ᠵᠠᠩ ᠰᠢᠶᠤᠤ ᠪᠢᠩ ᠬᠢᠩᠭᠠᠨ ᠠᠶᠢᠮᠠᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ  ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠳᠤ ᠬᠦᠷᠴᠦ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2022/11/10
     11 ᠰᠠᠷ᠎ᠠ ᠶᠢᠨ 9 ᠤ ᠡᠳᠦᠷ᠂ ᠬᠢᠩᠭᠠᠨ ᠠᠶᠢᠮᠠᠭ ᠤᠨ ᠨᠠᠮ ᠤᠨ ᠬᠤᠷᠢᠶ᠎ᠠ ᠶᠢᠨ ᠱᠦᠵᠢ ᠵᠠᠩ ᠰᠢᠶᠤᠤ ᠪᠢᠩ ᠤᠷᠢᠳ ᠬᠤᠵᠢᠳ ᠠᠶᠢᠮᠠᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠠᠶᠢᠮᠠᠭ ᠤᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠳᠤ ᠬᠦᠷᠴᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠲᠤᠬᠠᠶ ᠪᠠᠶᠢᠴᠠᠭᠠᠨ ᠰᠤᠳᠤᠯᠤᠯᠲᠠ ᠬᠢᠪᠠ᠃ ᠲᠡᠷᠡ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠤ ᠲᠤᠯᠭᠠᠷᠠᠵᠤ ᠪᠠᠶᠢᠭ᠎ᠠ ᠬᠦᠨᠳᠦ ᠨᠣᠴᠢᠲᠠᠢ ᠨᠠᠷᠢᠨ ᠪᠤᠳᠤᠯᠢᠶᠠᠨᠲᠠᠢ ᠪᠠᠶᠢᠳᠠᠯ ᠢ ᠭᠦᠢᠴᠡᠳ ᠲᠠᠨᠢᠵᠤ᠂ ᠨᠠᠮ ᠤᠨ ᠲᠥᠪ ᠬᠤᠷᠢᠶ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠨᠠᠷᠢᠨ ᠬᠢᠨᠠᠮᠠᠭᠠᠢ  ᠲᠤᠭᠤᠰᠢᠯᠠᠭᠤᠯᠵᠦ᠂ ᠡᠯ᠎ᠡ ᠵᠦᠢᠯ ᠤᠨ ᠰᠡᠷᠭᠡᠶᠢᠯᠡᠨ ᠡᠵᠡᠮᠳᠡᠬᠦ ᠠᠷᠭ᠎ᠠ  ᠬᠡᠮᠵᠢᠶ᠎ᠡ ᠶᠢ ᠪᠣᠳᠠᠲᠠᠶᠢᠵᠢᠭᠤᠯᠤᠨ ᠨᠠᠷᠢᠯᠢᠬᠵᠢᠭᠤᠯᠵᠤ᠂ ᠬᠢᠯᠪᠠᠷ ᠪᠤᠰᠤ ᠪᠠᠷ ᠣᠯᠤᠭᠰᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠦᠷ᠎ᠡ ᠪᠦᠲᠦᠭᠡᠯ ᠢ ᠡᠷᠡᠰ ᠪᠠᠲᠤ ᠰᠠᠬᠢᠬᠤ ᠬᠡᠷᠡᠭᠲᠡᠢ ᠭᠡᠵᠦ ᠴᠢᠬᠤᠯᠠᠴᠢᠯᠠᠪᠠ᠃    ᠵᠠᠩ ᠰᠢᠶᠤᠤ ᠪᠢᠩ ᠠᠶᠢᠮᠠᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠳᠤ ᠬᠦᠷᠴᠦ᠂ ᠪᠥᠭᠡᠮ ᠬᠦᠴᠢᠯ ᠤᠨ ᠰᠢᠭᠰᠢᠨ ᠪᠠᠶᠢᠴᠠᠭᠠᠬᠤ ᠬᠠᠮᠢᠶᠠᠷᠤᠯᠲᠠ ᠶᠢᠨ ᠲᠠᠪᠴᠠᠩ᠂ ᠪᠥᠬᠦ ᠠᠷᠠᠳ ᠤᠨ ᠡᠷᠡᠭᠦᠯ ᠮᠡᠨᠳᠦ ᠶᠢᠨ ᠶᠡᠷᠦᠩᠬᠡᠶᠢᠯᠡᠭᠰᠡᠨ ᠬᠠᠮᠢᠶᠠᠷᠤᠯᠲᠠ ᠶᠢᠨ ᠲᠠᠪᠴᠠᠩ ᠤᠨ ᠲᠤᠭ᠎ᠠ ᠪᠠᠷᠢᠮᠲᠠ ᠶᠢᠨ ᠬᠠᠮᠢᠶᠠᠷᠤᠯᠲᠠ ᠪᠠ ᠠᠵᠢᠯᠯᠠᠭᠠᠨ ᠵᠡᠷᠭᠡ ᠲᠠᠯ᠎ᠠ ᠶᠢᠨ ᠪᠠᠶᠢᠳᠠᠯ ᠢ ᠨᠠᠷᠢᠨ ᠬᠢᠨᠠᠮᠠᠭᠠᠶ ᠰᠣᠨᠣᠰᠴᠤ᠂ ᠲᠠᠪᠴᠠᠩ ᠤᠨ ᠪᠠᠶᠢᠭᠤᠯᠤᠯᠲᠠ᠂ ᠲᠤᠭ᠎ᠠ ᠪᠠᠷᠢᠮᠲᠠ ᠶᠢᠨ ᠰᠢᠨᠡᠴᠢᠯᠡᠯᠲᠡ ᠵᠡᠷᠭᠡ ᠪᠠᠶᠢᠳᠠᠯ ᠢ ᠨᠠᠷᠢᠨ ᠨᠢᠮᠪᠠᠶ ᠪᠠᠶᠢᠴᠠᠭᠠᠨ ᠦᠵᠡᠪᠡ᠃ ᠬᠢᠩᠭᠠᠨ ᠠᠶᠢᠮᠠᠭ ᠤᠨ ᠶᠡᠷᠦᠩᠬᠡᠶᠢᠯᠡᠨ ᠵᠠᠰᠠᠬᠤ ᠵᠢᠯᠣᠭᠤᠳᠬᠤ ᠲᠥᠪ ᠲᠤ᠂ ᠵᠠᠩ ᠰᠢᠶᠤᠤ ᠪᠢᠩ ᠬᠢᠩᠭᠠᠨ ᠠᠶᠢᠮᠠᠭ ᠤᠨ ᠬᠤᠳᠠ ᠶᠢᠨ ᠬᠡᠪᠴᠢᠶᠡᠨ ᠤ ᠨᠡᠶᠢᠭᠡᠮ ᠤᠨ ᠵᠠᠰᠠᠯᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠠᠪᠴᠠᠩ ᠤᠨ ᠴᠢᠳᠠᠮᠵᠢ ᠶᠢᠨ ᠦᠵᠡᠭᠦᠯᠦᠯᠭᠡ ᠶᠢ ᠦᠵᠡᠵᠦ᠂ ᠮᠡᠳᠡᠭᠡ ᠵᠠᠩᠭᠢ ᠴᠤᠭᠯᠠᠭᠤᠯᠬᠤ᠂ ᠬᠦᠷᠭᠡᠬᠦ ᠵᠢᠴᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠪᠠᠶᠢᠳᠠᠯ ᠢ ᠨᠠᠷᠢᠨ ᠣᠶᠢᠯᠠᠭᠠᠪᠠ᠃    ᠵᠠᠩ ᠰᠢᠶᠤᠤ ᠪᠢᠩ ᠴᠢᠬᠤᠯᠠᠴᠢᠯᠠᠭᠰᠠᠨ ᠨᠢ᠂ ᠣᠶᠢᠷ᠎ᠠ ᠶᠢᠨ ᠨᠢᠭᠡ ᠬᠤᠭᠤᠴᠠᠭᠠᠨ ᠳᠤ᠂ ᠪᠥᠬᠦ ᠠᠶᠢᠮᠠᠭ ᠤᠨ ᠳᠡᠭᠡᠳᠦ ᠳᠣᠤᠷᠠᠳᠤ ᠱᠠᠲᠤᠨ ᠤ ᠬᠢᠨ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠬᠠᠮᠲᠤ ᠪᠠᠷ ᠴᠢᠷᠮᠠᠶᠢᠵᠤ ᠪᠠᠶᠢᠭᠠᠳ ᠭᠡᠨᠡᠳᠲᠡ ᠶᠢᠨ ᠬᠢᠵᠢᠭ ᠤᠨ ᠪᠠᠶᠢᠳᠠᠯ ᠢ ᠰᠢᠨᠵᠢᠯᠡᠬᠦ ᠤᠬᠠᠭᠠᠨᠴᠢ ᠪᠠᠷ ᠠᠷᠭᠠᠴᠠᠨ ᠰᠢᠢᠳᠪᠦᠷᠢᠯᠡᠵᠦ᠂ ᠬᠥᠬᠡᠬᠤᠲᠠ ᠳᠤ ᠰᠠᠭᠤᠭ᠎ᠠ ᠶᠡᠭᠡ ᠳᠡᠭᠡᠳᠦ ᠰᠤᠷᠭᠠᠭᠤᠯᠢ ᠶᠢᠨ ᠤᠶᠤᠲᠠᠳ ᠢ ᠭᠥᠯᠢᠶᠡᠨ ᠠᠪᠴᠤ ᠰᠢᠯᠵᠢᠭᠦᠯᠦᠨ ᠲᠡᠭᠡᠭᠡᠪᠦᠷᠢᠯᠡᠬᠦ ᠡᠭᠦᠷᠭᠡ ᠶᠢ ᠠᠮᠤᠷ ᠲᠦᠪᠰᠢᠨ ᠪᠥᠭᠡᠳ ᠥᠨᠳᠥᠷ ᠪᠦᠲᠦᠮᠵᠢᠲᠡᠶ ᠪᠠᠷ ᠰᠠᠶᠢᠲᠤᠷ ᠬᠢᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠱᠠᠲᠤ ᠦᠶ᠎ᠡ ᠶᠢᠨ ᠴᠢᠨᠠᠷᠲᠠᠶ ᠦᠷ᠎ᠡ ᠪᠦᠲᠦᠮᠵᠢ ᠣᠯᠤᠭᠰᠠᠨ ᠪᠠᠶᠢᠨ᠎ᠠ᠃ ᠠᠮᠵᠢᠯᠲᠠ ᠪᠦᠲᠦᠮᠵᠢ ᠶᠢ ᠬᠢᠯᠪᠠᠷᠬᠠᠨ ᠢᠶᠠᠷ ᠣᠯᠤᠭᠰᠠᠨ ᠪᠢᠰᠢ᠂ ᠡᠷᠬᠡᠪᠰᠢ ᠬᠤᠪᠢ ᠳᠠᠬᠢᠨ ᠨᠠᠨᠳᠢᠩᠨᠠᠬᠤ ᠬᠡᠷᠡᠭᠲᠡᠶ᠃ ᠡᠭᠦᠨ ᠤ ᠵᠡᠷᠭᠡ ᠳᠤ᠂ ᠣᠳᠣᠬᠠᠨ ᠳᠤ ᠬᠢᠵᠢᠭ ᠤᠨ ᠪᠠᠶᠢᠳᠠᠯ ᠳᠤ ᠦᠷᠭᠦᠯᠵᠢᠯᠡᠨ ᠴᠡᠭ ᠣᠯᠠᠨ᠂ ᠬᠡᠪᠴᠢᠶ᠎ᠡ ᠥᠷᠭᠡᠨ᠂ ᠪᠠᠶᠢᠨ ᠳᠠᠬᠢᠨ ᠣᠨᠴᠠᠯᠢᠭ ᠢᠯᠡᠷᠡᠵᠦ᠂ ᠰᠡᠷᠭᠡᠶᠢᠯᠡᠨ ᠡᠵᠡᠮᠳᠡᠬᠦ ᠪᠠᠶᠢᠳᠠᠯ ᠮᠥᠨ ᠬᠦ ᠬᠦᠨᠳᠦ ᠨᠣᠴᠢᠲᠠᠶ ᠪᠥᠭᠡᠳ ᠪᠤᠳᠤᠯᠢᠶᠠᠨᠲᠠᠶ ᠪᠠᠶᠢᠵᠤ᠂ ᠰᠡᠷᠭᠡᠶᠢᠯᠡᠨ ᠡᠵᠡᠮᠳᠡᠬᠦ ᠠᠵᠢᠯ ᠢ ᠥᠴᠦᠬᠡᠨ ᠴᠦ ᠰᠤᠯᠠᠷᠠᠭᠤᠯᠵᠤ ᠪᠣᠯᠬᠤ ᠥᠬᠡᠶ ᠭᠡᠳᠡᠭ ᠢ ᠰᠡᠷᠭᠡᠭ ᠢᠶᠠᠷ ᠣᠯᠵᠤ ᠬᠠᠷᠠᠬᠤ ᠬᠡᠷᠡᠭᠲᠡᠶ᠃ ᠪᠥᠬᠦ ᠠᠶᠢᠮᠠᠭ ᠤᠨ ᠳᠡᠭᠡᠳᠦ ᠳᠣᠤᠷᠠᠳᠤ ᠱᠠᠲᠤ ᠪᠠᠷ ᠢᠶᠠᠨ ︽ᠭᠠᠳᠠᠭᠠᠳᠤ ᠠᠴᠠ  ᠤᠷᠤᠵᠦ ᠢᠷᠡᠬᠦ ᠶᠢ ᠰᠡᠷᠭᠡᠶᠢᠯᠡᠵᠦ᠂ ᠳᠣᠲᠣᠭᠠᠳᠤ ᠳᠠᠭᠠᠨ ᠳᠠᠬᠢᠨ ᠡᠭᠦᠰᠬᠦ ᠶᠢ ᠰᠡᠷᠭᠡᠶᠢᠯᠡᠬᠦ︾ ᠶᠡᠷᠦᠩᠬᠡᠶ ᠠᠷᠭ᠎ᠠ ᠪᠣᠳᠣᠯᠭ᠎ᠠ ᠪᠠ ︽ᠬᠥᠳᠡᠯᠦᠩᠭᠦᠶ ᠪᠠᠷ ᠦᠭᠡᠶᠢᠰᠬᠡᠬᠦ︾ ᠶᠡᠷᠦᠩᠬᠡᠶ ᠴᠢᠭᠯᠡᠯᠲᠡ ᠶᠢ ᠥᠴᠦᠬᠡᠨ ᠴᠦ ᠭᠤᠶᠢᠪᠢᠰᠢ ᠥᠬᠡᠶ ᠪᠠᠷᠢᠮᠲᠠᠯᠠᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠣᠰᠣᠭᠠᠷ᠂ ᠦᠵᠡᠯ ᠰᠠᠨᠠᠭᠠᠨ ᠤ ᠲᠠᠯ᠎ᠠ ᠪᠠᠷ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠦᠢᠯᠡ ᠠᠵᠢᠯᠯᠠᠭ᠎ᠠ ᠶᠢᠨ ᠲᠠᠯ᠎ᠠ ᠪᠠᠷ ᠲᠦᠷᠭᠡᠨ ᠪᠥᠭᠡᠳ ᠡᠷᠡᠰ ᠰᠢᠭᠤᠷᠬᠠᠶ ᠪᠠᠶᠢᠵᠤ᠂ ᠠᠷᠭ᠎ᠠ ᠬᠡᠮᠵᠢᠶ᠎ᠡ ᠶᠢᠨ ᠲᠠᠯ᠎ᠠ ᠪᠠᠷ ᠳᠤᠲᠠᠭᠤ ᠲᠤᠷᠭᠤᠨ ᠪᠠᠶᠢᠵᠤ᠂ ᠠᠷᠠᠳ ᠣᠯᠠᠨ ᠤ ᠠᠮᠢ ᠨᠠᠰᠤ ᠡᠷᠡᠭᠦᠯ ᠮᠡᠨᠳᠦ ᠠᠮᠤᠷ ᠲᠦᠪᠰᠢᠨ ᠢ ᠪᠥᠬᠦ ᠬᠦᠴᠦᠨ ᠢᠶᠠᠷ ᠢᠶᠠᠨ ᠰᠠᠬᠢᠨ ᠬᠠᠮᠠᠭᠠᠯᠠᠬᠤ ᠬᠡᠷᠡᠭᠲᠡᠶ ᠃ ᠠᠵᠢᠯ ᠤᠨ ᠬᠦᠴᠦᠯᠡᠬᠦ ᠴᠡᠭ ᠢᠶᠠᠨ ᠭᠠᠳᠠᠭᠠᠳᠤ ᠰᠡᠷᠭᠡᠶᠢᠯᠡᠯᠲᠡ ᠶᠢᠨ ᠣᠷᠣᠭᠤᠯᠤᠯᠲᠠ ᠳᠤ ᠲᠠᠯᠪᠢᠵᠤ᠂ ᠪᠣᠭᠤᠮᠲᠠ ᠶᠢᠨ ᠬᠠᠮᠢᠶᠠᠷᠤᠯᠲᠠ᠂ ᠠᠵᠢᠯᠲᠠᠨ ᠢ ᠮᠡᠳᠡᠭᠦᠯᠦᠨ ᠳᠠᠩᠰᠠᠯᠠᠭᠤᠯᠬᠤ᠂ ᠣᠯᠠᠨ ᠨᠡᠶᠢᠲᠡ ᠶᠢᠨ ᠲᠠᠯᠠᠪᠤᠷ ᠤᠨ ᠬᠠᠮᠢᠶᠠᠷᠤᠯᠲᠠ ᠵᠡᠷᠭᠡ ᠠᠵᠢᠯ ᠢ ᠰᠠᠶᠢᠲᠤᠷ ᠠᠳᠬᠤᠵᠤ᠂ ᠬᠥᠮᠦᠨ᠂ ᠪᠣᠳᠠᠰ᠂ ᠣᠷᠴᠢᠨ ᠲᠣᠭᠤᠷᠢᠨ ᠢ ᠬᠠᠮᠲᠤ ᠳᠤᠨᠢ ᠰᠡᠷᠭᠡᠶᠢᠯᠡᠬᠦ ᠶᠢ ᠪᠠᠷᠢᠮᠲᠠᠯᠠᠨ᠂ ᠬᠢᠵᠢᠭ ᠤᠨ ᠪᠠᠶᠢᠳᠠᠯ ᠢ ᠠᠶᠢᠮᠠᠭ ᠤᠨ ᠭᠠᠳᠠᠨ᠎ᠠ ᠡᠷᠡᠰ ᠬᠤᠷᠢᠭᠯᠠᠬᠤ ᠬᠡᠷᠡᠭᠲᠡᠶ᠃ ︽ᠡᠷᠲᠡ︾ ᠪᠠ ︽ᠲᠦᠷᠭᠡᠨ︾ ᠪᠠᠶᠢᠬᠤ ᠳᠡᠭᠡᠷ᠎ᠡ ᠬᠦᠴᠦ ᠲᠠᠯᠪᠢᠵᠤ᠂ ᠤᠯᠠᠨ ᠲᠠᠯ᠎ᠠ ᠶᠢᠨ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠪᠠ ᠮᠡᠳᠡᠭᠡ ᠵᠠᠩᠭᠢ ᠶᠢᠨ ᠮᠡᠷᠭᠡᠵᠢᠯ ᠤᠨ ᠠᠷᠭ᠎ᠠ ᠪᠠᠷᠢᠯ ᠤᠨ ᠬᠡᠷᠡᠭᠯᠡᠯᠲᠡ ᠶᠢ ᠴᠢᠩᠭᠠᠳᠬᠠᠵᠤ᠂ ᠡᠷᠲᠡ ᠠᠴᠠ ᠮᠡᠳᠡᠵᠦ ᠤᠷᠢᠳᠠᠪᠠᠷ ᠬᠥᠳᠡᠯᠵᠦ ᠲᠦᠷᠭᠡᠨ ᠰᠢᠢᠳᠪᠦᠷᠢᠯᠡᠬᠦ ᠶᠢ ᠲᠤᠪᠤᠶᠢᠯᠭᠠᠨ᠂ ᠬᠢᠵᠢᠭ ᠤᠨ ᠪᠠᠶᠢᠳᠠᠯ ᠢ ᠣᠯᠵᠤ ᠮᠡᠳᠡᠮᠡᠭᠴᠡ ᠴᠠᠭ ᠮᠥᠴᠡ ᠶᠢ ᠵᠠᠪᠳᠤᠵᠤ ᠳᠠᠷᠤᠶ ᠲᠦᠷᠭᠡᠨ  ᠰᠢᠢᠳᠪᠦᠷᠢᠯᠡᠵᠦ᠂ ᠲᠦᠷᠭᠡᠨ ᠪᠠᠶᠢᠴᠠᠭᠠᠨ ᠭᠠᠷᠭᠠᠬᠤ᠂ ᠲᠦᠷᠭᠡᠨ ᠳᠠᠮᠵᠢᠭᠤᠯᠤᠨ ᠵᠥᠭᠡᠭᠡᠪᠦᠷᠢᠯᠡᠬᠦ᠂ ᠲᠦᠷᠭᠡᠨ ᠡᠮᠨᠡᠨ ᠵᠠᠰᠠᠬᠤ᠂ ᠲᠦᠷᠭᠡᠨ ᠬᠦᠴᠦᠨ ᠦᠭᠡᠢ ᠪᠣᠯᠭᠠᠬᠤ ᠶᠢ ᠪᠡᠶᠡᠯᠡᠭᠦᠯᠵᠦ᠂ ᠠᠵᠢᠯ ᠤᠨ ᠰᠠᠨᠠᠭᠠᠴᠢᠯᠠᠭᠠᠲᠤ ᠡᠷᠬᠡ ᠶᠢ ᠪᠠᠲᠤ ᠡᠵᠡᠮᠰᠢᠬᠦ ᠬᠡᠷᠡᠭᠲᠡᠶ᠃ ᠰᠤᠷᠭᠠᠭᠤᠯᠢ᠂ ᠡᠮᠨᠡᠯᠭᠡ ᠶᠢᠨ ᠬᠤᠷᠢᠶ᠎ᠠ᠂ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠵᠡᠷᠭᠡ ᠭᠤᠤᠯᠳᠠᠯᠭ᠎ᠠ ᠲᠠᠢ ᠲᠠᠯᠠᠪᠤᠷ ᠭᠠᠵᠠᠷ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠬᠥᠬᠡᠬᠤᠲᠠ ᠳᠤ ᠰᠠᠭᠤᠭ᠎ᠠ ᠶᠡᠭᠡ ᠳᠡᠭᠡᠳᠦ ᠰᠤᠷᠭᠠᠭᠤᠯᠢ ᠶᠢᠨ ᠤᠶᠤᠲᠠᠳ ᠢ ᠭᠥᠯᠢᠶᠡᠨ ᠠᠪᠴᠤ ᠰᠢᠯᠵᠢᠭᠦᠯᠦᠨ ᠲᠡᠭᠡᠭᠡᠪᠦᠷᠢᠯᠡᠬᠦ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠶᠠᠮᠠᠷ ᠴᠤ ᠠᠯᠳᠠᠭ᠎ᠠ ᠪᠤᠷᠤᠭᠤ ᠭᠠᠷᠭᠠᠬᠤ ᠥᠬᠡᠶ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠦᠢᠯᠡᠴᠢᠯᠡᠭᠡᠨ ᠤ ᠪᠠᠲᠤᠯᠠᠭ᠎ᠠ ᠶᠢ ᠴᠢᠩᠭᠠᠳᠬᠠᠵᠤ᠂ ᠬᠠᠮᠢᠶᠠᠷᠤᠯᠲᠠ ᠶᠢ ᠦᠢᠯᠡᠴᠢᠯᠡᠭᠡ ᠳᠤ ᠠᠬᠤᠭᠤᠯᠬᠤ ᠶᠢ ᠪᠠᠷᠢᠮᠲᠠᠯᠠᠵᠤ᠂ ᠤᠯᠠᠨ ᠲᠦᠮᠡᠨ ᠤ ︽ᠪᠠᠴᠢᠮ ᠬᠦᠴᠢᠷ᠂ ᠵᠣᠪᠠᠨᠢᠯ︾ ᠤᠨ ᠠᠰᠠᠭᠤᠳᠠᠯ ᠳᠤ ᠴᠠᠭ ᠲᠤᠬᠠᠢ ᠳᠤᠨᠢ ᠬᠠᠷᠢᠭᠤᠯᠲᠠ ᠥᠭᠬᠦ ᠪᠠ ᠵᠣᠬᠢᠰᠲᠠᠢ ᠰᠢᠢᠳᠪᠦᠷᠢᠯᠡᠵᠦ᠂ ᠨᠢᠭᠡᠳᠦᠭᠡᠷ ᠹᠷᠣᠨᠲ ᠤᠨ ᠬᠢᠵᠢᠭ ᠢ ᠰᠡᠷᠭᠡᠶᠢᠯᠡᠬᠦ ᠬᠥᠮᠦᠰ ᠢ ᠬᠠᠯᠠᠮᠵᠢᠯᠠᠨ ᠬᠠᠶᠢᠷᠠᠯᠠᠵᠤ᠂ ᠤᠬᠠᠭᠤᠯᠵᠤ ᠬᠦᠳᠦᠯᠦᠨ ᠵᠢᠯᠣᠭᠤᠳᠬᠤ ᠪᠠᠨ ᠴᠢᠩᠭᠠᠳᠬᠠᠵᠤ᠂ ᠥᠷᠭᠡᠨ ᠤᠯᠠᠨ ᠲᠦᠮᠡᠨ ᠲᠠᠢ ᠪᠦᠯᠬᠦᠮᠳᠡᠨ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠬᠢᠵᠢᠭ ᠤᠨ ᠪᠠᠶᠢᠳᠠᠯ ᠢ ᠢᠯᠠᠨ ᠳᠠᠪᠠᠭ᠋ᠤ ᠬᠡᠷᠡᠭᠲᠡᠢ ᠭᠡᠵᠦ ᠵᠢᠭᠠᠵᠤ ᠭᠠᠷᠭᠠᠪᠠ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠢ ᠲᠥᠯᠥᠪᠵᠢᠭᠦᠯᠵᠦ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ  ᠲᠤᠭᠤᠰᠢᠯᠠᠭᠤᠯᠬᠤ ᠠᠵᠢᠯ ᠢ ᠨᠠᠷᠢᠨ ᠬᠢᠨᠠᠮᠠᠭᠠᠢ ᠰᠠᠶᠢᠲᠤᠷ ᠬᠢᠵᠦ᠂ ᠢᠷᠡᠬᠦ ᠵᠢᠯ ᠤᠨ ᠴᠢᠬᠤᠯᠠ ᠶᠡᠭᠡ ᠲᠦᠷᠦᠯ ᠵᠦᠢᠯ ᠪᠣᠯᠤᠨ ᠭᠤᠣᠯᠳᠠᠯᠭ᠎ᠠ ᠲᠠᠢ ᠠᠵᠢᠯ ᠢ ᠤᠷᠢᠳᠴᠢᠯᠠᠨ ᠲᠥᠯᠥᠪᠵᠢᠭᠦᠯᠵᠦ᠂ ᠡᠨᠡ ᠵᠢᠯ ᠤᠨ ᠡᠭᠦᠷᠭᠡ ᠲᠡᠭᠦᠰ ᠠᠮᠵᠢᠯᠲᠠ ᠲᠠᠢ ᠲᠡᠭᠦᠰᠴᠦ᠂ ᠢᠷᠡᠬᠦ ᠵᠢᠯ ᠤᠨ ᠠᠵᠢᠯ ᠰᠠᠶᠢᠨ ᠡᠬᠢᠯᠡᠯᠲᠡ ᠲᠠᠢ ᠪᠣᠯᠬᠤ ᠶᠢ ᠪᠠᠲᠤᠯᠠᠬᠤ ᠬᠡᠷᠡᠭᠲᠡᠢ ᠭᠡᠪᠡ᠃
 
ᠢᠷᠡᠯᠲᠡ᠄ ᠬᠢᠩᠭᠠᠨ ᠤ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号