ᠣᠶᠢᠷ᠎ᠠ ᠶᠢᠨ ᠵᠢᠯ ᠤᠳ ᠲᠤ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ ᠲᠠᠷᠢᠶᠠᠯᠠᠩ ᠤᠨ ᠮᠠᠰᠢᠨ | ᠂ ᠲᠠᠷᠢᠶᠠᠯᠠᠩ ᠤᠨ ᠮᠡᠷᠭᠡᠵᠢᠯ᠂ ᠠᠮᠢᠳᠤ ᠪᠣᠳᠠᠰ ᠵᠡᠷᠭᠡ ᠣᠯᠠᠨ ᠵᠦᠢᠯ ᠤᠨ ᠠᠷᠭ᠎ᠠ ᠬᠡᠮᠵᠢᠶ᠎ᠡ ᠶᠢ ᠶᠡᠷᠦᠩᠬᠡᠶᠢᠯᠡᠨ | ᠬᠡᠷᠡᠭᠯᠡᠵᠦ ᠬᠠᠷ᠎ᠠ ᠬᠥᠷᠥᠰᠥᠲᠦ ᠲᠠᠷᠢᠶᠠᠨ ᠭᠠᠵᠠᠷ ᠢ ᠬᠠᠮᠠᠭᠠᠯᠠᠵᠤ᠂ ᠲᠠᠷᠢᠶᠠᠯᠠᠩ ᠤᠨ ᠭᠠᠷᠤᠯᠲᠠ ᠶᠢ ᠨᠡᠮᠡᠭᠳᠡᠭᠦᠯᠦᠨ | ᠡᠯᠪᠡᠭ ᠬᠤᠷᠢᠶᠠᠯᠲᠠ ᠤᠯᠬᠤ ᠳᠤ ᠰᠠᠶᠢᠨ ᠰᠠᠭᠤᠷᠢ ᠲᠠᠯᠪᠢᠵᠤ ᠥᠭᠭᠦᠭᠰᠡᠨ ᠪᠠᠶᠢᠨ᠎ᠠ᠃ ᠨᠠᠮᠤᠷ ᠤᠨ ᠬᠤᠷᠢᠶᠠᠯᠲᠠ ᠶᠢᠨ | ᠤᠯᠠᠷᠢᠯ ᠳᠥᠩᠭᠡᠵᠢ ᠥᠩᠭᠡᠷᠡᠵᠦ᠂ ᠭᠤᠣᠯ ᠤᠨ ᠪᠠᠶᠢᠰᠢᠩ ᠪᠠᠯᠭᠠᠰᠤ ᠶᠢᠨ ᠪᠠᠷᠠᠭᠤᠨ ᠳᠠᠪᠢᠨ ᠭᠠᠴᠠᠭ᠎ᠠ ᠶᠢᠨ ᠮᠠᠯᠴᠢᠨ | ᠲᠠᠷᠢᠶᠠᠴᠢᠨ ᠪᠣᠯᠤᠨ ᠲᠠᠷᠢᠶᠠᠯᠠᠩ ᠤᠨ ᠮᠡᠷᠭᠡᠵᠢᠯ ᠤᠨ ᠠᠵᠢᠯᠲᠠᠳ ᠨᠠᠮᠤᠷ ᠤᠨ ᠬᠤᠷᠢᠶᠠᠯᠲᠠ ᠶᠢᠨ ᠳᠠᠷᠠᠭᠠᠬᠢ | ᠬᠠᠪᠤᠷ ᠤᠨ ᠲᠠᠷᠢᠶᠠᠯᠠᠭ᠎ᠠ ᠠᠴᠠ ᠡᠮᠦᠨᠡᠬᠢ ᠴᠣᠩᠬᠤ ᠪᠠᠷ ᠬᠠᠷ᠎ᠠ ᠬᠥᠷᠥᠰᠥ ᠶᠢ ᠬᠠᠮᠠᠭᠠᠯᠠᠬᠤ ᠴᠢᠨᠠᠷᠲᠠᠢ ᠲᠠᠷᠢᠶᠠᠯᠠᠭ᠎ᠠ ᠶᠢ | ᠱᠠᠯᠠᠪᠳᠠᠨ ᠠᠬᠢᠭᠤᠯᠵᠤ᠂ ᠨᠢᠭᠡ ᠰᠠᠭᠤᠷᠢ ᠭᠦᠨ ᠰᠤᠯᠠᠷᠠᠭᠤᠯᠬᠤ ᠮᠠᠰᠢᠨ ᠢᠶᠠᠷ ᠲᠠᠷᠢᠶᠠᠨ ᠭᠠᠵᠠᠷ ᠲᠤ ᠭᠦᠨ ᠭᠤᠤ | ᠭᠠᠩᠭ᠎ᠠ ᠶᠢ ᠲᠠᠲᠠᠵᠤ᠂ ᠲᠠᠷᠢᠶᠠᠯᠠᠩ ᠤᠨ ᠮᠡᠷᠭᠡᠵᠢᠯ ᠤᠨ ᠠᠵᠢᠯᠲᠠᠳ ᠬᠥᠷᠥᠰᠥ ᠰᠢᠷᠣᠢ ᠶᠢᠨ ᠭᠦᠨ ᠤ ᠬᠡᠮᠵᠢᠶ᠎ᠡ ᠶᠢ | ᠲᠤᠬᠠᠢ ᠶᠢᠨ ᠭᠠᠵᠠᠷ ᠲᠤᠨᠢ ᠬᠡᠮᠵᠢᠵᠦ ᠪᠠᠶᠢᠨ᠎ᠠ᠃ ᠭᠤᠤᠯ ᠤᠨ ᠪᠠᠶᠢᠰᠢᠩ ᠪᠠᠯᠭᠠᠰᠤᠨ ᠤ ᠪᠠᠷᠠᠭᠤᠨ ᠳᠠᠪᠢᠨ | ᠭᠠᠴᠠᠭᠠᠨ ᠤ ᠮᠠᠯᠴᠢᠨ ᠠᠶᠤᠩᠭ᠎ᠠ ᠶᠢᠨ ᠬᠡᠷ ᠲᠤ᠂ ᠲᠡᠷᠡ ᠶᠠᠭ ᠬᠠᠭᠠᠯᠪᠤᠷᠢᠯᠠᠬᠤ ᠥᠬᠡᠶ ᠪᠠᠷ ᠳᠠᠷᠢᠬᠤ ᠮᠠᠰᠢᠨ ᠢ | ᠠᠷᠠᠴᠢᠯᠠᠵᠤ ᠪᠣᠶ᠂ ᠬᠠᠭᠠᠯᠪᠤᠷᠢᠯᠠᠬᠤ ᠥᠬᠡᠶ ᠪᠠᠷ ᠳᠠᠷᠢᠬᠤ ᠮᠠᠰᠢᠨ ᠢᠶᠠᠷ ᠳᠠᠷᠢᠵᠤ ᠪᠠᠶᠢᠭ᠎ᠠ ᠨᠢ ᠰᠢᠷᠣᠶ ᠬᠥᠳᠡᠯᠭᠡᠬᠦ | ᠬᠡᠮᠵᠢᠶ᠎ᠡ ᠶᠢ ᠪᠠᠭᠠᠰᠬᠠᠵᠤ᠂ ᠬᠠᠷ᠎ᠠ ᠬᠥᠷᠥᠰᠥ ᠶᠢ ᠤᠯᠠᠮ ᠨᠢᠭᠡ ᠠᠯᠬᠤᠮ ᠬᠠᠮᠠᠭᠠᠯᠠᠬᠤ ᠶᠢᠨ ᠲᠥᠯᠥᠭᠡ ᠶᠤᠮ᠃ | ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠶᠢᠨ | ᠲᠠᠷᠢᠶᠠᠯᠠᠩ ᠤᠨ ᠮᠠᠰᠢᠨ ᠳᠡᠯᠭᠡᠷᠡᠭᠦᠯᠬᠦ ᠲᠠᠰᠤᠭ ᠤᠨ ᠳᠠᠷᠤᠭ᠎ᠠ ᠪᠦᠲᠦᠭᠡᠴᠢ᠄ ︽2022 ᠣᠨ ᠳᠤ᠂ ᠬᠤᠷᠴᠢᠨ | ᠪᠠᠷᠠᠭᠤᠨ ᠭᠠᠷᠤᠨ ᠳᠤᠮᠳᠠᠳᠤ ᠬᠤᠰᠢᠭᠤᠨ ᠤ 12 ᠰᠤᠮᠤ ᠪᠠᠯᠭᠠᠰᠤᠨ ᠤ 80 ᠲᠦᠮᠡᠨ ᠮᠥ ᠬᠠᠮᠠᠭᠠᠯᠠᠯᠲᠠ ᠶᠢᠨ | ᠴᠢᠨᠠᠷᠲᠠᠶ ᠲᠠᠷᠢᠶᠠᠯᠠᠭ᠎ᠠ ᠶᠢ ᠨᠠᠶᠢᠳᠠᠪᠤᠷᠢᠵᠢᠭᠤᠯᠵᠤ᠂ 35 ᠲᠦᠮᠡᠨ ᠮᠥ ᠭᠦᠨ ᠬᠠᠭᠠᠯᠪᠦᠷᠢᠯᠠᠵᠤ ᠵᠦᠬᠡᠯᠡᠷᠡᠬᠦᠯᠬᠦ | ᠲᠠᠯᠠᠪᠠᠶ ᠶᠢ ᠪᠦᠬᠦᠨ ᠢ ᠨᠠᠶᠢᠳᠠᠪᠤᠷᠢᠵᠢᠭᠤᠯᠪᠠ︾ ᠭᠡᠵᠡᠶ᠃ | ᠬᠠᠷ᠎ᠠ ᠬᠥᠷᠥᠰᠥᠨ ᠤ ᠬᠠᠮᠠᠭᠠᠯᠠᠯᠲᠠ ᠶᠢᠨ ᠴᠢᠨᠠᠷᠲᠠᠶ ᠲᠠᠷᠢᠶᠠᠯᠠᠭ᠎ᠠ ᠶᠢ ᠬᠡᠷᠡᠭᠵᠢᠭᠦᠯᠦᠭᠰᠡᠨ ᠢᠶᠠᠷ | ᠲᠠᠷᠢᠶᠠᠴᠢᠳ ᠤᠨ ᠦᠢᠯᠡᠳᠪᠦᠷᠢᠯᠡᠯ ᠤᠨ ᠥᠪᠡᠷ ᠤᠨ ᠦᠷᠲᠡᠭ ᠢ ᠮᠦ ᠪᠦᠷᠢ ᠳᠤ 100 ᠲᠥᠭᠦᠷᠢᠭ ᠣᠷᠴᠢᠮ | ᠪᠠᠭᠤᠷᠠᠭᠤᠯᠵᠤ᠂ ᠡᠷᠳᠡᠨᠢ ᠰᠢᠰᠢ ᠶᠢᠨ ᠨᠠᠮᠤᠷ ᠤᠨ ᠬᠤᠷᠢᠶᠠᠯᠲᠠ ᠶᠢᠨ ᠤᠨᠠᠯᠲᠠ ᠶᠢ ᠮᠦ ᠪᠦᠷᠢ ᠳᠤ 80 — | 100 ᠵᠢᠩ ᠨᠡᠮᠡᠭᠳᠡᠭᠦᠯᠪᠡ᠃ ᠡᠨᠡ ᠵᠢᠯ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ ᠡᠷᠳᠡᠨᠢ ᠰᠢᠰᠢ ᠶᠢᠨ | ᠡᠰᠢ ᠰᠦᠷᠡᠯ ᠢ ᠪᠥᠬᠦ ᠬᠡᠮᠵᠢᠶ᠎ᠡ ᠪᠠᠷ ᠳᠠᠷᠢᠬᠤ ᠶᠢ ᠭᠡᠯᠳᠦᠷᠢᠭᠦᠯᠬᠦ ︵ᠴᠥᠭᠡᠨ︶ ᠵᠠᠭᠪᠤᠷ ᠢ 20 ᠲᠦᠮᠡᠨ ᠮᠥ | ᠬᠡᠷᠡᠭᠵᠢᠭᠦᠯᠵᠦ᠂ ᠡᠷᠳᠡᠨᠢ ᠰᠢᠰᠢ ᠶᠢᠨ ᠡᠰᠢ ᠰᠦᠷᠡᠯ ᠢ ᠬᠡᠰᠡᠭ ᠲᠠᠯ᠎ᠠ ᠪᠠᠷ ᠪᠦᠷᠬᠦᠭᠦᠯᠬᠦ ᠵᠢᠴᠢ ᠪᠤᠰᠤᠳ ᠲᠠᠷᠢᠮᠠᠯ ᠤᠨ | ᠡᠰᠢ ᠰᠦᠷᠡᠯ ᠢ ᠪᠥᠬᠦ ᠬᠡᠮᠵᠢᠶ᠎ᠡ ᠪᠠᠷ ᠪᠦᠷᠬᠦᠭᠦᠯᠬᠦ ᠶᠢ ᠭᠡᠯᠳᠦᠷᠢᠭᠦᠯᠬᠦ ︵ᠴᠥᠭᠡᠨ︶ 49 ᠲᠦᠮᠡᠨ ᠮᠥ ᠳᠠᠷᠢᠬᠤ ᠶᠢ | ᠬᠡᠷᠡᠭᠵᠢᠭᠦᠯᠪᠡ︔ 11 ᠲᠦᠮᠡᠨ ᠮᠥ ᠳᠤ ᠡᠷᠳᠡᠨᠢ ᠰᠢᠰᠢ ᠶᠢᠨ ᠡᠰᠢ ᠰᠦᠷᠡᠯ ᠢ ᠪᠠᠭ᠎ᠠ ᠬᠡᠮᠵᠢᠶ᠎ᠡ ᠪᠠᠷ ᠪᠦᠷᠬᠦᠭᠦᠯᠬᠦ ᠶᠢ | ᠡᠭᠦᠨ ᠤ ᠬᠠᠮᠲᠤ ᠭᠠᠵᠠᠷ ᠣᠷᠣᠨ ᠤ ᠪᠠᠶᠢᠳᠠᠯ ᠳᠠᠭᠠᠨ ᠳᠣᠭᠢᠷᠠᠭᠤᠯᠤᠨ ᠬᠠᠮᠠᠭᠠᠯᠠᠯᠲᠠ ᠶᠢᠨ ᠴᠢᠨᠠᠷᠲᠠᠶ ᠲᠠᠷᠢᠶᠠᠯᠠᠬᠤ | ᠮᠡᠷᠭᠡᠵᠢᠯ ᠤᠨ ᠵᠠᠭᠪᠤᠷ ᠢ ᠰᠣᠩᠭᠤᠵᠤ᠂ ᠴᠢᠳᠠᠬᠤ ᠶᠢᠨ ᠳᠣᠲᠣᠷ᠎ᠠ ᠡᠰᠢ ᠰᠦᠷᠡᠯ ᠢᠶᠠᠷ ᠭᠠᠵᠠᠷ ᠤᠨ ᠨᠢᠭᠤᠷ ᠢ | ᠪᠦᠷᠬᠦᠭᠦᠯᠵᠦ᠂ ᠰᠢᠷᠣᠶ ᠬᠥᠳᠡᠯᠭᠡᠬᠦ ᠲᠠᠯᠠᠪᠠᠶ ᠶᠢ ᠪᠠᠭᠠᠰᠬᠠᠨ᠂ ᠰᠠᠯᠬᠢᠨ ᠳᠤ ᠳᠠᠭᠠᠷᠢᠭᠳᠠᠵᠤ ᠤᠰᠤᠨ ᠳᠤ | ᠢᠳᠡᠭᠳᠡᠬᠦ ᠠᠴᠠ ᠰᠡᠷᠬᠡᠶᠢᠯᠡᠨ᠎ᠡ᠃ ︽ᠲᠠᠷᠠᠭᠠᠴᠢ ᠶᠢᠨ ᠠᠯᠬᠤᠮ ᠳᠤ᠂ ᠪᠢᠳᠡ ᠨᠠᠮ ᠤᠨ ᠬᠤᠷᠢᠳᠤᠭᠠᠷ ᠶᠡᠭᠡ | ᠬᠤᠷᠠᠯ ᠤᠨ ᠵᠣᠷᠢᠭ ᠰᠠᠨᠠᠭ᠎ᠠ ᠶᠢ ᠰᠠᠶᠢᠲᠤᠷ ᠰᠤᠷᠤᠯᠴᠠᠨ ᠲᠤᠤᠱᠯᠠᠭᠤᠯᠵᠤ᠂ ᠬᠠᠮᠠᠭᠠᠯᠠᠯᠲᠠ ᠶᠢᠨ ᠴᠢᠨᠠᠷᠲᠠᠶ | ᠲᠠᠷᠢᠶᠠᠯᠠᠬᠤ ᠲᠠᠯᠠᠪᠠᠶ ᠶᠢ ᠥᠷᠭᠡᠳᠬᠡᠬᠦ᠂ ᠠᠵᠢᠯ ᠤᠨ ᠶᠠᠰᠤ ᠴᠢᠨᠠᠷ ᠢ ᠳᠡᠭᠡᠭᠰᠢᠯᠡᠭᠦᠯᠬᠦ᠂ ᠤᠨᠠᠯᠲᠠ ᠶᠢ ᠨᠡᠮᠡᠭᠳᠡᠭᠦᠯᠬᠦ | ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠠᠮᠤ ᠪᠤᠳᠠᠭ᠎ᠠ ᠶᠢ ᠲᠠᠷᠢᠶᠠᠨ ᠭᠠᠵᠠᠷ ᠲᠤ ᠬᠠᠳᠠᠭᠠᠯᠠᠬᠤ | ᠪᠠᠶᠢᠯᠳᠤᠬᠤ ᠪᠣᠳᠣᠯᠭ᠎ᠠ ᠶᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠤᠯᠬᠤ ᠶᠢ ᠳᠥᠯᠭᠢᠨ ᠠᠬᠢᠭᠤᠯᠵᠤ᠂ ᠠᠷᠪᠠᠨ | ᠨᠠᠢᠮᠠᠨ ᠳ᠋ᠦᠩᠰᠢᠭᠤᠷ ᠮᠥ ᠲᠠᠷᠢᠶᠠᠨ ᠭᠠᠵᠠᠷ ᠤᠨ ᠤᠯᠠᠭᠠᠨ ᠱᠤᠭᠤᠮ ᠢ ᠪᠠᠲᠤ ᠰᠠᠬᠢᠵᠤ᠂ ᠳᠤᠮᠳᠠᠳᠤ ᠤᠯᠤᠰ ᠤᠨ | ᠬᠥᠮᠦᠨ ᠤ ᠪᠤᠳᠠᠭᠠᠨ ᠠᠶᠠᠭ᠎ᠠ ᠶᠢ ᠥᠪᠡᠷ ᠤᠨ ᠭᠠᠷ ᠲᠠᠭᠠᠨ ᠪᠠᠲᠤ ᠠᠳᠬᠤᠬᠤ ᠶᠢ ᠦᠨᠡᠨ ᠬᠦ ᠪᠠᠲᠤᠯᠠᠨ᠎ᠠ︾ ᠭᠡᠵᠦ | ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠮᠡᠷᠭᠡᠵᠢᠯ ᠤᠨ ᠳᠤᠪᠴᠢᠶ᠎ᠠ ᠶᠢᠨ | ᠲᠠᠷᠢᠶᠠᠯᠠᠩ ᠤᠨ ᠮᠠᠰᠢᠨ ᠢ ᠳᠡᠯᠭᠡᠷᠡᠭᠦᠯᠬᠦ ᠲᠠᠰᠤᠭ ᠤᠨ ᠳᠠᠷᠤᠭ᠎ᠠ ᠪᠦᠳᠦᠭᠡᠴᠢ ᠬᠡᠯᠡᠪᠡ᠃ | | |