ᠰᠢᠨ ᠴᠧᠩ ᠵᠡᠭᠡᠯᠢ ᠣᠶ ᠰᠢᠭᠤᠶ ᠨᠤᠲᠤᠭ ᠪᠡᠯᠴᠢᠭᠡᠷ ᠤᠨ ᠭᠠᠯ ᠲᠦᠢᠮᠠᠷ ᠢ ᠰᠡᠷᠭᠡᠶᠢᠯᠡᠨ ᠤᠨᠲᠠᠷᠠᠭᠠᠬᠤ ᠠᠮᠤᠷ ᠲᠦᠪᠰᠢᠨ ᠤ ᠳᠠᠯᠳᠠ ᠬᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2022/11/10
     ᠣᠶ ᠰᠢᠭᠤᠶ ᠨᠤᠲᠤᠭ ᠪᠡᠯᠴᠢᠭᠡᠷ ᠤᠨ ᠭᠠᠯ ᠲᠦᠢᠮᠠᠷ ᠢ ᠰᠡᠷᠭᠡᠶᠢᠯᠡᠨ ᠤᠨᠲᠠᠷᠠᠭᠠᠬᠤ ᠠᠵᠢᠯ ᠢ ᠦᠨᠡᠨ ᠬᠦ ᠰᠠᠶᠢᠲᠤᠷ ᠬᠢᠵᠦ᠂ ᠬᠦᠨᠳᠦ ᠶᠡᠭᠡ ᠭᠠᠯ ᠤᠨ ᠭᠠᠮᠰᠢᠭ ᠤᠨ ᠡ᠊ᠨᠳᠡᠯ ᠭᠠᠷᠬᠤ ᠶᠢ ᠪᠥᠬᠦ ᠲᠠᠯ᠎ᠠ ᠪᠠᠷ ᠬᠤᠷᠢᠭᠯᠠᠨ᠂ ᠬᠠᠷᠢᠶ᠎ᠠ ᠣᠷᠣᠨ ᠤ ᠭᠠᠯ ᠢ ᠰᠡᠷᠭᠡᠶᠢᠯᠡᠨ ᠤᠨᠲᠠᠷᠠᠭᠠᠬᠤ ᠠᠮᠤᠷ ᠲᠦᠪᠰᠢᠨ ᠢ ᠦᠨᠡᠨ ᠬᠦ ᠪᠠᠲᠤᠯᠠᠬᠤ ᠶᠢᠨ ᠲᠤᠰᠠᠳᠠ᠂ ᠰᠢᠨ ᠴᠧᠩ ᠵᠡᠭᠡᠯᠢ ᠶᠢᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ᠂ ᠲᠣᠳᠣᠭᠠᠳᠣ ᠶᠢ ᠬᠠᠮᠠᠭᠠᠯᠠᠬᠤ ᠰᠠᠯᠪᠤᠷᠢ ᠲᠠᠢ ᠬᠠᠮᠲᠤᠷᠠᠨ ᠣᠶ ᠰᠢᠭᠤᠶ ᠨᠤᠲᠤᠭ ᠪᠡᠯᠴᠢᠭᠡᠷ ᠤᠨ ᠭᠠᠯ ᠲᠦᠢᠮᠠᠷ ᠢ ᠰᠡᠷᠭᠡᠶᠢᠯᠡᠨ ᠤᠨᠲᠠᠷᠠᠭᠠᠬᠤ ᠠᠮᠤᠷ ᠲᠦᠪᠰᠢᠨ ᠤ ᠳᠠᠯᠳᠠ ᠬᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯᠯᠠᠭ᠎ᠠ ᠶᠢ ᠥᠷᠨᠢᠭᠦᠯᠪᠡ᠃      ᠲᠤᠰ ᠤᠳᠠᠭ᠎ᠠ ᠭᠤᠣᠯᠳᠠᠭᠤ ᠬᠠᠷᠢᠶ᠎ᠠ ᠣᠷᠣᠨ ᠤ ᠰᠦᠯᠵᠢᠶᠡᠨ ᠤ ᠪᠠᠭᠠᠷ᠂ ᠴᠢᠯᠣᠭᠡᠳᠣ ᠳᠡᠯᠭᠡᠭᠦᠷ ᠵᠡᠷᠭᠡ ᠬᠥᠮᠦᠨ ᠣᠯᠠᠨ ᠴᠤᠭᠯᠠᠷᠠᠬᠤ ᠭᠠᠵᠠᠷ ᠲᠤ ᠶᠡᠭᠡ ᠪᠠᠷ ᠪᠠᠶᠢᠴᠠᠭᠠᠯᠲᠠ ᠬᠢᠵᠦ᠂ ᠬᠦᠷᠦᠭᠰᠡᠨ ᠭᠠᠵᠠᠷ ᠪᠣᠯᠭᠠᠨ ᠳᠤ ᠭᠠᠯ  ᠢ ᠰᠡᠷᠭᠡᠶᠢᠯᠡᠨ ᠤᠨᠲᠠᠷᠠᠭᠠᠬᠤ ᠲᠦᠬᠦᠭᠡᠷᠣᠮᠵᠢ᠂ ᠪᠠᠭᠠᠵᠢ ᠬᠡᠷᠡᠭᠰᠡᠯ ᠪᠣᠯᠤᠨ ᠭᠠᠯ ᠢ ᠰᠡᠷᠭᠡᠶᠢᠯᠡᠨ ᠤᠨᠲᠠᠷᠠᠭᠠᠬᠤ ᠠᠮᠤᠷ ᠲᠦᠪᠰᠢᠨ ᠤ ᠲᠡᠮᠳᠡᠭ ᠨᠢ ᠭᠠᠯ ᠢ ᠰᠡᠷᠭᠡᠶᠢᠯᠡᠨ ᠤᠨᠲᠠᠷᠠᠭᠠᠬᠤ ᠮᠡᠷᠭᠡᠵᠢᠯ ᠤᠨ ᠪᠠᠷᠢᠮᠵᠢᠶ᠎ᠠ ᠳᠤ ᠨᠡᠶᠢᠴᠡᠬᠦ ᠡᠰᠡᠬᠦ᠂ ᠪᠦᠷᠢᠨ ᠪᠦᠲᠦᠨ ᠪᠥᠭᠡᠳ ᠪᠦᠲᠦᠮᠵᠢᠲᠡᠶ ᠪᠠᠶᠢᠬᠤ ᠡᠰᠡᠬᠦ᠂ ᠲᠠᠷᠬᠠᠭᠠᠨ ᠶᠠᠪᠤᠭᠤᠯᠬᠤ ᠵᠠᠮ᠂ ᠠᠮᠤᠷ ᠲᠦᠪᠰᠢᠨ ᠭᠠᠷᠬᠤ ᠵᠠᠮ ᠪᠣᠯᠤᠨ ᠭᠠᠯ ᠤᠨᠲᠠᠷᠠᠭᠠᠬᠤ ᠲᠡᠷᠭᠡᠨ ᠤ ᠵᠠᠮ ᠰᠠᠭᠠᠳ ᠦᠭᠡᠢ ᠨᠡᠪᠲᠡᠷᠡᠬᠦ ᠡᠰᠡᠬᠦ᠂ ᠭᠠᠯ ᠢ ᠰᠡᠷᠭᠡᠶᠢᠯᠡᠨ ᠤᠨᠲᠠᠷᠠᠭᠠᠬᠤ ᠲᠦᠬᠦᠭᠡᠷᠣᠮᠵᠢ ᠶᠢᠨ ᠪᠠᠭᠠᠵᠢ ᠬᠡᠷᠡᠭᠰᠡᠯ ᠢ ᠲᠣᠬᠢᠷᠠᠭᠤᠯᠤᠭᠰᠠᠨ ᠪᠠ ᠬᠠᠮᠠᠭᠠᠯᠠᠭᠰᠠᠨ ᠪᠠᠶᠢᠳᠠᠯ᠂ ᠭᠠᠯ ᠢ ᠬᠡᠷᠡᠭᠯᠡᠬᠦ ᠴᠠᠬᠢᠯᠭᠠᠨ ᠤ ᠬᠠᠮᠢᠶᠠᠷᠤᠯᠲᠠ ᠶᠢᠨ ᠪᠠᠶᠢᠳᠠᠯ ᠢ ᠬᠢᠨᠠᠮᠠᠭᠠᠶ ᠪᠠᠶᠢᠴᠠᠭᠠᠵᠤ᠂ ᠠᠮᠤᠷ ᠲᠦᠪᠰᠢᠨ ᠤ ᠳᠠᠯᠳᠠ ᠭᠡᠮ  ᠢ ᠴᠡᠭᠴᠡᠯᠡᠨ ᠵᠠᠰᠠᠬᠤ ᠠᠵᠢᠯᠯᠠᠭ᠎ᠠ ᠬᠢᠵᠡᠢ᠃ ᠣᠯᠵᠤ ᠮᠡᠳᠡᠭᠰᠡᠨ ᠳᠠᠯᠳᠠ ᠬᠡᠮ ᠳᠤ ᠴᠢᠭᠯᠡᠭᠦᠯᠦᠨ᠂ ᠪᠠᠶᠢᠴᠠᠭᠠᠭᠴᠢ ᠲᠡᠷᠡ ᠳᠠᠷᠤᠶ ᠳᠤᠨᠢ ᠬᠤᠯᠪᠣᠭᠳᠠᠯ ᠪᠥᠬᠦᠶ ᠴᠡᠭᠴᠡᠯᠡᠨ ᠰᠠᠶᠢᠵᠢᠷᠠᠭᠤᠯᠬᠤ ᠰᠠᠨᠠᠯ ᠢ ᠳᠤᠷᠠᠳᠤᠨ ᠭᠠᠷᠭᠠᠵᠤ᠂ ᠬᠤᠳᠠᠯᠳᠤᠭᠠᠴᠢᠨ ᠡᠷᠣᠭᠡ ᠶᠢ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠦᠳᠲᠡᠷ ᠲᠦᠷᠭᠡᠨ ᠨᠠᠶᠢᠳᠠᠪᠤᠷᠢᠵᠢᠭᠤᠯᠣᠨ᠂ ᠲᠤᠬᠠᠶ ᠶᠢᠨ ᠲᠠᠯᠠᠪᠤᠷ ᠲᠤᠨᠢ ᠴᠡᠭᠴᠡᠯᠡᠨ ᠰᠠᠶᠢᠵᠢᠷᠠᠭᠤᠯᠵᠤ ᠳᠡᠶᠢᠯᠬᠦ ᠶᠢ ᠨᠢ ᠲᠤᠬᠠᠶ ᠶᠢᠨ ᠲᠠᠯᠠᠪᠤᠷ ᠲᠤᠨᠢ ᠴᠡᠭᠴᠡᠯᠡᠨ ᠰᠠᠶᠢᠵᠢᠷᠠᠭᠤᠯᠵᠤ᠂ ᠲᠤᠬᠠᠶ ᠶᠢᠨ ᠲᠠᠯᠠᠪᠤᠷ ᠲᠤᠨᠢ ᠴᠡᠭᠴᠡᠯᠡᠨ ᠰᠠᠶᠢᠵᠢᠷᠠᠭᠤᠯᠵᠤ ᠳᠡᠶᠢᠯᠬᠦ ᠥᠬᠡᠶ ᠶᠢ ᠨᠢ ᠬᠤᠭᠤᠴᠠᠭ᠎ᠠ ᠲᠣᠭᠲᠠᠭᠠᠨ ᠵᠠᠯᠠᠷᠠᠭᠤᠯᠬᠤ ᠬᠡᠷᠡᠭᠲᠡᠶ ᠭᠡᠵᠦ ᠱᠠᠭᠠᠷᠳᠠᠪᠠ᠃ ᠪᠠᠶᠢᠴᠠᠭᠠᠯᠲᠠ ᠶᠢᠨ ᠳᠤᠮᠳᠠ ᠠᠵᠢᠯᠲᠠᠳ ᠪᠠᠰᠠ ᠬᠤᠳᠠᠯᠳᠤᠭᠠᠴᠢᠨ ᠡᠷᠣᠭᠡ ᠳᠤ ᠭᠠᠯ ᠤᠨᠲᠠᠷᠠᠭᠠᠬᠤ ᠠᠮᠤᠷ ᠲᠦᠪᠰᠢᠨ ᠤ ᠮᠡᠳᠡᠯᠭᠡ ᠶᠢ ᠤᠬᠠᠭᠤᠯᠵᠤ᠂ ᠠᠮᠤᠷ ᠲᠦᠪᠰᠢᠨ ᠤ ᠬᠡᠮ ᠰᠣᠭᠤᠭ ᠢ ᠴᠠᠭ ᠲᠤᠬᠠᠶ ᠳᠤᠨᠢ ᠪᠠᠶᠢᠴᠠᠭᠠᠵᠤ᠂ ᠰᠠᠭᠤᠭᠠᠯᠢ ᠠᠷᠠᠳ ᠤᠨ ᠠᠮᠤᠷ ᠲᠦᠪᠰᠢᠨ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠪᠠᠲᠤᠯᠠᠭᠰᠠᠨ ᠪᠠᠶᠢᠨ᠎ᠠ᠃    
 
ᠢᠷᠡᠯᠲᠡ᠄ ᠷᠠᠰᠢᠶᠠᠨ ᠬᠤᠳᠠ ᠶᠢᠨ ᠰᠢᠨ ᠴᠧᠩ ᠵᠡᠭᠡᠯᠢ ᠶᠢᠨ ᠬᠡᠷᠡᠭ ᠡᠷᠬᠢᠯᠡᠬᠦ ᠭᠠᠵᠠᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号