ᠪᠠᠶᠠᠬᠤᠯᠠᠭᠠᠨ ᠲᠤᠳᠤᠭᠠᠳᠤ ᠶᠢ ᠬᠠᠮᠠᠭᠠᠯᠠᠬᠤ ᠰᠠᠯᠪᠤᠷᠢ ︽ᠬᠤᠶᠠᠷ ᠢ ᠠᠷᠢᠯᠭᠠᠵᠤ ᠬᠤᠶᠠᠷ ᠲᠤ ᠴᠤᠬᠢᠯᠳᠠ ᠦᠭᠬᠦ︾ ᠲᠤᠰᠬᠠᠢ ᠠᠵᠢᠯᠯᠠᠭ᠎ᠠ ᠶᠢ ᠰᠠᠶᠢᠳᠤᠷ ᠦᠷᠨᠢᠬᠦᠯᠵᠤ ᠪᠤᠢ
ᠨᠡᠶᠢᠲᠡᠯᠡᠭᠰᠡᠨ ᠴᠠᠭ᠄
2022/11/10
      ᠨᠡᠶᠢᠭᠡᠮ ᠤᠨ ᠠᠮᠤᠷ ᠲᠦᠪᠰᠢᠨ ᠤ ᠬᠠᠮᠢᠶᠠᠷᠤᠨ ᠡᠵᠡᠮᠳᠡᠬᠦ ᠠᠵᠢᠯ ᠢ ᠴᠢᠩᠭᠠᠳᠬᠠᠨ᠂ ᠬᠠᠷᠢᠶ᠎ᠠ ᠤᠷᠤᠨ ᠤ ᠨᠡᠶᠢᠭᠡᠮ ᠤᠨ ᠠᠮᠤᠷ ᠲᠦᠪᠰᠢᠨ ᠢ ᠪᠦᠬᠦ ᠬᠦᠴᠤᠨ ᠢᠶᠠᠷ ᠪᠠᠳᠤᠯᠠᠵᠤ᠂ ᠡᠯ᠎ᠠ ᠲᠦᠷᠤᠯ ᠤᠨ ᠬᠠᠥᠯᠢ ᠴᠠᠭᠠᠵᠠ ᠠᠴᠠ ᠵᠦᠷᠢᠴᠡᠭᠰᠡᠨ ᠶᠠᠯᠠᠳᠤ ᠠᠵᠢᠯᠯᠠᠭ᠎ᠠ ᠡᠬᠦᠰᠬᠦ ᠶᠢ ᠪᠦᠳᠤᠮᠵᠢᠳᠠᠢ ᠰᠡᠷᠭᠡᠶᠢᠯᠡᠬᠦ ᠪᠠᠷ᠂ ᠵᠠᠯᠠᠶᠢᠤᠨ ᠬᠤᠰᠢᠭᠤᠨ ᠤ ᠳᠤᠳᠤᠭᠠᠳᠤ ᠶᠢ ᠬᠠᠮᠠᠭᠠᠯᠠᠬᠤ ᠳᠤᠪᠴᠢᠶᠠᠨ ᠤ ᠪᠠᠶᠠᠬᠤᠯᠠᠭᠠᠨ ᠲᠤᠳᠤᠭᠠᠳᠥ ᠶᠢ ᠬᠠᠮᠠᠭᠠᠯᠠᠬᠤ ᠰᠠᠯᠪᠤᠷᠢ ᠬᠠᠷᠢᠶ᠎ᠠ ᠤᠷᠤᠨ ᠤ ᠪᠠᠨ ᠪᠤᠳᠠᠳᠤ ᠪᠠᠶᠢᠳᠠᠯ ᠪᠠ ︽ᠬᠤᠶᠠᠷ ᠢ ᠠᠷᠢᠯᠭᠠᠵᠤ ᠬᠤᠶᠠᠷ ᠲᠤ ᠴᠤᠬᠢᠯᠳᠠ ᠦᠭᠬᠦ︾ ᠲᠤᠰᠬᠠᠢ ᠠᠵᠢᠯᠯᠠᠭ᠎ᠠ ᠲᠠᠢ ᠤᠶᠠᠯᠳᠤᠭᠤᠯᠤᠨ᠂ ᠬᠠᠥᠯᠢ ᠠᠴᠠ ᠵᠦᠷᠢᠴᠡᠭᠰᠡᠨ ᠶᠠᠯᠠᠳᠤ ᠠᠵᠢᠯᠯᠠᠭ᠎ᠠ ᠳᠤ ᠴᠢᠩᠭ᠎ᠠ ᠴᠤᠬᠢᠯᠳᠠ ᠦᠭᠴᠤ᠂ ᠤᠯᠠᠨ ᠲᠦᠮᠡᠨ ᠤ ᠠᠮᠤᠷ ᠲᠦᠪᠰᠢᠨ ᠤ ᠲᠦᠷᠥᠭᠳᠡᠯ ᠪᠠ ᠬᠠᠨᠤᠮᠵᠢ ᠶᠢᠨ ᠬᠡᠮᠵᠢᠶ᠎ᠠ ᠶᠢ ᠤᠯᠠᠮ ᠨᠢᠭᠡ ᠠᠯᠬᠤᠮ ᠲᠡᠭᠡᠭᠰᠢᠯᠡᠬᠦᠯᠵᠤ ᠪᠤᠢ᠃ ᠲᠤᠰ ᠰᠠᠯᠪᠤᠷᠢ ︽ᠬᠤᠶᠠᠷ ᠢ ᠠᠷᠢᠯᠭᠠᠵᠤ ᠬᠤᠶᠠᠷ ᠲᠤ ᠴᠤᠬᠢᠯᠳᠠ ᠦᠭᠬᠦ︾ ᠲᠤᠰᠬᠠᠢ ᠠᠵᠢᠯᠯᠠᠭ᠎ᠠ ᠶᠢᠨ ᠪᠠᠶᠢᠷᠢᠯᠠᠭᠤᠯᠤᠯᠳᠠ ᠶᠢᠨ ᠬᠤᠷᠠᠯ ᠬᠤᠷᠠᠯᠳᠤᠭᠤᠯᠵᠤ᠂ ᠪᠤᠳᠠᠳᠠᠢ ᠠᠵᠢᠯ ᠢᠶᠠᠨ ᠪᠠᠶᠢᠷᠢᠯᠠᠭᠤᠯᠪᠠ᠃ ᠭᠤᠥᠯᠳᠠᠯᠭ᠎ᠠ ᠲᠠᠢ ᠭᠠᠵᠠᠷ ᠤᠷᠤᠨ ᠪᠠ ᠰᠤᠷᠭᠠᠭᠤᠯᠢ ᠶᠢᠨ ᠬᠦᠷᠢᠶ᠎ᠠ᠂ ᠡᠮᠨᠡᠯᠭᠡ ᠶᠢᠨ ᠬᠤᠷᠢᠶ᠎ᠠ ᠵᠡᠷᠭᠡ ᠭᠠᠵᠠᠷ ᠢᠶᠠᠷ ᠠᠮᠤᠷ ᠲᠦᠪᠰᠢᠨ ᠤ ᠰᠡᠷᠭᠡᠶᠢᠯᠡᠨ ᠬᠠᠮᠠᠭᠠᠯᠠᠯᠳᠠ ᠪᠠ ᠲᠤᠭᠤᠷᠢᠨ ᠪᠠᠶᠢᠴᠠᠭᠠᠬᠤ ᠬᠦᠴᠤᠯᠡᠴᠠ ᠪᠠᠨ ᠴᠢᠩᠭᠠᠳᠬᠠᠵᠥ᠂ ᠠᠮᠤᠷ ᠲᠦᠪᠰᠢᠨ ᠤ ᠬᠠᠮᠠᠭᠠᠯᠠᠯᠳᠠ ᠶᠢᠨ ᠠᠷᠭ᠎ᠠ ᠠᠪᠴᠠᠯ ᠢᠶᠠᠨ ᠬᠦᠨᠵᠡᠭᠡᠢ ᠨᠠᠶᠢᠳᠠᠪᠤᠷᠢᠵᠢᠭᠤᠯᠵᠠᠢ᠃       ᠴᠠᠭᠳᠠᠭᠠᠨ ᠤ ᠬᠦᠴᠤᠨ ᠢᠶᠠᠨ ᠵᠤᠬᠢᠶᠠᠨ ᠪᠠᠶᠢᠭᠤᠯᠤᠨ ᠬᠠᠷᠢᠶ᠎ᠠ ᠤᠷᠤᠨ ᠤ ᠪᠠᠨ ᠵᠤᠴᠢᠳ ᠤᠨ ᠪᠠᠭᠤᠳᠠᠯ᠂ ᠲᠠᠭᠤᠥ ᠶᠢᠨ ᠲᠢᠩᠬᠢᠮ᠂ ᠲᠤᠰᠤ ᠨᠡᠮᠡᠬᠦ ᠦᠷᠳᠡᠭᠡ ᠵᠡᠷᠭᠡ ᠭᠠᠵᠡᠷ ᠢᠶᠠᠷ ᠪᠠᠶᠢᠴᠠᠭᠠᠯᠳᠠ ᠬᠢᠵᠤ᠂ ᠲᠤᠭᠳᠠᠭᠠᠯ ᠶᠤᠰᠤᠭᠠᠷ ᠵᠤᠴᠢᠳ ᠤᠨ ᠪᠠᠭᠤᠳᠠᠯ ᠳᠤ ᠬᠤᠨᠤᠭᠯᠠᠬᠤ ᠲᠡᠮᠳᠡᠭᠯᠡᠯ ᠤᠨ ᠲᠦᠷᠢᠮ ᠢ ᠨᠠᠶᠢᠳᠠᠪᠤᠷᠢᠵᠢᠭᠤᠯᠤᠭᠰᠠᠨ ᠡᠰᠡᠬᠦ᠂ ᠭᠠᠯ ᠤᠨᠳᠠᠷᠠᠭᠠᠬᠤ ᠲᠦᠬᠦᠭᠡᠷᠤᠮᠵᠢ᠂ ᠬᠢᠨᠡᠨ ᠡᠵᠡᠮᠳᠡᠬᠦᠷ ᠤᠨ ᠲᠦᠬᠦᠭᠡᠷᠤᠮᠵᠢ ᠪᠦᠷᠢᠨ ᠲᠡᠬᠦᠯᠳᠡᠷ ᠪᠠᠶᠢᠬᠤ ᠡᠰᠡᠬᠦ ᠳᠤ ᠪᠠᠶᠢᠴᠠᠭᠠᠯᠳᠠ ᠬᠢᠵᠤ᠂ ᠤᠷᠤᠰᠢᠵᠤ ᠪᠠᠶᠢᠭ᠎ᠠ ᠠᠮᠤᠷ ᠲᠦᠪᠰᠢᠨ ᠤ ᠲᠠᠯᠳᠠ ᠭᠡᠮ ᠢ ᠲᠠᠷᠤᠢ ᠲᠦᠷᠭᠡᠨ ᠴᠡᠭᠴᠡᠯᠨᠨ ᠵᠠᠰᠠᠬᠤ ᠶᠢ ᠱᠠᠭᠠᠷᠳᠠᠵᠤ᠂ ᠬᠠᠷᠢᠶ᠎ᠠ ᠤᠷᠤᠨ ᠤ ᠪᠠᠨ ᠠᠮᠤᠷ ᠲᠦᠪᠰᠢᠨ ᠪᠠ ᠨᠡᠶᠢᠭᠡᠮ ᠤᠨ ᠲᠤᠭᠳᠠᠭᠤᠨ ᠢ ᠪᠠᠳᠤᠯᠠᠭᠰᠠᠨ ᠤ ᠬᠠᠮᠳᠤ ᠲᠤᠳᠤᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠬᠠᠥᠯᠢ ᠠᠴᠠ ᠵᠦᠷᠢᠴᠡᠭᠰᠡᠨ ᠶᠠᠯᠠᠳᠤ ᠠᠵᠢᠯᠯᠠᠭ᠎ᠠ ᠳᠤ ᠴᠢᠩᠭ᠎ᠠ ᠴᠤᠬᠢᠯᠳᠠ ᠦᠭᠬᠦ ᠵᠤᠷᠢᠭ ᠢᠶᠠᠨ ᠢᠯᠡᠷᠡᠬᠦᠯᠵᠠᠢ᠃ ᠵᠢᠷᠤᠭ ᠪᠤᠯ᠂ ᠤᠬᠠᠭᠤᠯᠭ᠎ᠠ ᠶᠢᠨ ᠬᠠᠭᠤᠳᠠᠰᠤ ᠳᠠᠷᠬᠠᠭᠠᠵᠤ ᠪᠤᠢ᠃ ᠰᠤᠳᠤᠨ ᠰᠡᠬᠦᠳᠡᠷᠯᠡᠨ ᠮᠡᠳᠡᠭᠡᠯᠡᠪᠡ    
 
ᠢᠷᠡᠯᠲᠡ᠄ ᠬᠢᠩᠭᠠᠨ ᠤ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号