ᠲᠤᠮᠤ ᠠᠵᠢᠯ ᠶᠠᠪᠤᠳᠠᠯ ᠤᠨ ᠲᠡᠮᠳᠡᠭᠯᠡᠯ ︵9 ᠰᠠᠷ᠎ᠠ ᠶᠢᠨ 1 ᠤ ᠡᠳᠦᠷ ᠠᠴᠠ 30 ᠤ ᠡᠳᠦᠷ︶
ᠨᠡᠶᠢᠲᠡᠯᠡᠭᠰᠡᠨ ᠴᠠᠭ᠄
2022/11/14
● 9 ᠰᠠᠷ᠎ᠠ ᠶᠢᠨ 2 ᠤᠨ ᠡᠳᠦᠷ᠂ ᠬᠤᠶᠠᠳᠤᠭᠠᠷ ᠬᠤᠭᠤᠴᠠᠭᠠᠨ ᠤ ᠤᠯᠤᠰ ᠤᠨ ᠲᠠᠷᠢᠶᠠᠯᠠᠩ ᠤᠨ ᠪᠦᠲᠦᠭᠡᠭᠳᠡᠬᠦᠨ ᠢ ᠡᠳ᠋ᠰᠢᠭᠦᠯᠦᠨ ᠪᠣᠯᠪᠠᠰᠤᠷᠠᠭᠤᠯᠬᠤ ᠠᠵᠤ ᠦᠢᠯᠡᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠬᠤᠯᠪᠣᠭ᠎ᠠ ᠶᠢᠨ ᠶᠡᠭᠡ ᠬᠤᠷᠠᠯ ᠵᠢᠴᠢ ᠲᠠᠷᠢᠶᠠᠯᠠᠩ ᠤᠨ ᠪᠦᠲᠦᠭᠡᠭᠳᠡᠬᠦᠨ ᠢ ᠡᠳ᠋ᠰᠢᠭᠦᠯᠦᠨ ᠪᠣᠯᠪᠠᠰᠤᠷᠠᠭᠤᠯᠬᠤ ᠪᠠ ᠡᠬᠢ ᠪᠠᠶᠠᠯᠢᠭ ᠢ ᠠᠷᠪᠢᠯᠠᠨ ᠡᠷᠴᠢᠮᠵᠢᠭᠦᠯᠦᠨ ᠥᠨᠳᠥᠷ ᠪᠦᠲᠦᠮᠵᠢᠲᠡᠢ ᠠᠰᠢᠭᠯᠠᠬᠤ ᠰᠤᠳᠤᠯᠤᠨ ᠶᠠᠷᠢᠯᠴᠠᠬᠤ ᠬᠤᠷᠠᠯ ᠬᠢᠩᠭᠠᠨ ᠠᠶᠢᠮᠠᠭ ᠤᠨ ᠷᠠᠰᠢᠶᠠᠨ ᠤ ᠶᠠᠷᠢᠶᠠᠨ ᠤ ᠲᠠᠪᠴᠠᠩ ᠤᠨ ᠲᠥᠪ ᠲᠤ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠶᠢ ᠵᠡᠷᠭᠡᠪᠡᠷ ᠶᠠᠪᠤᠭᠳᠠᠭᠤᠯᠬᠤ ᠬᠡᠯᠪᠡᠷᠢ ᠪᠠᠷ ᠶᠠᠪᠤᠭᠳᠠᠪᠠ᠃ ᠬᠢᠩᠭᠠᠨ ᠠᠶᠢᠮᠠᠭ ᠤᠨ ᠨᠠᠮ ᠤᠨ  ᠬᠤᠷᠢᠶ᠎ᠠ  ᠶᠢᠨ ᠳᠡᠳ᠋ ᠱᠦᠵᠢ᠂ ᠠᠶᠢᠮᠠᠭ ᠤᠨ ᠳᠠᠷᠤᠭ᠎ᠠ ᠰᠦᠬᠡ ᠲᠤᠬᠠᠢ ᠶᠢᠨ ᠲᠠᠯᠠᠪᠠᠢ ᠳᠤ ᠬᠤᠷᠠᠯ ᠳᠤ ᠣᠷᠣᠯᠴᠠᠭᠰᠠᠨ ᠪᠥᠭᠡᠳ ᠤᠭᠲᠤᠬᠤ ᠦᠭᠡ ᠬᠡᠯᠡᠵᠡᠢ᠃ ● 9 ᠰᠠᠷ᠎ᠠ ᠶᠢᠨ 5 ᠤ ᠡᠳᠦᠷ᠂ ᠬᠢᠩᠭᠠᠨ ᠠᠶᠢᠮᠠᠭ ᠤᠨ ᠵᠠᠬᠢᠷᠭ᠎ᠠ ᠪᠠᠶᠢᠩᠭᠤ ᠶᠢᠨ ᠬᠤᠷᠠᠯ ᠬᠤᠷᠠᠯᠳᠤᠭᠤᠯᠪᠠ᠃ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠠᠶᠢᠮᠠᠭ ᠤᠨ ᠳᠠᠷᠤᠭ᠎ᠠ ᠰᠦᠬᠡ ᠬᠤᠷᠠᠯ  ᠢ ᠡᠷᠭᠢᠯᠡᠪᠡ᠃ ● 9 ᠰᠠᠷ᠎ᠠ ᠶᠢᠨ 5 ᠤ ᠡᠳᠦᠷ᠂ ᠠᠶᠢᠮᠠᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠠᠶᠢᠮᠠᠭ ᠤᠨ ᠳᠠᠷᠤᠭ᠎ᠠ ᠰᠦᠬᠡ ᠠᠶᠢᠮᠠᠭ ᠤᠨ ᠠᠵᠤ ᠠᠬᠤᠢ ᠮᠡᠷᠭᠡᠵᠢᠯ ᠤᠨ ᠨᠡᠭᠡᠭᠡᠨ ᠬᠥᠭᠵᠢᠭᠦᠯᠦᠯᠲᠡ ᠶᠢᠨ ᠲᠣᠭᠤᠷᠢᠭ ᠲᠤ ᠭᠦᠨᠵᠡᠭᠡᠶᠢᠷᠡᠨ ᠠᠵᠤ ᠠᠬᠤᠶᠢᠯᠠᠯ ᠤᠨ ᠦᠢᠯᠡᠳᠪᠦᠷᠢᠯᠡᠯ ᠤᠨ ᠠᠵᠢᠯᠯᠠᠭ᠎ᠠ᠂ ᠠᠶᠤᠯᠭᠦᠢ ᠦᠢᠯᠡᠳᠪᠦᠷᠢᠯᠡᠯ ᠪᠣᠯᠤᠨ ᠭᠤᠣᠯᠳᠠᠯᠭ᠎ᠠ ᠲᠠᠢ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠵᠡᠷᠭᠡ ᠠᠵᠢᠯ ᠳᠤ ᠪᠠᠶᠢᠴᠠᠭᠠᠨ ᠰᠤᠳᠤᠯᠤᠯᠲᠠ ᠬᠢᠵᠡᠢ᠃ ● 9 ᠰᠠᠷ᠎ᠠ ᠶᠢᠨ 6 ᠤ ᠡᠳᠦᠷ᠂ ᠠᠶᠢᠮᠠᠭ ᠤᠨ ᠨᠠᠮ ᠤᠨ ᠬᠤᠷᠢᠶ᠎ᠠ  ᠶᠢᠨ ᠳᠡᠳ᠋ ᠱᠦᠵᠢ᠂ ᠠᠶᠢᠮᠠᠭ ᠤᠨ ᠳᠠᠷᠤᠭ᠎ᠠ ᠰᠦᠬᠡ ᠵᠠᠯᠠᠶᠢᠳ ᠬᠤᠰᠢᠭᠤᠨ ᠳᠤ ᠭᠦᠨᠵᠡᠭᠡᠶᠢᠷᠡᠨ ᠨᠡᠭᠦᠳᠡᠯ ᠠᠷᠠᠳ ᠢ ᠲᠥᠪᠬᠢᠨᠡᠭᠦᠯᠬᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠭᠤᠣᠯᠳᠠᠯᠭ᠎ᠠ ᠲᠠᠢ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠵᠡᠷᠭᠡ ᠠᠵᠢᠯ ᠢ ᠱᠠᠯᠠᠪᠳᠠᠭᠤᠯᠤᠨ ᠵᠢᠯᠣᠭᠤᠳᠴᠤ ᠪᠠᠶᠢᠴᠠᠭᠠᠨ ᠰᠤᠳᠤᠯᠵᠠᠢ᠃ ● 9 ᠰᠠᠷ᠎ᠠ ᠶᠢᠨ 8 ᠤ ᠡᠳᠦᠷ᠂ ᠬᠢᠩᠭᠠᠨ ᠠᠶᠢᠮᠠᠭ ᠤᠨ ᠵᠠᠬᠢᠷᠭ᠎ᠠ ᠪᠦᠬᠦ ᠠᠶᠢᠮᠠᠭ ᠤᠨ ᠠᠵᠤ ᠦᠢᠯᠡᠳᠪᠦᠷᠢ ᠶᠢᠨ ᠠᠵᠤ ᠠᠬᠤᠢ ᠶᠢᠨ ᠠᠵᠢᠯᠯᠠᠭᠠᠨ ᠢ ᠲᠤᠬᠢᠷᠠᠭᠤᠯᠬᠤ ᠬᠤᠷᠠᠯ ᠬᠤᠷᠠᠯᠳᠤᠭᠤᠯᠵᠤ᠂ ᠡᠨᠡ ᠵᠢᠯ ᠠᠴᠠ ᠨᠠᠰᠢᠬᠢ ᠪᠦᠬᠦ ᠠᠶᠢᠮᠠᠭ ᠤᠨ ᠠᠵᠤ ᠦᠢᠯᠡᠳᠪᠦᠷᠢ ᠶᠢᠨ ᠠᠵᠤ ᠠᠬᠤᠢ ᠶᠢᠨ ᠠᠵᠢᠯᠯᠠᠭᠠᠨ ᠤ ᠪᠠᠶᠢᠳᠠᠯ ᠢ ᠳ᠋ᠦᠩᠨᠡᠨ ᠵᠠᠳᠠᠯᠵᠤ᠂ ᠳᠠᠷᠠᠭᠠᠴᠢ ᠶᠢᠨ ᠠᠯᠬᠤᠮ ᠤᠨ ᠭᠤᠣᠯᠳᠠᠯᠭ᠎ᠠ ᠲᠠᠢ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ᠃ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠠᠶᠢᠮᠠᠭ ᠤᠨ ᠳᠠᠷᠤᠭ᠎ᠠ ᠰᠦᠬᠡ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ ● 9 ᠰᠠᠷ᠎ᠠ ᠶᠢᠨ 8 ᠤ ᠡᠳᠦᠷ᠂ ᠬᠢᠩᠭᠠᠨ ᠠᠶᠢᠮᠠᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠤᠳᠤᠷᠢᠳᠬᠤ ᠳᠤᠭᠤᠶᠢᠯᠠᠩ ᠬᠤᠷᠠᠯ ᠬᠤᠷᠠᠯᠳᠤᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠣᠳᠣᠬᠠᠨ ᠤ ᠪᠠᠶᠢᠳᠠᠯ ᠢ ᠵᠠᠳᠠᠯᠤᠨ ᠰᠤᠳᠤᠯᠤᠨ ᠮᠠᠭᠠᠳᠯᠠᠵᠤ᠂ ᠰᠡᠷᠭᠡᠶᠢᠯᠡᠨ ᠡᠵᠡᠮᠳᠡᠬᠦ ᠭᠤᠣᠯᠳᠠᠯᠭ᠎ᠠ ᠲᠠᠢ ᠡᠭᠦᠷᠭᠡ ᠶᠢ ᠲᠤᠬᠢᠷᠠᠭᠤᠯᠤᠨ ᠪᠠᠶᠢᠷᠢᠯᠠᠭᠤᠯᠪᠠ᠃ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠠᠶᠢᠮᠠᠭ ᠤᠨ ᠳᠠᠷᠤᠭ᠎ᠠ ᠰᠦᠬᠡ ᠬᠤᠷᠠᠯ ᠳᠤ ᠣᠷᠣᠯᠴᠠᠪᠠ᠃ ● 9 ᠰᠠᠷ᠎ᠠ ᠶᠢᠨ 9 ᠤ ᠡᠳᠦᠷ᠂ ᠠᠶᠢᠮᠠᠭ ᠤᠨ ᠨᠠᠮ ᠤᠨ  ᠬᠤᠷᠢᠶ᠎ᠠ ᠠᠶᠢᠮᠠᠭ ᠤᠨ ᠨᠠᠮ ᠤᠨ ᠬᠤᠷᠢᠶ᠎ᠠ ᠶᠢᠨ ᠭᠡᠰᠢᠭᠦᠳ ᠤᠨ ᠬᠤᠷᠠᠯ ᠵᠢᠴᠢ ᠠᠶᠢᠮᠠᠭ ᠤᠨ ᠨᠠᠮ ᠤᠨ ᠬᠤᠷᠢᠶ᠎ᠠ  ᠶᠢᠨ ᠬᠠᠤᠯᠢ ᠪᠠᠷ ᠠᠶᠢᠮᠠᠭ ᠢ ᠪᠦᠬᠦ ᠲᠠᠯ᠎ᠠ ᠪᠠᠷ ᠵᠠᠰᠠᠬᠤ ᠵᠥᠪᠯᠡᠯ ᠤᠨ ᠬᠤᠷᠠᠯ ᠢ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠯᠢᠶᠣᠤᠨᠢᠩ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠠᠶᠢᠮᠠᠭ ᠤᠨ ᠨᠠᠮ ᠤᠨ  ᠬᠤᠷᠢᠶ᠎ᠠ ᠶᠢᠨ ᠭᠡᠰᠢᠭᠦᠳ ᠤᠨ ᠭᠤᠣᠯᠳᠠᠯᠭ᠎ᠠ ᠲᠠᠢ ᠠᠵᠢᠯ ᠢ ᠠᠬᠢᠭᠤᠯᠤᠭᠰᠠᠨ ᠪᠠᠶᠢᠳᠠᠯ ᠵᠢᠴᠢ ᠣᠳᠣᠬᠠᠨ ᠤ ᠠᠵᠤ ᠠᠬᠤᠢ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠳᠠᠷᠠᠭᠠᠴᠢ ᠶᠢᠨ ᠠᠯᠬᠤᠮ ᠤᠨ ᠭᠤᠣᠯᠳᠠᠯᠭ᠎ᠠ ᠲᠠᠢ ᠠᠵᠢᠯ ᠢ ᠰᠤᠳᠤᠯᠤᠨ ᠪᠠᠶᠢᠷᠢᠯᠠᠭᠤᠯᠪᠠ᠃ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠠᠶᠢᠮᠠᠭ ᠤᠨ ᠳᠠᠷᠤᠭ᠎ᠠ ᠰᠦᠬᠡ ᠬᠤᠷᠠᠯ ᠳᠤ ᠣᠷᠣᠯᠴᠠᠪᠠ᠃ ● 9 ᠰᠠᠷ᠎ᠠ ᠶᠢᠨ 9 ᠤ ᠡᠳᠦᠷ᠂ ᠬᠢᠩᠭᠠᠨ ᠠᠶᠢᠮᠠᠭ ᠤᠨ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠲᠤᠬᠢᠷᠠᠭᠤᠯᠬᠤ ᠬᠤᠷᠠᠯ ᠬᠤᠷᠠᠯᠳᠤᠭᠤᠯᠵᠤ᠂ ᠪᠦᠬᠦ ᠤᠯᠤᠰ ᠤᠨ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠲᠧᠯᠸᠢᠰ ᠤᠳᠠᠰᠤᠳᠣ ᠬᠤᠷᠠᠯ ᠤᠨ ᠵᠣᠷᠢᠭ ᠰᠠᠨᠠᠭ᠎ᠠ ᠶᠢ  ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠶᠢᠮᠠᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠣᠳᠣᠬᠠᠨ ᠤ ᠬᠢᠵᠢᠭ ᠤᠨ ᠪᠠᠶᠢᠳᠠᠯ ᠢ ᠵᠠᠳᠠᠯᠤᠨ ᠰᠤᠳᠤᠯᠵᠤ ᠮᠠᠭᠠᠳᠯᠠᠵᠤ᠂ ᠪᠦᠬᠦ ᠠᠶᠢᠮᠠᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠲᠠᠬᠢᠨ ᠲᠠᠶᠢᠴᠢᠯᠠᠵᠦ᠂ ᠲᠠᠬᠢᠨ ᠪᠠᠶᠢᠷᠢᠯᠠᠭᠤᠯᠪᠠ᠃ ᠠᠶᠢᠮᠠᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠠᠶᠢᠮᠠᠭ ᠤᠨ ᠳᠠᠷᠤᠭ᠎ᠠ᠂ ᠠᠶᠢᠮᠠᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠤᠨ ᠶᠡᠷᠦᠩᠬᠡᠶ ᠵᠢᠯᠣᠭᠤᠳᠣᠭᠴᠢ ᠰᠦᠬᠡ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠶ᠃ ● 9 ᠰᠠᠷ᠎ᠠ ᠶᠢᠨ 10 ᠤ ᠡᠳᠦᠷ᠂ ᠬᠢᠩᠭᠠᠨ ᠠᠶᠢᠮᠠᠭ ᠤᠨ ᠨᠠᠮ ᠤᠨ  ᠬᠤᠷᠢᠶ᠎ᠠ ᠶᠢᠨ ᠳᠡᠳ᠋ ᠱᠦᠵᠢ᠂ ᠠᠶᠢᠮᠠᠭ ᠤᠨ ᠳᠠᠷᠤᠭ᠎ᠠ ᠰᠦᠬᠡ ᠪᠠᠭᠰᠢ ᠨᠠᠷ ᠤᠨ ᠲᠥᠯᠥᠭᠡᠯᠡᠭᠴᠢᠳ ᠢ ᠡᠷᠬᠢᠨ ᠦᠵᠡᠭᠰᠡᠨ ᠪᠥᠭᠡᠳ ᠠᠶᠢᠮᠠᠭ ᠤᠨ ᠨᠠᠮ ᠤᠨ  ᠬᠤᠷᠢᠶ᠎ᠠ᠂ ᠵᠠᠬᠢᠷᠭ᠎ᠠ ᠶᠢᠨ ᠡᠮᠦᠨ᠎ᠡ ᠠᠴᠠ ᠪᠦᠬᠦ ᠠᠶᠢᠮᠠᠭ ᠤᠨ ᠥᠷᠭᠡᠨ ᠤᠯᠠᠨ ᠪᠠᠭᠰᠢ ᠪᠣᠯᠤᠨ ᠰᠤᠷᠭᠠᠨ ᠬᠥᠮᠦᠵᠢᠯ ᠤᠨ ᠠᠵᠢᠯᠲᠠᠳ ᠲᠤ ᠪᠠᠶᠠᠷ ᠤᠨ ᠡᠳᠦᠷ ᠤᠨ ᠮᠡᠨᠳᠦᠴᠢᠯᠡᠯ ᠪᠠ ᠴᠢᠩ ᠰᠡᠳᠬᠢᠯ ᠤᠨ ᠲᠣᠬᠤᠨᠢᠭᠤᠯᠤᠯ ᠬᠦᠷᠭᠡᠪᠡ᠃ ● 9 ᠰᠠᠷ᠎ᠠ ᠶᠢᠨ 13 ᠤ ᠡᠳᠦᠷ ᠠᠴᠠ 15 ᠤ ᠡᠳᠦᠷ ᠪᠣᠯᠲᠠᠯ᠎ᠠ᠂ ᠠᠶᠢᠮᠠᠭ ᠤᠨ ᠨᠠᠮ ᠤᠨ  ᠬᠤᠷᠢᠶ᠎ᠠ ᠶᠢᠨ ᠳᠡᠳ᠋ ᠱᠦᠵᠢ᠂ ᠠᠶᠢᠮᠠᠭ ᠤᠨ ᠳᠠᠷᠤᠭ᠎ᠠ ᠰᠦᠬᠡ ᠨᠠᠷ ᠤᠷᠢᠳ ᠬᠤᠵᠢᠳ ᠤᠷᠳᠤᠰ ᠬᠤᠳᠠ᠂ ᠬᠥᠬᠡᠬᠤᠲᠠ᠂ ᠲᠦᠩᠰᠢᠶᠠᠩ ᠬᠤᠳᠠ ᠳᠤ ᠬᠦᠷᠴᠦ᠂ ᠪᠥᠸᠧ ᠶᠤᠸᠠᠨ ᠪᠦᠯᠦᠭᠯᠡᠯ᠂ ᠤᠯᠠᠭᠠᠨ ᠪᠦᠯᠦᠭᠯᠡᠯ᠂ ᠥᠪᠥᠷ ᠮᠣᠩᠭᠤᠯ ᠤᠨ ᠡᠨᠧᠷᠭᠢ ᠶᠢᠨ ᠪᠦᠯᠦᠭᠯᠡᠯ᠂ ᠵᠢᠤᠢ ᠱᠢ ᠪᠦᠯᠦᠭᠯᠡᠯ ᠳᠤ ᠭᠦᠨᠵᠡᠭᠡᠶᠢᠷᠡᠨ ᠰᠢᠨᠵᠢᠯᠡᠨ ᠪᠠᠶᠢᠴᠠᠭᠠᠵᠤ ᠵᠣᠯᠭᠠᠭᠤᠯᠪᠠ᠃ ● 9 ᠰᠠᠷ᠎ᠠ ᠶᠢᠨ 17 ᠤ ᠡᠳᠦᠷ᠂ ᠬᠢᠩᠭᠠᠨ ᠠᠶᠢᠮᠠᠭ ᠤᠨ ᠡᠷᠦᠬᠡ ᠶᠢᠨ ᠵᠣᠷᠯᠣᠩ ᠢ ᠵᠢᠭᠰᠠᠭᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠢ ᠠᠬᠢᠭᠤᠯᠬᠤ ᠬᠤᠷᠠᠯ ᠬᠤᠷᠠᠯᠳᠤᠵᠤ᠂ ᠬᠢᠩᠭᠠᠨ ᠠᠶᠢᠮᠠᠭ ᠤᠨ ᠮᠠᠯᠵᠢᠬᠤ ᠲᠠᠷᠢᠶᠠᠯᠠᠬᠤ ᠣᠷᠣᠨ ᠤ ᠵᠣᠷᠯᠣᠩ ᠢ ᠥᠭᠡᠷᠡᠴᠢᠯᠡᠨ ᠰᠠᠶᠢᠵᠢᠷᠠᠭᠤᠯᠤᠭᠰᠠᠨ ᠠᠵᠢᠯ ᠤᠨ ᠪᠠᠶᠢᠳᠠᠯ ᠢ ᠵᠠᠷᠯᠠᠨ ᠮᠡᠳᠡᠭᠳᠡᠵᠦ᠂ ᠡᠷᠦᠬᠡ ᠶᠢᠨ ᠵᠣᠷᠯᠣᠩ ᠢ ᠵᠢᠭᠰᠠᠭᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠭᠤᠤᠯᠳᠠᠯᠭ᠎ᠠ ᠲᠠᠢ ᠠᠵᠢᠯ ᠢ ᠪᠠᠶᠢᠷᠢᠯᠠᠭᠤᠯᠪᠠ᠃ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠠᠶᠢᠮᠠᠭ ᠤᠨ ᠳᠠᠷᠤᠭ᠎ᠠ ᠰᠦᠬᠡ ᠬᠤᠷᠠᠯ ᠢ ᠡᠷᠭᠢᠯᠡᠪᠡ᠃ ● 9 ᠰᠠᠷ᠎ᠠ ᠶᠢᠨ 19 ᠤ ᠡᠳᠦᠷ᠂ ᠠᠶᠢᠮᠠᠭ ᠤᠨ ᠨᠠᠮ ᠤᠨ  ᠬᠤᠷᠢᠶ᠎ᠠ ᠶᠢᠨ ᠳᠡᠳ᠋ ᠱᠦᠵᠢ᠂ ᠠᠶᠢᠮᠠᠭ ᠤᠨ ᠳᠠᠷᠤᠭ᠎ᠠ ᠰᠦᠬᠡ ᠠᠶᠢᠮᠠᠭ ᠤᠨ ᠵᠠᠬᠢᠷᠭ᠎ᠠ ᠶᠢᠨ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠬᠢᠩᠭᠠᠨ ᠠᠶᠢᠮᠠᠭ ᠤᠨ 5+1 ︽ᠵᠢᠷᠭᠤᠭ᠎ᠠ ᠶᠢ ᠲᠤᠶᠢᠯᠪᠤᠷᠢᠲᠠᠢ ᠪᠠᠶᠢᠴᠠᠭᠠᠬᠤ︾ ᠠᠵᠢᠯᠯᠠᠭ᠎ᠠ ᠶᠢ ᠠᠬᠢᠭᠤᠯᠤᠭᠰᠠᠨ ᠪᠠᠶᠢᠳᠠᠯ ᠢ ᠰᠣᠨᠣᠰᠴᠤ᠂ ᠣᠳᠣᠬᠠᠨ ᠤ ᠭᠤᠣᠯᠳᠠᠯᠭ᠎ᠠ ᠲᠠᠢ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ᠃ ● 9 ᠰᠠᠷ᠎ᠠ ᠶᠢᠨ 19 ᠤ ᠡᠳᠦᠷ᠂ ᠬᠢᠩᠭᠠᠨ ᠠᠶᠢᠮᠠᠭ ᠤᠨ ᠵᠠᠬᠢᠷᠭ᠎ᠠ ᠪᠣᠯᠤᠨ ᠳᠤᠮᠳᠠᠳᠤ ᠤᠯᠤᠰ ᠤᠨ ᠲᠠᠷᠢᠶᠠᠯᠠᠩ ᠤᠨ ᠶᠡᠭᠡ ᠰᠤᠷᠭᠠᠭᠤᠯᠢ ᠰᠦᠯᠵᠢᠶᠡᠨ ᠳᠡᠭᠡᠷᠡᠬᠢ ᠭᠡᠷ᠎ᠡ ᠲᠣᠭᠲᠠᠬᠤ ᠬᠤᠷᠠᠯ ᠡᠷᠭᠢᠯᠡᠵᠦ᠂ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠠᠶᠢᠮᠠᠭ ᠤᠨ ᠳᠠᠷᠤᠭ᠎ᠠ ᠰᠦᠬᠡ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ ● 9 ᠰᠠᠷ᠎ᠠ ᠶᠢᠨ 26 ᠤ ᠡᠳᠦᠷ᠂ ᠬᠢᠩᠭᠠᠨ ᠠᠶᠢᠮᠠᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠠᠶᠢᠮᠠᠭ ᠤᠨ ᠳᠠᠷᠤᠭ᠎ᠠ ᠰᠦᠬᠡ ᠯᠤᠫᠦᠳ᠋ ᠰᠢᠨᠵᠢᠯᠡᠬᠦ ᠤᠬᠠᠭᠠᠨ ᠮᠡᠷᠭᠡᠵᠢᠯ ᠤᠨ ᠪᠦᠯᠦᠭᠯᠡᠯ ᠤᠨ ᠶᠡᠷᠦᠩᠬᠡᠢ ᠵᠠᠬᠢᠷᠤᠭᠴᠢ ᠵᠢᠶᠠᠩ ᠸᠧᠨ ᠲᠤᠤ ᠨᠠᠷ ᠲᠠᠢ ᠶᠠᠷᠢᠯᠴᠠᠬᠤ ᠶᠢᠨ ᠬᠠᠮᠲᠤ ᠬᠠᠮᠲᠤᠷᠠᠯᠴᠠᠭᠠᠨ ᠤ ᠬᠡᠯᠡᠯᠴᠡᠭᠡᠷ ᠲᠤ ᠭᠠᠷ ᠤᠨ ᠦᠰᠦᠭ ᠵᠢᠷᠤᠪᠠ᠃ ● 9 ᠰᠠᠷ᠎ᠠ ᠶᠢᠨ 27 ᠤ ᠡᠳᠦᠷ᠂ ᠬᠢᠩᠭᠠᠨ ᠠᠶᠢᠮᠠᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠠᠶᠢᠮᠠᠭ ᠤᠨ ᠳᠠᠷᠤᠭ᠎ᠠ ᠰᠦᠬᠡ ᠠᠶᠢᠮᠠᠭ ᠤᠨ ᠵᠠᠬᠢᠷᠭ᠎ᠠ ᠶᠢᠨ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ︽ᠬᠢᠩᠭᠠᠨ ᠠᠶᠢᠮᠠᠭ ᠤᠨ ᠰᠣᠶᠣᠯ ᠵᠤᠭᠠᠴᠠᠯ ᠤᠨ ᠦᠢᠯᠡᠰ ᠢ ᠲᠡᠳᠬᠦᠬᠦ ᠲᠥᠰᠦᠯ︾᠂ ︽ᠬᠢᠩᠭᠠᠨ ᠠᠶᠢᠮᠠᠭ ᠤᠨ ᠵᠤᠭᠠᠴᠠᠯ ᠤᠨ ᠦᠢᠯᠡᠰ ᠤᠨ ᠬᠥᠭᠵᠢᠯᠲᠡ ᠶᠢ ᠲᠡᠳᠬᠦᠬᠦ ᠬᠡᠷᠡᠭᠵᠢᠭᠦᠯᠬᠦ ᠲᠥᠰᠦᠯ︾ ᠢ ᠬᠢᠨᠠᠨ ᠵᠥᠪᠯᠡᠵᠦ᠂ ᠬᠤᠯᠪᠣᠭᠳᠠᠯ ᠪᠦᠬᠦᠢ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ᠃ ● 9 ᠰᠠᠷ᠎ᠠ ᠶᠢᠨ 27 — 29 ᠤ ᠡᠳᠦᠷ᠂ ᠪᠦᠬᠦ ᠠᠶᠢᠮᠠᠭ ᠤᠨ ᠬᠢᠨ ᠵᠤᠭᠠᠴᠠᠯ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢᠨ ᠲᠤᠬᠠᠢ ᠶᠢᠨ ᠲᠠᠯᠠᠪᠠᠢ ᠶᠢᠨ ᠦᠵᠡᠭᠦᠯᠦᠯᠭᠡ ᠶᠢᠨ ᠬᠤᠷᠠᠯ ᠬᠤᠷᠠᠯᠳᠤᠭᠤᠯᠵᠤ᠂ ᠭᠤᠣᠯᠳᠠᠯᠭ᠎ᠠ ᠲᠠᠢ ᠵᠤᠭᠠᠴᠠᠯ ᠤᠨ ᠲᠦᠷᠦᠯ ᠵᠦᠢᠯ ᠳᠤ ᠪᠣᠯᠪᠠᠰᠤᠷᠠᠯ ᠤᠨ ᠪᠠᠶᠢᠴᠠᠭᠠᠯᠲᠠ ᠬᠢᠵᠦ᠂ ᠡᠯ᠎ᠡ ᠭᠠᠵᠠᠷ ᠤᠨ ᠬᠤᠭᠤᠷᠣᠨᠳᠣ ᠪᠠᠨ ᠠᠳᠠᠯᠢᠳᠬᠠᠬᠤ ᠰᠤᠷᠤᠯᠴᠠᠬᠤ ᠭᠦᠢᠴᠡᠬᠦ ᠳᠠᠪᠠᠭ᠋ᠤ᠂ ᠬᠠᠷᠢᠯᠴᠠᠨ ᠠᠬᠢᠭᠤᠯᠵᠤ ᠬᠠᠮᠲᠤᠪᠠᠷ ᠤᠷᠤᠭᠰᠢᠯᠠᠬᠤ ᠶᠢ ᠠᠬᠢᠭᠤᠯᠵᠤ᠂ ᠵᠤᠭᠠᠴᠠᠯ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠪᠠᠶᠢᠳᠠᠯ ᠢ ᠲᠠᠰᠤᠷᠠᠯᠳᠡ ᠦᠭᠡᠢ ᠡᠭᠦᠳᠴᠡᠢ᠃ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠠᠶᠢᠮᠠᠭ ᠤᠨ ᠳᠠᠷᠤᠭ᠎ᠠ ᠰᠦᠬᠡ ᠬᠤᠷᠠᠯ ᠳᠤ ᠣᠷᠣᠯᠴᠠᠪᠠ᠃ ● 9 ᠰᠠᠷ᠎ᠠ ᠶᠢᠨ 30 ᠤ ᠦᠳᠡ ᠶᠢᠨ ᠡᠮᠦᠨ᠎ᠡ᠂ ᠬᠢᠩᠭᠠᠨ ᠠᠶᠢᠮᠠᠭ ᠤᠨ ᠬᠢᠨ ᠦᠷᠡᠭᠳᠡᠭᠰᠡᠨ ᠪᠠᠭᠠᠲᠤᠷᠴᠤᠳ ᠤᠨ ᠳᠤᠷᠠᠰᠬᠠᠯ ᠤᠨ ᠡᠳᠦᠷ ᠠᠷᠠᠳ ᠤᠨ ᠪᠠᠭᠠᠲᠤᠷᠴᠤᠳ ᠲᠤ ᠴᠡᠴᠡᠭᠲᠦ ᠰᠠᠭᠰᠤ ᠬᠦᠷᠭᠡᠬᠦ ᠶᠣᠰᠣᠯᠠᠯ ᠶᠠᠪᠤᠭᠤᠯᠪᠠ᠃ ᠠᠶᠢᠮᠠᠭ ᠤᠨ ᠨᠠᠮ ᠤᠨ ᠬᠤᠷᠢᠶ᠎ᠠ ᠶᠢᠨ ᠱᠦᠵᠢ ᠵᠠᠩ ᠰᠢᠶᠤᠤ ᠪᠢᠩ᠂ ᠠᠶᠢᠮᠠᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠠᠶᠢᠮᠠᠭ ᠤᠨ ᠳᠠᠷᠤᠭ᠎ᠠ ᠰᠦᠬᠡ᠂ ᠠᠶᠢᠮᠠᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠵᠦᠪᠯᠡᠯ  ᠡᠷᠬᠢᠯᠡᠭᠴᠢ ᠰᠢᠤᠢ ᠵᠦᠸᠧ᠂ ᠠᠶᠢᠮᠠᠭ ᠤᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠯᠢᠦ ᠱᠦ ᠴᠧᠩ ᠵᠡᠷᠭᠡ ᠨᠠᠮ ᠵᠠᠰᠠᠭ ᠴᠡᠷᠢᠭ ᠤᠨ ᠤᠳᠤᠷᠢᠳᠬᠤ ᠨᠥᠬᠦᠳ ᠤᠯᠠᠭᠠᠨᠬᠤᠲᠠ ᠶᠢᠨ ᠦᠷᠡᠭᠳᠡᠭᠰᠡᠨ ᠪᠠᠭᠠᠲᠤᠷᠴᠤᠳ ᠤᠨ ᠣᠩᠭᠤᠨ ᠤ ᠬᠦᠷᠢᠶᠡᠯᠡᠩ ᠳᠤ ᠢᠷᠡᠵᠦ᠂ ᠡᠯ᠎ᠡ ᠦᠨᠳᠦᠰᠦᠲᠡᠨ ᠡᠯ᠎ᠡ ᠡᠲᠡᠭᠡᠳ ᠤᠨ ᠲᠥᠯᠥᠭᠡᠯᠡᠭᠴᠢᠳ ᠲᠠᠢ ᠬᠠᠮᠲᠤ ᠪᠠᠷ ᠦᠷᠡᠭᠳᠡᠭᠰᠡᠨ ᠪᠠᠭᠠᠲᠤᠷᠴᠤᠳ ᠤᠨ ᠳᠤᠷᠠᠰᠬᠠᠯ ᠤᠨ ᠬᠥᠰᠢᠶ᠎ᠡ ᠳᠤ ᠴᠡᠴᠡᠭᠲᠦ ᠰᠠᠭᠰᠤ ᠬᠦᠷᠭᠡᠵᠦ᠂ ᠬᠤᠪᠢᠰᠬᠠᠯ ᠤᠨ ᠦᠷᠡᠭᠳᠡᠭᠰᠡᠨ ᠪᠠᠭᠠᠲᠤᠷᠴᠤᠳ ᠢ ᠳᠤᠷᠠᠰᠤᠨ ᠰᠠᠨᠠᠭᠠᠯᠵᠠᠵᠤ᠂ ᠠᠷᠠᠳ ᠤᠨ ᠪᠠᠭᠠᠲᠤᠷᠴᠤᠳ ᠲᠤ ᠬᠦᠨᠳᠦᠳᠬᠡᠯ ᠳᠡᠪᠰᠢᠭᠦᠯᠪᠡ᠃         9 ᠰᠠᠷ᠎ᠠ ᠶᠢᠨ 30 ᠤ ᠡᠳᠦᠷ᠂ ᠬᠢᠩᠭᠠᠨ ᠠᠶᠢᠮᠠᠭ ᠤᠨ ᠨᠠᠮ ᠤᠨ ᠬᠤᠷᠢᠶ᠎ᠠ ᠶᠢᠨ ᠱᠦᠵᠢ᠂ ᠠᠶᠢᠮᠠᠭ ᠤᠨ ᠨᠠᠮ ᠤᠨ ᠬᠤᠷᠢᠶ᠎ᠠ ᠶᠢᠨ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠳᠠᠷᠤᠭ᠎ᠠ ᠵᠠᠩ ᠰᠢᠶᠤᠤ ᠪᠢᠩ ᠠᠶᠢᠮᠠᠭ ᠤᠨ ᠨᠠᠮ ᠤᠨ ᠬᠤᠷᠢᠶ᠎ᠠ ᠶᠢᠨ ᠭᠡᠰᠢᠭᠦᠳ ᠤᠨ ᠬᠤᠷᠠᠯ ᠵᠢᠴᠢ ᠠᠶᠢᠮᠠᠭ ᠤᠨ ᠨᠠᠮ ᠤᠨ ᠬᠤᠷᠢᠶ᠎ᠠ ᠶᠢᠨ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠢ ᠡᠷᠭᠢᠯᠡᠨ ᠬᠤᠷᠠᠯᠳᠤᠭᠤᠯᠵᠤ᠂ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠥᠬᠦᠶ ᠬᠤᠷᠠᠯ᠂ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠨᠠᠮ ᠤᠨ ᠪᠠᠶᠢᠭᠤᠯᠤᠯᠲᠠ᠂ ᠴᠠᠭᠳᠠᠨ ᠪᠠᠶᠢᠴᠠᠭᠠᠬᠤ ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠬᠠᠷ᠎ᠠ ᠬᠥᠷᠥᠰᠥ ᠶᠢ ᠬᠠᠮᠠᠭᠠᠯᠠᠨ ᠠᠰᠢᠭᠯᠠᠬᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠵᠡᠷᠭᠡ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠲᠠᠷᠠᠭᠠᠴᠢ ᠶᠢᠨ ᠠᠯᠬᠤᠮ ᠤᠨ ᠭᠤᠤᠯᠳᠠᠯᠭ᠎ᠠ ᠲᠠᠢ ᠡᠭᠦᠷᠭᠡ ᠶᠢ ᠰᠤᠳᠤᠯᠤᠨ ᠪᠠᠶᠢᠷᠢᠯᠠᠭᠤᠯᠪᠠ᠃ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠠᠶᠢᠮᠠᠭ ᠤᠨ ᠳᠠᠷᠤᠭ᠎ᠠ ᠰᠦᠬᠡ ᠬᠤᠷᠠᠯ ᠳᠤ ᠣᠷᠣᠯᠴᠠᠪᠠ᠃
 
ᠢᠷᠡᠯᠲᠡ᠄ ᠬᠢᠩᠭᠠᠨ ᠠᠶᠢᠮᠠᠭ ᠤᠨ ᠵᠠᠬᠢᠷᠭ᠎ᠠ ᠶᠢᠨ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号