ᠯᠢᠨ ᠬᠠᠶ ᠵᠡᠭᠡᠯᠢ ᠶᠢᠨ ᠰᠢᠩ ᠯᠢᠨ ᠨᠡᠶᠢᠭᠡᠮ ᠲᠣᠭᠤᠷᠢᠭ ᠰᠤᠯᠠ ᠬᠡᠷ ᠪᠠᠶᠢᠰᠢᠩ ᠢᠶᠠᠷ ᠠᠮᠤᠷ ᠲᠦᠪᠰᠢᠨ ᠤ ᠪᠠᠶᠢᠴᠠᠭᠠᠯᠳᠠ ᠬᠢᠵᠡᠢ
ᠨᠡᠶᠢᠲᠡᠯᠡᠭᠰᠡᠨ ᠴᠠᠭ᠄
2022/11/10
    ᠬᠢᠵᠢᠭ ᠤᠨ ᠪᠠᠶᠢᠳᠠᠯ ᠤᠨ ᠬᠠᠯᠳᠠᠪᠤᠷᠢᠯᠠᠬᠤ ᠵᠠᠮ ᠢ ᠪᠦᠲᠦᠮᠵᠢᠲᠡᠶ ᠪᠠᠷ ᠲᠡᠰᠦᠯᠵᠦ᠂ ᠬᠠᠷᠢᠶ᠎ᠠ ᠣᠷᠣᠨ ᠤ ᠰᠠᠭᠤᠭᠠᠯᠢ ᠠᠷᠠᠳ ᠤᠨ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠦᠨᠡᠨ ᠬᠦ ᠬᠠᠮᠠᠭᠠᠯᠠᠬᠤ ᠶᠢᠨ ᠲᠥᠯᠥᠭᠡ᠂ 10 ᠰᠠᠷ᠎ᠠ ᠶᠢᠨ 28 ᠤ ᠡᠳᠦᠷ᠂ ᠷᠠᠰᠢᠶᠠᠨ ᠬᠤᠳᠠ ᠶᠢᠨ ᠯᠢᠨ ᠬᠠᠶ ᠵᠡᠭᠡᠯᠢ ᠶᠢᠨ ᠰᠢᠩ ᠯᠢᠨ ᠨᠡᠶᠢᠭᠡᠮ ᠲᠣᠭᠤᠷᠢᠭ ᠤᠨ ᠬᠢᠨ ᠬᠠᠷᠢᠶ᠎ᠠ ᠣᠷᠣᠨ ᠤ ᠰᠤᠯᠠ ᠪᠠᠶᠢᠭ᠎ᠠ ᠬᠡᠷ ᠪᠠᠶᠢᠰᠢᠩ ᠳᠤ ᠶᠡᠭᠡ ᠪᠠᠶᠢᠴᠠᠭᠠᠯᠲᠠ ᠬᠢᠵᠡᠢ᠃ ᠲᠣᠰ ᠤᠳᠠᠭᠠᠨ ᠤ ᠵᠢᠭᠰᠠᠭᠠᠨ ᠪᠠᠶᠢᠴᠠᠭᠠᠬᠤ ᠠᠵᠢᠯᠯᠠᠭ᠎ᠠ ᠪᠠᠷ ᠳᠠᠮᠵᠢᠨ᠂ ᠬᠠᠷᠢᠶ᠎ᠠ ᠣᠷᠣᠨ ᠤ ᠳᠣᠲᠣᠷᠠᠬᠢ ᠰᠤᠯᠠ ᠪᠠᠶᠢᠬᠤ ᠬᠡᠷ ᠪᠠᠶᠢᠰᠢᠩ ᠤᠨ ᠠᠮᠤᠷ ᠲᠦᠪᠰᠢᠨ ᠤ ᠪᠠᠶᠢᠳᠠᠯ ᠢ ᠴᠠᠭ ᠲᠤᠬᠠᠶ ᠳᠤᠨᠢ ᠡᠵᠡᠮᠰᠢᠵᠦ᠂ ᠬᠠᠤᠯᠢ ᠪᠤᠰᠤ ᠡᠲᠡᠭᠡᠳ ᠤᠨ ᠰᠤᠯᠠ ᠪᠠᠶᠢᠬᠤ ᠬᠦᠷᠢᠶ᠎ᠡ ᠬᠠᠰᠢᠶ᠎ᠠ ᠶᠢ ᠠᠰᠢᠭᠯᠠᠨ ᠬᠠᠤᠯᠢ ᠪᠤᠰᠤ ᠠᠵᠢᠯᠯᠠᠭ᠎ᠠ ᠬᠢᠬᠦ ᠶᠢ ᠪᠦᠲᠦᠮᠵᠢᠲᠡᠶ ᠰᠡᠷᠭᠡᠶᠢᠯᠡᠨ᠂ ᠡᠯ᠎ᠡ ᠲᠥᠷᠥᠯ ᠤᠨ ᠠᠮᠤᠷ ᠲᠦᠪᠰᠢᠨ ᠤ ᠳᠠᠯᠳᠠ ᠬᠡᠮ ᠤᠨ ᠡ᠊ᠨᠳᠡᠯ ᠭᠠᠷᠬᠤ ᠶᠢ ᠴᠠᠭ ᠲᠤᠬᠠᠶ ᠳᠤᠨᠢ ᠬᠤᠷᠢᠭᠯᠠᠨ ᠵᠣᠭᠰᠣᠭᠠᠵᠤ᠂ ᠬᠠᠷᠢᠶ᠎ᠠ ᠣᠷᠣᠨ ᠤ ᠰᠠᠭᠤᠭᠠᠯᠢ ᠠᠷᠠᠳ ᠲᠤ ᠠᠮᠤᠷ ᠲᠦᠪᠰᠢᠨ ᠪᠥᠭᠡᠳ ᠲᠣᠭᠲᠠᠭᠤᠨ ᠠᠮᠢᠳᠤᠷᠠᠯ ᠤᠨ ᠣᠷᠴᠢᠨ ᠨᠥᠬᠦᠴᠡᠯ ᠢ ᠪᠣᠶ ᠪᠣᠯᠭᠠᠵᠤ ᠥᠭᠭᠦᠭᠰᠡᠨ ᠪᠠᠶᠢᠨ᠎ᠠ᠃
 
ᠢᠷᠡᠯᠲᠡ᠄ ᠯᠢᠨ ᠬᠠᠶ ᠵᠡᠭᠡᠯᠢ ᠶᠢᠨ ᠬᠡᠷᠡᠭ ᠡᠷᠬᠢᠯᠡᠬᠦ ᠭᠠᠵᠠᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号