︽2022 ᠣᠨ ᠤ ᠬᠢᠩᠭᠠᠨ ᠠᠶᠢᠮᠠᠭ ᠤᠨ ᠠᠯᠠᠰᠢᠨ ᠦᠬᠡᠷ ᠪᠣᠷᠳᠣᠵᠤ ᠲᠠᠷᠭᠤᠯᠠᠭᠤᠯᠬᠤ ᠪᠠ ᠠᠯᠠᠰᠢᠨ ᠦᠬᠡᠷ ᠠᠯᠠᠰᠢᠨ ᠬᠤᠨᠢ ᠨᠢᠲᠤᠯᠬᠤ ᠴᠢᠳᠠᠪᠤᠷᠢ ᠶᠢ ᠳᠡᠭᠡᠭᠰᠢᠯᠡᠭᠦᠯᠬᠦ ᠶᠢ ᠳᠡᠮᠵᠢᠬᠦ ᠲᠥᠷᠥ ᠶᠢᠨ ᠪᠣᠳᠣᠯᠭ᠎ᠠ ᠶᠢᠨ  ᠨᠠᠷᠢᠨ ᠳᠠᠩᠰᠠ ︵ᠲᠤᠷᠰᠢᠨ ᠬᠡᠷᠡᠭᠵᠢᠭᠦᠯᠬᠦ︶︾
ᠨᠡᠶᠢᠲᠡᠯᠡᠭᠰᠡᠨ ᠴᠠᠭ᠄
2022/11/10
   ᠨᠢᠭᠡ᠂ ᠠᠬᠤᠶ ᠪᠠᠶᠢᠳᠠᠯ   ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ︽ᠠᠯᠠᠰᠢᠨ ᠦᠬᠡᠷ ᠠᠯᠠᠰᠢᠨ ᠬᠤᠨᠢᠨ ᠤ ᠦᠢᠯᠡᠳᠪᠦᠷᠢᠯᠡᠯ ᠬᠥᠭᠵᠢᠯᠲᠡ ᠶᠢ ᠠᠬᠢᠭᠤᠯᠬᠤ ᠲᠠᠪᠤᠨ ᠵᠢᠯ ᠤᠨ ᠠᠵᠢᠯᠯᠠᠭᠠᠨ ᠤ ᠲᠥᠰᠦᠯ︾ ︵ᠲᠠᠷᠢᠶᠠᠯᠠᠩ ᠮᠠᠯ ᠠᠵᠤ ᠠᠬᠤᠶ ᠲᠠᠷᠬᠠᠭᠠᠭᠰᠠᠨ 〔2021 〕10 ᠳ᠋ᠤᠭᠠᠷ ᠲᠣᠭᠠᠲᠤ︶ ᠢ ᠦᠨᠳᠦᠰᠦᠯᠡᠨ᠂ ᠣᠨᠴᠠᠭᠠᠶᠢᠯᠠᠨ ︽2022 ᠣᠨ ᠳᠤ ᠬᠢᠩᠭᠠᠨ ᠠᠶᠢᠮᠠᠭ ᠤᠨ ᠠᠯᠠᠰᠢᠨ ᠦᠬᠡᠷ ᠠᠯᠠᠰᠢᠨ ᠬᠤᠨᠢᠨ ᠤ ᠨᠢᠲᠤᠯᠬᠤ ᠴᠢᠳᠠᠪᠤᠷᠢ ᠶᠢ ᠳᠡᠭᠡᠭᠰᠢᠯᠡᠭᠦᠯᠬᠦ ᠲᠥᠷᠥ ᠶᠢᠨ ᠪᠣᠳᠣᠯᠭ᠎ᠠ ᠶᠢᠨ  ᠨᠠᠷᠢᠨ ᠳᠠᠩᠰᠠ ︵ᠲᠤᠷᠰᠢᠨ ᠬᠡᠷᠡᠭᠵᠢᠭᠦᠯᠬᠦ︶︾ ᠶᠢ ᠲᠣᠭᠲᠠᠭᠠᠪᠠ᠃ ᠡᠬᠡ ᠪᠢᠴᠢᠭ ᠢ ᠲᠤᠭᠤᠷᠪᠢᠬᠤ ᠶᠠᠪᠤᠴᠠ ᠳᠤ ᠪᠢᠳᠡ ᠭᠢᠷᠢᠨ ᠮᠤᠵᠢ ᠶᠢᠨ ᠢᠦ᠋ᠢᠱᠤ ᠬᠤᠲᠠ᠂ ᠬᠥᠯᠥᠨ ᠪᠤᠶᠢᠷ ᠬᠤᠲᠠ ᠶᠢᠨ ᠠᠷᠤᠨ ᠬᠤᠰᠢᠭᠤ᠂ ᠰᠢᠯᠢ ᠶᠢᠨ ᠭᠤᠣᠯ ᠠᠶᠢᠮᠠᠭ ᠤᠨ ᠰᠦᠨᠢᠳ ᠵᠡᠭᠦᠨ ᠬᠤᠰᠢᠭᠤᠨ ᠤ ᠠᠯᠠᠰᠢᠨ ᠦᠬᠡᠷ ᠠᠯᠠᠰᠢᠨ ᠬᠤᠨᠢ ᠶᠢ ᠱᠠᠩᠨᠠᠬᠤ ᠲᠥᠷᠥ ᠶᠢᠨ ᠪᠣᠳᠣᠯᠭ᠎ᠠ ᠪᠠᠷ ᠯᠠᠪᠯᠠᠯᠲᠠ ᠪᠣᠯᠭᠠᠵᠠᠶ᠃     ᠬᠤᠶᠠᠷ᠂ ᠳᠡᠮᠵᠢᠬᠦ ᠬᠡᠪᠴᠢᠶ᠎ᠡ ᠪᠠ ᠵᠠᠷᠴᠢᠮ    ︵ᠨᠢᠭᠡ︶ 2022 ᠣᠨ ᠳᠤ ᠡᠳ᠋ ᠤᠨ ᠵᠠᠰᠠᠭ ᠤᠨ ᠲᠤᠰᠬᠠᠶ ᠪᠠᠯᠠ ᠮᠥᠩᠭᠦ ᠶᠢ ᠳᠣᠭᠢᠷᠠᠭᠤᠯᠵᠤ᠂ ᠠᠯᠠᠰᠢᠨ ᠦᠬᠡᠷ ᠪᠣᠷᠳᠣᠬᠤ ᠴᠢᠳᠠᠪᠤᠷᠢ ᠪᠠ ᠠᠯᠠᠰᠢᠨ ᠦᠬᠡᠷ ᠠᠯᠠᠰᠢᠨ ᠬᠤᠨᠢᠨ ᠤ ᠪᠣᠳᠠᠲᠠᠶ ᠨᠢᠲᠤᠯᠬᠤ ᠴᠢᠳᠠᠪᠤᠷᠢ ᠶᠢ ᠳᠡᠭᠡᠭᠰᠢᠯᠡᠭᠦᠯᠬᠦ ᠶᠢ ᠳᠡᠮᠵᠢᠵᠦ᠂ ᠠᠯᠠᠰᠢᠨ ᠦᠬᠡᠷ ᠠᠯᠠᠰᠢᠨ ᠬᠤᠨᠢᠨ ᠤ ᠠᠵᠤ ᠦᠢᠯᠡᠰ ᠤᠨ ᠬᠥᠭᠵᠢᠯᠲᠡ ᠶᠢ ᠠᠬᠢᠭᠤᠯᠤᠨ᠎ᠠ᠃ ᠪᠡᠯᠡ ᠮᠥᠩᠭᠦ ᠳᠤ ᠲᠥᠰᠦᠪ ᠤᠨ ᠬᠠᠮᠢᠶᠠᠷᠤᠯᠲᠠ ᠶᠢ ᠬᠡᠷᠡᠭᠵᠢᠭᠦᠯᠵᠦ᠂ ᠲᠤᠰᠬᠠᠶ ᠵᠣᠭᠤᠰ ᠢ ᠲᠤᠰᠬᠠᠶ ᠵᠦᠢᠯ ᠳᠤ ᠬᠡᠷᠡᠭᠯᠡᠨ᠎ᠡ᠃    ︵ᠬᠤᠶᠠᠷ︶ ᠨᠢᠲᠤᠯᠬᠤ ᠠᠵᠤ ᠠᠬᠤᠶᠢᠯᠠᠯ ᠤᠨ ᠨᠢᠲᠤᠯᠵᠤ ᠡᠳ᠋ᠰᠢᠭᠦᠯᠬᠦ ᠠᠵᠢᠯ ᠨᠢ ᠡᠷᠬᠡᠪᠰᠢ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠬᠡᠷ ᠬᠤᠨᠢ ᠨᠢᠲᠤᠯᠬᠤ ᠬᠠᠮᠢᠶᠠᠷᠤᠯᠲᠠ ᠶᠢᠨ ᠠᠷᠭ᠎ᠠ︾ ᠶᠢᠨ ᠬᠠᠤᠯᠢ ᠴᠠᠭᠠᠵᠠ ᠬᠠᠤᠯᠢ ᠲᠣᠭᠲᠠᠭᠠᠯ ᠤᠨ ᠲᠣᠭᠲᠠᠭᠠᠯ ᠵᠢᠴᠢ ᠡᠯ᠎ᠡ  ᠵᠦᠢᠯ ᠤᠨ ᠠᠵᠢᠯᠯᠠᠬᠤ ᠲᠦᠷᠢᠮ ᠳᠤ ᠨᠡᠶᠢᠴᠡᠭᠰᠡᠨ ᠪᠠᠶᠢᠬᠤ ᠬᠡᠷᠡᠭᠲᠡᠶ᠃    ︵ᠭᠤᠷᠪᠠ︶ ᠠᠶᠢᠮᠠᠭ ᠤᠨ ᠳᠣᠲᠣᠭᠠᠳᠤ ᠳᠤ ᠪᠦᠷᠢᠳᠬᠡᠨ ᠳᠠᠩᠰᠠᠯᠠᠭᠤᠯᠤᠭᠰᠠᠨ ᠦᠬᠡᠷ ᠬᠤᠨᠢᠨ ᠤ ᠴᠡᠭ ᠲᠣᠭᠲᠠᠭᠠᠨ ᠨᠢᠲᠤᠯᠬᠤ ᠠᠵᠤ ᠠᠬᠤᠶᠢᠯᠠᠯ᠂ ᠲᠡᠵᠢᠭᠡᠨ ᠦᠷᠡᠵᠢᠭᠦᠯᠬᠦ ᠡᠷᠦᠬᠡ ︵ᠲᠠᠯᠠᠪᠠᠶ᠂ ᠠᠵᠤ ᠠᠬᠤᠶᠢᠯᠠᠯ᠂ ᠬᠤᠷᠰᠢᠶ᠎ᠠ︶᠂ ᠠᠯᠠᠰᠢᠨ ᠦᠬᠡᠷ ᠠᠯᠠᠰᠢᠨ ᠬᠤᠨᠢᠨ ᠤ ᠵᠠᠭᠤᠴᠢᠯᠠᠭᠴᠢ ᠪᠦᠬᠦᠨ ᠢ ᠴᠥᠮ ᠲᠣᠰ ᠲᠥᠷᠥ ᠶᠢᠨ ᠪᠣᠳᠣᠯᠭ᠎ᠠ ᠶᠢᠨ ᠳᠡᠮᠵᠢᠬᠦ ᠬᠡᠪᠴᠢᠶᠡᠨ ᠳᠤ ᠣᠷᠣᠭᠤᠯᠤᠨ᠎ᠠ᠃    ︵ᠳᠥᠷᠪᠡ︶ ᠠᠶᠢᠮᠠᠭ ᠤᠨ ᠳᠣᠲᠣᠷᠠᠬᠢ ᠦᠬᠡᠷ ᠬᠤᠨᠢᠨ ᠤ ᠴᠡᠭ ᠲᠣᠭᠲᠠᠭᠠᠨ ᠠᠯᠠᠵᠤ ᠨᠢᠲᠤᠯᠬᠤ ᠠᠵᠤ ᠠᠬᠤᠶᠢᠯᠠᠯ ᠤᠳ ᠪᠣᠬᠢᠷ ᠪᠣᠳᠠᠰ ᠭᠠᠳᠠᠭᠰᠢᠯᠠᠭᠤᠯᠤᠭᠠᠳ ᠪᠠᠷᠢᠮᠵᠢᠶ᠎ᠠ ᠳᠤ ᠬᠦᠷᠦᠭᠰᠡᠨ ᠥᠬᠡᠶ ᠪᠠᠶᠢᠪᠠᠯ ᠲᠣᠰ ᠲᠥᠷᠥ ᠶᠢᠨ ᠪᠣᠳᠣᠯᠭ᠎ᠠ ᠶᠢ ᠭᠥᠷᠳᠡᠵᠦ ᠪᠣᠯᠬᠤ ᠥᠬᠡᠶ᠃    ︵ᠲᠠᠪᠤ︶ 2021 ᠣᠨ ᠠᠴᠠ ᠨᠠᠰᠢ᠂ ᠬᠠᠤᠯᠢ ᠲᠣᠭᠲᠠᠭᠠᠯ ᠠᠴᠠ ᠵᠥᠷᠢᠴᠡᠭᠰᠡᠨ ᠲᠡᠮᠳᠡᠭᠯᠡᠯ ᠲᠠᠢ ᠠᠶᠢᠮᠠᠭ ᠤᠨ ᠳᠣᠲᠣᠷᠠᠬᠢ ᠦᠬᠡᠷ ᠬᠤᠨᠢ ᠨᠢᠲᠤᠯᠬᠤ  ᠴᠡᠭ ᠲᠣᠭᠲᠠᠭᠠᠭᠰᠠᠨ ᠠᠵᠤ ᠠᠬᠤᠶᠢᠯᠠᠯ ᠤᠳ ᠲᠣᠰ ︽ᠲᠥᠷᠥ ᠶᠢᠨ ᠪᠣᠳᠣᠯᠭ᠎ᠠ ᠶᠢᠨ ᠨᠠᠷᠢᠨ ᠲᠠᠩᠰᠠ︾ ᠶᠢ ᠭᠥᠷᠳᠡᠵᠦ ᠪᠣᠯᠬᠤ ᠥᠬᠡᠶ᠃    ︵ᠵᠢᠷᠭᠤᠭ᠎ᠠ︶ ︽ᠬᠢᠩᠭᠠᠨ ᠠᠶᠢᠮᠠᠭ ᠤᠨ ᠮᠠᠯ ᠵᠢᠭᠦᠷᠲᠡᠨ ᠢ ᠨᠢᠲᠤᠯᠬᠤ ᠸᠢᠳᠢᠤ᠋ ᠬᠡᠯᠡᠭᠡᠷᠡᠢ ᠪᠠᠷ ᠬᠢᠨᠠᠨ ᠡᠵᠡᠮᠳᠡᠬᠦ ᠲᠠᠪᠴᠠᠩ︾ ᠢ ᠵᠣᠷᠢᠭᠤᠳᠠ ᠬᠠᠯᠬᠠᠯᠠᠭᠰᠠᠨ ᠲᠤᠬᠠᠶ ᠶᠢᠨ ᠴᠠᠭ ᠤᠨ ᠸᠢᠳᠢᠤ᠋ ᠬᠡᠯᠪᠡᠷᠢ  ᠪᠠᠷ ᠬᠢᠨᠠᠨ ᠡᠵᠡᠮᠳᠡᠬᠦ ᠲᠥᠬᠦᠭᠡᠷᠦᠮᠵᠢ᠂ ᠴᠠᠬᠢᠯᠭᠠᠨ ᠢ ᠵᠣᠷᠢᠭᠤᠳᠠ ᠲᠠᠰᠤᠯᠤᠭᠰᠠᠨ ᠵᠡᠷᠭᠡ ᠦᠢᠯᠡ ᠠᠵᠢᠯᠯᠠᠭ᠎ᠠ ᠲᠠᠢ ᠪᠠᠶᠢᠵᠤ᠂ ᠲᠤᠬᠠᠶ ᠶᠢᠨ ᠴᠠᠭ ᠤᠨ ᠸᠢᠳᠢᠤ᠋ ᠬᠡᠯᠪᠡᠷᠢ ᠪᠠᠷ ᠬᠢᠨᠠᠨ ᠡᠵᠡᠮᠳᠡᠬᠦ ᠳᠤ ᠬᠦᠷᠦᠭᠰᠡᠨ ᠥᠬᠡᠶ ᠠᠶᠢᠮᠠᠭ ᠤᠨ ᠳᠣᠲᠣᠷᠠᠬᠢ ᠦᠬᠡᠷ ᠬᠤᠨᠢ ᠶᠢ  ᠴᠡᠭ ᠲᠣᠭᠲᠠᠭᠠᠨ ᠨᠢᠲᠤᠯᠬᠤ ᠠᠵᠤ ᠠᠬᠤᠶᠢᠯᠠᠯ ᠤᠳ ᠲᠣᠰ ᠲᠥᠷᠥ ᠶᠢᠨ ᠪᠣᠳᠣᠯᠭ᠎ᠠ ᠶᠢ ᠭᠥᠷᠳᠡᠵᠦ ᠪᠣᠯᠬᠤ ᠥᠬᠡᠶ︔ ᠡᠰᠡᠬᠦᠯ᠎ᠡ ︽ᠬᠢᠩᠭᠠᠨ ᠠᠶᠢᠮᠠᠭ ᠤᠨ ᠮᠠᠯ ᠵᠢᠭᠦᠷᠲᠡᠨ ᠢ ᠨᠢᠲᠤᠯᠬᠤ ᠠᠯᠤᠰ ᠡᠵᠡᠮᠰᠢᠯᠲᠦ ᠬᠠᠷᠠᠭᠠᠨ ᠳᠠᠪᠲᠠᠮᠵᠢ ᠪᠠᠷ ᠬᠢᠨᠠᠨ ᠡᠵᠡᠮᠳᠡᠬᠦ ᠲᠠᠪᠴᠠᠩ︾ ᠢ ᠬᠤᠯᠪᠣᠭᠰᠠᠨ ᠥᠬᠡᠶ ᠠᠶᠢᠮᠠᠭ ᠤᠨ ᠳᠣᠲᠣᠷᠠᠬᠢ ᠦᠬᠡᠷ ᠬᠤᠨᠢᠨ ᠤ ᠴᠡᠭ ᠲᠣᠭᠲᠠᠭᠠᠨ ᠨᠢᠲᠤᠯᠬᠤ ᠠᠵᠤ ᠠᠬᠤᠶᠢᠯᠠᠯ ᠤᠳ ᠲᠣᠰ ᠲᠥᠷᠥ ᠶᠢᠨ ᠪᠣᠳᠣᠯᠭ᠎ᠠ ᠶᠢ ᠭᠥᠷᠳᠡᠵᠦ ᠪᠣᠯᠬᠤ ᠥᠬᠡᠶ᠃    ︵ᠳᠣᠯᠤᠭ᠎ᠠ︶ ᠨᠢᠲᠤᠯᠵᠤ ᠡᠳ᠋ᠰᠢᠭᠦᠯᠦᠭᠰᠡᠨ ᠠᠯᠠᠰᠢᠨ ᠦᠬᠡᠷ᠂ ᠠᠯᠠᠰᠢᠨ ᠬᠤᠨᠢ ᠶᠢ ᠡᠷᠬᠡᠪᠰᠢ ᠠᠶᠢᠮᠠᠭ ᠤᠨ ᠳᠣᠲᠣᠷᠠᠬᠢ ᠦᠬᠡᠷ ᠬᠤᠨᠢᠨ ᠤ ᠲᠣᠭᠲᠠᠭᠰᠠᠨ ᠴᠡᠭ ᠪᠥᠬᠦᠶ ᠨᠢᠲᠤᠯᠬᠤ ᠠᠵᠤ ᠠᠬᠤᠶᠢᠯᠠᠯ ᠳᠤ ᠨᠢᠲᠤᠯᠵᠤ ᠡᠳ᠋ᠰᠢᠭᠦᠯᠬᠦ ᠶᠢᠨ ᠬᠠᠮᠲᠤ ᠲᠣᠰ ᠠᠵᠤ ᠠᠬᠤᠶᠢᠯᠠᠯ ᠤᠨ ᠦᠢᠯᠡᠳᠭᠦᠨ ᠤ ᠨᠡᠷ᠎ᠡ  ᠪᠠᠷ ᠬᠤᠳᠠᠯᠳᠤᠬᠤ ᠬᠡᠷᠡᠭᠲᠡᠶ᠂ ᠡᠰᠡ ᠲᠡᠭᠡᠪᠡᠯ ᠲᠣᠰ ᠲᠥᠷᠥ ᠶᠢᠨ ᠪᠣᠳᠣᠯᠭ᠎ᠠ ᠶᠢ ᠭᠥᠷᠳᠡᠵᠦ ᠪᠣᠯᠬᠤ ᠥᠬᠡᠶ᠃    ︵ ᠨᠠᠢᠮᠠ︶ ᠣᠷᠣᠯᠠᠨ ᠨᠢᠲᠤᠯᠬᠤ ᠠᠵᠤ ᠠᠬᠤᠶᠢᠯᠠᠯ ᠤᠨ ᠨᠠᠶᠢᠳᠠᠵᠤ ᠨᠢᠲᠤᠯᠤᠭᠰᠠᠨ ︵ᠣᠷᠣᠯᠠᠨ ᠨᠢᠲᠤᠯᠤᠭᠰᠠᠨ ︶ ᠦᠬᠡᠷ ᠬᠤᠨᠢᠨ ᠳᠤ ᠨᠥᠬᠦᠪᠥᠷᠢ ᠥᠭᠬᠦ ᠥᠬᠡᠶ᠃    ᠭᠤᠷᠪᠠ᠂ ᠭᠤᠣᠯ ᠠᠭᠤᠯᠭ᠎ᠠ    ︵ᠨᠢᠭᠡ︶ ᠠᠯᠠᠰᠢᠨ ᠦᠬᠡᠷ ᠤᠨ ᠪᠣᠷᠳᠣᠵᠤ ᠲᠠᠷᠭᠤᠯᠠᠭᠤᠯᠬᠤ  ᠶᠢ ᠱᠠᠩᠨᠠᠬᠤ ᠲᠥᠷᠥ ᠶᠢᠨ ᠪᠣᠳᠣᠯᠭ᠎ᠠ᠃ 1. ᠠᠶᠢᠮᠠᠭ ᠤᠨ ᠳᠣᠲᠣᠷᠠᠬᠢ ᠠᠯᠠᠰᠢᠨ ᠦᠬᠡᠷ ᠲᠡᠵᠢᠭᠡᠨ ᠦᠷᠡᠵᠢᠭᠦᠯᠬᠦ ᠡᠷᠦᠬᠡ ︵ᠲᠠᠯᠠᠪᠠᠶ᠂ ᠠᠵᠤ ᠠᠬᠤᠶᠢᠯᠠᠯ︶ ᠨᠢ ᠵᠢᠯ ᠳᠤ 50 ᠲᠣᠯᠣᠭᠠᠶ ︵50 ᠲᠣᠯᠣᠭᠠᠶ ᠪᠠᠭᠲᠠᠨ᠎ᠠ︶ ᠠᠴᠠ ᠳᠡᠭᠡᠭᠰᠢ ᠪᠣᠷᠳᠣᠵᠤ ᠲᠠᠷᠭᠤᠯᠠᠭᠤᠯᠬᠤ ᠦᠬᠡᠷ ᠢ ᠪᠣᠷᠣᠯᠠᠭᠤᠯᠬᠤ ᠶᠢᠨ ᠬᠠᠮᠲᠤ ᠠᠶᠢᠮᠠᠭ ᠤᠨ ᠳᠣᠲᠣᠷᠠᠬᠢ ᠠᠯᠠᠰᠢᠨ ᠦᠬᠡᠷ ᠨᠢᠲᠤᠯᠬᠤ ᠠᠵᠤ ᠠᠬᠤᠶᠢᠯᠠᠯ ᠳᠤ ᠬᠦᠷᠭᠡᠵᠦ ᠨᠢᠲᠤᠯᠵᠤ ᠡᠳ᠋ᠰᠢᠭᠦᠯᠦᠭᠰᠡᠨ ᠪᠠᠶᠢᠪᠠᠯ᠂ ᠪᠣᠷᠳᠣᠵᠤ ᠲᠠᠷᠭᠤᠯᠠᠭᠤᠯᠬᠤ ᠦᠬᠡᠷ ᠨᠢᠭᠡᠪᠦᠷᠢ ᠳᠤ 200 ᠲᠥᠭᠦᠷᠢᠭ ᠤᠨ ᠨᠥᠬᠦᠪᠥᠷᠢ ᠣᠯᠭᠤᠨ᠎ᠠ᠃ ᠭᠠᠷᠭᠠᠯᠲᠠ ᠳᠤ ᠭᠠᠷᠭᠠᠭᠰᠠᠨ ᠪᠣᠷᠳᠣᠵᠤ ᠲᠠᠷᠭᠤᠯᠠᠭᠤᠯᠬᠤ ᠦᠬᠡᠷ ᠢ ᠡᠷᠬᠡᠪᠰᠢ ᠲᠤᠰ ᠲᠡᠵᠢᠭᠡᠨ ᠦᠷᠡᠵᠢᠭᠦᠯᠬᠦ ᠲᠠᠯᠠᠪᠠᠢ ᠳᠤ 4 ᠰᠠᠷ᠎ᠠ ᠠᠴᠠ ᠳᠡᠭᠡᠭᠰᠢ ᠪᠣᠷᠳᠣᠵᠤ ᠲᠠᠷᠭᠤᠯᠠᠭᠤᠯᠬᠤ ᠬᠡᠷᠡᠭᠲᠡᠶ᠃    ︵ᠬᠤᠶᠠᠷ︶ ᠠᠯᠠᠰᠢᠨ ᠦᠬᠡᠷ ᠨᠢᠲᠤᠯᠬᠤ ᠶᠢ ᠱᠠᠩᠨᠠᠬᠤ ᠲᠥᠷᠥ ᠶᠢᠨ ᠪᠣᠳᠣᠯᠭ᠎ᠠ᠃ 2. ᠣᠨ ᠤ ᠪᠣᠳᠠᠲᠠᠶ ᠨᠢᠲᠤᠯᠬᠤ ᠨᠡᠮᠡᠭᠳᠡᠯ ᠤᠨ ᠬᠡᠮᠵᠢᠶ᠎ᠡ ᠶᠢ 10000 — 19999 ᠳᠤ ᠬᠦᠷᠦᠭᠦᠯᠦᠭᠰᠡᠨ ᠠᠯᠠᠰᠢᠨ ᠦᠬᠡᠷ ᠨᠢᠲᠤᠯᠬᠤ ᠡᠭᠦᠷᠭᠡ ᠶᠢ ᠪᠡᠶᠡᠯᠡᠭᠦᠯᠦᠭᠰᠡᠨ ᠦᠶ᠎ᠡ ᠳᠤ᠂ 300 ᠲᠥᠭᠦᠷᠢᠭ / ᠲᠣᠯᠣᠭᠠᠶ ᠶᠢᠨ ᠪᠠᠷᠢᠮᠵᠢᠶ᠎ᠠ ᠪᠠᠷ ᠨᠥᠬᠦᠪᠥᠷᠢ ᠣᠯᠭᠤᠨ᠎ᠠ᠃ 3. ᠣᠨ  ᠤ ᠪᠣᠳᠠᠲᠠᠶ ᠨᠢᠲᠤᠯᠬᠤ ᠨᠡᠮᠡᠭᠳᠡᠯ  ᠤᠨ ᠬᠡᠮᠵᠢᠶ᠎ᠡ ᠶᠢ 20000 — 29999 ᠳᠤ ᠬᠦᠷᠦᠭᠦᠯᠦᠭᠰᠡᠨ ᠠᠯᠠᠰᠢᠨ ᠦᠬᠡᠷ ᠨᠢᠲᠤᠯᠬᠤ ᠡᠭᠦᠷᠭᠡ ᠶᠢ ᠪᠡᠶᠡᠯᠡᠭᠦᠯᠬᠦ  ᠳᠤ᠂ ᠲᠣᠯᠣᠭᠠᠶ  ᠪᠦᠷᠢ ᠳᠤ 500 ᠲᠥᠭᠦᠷᠢᠭ ᠤᠨ ᠪᠠᠷᠢᠮᠵᠢᠶ᠎ᠠ ᠪᠠᠷ ᠨᠥᠬᠦᠪᠥᠷᠢ ᠣᠯᠭᠤᠨ᠎ᠠ᠃ 4.ᠣᠨ ᠤ ᠪᠣᠳᠠᠲᠠᠶ ᠨᠢᠲᠤᠯᠬᠤ ᠨᠡᠮᠡᠭᠳᠡᠯ  ᠤᠨ ᠬᠡᠮᠵᠢᠶ᠎ᠡ ᠶᠢ 30000 ᠲᠣᠯᠣᠭᠠᠶ ᠠᠴᠠ ᠳᠡᠭᠡᠭᠰᠢ  ᠳᠤ ᠬᠦᠷᠦᠭᠦᠯᠦᠭᠰᠡᠨ ᠠᠯᠠᠰᠢᠨ ᠦᠬᠡᠷ ᠨᠢᠲᠤᠯᠬᠤ ᠡᠭᠦᠷᠭᠡ ᠶᠢ ᠪᠡᠶᠡᠯᠡᠭᠦᠯᠬᠦ  ᠳᠤ᠂ 600 ᠲᠥᠭᠦᠷᠢᠭ / ᠲᠣᠯᠣᠭᠠᠶ ᠶᠢᠨ ᠪᠠᠷᠢᠮᠵᠢᠶ᠎ᠠ ᠪᠠᠷ ᠨᠥᠬᠦᠪᠥᠷᠢ ᠣᠯᠭᠤᠨ᠎ᠠ᠃ 5. ᠡᠯ᠎ᠡ ᠲᠥᠷᠥᠯ ᠤᠨ ᠵᠠᠭᠤᠴᠢ ᠵᠣᠬᠢᠶᠠᠨ ᠪᠠᠶᠢᠭᠤᠯᠤᠯᠲᠠ ᠪᠤᠶᠤ ᠬᠤᠪᠢ ᠬᠥᠮᠦᠨ ᠠᠴᠠ ᠠᠶᠢᠮᠠᠭ ᠤᠨ ᠳᠣᠲᠣᠭᠠᠳᠤ ᠶᠢᠨ ᠠᠯᠠᠵᠤ ᠨᠢᠲᠤᠯᠬᠤ ᠠᠵᠤ ᠠᠬᠤᠶᠢᠯᠠᠯ ᠳᠤ ᠠᠯᠠᠰᠢᠨ ᠦᠬᠡᠷ ᠬᠦᠷᠭᠡᠵᠦ ᠥᠭᠬᠦ ᠳᠤ᠂ 100 ᠲᠥᠭᠦᠷᠢᠭ / ᠲᠣᠯᠣᠭᠠᠶ ᠶᠢᠨ ᠪᠠᠷᠢᠮᠵᠢᠶ᠎ᠠ ᠪᠠᠷ ᠲᠡᠭᠡᠭᠡᠪᠦᠷᠢ ᠶᠢᠨ ᠨᠥᠬᠦᠪᠥᠷᠢ ᠣᠯᠭᠤᠨ᠎ᠠ᠃    ︵ᠭᠤᠷᠪᠠ︶ ᠠᠯᠠᠰᠢᠨ ᠬᠤᠨᠢ ᠨᠢᠲᠤᠯᠬᠤ ᠶᠢ ᠱᠠᠩᠨᠠᠬᠤ ᠲᠥᠷᠥ ᠶᠢᠨ ᠪᠣᠳᠣᠯᠭ᠎ᠠ᠃ 6. ᠵᠢᠯ ᠤᠨ ᠪᠣᠳᠠᠲᠠᠶ ᠨᠢᠲᠤᠯᠬᠤ ᠨᠡᠮᠡᠭᠳᠡᠯ ᠤᠨ ᠬᠡᠮᠵᠢᠶ᠎ᠡ ᠨᠢ 10000 — 19999 ᠳᠤ ᠬᠦᠷᠦᠭᠰᠡᠨ ᠬᠤᠨᠢ ᠨᠢᠲᠤᠯᠬᠤ ᠠᠵᠤ ᠠᠬᠤᠶᠢᠯᠠᠯ ᠳᠤ 10 ᠲᠥᠭᠦᠷᠢᠭ ᠤᠨ ᠪᠠᠷᠢᠮᠵᠢᠶ᠎ᠠ ᠪᠠᠷ ᠨᠥᠬᠦᠪᠥᠷᠢ ᠣᠯᠭᠤᠨ᠎ᠠ  ᠃7. ᠵᠢᠯ ᠤᠨ ᠪᠣᠳᠠᠲᠠᠶ ᠨᠢᠲᠤᠯᠬᠤ ᠨᠡᠮᠡᠭᠳᠡᠯ ᠤᠨ ᠬᠡᠮᠵᠢᠶ᠎ᠡ ᠨᠢ 20000 — 29999 ᠬᠤᠨᠢ ᠨᠢᠲᠤᠯᠬᠤ ᠠᠵᠤ ᠠᠬᠤᠶᠢᠯᠠᠯ ᠳᠤ 15 ᠲᠥᠭᠦᠷᠢᠭ ᠤᠨ ᠪᠠᠷᠢᠮᠵᠢᠶ᠎ᠠ ᠪᠠᠷ ᠨᠥᠬᠦᠪᠥᠷᠢ ᠣᠯᠭᠤᠨ᠎ᠠ  ᠃8. ᠵᠢᠯ ᠤᠨ ᠪᠣᠳᠠᠲᠠᠶ ᠨᠢᠲᠤᠯᠬᠤ ᠨᠡᠮᠡᠭᠳᠡᠯ ᠤᠨ ᠬᠡᠮᠵᠢᠶ᠎ᠡ ᠨᠢ 30000 ᠲᠣᠯᠣᠭᠠᠶ ᠠᠴᠠ ᠳᠡᠭᠡᠭᠰᠢ ᠳᠤ ᠬᠦᠷᠦᠭᠰᠡᠨ ᠬᠤᠨᠢ ᠨᠢᠲᠤᠯᠬᠤ ᠠᠵᠤ ᠠᠬᠤᠶᠢᠯᠠᠯ ᠳᠤ 20 ᠲᠥᠭᠦᠷᠢᠭ \ ᠲᠣᠯᠣᠭᠠᠶ ᠶᠢᠨ ᠪᠠᠷᠢᠮᠵᠢᠶ᠎ᠠ ᠪᠠᠷ ᠨᠥᠬᠦᠪᠥᠷᠢ ᠣᠯᠭᠤᠨ᠎ᠠ  ᠃9.ᠡᠯ᠎ᠡ ᠲᠥᠷᠥᠯ ᠤᠨ ᠵᠠᠭᠤᠴᠢ ᠵᠣᠬᠢᠶᠠᠨ ᠪᠠᠶᠢᠭᠤᠯᠤᠯᠲᠠ ᠪᠤᠶᠤ ᠬᠤᠪᠢ ᠬᠥᠮᠦᠨ ᠠᠴᠠ ᠠᠶᠢᠮᠠᠭ ᠤᠨ ᠳᠣᠲᠣᠭᠠᠳᠤ ᠶᠢᠨ ᠠᠯᠠᠵᠤ ᠨᠢᠲᠤᠯᠬᠤ ᠠᠵᠤ ᠠᠬᠤᠶᠢᠯᠠᠯ ᠳᠤ ᠠᠯᠠᠰᠢᠨ ᠬᠤᠨᠢ ᠬᠦᠷᠭᠡᠬᠦ ᠳᠤ 5 ᠲᠥᠭᠦᠷᠢᠭ ᠤᠨ ᠪᠠᠷᠢᠮᠵᠢᠶ᠎ᠠ ᠪᠠᠷ ᠲᠡᠭᠡᠭᠡᠪᠦᠷᠢ ᠶᠢᠨ ᠨᠥᠬᠦᠪᠥᠷᠢ ᠣᠯᠭᠤᠨ᠎ᠠ᠃    ᠲᠦᠷᠪᠡ᠂ ᠬᠤᠯᠪᠣᠭᠳᠠᠯ ᠪᠦᠬᠦᠢ ᠨᠡᠷ᠎ᠡ ᠦᠭᠡ ᠶᠢᠨ ᠲᠠᠶᠢᠯᠪᠤᠷᠢᠯᠠᠯᠲᠠ    ︵ᠨᠢᠭᠡ︶ ᠲᠣᠰ ︽ᠲᠥᠷᠥ ᠶᠢᠨ ᠪᠣᠳᠣᠯᠭ᠎ᠠ ᠶᠢᠨ ᠨᠠᠷᠢᠨ ᠲᠠᠩᠰᠠ︾ ᠶᠢᠨ ᠨᠢᠭᠡᠳᠦᠭᠡᠷ ᠵᠦᠢᠯ ᠳᠤ᠂ ᠭᠠᠷᠭᠠᠭᠰᠠᠨ ᠪᠣᠷᠳᠣᠵᠤ ᠲᠠᠷᠭᠤᠯᠠᠭᠤᠯᠬᠤ ᠦᠬᠡᠷ ᠢ ᠡᠷᠬᠡᠪᠰᠢ ᠲᠣᠰ ᠲᠡᠵᠢᠭᠡᠨ ᠦᠷᠡᠵᠢᠭᠦᠯᠬᠦ ᠲᠠᠯᠠᠪᠠᠶ ᠳᠤ 4 ᠰᠠᠷ᠎ᠠ ᠠᠴᠠ ᠳᠡᠭᠡᠭᠰᠢ ᠪᠣᠷᠳᠣᠵᠤ ᠲᠠᠷᠭᠤᠯᠠᠭᠤᠯᠬᠤ ᠬᠡᠷᠡᠭᠲᠡᠶ᠃    ︵ᠬᠤᠶᠠᠷ︶ ᠲᠣᠰ ︽ᠲᠥᠷᠥ ᠶᠢᠨ ᠪᠣᠳᠣᠯᠭ᠎ᠠ ᠶᠢᠨ ᠨᠠᠷᠢᠨ ᠲᠠᠩᠰᠠ︾ ᠶᠢᠨ ᠨᠢᠭᠡᠳᠦᠭᠡᠷ ᠵᠦᠢᠯ᠂ ᠲᠠᠪᠤᠳᠤᠭᠠᠷ ᠵᠦᠢᠯ  ᠳᠤ ᠵᠡᠷᠭᠡᠪᠡᠷ  ᠨᠡᠶᠢᠴᠡᠪᠡᠯ᠂ ᠨᠡᠶᠢᠯᠡᠭᠦᠯᠦᠨ ᠬᠡᠷᠡᠭᠵᠢᠭᠦᠯᠵᠦ ᠪᠣᠯᠤᠨ᠎ᠠ᠃    ︵ᠭᠤᠷᠪᠠ︶ ᠲᠣᠰ ︽ᠲᠥᠷᠥ ᠶᠢᠨ ᠪᠣᠳᠣᠯᠭ᠎ᠠ ᠶᠢᠨ ᠨᠠᠷᠢᠨ ᠲᠠᠩᠰᠠ︾ ᠶᠢᠨ ᠳᠣᠲᠣᠷᠠᠬᠢ ︽ᠳᠡᠭᠡᠭᠰᠢ︾ ᠳᠤ ᠲᠣᠰ ᠲᠤᠭ᠎ᠠ ᠶᠢ ᠪᠠᠭᠲᠠᠭᠠᠨ᠎ᠠ᠃    ︵ᠳᠥᠷᠪᠡ︶ ᠲᠣᠰ ︽ᠲᠥᠷᠥ ᠶᠢᠨ ᠪᠣᠳᠣᠯᠭ᠎ᠠ ᠶᠢᠨ ᠨᠠᠷᠢᠨ ᠲᠠᠩᠰᠠ︾ ᠳᠠᠬᠢ ︽ᠠᠯᠠᠰᠢᠨ ᠦᠬᠡᠷ ᠨᠢᠲᠤᠯᠬᠤ ᠨᠡᠮᠡᠭᠳᠡᠯ ᠤᠨ ᠬᠡᠮᠵᠢᠶ᠎ᠡ︾ ᠭᠡᠳᠡᠭ ᠨᠢ ︽2021 ᠣᠨ ᠤ ᠪᠣᠳᠠᠲᠠᠶ ᠨᠢᠲᠤᠯᠬᠤ ᠲᠤᠭ᠎ᠠ ᠬᠡᠮᠵᠢᠶ᠎ᠡ ᠪᠠᠷ ᠰᠠᠭᠤᠷᠢ ᠲᠤᠭ᠎ᠠ ᠪᠣᠯᠭᠠᠵᠤ᠂ ᠠᠶᠢᠮᠠᠭ ᠤᠨ ᠳᠣᠲᠣᠷᠠᠬᠢ ᠨᠢᠲᠤᠯᠬᠤ ᠠᠵᠤ ᠠᠬᠤᠶᠢᠯᠠᠯ ᠳᠤ ᠨᠢᠲᠤᠯᠵᠤ ᠡᠳ᠋ᠰᠢᠭᠦᠯᠬᠦ ᠶᠢᠨ ᠬᠠᠮᠲᠤ ᠪᠣᠷᠣᠯᠠᠭᠤᠯᠤᠭᠰᠠᠨ ᠨᠡᠮᠡᠭᠳᠡᠯ ᠤᠨ ᠬᠡᠮᠵᠢᠶ᠎ᠡ ᠪᠠᠷ ᠠᠯᠠᠰᠢᠨ ᠦᠬᠡᠷ ᠨᠢᠲᠤᠯᠬᠤ︾ ᠶᠢ ᠵᠢᠭᠠᠵᠤ ᠪᠣᠶ᠃    ︵ᠲᠠᠪᠤ︶ ︽ᠠᠯᠠᠰᠢᠨ ᠦᠬᠡᠷ ᠨᠢᠲᠤᠯᠬᠤ ᠨᠡᠮᠡᠭᠳᠡᠯ ᠤᠨ ᠬᠡᠮᠵᠢᠶ᠎ᠡ︾ ᠭᠡᠳᠡᠭ ᠨᠢ ︽2021 ᠣᠨ ᠤ ᠪᠣᠳᠠᠲᠠᠶ ᠨᠢᠲᠤᠯᠬᠤ ᠲᠤᠭ᠎ᠠ ᠬᠡᠮᠵᠢᠶ᠎ᠡ ᠪᠠᠷ ᠰᠠᠭᠤᠷᠢ ᠲᠤᠭ᠎ᠠ ᠪᠣᠯᠭᠠᠵᠤ᠂ ᠠᠶᠢᠮᠠᠭ ᠤᠨ ᠳᠣᠲᠣᠷᠠᠬᠢ ᠨᠢᠲᠤᠯᠬᠤ ᠠᠵᠤ ᠠᠬᠤᠶᠢᠯᠠᠯ ᠳᠤ ᠨᠢᠲᠤᠯᠵᠤ ᠡᠳ᠋ᠰᠢᠭᠦᠯᠬᠦ ᠶᠢᠨ ᠬᠠᠮᠲᠤ ᠪᠣᠷᠣᠯᠠᠭᠤᠯᠤᠭᠰᠠᠨ ᠨᠡᠮᠡᠭᠳᠡᠯ ᠤᠨ ᠬᠡᠮᠵᠢᠶ᠎ᠡ ᠪᠠᠷ ᠠᠯᠠᠰᠢᠨ ᠦᠬᠡᠷ ᠨᠢᠲᠤᠯᠬᠤ︾ ᠶᠢ ᠵᠢᠭᠠᠵᠤ ᠪᠣᠶ᠃ ᠣᠨ ᠳᠤ ᠪᠣᠳᠠᠲᠠᠶ 1 ᠲᠦᠮᠡᠨ ᠬᠤᠨᠢ ᠨᠢᠲᠤᠯᠬᠤ ᠪᠠᠷ ᠰᠠᠭᠤᠷᠢ ᠲᠤᠭ᠎ᠠ ᠪᠣᠯᠭᠠᠵᠤ᠂ ᠠᠶᠢᠮᠠᠭ ᠤᠨ ᠳᠣᠲᠣᠷᠠᠬᠢ ᠠᠯᠠᠰᠢᠨ ᠠᠵᠤ ᠠᠬᠤᠶᠢᠯᠠᠯ ᠳᠤ ᠨᠢᠲᠤᠯᠬᠤ ᠶᠢᠨ ᠬᠠᠮᠲᠤ ᠪᠣᠷᠣᠯᠠᠭᠤᠯᠬᠤ ᠶᠢᠨ ᠨᠡᠮᠡᠭᠳᠡᠯ ᠤᠨ ᠬᠡᠮᠵᠢᠶ᠎ᠡ ᠪᠠᠷ ᠠᠯᠠᠰᠢᠨ ᠮᠢᠬ᠎ᠠ ᠲᠡᠵᠢᠭᠡᠬᠦ︾ ᠶᠢ ᠵᠢᠭᠠᠵᠤ ᠪᠣᠶ᠃    ︵ᠵᠢᠷᠭᠤᠭ᠎ᠠ︶ ᠨᠠᠶᠢᠳᠠᠯᠭ᠎ᠠ ᠪᠠᠷ ᠦᠬᠡᠷ ᠬᠤᠨᠢ ᠨᠢᠲᠤᠯᠬᠤ ︵ᠣᠷᠣᠯᠠᠨ ᠨᠢᠲᠤᠯᠬᠤ︶ ᠭᠡᠳᠡᠭ ᠨᠢ ᠠᠵᠤ ᠠᠬᠤᠶᠢᠯᠠᠯ᠂ ᠬᠤᠪᠢ ᠬᠥᠮᠦᠨ ᠵᠡᠷᠭᠡ ᠪᠠᠶᠢᠭᠠᠯᠢ ᠬᠥᠮᠦᠨ  ᠤ ᠨᠠᠶᠢᠳᠠᠯᠭ᠎ᠠ ᠪᠠᠷ ᠦᠬᠡᠷ ᠬᠤᠨᠢ ᠨᠢᠲᠤᠯᠬᠤ  ᠴᠡᠭ ᠲᠣᠭᠲᠠᠭᠠᠭᠰᠠᠨ ᠠᠵᠤ ᠠᠬᠤᠶᠢᠯᠠᠯ  ᠳᠤ ᠨᠠᠶᠢᠳᠠᠵᠤ ᠣᠷᠣᠯᠠᠨ ᠨᠢᠲᠤᠯᠤᠭᠤᠯᠤᠭᠰᠠᠨ ᠦᠬᠡᠷ ᠬᠤᠨᠢ ᠶᠢ ᠵᠢᠭᠠᠵᠤ ᠪᠤᠢ᠂ ᠨᠢᠲᠤᠯᠤᠭᠰᠠᠨ  ᠤ ᠳᠠᠷᠠᠭᠠᠬᠢ ᠦᠬᠡᠷ ᠬᠤᠨᠢᠨ ᠤ ᠪᠦᠲᠦᠭᠡᠭᠳᠡᠬᠦᠨ ᠪᠣᠯ ᠠᠵᠤ ᠠᠬᠤᠶᠢᠯᠠᠯ᠂ ᠬᠤᠪᠢ ᠬᠥᠮᠦᠨ ᠵᠡᠷᠭᠡ ᠪᠠᠶᠢᠭᠠᠯᠢ ᠬᠥᠮᠦᠨ  ᠤ ᠦᠬᠡᠷ ᠬᠤᠨᠢᠨ ᠤ ᠪᠦᠲᠦᠭᠡᠭᠳᠡᠬᠦᠨ ᠪᠣᠯᠤᠨ᠎ᠠ᠂ ᠦᠬᠡᠷ ᠬᠤᠨᠢᠨ ᠤ  ᠴᠡᠭ ᠲᠣᠭᠲᠠᠭᠠᠭᠰᠠᠨ ᠨᠢᠲᠤᠯᠬᠤ ᠠᠵᠤ ᠠᠬᠤᠶᠢᠯᠠᠯ  ᠤᠨ ᠦᠬᠡᠷ ᠬᠤᠨᠢᠨ ᠤ ᠪᠦᠲᠦᠭᠡᠭᠳᠡᠬᠦᠨ ᠳᠤ ᠬᠠᠷᠢᠶᠠᠯᠠᠭᠳᠠᠬᠤ ᠥᠭᠡᠢ᠃    ᠲᠠᠪᠤ᠂ ︽ᠲᠥᠷᠥ ᠶᠢᠨ ᠪᠣᠳᠣᠯᠭ᠎ᠠ ᠶᠢᠨ ᠨᠠᠷᠢᠨ ᠲᠠᠩᠰᠠ︾ ᠶᠢ ᠬᠡᠵᠢᠶ᠎ᠡ ᠠᠴᠠ ᠡᠬᠢᠯᠡᠵᠦ ᠬᠡᠷᠡᠭᠵᠢᠭᠦᠯᠬᠦ ᠪᠣᠶ︖    ᠲᠣᠰ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠴᠠᠭ ᠢ ᠨᠢᠭᠡ ᠵᠢᠯ ᠲᠤᠷᠰᠢᠨ ᠬᠡᠷᠡᠭᠵᠢᠭᠦᠯᠵᠦ᠂ ᠳᠠᠷᠤᠮᠠᠯᠯᠠᠨ ᠲᠠᠷᠬᠠᠭᠠᠭᠰᠠᠨ ᠡᠳᠦᠷ ᠠᠴᠠ ᠡᠬᠢᠯᠡᠨ ᠬᠡᠷᠡᠭᠵᠢᠭᠦᠯᠦᠨ᠎ᠡ᠃
 
ᠢᠷᠡᠯᠲᠡ᠄ ᠬᠢᠩᠭᠠᠨ ᠠᠶᠢᠮᠠᠭ ᠤᠨ ᠵᠠᠬᠢᠷᠭ᠎ᠠ ᠶᠢᠨ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号