ᠲᠤᠮᠤ ᠠᠵᠢᠯ ᠶᠠᠪᠤᠳᠠᠯ ᠤᠨ ᠲᠡᠮᠳᠡᠭᠯᠡᠯ ︵8 ᠰᠠᠷ᠎ᠠ ᠶᠢᠨ1 ᠤ ᠡᠳᠦᠷ ᠠᠴᠠ 31 ᠤ ᠡᠳᠦᠷ︶
ᠨᠡᠶᠢᠲᠡᠯᠡᠭᠰᠡᠨ ᠴᠠᠭ᠄
2022/11/14
● 8 ᠰᠠᠷ᠎ᠠ ᠶᠢᠨ 2 ᠤᠨ ᠡᠳᠦᠷ᠂ ᠬᠢᠩᠭᠠᠨ ᠠᠶᠢᠮᠠᠭ · ᠳᠤᠮᠳᠠᠳᠤ ᠤᠯᠤᠰ ᠤᠨ ᠲᠠᠷᠢᠶᠠᠯᠠᠩ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠲᠠᠷᠢᠶᠠᠯᠠᠩ ᠤᠨ ᠪᠦᠲᠦᠭᠡᠭᠳᠡᠬᠦᠨ ᠢ ᠡᠳ᠋ᠰᠢᠭᠦᠯᠦᠨ ᠪᠣᠯᠪᠠᠰᠤᠷᠠᠭᠤᠯᠬᠤ ᠰᠤᠳᠤᠯᠭᠠᠨ ᠤ ᠭᠠᠵᠠᠷ ᠤᠨ ᠪᠠᠶᠢᠯᠳᠤᠬᠤ ᠪᠤᠳᠤᠯᠭ᠎ᠠ ᠶᠢᠨ ᠬᠠᠮᠲᠤᠷᠠᠯᠴᠠᠭᠠᠨ ᠤ ᠶᠠᠷᠢᠯᠴᠠᠬᠤ ᠬᠤᠷᠠᠯ ᠵᠢᠴᠢ ᠳᠤᠮᠳᠠᠳᠤ ᠤᠯᠤᠰ ᠤᠨ ᠲᠠᠷᠢᠶᠠᠯᠠᠩ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠡᠳ᠋ᠰᠢᠭᠦᠯᠦᠨ ᠪᠣᠯᠪᠠᠰᠤᠷᠠᠭᠤᠯᠬᠤ ᠭᠠᠵᠠᠷ ᠤᠨ ᠬᠢᠩᠭᠠᠨ ᠠᠶᠢᠮᠠᠭ ᠤᠨ ᠢᠳᠡᠭᠡᠨ ᠤ ᠠᠵᠤ ᠦᠢᠯᠡᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ  ᠰᠤᠳᠤᠯᠭᠠᠨ ᠤ ᠬᠦᠷᠢᠶᠡᠯᠡᠩ ᠤᠨ ᠬᠠᠮᠳᠤᠷᠠᠯᠴᠠᠭᠠᠨ ᠤ ᠬᠡᠯᠡᠯᠴᠡᠭᠡᠷ ᠲᠤ ᠭᠠᠷ ᠤᠨ ᠦᠰᠦᠭ ᠵᠢᠷᠤᠬᠤ ᠶᠤᠰᠤᠯᠠᠯ  ᠶᠠᠪᠤᠭᠳᠠᠪᠠ᠃ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠠᠶᠢᠮᠠᠭ ᠤᠨ ᠳᠠᠷᠤᠭ᠎ᠠ ᠰᠦᠬᠡ ᠬᠤᠷᠠᠯ ᠢ ᠡᠷᠭᠢᠯᠡᠪᠡ᠃ ● 8 ᠳ᠋ᠤᠭᠠᠷ ᠰᠠᠷ᠎ᠠ ᠶᠢᠨ 3 ᠤ ᠡᠳᠦᠷ᠂ ᠠᠶᠢᠮᠠᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠠᠶᠢᠮᠠᠭ ᠤᠨ ᠳᠠᠷᠤᠭ᠎ᠠ  ᠰᠦᠬᠡ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠤᠨ ᠳᠠᠷᠤᠭ᠎ᠠ ᠵᠠᠩ ᠯᠸᠢ ᠨᠠᠷ ᠲᠠᠢ ᠶᠠᠷᠢᠯᠴᠠᠬᠤ ᠬᠤᠷᠠᠯ ᠬᠢᠪᠠ᠃ ● 8 ᠰᠠᠷ᠎ᠠ ᠶᠢᠨ 7 ᠤ ᠡᠳᠦᠷ᠂ 2022 · ᠬᠢᠩᠭᠠᠨ ᠠᠶᠢᠮᠠᠭ ᠤᠨ ᠨᠠᠭᠠᠳᠤᠮ ᠤᠨ ᠶᠣᠰᠣᠯᠠᠯ ᠵᠢᠴᠢ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠲᠦᠷᠦᠯ ᠵᠦᠢᠯ ᠳᠤ ᠭᠠᠷ ᠤᠨ ᠦᠰᠦᠭ ᠵᠢᠷᠤᠬᠤ ᠲᠥᠪᠯᠡᠷᠡᠭᠦᠯᠦᠨ ᠭᠠᠷ ᠤᠨ ᠦᠰᠦᠭ ᠵᠢᠷᠤᠬᠤ ᠶᠣᠰᠣᠯᠠᠯ ᠶᠠᠪᠤᠭᠳᠠᠪᠠ᠃ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠠᠶᠢᠮᠠᠭ ᠤᠨ ᠳᠠᠷᠤᠭ᠎ᠠ ᠰᠦᠬᠡ ᠶᠣᠰᠣᠯᠠᠯ ᠳᠤ ᠣᠷᠣᠯᠴᠠᠵᠤ ᠪᠠᠶᠠᠷ ᠤᠨ ᠦᠭᠡ ᠬᠡᠯᠡᠵᠡᠶ᠃ ● 8 ᠰᠠᠷ᠎ᠠ ᠶᠢᠨ 8 ᠤ ᠡᠳᠦᠷ᠂ ᠶᠢᠰᠦᠳᠦᠭᠡᠷ ᠬᠤᠭᠤᠴᠠᠭᠠᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠠᠭᠠᠨᠮᠥ᠋ᠴᠢᠷ ᠤᠨ ᠤᠷᠠᠯᠢᠭ ᠤᠨ ᠨᠠᠶᠢᠷ ᠵᠢᠴᠢ 2022 ᠣᠨ ᠤ ᠬᠢᠩᠭᠠᠨ ᠠᠶᠢᠮᠠᠭ ᠤᠨ ᠨᠠᠭᠠᠳᠤᠮ ᠤᠨ ᠬᠤᠷᠠᠯ ᠬᠢᠩᠭᠠᠨ ᠠᠶᠢᠮᠠᠭ ᠤᠨ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠳᠤ ᠡᠬᠢᠯᠡᠪᠡ᠃ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠠᠶᠢᠮᠠᠭ ᠤᠨ ᠳᠠᠷᠤᠭ᠎ᠠ ᠰᠦᠬᠡ ᠶᠣᠰᠣᠯᠠᠯ ᠳᠤ ᠣᠷᠣᠯᠴᠠᠪᠠ᠃ ● 8 ᠰᠠᠷ᠎ᠠ ᠶᠢᠨ 10 ᠤ ᠡᠳᠦᠷ᠂ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠠᠶᠢᠮᠠᠭ ᠤᠨ ᠳᠠᠷᠤᠭ᠎ᠠ ᠰᠦᠬᠡ ︽ᠭᠤᠷᠪᠠᠨ ᠤᠮᠠᠷᠠᠲᠤ︾ ᠶᠢᠨ ᠬᠠᠯᠬᠠᠪᠴᠢ ᠣᠶ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠳᠡᠳ᠋ ᠲᠣᠪᠴᠢᠶᠠᠨ ᠳᠠᠷᠤᠭ᠎ᠠ  ᠹᠧᠩ ᠳ᠋ᠧ ᠴᠢᠶᠠᠨ ᠨᠠᠷ ᠲᠠᠢ ᠶᠠᠷᠢᠯᠴᠠᠬᠤ ᠬᠤᠷᠠᠯ ᠬᠢᠪᠡ᠃ ● 8 ᠰᠠᠷ᠎ᠠ ᠶᠢᠨ 12 ᠤᠨ ᠡᠳᠦᠷ᠂ ᠠᠶᠢᠮᠠᠭ ᠤᠨ ᠨᠠᠮ ᠤᠨ ᠬᠤᠷᠢᠶ᠎ᠠ  ᠠᠶᠢᠮᠠᠭ ᠤᠨ ᠨᠠᠮ ᠤᠨ ᠬᠤᠷᠢᠶ᠎ᠠ ᠶᠢᠨ ᠭᠡᠰᠢᠭᠦᠳ ᠤᠨ ᠬᠤᠷᠠᠯ ᠵᠢᠴᠢ ᠠᠶᠢᠮᠠᠭ ᠤᠨ ᠨᠡᠭᠦᠷᠡᠰᠦᠲᠥ᠋ᠷᠥᠭᠴᠢ ᠶᠢᠨ  ᠭᠠᠳᠠᠭᠰᠢᠯᠠᠭᠤᠯᠤᠯᠳᠠ ᠤᠷᠬᠢᠯ ᠬᠡᠮᠵᠢᠭᠳᠡᠯ ᠳᠤ ᠬᠦᠷᠬᠦ᠂ ᠨᠡᠭᠦᠷᠡᠰᠦᠳᠦᠷᠦᠭᠴᠢ ᠶᠢ ᠰᠠᠭᠠᠷᠮᠠᠭᠵᠢᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠢ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ  ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠠ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠬᠤᠷᠠᠯ ᠪᠠ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠬᠢᠩᠭᠠᠨ ᠠᠶᠢᠮᠠᠭ ᠤᠨ ᠦᠵᠡᠯ ᠤᠬᠠᠮᠰᠠᠷ ᠤᠨ ᠬᠡᠯᠪᠡᠷᠢ ᠪᠠ ᠳᠣᠲᠣᠭᠠᠳᠤ ᠶᠢ ᠬᠠᠮᠠᠭᠠᠯᠠᠬᠤ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠳᠠᠷᠠᠭᠠᠴᠢ ᠶᠢᠨ ᠠᠯᠬᠤᠮ ᠤᠨ ᠭᠤᠣᠯᠳᠠᠯᠭ᠎ᠠ ᠲᠠᠢ ᠠᠵᠢᠯ ᠢ ᠰᠤᠳᠤᠯᠤᠨ ᠪᠠᠶᠢᠷᠢᠯᠠᠭᠤᠯᠪᠠ᠃ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠠᠶᠢᠮᠠᠭ ᠤᠨ ᠳᠠᠷᠤᠭ᠎ᠠ ᠰᠦᠬᠡ ᠬᠤᠷᠠᠯ ᠳᠤ ᠣᠷᠣᠯᠴᠠᠪᠠ᠃ ● 8 ᠰᠠᠷ᠎ᠠ ᠶᠢᠨ 13 ᠤ ᠡᠳᠦᠷ᠂ ᠭᠤᠷᠪᠠᠳᠤᠭᠠᠷ ᠬᠤᠭᠤᠴᠠᠭᠠᠨ ᠤ ᠰᠤᠷᠭᠠᠭᠤᠯᠢ  ᠨᠢᠭᠡᠳᠡᠨ ᠤ ᠠᠵᠤ ᠠᠬᠤᠶ ᠶᠢᠨ ᠶᠠᠷᠢᠶᠠᠨ ᠤ ᠲᠠᠪᠴᠠᠩ ᠷᠠᠰᠢᠶᠠᠨ ᠬᠤᠲᠠ ᠳᠤ ᠦᠪᠡᠳᠡᠭᠰᠢ ᠶᠡᠭᠡ ᠪᠠᠷ ᠡᠬᠢᠯᠡᠪᠡ᠃ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠠᠶᠢᠮᠠᠭ ᠤᠨ ᠳᠠᠷᠤᠭ᠎ᠠ ᠰᠦᠬᠡ ᠡᠬᠢᠯᠡᠯᠲᠡ ᠶᠢᠨ ᠶᠣᠰᠣᠯᠠᠯ ᠢ ᠡᠷᠭᠢᠯᠡᠪᠡ᠃ ● 8 ᠰᠠᠷ᠎ᠠ ᠶᠢᠨ 15 ᠤ ᠡᠳᠦᠷ᠂ ᠪᠦᠬᠦ ᠤᠯᠤᠰ ᠤᠨ ᠠᠩᠬᠠᠳᠠᠭᠴᠢ ᠣᠷᠣᠨ ᠪᠦᠰᠡ ᠶᠢᠨ ᠫᠠᠶᠢᠰᠠ ᠶᠢᠨ ᠲᠦᠷᠢ ᠲᠥᠷᠬᠦ — ᠬᠢᠩᠭᠠᠨ ᠠᠶᠢᠮᠠᠭ ᠤᠨ ᠣᠷᠣᠨ ᠪᠦᠰᠡ ᠶᠢᠨ ᠫᠠᠶᠢᠰᠠ ᠶᠢᠨ ᠲᠦᠷᠢ ᠲᠥᠷᠬᠦ ᠶᠢ ᠪᠡᠭᠡᠵᠢᠩ ᠳᠤ ᠨᠡᠶᠢᠲᠡᠯᠡᠵᠦ᠂ ᠠᠶᠢᠮᠠᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠠᠶᠢᠮᠠᠭ ᠤᠨ ᠳᠠᠷᠤᠭ᠎ᠠ ᠰᠦᠬᠡ ᠶᠣᠰᠣᠯᠠᠯ ᠳᠤ ᠣᠷᠣᠯᠴᠠᠵᠤ ᠪᠠᠶᠠᠷ ᠤᠨ ᠦᠭᠡ ᠬᠡᠯᠡᠪᠡ᠃ ● 8 ᠰᠠᠷ᠎ᠠ ᠶᠢᠨ 17 ᠤ ᠡᠳᠦᠷ ᠠᠴᠠ 19 ᠤ ᠡᠳᠦᠷ ᠪᠣᠯᠲᠠᠯ᠎ᠠ᠂ ᠠᠮᠢ ᠠᠬᠤᠢ ᠣᠷᠴᠢᠨ ᠲᠣᠭᠤᠷᠢᠨ ᠤ ᠶᠠᠮᠤᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠰᠠᠶᠢᠳ ᠵᠠᠢ ᠴᠢᠩ ᠪᠠᠶᠢᠴᠠᠭᠠᠨ ᠰᠤᠳᠤᠯᠬᠤ ᠳᠤᠭᠤᠶᠢᠯᠠᠩ ᠢ ᠳᠠᠭᠠᠭᠤᠯᠤᠨ ᠬᠢᠩᠭᠠᠨ ᠠᠶᠢᠮᠠᠭ ᠲᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠲᠥᠪ ᠤᠨ ᠪᠠᠶᠢᠭᠤᠯᠤᠯᠲᠠ ᠶᠢᠨ ᠠᠵᠢᠯ ᠢ ᠪᠠᠶᠢᠴᠠᠭᠠᠨ ᠰᠤᠳᠤᠯᠬᠤ ᠶᠢᠨ ᠬᠠᠮᠲᠤ ᠶᠠᠷᠢᠯᠴᠠᠬᠤ ᠬᠤᠷᠠᠯ ᠬᠤᠷᠠᠯᠳᠤᠭᠤᠯᠪᠠ᠃ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠠᠶᠢᠮᠠᠭ ᠤᠨ ᠳᠠᠷᠤᠭ᠎ᠠ ᠰᠦᠬᠡ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃ ● 8 ᠳ᠋ᠤᠭᠠᠷ ᠰᠠᠷ᠎ᠠ ᠶᠢᠨ 20 ᠤ ᠡᠳᠦᠷ᠂ ᠠᠶᠢᠮᠠᠭ ᠤᠨ ᠨᠠᠮ ᠤᠨ ᠬᠤᠷᠢᠶ᠎ᠠ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠬᠤᠷᠠᠯ ᠬᠤᠷᠠᠯᠳᠤᠭᠤᠯᠵᠤ᠂ ᠰᠢ ᠶᠢᠨ ᠫᠢᠩ  ᠤᠨ ᠬᠠᠤᠯᠢ ᠪᠠᠷ ᠵᠠᠰᠠᠬᠤ ᠦᠵᠡᠯ ᠰᠠᠨᠠᠭ᠎ᠠ᠂ ᠶᠡᠷᠦᠩᠬᠡᠶ ᠱᠦᠵᠢ ᠰᠢ ᠶᠢᠨ ᠫᠢᠩ  ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠦᠷᠢᠮ ᠢ ᠪᠠᠷᠢᠮᠲᠠᠯᠠᠨ ᠲᠡᠭᠦᠯᠳᠡᠷᠵᠢᠭᠦᠯᠬᠦ ᠲᠤᠬᠠᠶ ᠴᠢᠬᠤᠯᠠ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ  ᠲᠤᠭᠤᠰᠢᠯᠠᠭᠤᠯᠵᠦ᠂ ᠲᠥᠪ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠬᠤᠷᠠᠯ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠪᠥᠬᠦ ᠠᠶᠢᠮᠠᠭ ᠤᠨ ᠠᠷᠠᠳ ᠤᠨ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠠᠶᠢᠮᠠᠭ ᠤᠨ ᠳᠠᠷᠤᠭ᠎ᠠ ᠰᠦᠬᠡ ᠬᠤᠷᠠᠯ ᠳᠤ ᠣᠷᠣᠯᠴᠠᠪᠠ᠃ ● 8 ᠰᠠᠷ᠎ᠠ ᠶᠢᠨ 24 ᠤ ᠡᠳᠦᠷ᠂ ᠬᠢᠩᠭᠠᠨ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠠᠶᠢᠮᠠᠭ ᠤᠨ ᠳᠠᠷᠤᠭ᠎ᠠ ᠰᠦᠬᠡ ᠠᠶᠢᠮᠠᠭ ᠤᠨ ᠵᠠᠬᠢᠷᠭ᠎ᠠ ᠶᠢᠨ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ︽ᠬᠢᠩᠭᠠᠨ ᠠᠶᠢᠮᠠᠭ ᠤᠨ 5G ᠶᠢᠨ ᠬᠥᠭᠵᠢᠯᠲᠡ ᠶᠢ ᠲᠦᠷᠭᠡᠳᠬᠡᠨ ᠠᠬᠢᠭᠤᠯᠬᠤ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠨᠦᠭᠦᠳ︾ ︽ᠬᠢᠩᠭᠠᠨ ᠠᠶᠢᠮᠠᠭ ᠤᠨ ᠡᠨᠧᠷᠭᠢ ᠶᠢᠨ ᠬᠡᠷᠡᠭᠯᠡᠭᠡᠨ ᠤ ᠡᠷᠴᠢᠮ ᠪᠠ ᠶᠡᠷᠦᠩᠬᠡᠶ ᠬᠡᠮᠵᠢᠶ᠎ᠡ ᠶᠢ ᠬᠤᠶᠠᠷ ᠢ ᠡᠵᠡᠮᠳᠡᠬᠦ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠦᠨ ᠨᠡᠭᠦᠷᠡᠰᠦᠲᠥ᠋ᠷᠥᠭᠴᠢ ᠶᠢ ᠣᠷᠭᠢᠯ ᠳᠤ ᠬᠦᠷᠭᠡᠬᠦ ᠠᠵᠢᠯ ᠢ ᠳᠥᠯᠭᠢᠨ ᠠᠬᠢᠭᠤᠯᠬᠤ ᠶᠢᠨ ᠠᠷᠪᠠᠨ ᠳᠥᠷᠪᠡᠳᠦᠭᠡᠷ ᠲᠠᠪᠤᠨ ᠵᠢᠯ ᠤᠨ ᠬᠡᠷᠡᠭᠵᠢᠭᠦᠯᠬᠦ ᠲᠥᠰᠦᠯ︾ ᠢ ᠬᠢᠨᠠᠨ ᠶᠠᠷᠢᠯᠴᠠᠵᠤ᠂ ᠬᠢᠩᠭᠠᠨ ᠠᠶᠢᠮᠠᠭ ᠤᠨ ᠡᠭᠦᠷᠢᠳᠡ ᠶᠢᠨ ᠴᠢᠨᠠᠷᠲᠠᠶ ᠴᠢᠩᠭᠡᠯᠢᠭ ᠡᠮᠨᠡᠯᠭᠡ ᠶᠢᠨ ᠬᠤᠷᠢᠶ᠎ᠠ ᠶᠢ ᠪᠥᠲᠥᠭᠡᠨ ᠪᠠᠶᠢᠭᠤᠯᠬᠤ ᠬᠤᠯᠪᠣᠭᠳᠠᠯ ᠪᠥᠬᠦᠶ ᠵᠦᠢᠯᠡᠰ ᠢ ᠰᠤᠳᠤᠯᠵᠠᠶ᠃ ● 8 ᠰᠠᠷ᠎ᠠ ᠶᠢᠨ 24 ᠤ ᠡᠳᠦᠷ ᠠᠴᠠ 25 ᠤ ᠡᠳᠦᠷ ᠪᠣᠯᠲᠠᠯ᠎ᠠ᠂ ᠳᠤᠮᠳᠠᠳᠤ ᠤᠯᠤᠰ ᠤᠨ ᠬᠥᠳᠡᠭᠡ ᠠᠵᠤ ᠠᠬᠤᠢ ᠶᠢᠨ ᠰᠢᠨᠵᠢᠯᠡᠭᠡᠨ ᠤ ᠨᠡᠶᠢᠭᠡᠮᠯᠢᠭ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠳᠤᠮᠳᠠᠳᠤ ᠤᠯᠤᠰ ᠤᠨ ᠦᠢᠯᠡᠴᠢᠯᠡᠭᠡᠨ ᠤ ᠪᠦᠯᠬᠦᠮ ᠢ ᠵᠣᠬᠢᠶᠠᠨ ᠪᠠᠶᠢᠭᠤᠯᠵᠤ ᠬᠢᠩᠭᠠᠨ ᠠᠶᠢᠮᠠᠭ ᠲᠤ ᠰᠢᠨᠵᠢᠯᠡᠨ ᠪᠠᠶᠢᠴᠠᠭᠠᠵᠤ ᠪᠠᠶᠢᠴᠠᠭᠠᠨ ᠰᠤᠳᠤᠯᠤᠯᠲᠠ ᠬᠢᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠦᠢᠯᠡᠴᠢᠯᠡᠭᠡ ᠥᠷᠨᠢᠭᠦᠯᠵᠦ᠂ ᠬᠤᠷᠠᠯ ᠪᠠ ᠣᠷᠣᠨ ᠨᠤᠲᠤᠭ ᠤᠨ ᠬᠠᠮᠲᠤᠷᠠᠯᠴᠠᠭᠠᠨ ᠤ ᠶᠠᠷᠢᠯᠴᠠᠬᠤ ᠬᠤᠷᠠᠯ ᠬᠤᠷᠠᠯᠳᠤᠭᠤᠯᠬᠤ ᠶᠢᠨ ᠬᠠᠮᠲᠤ ᠪᠦᠳᠦᠭᠦᠪᠴᠢ ᠬᠠᠮᠲᠤᠷᠠᠯᠴᠠᠭᠠᠨ ᠤ ᠵᠥᠪᠯᠡᠯᠴᠡᠭᠡᠷ ᠲᠤᠬᠢᠷᠠᠯᠴᠠᠪᠠ᠃ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠠᠶᠢᠮᠠᠭ ᠤᠨ ᠳᠠᠷᠤᠭ᠎ᠠ ᠰᠦᠬᠡ ᠶᠠᠷᠢᠯᠴᠠᠬᠤ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ ● 8 ᠰᠠᠷ᠎ᠠ ᠶᠢᠨ 26 ᠤ ᠡᠳᠦᠷ᠂ 2022 ᠷᠠᠰᠢᠶᠠᠨ ᠤ ᠵᠤᠭᠠᠴᠠᠯ ᠰᠡᠯᠡᠭᠦᠴᠡᠯ ᠤᠨ ᠠᠮᠠᠷᠠᠯᠲᠠ ᠶᠢᠨ ᠶᠡᠭᠡ ᠬᠤᠷᠠᠯ ᠵᠢᠴᠢ ᠤᠯᠤᠰ ᠤᠨ ᠲᠡᠰ ᠤᠨ ᠵᠤᠭᠠᠴᠠᠯ  ᠰᠡᠯᠡᠭᠦᠴᠡᠯ ᠤᠨ ᠠᠮᠠᠷᠠᠯᠲᠠ ᠶᠢᠨ ᠣᠷᠣᠨ ᠢ ᠡᠭᠦᠳᠦᠨ ᠪᠠᠶᠢᠭᠤᠯᠬᠤ ᠡᠬᠢᠯᠡᠯᠲᠡ ᠶᠢᠨ ᠶᠣᠰᠣᠯᠠᠯ ᠬᠢᠩᠭᠠᠨ ᠠᠶᠢᠮᠠᠭ ᠤᠨ ᠷᠠᠰᠢᠶᠠᠨ ᠤ ᠶᠠᠷᠢᠶᠠᠨ ᠤ ᠲᠠᠪᠴᠠᠩ ᠤᠨ ᠲᠥᠪ ᠲᠤ ᠶᠠᠪᠤᠭᠳᠠᠪᠠ᠃ ᠬᠢᠩᠭᠠᠨ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠠᠶᠢᠮᠠᠭ ᠤᠨ ᠳᠠᠷᠤᠭ᠎ᠠ ᠰᠦᠬᠡ ᠡᠬᠢᠯᠡᠯᠲᠡ ᠶᠢᠨ ᠶᠣᠰᠣᠯᠠᠯ ᠳᠤ ᠣᠷᠣᠯᠴᠠᠵᠤ ᠪᠠᠶᠠᠷ ᠤᠨ ᠦᠭᠡ ᠬᠡᠯᠡᠪᠡ᠃ ● 8 ᠰᠠᠷ᠎ᠠ ᠶᠢᠨ 26 ᠤ ᠡᠳᠦᠷ᠂ ᠬᠢᠩᠭᠠᠨ ᠠᠶᠢᠮᠠᠭ ᠤᠨ ᠨᠠᠮ ᠤᠨ ᠬᠤᠷᠢᠶ᠎ᠠ ᠶᠢᠨ ᠤᠨᠤᠯ ᠰᠤᠷᠤᠯᠴᠠᠬᠤ ᠭᠤᠣᠯ ᠳᠤᠭᠤᠶᠢᠯᠠᠩ ᠬᠠᠮᠲᠤ ᠶᠢᠨ ᠰᠤᠷᠤᠯᠴᠠᠯᠭ᠎ᠠ ᠬᠢᠵᠦ᠂ ᠶᠡᠷᠦᠩᠬᠡᠢ ᠱᠦᠵᠢ ᠰᠢ ᠶᠢᠨ ᠫᠢᠩ  ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠶᠢᠨ ᠲᠣᠭᠤᠷᠢᠨ ᠳᠤ ᠰᠤᠳᠤᠯᠤᠨ ᠶᠠᠷᠢᠯᠴᠠᠵᠤ ᠰᠠᠨᠠᠯ ᠢᠶᠠᠨ ᠰᠣᠯᠢᠯᠴᠠᠪᠠ᠃ ᠬᠢᠩᠭᠠᠨ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠠᠶᠢᠮᠠᠭ ᠤᠨ ᠳᠠᠷᠤᠭ᠎ᠠ ᠰᠦᠬᠡ ᠬᠤᠷᠠᠯ ᠳᠤ ᠣᠷᠣᠯᠴᠠᠪᠠ᠃ ● 8 ᠰᠠᠷ᠎ᠠ ᠶᠢᠨ 31 ᠤ ᠡᠳᠦᠷ᠂ ᠠᠶᠢᠮᠠᠭ ᠤᠨ ᠨᠠᠮ ᠤᠨ ᠬᠤᠷᠢᠶᠠᠨ ᠤ  ᠲᠡᠳ᠋ ᠱᠦᠵᠢ᠂ ᠠᠶᠢᠮᠠᠭ ᠤᠨ ᠳᠠᠷᠤᠭ᠎ᠠ ᠰᠦᠬᠡ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠳᠤ ᠭᠦᠨᠵᠡᠭᠡᠶᠢᠷᠡᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠠᠵᠤ ᠠᠬᠤᠶᠢᠯᠠᠯ ᠤᠨ ᠦᠢᠯᠡᠳᠪᠦᠷᠢᠯᠡᠯ ᠤᠨ ᠠᠵᠢᠯᠯᠠᠭᠠᠨ ᠪᠠ ᠭᠤᠣᠯᠳᠠᠯᠭ᠎ᠠ ᠲᠠᠢ ᠳᠦᠷᠦᠯ ᠵᠦᠢᠯ ᠤᠨ ᠪᠦᠳᠦᠬᠡᠨ ᠪᠠᠶᠢᠭᠤᠯᠤᠯᠲᠠ ᠵᠡᠷᠭᠡ ᠠᠵᠢᠯ ᠢ ᠪᠠᠶᠢᠴᠠᠭᠠᠨ ᠰᠤᠳᠤᠯᠪᠠ᠃ ● 8 ᠰᠠᠷ᠎ᠠ ᠶᠢᠨ 31 ᠤ ᠡᠳᠦᠷ᠂ ᠬᠢᠩᠭᠠᠨ ᠠᠶᠢᠮᠠᠭ ᠤᠨ ᠵᠠᠬᠢᠷᠭ᠎ᠠ ᠪᠥᠬᠦ ᠠᠶᠢᠮᠠᠭ ᠤᠨ ᠭᠤᠤᠯᠳᠠᠯᠭ᠎ᠠ ᠲᠠᠢ ᠠᠵᠢᠯ ᠤᠨ ᠬᠠᠷᠠᠭᠠᠨ ᠳᠠᠪᠲᠠᠮᠵᠢ ᠶᠢᠨ ᠲᠣᠬᠢᠷᠠᠭᠤᠯᠤᠯᠲᠠ ᠶᠢᠨ ᠬᠤᠷᠠᠯ ᠬᠤᠷᠠᠯᠳᠤᠭᠤᠯᠵᠤ᠂ ᠡᠯ᠎ᠡ ᠬᠤᠰᠢᠭᠤ ᠰᠢᠶᠠᠨ ᠬᠤᠲᠠ ᠶᠢᠨ ᠠᠵᠤ ᠠᠬᠤᠶ ᠶᠢᠨ ᠠᠵᠢᠯᠯᠠᠭᠠᠨ᠂ ᠦᠨᠳᠦᠰᠦᠨ ᠠᠵᠢᠯᠯᠠᠭ᠎ᠠ ᠶᠢ ᠶᠡᠭᠡ ᠪᠠᠷ ᠡᠬᠢᠯᠡᠭᠦᠯᠬᠦ᠂ ᠡᠪᠦᠯ ᠤᠨ ᠤᠯᠠᠷᠢᠯ ᠤᠨ ᠳᠤᠯᠠᠭᠠᠯᠠᠭ᠎ᠠ ᠶᠢᠨ ᠬᠠᠩᠭᠠᠯᠭ᠎ᠠ ᠶᠢ ᠪᠠᠲᠤᠯᠠᠬᠤ ᠪᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠡᠷᠭᠡ ᠠᠵᠢᠯ ᠤᠨ ᠪᠠᠶᠢᠳᠠᠯ ᠢ ᠰᠣᠨᠣᠰᠴᠤ᠂ ᠲᠠᠷᠠᠭᠠᠴᠢ ᠶᠢᠨ ᠠᠯᠬᠤᠮ ᠤᠨ ᠭᠤᠤᠯᠳᠠᠯᠭ᠎ᠠ ᠲᠠᠢ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠠᠶᠢᠮᠠᠭ ᠤᠨ ᠳᠠᠷᠤᠭ᠎ᠠ ᠰᠦᠬᠡ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃
 
ᠢᠷᠡᠯᠲᠡ᠄ ᠬᠢᠩᠭᠠᠨ ᠠᠶᠢᠮᠠᠭ ᠤᠨ ᠵᠠᠬᠢᠷᠭ᠎ᠠ ᠶᠢᠨ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号