ᠵᠠᠩ ᠰᠢᠶᠤᠤ ᠪᠢᠩ ᠦᠨᠳᠦᠰᠦᠨ ᠱᠠᠲᠤᠨ ᠳᠤ ᠬᠦᠷᠴᠦ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠤᠬᠠᠭᠤᠯᠤᠨ ᠲᠠᠶᠢᠯᠪᠤᠷᠢᠯᠠᠪᠠ
ᠨᠡᠶᠢᠲᠡᠯᠡᠭᠰᠡᠨ ᠴᠠᠭ᠄
2022/11/10
      11 ᠰᠠᠷ᠎ᠠ ᠶᠢᠨ 9 ᠤ ᠡᠳᠦᠷ᠂ ᠬᠢᠩᠭᠠᠨ ᠠᠶᠢᠮᠠᠭ ᠤᠨ ᠨᠠᠮ ᠤᠨ ᠬᠤᠷᠢᠶ᠎ᠠ  ᠶᠢᠨ ᠱᠦᠵᠢ ᠵᠠᠩ ᠰᠢᠶᠤᠤ ᠪᠢᠩ ᠠᠶᠢᠮᠠᠭ ᠤᠨ ᠬᠥᠳᠡᠭᠡ ᠲᠣᠰᠬᠤᠨ ᠤ ᠰᠤᠳᠤᠯᠭᠠᠨ ᠤ ᠭᠠᠵᠠᠷ ᠵᠢᠴᠢ ᠨᠠᠮ ᠤᠨ ᠪᠠᠶᠢᠭᠤᠯᠤᠯᠲᠠ ᠶᠢᠨ ᠬᠠᠷᠢᠯᠴᠠᠬᠤ ᠴᠡᠭ ᠤᠨ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ  ᠴᠠᠷᠠᠰᠤᠨ ᠪᠠᠯᠭᠠᠰᠤᠨ ᠤ  ᠴᠠᠷᠠᠰᠤᠨ ᠭᠠᠴᠠᠭ᠎ᠠ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠵᠦ᠂ ᠨᠢᠭᠡᠳᠦᠭᠡᠷ ᠹᠷᠣᠨᠲ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠳᠠᠨ ᠪᠣᠯᠤᠨ ᠦᠨᠳᠦᠰᠦᠨ ᠱᠠᠲᠤᠨ ᠤ ᠺᠠᠳ᠋ᠷ ᠤᠯᠠᠨ ᠲᠦᠮᠡᠨ ᠳᠤ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠤᠬᠠᠭᠤᠯᠤᠨ ᠲᠠᠶᠢᠯᠪᠤᠷᠢᠯᠠᠪᠠ᠃       ᠵᠠᠩ ᠰᠢᠶᠤᠤ ᠪᠢᠩ  ᠠᠶᠢᠮᠠᠭ ᠤᠨ ᠲᠠᠷᠢᠶᠠᠯᠠᠩ ᠤᠨ ᠰᠤᠳᠤᠯᠭᠠᠨ ᠤ ᠭᠠᠵᠠᠷ ᠲᠤ ᠬᠦᠷᠴᠦ᠂ ᠬᠥᠷᠥᠰᠥ ᠰᠢᠷᠣᠶ ᠶᠢ ᠰᠢᠯᠭᠠᠨ ᠪᠠᠶᠢᠴᠠᠭᠠᠬᠤ᠂ ᠵᠢᠮᠢᠰ ᠢᠳᠡᠰᠢᠨ ᠨᠣᠭᠤᠭᠠᠨ ᠤ ᠦᠯᠡᠳᠡᠭᠳᠡᠯ ᠲᠠᠷᠢᠶᠠᠨ ᠡᠮ ᠢ ᠭᠠᠷᠭᠠᠨ ᠠᠪᠬᠤ ᠪᠠ ᠥᠳᠬᠡᠷᠡᠭᠦᠯᠬᠦ᠂ ᠰᠢᠷ᠎ᠠ ᠪᠤᠷᠴᠠᠭ ᠤᠨ ᠬᠤᠵᠢᠷ ᠲᠤ ᠲᠡᠰᠪᠦᠷᠢᠲᠡᠶ ᠰᠣᠶᠣᠭᠠᠯᠠᠭᠤᠯᠬᠤ ᠲᠤᠷᠰᠢᠯᠲᠠ ᠵᠡᠷᠭᠡ ᠬᠤᠯᠪᠣᠭᠳᠠᠯ ᠪᠥᠬᠦᠶ ᠪᠠᠶᠢᠳᠠᠯ ᠢ ᠪᠠᠶᠢᠴᠠᠭᠠᠨ ᠦᠵᠡᠵᠦ ᠣᠶᠢᠯᠠᠭᠠᠵᠤ᠂ 2023 ᠣᠨ ᠤ ᠠᠵᠢᠯ ᠤᠨ ᠰᠡᠳᠬᠢᠮᠵᠢ ᠲᠥᠯᠥᠪᠯᠡᠭᠡ ᠶᠢ ᠰᠣᠨᠣᠰᠪᠠ᠃ ᠲᠡᠷᠡ ᠴᠢᠬᠤᠯᠠᠴᠢᠯᠠᠭᠰᠠᠨ ᠨᠢ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ  ᠲᠤᠭᠤᠰᠢᠯᠠᠭᠤᠯᠵᠦ᠂ ᠰᠢᠨᠵᠢᠯᠡᠬᠦ ᠤᠬᠠᠭᠠᠨ ᠮᠡᠷᠭᠡᠵᠢᠯ ᠪᠣᠯ ᠨᠢᠭᠡᠳᠦᠭᠡᠷ ᠦᠢᠯᠡᠳᠪᠦᠷᠢᠯᠡᠯ ᠤᠨ ᠬᠦᠴᠦᠨ᠂ ᠴᠢᠳᠠᠪᠤᠷᠢᠲᠠᠨ ᠪᠣᠯ ᠨᠢᠭᠡᠳᠦᠭᠡᠷ ᠡᠬᠢ ᠪᠠᠶᠠᠯᠢᠭ᠂ ᠰᠢᠨ᠎ᠡ ᠶᠢ ᠡᠭᠦᠳᠬᠦ ᠪᠣᠯ ᠨᠢᠭᠡᠳᠦᠭᠡᠷ ᠬᠥᠳᠡᠯᠭᠡᠬᠦ ᠬᠦᠴᠦᠨ ᠪᠣᠯᠬᠤ ᠶᠢ ᠪᠠᠲᠤ ᠴᠡᠭᠡᠵᠢᠯᠡᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢ ᠴᠢᠩᠭ᠎ᠠ ᠠᠳᠬᠤᠵᠤ᠂ ᠤᠨᠴᠠᠯᠢᠬᠳᠤ ᠳᠠᠪᠠᠭᠤᠯᠢᠭ ᠢᠶᠠᠨ ᠲᠤᠪᠤᠶᠢᠯᠭᠠᠵᠦ᠂ ᠮᠠᠯ ᠠᠵᠤ ᠠᠬᠤᠢ ᠲᠠᠷᠢᠶᠠᠯᠠᠩ ᠵᠡᠷᠭᠡ ᠭᠤᠣᠯᠳᠠᠯᠭ᠎ᠠ ᠲᠠᠢ  ᠬᠦᠷᠢᠶ᠎ᠡ  ᠳᠤ ᠠᠩᠬᠠᠷᠤᠯ ᠢᠶᠠᠨ ᠲᠥᠪᠯᠡᠷᠡᠭᠦᠯᠵᠦ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠯᠤᠭ᠎ᠠ ᠶᠢᠨ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠬᠠᠨᠳᠤᠯᠭᠠᠲᠤ ᠴᠢᠨᠠᠷᠲᠠᠢ ᠪᠠᠷ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢ ᠥᠷᠨᠢᠭᠦᠯᠵᠦ᠂ ᠠᠷᠭ᠎ᠠ ᠪᠦᠬᠦᠨ ᠢ ᠰᠦᠪᠡᠭᠴᠢᠯᠡᠨ ᠰᠢᠨᠵᠢᠯᠡᠬᠦ ᠤᠬᠠᠭᠠᠨ ᠮᠡᠷᠭᠡᠵᠢᠯ ᠤᠨ ᠴᠢᠳᠠᠪᠤᠷᠢᠲᠠᠨ ᠢ ᠣᠷᠣᠭᠤᠯᠤᠨ ᠬᠥᠮᠦᠵᠢᠭᠦᠯᠬᠦ ᠠᠵᠢᠯ ᠢ ᠰᠠᠶᠢᠲᠤᠷ ᠠᠳᠬᠤᠵᠤ᠂ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ ᠰᠢᠨ᠎ᠡ ᠬᠥᠳᠡᠯᠭᠡᠬᠦ ᠬᠦᠴᠦᠨ  ᠨᠡᠮᠡᠷᠢᠯᠡᠬᠦ ᠬᠡᠷᠡᠭᠲᠡᠢ ᠭᠡᠪᠡ᠃     ᠴᠠᠷᠠᠰᠤᠨ ᠭᠠᠴᠠᠭ᠎ᠠ ᠳᠤ᠂ ᠵᠠᠩ ᠰᠢᠶᠤᠤ ᠪᠢᠩ ᠦᠨᠳᠦᠰᠦᠨ ᠱᠠᠲᠤᠨ ᠤ ᠨᠠᠮ ᠤᠨ ᠭᠡᠰᠢᠭᠦᠨ ᠺᠠᠳ᠋ᠷ ᠤᠯᠠᠨ ᠲᠦᠮᠡᠨ ᠲᠠᠢ ᠰᠠᠨᠠᠯ ᠢᠶᠠᠨ ᠭᠦᠨᠵᠡᠭᠡᠢ ᠰᠣᠯᠢᠯᠴᠠᠵᠤ᠂ ᠰᠤᠷᠤᠯᠴᠠᠭᠰᠠᠨ ᠲᠦᠷᠦᠭᠳᠡᠯ ᠢᠶᠠᠨ ᠠᠭᠤᠵᠢᠷᠠᠲᠠᠯ᠎ᠠ ᠶᠠᠷᠢᠯᠴᠠᠵᠠᠢ᠃ ᠲᠡᠷᠡ ᠴᠢᠬᠤᠯᠠᠴᠢᠯᠠᠭᠰᠠᠨ ᠨᠢ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ  ᠲᠤᠭᠤᠰᠢᠯᠠᠭᠤᠯᠬᠤ ᠪᠣᠯ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠲᠡᠷᠢᠭᠦᠨ ᠴᠢᠬᠤᠯᠠ ᠤᠯᠤᠰ ᠲᠥᠷᠥ ᠶᠢᠨ ᠡᠭᠦᠷᠭᠡ ᠮᠥᠨ᠃ ᠨᠠᠮ ᠤᠨ ᠬᠤᠷᠢᠳᠤᠭᠠᠷ ᠶᠡᠭᠡ ᠬᠤᠷᠠᠯ ᠤᠨ ᠭᠤᠣᠯ ᠰᠡᠳᠦᠪ ᠢ ᠭᠦᠨᠵᠡᠭᠡᠢ ᠣᠶᠢᠯᠠᠭᠠᠵᠤ᠂ ᠶᠡᠭᠡ ᠬᠤᠷᠠᠯ ᠤᠨ ᠵᠣᠷᠢᠭ ᠰᠠᠨᠠᠭ᠎ᠠ ᠶᠢᠨ ᠲᠤᠬᠠᠢ ᠣᠶᠢᠯᠠᠭᠠᠯᠲᠠ ᠡᠵᠡᠮᠳᠡᠯ ᠢᠶᠠᠨ ᠲᠠᠰᠤᠷᠠᠯᠲᠠ ᠦᠭᠡᠢ ᠭᠦᠨᠵᠡᠭᠡᠶᠢᠷᠡᠭᠦᠯᠵᠦ᠂ ᠶᠡᠷᠦᠩᠬᠡᠢ ᠱᠦᠵᠢ ᠰᠢ ᠶᠢᠨ ᠫᠢᠩ ᠤᠨ ᠵᠢᠭᠠᠭᠰᠠᠨ ᠴᠢᠭᠯᠡᠯ ᠢᠶᠠᠷ ᠡᠷᠡᠰ ᠭᠤᠶᠢᠪᠢᠰᠢ ᠦᠭᠡᠢ ᠡᠷᠡᠯᠬᠡᠭᠯᠡᠨ ᠤᠷᠤᠭᠰᠢᠯᠠᠵᠤ᠂ ᠡᠯ᠎ᠡ ᠵᠦᠢᠯ ᠤᠨ ᠦᠢᠯᠡᠰ ᠤᠨ ᠬᠥᠭᠵᠢᠯᠲᠡ ᠶᠢᠨ ᠰᠢᠨ᠎ᠡ ᠪᠠᠶᠢᠳᠠᠯ ᠢ ᠲᠠᠰᠤᠷᠠᠯᠲᠠ ᠦᠭᠡᠢ ᠡᠭᠦᠳᠬᠦ ᠬᠡᠷᠡᠭᠲᠡᠢ᠃ ᠰᠢᠨ᠎ᠡ ᠴᠠᠭ ᠦᠶ᠎ᠡ ᠶᠢᠨ ᠠᠷᠪᠠᠨ ᠵᠢᠯ ᠤᠨ ᠠᠭᠤᠤ ᠶᠡᠭᠡ ᠬᠤᠪᠢᠰᠤᠯᠲᠠ ᠶᠢᠨ ᠳᠤᠮᠳᠠ ᠠᠴᠠ ︽ᠬᠤᠶᠠᠷ ᠢ ᠲᠣᠭᠲᠠᠭᠠᠬᠤ︾ ᠶᠢᠨ ᠰᠢᠢᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ᠂ ᠤᠯᠠᠨ ᠲᠦᠮᠡᠨ ᠳᠤ ︽ᠥᠨᠥᠳᠦᠷ ᠤᠨ ᠵᠣᠯ ᠵᠢᠷᠭᠠᠯᠲᠤ ᠠᠮᠢᠳᠤᠷᠠᠯ ᠬᠡᠷᠬᠢᠨ ᠢᠷᠡᠭᠰᠡᠨ ᠪᠤᠢ︾ ᠭᠡᠳᠡᠭ ᠢ ᠣᠶᠢᠯᠠᠭᠠᠭᠤᠯᠵᠤ᠂ ᠨᠠᠮ ᠤᠨ ᠠᠴᠢ ᠶᠢ ᠨᠡᠩ ᠢᠯᠡᠭᠦᠦ ᠮᠡᠳᠡᠷᠡᠭᠦᠯᠵᠦ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠲᠠᠭᠠᠬᠤ ᠶᠢ ᠨᠡᠩ ᠪᠠᠲᠤᠳᠬᠠᠬᠤ ᠬᠡᠷᠡᠭᠲᠡᠢ᠃ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠮᠥᠨ ᠴᠢᠨᠠᠷ ᠤᠨ ᠱᠠᠭᠠᠷᠳᠠᠯᠭ᠎ᠠ ᠶᠢ ᠭᠦᠨᠵᠡᠭᠡᠢ ᠣᠶᠢᠯᠠᠭᠠᠵᠤ᠂ ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢᠨ ᠴᠢᠬᠤᠯᠠ ᠠᠴᠠ ᠴᠢᠬᠤᠯᠠ ᠵᠦᠢᠯ ᠪᠣᠯᠭᠠᠨ ᠠᠳᠬᠤᠵᠤ᠂ ︽ᠲᠦᠷᠪᠡᠨ ᠰᠢᠶᠠᠩ ᠤᠨ ᠢᠨᠵᠧᠨᠧᠷᠢᠩ︾ ᠪᠣᠯᠤᠨ ᠪᠠᠶᠠᠵᠢᠨ ᠴᠢᠨᠡᠭᠡᠯᠢᠭᠵᠢᠬᠦ ᠪᠠᠷ ᠴᠢᠨᠡᠭᠡᠯᠢᠭᠵᠢᠬᠦ ᠶᠢ ᠳᠠᠶᠢᠴᠢᠯᠠᠬᠤ ︽ᠰᠢᠶᠤᠤ ᠵᠢᠩ ᠲᠥᠯᠥᠪᠯᠡᠭᠡ︾ ᠶᠢ ᠭᠦᠨᠵᠡᠭᠡᠢ ᠬᠡᠷᠡᠭᠵᠢᠭᠦᠯᠵᠦ ᠂ ᠬᠥᠳᠡᠭᠡ ᠠᠵᠤ ᠠᠬᠤᠢ ᠬᠥᠳᠡᠭᠡ ᠲᠣᠰᠬᠤᠨ ᠤ ᠣᠳᠣᠬᠢᠴᠢᠯᠠᠯᠲᠠ ᠶᠢ ᠲᠦᠷᠭᠡᠳᠬᠡᠨ ᠠᠬᠢᠭᠤᠯᠬᠤ ᠬᠡᠷᠡᠭᠲᠡᠢ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠪᠠᠷ ᠭᠤᠣᠯ ᠰᠢᠵᠢᠮ ᠪᠣᠯᠭᠠᠵᠤ᠂ ᠰᠢᠨ᠎ᠡ ᠴᠠᠭ ᠦᠶ᠎ᠡ ᠶᠢᠨ ᠦᠨᠳᠦᠰᠦᠲᠡᠨ ᠤ ᠠᠵᠢᠯ ᠢ ᠢᠯᠡ ᠳᠦᠷᠦᠭᠳᠡᠯ ᠲᠠᠢ ᠪᠦᠲᠦᠮᠵᠢᠲᠡᠢ ᠰᠠᠶᠢᠲᠤᠷ ᠬᠢᠵᠦ᠂ ᠵᠢᠱᠢᠶᠡᠴᠢ ᠨᠡᠶᠢᠲᠡᠯᠢᠭ  ᠵᠢᠱᠢᠶ᠎ᠡ  ᠶᠢᠨ ᠬᠦᠳᠦᠯᠦᠨ ᠳᠠᠭᠠᠭᠤᠯᠬᠤ ᠦᠢᠯᠡᠳᠦᠯ ᠢ ᠰᠠᠶᠢᠲᠤᠷ ᠪᠠᠳᠠᠷᠠᠭᠤᠯᠵᠤ᠂ ᠦᠨᠳᠦᠰᠦᠲᠡᠨ ᠨᠦᠭᠦᠳ ᠤᠨ ᠺᠠᠳ᠋ᠷ ᠤᠯᠠᠨ ᠲᠦᠮᠡᠨ ᠤ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠰᠢᠨ᠎ᠡ ᠠᠶᠠᠨ ᠵᠠᠮ ᠳᠤ ᠡᠷᠡᠯᠬᠡᠭᠯᠡᠨ ᠤᠷᠤᠭᠰᠢᠯᠠᠬᠤ᠂ ᠰᠢᠨ᠎ᠡ ᠴᠠᠭ ᠦᠶ᠎ᠡ ᠳᠤ ᠭᠠᠪᠢᠶ᠎ᠠ ᠪᠠᠶᠢᠭᠤᠯᠬᠤ ᠬᠦᠴᠦᠷᠬᠡᠭ ᠶᠡᠭᠡ ᠬᠦᠴᠦᠨ ᠴᠢᠳᠠᠯ ᠢ ᠨᠢᠭᠲᠠᠷᠠᠭᠤᠯᠬᠤ ᠶᠢ ᠠᠬᠢᠭᠤᠯᠬᠤ ᠬᠡᠷᠡᠭᠲᠡᠢ ᠭᠡᠪᠡ᠃    ᠵᠠᠩ ᠰᠢᠶᠤᠤ ᠪᠢᠩ ᠪᠠᠰᠠ  ᠴᠠᠷᠠᠰᠤᠨ ᠭᠠᠴᠠᠭᠠᠨ ᠤ ᠤᠯᠠᠨ ᠲᠦᠮᠡᠨ ᠤ ᠭᠡᠷ ᠲᠤ ᠢᠷᠡᠵᠦ᠂ ᠨᠠᠮᠤᠷ ᠤᠨ ᠠᠮᠤ ᠪᠤᠳᠠᠭ᠎ᠠ ᠬᠤᠳᠠᠯᠳᠤᠨ ᠠᠪᠴᠤ ᠨᠥᠭᠡᠴᠡᠯᠡᠵᠦ ᠪᠠᠶᠢᠭ᠎ᠠ ᠪᠠᠶᠢᠳᠠᠯ ᠢ ᠪᠠᠶᠢᠴᠠᠭᠠᠨ ᠦᠵᠡᠪᠡ᠃ ᠲᠡᠷᠡ ᠴᠢᠬᠤᠯᠠᠴᠢᠯᠠᠭᠰᠠᠨ ᠨᠢ᠂ ᠪᠦᠬᠦ ᠲᠠᠯ᠎ᠠ ᠪᠠᠷ ᠠᠷᠪᠢᠯᠠᠨ ᠭᠠᠮᠨᠠᠬᠤ ᠪᠠᠶᠢᠯᠳᠤᠬᠤ ᠪᠤᠳᠤᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠤᠬᠠᠭᠤᠯᠭ᠎ᠠ ᠬᠥᠮᠦᠵᠢᠯ ᠢ ᠴᠢᠩᠭᠠᠳᠬᠠᠵᠤ᠂ ᠲᠠᠷᠢᠶᠠᠴᠢᠳ ᠢ ᠬᠦᠳᠦᠯᠦᠨ ᠵᠢᠯᠣᠭᠤᠳᠴᠤ ᠪᠠᠶᠢᠭᠠᠳ ᠰᠢᠨᠵᠢᠯᠡᠬᠦ ᠤᠬᠠᠭᠠᠨᠴᠢ ᠪᠠᠷ ᠠᠮᠤ ᠪᠤᠳᠠᠭ᠎ᠠ ᠨᠥᠭᠡᠴᠡᠯᠡᠵᠦ᠂  ᠬᠤᠷᠣᠬᠠᠶᠢᠲᠤᠬᠤ ᠵᠡᠷᠭᠡ ᠬᠤᠬᠢᠷᠠᠯ ᠢ ᠪᠠᠭᠠᠰᠬᠠᠵᠤ᠂  ᠠᠰᠠᠭᠤᠳᠠᠯ ᠢ ᠰᠢᠢᠳᠪᠦᠷᠢᠯᠡᠵᠦ᠂ ᠤᠯᠠᠨ ᠲᠦᠮᠡᠨ ᠤ ᠰᠠᠶᠢᠨ ᠬᠤᠷᠢᠶᠠᠯᠲᠠ ᠲᠠᠢ ᠪᠥᠭᠡᠳ ᠨᠡᠩ ᠰᠠᠶᠢᠨ ᠣᠷᠣᠯᠭ᠎ᠠ ᠲᠠᠢ ᠪᠠᠶᠢᠬᠤ ᠶᠢ ᠪᠠᠲᠤᠯᠠᠬᠤ ᠬᠡᠷᠡᠭᠲᠡᠢ ᠭᠡᠪᠠ᠃    ᠬᠢᠩᠭᠠᠨ ᠠᠶᠢᠮᠠᠭ ᠤᠨ ᠤᠳᠤᠷᠢᠳᠤᠯᠭ᠎ᠠ ᠴᠢᠦᠶ ᠵᠧᠨ ᠨᠢᠶᠠᠨ ᠵᠢᠴᠢ ᠠᠶᠢᠮᠠᠭ ᠤᠨ ᠰᠢᠭᠤᠳ ᠬᠠᠷᠢᠶ᠎ᠠ ᠬᠤᠯᠪᠣᠭᠳᠠᠯ ᠪᠥᠬᠦᠶ ᠰᠠᠯᠠᠭ᠎ᠠ ᠮᠥᠴᠢᠷ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠤᠯᠪᠣᠭᠳᠠᠯ ᠪᠥᠬᠦᠶ ᠬᠠᠷᠢᠭᠤᠴᠠᠯᠭᠠᠲᠠᠨ ᠨᠥᠬᠦᠳ ᠠᠵᠢᠯᠯᠠᠭ᠎ᠠ ᠳᠤ ᠣᠷᠣᠯᠴᠠᠵᠠᠶ᠃
 
ᠢᠷᠡᠯᠲᠡ᠄ ᠬᠢᠩᠭᠠᠨ ᠤ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号