ᠳᠤᠮᠳᠠᠳᠤ ᠤᠯᠤᠰ ᠤᠨ ᠡᠪ ᠬᠠᠮᠲᠤ ᠨᠠᠮ ᠤᠨ ᠤᠯᠠᠭᠠᠨᠬᠤᠲᠠ ᠶᠢᠨ ᠠᠷᠪᠠᠨ ᠬᠤᠶᠠᠳᠤᠭᠠᠷ ᠬᠤᠭᠤᠴᠠᠭᠠᠨ ᠤ ᠪᠠᠶᠢᠩᠭᠤ ᠶᠢᠨ ᠬᠤᠷᠢᠶ᠎ᠠ 35 ᠳ᠋ᠤᠭᠠᠷ ᠤᠳᠠᠭᠠᠨ ᠤ ᠬᠤᠷᠠᠯ ᠵᠢᠴᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/11/10
    11 ᠰᠠᠷ᠎ᠠ ᠶᠢᠨ 4 ᠤ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠯᠠᠭᠠᠨᠬᠤᠲᠠ ᠶᠢᠨ ᠠᠷᠪᠠᠨ ᠬᠤᠶᠠᠳᠤᠭᠠᠷ ᠬᠤᠭᠤᠴᠠᠭᠠᠨ ᠤ ᠪᠠᠶᠢᠩᠭᠤ ᠶᠢᠨ ᠬᠤᠷᠢᠶ᠎ᠠ 35 ᠳ᠋ᠤᠭᠠᠷ ᠤᠳᠠᠭᠠᠨ ᠤ ᠬᠤᠷᠠᠯ ᠵᠢᠴᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠬᠤᠷᠠᠯᠳᠤᠭᠤᠯᠪᠠ᠃ ᠠᠶᠢᠮᠠᠭ ᠤᠨ ᠨᠠᠮ ᠤᠨ ᠬᠤᠷᠢᠶᠠᠨ ᠤ ᠭᠡᠰᠢᠭᠦᠨ᠂ ᠤᠯᠠᠭᠠᠨᠬᠤᠲᠠ ᠶᠢᠨ ᠨᠠᠮ ᠤᠨ ᠬᠤᠷᠢᠶᠠᠨ ᠤ ᠱᠦᠵᠢ ᠶᠠᠩ ᠵᠢᠶ ᠫᠧᠩ ᠬᠤᠷᠠᠯ ᠡᠷᠭᠢᠯᠡᠵᠦ᠂ ᠪᠥᠬᠦ ᠬᠤᠲᠠ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠵᠡᠷᠭᠡ ᠭᠤᠤᠯᠳᠠᠯᠭ᠎ᠠ ᠲᠠᠢ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃       ᠬᠤᠷᠠᠯ ᠠᠴᠠ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠢ ᠵᠣᠯᠭᠠᠭᠤᠯᠬᠤ ᠠᠵᠢᠯ ᠢ ᠯᠠᠪᠳᠠᠭᠤᠨ ᠪᠠᠲᠤᠲᠠᠢ ᠠᠬᠢᠭᠤᠯᠵᠤ᠂ ᠰᠢᠨᠵᠢᠯᠡᠬᠦ ᠤᠬᠠᠭᠠᠨᠴᠢ ᠪᠠᠷ ᠠᠵᠢᠯ ᠤᠨ ᠲᠥᠰᠦᠯ ᠲᠣᠭᠲᠠᠭᠠᠵᠤ᠂ ᠭᠠᠴᠠᠭ᠎ᠠ ᠲᠣᠰᠬᠤᠨ ᠳᠤ ᠰᠠᠭᠤᠭ᠎ᠠ ᠺᠠᠳ᠋ᠷᠴᠤᠳ ᠤᠨ ᠬᠠᠮᠢᠶᠠᠷᠤᠯᠲᠠ ᠶᠢ ᠴᠢᠩᠭᠠᠳᠬᠠᠵᠤ᠂ ᠬᠥᠳᠡᠯᠦᠩᠭᠦᠢ ᠬᠢᠨᠠᠨ ᠬᠡᠮᠵᠢᠯᠲᠡ ᠪᠠ ᠪᠦᠲᠦᠮᠵᠢᠲᠡᠢ ᠬᠠᠪᠰᠤᠷᠤᠨ ᠲᠡᠳᠬᠦᠬᠦ ᠠᠵᠢᠯ ᠢ ᠤᠨᠤᠴᠠᠳᠠᠢ ᠥᠷᠨᠢᠭᠦᠯᠵᠦ᠂ ᠬᠥᠳᠡᠭᠡ ᠲᠣᠰᠬᠤᠨ ᠤ ᠰᠠᠭᠤᠷᠢ ᠲᠥᠬᠦᠭᠡᠷᠦᠮᠵᠢ᠂ ᠠᠵᠤ ᠦᠢᠯᠡᠰ ᠤᠨ ᠬᠥᠭᠵᠢᠯᠲᠡ᠂ ︽ᠵᠣᠷᠯᠣᠩ ᠤᠨ ᠬᠤᠪᠢᠰᠬᠠᠯ ︾᠂ ᠬᠥᠮᠦᠰ ᠤᠨ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠵᠡᠷᠭᠡ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠬᠦ ᠬᠡᠷᠡᠭᠲᠡᠢ᠃ ᠬᠥᠳᠡᠭᠡ ᠲᠣᠰᠬᠤᠨ ᠤ ᠣᠷᠣᠨ ᠰᠠᠭᠤᠴᠠ ᠶᠢᠨ ᠭᠠᠵᠠᠷ ᠤᠨ ᠲᠦᠷᠢᠮ ᠤᠨ ᠥᠭᠡᠷᠡᠴᠢᠯᠡᠯᠲᠡ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ ᠬᠥᠳᠡᠭᠡ ᠲᠣᠰᠬᠤᠨ ᠤ ᠲᠠᠷᠢᠶᠠᠨ ᠭᠠᠵᠠᠷ ᠢ ᠳᠤᠷ᠎ᠠ ᠪᠠᠷ ᠢᠶᠠᠨ ᠡᠵᠡᠯᠡᠨ ᠬᠡᠷ ᠪᠠᠶᠢᠰᠢᠩ ᠪᠠᠷᠢᠬᠤ ᠣᠷᠣᠨ ᠰᠠᠭᠤᠴᠠ ᠶᠢᠨ ᠲᠥᠷᠥᠯ ᠤᠨ ᠬᠡᠷ ᠪᠠᠶᠢᠰᠢᠩ ᠢ ᠲᠤᠰᠬᠠᠶ ᠴᠡᠭᠴᠡᠯᠡᠨ ᠵᠠᠰᠠᠬᠤ ᠲᠤᠷᠰᠢᠯᠲᠠ ᠶᠢᠨ ᠠᠵᠢᠯ ᠢ ᠨᠢᠭᠡᠳᠦᠯᠲᠡᠶ ᠲᠥᠯᠥᠪᠯᠡᠨ ᠠᠬᠢᠭᠤᠯᠵᠤ᠂ ᠬᠤᠯᠪᠣᠭᠳᠠᠯ ᠪᠥᠬᠦᠶ ᠬᠤᠲᠠ ᠶᠢᠨ ᠱᠠᠲᠤᠨ ᠤ ᠤᠳᠤᠷᠢᠳᠤᠯᠭ᠎ᠠ ᠡᠮᠦᠨ᠎ᠡ ᠨᠢ ᠵᠢᠯᠣᠭᠤᠳᠴᠤ᠂ ᠲᠤᠰᠬᠠᠶ ᠠᠩᠭᠢ ᠶᠢᠨ ᠠᠬᠢᠭᠤᠯᠬᠤ ᠠᠵᠢᠯ ᠢ ᠨᠠᠶᠢᠳᠠᠪᠤᠷᠢᠵᠢᠭᠤᠯᠵᠤ᠂ ᠲᠤᠷᠰᠢᠯᠲᠠ ᠶᠢᠨ ᠴᠡᠭ ᠤᠨ ᠠᠵᠢᠯ ᠤᠨ ᠪᠣᠳᠠᠲᠤ ᠦᠷ᠎ᠡ ᠪᠦᠲᠦᠮᠵᠢ ᠤᠯᠬᠤ ᠶᠢ ᠦᠨᠡᠨ ᠬᠦ ᠪᠠᠲᠤᠯᠠᠬᠤ ᠬᠡᠷᠡᠭᠲᠡᠶ ᠬᠡᠵᠡᠢ᠃      ᠬᠤᠷᠠᠯ ᠠᠴᠠ᠂ 11 ᠰᠠᠷ᠎ᠠ ᠶᠢᠨ 1 ᠤ ᠡᠳᠦᠷ ᠤᠨ ᠠᠶᠢᠮᠠᠭ ᠤᠨ ᠨᠠᠮ ᠤᠨ ᠬᠤᠷᠢᠶᠠᠨ ᠤ ᠱᠦᠵᠢ ᠶᠢᠨ ᠲᠤᠰᠬᠠᠶ ᠰᠡᠳᠦᠪᠲᠦ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠡᠨᠡ ᠵᠢᠯ ᠤᠨ ᠡᠯ᠎ᠡ ᠵᠦᠢᠯ ᠤᠨ ᠠᠵᠤ ᠠᠬᠤᠶ ᠶᠢᠨ ᠬᠦᠢᠴᠡᠳᠭᠡᠯ ᠲᠤᠭ᠎ᠠ ᠶᠢ ᠪᠡᠶᠡᠯᠡᠭᠦᠯᠦᠭᠰᠡᠨ ᠪᠠᠶᠢᠳᠠᠯ ᠢ ᠵᠠᠳᠠᠯᠤᠨ ᠰᠤᠳᠤᠯᠵᠤ ᠮᠠᠭᠠᠳᠯᠠᠨ᠂ ᠭᠤᠤᠯᠳᠠᠯᠭ᠎ᠠ ᠲᠠᠢ ᠡᠭᠦᠷᠭᠡ ᠶᠢ ᠨᠢᠭᠡ ᠨᠢᠭᠡ ᠪᠠᠷ ᠡᠮᠬᠢᠯᠡᠨ ᠳᠢᠭᠯᠡᠵᠦ᠂ ᠬᠦᠢᠴᠡᠳᠬᠡᠯ ᠲᠤᠭ᠎ᠠ ᠶᠢ ᠨᠢᠭᠡ ᠨᠢᠭᠡ ᠪᠠᠷ ᠮᠥᠷᠳᠡᠨ ᠳᠡᠭᠡᠭᠰᠢᠯᠡᠭᠦᠯᠵᠦ᠂ ᠪᠥᠬᠦ ᠵᠢᠯ ᠤᠨ ᠲᠣᠭᠲᠠᠭᠰᠠᠨ ᠬᠠᠷᠠᠯᠲᠠ ᠶᠢᠨ ᠡᠭᠦᠷᠭᠡ ᠶᠢ ᠡᠷᠡᠰ ᠪᠡᠶᠡᠯᠡᠭᠦᠯᠬᠦ ᠬᠡᠷᠡᠭᠲᠡᠶ᠃ 2023 ᠣᠨ ᠤ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠱᠠᠯᠠᠪᠳᠠᠨ ᠲᠥᠯᠥᠪᠯᠡᠵᠦ᠂ ᠲᠣᠰ ᠭᠠᠵᠠᠷ ᠣᠷᠣᠨ ᠤ ᠠᠵᠤ ᠦᠢᠯᠡᠰ ᠤᠨ ᠳᠠᠯᠳᠠ ᠬᠦᠴᠦᠨ ᠢ ᠠᠭᠤᠳᠠᠯᠬᠤ ᠪᠠ ᠭᠠᠳᠠᠨ᠎ᠠ ᠠᠴᠠ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠶᠢ ᠵᠡᠷᠭᠡ ᠳᠤᠨᠢ ᠰᠠᠶᠢᠲᠤᠷ ᠬᠢᠵᠦ᠂ ᠬᠠᠳᠠᠭᠠᠯᠠᠯᠲᠠ ᠶᠢᠨ ᠬᠡᠮᠵᠢᠶ᠎ᠡ ᠶᠢ ᠠᠮᠢᠳᠤᠯᠢᠭ ᠪᠣᠯᠭᠠᠬᠤ᠂ ᠨᠡᠮᠡᠭᠳᠡᠯ ᠤᠨ ᠬᠡᠮᠵᠢᠶ᠎ᠡ ᠶᠢ ᠬᠦᠢᠴᠡᠳ ᠬᠢᠬᠦ ᠳᠡᠭᠡᠷ᠎ᠡ ᠬᠦᠴᠦ ᠲᠠᠯᠪᠢᠵᠤ᠂ ᠬᠡᠷ ᠪᠠᠶᠢᠰᠢᠩ ᠭᠠᠵᠠᠷ ᠬᠥᠷᠥᠩᠭᠡ᠂ ᠰᠢᠨ᠎ᠡ ᠡᠨᠧᠷᠭᠢ ᠵᠡᠷᠭᠡ ᠶᠢᠨ ᠪᠠᠯᠠ ᠣᠷᠣᠭᠤᠯᠤᠯᠲᠠ ᠶᠢᠨ ᠬᠡᠪᠴᠢᠶ᠎ᠡ ᠪᠠᠷ ᠶᠡᠭᠡ᠂ ᠬᠥᠲᠥᠯᠦᠨ ᠳᠠᠭᠠᠭᠤᠯᠵᠤ ᠳᠠᠶᠢᠴᠢᠯᠠᠬᠤ ᠪᠠᠷ ᠴᠢᠩᠭ᠎ᠠ ᠲᠥᠷᠥᠯ ᠵᠦᠢᠯ ᠢ ᠤᠯᠠᠭᠠᠨᠬᠤᠲᠠ ᠳᠤ ᠨᠠᠶᠢᠳᠠᠪᠤᠷᠢᠵᠢᠭᠤᠯᠬᠤ ᠪᠠᠷ ᠢᠳᠡᠪᠬᠢᠲᠡᠶ ᠴᠢᠷᠮᠠᠶᠢᠬᠤ ᠶᠢᠨ ᠬᠠᠮᠲᠤ ᠲᠥᠷᠥᠯ ᠵᠦᠢᠯ ᠤᠨ ᠲᠣᠬᠢᠷᠠᠭᠤᠯᠤᠯᠲᠠ ᠪᠠ ᠮᠥᠷᠳᠡᠨ ᠦᠢᠯᠡᠴᠢᠯᠡᠬᠦ ᠠᠵᠢᠯ ᠢ ᠰᠠᠶᠢᠲᠤᠷ ᠬᠢᠵᠦ᠂ ᠢᠷᠡᠬᠦ ᠬᠠᠪᠤᠷ ᠤᠨ ᠡᠬᠢ ᠪᠠᠷ ᠠᠵᠢᠯ ᠡᠬᠢᠯᠡᠭᠦᠯᠬᠦ ᠶᠢ ᠦᠨᠡᠨ ᠬᠦ ᠪᠠᠲᠤᠯᠠᠵᠤ᠂ ᠲᠠᠷᠠᠭ᠎ᠠ ᠵᠢᠯ ᠤᠨ ᠡᠯ᠎ᠡ ᠵᠦᠢᠯ ᠤᠨ ᠠᠵᠤ ᠠᠬᠤᠶ ᠶᠢᠨ ᠬᠦᠢᠴᠡᠳᠬᠡᠯ ᠲᠤᠭ᠎ᠠ ᠶᠢᠨ ︽ᠰᠠᠶᠢᠨ ᠡᠬᠢᠯᠡᠯᠲᠡ ᠲᠠᠢ︾ ᠪᠠᠶᠢᠬᠤ ᠶᠢ ᠪᠡᠶᠡᠯᠡᠬᠦᠯᠬᠦ ᠬᠡᠷᠡᠭᠳᠡᠢ ᠬᠡᠵᠦ ᠴᠢᠬᠤᠯᠠᠴᠢᠯᠠᠵᠠᠢ᠃ ᠬᠤᠷᠠᠯ ᠠᠴᠠ ᠰᠦᠨ ᠱᠤᠤ ᠴᠧᠩ ᠱᠦᠵᠢ ᠶᠢᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠺᠠᠳ᠋ᠷᠴᠤᠳ ᠤᠨ ᠶᠡᠭᠡ ᠬᠤᠷᠠᠯ ᠳᠡᠭᠡᠷᠡᠬᠢ ᠶᠠᠷᠢᠶ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠯᠪᠠᠨ ᠲᠢᠩᠬᠢᠮ ᠠᠴᠠ ᠲᠠᠷᠦᠮᠠᠯᠯᠠᠨ ᠲᠠᠷᠬᠠᠭᠠᠬᠰᠠᠨ ︽ᠰᠢᠨ᠎ᠡ ᠴᠠᠭ ᠦᠶ᠎ᠡ ᠶᠢᠨ ᠠᠶᠢᠮᠠᠭ ᠬᠤᠳᠠ᠂ ᠬᠤᠰᠢᠭᠤ ᠰᠢᠶᠠᠨ ︵ᠬᠤᠳᠠ᠂ ᠲᠣᠭᠤᠷᠢᠭ︶ ᠤ ᠤᠯᠤᠰ ᠲᠦᠷᠦ ᠶᠢᠨ ᠵᠥᠪᠯᠡᠯᠭᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠬᠡᠷᠡᠭᠵᠢᠭᠦᠯᠬᠦ ᠰᠠᠨᠠᠯ︾ ᠵᠡᠷᠭᠡ ᠬᠤᠷᠠᠯ᠂ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠲᠠᠮᠵᠢᠭᠤᠯᠤᠨ ᠰᠤᠷᠤᠯᠴᠠᠵᠠᠢ  
 
ᠢᠷᠡᠯᠲᠡ᠄ ᠤᠯᠠᠭᠠᠨᠬᠤᠳᠠ ᠶᠢᠨ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号