ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ ᠫᠧᠩ ᠫᠠᠢ ᠪᠦᠯᠦᠭᠯᠡᠯ · ᠡᠰᠢ ᠰᠦᠷᠡᠯ ᠤᠨ ᠪᠦᠯᠦᠭᠯᠡᠯ ᠲᠠᠢ ᠲᠦᠷᠦᠯ ᠵᠦᠢᠯ ᠢ ᠵᠣᠯᠭᠠᠭᠤᠯᠬᠤ ᠶᠠᠷᠢᠯᠴᠠᠬᠤ ᠬᠤᠷᠠᠯ ᠬᠢᠪᠡ
ᠨᠡᠶᠢᠲᠡᠯᠡᠭᠰᠡᠨ ᠴᠠᠭ᠄
2022/11/10
     11 ᠰᠠᠷ᠎ᠠ ᠶᠢᠨ 6 ᠤ ᠡᠳᠦᠷ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠢᠨ ᠫᠧᠩ ᠫᠠᠢ ᠪᠦᠯᠦᠭᠯᠡᠯ · ᠡᠰᠢ ᠰᠦᠷᠡᠯ ᠤᠨ ᠪᠦᠯᠦᠭᠯᠡᠯ ᠲᠠᠢ ᠲᠦᠷᠦᠯ ᠵᠦᠢᠯ ᠢ ᠵᠣᠯᠭᠠᠭᠤᠯᠬᠤ ᠶᠠᠷᠢᠯᠴᠠᠬᠤ ᠬᠤᠷᠠᠯ ᠬᠢᠵᠦ᠂ ᠤᠯᠤᠰ ᠤᠨ ᠡᠰᠢ ᠰᠦᠷᠡᠯ ᠤᠨ ᠠᠵᠤ ᠦᠢᠯᠡᠰ ᠤᠨ ᠬᠥᠭᠵᠢᠯᠲᠡ ᠶᠢᠨ ᠬᠤᠯᠪᠣᠭᠠᠨ ᠤ ᠬᠡᠷᠡᠭ ᠡᠷᠬᠢᠯᠡᠭᠴᠢᠳ ᠤᠨ ᠳᠠᠷᠤᠭ᠎ᠠ᠂ ᠡᠰᠢ ᠰᠦᠷᠡᠯ ᠤᠨ ᠬᠤᠪᠢ ᠡᠵᠡᠮᠳᠡᠭᠰᠡᠨ ᠪᠦᠯᠦᠭᠯᠡᠯ ᠤᠨ ᠬᠢᠵᠠᠭᠠᠷᠲᠤ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠫᠧᠩ ᠹᠧᠢ᠂ ᠭᠢᠷᠢᠨ ᠮᠤᠵᠢ ᠶᠢᠨ ᠫᠧᠩ ᠫᠠᠢ ᠲᠠᠷᠢᠶᠠᠯᠠᠩ ᠤᠨ ᠬᠥᠭᠵᠢᠭᠦᠯᠦᠯᠲᠡ ᠶᠢᠨ ᠬᠢᠵᠠᠭᠠᠷᠲᠤ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠵᠣᠣ ᠰᠢᠶᠠᠩ ᠴᠢᠶᠠᠨ ᠵᠢᠴᠢ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠨᠠᠮ ᠤᠨ ᠬᠤᠷᠢᠶᠠᠨ ᠤ ᠱᠦᠵᠢ ᠰᠦᠨ ᠱᠤ᠋ ᠲᠤᠤ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠸᠠᠩ ᠯᠢ ᠳ᠋ᠦᠩ᠂ ᠬᠤᠰᠢᠭᠤᠨ ᠤ ᠵᠠᠰᠠᠭ ᠤᠨ ᠣᠷᠳᠣᠨ ᠤ ᠬᠠᠮᠢᠶ᠎ᠠ ᠪᠦᠬᠦᠢ ᠤᠳᠤᠷᠢᠳᠤᠯᠭ᠎ᠠ ᠵᠢᠴᠢ ᠬᠤᠰᠢᠭᠤᠨ ᠤ ᠰᠢᠭᠤᠳ ᠬᠠᠷᠢᠶ᠎ᠠ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠬᠤᠷᠠᠯ ᠳᠤ ᠣᠷᠣᠯᠴᠠᠵᠤ᠂ ᠶᠠᠷᠢᠯᠴᠠᠬᠤ ᠬᠤᠷᠠᠯ ᠨᠢ ᠠᠯᠤᠰ ᠬᠠᠷᠠᠭᠠᠨ ᠳᠠᠪᠲᠠᠮᠵᠢ ᠶᠢᠨ ᠬᠡᠯᠪᠡᠷᠢ ᠪᠠᠷ ᠶᠠᠪᠤᠭᠳᠠᠪᠠ᠃      ᠬᠤᠷᠠᠯ ᠳᠡᠭᠡᠷ᠎ᠡ᠂ ᠵᠠᠰᠠᠭ ᠠᠵᠤ ᠠᠬᠤᠶᠢᠯᠠᠯ ᠬᠤᠶᠠᠷ ᠲᠠᠯ᠎ᠠ ᠪᠠᠷ ᠢᠶᠠᠨ ᠡᠰᠢ ᠰᠦᠷᠡᠯ ᠢ ᠶᠡᠷᠦᠩᠬᠡᠶᠢᠯᠡᠨ ᠠᠰᠢᠭᠯᠠᠬᠤ ᠶᠢ ᠠᠵᠤ ᠦᠶᠢᠯᠡᠰᠵᠢᠭᠦᠯᠦᠨ ᠬᠥᠭᠵᠢᠭᠦᠯᠬᠦ᠂ ᠠᠯᠠᠰᠢᠨ ᠦᠬᠡᠷ ᠲᠡᠵᠢᠭᠡᠨ ᠦᠷᠡᠵᠢᠭᠦᠯᠬᠦ᠂ ᠨᠢᠲᠤᠯᠬᠤ᠂ ᠡᠳ᠋ᠰᠢᠭᠦᠯᠬᠦ ᠪᠥᠬᠦ ᠠᠵᠤ ᠦᠢᠯᠡᠰ ᠤᠨ ᠬᠡᠯᠬᠢᠶ᠎ᠡ ᠶᠢᠨ ᠲᠥᠷᠥᠯ ᠵᠦᠢᠯ ᠵᠡᠷᠭᠡ ᠬᠠᠮᠢᠶ᠎ᠠ ᠪᠦᠬᠦᠢ ᠪᠠᠶᠢᠳᠠᠯ ᠤᠨ ᠲᠤᠬᠠᠢ ᠰᠠᠨᠠᠯ ᠢᠶᠠᠨ ᠰᠣᠯᠢᠯᠴᠠᠪᠠ᠃ ᠬᠤᠶᠠᠷ ᠠᠵᠤ ᠠᠬᠤᠶᠢᠯᠠᠯ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠡᠬᠢ ᠪᠠᠶᠠᠯᠢᠭ ᠤᠨ ᠳᠠᠪᠠᠭᠤᠯᠢᠭ ᠢ ᠳᠡᠭᠡᠳᠦ ᠬᠡᠮᠵᠢᠶ᠎ᠡ ᠪᠠᠷ ᠦᠨᠡᠯᠡᠭᠰᠡᠨ ᠪᠥᠭᠡᠳ ᠪᠦᠯᠦᠭᠯᠡᠯ ᠨᠢ ᠡᠰᠢ ᠰᠦᠷᠡᠯ ᠢ ᠶᠡᠷᠦᠩᠬᠡᠶᠢᠯᠡᠨ ᠠᠰᠢᠭᠯᠠᠬᠤ᠂ ᠡᠪᠡᠰᠦ ᠪᠣᠷᠳᠣᠭᠠᠨ ᠤ ᠠᠵᠤ ᠦᠢᠯᠡᠰ ᠤᠨ ᠬᠡᠯᠬᠢᠶ᠎ᠡ᠂ ᠠᠯᠠᠰᠢᠨ ᠦᠬᠡᠷ ᠲᠡᠵᠢᠭᠡᠨ ᠦᠷᠡᠵᠢᠭᠦᠯᠬᠦ᠂ ᠡᠳ᠋ᠰᠢᠭᠦᠯᠬᠦ᠂ ᠬᠦᠢᠲᠡᠨ ᠬᠡᠯᠬᠢᠶᠡᠲᠦ ᠪᠠᠷᠠᠭᠠᠨ ᠤ ᠭᠦᠢᠯᠭᠡᠭᠡ ᠵᠡᠷᠭᠡ ᠠᠵᠤ ᠦᠢᠯᠡᠰ ᠤᠨ ᠲᠣᠭᠤᠷᠢᠨ ᠳᠤ ᠠᠷᠭ᠎ᠠ ᠰᠦᠪᠡᠭᠴᠢᠯᠡᠵᠦ᠂ ᠡᠰᠢ ᠰᠦᠷᠡᠯ᠂ ᠠᠯᠠᠰᠢᠨ ᠦᠬᠡᠷ ᠤᠨ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠵᠤ᠂ ᠲᠥᠷᠥᠯ ᠵᠦᠢᠯ ᠢᠶᠠᠨ ᠰᠠᠶᠢᠲᠤᠷ ᠲᠥᠯᠥᠪᠵᠢᠭᠦᠯᠵᠦ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠦᠵᠡᠭᠦᠯᠪᠡᠰᠦ ᠵᠣᠬᠢᠬᠤ ᠬᠤᠪᠢ ᠨᠡᠮᠡᠷᠢ ᠪᠠᠨ ᠦᠵᠡᠭᠦᠯᠦᠨ᠎ᠡ ᠭᠡᠵᠦ ᠢᠯᠡᠷᠬᠡᠶᠢᠯᠡᠵᠡᠢ᠃ ᠰᠦᠨ ᠱᠤ᠋ ᠲᠤᠤ ᠬᠡᠯᠡᠭᠰᠡᠨ ᠨᠢ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠦᠢᠯᠡᠴᠢᠯᠡᠭᠡᠨ ᠤ ᠪᠠᠲᠤᠯᠠᠭ᠎ᠠ ᠪᠠᠨ ᠴᠢᠩᠭᠠᠳᠬᠠᠵᠤ᠂ ᠲᠦᠷᠦᠯ ᠵᠦᠢᠯ ᠢ ᠠᠬᠢᠭᠤᠯᠬᠤ ᠶᠠᠪᠤᠴᠠ ᠳᠤ ᠣᠷᠣᠰᠢᠵᠤ ᠪᠠᠶᠢᠭ᠎ᠠ ᠠᠰᠠᠭᠤᠳᠠᠯ ᠢ ᠰᠠᠨᠠᠭᠠᠴᠢᠯᠠᠭ᠎ᠠ ᠠᠴᠠ ᠪᠠᠨ ᠵᠣᠬᠢᠴᠠᠭᠤᠯᠤᠨ ᠰᠢᠢᠳᠪᠦᠷᠢᠯᠡᠵᠦ᠂ ᠠᠵᠢᠯ ᠤᠨ ᠬᠠᠷᠢᠭᠤᠴᠠᠯᠭ᠎ᠠ ᠪᠠᠨ ᠲᠣᠳᠣᠷᠬᠠᠶᠢᠯᠠᠵᠤ᠂ ᠲᠦᠷᠦᠯ ᠵᠦᠢᠯ ᠢ ᠡᠬᠢᠯᠡᠭᠦᠯᠬᠦ ᠶᠢ ᠲᠦᠷᠭᠡᠨ ᠠᠬᠢᠭᠤᠯᠬᠤ ᠬᠡᠷᠡᠭᠲᠡᠢ᠃ ᠡᠯ᠎ᠡ ᠰᠠᠯᠠᠭ᠎ᠠ ᠮᠥᠴᠢᠷ ᠤᠨ ᠬᠢᠨ ᠬᠠᠮᠲᠤᠷᠠᠯᠴᠠᠭ᠎ᠠ ᠰᠣᠯᠢᠯᠴᠠᠭ᠎ᠠ ᠪᠠᠨ ᠭᠦᠨᠵᠡᠭᠡᠶᠢᠷᠡᠭᠦᠯᠵᠦ᠂ ᠢᠳᠡᠪᠬᠢᠲᠡᠢ ᠪᠠᠷ ᠵᠣᠬᠢᠴᠠᠭᠤᠯᠤᠨ ᠵᠣᠯᠭᠠᠭᠤᠯᠵᠤ᠂ ᠰᠢᠨᠵᠢᠯᠡᠬᠦ ᠤᠬᠠᠭᠠᠨᠴᠢ ᠥᠨᠳᠥᠷ ᠪᠦᠲᠦᠮᠵᠢᠲᠡᠶ ᠠᠵᠢᠯ ᠤᠨ ᠣᠪᠣᠷ ᠢᠶᠠᠷ ᠲᠥᠷᠥᠯ ᠵᠦᠢᠯ ᠢᠶᠠᠨ ᠰᠠᠶᠢᠲᠤᠷ ᠲᠥᠯᠥᠪᠵᠢᠭᠦᠯᠵᠦ᠂ ᠠᠷᠠᠳ ᠲᠦᠮᠡᠨ ᠳᠤ ᠪᠣᠳᠠᠲᠤ ᠠᠰᠢᠭ ᠬᠦᠷᠲᠡᠭᠡᠵᠦ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ ᠶᠢ ᠬᠥᠭᠵᠢᠭᠦᠯᠵᠦ᠂ ᠠᠵᠤ ᠠᠬᠤᠶᠢᠯᠠᠯ ᠤᠨ ᠪᠦᠯᠦᠭᠯᠡᠯ ᠳᠤ ᠦᠷ᠎ᠡ ᠠᠰᠢᠭ ᠣᠯᠭᠤᠬᠤ ᠬᠡᠷᠡᠭᠲᠡᠢ ᠭᠡᠵᠡᠢ᠃    
 
ᠢᠷᠡᠯᠲᠡ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠤᠷᠲᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号