ᠲᠦᠴᠢᠦᠸᠠᠨ ᠰᠢᠶᠠᠨ ᠪᠣᠯᠣᠨ ᠳᠤᠮᠳᠠᠳᠤ ᠤᠯᠤᠰ ᠤᠨ ᠴᠠᠬᠢᠯᠭᠠᠨ ᠬᠦᠴᠦᠨ ᠤ ᠪᠡᠯᠡ ᠣᠷᠣᠭᠤᠯᠤᠯᠲᠠ ᠶᠢᠨ ᠮᠧᠩ ᠳ᠋ᠦᠩ ᠡᠨᠧᠷᠭᠢ ᠶᠢᠨ ᠪᠦᠯᠦᠭᠯᠡᠯ ᠤᠨ ᠲᠦᠩᠯᠢᠶᠣᠣ ᠶᠢᠨ ᠴᠠᠬᠢᠯᠭᠠᠨ ᠭᠠᠷᠭᠠᠬᠤ ᠦᠢᠯᠡᠳᠪᠦᠷᠢ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠵᠥᠪᠯᠡᠯᠴᠡᠭᠡᠷ ᠲᠣᠭᠲᠠᠪᠠ
ᠨᠡᠶᠢᠲᠡᠯᠡᠭᠰᠡᠨ ᠴᠠᠭ᠄
2022/11/10
    11 ᠰᠠᠷ᠎ᠠ ᠶᠢᠨ 4 ᠤ ᠡᠳᠦᠷ᠂ ᠲᠦᠴᠢᠦᠸᠠᠨ ᠰᠢᠶᠠᠨ ᠪᠣᠯᠣᠨ ᠳᠤᠮᠳᠠᠳᠤ ᠤᠯᠤᠰ ᠤᠨ ᠴᠠᠬᠢᠯᠭᠠᠨ ᠬᠦᠴᠦᠨ ᠤ ᠪᠡᠯᠡ ᠣᠷᠣᠭᠤᠯᠤᠯᠲᠠ ᠶᠢᠨ ᠮᠧᠩ ᠳ᠋ᠦᠩ ᠡᠨᠧᠷᠭᠢ ᠶᠢᠨ ᠪᠦᠯᠦᠭᠯᠡᠯ ᠤᠨ ᠲᠦᠩᠯᠢᠶᠣᠣ ᠶᠢᠨ ᠴᠠᠬᠢᠯᠭᠠᠨ ᠭᠠᠷᠭᠠᠬᠤ ᠦᠢᠯᠡᠳᠪᠦᠷᠢ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠬᠡᠯᠡᠯᠴᠡᠭᠡᠷ ᠲᠣᠭᠲᠠᠪᠠ᠃ ᠰᠢᠶᠠᠨ ᠤ ᠤᠳᠤᠷᠢᠳᠤᠯᠭ᠎ᠠ ᠵᠠᠩ ᠱᠤᠸᠠᠩ ᠴᠧᠩ᠂ ᠸᠠᠩ ᠶᠦᠩ ᠵᠢᠶᠠ᠂ ᠯᠢᠦ ᡁᠢ ᠹᠧᠩ᠂ ᠸᠠᠩ ᠬᠠᠢ ᠵᠢᠶᠦ᠋ᠨ᠂ ᠲᠦᠩᠯᠢᠶᠣᠣ ᠶᠢᠨ ᠴᠠᠬᠢᠯᠭᠠᠨ ᠭᠠᠷᠭᠠᠬᠤ ᠦᠢᠯᠡᠳᠪᠦᠷᠢ ᠶᠢᠨ ᠨᠠᠮ ᠤᠨ ᠬᠤᠷᠢᠶᠠᠨ ᠤ ᠳᠡᠳ᠋ ᠱᠦᠵᠢ᠂ ᠶᠡᠷᠦᠩᠬᠡᠢ ᠳᠠᠭᠠᠭᠠᠮᠠᠯ ᠰᠦᠨ ᠸᠧᠨ ᠵᠢᠴᠢ ᠬᠤᠶᠠᠷ ᠲᠠᠯ᠎ᠠ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠣᠷᠣᠯᠴᠠᠵᠠᠢ᠃          ᠲᠦᠩᠯᠢᠶᠣᠣ ᠶᠢᠨ ᠴᠠᠬᠢᠯᠭᠠᠨ ᠭᠠᠷᠭᠠᠬᠤ ᠦᠢᠯᠡᠳᠪᠦᠷᠢ ᠶᠢᠨ ᠰᠦᠨ ᠸᠧᠨ ᠶᠡᠷᠦᠩᠬᠡᠢ ᠳᠠᠭᠠᠭᠠᠮᠠᠯ ᠲᠦᠴᠢᠦᠸᠠᠨ ᠰᠢᠶᠠᠨ ᠤ ᠡᠵᠡᠩᠨᠡᠯᠲᠡ ᠶᠢᠨ ᠣᠷᠴᠢᠨ ᠲᠣᠭᠤᠷᠢᠨ ᠢ ᠳᠡᠭᠡᠳᠦ ᠬᠡᠮᠵᠢᠶ᠎ᠡ ᠪᠠᠷ ᠦᠨᠡᠯᠡᠵᠦ᠂ ᠲᠦᠴᠢᠦᠸᠠᠨ ᠰᠢᠶᠠᠨ ᠤ ᠲᠦᠷᠪᠡᠨ ᠶᠡᠭᠡ ᠤᠳᠤᠷᠢᠳᠬᠤ ᠪᠠᠭ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠲᠦᠴᠢᠦᠸᠠᠨ ᠤ ᠴᠢᠨᠠᠷ ᠰᠠᠶᠢᠲᠠᠢ ᠬᠥᠭᠵᠢᠯᠲᠡ᠂ ᠺᠠᠳ᠋ᠷ ᠤᠯᠠᠨ ᠲᠦᠮᠡᠨ ᠤ ᠡᠶ᠎ᠡ ᠵᠣᠬᠢᠴᠠᠩᠭᠤᠢ ᠪᠠᠶᠢᠬᠤ ᠶᠢ ᠠᠬᠢᠭᠤᠯᠵᠤ᠂ ᠠᠵᠤ ᠠᠬᠤᠶᠢᠯᠠᠯ ᠳᠤ ᠦᠢᠯᠡᠴᠢᠯᠡᠭᠡᠨ ᠤ ᠬᠠᠯᠠᠭᠤᠨ ᠳᠤᠯᠠᠭᠠᠨ ᠢ ᠮᠡᠳᠡᠷᠡᠭᠦᠯᠵᠦ᠂ ᠠᠵᠤ ᠠᠬᠤᠶᠢᠯᠠᠯ ᠤᠨ ᠪᠡᠯᠡ ᠣᠷᠣᠭᠤᠯᠤᠯᠲᠠ ᠶᠢᠨ ᠢᠲᠡᠭᠡᠯ ᠪᠠ ᠬᠥᠳᠡᠯᠭᠡᠭᠦ ᠬᠦᠴᠦᠨ ᠢ ᠨᠡᠮᠡᠭᠳᠡᠭᠦᠯᠵᠡᠢ ᠭᠡᠵᠦ ᠢᠯᠡᠳᠬᠡᠪᠡ᠃ ᠰᠢᠶᠠᠨ ᠤ ᠨᠠᠮ ᠤᠨ ᠬᠤᠷᠢᠶᠠᠨ ᠤ ᠱᠦᠵᠢ ᠵᠠᠩ ᠱᠤᠸᠠᠩ ᠴᠧᠩ ᠢᠯᠡᠷᠬᠡᠶᠢᠯᠡᠬᠦ ᠳᠡᠭᠡᠨ᠂ ᠲᠦᠴᠢᠦᠸᠠᠨ ᠰᠢᠶᠠᠨ ᠥᠩᠭᠡᠷᠡᠭᠰᠡᠨ ᠲᠠᠢ ᠪᠠᠨ ᠠᠳᠠᠯᠢ ᠪᠠᠷ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠶᠢᠨ ᠪᠠᠶᠢᠷᠢᠯᠠᠭᠤᠯᠤᠯᠲᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠤᠷᠢᠳᠴᠢᠯᠠᠨ ᠦᠢᠯᠡᠴᠢᠯᠡᠵᠦ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠶᠠᠪᠤᠴᠠ ᠳᠤ ᠲᠤᠯᠭᠠᠷᠠᠭᠰᠠᠨ ᠠᠰᠠᠭᠤᠳᠠᠯ ᠢ ᠴᠠᠭ ᠲᠤᠬᠠᠢ ᠳᠤᠨᠢ ᠵᠣᠬᠢᠴᠠᠭᠤᠯᠤᠨ ᠰᠢᠢᠳᠪᠦᠷᠢᠯᠡᠵᠦ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠪᠥᠬᠦ ᠬᠦᠴᠦᠨ ᠢᠶᠠᠷ ᠢᠶᠠᠨ ᠪᠠᠲᠤᠯᠠᠨ᠂ ᠠᠵᠤ ᠠᠬᠤᠶᠢᠯᠠᠯ ᠳᠤ ᠪᠥᠬᠦ ᠲᠠᠯ᠎ᠠ ᠶᠢᠨ ᠦᠢᠯᠡᠴᠢᠯᠡᠭᠡ ᠬᠠᠩᠭᠠᠵᠤ᠂ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠵᠦ᠂ ᠬᠤᠶᠠᠷ ᠲᠠᠯ᠎ᠠ ᠪᠠᠷ ᠢᠶᠠᠨ ᠬᠥᠭᠵᠢᠵᠦ ᠬᠠᠮᠲᠤ ᠪᠠᠷ ᠠᠰᠢᠭ ᠭᠥᠷᠳᠡᠬᠦ ᠶᠢ ᠪᠡᠶᠡᠯᠡᠭᠦᠯᠦᠨ᠎ᠡ ᠭᠡᠵᠡᠢ᠃    ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠸᠠᠩ ᠶᠦᠩ ᠵᠢᠶᠠ ᠲᠦᠩᠯᠢᠶᠣᠣ ᠶᠢᠨ ᠴᠠᠬᠢᠯᠭᠠᠨ ᠭᠠᠷᠭᠠᠬᠤ ᠦᠢᠯᠡᠳᠪᠦᠷᠢ ᠶᠢᠨ ᠰᠦᠨ ᠸᠧᠨ ᠶᠡᠷᠦᠩᠬᠡᠢ ᠳᠠᠭᠠᠭᠠᠮᠠᠯ ᠲᠠᠢ ᠬᠡᠯᠡᠯᠴᠡᠭᠡᠷ ᠲᠣᠭᠲᠠᠵᠠᠢ᠃ ᠣᠶᠢᠯᠠᠭᠠᠭᠰᠠᠨ ᠢᠶᠠᠷ᠂ ᠲᠤᠰ ᠤᠳᠠᠭ᠎ᠠ ᠲᠦᠴᠢᠦᠸᠠᠨ ᠰᠢᠶᠠᠨ ᠪᠣᠯᠣᠨ ᠳᠤᠮᠳᠠᠳᠤ ᠤᠯᠤᠰ ᠤᠨ ᠴᠠᠬᠢᠯᠭᠠᠨ ᠬᠦᠴᠦᠨ ᠤ ᠪᠡᠯᠡ ᠣᠷᠣᠭᠤᠯᠤᠯᠲᠠ ᠶᠢᠨ ᠮᠧᠩ ᠳ᠋ᠦᠩ ᠡᠨᠧᠷᠭᠢ ᠶᠢᠨ ᠪᠦᠯᠦᠭᠯᠡᠯ ᠤᠨ ᠲᠦᠩᠯᠢᠶᠣᠣ ᠶᠢᠨ ᠴᠠᠬᠢᠯᠭᠠᠨ ᠭᠠᠷᠭᠠᠬᠤ ᠦᠢᠯᠡᠳᠪᠦᠷᠢ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠬᠡᠯᠡᠯᠴᠡᠭᠡᠷ ᠲᠣᠭᠲᠠᠵᠤ᠂ ᠡᠭᠦᠨ ᠳᠤ ᠤᠯᠤᠰ ᠤᠨ ᠴᠠᠬᠢᠯᠭᠠᠨ ᠬᠦᠴᠦᠨ ᠤ ᠪᠡᠯᠡ ᠣᠷᠣᠭᠤᠯᠤᠯᠲᠠ ᠶᠢᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠢᠯᠴᠢ ᠶᠢᠨ ᠴᠠᠬᠢᠯᠭᠠᠨ ᠤ ᠢᠳᠡᠪᠬᠢ ᠴᠢᠨᠠᠷ ᠦᠭᠡᠢ ᠥᠭᠡᠷᠡᠴᠢᠯᠡᠯᠲᠡ ᠶᠢᠨ ᠰᠢᠨ᠎ᠡ ᠡᠨᠧᠷᠭᠢ ᠶᠢᠨ ᠲᠥᠷᠥᠯ ᠵᠦᠢᠯ᠂ ︽ᠠᠮᠢ ᠠᠬᠤᠢ ᠶᠢᠨ ᠣᠷᠴᠢᠨ ᠲᠣᠭᠤᠷᠢᠨ ᠤ ᠵᠠᠰᠠᠯᠲᠠ + ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠦᠷᠢᠶᠡᠯᠡᠩ ᠲᠣᠭᠤᠷᠢᠭ ᠤᠨ ᠨᠣᠭᠤᠭᠠᠨ ᠡᠨᠧᠷᠭᠢ ᠶᠢᠨ ᠬᠠᠩᠭᠠᠯᠭ᠎ᠠ︾᠂ ᠰᠢᠨ᠎ᠡ ᠡᠨᠧᠷᠭᠢ ᠶᠢᠨ ᠲᠥᠷᠥᠯ ᠵᠦᠢᠯ ᠤᠨ ᠬᠠᠮᠠᠭᠠᠯᠠᠯᠲᠠ ᠦᠢᠯᠡᠴᠢᠯᠡᠭᠡ ᠵᠡᠷᠭᠡ ᠣᠯᠠᠨ ᠵᠦᠢᠯ ᠤᠨ ᠬᠠᠮᠲᠤᠷᠠᠯᠴᠠᠭᠠᠨ ᠤ ᠠᠭᠤᠯᠭ᠎ᠠ ᠪᠠᠭᠲᠠᠨ᠎ᠠ᠃ ᠡᠭᠦᠨ ᠳᠤ 68. 4 ᠲᠦᠮᠡᠨ ᠺᠢᠯᠣᠸᠠᠲ ᠤᠨ ᠢᠯᠴᠢ ᠶᠢᠨ ᠴᠠᠬᠢᠯᠭᠠᠨ ᠤ ᠠᠮᠢᠳᠤᠯᠢᠭ ᠴᠢᠨᠠᠷ ᠢ ᠥᠭᠡᠷᠡᠴᠢᠯᠡᠨ ᠲᠣᠬᠢᠷᠠᠭᠤᠯᠬᠤ ᠰᠢᠨ᠎ᠡ ᠡᠨᠧᠷᠭᠢ ᠶᠢᠨ ᠰᠤᠷᠪᠤᠯᠵᠢ ᠶᠢᠨ ᠵᠦᠢᠯᠡᠰ ᠢ ᠢᠷᠡᠬᠦ ᠵᠢᠯ ᠠᠴᠠ ᠡᠬᠢᠯᠡᠨ ᠪᠠᠶᠢᠭᠤᠯᠬᠤ ᠪᠠᠷ ᠲᠥᠯᠥᠪᠯᠡᠵᠦ ᠪᠠᠶᠢᠨ᠎ᠠ᠂ ᠡᠨᠡ  ᠨᠢ ᠲᠦᠴᠢᠦᠸᠠᠨ ᠰᠢᠶᠠᠨ ᠤ ᠰᠠᠯᠬᠢᠨ ᠬᠦᠴᠦᠨ ᠤ ᠴᠠᠬᠢᠯᠭᠠᠨ ᠤ ᠰᠢᠨ᠎ᠡ ᠡᠨᠧᠷᠭᠢ ᠶᠢᠨ ᠰᠤᠷᠪᠤᠯᠵᠢ ᠰᠢᠨ᠎ᠡ ᠳᠡᠭᠲᠡᠷ ᠲᠤ ᠭᠠᠷᠴᠤ᠂ ᠲᠦᠴᠢᠦᠸᠠᠨ ᠰᠢᠶᠠᠨ ᠤ ᠰᠠᠯᠬᠢᠨ ᠬᠦᠴᠦᠨ ᠤ ᠴᠠᠬᠢᠯᠭᠠᠨ ᠤ ᠮᠠᠰᠢᠨ ᠴᠣᠭᠴᠠᠯᠠᠪᠤᠷᠢ ᠶᠢᠨ ᠶᠡᠷᠦᠩᠬᠡᠢ ᠬᠡᠮᠵᠢᠶ᠎ᠡ 130 ᠲᠦᠮᠡᠨ ᠺᠢᠯᠣᠸᠠᠲ ᠲᠤ ᠬᠦᠷᠬᠦ ᠪᠣᠯᠤᠭᠰᠠᠨ ᠢ ᠬᠠᠷᠠᠭᠤᠯᠵᠤ ᠪᠠᠶᠢᠨ᠎ᠠ᠃    ᠭᠡᠷ᠎ᠡ ᠲᠣᠭᠲᠠᠬᠤ ᠠᠴᠠ ᠡᠮᠦᠨ᠎ᠡ᠂ ᠲᠦᠩᠯᠢᠶᠣᠣ ᠶᠢᠨ ᠴᠠᠬᠢᠯᠭᠠᠨ ᠭᠠᠷᠭᠠᠬᠤ ᠦᠢᠯᠡᠳᠪᠦᠷᠢ ᠶᠢᠨ ᠰᠦᠨ ᠸᠧᠨ ᠶᠡᠷᠦᠩᠬᠡᠢ ᠳᠠᠭᠠᠭᠠᠮᠠᠯ ᠨᠠᠷ ᠪᠠᠰᠠ ᠮᠠᠨ ᠤ ᠰᠢᠶᠠᠨ ᠤ ᠱᠦᠢ ᠴᠢᠤᠸᠠᠨ ᠪᠠᠯᠭᠠᠰᠤ ᠶᠢᠨ ᠾᠧ ᠹᠠ ᠲᠣᠰᠬᠤᠨ ᠤ ᠲᠦᠷᠦᠯ ᠵᠦᠢᠯ ᠤᠨ ᠪᠠᠶᠢᠭᠤᠯᠬᠤ ᠭᠡᠵᠦ ᠪᠠᠶᠢᠭ᠎ᠠ ᠲᠣᠭᠤᠷᠢᠭ᠂ ᠵᠢᠢ ᠵᠦ ᠠᠵᠤ ᠦᠢᠯᠡᠰ᠂ ᠺᠠᠢ ᠴᠧᠩ ᠮᠠᠭᠨᠢ ᠶᠢᠨ ᠦᠢᠯᠡᠰ ᠵᠢᠴᠢ ᠮᠠᠩ ᠨᠢᠦ ᠬᠠᠢ ᠶᠢᠨ ᠨᠡᠭᠦᠷᠡᠰᠦ ᠮᠠᠯᠲᠠᠭᠰᠠᠨ ᠠᠴᠠ ᠪᠣᠯᠵᠤ ᠳᠣᠷᠣᠭᠰᠢ ᠰᠠᠭᠤᠭᠰᠠᠨ ᠣᠷᠣᠨ ᠢ ᠶᠡᠷᠦᠩᠬᠡᠶᠢᠯᠡᠨ ᠵᠠᠰᠠᠬᠤ ᠲᠤᠬᠠᠢ ᠶᠢᠨ ᠲᠠᠯᠠᠪᠠᠢ ᠳᠤ ᠬᠦᠷᠴᠦ ᠰᠢᠨᠵᠢᠯᠡᠨ ᠪᠠᠶᠢᠴᠠᠭᠠᠵᠠᠢ᠃ ᠮᠠᠨ ᠤ ᠰᠢᠶᠠᠨ ᠲᠠᠢ ᠨᠡᠭᠦᠷᠡᠰᠦ ᠮᠠᠯᠲᠠᠭᠰᠠᠨ ᠠᠴᠠ ᠪᠣᠯᠵᠤ ᠳᠣᠭᠤᠭᠰᠢ ᠰᠠᠭᠤᠭᠰᠠᠨ ᠣᠷᠣᠨ ᠤ ᠠᠮᠢ ᠠᠬᠤᠢ ᠶᠢᠨ ᠣᠷᠴᠢᠨ ᠲᠣᠭᠤᠷᠢᠨ ᠤ ᠵᠠᠰᠠᠯᠲᠠ᠂ ᠮᠣᠭᠠᠢ ᠶᠢᠨ ᠡᠷᠢᠶᠡᠨ ᠴᠢᠯᠠᠭᠤᠯᠢᠭ ᠤᠨ ᠲᠡᠮᠦᠷᠯᠢᠭ ᠮᠠᠭᠨᠢ ᠪᠣᠯᠪᠠᠰᠤᠷᠠᠭᠤᠯᠬᠤ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠨᠣᠭᠤᠭᠠᠨ ᠡᠨᠧᠷᠭᠢ ᠶᠢᠨ ᠣᠷᠤᠯᠠᠭᠤᠯᠤᠯᠲᠠ ᠵᠢᠴᠢ ︽ᠨᠡᠭᠦᠷᠡᠰᠦ ᠶᠢ ᠴᠠᠬᠢᠯᠭᠠᠨ ᠪᠣᠯᠭᠠᠨ ᠥᠭᠡᠷᠡᠴᠢᠯᠡᠬᠦ︾ ᠴᠡᠪᠡᠷ ᠡᠨᠧᠷᠭᠢ ᠶᠢᠨ ᠳᠤᠯᠠᠭᠠᠯᠭ᠎ᠠ ᠶᠢᠨ ᠲᠦᠷᠦᠯ ᠵᠦᠢᠯ ᠵᠡᠷᠭᠡ ᠬᠦᠷᠢᠶᠡᠨ ᠤ ᠲᠠᠯ᠎ᠠ ᠪᠠᠷ ᠭᠦᠨᠵᠡᠭᠡᠢ ᠰᠣᠯᠢᠯᠴᠠᠵᠠᠢ᠃    
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号