤᠯ ᠢ ᠲᠠᠲᠠᠵᠠᠢ᠃    ︽ᠲᠦᠷᠦᠯ ᠵᠦᠢᠯ ᠢ ᠪᠠᠶᠢᠭᠤᠯᠤᠭᠰᠠᠨ ᠤ ᠳᠠᠷᠠᠭ᠎ᠠ᠂ ᠪᠦᠲᠦᠭᠡᠨ ᠪᠠᠶᠢᠭᠤᠯᠤᠯᠲᠠ ᠡᠵᠡᠩᠨᠡᠯᠲᠡ ᠶᠢ ᠨᠢᠭᠡ ᠴᠣᠭᠴᠠᠵᠢᠭᠤᠯᠬᠤ ᠵᠠᠭᠪᠤᠷ ᠢᠶᠠᠷ ︿ᠠᠵᠤ ᠠᠬᠤᠶᠢᠯᠠᠯ + ᠰᠢᠶᠠᠩ ᠪᠠᠯᠭᠠᠰᠤ + ᠲᠣᠰᠬᠤᠨ ᠬᠠᠮᠲᠤ + ᠲᠠᠷᠢᠶᠠᠴᠢᠨ ᠡᠷᠦᠬᠡ﹀ ᠳᠦᠷᠪᠡᠨ ᠲᠠᠯ᠎ᠠ ᠶᠢᠨ ᠠᠰᠢᠭ ᠲᠤᠰᠠ ᠶᠢ ᠬᠤᠯᠪᠣᠬᠤ ᠲᠣᠭᠲᠠᠴᠠ ᠶᠢ ᠪᠠᠶᠢᠭᠤᠯᠵᠤ᠂ ᠠᠵᠤ ᠠᠬᠤᠢ ᠶᠢᠨ ᠦᠷ᠎ᠡ ᠠᠰᠢᠭ᠂ ᠠᠮᠢ ᠠᠬᠤᠢ ᠶᠢᠨ ᠦᠷ᠎ᠡ ᠠᠰᠢᠭ᠂ ᠨᠡᠶᠢᠭᠡᠮ ᠤᠨ ᠦᠷ᠎ᠡ ᠠᠰᠢᠭ ᠢ ᠬᠠᠮᠤᠭ ᠤᠨ ᠶᠡᠭᠡ ᠪᠣᠯᠭᠠᠬᠤ ᠪᠠᠷ ᠴᠢᠷᠮᠠᠶᠢᠨ᠎ᠠ᠂ ᠪᠠᠶᠢᠭᠤᠯᠤᠭᠰᠠᠨ ᠤ ᠳᠠᠷᠠᠭ᠎ᠠ ᠵᠢᠯ ᠳᠤ ᠵᠤᠭᠠᠴᠠᠭᠰᠠᠳ ᠢ ᠭᠥᠯᠢᠶᠡᠨ ᠠᠪᠬᠤ ᠴᠢᠳᠠᠪᠤᠷᠢ ᠶᠢ 25.45 ᠲᠦᠮᠡᠨ ᠬᠥᠮᠥᠨ ᠤᠳᠠᠭ᠎ᠠ ᠳᠤ ᠬᠦᠷᠭᠡᠵᠦ᠂ ᠰᠢᠭᠤᠳ ᠣᠷᠣᠯᠭ᠎ᠠ ᠶᠢ 1666 ᠲᠦᠮᠡᠨ ᠲᠥᠭᠦᠷᠢᠭ ᠲᠤ ᠬᠦᠷᠭᠡᠨ᠎ᠡ︾ ᠭᠡᠵᠦ ᠪᠦᠦ ᠱᠢ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠸᠠᠩ ᠱᠤᠸᠠᠩ ᠵᠢᠦᠢ ᠬᠡᠯᠡᠪᠡ᠃    ᠪᠦᠦ ᠱᠢ ᠬᠥᠳᠡᠭᠡ ᠲᠣᠰᠬᠤᠨ ᠤ ᠶᠡᠷᠦᠩᠬᠡᠶᠢᠯᠡᠭᠰᠡᠨ ᠴᠣᠭᠴᠠ ᠶᠢᠨ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠪᠣᠯ ᠲᠦᠴᠢᠦᠸᠠᠨ ᠰᠢᠶᠠᠨ ᠤ ᠪᠦᠬᠦ ᠣᠷᠣᠨ ᠪᠦᠰᠡ ᠶᠢᠨ ᠵᠤᠭᠠᠴᠠᠯ ᠢ ᠠᠬᠢᠭᠤᠯᠤᠭᠰᠠᠨ ᠬᠤᠷᠢᠶᠠᠩᠭᠤᠢ ᠳᠦᠷᠰᠦ ᠶᠢᠨ ᠨᠢᠭᠡ ᠪᠣᠯᠣᠨ᠎ᠠ᠃ ᠡᠯ᠎ᠡ ᠵᠤᠭᠠᠴᠠᠯ ᠤᠨ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠶᠠᠪᠤᠴᠠ ᠳᠤ᠂ ᠲᠦᠴᠢᠦᠸᠠᠨ ᠰᠢᠶᠠᠨ ᠤ ᠬᠢᠨ ᠲᠥᠯᠦᠪᠵᠢᠭᠦᠯᠭᠡ ᠪᠠᠷ ᠬᠥᠲᠥᠯᠥᠨ ᠳᠠᠭᠠᠭᠤᠯᠬᠤ ᠶᠢ ᠤᠷᠢᠳᠠᠪᠠᠷ ᠬᠡᠷᠡᠭᠵᠢᠭᠦᠯᠬᠦ ᠶᠢ ᠪᠠᠷᠢᠮᠲᠠᠯᠠᠵᠤ᠂ ︽ᠲᠦᠴᠢᠦᠸᠠᠨ ᠰᠢᠶᠠᠨ ᠤ ᠪᠦᠬᠦ ᠣᠷᠣᠨ ᠪᠦᠰᠡ ᠶᠢᠨ ᠵᠤᠭᠠᠴᠠᠯ ᠤᠨ ᠲᠥᠯᠦᠪᠵᠢᠭᠦᠯᠭᠡ︾ ᠶᠢ ᠨᠠᠷᠢᠨ ᠨᠢᠮᠪᠠᠢ ᠨᠠᠶᠢᠷᠠᠭᠤᠯᠤᠨ ᠵᠣᠬᠢᠶᠠᠵᠤ᠂ ᠦᠵᠡᠮᠵᠢ ᠶᠢᠨ ᠣᠷᠣᠨ ᠢ ᠥᠨᠳᠥᠷ ᠪᠠᠷᠢᠮᠵᠢᠶ᠎ᠠ ᠪᠠᠷ ᠪᠦᠲᠦᠭᠡᠨ ᠪᠠᠶᠢᠭᠤᠯᠬᠤ᠂ ᠴᠢᠨᠠᠷ ᠰᠠᠶᠢᠲᠠᠢ ᠪᠦᠲᠦᠭᠡᠨ ᠪᠠᠶᠢᠭᠤᠯᠬᠤ ᠶᠢ ᠪᠠᠲᠤᠯᠠᠵᠠᠢ᠃    ᠬᠥᠳᠡᠭᠡ ᠨᠤᠲᠤᠭ ᠤᠨ ᠠᠮᠢᠳᠤᠷᠠᠯ ᠢ ᠣᠶᠢᠯᠠᠭᠠᠵᠤ᠂ ᠬᠥᠳᠡᠭᠡ ᠨᠤᠲᠤᠭ ᠤᠨ ᠥᠩᠭᠡ ᠦᠵᠡᠮᠵᠢ ᠶᠢ ᠪᠡᠶ᠎ᠡ ᠪᠠᠷ ᠢᠶᠠᠨ ᠣᠶᠢᠯᠠᠭᠠᠵᠤ᠂ ᠬᠥᠳᠡᠭᠡ ᠨᠤᠲᠤᠭ ᠤᠨ ᠦᠵᠡᠮᠵᠢ ᠶᠢ ᠰᠣᠨᠢᠷᠬᠠᠨ᠎ᠠ᠃ ᠲᠦᠴᠢᠦᠸᠠᠨ ᠰᠢᠶᠠᠨ ᠤ ᠵᠡᠭᠦᠨ ᠲᠦᠷᠦᠯᠵᠢ ᠪᠠᠯᠭᠠᠰᠤ ᠨᠠᠭᠤᠷ ᠤᠨ ᠤᠰᠤ ᠶᠢ ᠲᠣᠰᠬᠤᠨ ᠳᠤ ᠲᠠᠳᠠᠨ ᠣᠷᠣᠭᠤᠯᠵᠤ᠂ ᠮᠢᠩᠭᠠᠨ ᠮᠦ ︽ᠲᠤᠲᠤᠷᠭ᠎ᠠ ᠶᠢᠨ ᠨᠠᠢᠮᠠᠯᠵᠢ ᠬᠠᠮᠲᠤ ᠣᠷᠣᠰᠢᠬᠤ︾ ᠲᠠᠷᠢᠶᠠᠯᠠᠩ ᠤᠨ ᠵᠤᠭᠠᠴᠠᠯ ᠤᠨ ᠰᠠᠭᠤᠷᠢᠨ ᠢ ᠪᠠᠶᠢᠭᠤᠯᠵᠤ᠂ ᠬᠥᠳᠡᠭᠡ ᠲᠣᠰᠬᠤᠨ ᠤ ᠵᠤᠭᠠᠴᠠᠯ ᠤᠨ ᠬᠥᠭᠵᠢᠯᠲᠡ ᠶᠢ ᠠᠬᠢᠭᠤᠯᠵᠤ᠂ ︽ᠦᠵᠡᠮᠵᠢ ᠶᠢ ᠲᠠᠷᠢᠶᠠᠨ ᠳᠤᠮᠳᠠ ᠪᠠᠶᠢᠭᠤᠯᠵᠤ᠂ ᠬᠥᠮᠥᠨ ᠢ ᠵᠢᠷᠤᠭ ᠤᠨ ᠳᠤᠮᠳᠠ ᠵᠤᠭᠠᠴᠠᠭᠤᠯᠬᠤ︾ ᠶᠢ ᠪᠡᠶᠡᠯᠡᠭᠦᠯᠵᠡᠢ᠃    ᠬᠥᠳᠡᠭᠡ ᠲᠣᠰᠬᠤᠨ ᠢ ᠬᠥᠭᠵᠢᠭᠦᠯᠦᠨ᠂ ᠵᠤᠭᠠᠴᠠᠯ ᠢ ᠬᠥᠭᠵᠢᠭᠡᠵᠦ᠂ ᠲᠤᠬᠠᠢ ᠶᠢᠨ ᠭᠠᠵᠠᠷ ᠤᠨ ᠤᠯᠠᠨ ᠲᠦᠮᠡᠨ ᠤ ᠣᠷᠣᠯᠭ᠎ᠠ ᠶᠢ ᠨᠡᠮᠡᠭᠳᠡᠭᠦᠯᠵᠦ᠂ ᠨᠡᠩ ᠤᠯᠠᠨ ᠲᠠᠷᠢᠶᠠᠴᠢᠳ ᠲᠤ ᠬᠥᠳᠡᠭᠡ ᠲᠣᠰᠬᠤᠨ ᠤ ᠵᠤᠭᠠᠴᠠᠯ ᠤᠨ ᠬᠥᠭᠵᠢᠯᠲᠡ ᠶᠢᠨ ᠠᠰᠢᠭ ᠢ ᠡᠳ᠋ᠯᠡᠭᠦᠯᠦᠨ᠎ᠡ᠃ ᠡᠨᠡ ᠵᠢᠯ᠂ ᠲᠦᠴᠢᠦᠸᠠᠨ ᠰᠢᠶᠠᠨ ᠤ ᠵᠡᠭᠦᠨ ᠲᠦᠷᠦᠯᠵᠢ ᠪᠠᠯᠭᠠᠰᠤ ᠠᠵᠠ ᠲᠣᠬᠢᠶᠠᠯ ᠢ ᠠᠮᠵᠢᠵᠤ᠂ 150 ᠲᠦᠮᠡᠨ ᠲᠥᠭᠦᠷᠢᠭ ᠤᠨ ᠪᠡᠯᠡ ᠮᠥᠩᠭᠦ ᠣᠷᠣᠭᠤᠯᠵᠤ᠂ ᠮᠢᠩ ᠰᠢᠩ ᠲᠣᠰᠬᠤᠨ ᠤ 126 ᠡᠷᠦᠬᠡ᠂ 271 ᠮᠦ ᠬᠦᠷᠢᠶᠡᠨ ᠤ ᠣᠷᠭᠠᠨᠢᠭ ᠤᠰᠤᠨ ᠲᠤᠲᠤᠷᠭ᠎ᠠ ᠶᠢᠨ ᠬᠥᠭᠵᠢᠯᠲᠡ ᠳᠤ ᠬᠡᠷᠡᠭᠯᠡᠵᠦ᠂ ᠮᠢᠩ ᠰᠢᠩ ᠤᠰᠤᠨ ᠴᠥᠭᠦᠷᠥᠮ ᠤᠨ ᠡᠬᠢ ᠪᠠᠶᠠᠯᠢᠭ ᠲᠤ ᠲᠦᠰᠢᠭᠯᠡᠨ᠂ ︽ᠨᠠᠭᠤᠷ ᠢ ᠲᠣᠰᠬᠤᠨ ᠳᠤ ᠲᠠᠲᠠᠬᠤ᠂ ᠤᠰᠤ ᠶᠢ ᠬᠦᠷᠢᠶᠡᠯᠡᠩ ᠳᠤ ᠣᠷᠣᠭᠤᠯᠬᠤ︾ ᠮᠢᠩ ᠰᠢᠩ ᠬᠦᠷᠢᠶᠡᠨ ᠤ ᠤᠰᠤᠨ ᠰᠢᠰᠲ᠋ᠧᠮ ᠢ ᠪᠠᠶᠢᠭᠤᠯᠵᠤ ᠂ ᠭᠠᠵᠠᠷ ᠤᠨ ᠭᠠᠳᠠᠷᠭᠤ ᠠᠴᠠ ᠤᠰᠤ ᠣᠷᠣᠭᠤᠯᠤᠨ ᠲᠤᠲᠤᠷᠭ᠎ᠠ ᠶᠢ ᠤᠰᠤᠯᠠᠵᠤ᠂ ᠦᠢᠯᠡᠳᠪᠦᠷᠢᠯᠡᠯ ᠤᠨ ᠶᠠᠰᠤ ᠴᠢᠨᠠᠷ ᠢ ᠳᠡᠭᠡᠭᠰᠢᠯᠡᠭᠦᠯᠵᠡᠢ᠃    ︽ᠪᠠᠶᠠᠷ ᠳᠤᠷᠠᠰᠬᠠᠯ ᠤᠨ ᠡᠳᠦᠷ ᠤᠨ ᠠᠮᠠᠷᠠᠯᠲᠠ ᠶᠢᠨ ᠬᠤᠭᠤᠴᠠᠭᠠᠨ ᠳᠤ ᠵᠢᠭᠤᠯᠴᠢᠯᠠᠭᠴᠢᠳ ᠮᠢᠨᠤ ᠠᠳᠡ ᠢᠷᠡᠵᠦ ᠰᠠᠭᠤᠭᠠᠳ ᠠᠵᠢᠯ ᠠᠮᠢᠳᠤᠷᠠᠯ ᠤᠨ ᠳᠤᠮᠳᠠᠬᠢ ᠰᠣᠨᠢᠷᠬᠠᠯ ᠲᠠᠢ ᠵᠦᠢᠯ ᠤᠳ ᠢᠶᠠᠨ ᠶᠠᠷᠢᠯᠴᠠᠵᠤ᠂ ᠵᠠᠷᠢᠮ ᠳᠠᠭᠠᠨ ᠪᠠᠰᠠ ᠤᠰᠤᠨ ᠳᠤ ᠣᠷᠣᠵᠤ ᠲᠤᠲᠤᠷᠭ᠎ᠠ ᠶᠢᠨ ᠲᠠᠷᠢᠶᠠᠨ ᠤ ᠵᠢᠭᠠᠰᠤ ᠪᠠᠷᠢᠬᠤ ᠮᠡᠲᠦ ᠶᠢᠨ ᠵᠦᠢᠯᠡᠰ  ᠢ ᠰᠠᠶᠢᠬᠠᠨ ᠨᠠᠭᠠᠳᠳᠠᠭ︾ ᠭᠡᠵᠦ ᠵᠡᠭᠦᠨ ᠲᠦᠷᠦᠯᠵᠢ ᠪᠠᠯᠭᠠᠰᠤᠨ ᠤ ᠮᠢᠩ ᠰᠢᠩ ᠲᠣᠰᠬᠤᠨ ᠤ ᠠᠷᠠᠳ ᠼᠦᠩ ᠸᠠᠨ ᠸᠧᠨ ᠬᠡᠯᠡᠪᠡ᠃ ᠼᠦᠩ ᠸᠠᠨ ᠸᠧᠨ ᠡᠨᠡ ᠵᠢᠯ ᠥᠪᠡᠷ ᠤᠨ ᠬᠦᠷᠢᠶᠡᠨ ᠤ ᠪᠠᠨ ᠬᠤᠭᠤᠰᠤᠨ ᠭᠠᠵᠠᠷ ᠢ ᠠᠰᠢᠭᠯᠠᠨ ᠣᠷᠭᠠᠨᠢᠭ ᠤᠰᠤᠨ ᠲᠤᠲᠤᠷᠭ᠎ᠠ ᠲᠠᠷᠢᠬᠤ ᠶᠢᠨ ᠬᠠᠮᠲᠤ ᠲᠤᠲᠤᠷᠭ᠎ᠠ ᠶᠢᠨ ᠲᠠᠷᠢᠶᠠᠨ ᠳᠤ ᠬᠡᠯᠲᠡᠭᠡ ᠵᠢᠭᠠᠰᠤ ᠪᠠ ᠮᠥᠷᠭᠦ ᠵᠢᠭᠠᠰᠤ ᠬᠢᠵᠦ᠂ ᠪᠣᠬᠢᠷᠳᠤᠯ ᠦᠭᠡᠢ ᠴᠡᠪᠡᠷ ᠪᠣᠬᠢᠷᠳᠤᠯ ᠦᠭᠡᠢ ᠪᠦᠲᠦᠭᠡᠭᠳᠡᠬᠦᠨ ᠢᠶᠠᠷ ᠲᠡᠭᠦᠨ ᠢ ᠳᠦᠭᠦᠷᠡᠩ ᠵᠣᠭᠤᠰ ᠣᠯᠣᠭᠤᠯᠵᠠᠢ᠃    ︽ᠡᠨᠡ ᠵᠢᠯ᠂ ᠪᠢᠳᠡ ᠨᠠᠷᠠᠲᠤ ᠲᠣᠰᠬᠤᠨ ᠲᠣᠰᠬᠤᠨ ᠤ ᠠᠷᠠᠳ ᠢ ᠬᠥᠲᠥᠯᠥᠨ ᠵᠢᠯᠤᠭᠤᠳᠴᠤ ᠪᠠᠶᠢᠭᠠᠳ ᠬᠦᠷᠢᠶ᠎ᠡ ᠬᠠᠰᠢᠶ᠎ᠠ ᠶᠢᠨ ᠤᠰᠤᠨ ᠲᠤᠲᠤᠷᠭ᠎ᠠ ᠳᠠᠷᠢᠬᠤ ᠶᠢ ᠬᠥᠭᠵᠢᠭᠦᠯᠵᠦ᠂ ᠤᠤᠯ ᠤᠨ ᠪᠣᠬᠢᠷᠳᠤᠯ ᠦᠭᠡᠢ ᠤᠰᠤᠨ ᠲᠤᠲᠤᠷᠭ᠎ᠠ ᠶᠢ ᠲᠠᠰ ᠳᠡᠪᠰᠢᠭᠦᠯᠦᠨ ᠣᠷᠭᠠᠨᠢᠭ ᠤᠰᠤᠨ ᠲᠤᠲᠤᠷᠭ᠎ᠠ ᠪᠣᠯᠭᠠᠨ ᠲᠠᠰ ᠳᠡᠪᠰᠢᠭᠦᠯᠵᠦ᠂ ᠠᠷᠠᠳ ᠣᠯᠠᠨ ᠤ ᠣᠷᠣᠯᠭ᠎ᠠ ᠶᠢ ᠨᠡᠮᠡᠭᠳᠡᠭᠦᠯᠦᠨ᠂ ︿ᠪᠢ ᠨᠠᠷᠠᠲᠤ ᠲᠣᠭᠯᠠᠭᠴᠢ ᠳᠤ ᠬᠠᠯᠠᠭᠤᠨ ᠳᠤᠯᠠᠭᠠᠨ ᠬᠦᠷᠢᠶᠡᠯᠡᠩ ᠲᠠᠢ﹀ ᠲᠠᠨᠢᠵᠤ ᠠᠪᠬᠤ ᠵᠠᠭᠪᠤᠷ ᠢ ᠨᠡᠭᠡᠭᠡᠨ ᠬᠥᠭᠵᠢᠭᠦᠯᠵᠦ᠂ ᠬᠤᠲᠠ ᠶᠢᠨ ᠬᠥᠮᠥᠰ ᠢ ᠲᠠᠷᠢᠶᠠᠯᠠᠩ ᠤᠨ ᠵᠤᠭ᠎ᠠ ᠴᠡᠩᠭᠡᠯ ᠤᠨ ᠠᠵᠢᠯᠯᠠᠭ᠎ᠠ ᠳᠤ ᠣᠷᠣᠯᠴᠠᠭᠤᠯᠵᠤ᠂ ᠬᠥᠳᠡᠭᠡ ᠲᠣᠰᠬᠤᠨ ᠤ ᠠᠮᠢᠳᠤᠷᠠᠯ ᠢ ᠣᠶᠢᠯᠠᠭᠠᠭᠤᠯᠵᠤ᠂ ᠨᠤᠲᠤᠭ ᠤᠨ ᠮᠥᠷᠥᠭᠡᠳᠦᠯ ᠢ ᠦᠯᠡᠳᠡᠭᠡᠵᠦ ᠳᠡᠶᠢᠯᠦᠨ᠎ᠡ︾ ᠭᠡᠵᠦ ᠵᠡᠭᠦᠨ ᠲᠦᠷᠦᠯᠵᠢ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠰᠢᠦᠢ ᠶᠢᠩ ᠱᠤ᠋ ᠬᠡᠯᠡᠪᠡ᠃    ᠬᠥᠳᠡᠭᠡ ᠲᠣᠰᠬᠤᠨ ᠤ ᠵᠤᠭᠠᠴᠠᠯ ᠤᠨ ᠡᠬᠢ ᠪᠠᠶᠠᠯᠢᠭ ᠤᠨ ︽ᠠᠮᠢᠳᠤᠯᠢᠭ︾ ᠢ ᠠᠬᠢᠭᠤᠯᠵᠤ᠂ ᠲᠦᠴᠢᠦᠸᠠᠨ ᠰᠢᠶᠠᠨ ᠤ ᠬᠢᠨ ᠬᠠᠮᠲᠤ ᠪᠠᠷ ᠠᠰᠢᠭ ᠭᠥᠷᠳᠡᠬᠦ ᠵᠠᠷᠴᠢᠮ ᠢ ᠪᠠᠷᠢᠮᠲᠠᠯᠠᠵᠤ᠂ ︽ᠵᠠᠰᠠᠭ ᠤᠨ ᠣᠷᠳᠣᠨ ᠬᠥᠲᠥᠯᠥᠨ ᠵᠢᠯᠤᠭᠤᠳᠴᠤ᠂ ᠠᠵᠤ ᠠᠬᠤᠶᠢᠯᠠᠯ᠂ ᠲᠣᠰᠬᠤᠨ ᠤ ᠬᠠᠮᠲᠤ ᠨᠡᠶᠢᠲᠡ᠂ ᠲᠠᠷᠢᠶᠠᠴᠢᠳ ᠬᠠᠮᠲᠤ ᠪᠠᠷ ᠣᠷᠤᠯᠴᠠᠬᠤ︾ ᠪᠦᠲᠦᠭᠡᠨ ᠪᠠᠶᠢᠭᠤᠯᠤᠯᠲᠠ ᠶᠢᠨ ᠵᠠᠭᠪᠤᠷ ᠢ ᠬᠡᠷᠡᠭᠵᠢᠭᠦᠯᠵᠦ᠂ ᠲᠣᠭᠲᠠᠮᠠᠯ ᠬᠤᠪᠢᠶᠠᠷᠢᠯᠠᠯᠲᠠ ᠶᠢᠨ ᠠᠰᠢᠭ ᠣᠷᠣᠯᠭ᠎ᠠ ᠶᠢᠨ ᠬᠡᠯᠪᠡᠷᠢ ᠪᠠᠷ ᠲᠣᠰᠬᠤᠨ ᠤ ᠬᠠᠮᠲᠤ ᠶᠢᠨ ᠣᠷᠣᠯᠭ᠎ᠠ ᠶᠢ ᠨᠡᠮᠡᠭᠳᠡᠭᠦᠯᠵᠦ᠂ ᠡᠭᠦᠨ ᠤ ᠬᠠᠮᠲᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠵᠣᠯᠭᠠᠭᠤᠯᠬᠤ ᠪᠡᠯᠡ ᠮᠥᠩᠭᠦ ᠶᠢ ᠠᠷᠠᠳ ᠤᠨ ᠣᠷᠣᠨ ᠰᠠᠭᠤᠴᠠ᠂ ᠬᠤᠭᠤᠯᠠ ᠤᠮᠳᠠ᠂ ᠲᠡᠭᠦᠵᠦ ᠲᠡᠭᠦᠬᠦ ᠵᠡᠷᠭᠡ ᠵᠤᠭᠠᠴᠠᠯ ᠤᠨ ᠦᠢᠯᠡᠰ ᠤᠨ ᠬᠡᠯᠪᠡᠷᠢ ᠪᠠᠶᠢᠳᠠᠯ ᠢ ᠰᠢᠨᠵᠢᠯᠡᠬᠦ ᠤᠬᠠᠭᠠᠨᠴᠢ ᠪᠠᠷ ᠵᠦᠢ ᠵᠣᠬᠢᠰᠲᠠᠢ ᠨᠡᠭᠡᠭᠡᠨ ᠬᠥᠭᠵᠢᠭᠦᠯᠬᠦ ᠶᠢᠨ ᠬᠠᠮᠲᠤ ᠦᠵᠡᠮᠵᠢ ᠶᠢᠨ ᠣᠷᠣᠨ ᠳᠤ ᠬᠡᠭᠡᠷ᠎ᠡ ᠶᠢᠨ ᠭᠠᠷᠤᠯᠲᠠ ᠶᠢᠨ ᠤᠷᠳᠤ ᠬᠤᠩᠭᠢᠯ᠂ ᠬᠡᠦᠬᠡᠳ ᠤᠨ ᠵᠤᠭ᠎ᠠ ᠴᠡᠩᠭᠡᠯ ᠵᠡᠷᠭᠡ ᠠᠳᠠᠯᠢ ᠪᠤᠰᠤ ᠡᠵᠡᠩᠨᠡᠯᠲᠡ ᠶᠢᠨ ᠬᠡᠯᠪᠡᠷᠢ ᠪᠠᠶᠢᠳᠠᠯ ᠢ ᠨᠡᠮᠡᠨ ᠪᠠᠶᠢᠭᠤᠯᠵᠤ᠂ ᠰᠣᠶᠣᠯ ᠤᠨ ᠡᠭᠦᠳᠦᠯᠲᠡ ᠶᠢᠨ ᠪᠦᠲᠦᠭᠡᠭᠳᠡᠬᠦᠨ᠂ ᠲᠠᠷᠢᠶᠠᠯᠠᠩ ᠲᠤᠰᠠᠯᠠᠬᠤ ᠠᠵᠤ ᠠᠬᠤᠢ ᠶᠢᠨ ᠪᠦᠲᠦᠭᠡᠭᠳᠡᠬᠦᠨ ᠢᠶᠠᠷ ᠵᠤᠭᠠᠴᠠᠭᠰᠠᠳ ᠤᠨ ᠬᠡᠷᠡᠭᠯᠡᠭᠡᠨ ᠤ ᠬᠡᠷᠡᠭᠴᠡᠭᠡ ᠶᠢ ᠨᠡᠩ ᠰᠠᠶᠢᠲᠤᠷ ᠬᠠᠩᠭᠠᠵᠤ᠂ ᠤᠯᠠᠨ ᠲᠦᠮᠡᠨ ᠳᠤ ᠠᠵᠢᠯ ᠤᠨ ᠪᠠᠶᠢᠷᠢ ᠬᠠᠩᠭᠠᠵᠤ᠂ ᠣᠷᠣᠯᠭ᠎ᠠ ᠶᠢ ᠨᠡᠮᠡᠭᠳᠡᠭᠦᠯᠵᠦ᠂ ᠵᠤᠭᠠᠴᠠᠯ ᠤᠨ ᠳᠠᠪᠠᠭᠤᠯᠢᠭ ᠡᠬᠢ ᠪᠠᠶᠠᠯᠢᠭ ᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠪᠣᠯᠭᠠᠨ ᠬᠤᠪᠢᠷᠠᠭᠤᠯᠬᠤ ᠶᠢ ᠦᠨᠡᠨᠬᠦ ᠪᠡᠶᠡᠯᠡᠭᠦᠯᠦᠨ᠎ᠡ ᠭᠡᠪᠡ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号