ᠲᠤᠮᠤ ᠠᠵᠢᠯ ᠶᠠᠪᠤᠳᠠᠯ ᠤᠨ ᠲᠡᠮᠳᠡᠭᠯᠡᠯ ︵7 ᠰᠠᠷ᠎ᠠ ᠶᠢᠨ 1 ᠤ ᠡᠳᠦᠷ ᠠᠴᠠ 31 ᠤ ᠡᠳᠦᠷ︶
ᠨᠡᠶᠢᠲᠡᠯᠡᠭᠰᠡᠨ ᠴᠠᠭ᠄
2022/11/14
● 7 ᠰᠠᠷ᠎ᠠ ᠶᠢᠨ 2 ᠤᠨ ᠡᠳᠦᠷ᠂ ᠬᠢᠩᠭᠠᠨ ᠠᠶᠢᠮᠠᠭ ᠤᠨ ᠵᠠᠬᠢᠷᠭ᠎ᠠ ᠪᠠᠶᠢᠩᠭᠤ ᠶᠢᠨ ᠬᠤᠷᠠᠯ ᠬᠤᠷᠠᠯᠳᠤᠭᠤᠯᠵᠤ᠂ ᠳᠡᠭᠡᠷ᠎ᠡ ᠬᠠᠭᠠᠰ ᠵᠢᠯ ᠤᠨ ᠠᠵᠤ ᠠᠬᠤᠶ ᠶᠢᠨ ᠪᠠᠶᠢᠳᠠᠯ ᠢ ᠰᠤᠳᠤᠯᠤᠨ ᠵᠠᠳᠠᠯᠵᠤ᠂ ᠲᠠᠷᠠᠭᠠᠴᠢ ᠶᠢᠨ ᠠᠯᠬᠤᠮ ᠤᠨ ᠭᠤᠤᠯᠳᠠᠯᠭ᠎ᠠ ᠲᠠᠢ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ ᠂ ᠠᠶᠢᠮᠠᠭ ᠤᠨ ᠳᠠᠷᠤᠭ᠎ᠠ ᠰᠦᠬᠡ ᠬᠤᠷᠠᠯ  ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠶ᠃  ● 7 ᠰᠠᠷ᠎ᠠ ᠶᠢᠨ 5 ᠤ ᠡᠳᠦᠷ᠂ ᠬᠢᠩᠭᠠᠨ ᠠᠶᠢᠮᠠᠭ ᠤᠨ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠲᠧᠯᠸᠢᠰ  ᠤᠳᠠᠰᠤᠳᠤ ᠬᠤᠷᠠᠯ ᠬᠤᠷᠠᠯᠳᠤᠭᠤᠯᠵᠤ᠂ ᠬᠢᠩᠭᠠᠨ ᠠᠶᠢᠮᠠᠭ ᠤᠨ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠤᠨ ᠪᠦᠷᠢᠯᠳᠦᠬᠦᠨ ᠳᠤ ᠲᠤᠬᠢᠷᠠᠭᠤᠯᠤᠯᠳᠠ ᠬᠢᠭᠰᠡᠨ ᠪᠠᠶᠢᠳᠠᠯ ᠢ ᠮᠡᠳᠡᠭᠳᠡᠵᠦ᠂ ᠣᠳᠣᠬᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠭᠤᠣᠯᠳᠠᠯᠭ᠎ᠠ ᠲᠠᠢ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ᠃ ᠬᠢᠩᠭᠠᠨ ᠠᠶᠢᠮᠠᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠠᠶᠢᠮᠠᠭ ᠤᠨ ᠳᠠᠷᠤᠭ᠎ᠠ᠂ ᠠᠶᠢᠮᠠᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠤᠨ ᠶᠡᠷᠦᠩᠬᠡᠢ ᠵᠢᠯᠤᠭᠤᠳᠤᠬᠴᠢ ᠰᠦᠬᠡ ᠬᠤᠷᠠᠯ ᠳᠤ ᠣᠷᠣᠯᠴᠠᠵᠤ ᠶᠠᠷᠢᠶ᠎ᠠ ᠲᠠᠯᠪᠢᠵᠠᠢ᠃ ● 7 ᠰᠠᠷ᠎ᠠ ᠶᠢᠨ 12 ᠠᠴᠠ 13 ᠤ ᠡᠳᠦᠷ ᠪᠣᠯᠲᠠᠯ᠎ᠠ᠂ ᠪᠦᠬᠦ ᠣᠷᠣᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢᠨ ᠶᠠᠷᠢᠯᠴᠠᠬᠤ ᠬᠤᠷᠠᠯ ᠬᠥᠬᠡᠬᠤᠲᠠ ᠳᠤ ᠬᠤᠷᠠᠯᠳᠤᠪᠠ᠃ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠠᠶᠢᠮᠠᠭ ᠤᠨ ᠳᠠᠷᠤᠭ᠎ᠠ ᠰᠦᠬᠡ ᠬᠤᠷᠠᠯ ᠳᠤ ᠣᠷᠣᠯᠴᠠᠪᠠ᠃ ● 7 ᠰᠠᠷ᠎ᠠ ᠶᠢᠨ 14 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ  ᠬᠤᠷᠢᠶ᠎ᠠ ᠪᠣᠯᠤᠨ ᠵᠠᠰᠠᠭ ᠤᠨ ᠣᠷᠳᠣᠨ ᠬᠥᠬᠡᠬᠤᠲᠠ ᠳᠤ ᠪᠦᠬᠦ ᠣᠷᠣᠨ ᠤ ᠰᠦ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠲᠤᠬᠠᠢ ᠶᠢᠨ ᠲᠠᠯᠠᠪᠠᠢ ᠶᠢᠨ ᠬᠤᠷᠠᠯ ᠬᠤᠷᠠᠯᠳᠤᠭᠤᠯᠪᠠ᠃ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠠᠶᠢᠮᠠᠭ ᠤᠨ ᠳᠠᠷᠤᠭ᠎ᠠ ᠰᠦᠬᠡ ᠬᠤᠷᠠᠯ ᠳᠤ ᠣᠷᠣᠯᠴᠠᠪᠠ᠃ ● 7 ᠰᠠᠷ᠎ᠠ ᠶᠢᠨ 15 ᠤ ᠡᠳᠦᠷ᠂ ᠬᠢᠩᠭᠠᠨ ᠠᠶᠢᠮᠠᠭ ᠤᠨ ᠠᠶᠤᠯᠭᠦᠢ ᠦᠢᠯᠡᠳᠪᠦᠷᠢᠯᠡᠯ ᠤᠨ ᠲᠧᠯᠸᠢᠰ ᠤᠳᠠᠰᠤᠳᠤ ᠬᠤᠷᠠᠯ ᠬᠤᠷᠠᠯᠳᠤᠵᠤ᠂ ᠪᠦᠬᠦ ᠤᠯᠤᠰ᠂ ᠪᠦᠬᠦ ᠣᠷᠣᠨ ᠤ ᠠᠶᠤᠯᠭᠦᠢ ᠦᠢᠯᠡᠳᠪᠦᠷᠢᠯᠡᠯ ᠤᠨ ᠲᠧᠯᠸᠢᠰ ᠤᠳᠠᠰᠤᠳᠤ ᠬᠤᠷᠠᠯ ᠤᠨ ᠵᠣᠷᠢᠭ ᠰᠠᠨᠠᠭ᠎ᠠ ᠶᠢ  ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠳᠠᠷᠠᠭᠠᠴᠢ ᠶᠢᠨ ᠠᠯᠬᠤᠮ ᠤᠨ ᠠᠵᠢᠯ ᠢ ᠲᠤᠬᠢᠷᠠᠭᠤᠯᠤᠨ ᠪᠠᠶᠢᠷᠢᠯᠠᠭᠤᠯᠵᠤ᠂ ᠠᠶᠢᠮᠠᠭ ᠤᠨ ᠨᠠᠮ ᠤᠨ ᠬᠤᠷᠢᠶ᠎ᠠ  ᠶᠢᠨ ᠳᠡᠳ᠋ ᠱᠦᠵᠢ᠂ ᠠᠶᠢᠮᠠᠭ ᠤᠨ ᠳᠠᠷᠤᠭ᠎ᠠ ᠰᠦᠬᠡ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ 7 ᠰᠠᠷ᠎ᠠ ᠶᠢᠨ 20 ᠤ ᠡᠳᠦᠷ᠂ ᠬᠢᠩᠭᠠᠨ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠳᠡᠭᠡᠷ᠎ᠡ ᠬᠠᠭᠠᠰ ᠵᠢᠯ ᠤᠨ ᠠᠵᠤ ᠠᠬᠤᠶ ᠶᠢᠨ ᠪᠠᠶᠢᠳᠠᠯ ᠤᠨ ᠵᠠᠳᠠᠯᠤᠯᠲᠠ ᠶᠢᠨ ᠬᠤᠷᠠᠯ ᠵᠢᠴᠢ ᠬᠤᠶᠠᠳᠤᠭᠠᠷ ᠤᠯᠠᠷᠢᠯ ᠤᠨ ︽ᠭᠤᠷᠪᠠᠨ ᠨᠠᠷᠢᠨ ᠳᠠᠩᠰᠠ︾ ᠶᠢᠨ ᠲᠤᠰᠢᠶᠠᠯ ᠤᠨ ᠮᠡᠳᠡᠭᠦᠯᠦᠯᠲᠡ ᠶᠢ ᠦᠨᠡᠯᠡᠬᠦ ᠬᠤᠷᠠᠯ ᠬᠤᠷᠠᠯᠳᠤᠭᠤᠯᠵᠤ᠂ ᠪᠦᠬᠦ ᠣᠷᠣᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢᠨ ᠶᠠᠷᠢᠯᠴᠠᠬᠤ ᠬᠤᠷᠠᠯ ᠪᠣᠯᠤᠨ ᠰᠦ ᠶᠢᠨ ᠦᠢᠯᠡᠰ ᠤᠨ ᠬᠥᠭᠵᠢᠯᠲᠡ ᠶᠢ ᠠᠬᠢᠭᠤᠯᠬᠤ ᠲᠤᠬᠠᠶ ᠶᠢᠨ ᠭᠠᠵᠠᠷ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠳᠡᠭᠡᠷ᠎ᠡ ᠬᠠᠭᠠᠰ ᠵᠢᠯ ᠤᠨ ᠠᠵᠤ ᠠᠬᠤᠶ ᠶᠢᠨ ᠠᠵᠢᠯᠯᠠᠭᠠᠨ᠂ ᠭᠤᠤᠯᠳᠠᠯᠭ᠎ᠠ ᠲᠠᠢ ᠠᠵᠢᠯ ᠢ ᠥᠷᠨᠢᠭᠦᠯᠦᠭᠰᠡᠨ ᠪᠠ ᠨᠢᠭᠡᠳᠦᠭᠡᠷ ᠤᠯᠠᠷᠢᠯ ᠤᠨ ︽ᠭᠤᠷᠪᠠᠨ  ᠨᠠᠷᠢᠨ ᠲᠠᠩᠰᠠ︾ ᠶᠢᠨ ᠲᠤᠰᠢᠶᠠᠯ ᠤᠨ ᠮᠡᠳᠡᠭᠦᠯᠦᠯᠲᠡ ᠶᠢ ᠦᠨᠡᠯᠡᠨ ᠶᠠᠷᠢᠯᠴᠠᠭᠰᠠᠨ ᠪᠠᠶᠢᠳᠠᠯ ᠢ ᠮᠡᠳᠡᠭᠳᠡᠵᠦ᠂ ᠡᠯ᠎ᠡ ᠬᠤᠰᠢᠭᠤ ᠰᠢᠶᠠᠨ ᠬᠤᠲᠠ᠂ ᠠᠶᠢᠮᠠᠭ ᠤᠨ ᠠᠵᠤ ᠠᠬᠤᠶ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ᠂ ᠠᠶᠢᠮᠠᠭ ᠤᠨ ᠠᠲᠠᠷ ᠬᠠᠭᠠᠯᠪᠤᠷᠢᠯᠠᠯᠲᠠ ᠶᠢᠨ ᠪᠦᠯᠦᠭᠯᠡᠯ ᠪᠠ 24 ᠠᠶᠢᠮᠠᠭ ᠤᠨ ᠰᠢᠭᠤᠳ ᠬᠠᠷᠢᠶ᠎ᠠ ᠰᠠᠯᠠᠭ᠎ᠠ ᠮᠥᠴᠢᠷ᠂ ᠠᠶᠢᠮᠠᠭ ᠲᠤ ᠰᠠᠭᠤᠭ᠎ᠠ ᠬᠤᠯᠪᠣᠭᠳᠠᠯ ᠪᠥᠬᠦᠶ ᠨᠢᠭᠡᠴᠢ ᠶᠢᠨ ᠭᠤᠤᠯ ᠬᠠᠷᠢᠭᠤᠴᠠᠯᠭᠠᠲᠠᠨ ᠨᠥᠬᠦᠳ ᠤᠨ ᠲᠤᠰᠢᠶᠠᠯ ᠤᠨ ᠮᠡᠳᠡᠭᠦᠯᠦᠯᠲᠡ ᠶᠢ ᠰᠣᠨᠣᠰᠴᠤ᠂ ᠬᠤᠷᠠᠯ ᠳᠤ ᠣᠷᠣᠯᠴᠠᠭᠰᠠᠳ ᠲᠤᠬᠠᠶ ᠶᠢᠨ ᠲᠠᠯᠠᠪᠤᠷ ᠲᠤ ᠦᠨᠡᠯᠡᠨ ᠬᠤᠪᠢ ᠥᠭᠪᠡ᠃ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠠᠶᠢᠮᠠᠭ ᠤᠨ ᠳᠠᠷᠤᠭ᠎ᠠ ᠰᠦᠬᠡ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ ● 7 ᠳ᠋ᠤᠭᠠᠷ ᠰᠠᠷ᠎ᠠ ᠶᠢᠨ 22 ᠤᠨ ᠡᠳᠦᠷ᠂ ᠠᠶᠢᠮᠠᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠠᠶᠢᠮᠠᠭ ᠤᠨ ᠳᠠᠷᠤᠭ᠎ᠠ  ᠰᠦᠬᠡ ᠬᠢᠩᠭᠠᠨ ᠠᠶᠢᠮᠠᠭ ᠤᠨ ᠵᠠᠬᠢᠷᠭ᠎ᠠ ᠶᠢᠨ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ︽2022 ᠣᠨ ᠤ ᠬᠢᠩᠭᠠᠨ ᠠᠶᠢᠮᠠᠭ ᠤᠨ ᠡᠮ ᠡᠮᠨᠡᠯᠭᠡ ᠡᠷᠡᠭᠦᠯ ᠮᠡᠨᠳᠦ ᠶᠢᠨ ᠠᠵᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠳᠡᠮᠵᠢᠬᠦ ᠲᠥᠷᠥ ᠶᠢᠨ ᠪᠣᠳᠣᠯᠭ᠎ᠠ ᠶᠢᠨ  ᠨᠠᠷᠢᠨ ᠳᠠᠩᠰᠠ︾ ︽ᠰᠢ ᠶᠢᠨ ᠫᠢᠩ  ᠤᠨ ᠠᠮᠢ ᠠᠬᠤᠶ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠶ  ᠲᠤᠭᠤᠰᠢᠯᠠᠭᠤᠯᠵᠦ ᠨᠡᠶᠢᠭᠡᠮ ᠤᠨ ᠡᠬᠢ ᠪᠠᠶᠠᠯᠢᠭ ᠢ ᠪᠥᠬᠦ ᠲᠠᠯ᠎ᠠ ᠪᠠᠷ ᠠᠷᠪᠢᠯᠠᠨ ᠡᠷᠴᠢᠮᠵᠢᠭᠦᠯᠬᠦ ᠶᠢ ᠠᠬᠢᠭᠤᠯᠬᠤ ᠲᠤᠬᠠᠶ ᠬᠡᠷᠡᠭᠵᠢᠭᠦᠯᠬᠦ ᠰᠠᠨᠠᠯ︾ ᠢ ᠰᠤᠳᠤᠯᠤᠨ ᠬᠢᠨᠠᠨ ᠶᠠᠷᠢᠯᠴᠠᠵᠤ᠂ ᠬᠤᠯᠪᠣᠭᠳᠠᠯ ᠪᠥᠬᠦᠶ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ ● 7 ᠰᠠᠷ᠎ᠠ ᠶᠢᠨ 25 ᠤ ᠡᠳᠦᠷ ᠠᠴᠠ 26 ᠤ ᠡᠳᠦᠷ ᠪᠣᠯᠲᠠᠯ᠎ᠠ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠬᠢᠵᠢᠭᠦᠯᠬᠦ ᠠᠵᠢᠯ ᠤᠨ ᠲᠤᠬᠠᠢ ᠶᠢᠨ ᠲᠠᠯᠠᠪᠠᠢ ᠶᠢᠨ ᠰᠣᠯᠢᠯᠴᠠᠭᠠᠨ ᠤ ᠬᠤᠷᠠᠯ ᠬᠢᠩᠭᠠᠨ ᠠᠶᠢᠮᠠᠭ ᠲᠤ ᠬᠤᠷᠠᠯᠳᠤᠵᠤ᠂ ᠠᠶᠢᠮᠠᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠠᠶᠢᠮᠠᠭ ᠤᠨ ᠳᠠᠷᠤᠭ᠎ᠠ ᠰᠦᠬᠡ ᠬᠤᠷᠠᠯ ᠳᠤ ᠣᠷᠣᠯᠴᠠᠵᠠᠢ᠃ ● 7 ᠰᠠᠷ᠎ᠠ ᠶᠢᠨ 29 ᠤ ᠡᠳᠦᠷ ᠠᠴᠠ 30 ᠤ ᠡᠳᠦᠷ ᠪᠣᠯᠲᠠᠯ᠎ᠠ᠂ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠬᠤᠶᠠᠷ ᠡᠳᠦᠷ ᠤᠨ ᠴᠠᠭ ᠢ ᠠᠰᠢᠭᠯᠠᠨ ᠲᠦᠷᠦᠯ ᠵᠦᠢᠯ ᠤᠨ ᠪᠦᠳᠦᠬᠡᠨ ᠪᠠᠶᠢᠭᠤᠯᠤᠯᠲᠠ ᠶᠢᠨ ᠲᠤᠬᠠᠢ ᠶᠢᠨ ᠲᠠᠯᠠᠪᠠᠢ ᠶᠢᠨ ᠦᠵᠡᠭᠦᠯᠦᠯᠭᠡ ᠶᠢᠨ ᠬᠤᠷᠠᠯ ᠬᠢᠵᠦ᠂ ᠪᠦᠬᠦ ᠠᠶᠢᠮᠠᠭ ᠤᠨ ᠭᠤᠣᠯᠳᠠᠯᠭ᠎ᠠ ᠲᠠᠢ ᠲᠦᠷᠦᠯ ᠵᠦᠢᠯ ᠤᠨ ᠪᠦᠳᠦᠬᠡᠨ ᠪᠠᠶᠢᠭᠤᠯᠤᠯᠲᠠ ᠶᠢᠨ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠵᠦ᠂ ᠤᠯᠠᠮ ᠴᠢᠨᠠᠭᠰᠢᠳᠠ ᠳᠠᠷᠤᠯᠲᠠ ᠥᠭᠴᠦ᠂ ᠬᠥᠳᠡᠯᠭᠡᠬᠦ ᠬᠦᠴᠦᠨ ᠢ ᠬᠥᠭᠵᠢᠭᠡᠵᠦ᠂ ᠲᠦᠷᠦᠯ ᠵᠦᠢᠯ ᠤᠨ ᠪᠦᠳᠦᠬᠡᠨ ᠪᠠᠶᠢᠭᠤᠯᠤᠯᠲᠠ ᠶᠢᠨ ᠬᠤᠷᠳᠤᠴᠠ ᠶᠢ ᠳᠡᠭᠡᠭᠰᠢᠯᠡᠭᠦᠯᠬᠦ᠂ ᠶᠠᠰᠤ ᠴᠢᠨᠠᠷ ᠢ ᠳᠡᠭᠡᠭᠰᠢᠯᠡᠭᠦᠯᠬᠦ᠂ ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠢ ᠠᠬᠢᠭᠤᠯᠪᠠ᠃ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠠᠶᠢᠮᠠᠭ ᠤᠨ ᠳᠠᠷᠤᠭ᠎ᠠ ᠰᠦᠬᠡ ᠬᠤᠷᠠᠯ ᠳᠤ ᠣᠷᠣᠯᠴᠠᠪᠠ᠃ ● ︽8 · 1︾ ᠤ ᠴᠡᠷᠢᠭ ᠪᠠᠶᠢᠭᠤᠯᠤᠭᠳᠠᠭᠰᠠᠨ ᠪᠠᠶᠠᠷ ᠬᠦᠷᠴᠦ ᠢᠷᠡᠬᠦ ᠲᠠᠰᠢᠷᠠᠮ ᠢᠶᠠᠷ᠂ 7 ᠰᠠᠷ᠎ᠠ ᠶᠢᠨ 31 ᠤ ᠡᠳᠦᠷ᠂ ᠠᠶᠢᠮᠠᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠠᠶᠢᠮᠠᠭ ᠤᠨ ᠳᠠᠷᠤᠭ᠎ᠠ ᠰᠦᠬᠡ ᠦᠷᠡᠭᠳᠡᠭᠰᠡᠨ ᠪᠠᠭᠠᠲᠤᠷᠴᠤᠳ ᠤᠨ ᠬᠡᠷ ᠪᠦᠯᠢ ᠭᠦᠸᠧ ᠱᠦ ᠴᠢᠩ ᠢ ᠳᠣᠲᠣᠨᠣ ᠪᠠᠷ ᠪᠣᠯᠭᠤᠭᠠᠨ ᠲᠣᠬᠤᠨᠢᠭᠤᠯᠵᠤ᠂ ᠠᠶᠢᠮᠠᠭ ᠤᠨ ᠨᠠᠮ ᠤᠨ  ᠬᠤᠷᠢᠶ᠎ᠠ᠂ ᠵᠠᠬᠢᠷᠭ᠎ᠠ ᠶᠢᠨ ᠡᠮᠦᠨ᠎ᠡ ᠠᠴᠠ ᠪᠠᠶᠠᠷ ᠤᠨ ᠡᠳᠦᠷ ᠤᠨ ᠮᠡᠨᠳᠦᠴᠢᠯᠡᠯ ᠪᠠ ᠡᠷᠬᠢᠮ ᠳᠡᠭᠡᠳᠦ ᠬᠦᠨᠳᠦᠳᠬᠡᠯ ᠢᠶᠠᠨ ᠳᠡᠪᠰᠢᠭᠦᠯᠪᠡ᠃ ● 7 ᠰᠠᠷ᠎ᠠ ᠶᠢᠨ 31 ᠤ ᠡᠳᠦᠷ᠂ ᠬᠢᠩᠭᠠᠨ ᠠᠶᠢᠮᠠᠭ ᠤᠨ ᠵᠠᠬᠢᠷᠭ᠎ᠠ ᠪᠠᠶᠢᠩᠭᠤ ᠶᠢᠨ ᠬᠤᠷᠠᠯ ᠬᠤᠷᠠᠯᠳᠤᠭᠤᠯᠪᠠ᠃ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠠᠶᠢᠮᠠᠭ ᠤᠨ ᠳᠠᠷᠤᠭ᠎ᠠ ᠰᠦᠬᠡ ᠬᠤᠷᠠᠯ ᠢ ᠡᠷᠭᠢᠯᠡᠪᠡ᠃    
 
ᠢᠷᠡᠯᠲᠡ᠄ ᠬᠢᠩᠭᠠᠨ ᠠᠶᠢᠮᠠᠭ ᠤᠨ ᠵᠠᠬᠢᠷᠭ᠎ᠠ ᠶᠢᠨ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号