ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ ︽ᠵᠢᠷᠭᠤᠭ᠎ᠠ ᠶᠢ ᠳᠦᠢᠯᠪᠦᠷᠢᠳᠠᠢ ᠪᠠᠶᠢᠴᠠᠭᠠᠬᠤ︾ ᠲᠤᠰᠬᠠᠶ ᠠᠵᠢᠯᠯᠠᠭ᠎ᠠ ᠵᠢᠴᠢ 12345 ᠵᠠᠰᠠᠭ ᠤᠨ ᠶᠠᠪᠤᠳᠠᠯ ᠤᠨ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠬᠠᠯᠠᠮᠰᠢᠯ ᠤᠲᠠᠰᠤᠨ ᠤ ᠠᠵᠢᠯ ᠢ ᠠᠬᠢᠭᠤᠯᠬᠤ ᠬᠤᠷᠠᠯ ᠬᠢᠪᠠ
ᠨᠡᠶᠢᠲᠡᠯᠡᠭᠰᠡᠨ ᠴᠠᠭ᠄
2022/11/10
     11 ᠰᠠᠷ᠎ᠠ ᠶᠢᠨ 7 ᠤ ᠡᠳᠦᠷ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ ︽ᠵᠢᠷᠭᠤᠭ᠎ᠠ ᠶᠢ ᠳᠦᠢᠯᠪᠦᠷᠢᠳᠠᠢ ᠪᠠᠶᠢᠴᠠᠭᠠᠬᠤ︾ ᠲᠤᠰᠬᠠᠶ ᠠᠵᠢᠯᠯᠠᠭ᠎ᠠ ᠵᠢᠴᠢ 12345 ᠵᠠᠰᠠᠭ ᠤᠨ ᠶᠠᠪᠤᠳᠠᠯ ᠤᠨ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠬᠠᠯᠠᠮᠰᠢᠯ ᠤᠲᠠᠰᠤ ᠶᠢᠨ ᠠᠵᠢᠯ ᠢ ᠳᠥᠯᠭᠢᠨ ᠠᠬᠢᠭᠤᠯᠬᠤ ᠬᠤᠷᠠᠯ ᠬᠢᠪᠠ᠃ ᠬᠤᠷᠠᠯ ᠠᠴᠠ ᠪᠥᠬᠦ ᠬᠤᠰᠢᠭᠤᠨ ᠤ ᠨᠥᠬᠦᠨ ᠭᠦᠢᠴᠡᠳᠬᠡᠬᠦ ᠪᠠ ᠭᠦᠢᠴᠡᠳᠬᠡᠬᠦ ᠪᠠᠷ ᠪᠠᠶᠢᠭ᠎ᠠ ᠲᠥᠷᠥᠯ ᠵᠦᠢᠯ ᠢ ᠲᠥᠪᠯᠡᠷᠡᠭᠦᠯᠦᠨ ᠬᠢᠨᠠᠨ ᠵᠥᠪᠰᠢᠶᠡᠷᠡᠬᠦ᠂ ︽ᠬᠠᠭᠠᠰ ᠳᠤᠲᠠᠭᠤ︾ ᠢᠨᠵᠧᠨᠧᠷᠢᠩ᠂ ᠪᠠᠶᠢᠭᠤᠯᠬᠤ ᠪᠠᠨ ᠵᠣᠭᠰᠣᠭᠰᠠᠨ ᠲᠥᠷᠥᠯ ᠵᠦᠢᠯ ᠢ ᠶᠡᠭᠡ ᠪᠠᠷ ᠡᠬᠢᠯᠡᠨ ᠬᠡᠷᠡᠭᠵᠢᠭᠦᠯᠬᠦ᠂ ᠴᠢᠬᠤᠯᠠ ᠶᠡᠭᠡ ᠲᠥᠷᠥᠯ ᠵᠦᠶ᠋ᠯ ᠢ ᠬᠢᠨᠠᠨ ᠵᠥᠪᠰᠢᠶᠡᠷᠡᠬᠦ᠂ ︽ᠳᠠᠷᠤᠭᠳᠠᠵᠤ ᠪᠠᠶᠢᠭ᠎ᠠ ᠪᠠᠯᠠ ᠮᠥᠩᠭᠦ︾ ᠶᠢ ᠶᠡᠭᠡ ᠪᠠᠷ ᠡᠬᠢᠯᠡᠨ ᠬᠡᠷᠡᠭᠵᠢᠭᠦᠯᠬᠦ᠂ ᠭᠠᠵᠠᠷ ᠰᠢᠷᠣᠶ ᠶᠢ ᠰᠤᠯᠠ ᠪᠠᠶᠢᠯᠭᠠᠬᠤ᠂ ᠵᠥᠪᠰᠢᠶᠡᠷᠡᠭᠰᠡᠨ ᠪᠣᠯᠪᠠᠴᠤ ᠬᠠᠩᠭᠠᠭᠰᠠᠨ ᠥᠬᠡᠶ᠂ ᠠᠭᠤᠷᠬᠠᠶ ᠶᠢᠨ ᠡᠷᠬᠡ ᠶᠢ ᠶᠡᠭᠡ ᠪᠠᠷ ᠡᠬᠢᠯᠡᠨ ᠬᠡᠷᠡᠭᠵᠢᠭᠦᠯᠬᠦ᠂ ᠡᠬᠢ ᠪᠠᠶᠠᠯᠢᠭ ᠤᠨ ᠡᠯᠧᠮᠧᠨ᠋ᠲ ᠢ ᠰᠤᠯᠠ ᠪᠠᠶᠢᠯᠭᠠᠬᠤ᠂ ᠦᠢᠯᠡᠳᠪᠦᠷᠢᠯᠡᠯ ᠢ ᠵᠣᠭᠰᠣᠭᠠᠭᠰᠠᠨ ᠠᠵᠤ ᠠᠬᠤᠶᠢᠯᠠᠯ ᠢ ᠶᠡᠭᠡ ᠪᠠᠷ ᠡᠬᠢᠯᠡᠨ ᠬᠡᠷᠡᠭᠵᠢᠭᠦᠯᠬᠦ᠂ 12345 ᠵᠠᠰᠠᠭ ᠤᠨ ᠶᠠᠪᠤᠳᠠᠯ ᠤᠨ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠬᠠᠯᠠᠮᠰᠢᠯ ᠤᠲᠠᠰᠤ ᠵᠡᠷᠭᠡ ᠠᠵᠢᠯ ᠢ ᠥᠷᠨᠢᠭᠦᠯᠵᠦ᠂ ᠰᠢᠢᠳᠪᠦᠷᠢᠯᠡᠭᠰᠡᠨ ᠪᠠᠶᠢᠳᠠᠯ ᠢ ᠰᠣᠨᠣᠰᠪᠠ᠃ ᠪᠥᠬᠦ ᠬᠤᠰᠢᠭᠤᠨ ᠤ ︽ᠵᠢᠷᠭᠤᠭ᠎ᠠ ᠶᠢ ᠳᠦᠢᠯᠪᠦᠷᠢᠳᠠᠢ ᠪᠠᠶᠢᠴᠠᠭᠠᠬᠤ︾᠂ 12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠬᠠᠯᠠᠮᠰᠢᠯ ᠤᠲᠠᠰᠤᠨ ᠤ ᠠᠵᠢᠯ ᠤᠨ ᠭᠤᠤᠯᠳᠠᠯᠭ᠎ᠠ ᠲᠠᠢ ᠡᠭᠦᠷᠭᠡ ᠶᠢ ᠪᠥᠬᠦ ᠲᠠᠯ᠎ᠠ ᠪᠠᠷ ᠳᠣᠭᠢᠷᠠᠭᠤᠯᠤᠨ ᠪᠠᠶᠢᠷᠢᠯᠠᠭᠤᠯᠪᠠ᠃     ᠬᠤᠷᠠᠯ ᠠᠴᠠ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠰᠠᠨᠠᠭᠠᠴᠢᠯᠠᠭ᠎ᠠ ᠠᠴᠠ ᠪᠠᠨ᠂ ᠲᠦᠷᠭᠡᠨ᠂ ᠥᠨᠳᠥᠷ ᠪᠦᠲᠦᠮᠵᠢᠲᠡᠢ ᠪᠠᠷ ︽ᠵᠢᠷᠭᠤᠭ᠎ᠠ ᠶᠢ ᠳᠦᠢᠯᠪᠦᠷᠢᠳᠠᠢ ᠪᠠᠶᠢᠴᠠᠭᠠᠬᠤ︾ ᠠᠵᠢᠯᠯᠠᠭ᠎ᠠ ᠶᠢ ᠨᠠᠶᠢᠳᠠᠪᠤᠷᠢᠵᠢᠭᠤᠯᠤᠨ ᠨᠠᠷᠢᠯᠢᠬᠵᠢᠭᠤᠯᠬᠤ ᠶᠢ ᠠᠬᠢᠭᠤᠯᠵᠤ᠂ ᠠᠵᠢᠯ ᠤᠨ ᠲᠤᠬᠢᠷᠠᠭᠤᠯᠤᠯᠲᠠ ᠶᠢ ᠴᠢᠩᠭᠠᠳᠬᠠᠵᠤ᠂ ᠠᠬᠢᠴᠠ ᠶᠢ ᠲᠣᠭᠲᠠᠭᠰᠠᠨ ᠬᠤᠭᠤᠴᠠᠭ᠎ᠠ ᠲᠠᠢ ᠪᠠᠷ ᠮᠡᠳᠡᠭᠳᠡᠵᠦ᠂ ᠡᠯ᠎ᠡ ᠭᠤᠣᠯᠳᠠᠯᠭ᠎ᠠ ᠲᠠᠢ ᠲᠦᠷᠦᠯ ᠵᠦᠢᠯ ᠢ ᠪᠦᠬᠦ ᠲᠠᠯ᠎ᠠ ᠪᠠᠷ ᠠᠬᠢᠭᠤᠯᠬᠤ ᠶᠢ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃ ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ ᠠᠵᠢᠯ ᠤᠨ ᠠᠷᠭ᠎ᠠ ᠶᠢᠨ ᠶᠣᠰᠣᠭᠠᠷ᠂ ᠳᠤᠲᠠᠭᠤᠳᠠᠯ ᠢ ᠲᠦᠷᠭᠡᠨ ᠨᠥᠬᠦᠪᠥᠷᠢᠯᠡᠵᠦ᠂ ᠴᠡᠭᠴᠡᠯᠡᠨ ᠰᠠᠶᠢᠵᠢᠷᠠᠭᠤᠯᠤᠭᠰᠠᠨ ᠠᠰᠠᠭᠤᠳᠠᠯ ᠤᠨ ᠨᠣᠮᠧᠷ ᠢ ᠴᠠᠭ ᠲᠤᠬᠠᠢ ᠳᠤᠨᠢ ᠬᠦᠴᠦᠨ ᠦᠭᠡᠢ ᠪᠣᠯᠭᠠᠬᠤ ᠬᠡᠷᠡᠭᠲᠡᠢ᠃ ᠡᠯ᠎ᠡ ᠰᠠᠯᠠᠭ᠎ᠠ ᠮᠥᠴᠢᠷ ᠤᠳ ᠬᠤᠯᠪᠣᠭᠠᠯᠠᠨ ᠬᠥᠳᠡᠯᠦᠯᠴᠡᠬᠦ ᠪᠠᠨ ᠴᠢᠩᠭᠠᠳᠬᠠᠵᠤ᠂ ᠲᠡᠤᠬᠡᠨ ᠠᠴᠠ ᠦᠯᠡᠳᠡᠭᠳᠡᠵᠦ ᠢᠷᠡᠭᠰᠡᠨ ᠠᠰᠠᠭᠤᠳᠠᠯ ᠢ ᠨᠢᠭᠡᠳᠦᠯᠲᠡᠶ ᠲᠥᠯᠥᠪᠯᠡᠨ ᠰᠢᠢᠳᠪᠦᠷᠢᠯᠡᠬᠦ ᠠᠵᠠ ᠲᠣᠬᠢᠶᠠᠯᠳᠤ ᠬᠤᠭᠤᠴᠠᠭ᠎ᠠ ᠪᠠ ᠴᠣᠩᠬᠤᠪᠴᠢ ᠬᠤᠭᠤᠴᠠᠭ᠎ᠠ ᠶᠢ ᠠᠳᠬᠤᠨ᠂ ᠰᠤᠯᠠ ᠲᠠᠯᠪᠢᠭᠳᠠᠵᠤ ᠪᠠᠶᠢᠭ᠎ᠠ ᠡᠳ᠋ ᠬᠥᠷᠥᠩᠭᠡ᠂ ᠡᠬᠢ ᠪᠠᠶᠠᠯᠢᠭ ᠪᠠ ᠪᠠᠯᠠ ᠮᠥᠩᠭᠦ ᠶᠢ ᠬᠠᠮᠤᠭ ᠤᠨ ᠶᠡᠭᠡ ᠬᠡᠮᠵᠢᠶ᠎ᠡ ᠪᠠᠷ ᠠᠮᠢᠳᠤᠯᠢᠭ ᠪᠣᠯᠭᠠᠬᠤ ᠬᠡᠷᠡᠭᠲᠡᠶ ᠬᠡᠵᠡᠢ᠃ ᠬᠤᠷᠠᠯ ᠠᠴᠠ᠂ ᠡᠯ᠎ᠡ ᠰᠠᠯᠠᠭ᠎ᠠ ᠮᠥᠴᠢᠷ ᠤᠨ ᠬᠢᠨ ᠬᠠᠷᠢᠭᠤᠴᠠᠯᠭ᠎ᠠ ᠡᠭᠦᠷᠭᠡᠯᠡᠬᠦ ᠪᠠᠨ ᠴᠢᠩᠭᠠᠳᠬᠠᠵᠤ᠂ ᠦᠵᠡᠯ ᠰᠠᠨᠠᠭ᠎ᠠ ᠲᠠᠨᠢᠯᠲᠠ ᠪᠠᠨ ᠭᠦᠨᠵᠡᠭᠡᠶᠢᠷᠡᠭᠦᠯᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠦᠬᠦᠮ ᠦᠵᠡᠭᠦᠯᠬᠦ ᠬᠠᠯᠠᠮᠰᠢᠯ ᠤᠲᠠᠰᠤᠨ ᠤ ᠠᠵᠢᠯ ᠤᠨ ᠶᠠᠰᠤ ᠴᠢᠨᠠᠷ ᠪᠣᠯᠤᠨ ᠦᠷ᠎ᠡ ᠪᠦᠲᠦᠮᠵᠢ ᠶᠢ ᠬᠦᠴᠦᠯᠡᠨ ᠳᠡᠭᠡᠭᠰᠢᠯᠡᠭᠦᠯᠬᠦ ᠬᠡᠷᠡᠭᠲᠡᠢ᠃ ᠭᠤᠮᠣᠳᠠᠯ ᠱᠠᠭᠠᠷᠳᠠᠯᠭ᠎ᠠ ᠶᠢ ᠡᠷᠲᠡ ᠬᠠᠷᠢᠭᠤ ᠰᠤᠷᠪᠤᠯᠵᠢᠯᠠᠬᠤ᠂ ᠠᠵᠢᠯ ᠢ ᠡᠷᠲᠡ ᠠᠬᠢᠭᠤᠯᠬᠤ᠂ ᠠᠰᠠᠭᠤᠳᠠᠯ ᠢ ᠡᠷᠲᠡ ᠰᠢᠢᠳᠪᠦᠷᠢᠯᠡᠬᠦ ᠵᠠᠷᠴᠢᠮ ᠢ ᠪᠠᠷᠢᠮᠲᠠᠯᠠᠵᠤ᠂ ᠠᠵᠢᠯ ᠤᠨ ᠬᠠᠭᠤᠳᠠᠰᠤ ᠨᠢᠭᠡᠪᠦᠷᠢ ᠶᠢ ᠴᠢᠨᠠᠷ ᠰᠠᠶᠢᠲᠠᠢ ᠰᠠᠶᠢᠲᠤᠷ ᠭᠦᠢᠴᠡᠳᠬᠡᠵᠦ᠂ ᠠᠰᠠᠭᠤᠳᠠᠯ ᠢ ᠰᠢᠢᠳᠪᠦᠷᠢᠯᠡᠬᠦ ᠶᠠᠪᠤᠴᠠ ᠳᠤ ᠤᠯᠠᠨ ᠲᠦᠮᠡᠨ ᠤ ᠬᠠᠨᠤᠮᠵᠢ ᠶᠢᠨ ᠬᠡᠮᠵᠢᠶ᠎ᠡ ᠪᠠ ᠬᠦᠷᠲᠡᠮᠵᠢ ᠶᠢᠨ ᠲᠦᠷᠦᠭᠳᠡᠯ ᠢ ᠳᠡᠭᠡᠭᠰᠢᠯᠡᠭᠦᠯᠬᠦ ᠬᠡᠷᠡᠭᠲᠡᠢ᠃ ᠤᠯᠠᠨ ᠲᠦᠮᠡᠨ ᠤ ᠬᠠᠮᠤᠭ ᠠᠴᠠ ᠠᠩᠬᠠᠷᠴᠤ ᠪᠠᠶᠢᠭ᠎ᠠ᠂ ᠬᠠᠮᠤᠭ ᠤᠨ ᠪᠣᠳᠠᠲᠠᠢ ᠠᠰᠢᠭ ᠲᠤᠰᠠ ᠶᠢᠨ ᠠᠰᠠᠭᠤᠳᠠᠯ ᠢ ᠦᠨᠡᠨ ᠰᠡᠳᠬᠢᠯ ᠠᠴᠠ ᠪᠠᠨ ᠰᠠᠶᠢᠲᠤᠷ ᠰᠢᠢᠳᠪᠦᠷᠢᠯᠡᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠦᠬᠦᠮ ᠦᠵᠡᠭᠦᠯᠬᠦ ᠬᠠᠯᠠᠮᠰᠢᠯ ᠤᠲᠠᠰᠤᠨ ᠤ ᠠᠵᠢᠯ ᠤᠨ ᠦᠨᠡᠨ ᠪᠣᠳᠠᠲᠠᠢ ᠦᠷ᠎ᠡ ᠪᠦᠲᠦᠮᠵᠢ ᠤᠯᠬᠤ ᠶᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃     ᠬᠤᠷᠠᠯ ᠠᠴᠠ ᠪᠠᠰᠠ ᠪᠤᠰᠤᠳ ᠭᠤᠣᠯᠳᠠᠯᠭ᠎ᠠ ᠲᠠᠢ ᠠᠵᠢᠯ ᠢ ᠲᠤᠬᠢᠷᠠᠭᠤᠯᠤᠨ ᠪᠠᠶᠢᠷᠢᠯᠠᠭᠤᠯᠵᠠᠢ᠃    
 
ᠢᠷᠡᠯᠲᠡ᠄ ᠲᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号