ᠬᠢᠩᠭᠠᠨ ᠠᠶᠢᠮᠠᠭ ᠤᠨ ᠵᠠᠬᠢᠷᠭ᠎ᠠ ᠶᠢᠨ ᠠᠯᠪᠠᠨ ᠬᠡᠷ ᠤᠨ ︽2022 ᠣᠨ ᠳᠤ ᠬᠢᠩᠭᠠᠨ ᠠᠶᠢᠮᠠᠭ ᠤᠨ ᠡᠮ ᠡᠮᠨᠡᠯᠭᠡ ᠡᠷᠡᠭᠦᠯ ᠮᠡᠨᠳᠦ ᠶᠢᠨ ᠠᠵᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠳᠡᠮᠵᠢᠬᠦ ᠲᠥᠷᠥ ᠶᠢᠨ ᠪᠣᠳᠣᠯᠭ᠎ᠠ ᠶᠢᠨ ᠨᠠᠷᠢᠨ ᠳᠠᠩᠰᠠ ︵ᠲᠤᠷᠰᠢᠨ ᠬᠡᠷᠡᠭᠵᠢᠭᠦᠯᠬᠦ︶︾ ᠶᠢ ᠳᠠᠷᠤᠮᠠᠯᠯᠠᠨ ᠶᠠᠪᠤᠭᠤᠯᠬᠤ ᠲᠤᠬᠠᠶ  ᠮᠡᠳᠡᠭᠳᠡᠯ
ᠨᠡᠶᠢᠲᠡᠯᠡᠭᠰᠡᠨ ᠴᠠᠭ᠄
2022/11/14
          ᠬᠢᠩᠭᠠᠨ ᠵᠠᠬᠢᠷᠭ᠎ᠠ ᠠᠯᠪᠠᠨ ᠲᠠᠷᠬᠠᠭᠠᠭᠰᠠᠨ 〔 2022 〕 35 ᠳ᠋ᠤᠭᠠᠷ ᠲᠣᠭᠠᠲᠤ ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠠᠶᠢᠮᠠᠭ ᠤᠨ ᠰᠢᠭᠤᠳ ᠬᠠᠷᠢᠶ᠎ᠠ ᠬᠤᠯᠪᠣᠭᠳᠠᠯ ᠪᠥᠬᠦᠶ ᠰᠠᠯᠠᠭ᠎ᠠ ᠮᠥᠴᠢᠷ᠂ ᠬᠤᠯᠪᠣᠭᠳᠠᠯ ᠪᠥᠬᠦᠶ  ᠲᠦᠪ ᠦᠪᠡᠷᠳᠡᠭᠡᠨ ᠵᠠᠰᠠᠬᠤ ᠤᠷᠤᠨ  ᠤ ᠰᠢᠭᠤᠳ ᠬᠠᠷᠢᠶ᠎ᠠ ᠬᠠᠮᠢᠶᠠᠷᠤᠯᠲᠠ ᠶᠢᠨ ᠨᠢᠭᠡᠴᠢ ᠳᠤ᠄       ᠠᠶᠢᠮᠠᠭ ᠤᠨ ᠵᠠᠬᠢᠷᠭ᠎ᠠ ᠶᠢᠨ ᠪᠠᠶᠢᠩᠭᠤ ᠶᠢᠨ ᠬᠤᠷᠠᠯ ᠢᠶᠠᠷ ᠬᠢᠨᠠᠨ ᠵᠥᠪᠯᠡᠵᠦ ᠪᠠᠲᠤᠯᠠᠭᠠᠳ᠂ ᠡᠳᠦᠭᠡ ︽2022 ᠣᠨ ᠤ ᠬᠢᠩᠭᠠᠨ ᠠᠶᠢᠮᠠᠭ ᠤᠨ ᠡᠮ ᠡᠮᠨᠡᠯᠭᠡ ᠡᠷᠡᠭᠦᠯ ᠮᠡᠨᠳᠦ ᠶᠢᠨ ᠠᠵᠤ  ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠳᠡᠮᠵᠢᠬᠦ ᠲᠥᠷᠥ ᠶᠢᠨ ᠪᠣᠳᠣᠯᠭ᠎ᠠ ᠶᠢᠨ ᠨᠠᠷᠢᠨ ᠲᠠᠩᠰᠠ ︵ᠲᠤᠷᠰᠢᠨ ᠬᠡᠷᠡᠭᠵᠢᠭᠦᠯᠬᠦ︶︾ ᠶᠢ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂  ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠬᠢᠨᠠᠮᠠᠭᠠᠶ ᠰᠠᠶᠢᠲᠤᠷ ᠠᠳᠬᠤᠲᠤᠭᠠᠶ᠃                                                              2022 ᠣᠨ ᠤ 8 ᠰᠠᠷ᠎ᠠ ᠶᠢᠨ 3 ᠤ                        2022 ᠣᠨ ᠳᠤ ᠬᠢᠩᠭᠠᠨ ᠠᠶᠢᠮᠠᠭ ᠤᠨ ᠡᠮ ᠡᠮᠨᠡᠯᠭᠡ ᠡᠷᠡᠭᠦᠯ ᠮᠡᠨᠳᠦ ᠶᠢᠨ ᠠᠵᠤ ᠦᠢᠯᠡᠰ ᠢ ᠳᠡᠮᠵᠢᠬᠦ   ᠴᠢᠨᠠᠷ ᠰᠠᠶᠢᠲᠠᠶ ᠬᠥᠭᠵᠢᠯᠲᠡ ᠶᠢᠨ ᠲᠥᠷᠥ ᠶᠢᠨ ᠪᠣᠳᠣᠯᠭ᠎ᠠ ᠶᠢᠨ  ᠨᠠᠷᠢᠨ ᠳᠠᠩᠰᠠ ︵ᠲᠤᠷᠰᠢᠨ ᠬᠡᠷᠡᠭᠵᠢᠭᠦᠯᠬᠦ︶     ︽ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠢᠩᠭᠠᠨ ᠠᠶᠢᠮᠠᠭ ᠤᠨ ᠬᠤᠷᠢᠶ᠎ᠠ ᠶᠢᠨ ᠠᠯᠪᠠᠨ ᠬᠡᠷ  ᠬᠢᠩᠭᠠᠨ ᠠᠶᠢᠮᠠᠭ ᠤᠨ ᠵᠠᠬᠢᠷᠭ᠎ᠠ ᠶᠢᠨ ᠠᠯᠪᠠᠨ ᠬᠡᠷ ᠤᠨ ︿ᠬᠢᠩᠭᠠᠨ ᠠᠶᠢᠮᠠᠭ ᠤᠨ ᠡᠮ ᠡᠮᠨᠡᠯᠭᠡ ᠡᠷᠡᠭᠦᠯ ᠮᠡᠨᠳᠦ ᠶᠢᠨ ᠠᠵᠤ ᠦᠢᠯᠡᠰ ᠤᠨ ᠬᠡᠯᠬᠢᠶ᠎ᠡ ᠶᠢᠨ ᠬᠥᠭᠵᠢᠯᠲᠡ ᠶᠢ ᠠᠬᠢᠭᠤᠯᠬᠤ 2022 ᠣᠨ ᠤ ᠲᠤᠰᠬᠠᠶ ᠠᠵᠢᠯᠯᠠᠭᠠᠨ ᠤ ᠲᠥᠰᠦᠯ﹀ ᠢ ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯ︾ ︵ᠬᠢᠩᠭᠠᠨ ᠨᠠᠮ ᠠᠯᠪᠠᠨ ᠴᠠᠬᠢᠯᠭᠠᠨ ︹ 2022 ︺ 9  ᠳ᠋ᠤᠭᠡᠷ ᠲᠣᠭᠠᠲᠤ︶ ᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠠᠵᠤ ᠦᠢᠯᠡᠰ  ᠤᠨ ᠬᠥᠭᠵᠢᠯᠲᠡ ᠶᠢᠨ ᠰᠢᠨ᠎ᠡ ᠬᠥᠳᠡᠯᠭᠡᠬᠦ ᠴᠢᠳᠠᠪᠤᠷᠢ ᠶᠢ ᠪᠤᠶᠢᠵᠢᠭᠤᠯᠵᠤ᠂ ᠣᠲᠣ ᠦᠶ᠎ᠡ ᠶᠢᠨ ᠡᠮ ᠡᠮᠨᠡᠯᠭᠡ ᠡᠷᠡᠭᠦᠯ ᠮᠡᠨᠳᠦ ᠶᠢᠨ ᠠᠵᠤ ᠦᠢᠯᠡᠰ ᠤᠨ ᠰᠢᠰᠲ᠋ᠧᠮᠵᠢ ᠶᠢ ᠪᠠᠶᠢᠭᠤᠯᠤᠨ᠂ ᠪᠥᠬᠦ ᠤᠯᠤᠰ ᠤᠨ ᠰᠣᠳᠣᠨ ᠬᠢᠲᠠᠳ ︵ᠮᠣᠩᠭᠤᠯ︶ ᠡᠮ᠂ ᠠᠮᠢᠳᠤ ᠪᠣᠳᠠᠰ ᠤᠨ ᠡᠮ ᠦᠢᠯᠡᠳᠬᠦ᠂ ᠶᠡᠭᠡ ᠬᠡᠮᠵᠢᠶᠡᠨ ᠤ ᠤᠤᠯ ᠡᠮ ᠤᠨ ᠮᠠᠲ᠋ᠧᠷᠢᠶᠠᠯ ᠤᠨ ᠦᠢᠯᠡᠳᠪᠦᠷᠢᠯᠡᠯ  ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ ᠶᠢ ᠴᠢᠷᠮᠠᠶᠢᠨ ᠪᠣᠶ ᠪᠣᠯᠭᠠᠵᠤ᠂ ᠮᠠᠨ ᠤ ᠠᠶᠢᠮᠠᠭ ᠤᠨ ᠡᠮ ᠡᠮᠨᠡᠯᠭᠡ ᠶᠢᠨ ᠠᠵᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠪᠥᠬᠦ ᠲᠠᠯ᠎ᠠ ᠪᠠᠷ ᠠᠬᠢᠭᠤᠯᠤᠨ᠂ ᠲᠣᠰ ᠲᠥᠷᠥ ᠶᠢᠨ ᠪᠣᠳᠣᠯᠭ᠎ᠠ ᠶᠢᠨ ᠨᠠᠷᠢᠨ ᠲᠠᠩᠰᠠ ᠶᠢ ᠣᠨᠴᠠᠭᠠᠶᠢᠯᠠᠨ ᠨᠡᠶᠢᠲᠡᠯᠡᠪᠡ᠃    ᠨᠢᠭᠡ᠂ ᠳᠡᠮᠵᠢᠬᠦ ᠬᠡᠪᠴᠢᠶ᠎ᠡ ᠪᠠ ᠵᠠᠷᠴᠢᠮ    ︵ᠨᠢᠭᠡ︶ 2022 ᠣᠨ ᠳᠤ ᠡᠳ᠋ ᠤᠨ ᠵᠠᠰᠠᠭ ᠤᠨ ᠲᠤᠰᠬᠠᠶ ᠪᠠᠯᠠ ᠮᠥᠩᠭᠦ ᠶᠢ ᠳᠣᠭᠢᠷᠠᠭᠤᠯᠵᠤ᠂ ᠡᠮ ᠡᠮᠨᠡᠯᠭᠡ ᠡᠷᠡᠭᠦᠯ ᠮᠡᠨᠳᠦ ᠶᠢᠨ ᠠᠵᠤ  ᠦᠢᠯᠡᠰ ᠤᠨ ᠳᠡᠭᠡᠳᠦ ᠪᠠᠷᠢᠮᠵᠢᠶᠠᠲᠤ ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ᠂ ᠶᠠᠰᠤ ᠴᠢᠨᠠᠷ ᠢ ᠳᠡᠭᠡᠭᠰᠢᠯᠡᠭᠦᠯᠬᠦ᠂ ᠰᠢᠯᠢᠳᠡᠭᠵᠢᠭᠦᠯᠦᠨ ᠲᠠᠰ ᠳᠡᠪᠰᠢᠭᠦᠯᠬᠦ᠂ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ ᠢ ᠠᠭᠤᠰᠤᠯᠴᠠᠭᠤᠯᠤᠨ ᠬᠥᠭᠵᠢᠭᠦᠯᠬᠦ ᠶᠢ ᠳᠡᠮᠵᠢᠨ᠎ᠡ᠃ ᠪᠡᠯᠡ ᠮᠥᠩᠭᠦ ᠳᠤ ᠲᠥᠰᠦᠪ ᠤᠨ ᠬᠠᠮᠢᠶᠠᠷᠤᠯᠲᠠ ᠶᠢ ᠬᠡᠷᠡᠭᠵᠢᠭᠦᠯᠵᠦ᠂ ᠲᠤᠰᠬᠠᠶ ᠵᠣᠭᠤᠰ ᠢ ᠲᠤᠰᠬᠠᠶ ᠵᠦᠢᠯ ᠳᠤ ᠬᠡᠷᠡᠭᠯᠡᠨ᠎ᠡ    ︵ᠬᠤᠶᠠᠷ︶ ᠠᠶᠢᠮᠠᠭ ᠤᠨ ᠳᠣᠲᠣᠭᠠᠳᠤ ᠳᠤ ᠳᠠᠩᠰᠠᠯᠠᠭᠤᠯᠤᠭᠰᠠᠨ ᠪᠤᠶᠤ ᠬᠢᠲᠠᠳ ᠡᠮ ᠤᠨ ᠮᠠᠲ᠋ᠧᠷᠢᠶᠠᠯ ᠤᠨ ᠠᠵᠤ  ᠦᠢᠯᠡᠰ ᠡᠷᠭᠢᠯᠡᠵᠦ ᠪᠠᠶᠢᠭ᠎ᠠ ᠡᠵᠡᠩᠨᠡᠯᠲᠡ ᠶᠢᠨ ᠭᠤᠤᠯ ᠴᠣᠭᠴᠠ ᠪᠦᠬᠦᠨ ᠢ ᠴᠥᠮ ᠲᠣᠰ ᠲᠥᠷᠥ ᠶᠢᠨ ᠪᠣᠳᠣᠯᠭ᠎ᠠ ᠶᠢᠨ ᠳᠡᠮᠵᠢᠬᠦ ᠬᠡᠪᠴᠢᠶᠡᠨ ᠳᠤ ᠣᠷᠣᠭᠤᠯᠤᠨ᠎ᠠ᠃    ︵ᠭᠤᠷᠪᠠ︶ ᠨᠥᠬᠦᠪᠥᠷᠢ ᠭᠤᠶᠤᠴᠢᠯᠠᠬᠤ ᠬᠤᠭᠤᠴᠠᠭ᠎ᠠ ᠨᠢ 2022 ᠣᠨ ᠤ 1 ᠰᠠᠷ᠎ᠠ ᠶᠢᠨ 1 ᠤ ᠡᠳᠦᠷ ᠠᠴᠠ 2022 ᠣᠨ ᠤ 12 ᠰᠠᠷ᠎ᠠ ᠶᠢᠨ 31 ᠤ ᠡᠳᠦᠷ ᠪᠣᠯᠲᠠᠯ᠎ᠠ ᠪᠣᠯᠤᠨ᠎ᠠ᠃    ᠬᠤᠶᠠᠷ᠂ ᠬᠡᠷᠡᠭᠵᠢᠭᠦᠯᠬᠦ ᠠᠭᠤᠯᠭ᠎ᠠ     ︵ᠨᠢᠭᠡ︶ ᠰᠠᠭᠤᠷᠢᠨ ᠭᠠᠵᠠᠷ  ᠤᠨ ᠪᠥᠳᠥᠭᠡᠨ ᠪᠠᠶᠢᠭᠤᠯᠤᠯᠲᠠ ᠶᠢᠨ ᠲᠣᠭᠤᠷᠢᠨ  ᠳᠤ ᠲᠡᠳᠬᠦᠬᠦ ᠡᠷᠴᠢᠮ ᠢᠶᠠᠨ ᠨᠡᠮᠡᠭᠳᠡᠭᠦᠯᠦᠨ᠎ᠡ     1. ᠪᠥᠬᠦ ᠠᠶᠢᠮᠠᠭ ᠲᠤ 7 ᠰᠠᠶᠢᠨ ᠡᠭᠦᠯᠳᠡᠷ᠂ ᠵᠤᠯᠵᠠᠭ᠎ᠠ ᠮᠣᠳᠣ ᠦᠷᠡᠵᠢᠭᠦᠯᠦᠨ ᠪᠤᠶᠢᠵᠢᠭᠤᠯᠬᠤ ᠰᠠᠭᠤᠷᠢᠨ ᠭᠠᠵᠠᠷ ᠢ ᠰᠢᠨ᠎ᠡ ᠪᠠᠷ ᠪᠠᠶᠢᠭᠤᠯᠵᠤ᠂ ᠭᠤᠤᠯ ᠴᠣᠭᠴᠠ ᠶᠢᠨ ᠰᠠᠭᠤᠷᠢᠨ ᠭᠠᠵᠠᠷ ᠤᠨ ᠲᠠᠯᠠᠪᠠᠶ ᠶᠢ 200 ᠮᠥ ᠠᠴᠠ ᠳᠤᠲᠠᠭᠤ ᠥᠬᠡᠶ ᠪᠠᠶᠢᠯᠭᠠᠵᠤ᠂  ᠴᠢᠨ᠋ᠸ᠎ᠠ ᠶᠢᠨ ᠬᠠᠯᠲᠠᠷ᠂ ᠪᠠᠪᠤ᠂ ᠬᠤᠨᠴᠢᠷ ᠵᠡᠷᠭᠡ ᠮᠠᠨ ᠤ ᠠᠶᠢᠮᠠᠭ ᠤᠨ ᠵᠢᠩᠬᠢᠨᠢ ᠡᠮ ᠤᠨ ᠮᠠᠲ᠋ᠧᠷᠢᠶᠠᠯ  ᠦᠢᠯᠡᠳᠪᠦᠷᠢᠯᠡᠵᠦ ᠦᠷᠡᠵᠢᠭᠦᠯᠦᠨ ᠪᠤᠶᠢᠵᠢᠭᠤᠯᠬᠤ ᠰᠠᠭᠤᠷᠢᠨ ᠭᠠᠵᠠᠷ ᠲᠤ ᠭᠤᠤᠯᠳᠠᠯᠭ᠎ᠠ ᠲᠠᠢ ᠨᠥᠬᠦᠪᠥᠷᠢ ᠥᠭᠭᠦᠨ᠎ᠡ᠃ ᠮᠥ ᠪᠦᠷᠢ ᠳᠤ 1000 ᠲᠥᠭᠦᠷᠢᠭ ᠤᠨ ᠱᠠᠩᠨᠠᠯ ᠨᠥᠬᠦᠪᠥᠷᠢ ᠣᠯᠭᠤᠵᠤ᠂ ᠰᠠᠭᠤᠷᠢᠨ ᠭᠠᠵᠠᠷ ᠨᠢᠭᠡᠪᠦᠷᠢ ᠳᠤ ᠬᠠᠮᠤᠭ ᠤᠨ ᠥᠨᠳᠥᠷ ᠲᠡᠭᠡᠨ 20 ᠲᠦᠮᠡᠨ ᠲᠥᠭᠦᠷᠢᠭ ᠠᠴᠠ ᠳᠠᠪᠠᠭᠤᠯᠬᠤ ᠥᠬᠡᠶ᠃ ︵ᠲᠦᠷᠦᠭᠦᠯᠡᠬᠦ  ᠨᠢᠭᠡᠴᠢ᠄ ᠠᠶᠢᠮᠠᠭ ᠤᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠂ ᠬᠠᠮᠵᠢᠯᠴᠠᠬᠤ  ᠨᠢᠭᠡᠴᠢ᠄ ᠠᠶᠢᠮᠠᠭ ᠤᠨ ᠡᠳ᠋ ᠤᠨ ᠵᠠᠰᠠᠭ ᠤᠨ ᠲᠣᠪᠴᠢᠶ᠎ᠠ︶      2. ᠮᠢᠩᠭᠠᠨ ᠮᠥ ᠠᠴᠠ ᠳᠡᠭᠡᠭᠰᠢᠬᠢ ᠵᠢᠱᠢᠶ᠎ᠡ ᠦᠵᠡᠭᠦᠯᠬᠦ ᠰᠠᠭᠤᠷᠢᠨ ᠭᠠᠵᠠᠷ ︵ᠣᠶ ᠶᠢᠨ ᠬᠤᠷᠮᠣᠶ ᠶᠢᠨ ᠲᠠᠷᠢᠮᠠᠯ ᠤᠨ ᠰᠠᠭᠤᠷᠢᠨ ᠭᠠᠵᠠᠷ ᠪᠠᠭᠲᠠᠨ᠎ᠠ︶ ᠢ 11 ᠪᠥᠲᠥᠭᠡᠨ ᠪᠠᠶᠢᠭᠤᠯᠵᠤ᠂ ᠲᠠᠷᠢᠮᠠᠯ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠨᠢᠭᠡᠪᠦᠷᠢ ᠳᠤ 15 ᠲᠦᠮᠡᠨ ᠲᠥᠭᠦᠷᠢᠭ ᠤᠨ ᠱᠠᠩᠨᠠᠯ ᠨᠥᠬᠦᠪᠥᠷᠢ ᠣᠯᠭᠤᠨ᠎ᠠ᠃ ︵ᠲᠦᠷᠦᠭᠦᠯᠡᠬᠦ ᠨᠢᠭᠡᠴᠢ᠄ ᠠᠶᠢᠮᠠᠭ ᠤᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠂ ᠬᠠᠮᠵᠢᠯᠴᠠᠬᠤ  ᠨᠢᠭᠡᠴᠢ᠄ ᠠᠶᠢᠮᠠᠭ ᠤᠨ ᠣᠶ ᠰᠢᠭᠤᠶ ᠡᠪᠡᠰᠦ ᠪᠡᠯᠴᠢᠭᠡᠷ ᠤᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ︶     3. ᠬᠢᠲᠠᠳ ᠡᠮ ᠤᠨ ᠮᠠᠲ᠋ᠧᠷᠢᠶᠠᠯ ᠤᠨ ᠦᠢᠯᠡᠳᠪᠦᠷᠢᠯᠡᠯ ᠤᠨ ᠵᠢᠱᠢᠶ᠎ᠡ ᠦᠵᠡᠭᠦᠯᠬᠦ ᠪᠠᠯᠭᠠᠰᠤ 5 ᠶᠢ ᠪᠣᠶ ᠪᠣᠯᠭᠠᠵᠤ᠂ ᠵᠢᠱᠢᠶ᠎ᠡ ᠦᠵᠡᠭᠦᠯᠬᠦ ᠪᠠᠯᠭᠠᠰᠤ ︵ᠰᠢᠶᠠᠩ᠂ ᠲᠠᠯᠠᠪᠠᠶ︶ ᠨᠢᠭᠡᠪᠦᠷᠢ ᠳᠤ 10 ᠲᠦᠮᠡᠨ ᠲᠥᠭᠦᠷᠢᠭ ᠤᠨ ᠱᠠᠩᠨᠠᠯ ᠨᠥᠬᠦᠪᠥᠷᠢ ᠣᠯᠭᠤᠨ᠎ᠠ︔ ᠬᠢᠲᠠᠳ ᠡᠮ ᠤᠨ ᠮᠠᠲ᠋ᠧᠷᠢᠶᠠᠯ ᠤᠨ ᠬᠦᠷᠢᠶᠡᠨ ᠤ ᠠᠵᠤ ᠠᠬᠤᠶ ᠶᠢᠨ ᠵᠢᠱᠢᠶ᠎ᠡ ᠦᠵᠡᠭᠦᠯᠬᠦ ᠲᠣᠰᠬᠤᠨ ᠢ 12 ᠪᠠᠶᠢᠭᠤᠯᠵᠤ᠂ ᠵᠢᠱᠢᠶ᠎ᠡ ᠦᠵᠡᠭᠦᠯᠬᠦ ᠲᠣᠰᠬᠤᠨ ᠨᠢᠭᠡᠪᠦᠷᠢ ᠳᠤ 5 ᠲᠦᠮᠡᠨ ᠲᠥᠭᠦᠷᠢᠭ ᠱᠠᠩᠨᠠᠵᠤ ᠨᠥᠬᠦᠪᠥᠷᠢᠯᠡᠨ᠎ᠡ᠃ ︵ᠲᠦᠷᠦᠭᠦᠯᠡᠬᠦ  ᠨᠢᠭᠡᠴᠢ᠄ ᠠᠶᠢᠮᠠᠭ ᠤᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠂ ᠬᠠᠮᠵᠢᠯᠴᠠᠬᠤ ᠨᠢᠭᠡᠴᠢ᠄ ᠠᠶᠢᠮᠠᠭ ᠤᠨ ᠡᠳ᠋ ᠤᠨ ᠵᠠᠰᠠᠭ ᠤᠨ ᠲᠣᠪᠴᠢᠶ᠎ᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ︶     4. ᠬᠢᠲᠠᠳ ᠡᠮ ᠤᠨ ᠮᠠᠲ᠋ᠧᠷᠢᠶᠠᠯ ᠤᠨ ᠡᠭᠦᠯᠳᠡᠷ ︵ᠲᠡᠵᠢᠭᠡᠬᠦ︶ ᠳᠠᠷᠢᠬᠤ ᠠᠵᠤ ᠠᠬᠤᠶᠢᠯᠠᠯ ᠤᠨ ᠲᠠᠨᠢᠯᠴᠠᠭᠤᠯᠭ᠎ᠠ ᠶᠢᠨ ᠴᠢᠨᠠᠷᠲᠠᠶ ᠪᠠᠷᠢᠮᠵᠢᠶ᠎ᠠ ᠶᠢᠨ ᠬᠠᠮᠢᠶ᠎ᠠ ᠪᠥᠬᠦᠶ ᠮᠡᠷᠭᠡᠵᠢᠯ ᠤᠨ ᠱᠠᠭᠠᠷᠳᠠᠯᠭ᠎ᠠ ᠠᠴᠠ ᠥᠨᠳᠥᠷ ᠵᠢᠩᠬᠢᠨᠢ ᠡᠮ ᠤᠨ ᠮᠠᠲ᠋ᠧᠷᠢᠶᠠᠯ ᠤᠨ ᠠᠵᠤ ᠠᠬᠤᠶᠢᠯᠠᠯ ᠤᠨ ᠪᠠᠷᠢᠮᠵᠢᠶ᠎ᠠ᠂ ᠪᠦᠯᠬᠦᠮ ᠨᠡᠶᠢᠲᠡ ᠶᠢᠨ ᠪᠠᠷᠢᠮᠵᠢᠶ᠎ᠠ ︵ᠪᠤᠶᠤ ᠣᠷᠣᠨ ᠨᠤᠲᠤᠭ ᠤᠨ ᠪᠠᠷᠢᠮᠵᠢᠶ᠎ᠠ ᠶᠢ ᠲᠤᠭᠤᠷᠪᠢᠬᠤ ᠳᠤ ᠣᠷᠣᠯᠴᠠᠬᠤ︶ ᠲᠣᠭᠲᠠᠭᠠᠬᠤ ᠶᠢ ᠵᠣᠷᠢᠭᠵᠢᠭᠤᠯᠵᠤ᠂ ᠨᠡᠶᠢᠲᠡᠯᠡᠬᠦ ᠶᠢᠨ ᠬᠠᠮᠲᠤ ᠪᠦᠲᠦᠮᠵᠢᠲᠡᠶ ᠬᠡᠷᠡᠭᠵᠢᠭᠦᠯᠦᠭᠰᠡᠨ ᠪᠠᠶᠢᠪᠠᠯ᠂ ᠪᠠᠷᠢᠮᠵᠢᠶ᠎ᠠ ᠨᠢᠭᠡᠪᠦᠷᠢ ᠶᠢ 1 ᠲᠦᠮᠡᠨ ᠲᠥᠭᠦᠷᠢᠭ ᠢᠶᠠᠷ ᠱᠠᠩᠨᠠᠨ ᠨᠥᠬᠦᠪᠥᠷᠢᠯᠡᠵᠦ᠂ ᠨᠡᠶᠢᠲᠡ ᠬᠠᠮᠤᠭ ᠤᠨ ᠥᠨᠳᠥᠷ ᠲᠡᠭᠡᠨ 5 ᠲᠦᠮᠡᠨ ᠲᠥᠭᠦᠷᠢᠭ ᠠᠴᠠ ᠳᠠᠪᠠᠭᠤᠯᠬᠤ ᠥᠬᠡᠶ᠃ ︵ᠲᠦᠷᠦᠭᠦᠯᠡᠬᠦ ᠨᠢᠭᠡᠴᠢ᠄ ᠠᠶᠢᠮᠠᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠬᠠᠮᠵᠢᠯᠴᠠᠬᠤ ᠨᠢᠭᠡᠴᠢ᠄ ᠠᠶᠢᠮᠠᠭ ᠤᠨ ᠡᠳ᠋ ᠤᠨ ᠵᠠᠰᠠᠭ ᠤᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠂ ᠠᠮᠢ ᠠᠬᠤᠶ ᠶᠢᠨ ᠣᠷᠴᠢᠨ ᠲᠣᠭᠤᠷᠢᠨ ᠤ ᠲᠣᠪᠴᠢᠶ᠎ᠠ᠂ ᠴᠠᠭ ᠠᠭᠤᠷ ᠤᠨ ᠲᠣᠪᠴᠢᠶ᠎ᠠ︶    5. ᠵᠢᠩᠬᠢᠨᠢ ᠡᠮ ᠤᠨ ᠮᠠᠲ᠋ᠧᠷᠢᠶᠠᠯ ᠤᠨ  ᠦᠢᠯᠡᠳᠪᠦᠷᠢᠯᠡᠯ ᠢ ᠬᠤᠳᠠᠯᠳᠤᠭᠠᠨ ᠤ ᠴᠢᠨᠠᠷᠲᠠᠶ ᠲᠠᠷᠢᠶᠠᠯᠠᠩ ᠤᠨ ᠳᠠᠭᠠᠳᠬᠠᠯ ᠤᠨ ᠳᠠᠭᠠᠳᠬᠠᠯ ᠳᠤ ᠣᠷᠣᠯᠴᠠᠬᠤ ᠬᠡᠪᠴᠢᠶᠡᠨ ᠳᠤ ᠣᠷᠣᠭᠤᠯᠬᠤ ᠶᠢ ᠳᠡᠮᠵᠢᠨ᠎ᠡ᠃ ︵ᠲᠦᠷᠦᠭᠦᠯᠡᠬᠦ ᠨᠢᠭᠡᠴᠢ᠄ ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ︶    ︵ᠬᠤᠶᠠᠷ︶ ᠡᠵᠡᠩᠨᠡᠯᠲᠡ ᠶᠢᠨ ᠰᠢᠰᠲ᠋ᠧᠮ ᠢ ᠪᠠᠶᠢᠭᠤᠯᠬᠤ ᠶᠢᠨ ᠲᠣᠭᠤᠷᠢᠨ ᠳᠤ ᠲᠡᠳᠬᠦᠨ ᠳᠡᠮᠵᠢᠬᠦ ᠡᠷᠴᠢᠮ ᠢᠶᠠᠨ ᠴᠢᠩᠭᠠᠷᠠᠭᠤᠯᠤᠨ᠎ᠠ     6. ᠬᠢᠲᠠᠳ ᠡᠮ ᠤᠨ ᠮᠠᠲ᠋ᠧᠷᠢᠶᠠᠯ ᠳᠠᠷᠢᠬᠤ ᠣᠲᠣ ᠦᠶ᠎ᠡ ᠶᠢᠨ ᠲᠠᠷᠢᠶᠠᠯᠠᠩ ᠤᠨ ᠮᠠᠰᠢᠨ ᠤ  ᠦᠢᠯᠡᠴᠢᠯᠡᠭᠡᠨ ᠤ ᠲᠤᠰᠬᠠᠶ ᠬᠤᠷᠰᠢᠶ᠎ᠠ ᠶᠢᠨ ᠪᠥᠲᠥᠭᠡᠨ ᠪᠠᠶᠢᠭᠤᠯᠤᠯᠲᠠ ᠶᠢ ᠵᠣᠷᠢᠭᠵᠢᠭᠤᠯᠵᠤ᠂ ᠬᠤᠰᠢᠭᠤᠨ ᠱᠠᠲᠤᠨ ᠤ ᠵᠢᠱᠢᠶ᠎ᠡ ᠦᠵᠡᠭᠦᠯᠬᠦ ᠲᠠᠷᠢᠶᠠᠯᠠᠩ ᠤᠨ ᠮᠠᠰᠢᠨ ᠤ ᠲᠤᠰᠬᠠᠶ ᠬᠤᠷᠰᠢᠶ᠎ᠠ ᠶᠢᠨ ᠨᠥᠬᠦᠴᠡᠯ ︵ᠠᠶᠢᠮᠠᠭ ᠤᠨ ᠱᠠᠲᠤᠨ ᠠᠴᠠ ᠳᠡᠭᠡᠭᠰᠢᠬᠢ ᠵᠢᠱᠢᠶ᠎ᠡ ᠦᠵᠡᠭᠦᠯᠬᠦ ᠬᠤᠷᠰᠢᠶ᠎ᠠ ᠶᠢᠨ ᠨᠡᠷᠡᠰ ᠤᠨ ᠵᠢᠭᠰᠠᠭᠠᠯᠲᠠ ᠳᠤ ᠵᠢᠭᠰᠠᠭᠠᠭᠰᠠᠨ ᠢ ᠤᠷᠢᠳᠠᠪᠠᠷ ᠳᠡᠮᠵᠢᠨ᠎ᠡ︶ ᠢ ᠪᠦᠷᠢᠯᠳᠦᠭᠦᠯᠬᠦ ᠶᠢᠨ ᠬᠠᠮᠲᠤ᠂ ᠤᠯᠤᠰ ᠪᠠ ᠥᠪᠡᠷᠲᠡᠭᠡᠨ ᠵᠠᠰᠠᠬᠤ ᠣᠷᠣᠨ ᠠᠴᠠ ᠪᠠᠭᠤᠯᠭᠠᠭᠰᠠᠨ ᠲᠠᠷᠢᠶᠠᠯᠠᠩ ᠤᠨ ᠨᠡᠶᠢᠭᠡᠮᠴᠢᠯᠡᠭᠰᠡᠨ  ᠦᠢᠯᠡᠴᠢᠯᠡᠭᠡᠨ  ᠤ ᠨᠥᠬᠦᠪᠥᠷᠢ ᠶᠢᠨ ᠲᠥᠷᠥᠯ ᠵᠦᠢᠯ ᠤᠨ ᠲᠥᠰᠦᠯ ᠤᠨ ᠱᠠᠭᠠᠷᠳᠠᠯᠭ᠎ᠠ ᠳᠤ ᠨᠡᠶᠢᠴᠡᠭᠰᠡᠨ ᠪᠠᠶᠢᠪᠠᠯ᠂ ᠲᠣᠰ ᠨᠥᠬᠦᠪᠥᠷᠢ ᠶᠢᠨ ᠲᠥᠷᠥᠯ ᠵᠦᠢᠯ ᠢ ᠭᠥᠷᠳᠡᠵᠦ ᠪᠣᠯᠤᠨ᠎ᠠ᠃ ︵ᠲᠦᠷᠦᠭᠦᠯᠡᠬᠦ ᠨᠢᠭᠡᠴᠢ᠄ ᠠᠶᠢᠮᠠᠭ ᠤᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠂ ᠬᠠᠮᠵᠢᠯᠴᠠᠬᠤ ᠨᠢᠭᠡᠴᠢ᠄ ᠠᠶᠢᠮᠠᠭ ᠤᠨ ᠡᠳ᠋ ᠤᠨ ᠵᠠᠰᠠᠭ ᠤᠨ ᠲᠣᠪᠴᠢᠶ᠎ᠠ︶     7. ᠲᠤᠬᠠᠶ ᠶᠢᠨ ᠵᠢᠯ ᠳᠤ ᠰᠢᠨ᠎ᠡ ᠪᠠᠷ ᠪᠠᠶᠢᠭᠤᠯᠤᠭᠰᠠᠨ 3000 ᠲᠡᠭᠰᠢ ᠳᠥᠷᠪᠡᠯᠵᠢᠨ ᠮᠧᠲᠷ ᠠᠴᠠ ᠳᠡᠭᠡᠭᠰᠢᠬᠢ ᠬᠠᠮᠲᠤᠪᠠᠷ ᠭᠥᠷᠳᠡᠬᠦ ᠬᠥᠮᠥᠷᠭᠡᠯᠡᠨ ᠬᠠᠳᠠᠭᠠᠯᠠᠬᠤ ︵ᠬᠦᠢᠳᠡᠨ ᠬᠥᠮᠥᠷᠭᠡ ᠪᠠᠭᠲᠠᠬᠤ ᠥᠬᠡᠶ︶ ᠳᠤ ᠨᠢᠭᠡ ᠤᠳᠠᠭ᠎ᠠ ᠶᠢᠨ ᠴᠢᠨᠠᠷᠲᠠᠶ ᠪᠠᠷ 10 ᠲᠦᠮᠡᠨ ᠲᠥᠭᠦᠷᠢᠭ ᠤᠨ ᠱᠠᠩᠨᠠᠯ ᠨᠥᠬᠦᠪᠥᠷᠢ ᠣᠯᠭᠤᠨ᠎ᠠ᠃ ︵ᠲᠦᠷᠦᠭᠦᠯᠡᠬᠦ ᠨᠢᠭᠡᠴᠢ᠄ ᠠᠶᠢᠮᠠᠭ ᠤᠨ ᠬᠤᠳᠠᠯᠳᠤᠭᠠᠨ ᠤ ᠶᠠᠪᠤᠳᠠᠯ ᠤᠨ ᠪᠣᠭᠤᠮᠲᠠ ᠶᠢᠨ ᠲᠣᠪᠴᠢᠶ᠎ᠠ᠂ ᠬᠠᠮᠵᠢᠯᠴᠠᠬᠤ ᠨᠢᠭᠡᠴᠢ᠄ ᠠᠶᠢᠮᠠᠭ ᠤᠨ ᠡᠳ᠋ ᠤᠨ ᠵᠠᠰᠠᠭ ᠤᠨ ᠲᠣᠪᠴᠢᠶ᠎ᠠ︶    ︵ᠭᠤᠷᠪᠠ︶ ᠠᠵᠤ ᠦᠢᠯᠡᠰ ᠤᠨ ᠰᠢᠰᠲ᠋ᠧᠮᠵᠢ ᠶᠢ ᠪᠠᠶᠢᠭᠤᠯᠬᠤ ᠶᠢᠨ ᠲᠣᠭᠤᠷᠢᠨ ᠳᠤ ᠲᠡᠳᠬᠦᠨ ᠳᠡᠮᠵᠢᠬᠦ ᠡᠷᠴᠢᠮ ᠢᠶᠠᠨ ᠴᠢᠩᠭᠠᠷᠠᠭᠤᠯᠤᠨ᠎ᠠ      8. ᠬᠢᠲᠠᠳ ᠡᠮ ᠤᠨ ᠮᠠᠲ᠋ᠧᠷᠢᠶᠠᠯ ᠢ ᠠᠩᠬ᠎ᠠ ᠡᠳ᠋ᠰᠢᠭᠦᠯᠵᠦ ᠬᠠᠮᠲᠤᠪᠠᠷ ᠡᠳ᠋ᠯᠡᠬᠦ ᠦᠢᠯᠡᠳᠪᠦᠷᠢ ᠶᠢᠨ ᠲᠠᠰᠤᠭ ᠤᠨ ᠪᠥᠲᠥᠭᠡᠨ ᠪᠠᠶᠢᠭᠤᠯᠤᠯᠲᠠ ᠶᠢ ᠵᠣᠷᠢᠭᠵᠢᠭᠤᠯᠤᠨ᠎ᠠ᠃ ᠬᠤᠣᠷᠲᠠᠢ᠂ ᠬᠥᠨᠥᠭᠡᠯ ᠲᠠᠢ ᠪᠣᠳᠠᠰ ᠢᠶᠠᠷ ᠢᠯᠵᠢᠷᠡᠬᠦ ᠶᠢ ᠰᠡᠷᠭᠡᠶᠢᠯᠡᠬᠦ᠂ ᠬᠤᠷᠣᠬᠠᠶᠢᠲᠤᠬᠤ ᠶᠢ ᠰᠡᠷᠭᠡᠶᠢᠯᠡᠬᠦ ᠳᠤ ᠬᠡᠷᠡᠭᠯᠡᠬᠦ ᠶᠢ ᠴᠠᠭᠠᠵᠠᠯᠠᠵᠤ᠂ ᠪᠤᠳᠤᠭ ᠣᠷᠣᠭᠤᠯᠵᠤ ᠬᠦᠨᠳᠦ ᠶᠢ ᠨᠡᠮᠡᠭᠳᠡᠭᠦᠯᠬᠦ᠂ ᠴᠠᠶᠢᠷᠠᠭᠤᠯᠬᠤ᠂ ᠬᠤᠯᠢᠵᠤ ᠬᠠᠭᠤᠷᠮᠠᠭᠯᠠᠬᠤ ᠵᠡᠷᠭᠡ ᠳᠤ ᠬᠡᠷᠡᠭᠯᠡᠬᠦ ᠶᠢ ᠴᠠᠭᠠᠵᠠᠯᠠᠨ᠎ᠠ᠃ ᠨᠡᠬᠡᠮᠵᠢᠯᠡᠬᠦ ᠰᠢᠰᠲ᠋ᠧᠮᠵᠢ ᠳᠤ ᠣᠷᠣᠭᠤᠯᠤᠭᠰᠠᠨ ᠬᠢᠲᠠᠳ ᠡᠮ ᠤᠨ ᠮᠠᠲ᠋ᠧᠷᠢᠶᠠᠯ ᠤᠨ ᠠᠩᠬ᠎ᠠ ᠡᠳ᠋ᠰᠢᠭᠦᠯᠵᠦ ᠬᠠᠮᠲᠤᠪᠠᠷ ᠭᠥᠷᠳᠡᠬᠦ ᠦᠢᠯᠡᠴᠢᠯᠡᠭᠡᠨ ᠤ ᠴᠡᠭ ᠤᠨ ᠲᠤᠬᠠᠶ ᠶᠢᠨ ᠵᠢᠯ ᠳᠤ ᠰᠢᠨ᠎ᠡ ᠪᠠᠷ 50 ᠲᠦᠮᠡᠨ ᠲᠥᠭᠦᠷᠢᠭ /  ᠰᠠᠭᠤᠷᠢ ︵ᠢᠵᠢ︶ ᠠᠴᠠ ᠳᠡᠭᠡᠭᠰᠢᠬᠢ ᠬᠢᠲᠠᠳ ᠡᠮ ᠤᠨ ᠮᠠᠲ᠋ᠧᠷᠢᠶᠠᠯ ᠤᠨ ᠠᠩᠬ᠎ᠠ ᠡᠳ᠋ᠰᠢᠭᠦᠯᠵᠦ ᠪᠣᠯᠪᠠᠰᠤᠷᠠᠭᠤᠯᠬᠤ ᠮᠠᠰᠢᠨ ᠬᠤᠳᠠᠯᠳᠤᠨ ᠠᠪᠤᠭᠰᠠᠨ ᠪᠠᠶᠢᠪᠠᠯ᠂ ᠲᠥᠬᠦᠭᠡᠷᠦᠮᠵᠢ ᠬᠤᠳᠠᠯᠳᠤᠨ ᠠᠪᠤᠭᠰᠠᠨ ᠦᠨ᠎ᠡ ᠶᠢᠨ 30% ᠪᠠᠷ ᠱᠠᠩᠨᠠᠨ ᠨᠥᠬᠦᠪᠥᠷᠢᠯᠡᠵᠦ᠂ ᠬᠠᠮᠤᠭ ᠤᠨ ᠥᠨᠳᠥᠷ ᠲᠡᠭᠡᠨ 20 ᠲᠦᠮᠡᠨ ᠲᠥᠭᠦᠷᠢᠭ ᠠᠴᠠ ᠬᠡᠲᠦᠷᠡᠭᠦᠯᠬᠦ ᠥᠬᠡᠶ᠃ ︵ᠲᠦᠷᠦᠭᠦᠯᠡᠬᠦ ᠨᠢᠭᠡᠴᠢ᠄ ᠠᠶᠢᠮᠠᠭ ᠤᠨ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠬᠠᠮᠵᠢᠯᠴᠠᠬᠤ  ᠨᠢᠭᠡᠴᠢ᠄ ᠠᠶᠢᠮᠠᠭ ᠤᠨ ᠡᠳ᠋ ᠤᠨ ᠵᠠᠰᠠᠭ ᠤᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ︶        9. ᠰᠦᠢᠳᠭᠡᠯ ᠢ ᠪᠠᠭᠠᠰᠬᠠᠵᠤ ᠭᠠᠶᠢᠯᠢ ᠶᠢ ᠪᠠᠭᠤᠷᠠᠭᠤᠯᠬᠤ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠎ᠠ᠃ ᠬᠢᠲᠠᠳ ᠡᠮ ᠤᠨ ᠮᠠᠲ᠋ᠧᠷᠢᠶᠠᠯ ᠤᠨ ᠠᠵᠤ  ᠦᠢᠯᠡᠰ ᠤᠨ ᠡᠵᠡᠩᠨᠡᠯᠲᠡ ᠶᠢᠨ ᠭᠤᠤᠯ ᠴᠣᠭᠴᠠ ᠶᠢ ᠰᠠᠨᠠᠭᠠᠴᠢᠯᠠᠭ᠎ᠠ ᠠᠴᠠ ᠪᠠᠨ ᠬᠠᠪᠰᠤᠷᠴᠤ ᠪᠠᠶᠢᠭᠠᠳ ᠥᠪᠥᠷ ᠮᠣᠩᠭᠤᠯ ᠤᠨ ᠵᠢᠵᠢᠭ ᠪᠢᠴᠢᠯ ᠠᠵᠤ ᠠᠬᠤᠶᠢᠯᠠᠯ ᠤᠨ ᠣᠯᠵᠠᠪᠤᠷᠢ ᠶᠢᠨ ᠭᠠᠶᠢᠯᠢ ᠶᠢ ᠬᠠᠰᠤᠵᠤ ︵ᠬᠠᠷᠢᠭᠤᠴᠠᠯᠭᠠᠲᠤ  ᠨᠢᠭᠡᠴᠢ᠄ ᠠᠶᠢᠮᠠᠭ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠬᠠᠮᠵᠢᠯᠴᠠᠬᠤ ᠨᠢᠭᠡᠴᠢ᠄ ᠠᠶᠢᠮᠠᠭ ᠤᠨ ᠡᠳ᠋ ᠤᠨ ᠵᠠᠰᠠᠭ ᠤᠨ ᠲᠣᠪᠴᠢᠶ᠎ᠠ︶    ︵ᠲᠦᠷᠪᠡ︶ ᠠᠵᠤ ᠦᠢᠯᠡᠰ ᠢ ᠰᠢᠯᠢᠳᠡᠭᠵᠢᠭᠦᠯᠦᠨ ᠲᠡᠰ ᠳᠡᠪᠰᠢᠭᠦᠯᠬᠦ ᠶᠢᠨ ᠲᠣᠭᠤᠷᠢᠨ ᠳᠤ ᠲᠡᠳᠬᠦᠨ ᠳᠡᠮᠵᠢᠬᠦ ᠡᠷᠴᠢᠮ ᠢᠶᠠᠨ ᠴᠢᠩᠭᠠᠷᠠᠭᠤᠯᠤᠨ᠎ᠠ         10. ᠡᠵᠡᠩᠨᠡᠯᠲᠡ ᠶᠢᠨ ᠭᠤᠤᠯ ᠴᠣᠭᠴᠠ ᠨᠢ ᠲᠣᠰ ᠲᠥᠷᠥ ᠶᠢᠨ ᠪᠣᠳᠣᠯᠭ᠎ᠠ ᠶᠢ ᠡᠳ᠋ᠯᠡᠬᠦ ᠶᠢᠨ ᠬᠠᠮᠲᠤ ᠠᠶᠢᠮᠠᠭ ᠤᠨ ᠲᠣᠰ ᠱᠠᠲᠤᠨ ᠤ ᠨᠡᠶᠢᠲᠡᠯᠡᠭᠰᠡᠨ ︽ᠬᠢᠩᠭᠠᠨ ᠠᠶᠢᠮᠠᠭ ᠤᠨ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠬᠠᠷᠠᠭᠠᠯᠵᠠᠯ ᠤᠨ ᠲᠥᠷᠥ ᠶᠢᠨ ᠪᠣᠳᠣᠯᠭ᠎ᠠ︾ ︽ᠬᠢᠩᠭᠠᠨ ᠠᠶᠢᠮᠠᠭ ᠤᠨ ᠠᠵᠤ ᠦᠢᠯᠡᠳᠪᠦᠷᠢ ᠶᠢᠨ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠳᠡᠮᠵᠢᠬᠦ ᠲᠥᠷᠥ ᠶᠢᠨ ᠪᠣᠳᠣᠯᠭ᠎ᠠ ᠨᠤᠭᠤᠳ︾ ︽ᠬᠢᠩᠭᠠᠨ ᠠᠶᠢᠮᠠᠭ ᠤᠨ ᠭᠤᠤᠯᠳᠠᠯᠭ᠎ᠠ ᠲᠠᠢ ᠠᠵᠤ ᠦᠢᠯᠡᠰ ᠤᠨ ᠬᠡᠯᠬᠢᠶ᠎ᠡ︾ 1+N ︽ᠮᠥᠩᠭᠦᠨ  ᠭᠦᠢᠯᠭᠡᠭᠡᠨ ᠤ ᠦᠢᠯᠡᠴᠢᠯᠡᠭᠡᠨ ᠤ ᠠᠵᠢᠯ ᠤᠨ ᠲᠥᠰᠦᠯ︾ ︽︿ᠰᠢᠨᠵᠢᠯᠡᠬᠦ ᠤᠬᠠᠭᠠᠨ ᠮᠡᠷᠭᠡᠵᠢᠯ ᠢᠶᠠᠷ ᠠᠶᠢᠮᠠᠭ ᠢ ᠮᠠᠨᠳᠤᠭᠤᠯᠬᠤ﹀ ᠠᠵᠢᠯᠯᠠᠭ᠎ᠠ ᠶᠢ ᠲᠦᠷᠭᠡᠳᠬᠡᠨ ᠠᠬᠢᠭᠤᠯᠵᠤ ᠭᠤᠤᠯᠳᠠᠯᠭ᠎ᠠ ᠲᠠᠢ ᠬᠦᠷᠢᠶᠡᠨ ᠳᠠᠬᠢ ᠮᠡᠷᠭᠡᠵᠢᠯ ᠤᠨ ᠪᠣᠭᠤᠮᠲᠠ ᠰᠢᠪᠲᠤᠯᠬᠤ ᠪᠠ ᠦᠷ᠎ᠡ ᠪᠦᠲᠦᠭᠡᠯ ᠢ ᠰᠢᠯᠵᠢᠭᠦᠯᠦᠨ ᠤᠯᠠᠷᠢᠭᠤᠯᠬᠤ ᠶᠢ ᠬᠡᠷᠡᠭᠵᠢᠭᠦᠯᠬᠦ ᠲᠥᠰᠦᠯ︾ ᠪᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2022 ᠣᠨ ᠤ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ ᠶᠢ ᠪᠠᠷᠢᠮᠲᠠᠯᠠᠵᠤ ᠠᠵᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠲᠥᠷᠥ ᠶᠢᠨ ᠪᠣᠳᠣᠯᠭ᠎ᠠ ᠶᠢᠨ ᠨᠠᠷᠢᠨ ᠲᠠᠩᠰᠠ︾ ᠵᠡᠷᠭᠡ ᠲᠡᠳᠬᠦᠬᠦ ᠲᠥᠷᠥ ᠶᠢᠨ ᠪᠣᠳᠣᠯᠭ᠎ᠠ ᠶᠢᠨ ᠳᠠᠪᠬᠤᠴᠠᠭᠰᠠᠨ ᠱᠠᠩᠨᠠᠯ ᠢ ᠮᠡᠳᠡᠭᠦᠯᠦᠨ᠎ᠡ᠃ ︵ᠲᠦᠷᠦᠭᠦᠯᠡᠬᠦ  ᠨᠢᠭᠡᠴᠢ᠄ ᠠᠶᠢᠮᠠᠭ ᠤᠨ ᠣᠷᠣᠨ ᠪᠦᠰᠡ ᠶᠢᠨ ᠠᠵᠤ ᠠᠬᠤᠶ ᠶᠢᠨ ᠬᠠᠮᠲᠤᠷᠠᠯᠴᠠᠭᠠᠨ ᠤ ᠲᠣᠪᠴᠢᠶ᠎ᠠ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠮᠥᠩᠭᠦᠨ ᠭᠦᠢᠯᠭᠡᠭᠡᠨ ᠤ ᠠᠯᠪᠠᠨ ᠬᠡᠷ᠂ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠬᠠᠮᠵᠢᠯᠴᠠᠬᠤ  ᠨᠢᠭᠡᠴᠢ᠄ ᠠᠶᠢᠮᠠᠭ ᠤᠨ ᠡᠳ᠋ ᠤᠨ ᠵᠠᠰᠠᠭ ᠤᠨ ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠬᠤᠳᠠᠯᠳᠤᠭᠠᠨ ᠤ ᠶᠠᠪᠤᠳᠠᠯ ᠤᠨ ᠪᠣᠭᠤᠮᠲᠠ ᠶᠢᠨ ᠲᠣᠪᠴᠢᠶ᠎ᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠰᠣᠶᠣᠯ  ᠵᠤᠭᠠᠴᠠᠯ ᠪᠡᠶ᠎ᠡ ᠶᠢᠨ ᠲᠠᠮᠢᠷ ᠤᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠰᠤᠷᠭᠠᠨ ᠬᠥᠮᠦᠵᠢᠯ ᠤᠨ ᠲᠣᠪᠴᠢᠶ᠎ᠠ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠪᠠᠩᠬᠢ ᠳᠠᠭᠠᠳᠬᠠᠯ ᠤᠨ ᠬᠢᠨᠠᠯᠲᠠ ᠬᠠᠮᠢᠶᠠᠷᠤᠯᠲᠠ ᠶᠢᠨ ᠬᠤᠪᠢᠶᠠᠷᠢ ᠲᠣᠪᠴᠢᠶ᠎ᠠ᠂ ᠭᠠᠶᠢᠯᠢ ᠶᠢᠨ ᠶᠠᠪᠤᠳᠠᠯ ᠤᠨ ᠲᠣᠪᠴᠢᠶ᠎ᠠ︶     11. ᠬᠢᠲᠠᠳ ︵ᠮᠣᠩᠭᠤᠯ︶ ᠤᠨ ᠡᠮ ᠤᠨ ᠰᠣᠶᠣᠯ᠂ ᠣᠨᠴᠠᠯᠢᠠᠠᠳᠣ ᠡᠮᠨᠡᠬᠦ ᠠᠷᠭ᠎ᠠ᠂ ᠬᠢᠲᠠᠳ ︵ᠮᠣᠩᠭᠤᠯ︶ ᠤᠨ ᠨᠠᠶᠢᠷᠠᠯᠲᠠ᠂ ᠨᠣᠮᠣᠬᠠᠳᠬᠠᠬᠤ ᠵᠡᠷᠭᠡ ᠲᠤᠬᠠᠶ ᠶᠢᠨ ᠵᠢᠯ ᠳᠤ ᠤᠯᠤᠰ᠂ ᠥᠪᠡᠷᠲᠡᠭᠡᠨ ᠵᠠᠰᠠᠬᠤ ᠣᠷᠣᠨ ᠤ ᠲᠠᠰ ᠤᠨ ᠪᠣᠳᠠᠰ ᠤᠨ ᠪᠤᠰᠤ ᠰᠣᠶᠣᠯ ᠤᠨ ᠥᠪ ᠤᠨ ᠲᠥᠯᠥᠭᠡᠯᠡᠬᠦ ᠴᠢᠨᠠᠷᠲᠠᠶ ᠨᠡᠷᠡᠰ ᠤᠨ ᠵᠢᠭᠰᠠᠭᠠᠯᠲᠠ ᠳᠤ ᠵᠢᠭᠰᠠᠭᠠᠭᠳᠠᠭᠰᠠᠨ ᠪᠠᠶᠢᠪᠠᠯ᠂ ᠲᠣᠰ ᠲᠣᠰ 10 ᠲᠦᠮᠡᠨ ᠲᠥᠭᠦᠷᠢᠭ᠂ 5 ᠲᠦᠮᠡᠨ ᠲᠥᠭᠦᠷᠢᠭ ᠢᠶᠠᠷ ᠱᠠᠩᠨᠠᠨ᠎ᠠ᠃ ᠬᠢᠲᠠᠳ ︵ᠮᠣᠩᠭᠤᠯ︶ ᠡᠮ ᠤᠨ ᠰᠣᠶᠣᠯ ᠤᠨ ᠪᠦᠲᠦᠭᠡᠯᠴᠢ  ᠦᠢᠯᠡᠳᠭᠦᠨ  ᠢ ᠠᠮᠵᠢᠯᠲᠠ ᠲᠠᠢ ᠨᠡᠭᠡᠭᠡᠨ ᠬᠥᠭᠵᠢᠭᠦᠯᠦᠭᠰᠡᠨ ᠪᠥᠭᠡᠳ ᠲᠤᠬᠠᠶ ᠶᠢᠨ ᠵᠢᠯ ᠳᠤ ︽ᠥᠪᠥᠷ ᠮᠣᠩᠭᠤᠯ ᠤᠨ ᠪᠡᠯᠡᠭ︾ ᠤᠨ ᠲᠠᠸᠠᠷ ᠤᠨ ᠭᠡᠷᠡᠴᠢᠯᠡᠯ ᠢ ᠣᠯᠤᠭᠰᠠᠨ ᠠᠵᠤ ᠠᠬᠤᠶᠢᠯᠠᠯ ᠢ 5 ᠲᠦᠮᠡᠨ ᠲᠥᠭᠦᠷᠢᠭ ᠢᠶᠠᠷ ᠱᠠᠩᠨᠠᠨ᠎ᠠ᠃ ︵ᠲᠦᠷᠦᠭᠦᠯᠡᠬᠦ ᠨᠢᠭᠡᠴᠢ᠄ ᠠᠶᠢᠮᠠᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠰᠣᠶᠣᠯ ᠵᠤᠭᠠᠴᠠᠯ ᠪᠡᠶ᠎ᠡ ᠶᠢᠨ ᠲᠠᠮᠢᠷ ᠤᠨ ᠲᠣᠪᠴᠢᠶ᠎ᠠ᠂ ᠬᠠᠮᠵᠢᠯᠴᠠᠬᠤ  ᠨᠢᠭᠡᠴᠢ᠄ ᠠᠶᠢᠮᠠᠭ ᠤᠨ ᠡᠳ᠋ ᠤᠨ ᠵᠠᠰᠠᠭ ᠤᠨ ᠲᠣᠪᠴᠢᠶ᠎ᠠ︶         12. ᠬᠢᠲᠠᠳ ᠡᠮ ᠤᠨ ᠮᠠᠲ᠋ᠧᠷᠢᠶᠠᠯ ᠬᠢᠲᠠᠳ  ᠳᠠᠷᠤᠭᠤᠯᠤᠯᠤᠭ᠎ᠠ ᠤᠨ ᠦᠷᠢᠯ ᠡᠮ ᠢ ᠨᠢᠭᠡ ᠴᠤᠭᠴᠠᠵᠢᠭᠤᠯᠤᠨ ᠡᠳ᠋ᠰᠢᠭᠦᠯᠬᠦ ᠵᠥᠪᠰᠢᠶᠡᠷᠡᠯ ᠢ ᠣᠯᠤᠭᠰᠠᠨ ᠠᠵᠤ ᠠᠬᠤᠶᠢᠯᠠᠯ ᠤᠨ ᠬᠢᠲᠠᠳ ᠡᠮ ᠤᠨ ᠮᠠᠲ᠋ᠧᠷᠢᠶᠠᠯ ᠤᠨ ᠶᠠᠰᠤ ᠴᠢᠨᠠᠷ ᠢ ᠮᠥᠷᠳᠡᠬᠦ ᠰᠢᠰᠲ᠋ᠧᠮ ᠢ ᠪᠠᠶᠢᠭᠤᠯᠬᠤ ᠶᠢ ᠵᠣᠷᠢᠭᠵᠢᠭᠤᠯᠤᠨ᠎ᠠ᠃ ᠬᠢᠲᠠᠳ ᠡᠮ ᠤᠨ ᠮᠠᠲ᠋ᠧᠷᠢᠶᠠᠯ᠂ ᠬᠢᠲᠠᠳ  ᠳᠠᠷᠤᠭᠤᠯᠤᠯᠤᠭ᠎ᠠ ᠤᠨ ᠦᠷᠢᠯ ᠡᠮ ᠢ ᠨᠢᠭᠡ ᠴᠤᠭᠴᠠᠵᠢᠭᠤᠯᠤᠨ ᠡᠳ᠋ᠰᠢᠭᠦᠯᠬᠦ ᠵᠥᠪᠰᠢᠶᠡᠷᠡᠯ ᠢ ᠣᠯᠤᠭᠰᠠᠨ᠂ ᠪᠡᠶ᠎ᠡ ᠪᠠᠨ ᠳᠠᠭᠠᠭᠠᠵᠤ ᠮᠥᠷᠳᠡᠨ ᠤᠬᠤᠴᠢᠯᠠᠬᠤ ᠰᠢᠰᠲ᠋ᠧᠮ ᠤᠨ ᠰᠤᠳᠤᠯᠤᠨ ᠨᠡᠭᠡᠭᠡᠬᠦ ᠶᠢ ᠥᠷᠨᠢᠭᠦᠯᠬᠦ ᠶᠢᠨ ᠬᠠᠮᠲᠤ ᠠᠰᠢᠭᠯᠠᠯᠲᠠ ᠳᠤ ᠣᠷᠣᠭᠤᠯᠤᠭᠰᠠᠨ ᠠᠵᠤ ᠠᠬᠤᠶᠢᠯᠠᠯ ᠳᠤ᠂ ᠲᠤᠬᠠᠶ ᠶᠢᠨ ᠵᠢᠯ ᠤᠨ ᠲᠤᠭ᠎ᠠ ᠪᠠᠷᠢᠮᠲᠠ ᠴᠤᠭᠯᠠᠭᠤᠯᠬᠤ ᠲᠥᠬᠦᠭᠡᠷᠦᠮᠵᠢ ︵ᠤᠯᠤᠰ ᠤᠨ ᠪᠠᠷᠢᠮᠵᠢᠶ᠎ᠠ ᠪᠠᠷ ᠪᠠᠷᠢᠮᠵᠢᠶ᠎ᠠ ᠪᠣᠯᠭᠠᠨ᠎ᠠ︶ ᠶᠢᠨ ᠣᠷᠣᠭᠤᠯᠤᠯᠲᠠ ᠶᠢᠨ ᠲᠤᠭ᠎ᠠ ᠶᠢᠨ 80% ᠪᠠᠷ ᠱᠠᠩᠨᠠᠨ ᠨᠥᠬᠦᠪᠥᠷᠢᠯᠡᠵᠦ᠂ ᠬᠠᠮᠤᠭ ᠤᠨ ᠥᠨᠳᠥᠷ ᠲᠡᠭᠡᠨ 10 ᠲᠦᠮᠡᠨ ᠲᠥᠭᠦᠷᠢᠭ ᠠᠴᠠ ᠳᠠᠪᠠᠭᠤᠯᠬᠤ ᠥᠬᠡᠶ᠃ ︵ᠲᠦᠷᠦᠭᠦᠯᠡᠬᠦ  ᠨᠢᠭᠡᠴᠢ᠄ ᠠᠶᠢᠮᠠᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠠᠵᠤ  ᠦᠢᠯᠡᠳᠪᠦᠷᠢ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠂ ᠬᠠᠮᠵᠢᠯᠴᠠᠬᠤ  ᠨᠢᠭᠡᠴᠢ᠄ ᠠᠶᠢᠮᠠᠭ ᠤᠨ ᠡᠳ᠋ ᠤᠨ ᠵᠠᠰᠠᠭ ᠤᠨ ᠲᠣᠪᠴᠢᠶ᠎ᠠ︶    13. ᠰᠢᠨᠵᠢᠯᠡᠬᠦ ᠤᠬᠠᠭᠠᠨ ᠮᠡᠷᠭᠡᠵᠢᠯ ᠤᠨ ᠠᠭᠤᠯᠤᠭᠳᠠᠴᠠ ᠪᠠᠷ ᠥᠨᠳᠥᠷ᠂ ᠨᠥᠯᠥᠭᠡᠯᠡᠬᠦ ᠬᠦᠴᠦᠨ ᠢᠶᠠᠷ ᠶᠡᠭᠡ᠂ ᠳᠠᠶᠢᠴᠢᠯᠠᠬᠤ ᠴᠢᠨᠠᠷ ᠢᠶᠠᠷ ᠴᠢᠩᠭ᠎ᠠ ᠬᠢᠲᠠᠳ ᠡᠮ ᠤᠨ ᠮᠠᠲ᠋ᠧᠷᠢᠶᠠᠯ ᠤᠨ ᠳᠠᠷᠢᠵᠤ ᠡᠳ᠋ᠰᠢᠭᠦᠯᠬᠦ ᠬᠥᠲᠥᠴᠢ ᠠᠵᠤ ᠠᠬᠤᠶᠢᠯᠠᠯ ᠪᠤᠶᠤ ᠲᠥᠷᠥᠯ ᠵᠦᠢᠯ ᠳᠤ ︽ᠨᠢᠭᠡ ᠤᠴᠢᠷ ᠢ ᠨᠢᠭᠡ ᠵᠥᠪᠯᠡᠬᠦ᠂ ᠨᠢᠭᠡ ᠠᠵᠤ ᠠᠬᠤᠶᠢᠯᠠᠯ ᠳᠤ ᠨᠢᠭᠡ ᠠᠷᠭ᠎ᠠ ᠪᠣᠳᠣᠯᠭ᠎ᠠ ᠲᠣᠭᠲᠠᠭᠠᠬᠤ︾ ᠠᠷᠭ᠎ᠠ ᠮᠠᠶ᠋ᠢᠭ ᠢ ᠠᠪᠴᠤ ᠱᠠᠩᠨᠠᠨ ᠨᠥᠬᠦᠪᠥᠷᠢᠯᠡᠵᠦ᠂ ᠨᠢᠭᠡ ᠤᠳᠠᠭ᠎ᠠ ᠳᠤ 30 ᠲᠦᠮᠡᠨ ᠲᠥᠭᠦᠷᠢᠭ ᠢᠶᠠᠷ ᠱᠠᠩᠨᠠᠨ ᠨᠥᠬᠦᠪᠥᠷᠢᠯᠡᠨ᠎ᠡ᠃ ︵ᠲᠦᠷᠦᠭᠦᠯᠡᠬᠦ  ᠨᠢᠭᠡᠴᠢ᠄ ᠠᠶᠢᠮᠠᠭ ᠤᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠂ ᠬᠠᠮᠵᠢᠯᠴᠠᠬᠤ  ᠨᠢᠭᠡᠴᠢ᠄ ᠠᠶᠢᠮᠠᠭ ᠤᠨ ᠠᠵᠤ  ᠦᠢᠯᠡᠳᠪᠦᠷᠢ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠣᠶ ᠰᠢᠭᠤᠶ  ᠨᠤᠳᠤᠭ ᠪᠡᠯᠴᠢᠭᠡᠷ ᠤᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ︶   ᠭᠤᠷᠪᠠ᠂ ᠳᠠᠭᠠᠯᠳᠤᠭᠤᠯᠤᠭᠰᠠᠨ ᠲᠦᠷᠢᠮ        ᠲᠣᠰ ᠲᠥᠷᠥ ᠶᠢᠨ ᠪᠣᠳᠣᠯᠭ᠎ᠠ ᠳᠤ ᠬᠤᠯᠪᠣᠭᠳᠠᠬᠤ ᠪᠠᠯᠠ ᠮᠥᠩᠭᠦ ᠪᠣᠯ ᠠᠶᠢᠮᠠᠭ ᠤᠨ ᠲᠣᠰ ᠱᠠᠲᠤᠨ ᠤ ᠡᠳ᠋ ᠤᠨ ᠵᠠᠰᠠᠭ ᠤᠨ ᠪᠠᠯᠠ ᠮᠥᠩᠭᠦ ᠪᠠᠶᠢᠵᠤ᠂ ᠲᠥᠰᠦᠪ ᠤᠨ ᠲᠦᠷᠢᠮ ᠤᠨ ᠬᠠᠮᠢᠶᠠᠷᠤᠯᠲᠠ ᠶᠢ ᠬᠡᠷᠡᠭᠵᠢᠭᠦᠯᠦᠨ᠂ ᠰᠢᠯᠭᠠᠨ ᠬᠤᠷᠢᠶᠠᠵᠤ ᠰᠢᠯᠭᠠᠨ ᠬᠢᠨᠠᠬᠤ ᠠᠷᠭ᠎ᠠ ᠮᠠᠶ᠋ᠢᠭ ᠢᠶᠠᠷ ᠬᠡᠷᠡᠭᠵᠢᠭᠦᠯᠦᠨ᠎ᠡ᠃ ᠲᠥᠷᠥᠯ ᠵᠦᠢᠯ ᠤᠨ ᠬᠠᠮᠢᠶᠠᠷᠤᠯᠲᠠ ᠶᠢᠨ ᠠᠷᠭ᠎ᠠ᠂ ᠪᠡᠯᠡ ᠮᠥᠩᠭᠦ ᠶᠢᠨ ᠬᠡᠷᠡᠭᠯᠡᠯᠲᠡ ᠶᠢᠨ ᠬᠠᠮᠢᠶᠠᠷᠤᠯᠲᠠ ᠶᠢᠨ ᠠᠷᠭ᠎ᠠ᠂ ᠪᠣᠳᠠᠲᠠᠶ ᠬᠡᠷᠡᠭᠵᠢᠭᠦᠯᠬᠦ ᠨᠠᠷᠢᠨ ᠲᠥᠷᠢᠮ  ᠢ ᠡᠯ᠎ᠡ ᠲᠦᠷᠦᠭᠦᠯᠡᠨ ᠬᠢᠬᠦ ᠰᠠᠯᠠᠭ᠎ᠠ ᠮᠥᠴᠢᠷ ᠠᠴᠠ ᠠᠰ ᠲᠤᠨᠢ ᠲᠣᠭᠲᠠᠭᠠᠬᠤ ᠬᠡᠷᠡᠭᠲᠡᠶ᠃       ︵ᠨᠢᠭᠡ︶ ᠲᠣᠰ ᠲᠥᠷᠥ ᠶᠢᠨ ᠪᠣᠳᠣᠯᠭ᠎ᠠ ᠶᠢᠨ ᠳᠣᠲᠣᠷᠠᠬᠢ ᠣᠯᠠᠨ ᠵᠦᠢᠯ ᠤᠨ ᠲᠡᠳᠬᠦᠬᠦ ᠨᠥᠬᠦᠴᠡᠯ ᠳᠤ ᠵᠡᠷᠭᠡᠪᠡᠷ ᠨᠡᠶᠢᠴᠡᠭᠰᠡᠨ ᠪᠠᠶᠢᠪᠠᠯ ︵5 ᠳ᠋ᠤᠭᠠᠷ  ᠵᠦᠢᠯ᠂ 6 ᠳ᠋ᠤᠭᠠᠷ ᠵᠦᠢᠯ᠂ 9 ᠳ᠋ᠦᠭᠡᠷ  ᠵᠦᠢᠯ᠂ 10 ᠳ᠋ᠤᠭᠠᠷ  ᠵᠦᠢᠯ ᠪᠠ 13 ᠳ᠋ᠤᠭᠠᠷ ᠵᠦᠢᠯ ᠠᠴᠠ ᠭᠠᠳᠠᠨ᠎ᠠ︶ ︽ᠥᠨᠳᠥᠷ ᠢ ᠨᠢ ᠥᠯᠥ ᠳᠠᠪᠬᠤᠷᠳᠠᠭᠤᠯᠬᠤ︾ ᠵᠠᠷᠴᠢᠮ ᠤᠨ ᠶᠣᠰᠣᠭᠠᠷ ᠱᠠᠩᠨᠠᠵᠤ ᠨᠥᠬᠦᠪᠥᠷᠢᠯᠡᠬᠦ ᠶᠢ ᠬᠡᠷᠡᠭᠵᠢᠭᠦᠯᠦᠨ᠎ᠡ᠃    ︵ᠬᠤᠶᠠᠷ︶ ᠡᠯ᠎ᠡ ᠬᠤᠰᠢᠭᠤ ᠰᠢᠶᠠᠨ ᠬᠤᠲᠠ ᠶᠢᠨ ᠲᠣᠰ ᠭᠠᠵᠠᠷ ᠤᠨ ᠪᠣᠳᠠᠲᠤ ᠪᠠᠶᠢᠳᠠᠯ ᠢᠶᠠᠨ ᠦᠨᠳᠦᠰᠦᠯᠡᠨ ᠱᠠᠩᠨᠠᠵᠤ ᠲᠤᠰᠠᠯᠠᠬᠤ ᠲᠥᠷᠥ ᠶᠢᠨ ᠪᠣᠳᠣᠯᠭ᠎ᠠ ᠨᠡᠶᠢᠲᠡᠯᠡᠬᠦ ᠶᠢ ᠵᠣᠷᠢᠭᠵᠢᠭᠤᠯᠤᠨ᠎ᠠ᠃    ︵ᠭᠤᠷᠪᠠ︶ ᠲᠥᠷᠥ ᠶᠢᠨ ᠪᠣᠳᠣᠯᠭ᠎ᠠ ᠳᠠᠬᠢ ︽ᠳᠡᠭᠡᠷᠡᠬᠢ︾ ᠳᠤ ᠡᠬᠡ ᠲᠤᠭ᠎ᠠ ᠶᠢ ᠪᠠᠭᠲᠠᠭᠠᠨ᠎ᠠ᠃    ︵ᠳᠥᠷᠪᠡ︶ ᠲᠥᠷᠥ ᠶᠢᠨ ᠪᠣᠳᠣᠯᠭ᠎ᠠ ᠳᠠᠬᠢ ᠬᠢᠲᠠᠳ ᠡᠮ ᠤᠨ ᠮᠠᠲ᠋ᠧᠷᠢᠶᠠᠯ ᠤᠨ ᠰᠠᠭᠤᠷᠢᠨ ᠭᠠᠵᠠᠷ ᠤᠨ ᠨᠥᠬᠦᠪᠥᠷᠢ ᠶᠢ ᠵᠥᠪᠬᠡᠨ ᠲᠣᠰ ᠵᠢᠯ ᠤᠨ ᠰᠢᠨ᠎ᠡ ᠪᠠᠷ ᠳᠠᠷᠢᠬᠤ ᠰᠠᠭᠤᠷᠢᠨ ᠭᠠᠵᠠᠷ ᠤᠨ ᠲᠠᠯᠠᠪᠠᠶ ᠪᠠᠷ ᠬᠢᠵᠠᠭᠠᠷᠯᠠᠨ᠎ᠠ᠃    ︵ᠲᠠᠪᠤ︶ ᠲᠣᠰ ᠲᠥᠷᠥ ᠶᠢᠨ ᠪᠣᠳᠣᠯᠭ᠎ᠠ ᠶᠢ ᠲᠤᠷᠰᠢᠨ ᠬᠡᠷᠡᠭᠵᠢᠭᠦᠯᠬᠦ ᠬᠤᠭᠤᠴᠠᠭ᠎ᠠ ᠳᠦᠭᠦᠷᠦᠭᠰᠡᠨ ᠤ ᠳᠠᠷᠠᠭ᠎ᠠ ᠤᠯᠤᠰ᠂ ᠥᠪᠡᠷᠲᠡᠭᠡᠨ ᠵᠠᠰᠠᠬᠤ ᠣᠷᠣᠨ ᠤ ᠡᠮ ᠡᠮᠨᠡᠯᠭᠡ ᠶᠢᠨ ᠠᠵᠤ  ᠦᠢᠯᠡᠰ ᠤᠨ ᠲᠥᠷᠥ ᠶᠢᠨ ᠪᠣᠳᠣᠯᠭ᠎ᠠ ᠪᠠ ᠲᠣᠭᠲᠠᠭᠠᠯ ᠢ ᠦᠨᠳᠦᠰᠦᠯᠡᠨ᠂ ᠮᠠᠨ ᠤ ᠠᠶᠢᠮᠠᠭ ᠤᠨ ᠡᠮ ᠡᠮᠨᠡᠯᠭᠡ ᠡᠷᠡᠭᠦᠯ ᠮᠡᠨᠳᠦ ᠶᠢᠨ ᠠᠵᠤ ᠦᠢᠯᠡᠰ ᠤᠨ ᠬᠥᠭᠵᠢᠯᠲᠡ ᠶᠢᠨ ᠪᠠᠶᠢᠳᠠᠯ ᠲᠠᠢ ᠤᠶᠠᠯᠳᠤᠭᠤᠯᠤᠨ᠂ ᠵᠣᠬᠢᠬᠤ ᠲᠥᠷᠥ ᠶᠢᠨ ᠪᠣᠳᠣᠯᠭ᠎ᠠ ᠶᠢ ᠨᠡᠶᠢᠲᠡᠯᠡᠨ᠎ᠡ᠃
 
ᠢᠷᠡᠯᠲᠡ᠄ ᠬᠢᠩᠭᠠᠨ ᠠᠶᠢᠮᠠᠭ ᠤᠨ ᠵᠠᠬᠢᠷᠭ᠎ᠠ ᠶᠢᠨ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号