ᠬᠢᠩᠭᠠᠨ ᠠᠶᠢᠮᠠᠭ ᠤᠨ ᠲᠦᠴᠢᠦᠸᠠᠨ ᠰᠢᠶᠠᠨ᠄ ᠵᠢᠵᠢᠭ ᠡᠰᠢ ᠰᠦᠷᠡᠯ ᠶᠡᠭᠡ ᠦᠢᠯᠡᠳᠦᠯ ᠢᠶᠠᠨ ᠪᠠᠳᠠᠷᠠᠭᠤᠯᠵᠤ ︽ᠠᠮᠢ ᠠᠬᠤᠶ ᠶᠢᠨ ᠳᠠᠷᠤᠭᠠᠰᠤ︾ ᠨᠢ ︽ᠰᠢᠵᠢᠷ ᠠᠯᠲᠠᠨ ᠡᠳ᠋ ᠪᠠᠶᠠᠯᠢᠭ︾ ᠪᠣᠯᠵᠣ ᠬᠤᠪᠢᠷᠠᠪᠠ
ᠨᠡᠶᠢᠲᠡᠯᠡᠭᠰᠡᠨ ᠴᠠᠭ᠄
2022/11/17
   
  ᠬᠢᠩᠭᠠᠨ ᠠᠶᠢᠮᠠᠭ ᠤᠨ ᠲᠦᠴᠢᠦᠸᠠᠨ ᠰᠢᠶᠠᠨ ᠪᠣᠯ ᠲᠠᠷᠢᠶᠠᠯᠠᠩ ᠤᠨ ᠲᠤᠮᠤ ᠰᠢᠶᠠᠨ ᠪᠣᠯᠤᠨ᠎ᠠ᠂ ᠲᠠᠷᠢᠶᠠᠨ ᠭᠠᠵᠠᠷ 266 ᠲᠦᠮᠡᠨ ᠮᠦ᠂ ᠡᠷᠳᠡᠨᠢ ᠰᠢᠰᠢ ᠶᠢᠨ ᠲᠠᠷᠢᠮᠠᠯ ᠤᠨ ᠲᠠᠯᠠᠪᠠᠢ 190 ᠭᠠᠷᠤᠢ ᠲᠦᠮᠡᠨ ᠮᠦ ᠳᠤ ᠬᠦᠷᠴᠡᠢ᠃ ᠨᠠᠮᠤᠷ ᠤᠨ ᠬᠤᠷᠢᠶᠠᠯᠲᠠ ᠶᠢᠨ ᠳᠠᠷᠠᠭ᠎ᠠ᠂ ᠡᠰᠢ ᠰᠦᠷᠡᠯ ᠤᠨ ᠪᠣᠶ ᠪᠣᠯᠬᠤ ᠬᠡᠮᠵᠢᠶ᠎ᠡ ᠨᠢ ᠶᠡᠭᠡ᠂ ᠴᠠᠭ ᠨᠢ ᠲᠥᠪᠯᠡᠷᠡᠩᠭᠦᠶ ᠪᠠᠶᠢᠳᠠᠭ ᠪᠣᠯᠬᠤᠷ ᠡᠰᠢ ᠰᠦᠷᠡᠯ ᠢ ᠬᠡᠷᠬᠢᠨ ᠵᠥᠪ  ᠰᠢᠢᠳᠪᠦᠷᠢᠯᠡᠬᠦ ᠨᠢ ᠶᠡᠷᠦ ᠨᠢ ᠲᠠᠷᠢᠶᠠᠯᠠᠩ ᠤᠨ  ᠦᠢᠯᠡᠳᠪᠦᠷᠢᠯᠡᠯ ᠪᠠ ᠣᠷᠴᠢᠨ ᠠᠬᠤᠶ ᠶᠢᠨ ᠬᠠᠮᠠᠭᠠᠯᠠᠯᠲᠠ ᠶᠢᠨ ᠡᠪᠡᠷᠰᠢᠶᠡᠯ ᠤᠨ ᠴᠡᠭ᠂ ᠬᠦᠴᠢᠷᠳᠡᠯ ᠤᠨ ᠴᠡᠭ᠂ ᠲᠦᠭᠵᠢᠷᠡᠯ ᠤᠨ ᠴᠡᠭ ᠪᠣᠯᠵᠣ ᠪᠠᠶᠢᠳᠠᠭ᠃ ᠣᠶᠢᠷ᠎ᠠ ᠶᠢᠨ ᠵᠢᠯ ᠤᠳ ᠲᠤ᠂ ᠲᠦᠴᠢᠦᠸᠠᠨ ᠰᠢᠶᠠᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠳᠤ ᠰᠠᠭᠤᠷᠢᠯᠠᠨ᠂ ᠬᠠᠨᠳᠤᠰᠢ ᠳᠤᠨᠢ ᠲᠣᠬᠢᠷᠠᠭᠤᠯᠤᠨ ᠬᠥᠲᠥᠯᠥᠨ ᠵᠢᠯᠣᠭᠤᠳᠴᠤ᠂ ᠡᠰᠢ ᠰᠦᠷᠡᠯ ᠢ ᠰᠢᠲᠠᠭᠠᠬᠤ ᠶᠢ ᠴᠠᠭᠠᠵᠠᠯᠠᠭᠰᠠᠨ ᠰᠠᠭᠤᠷᠢᠨ ᠳᠡᠭᠡᠷ᠎ᠡ᠂ ᠡᠰᠢ ᠰᠦᠷᠡᠯ ᠢ ᠪᠣᠷᠲᠣᠭᠤᠷ ᠪᠣᠯᠭᠠᠬᠤ᠂ ᠲᠡᠵᠢᠭᠡᠯ ᠪᠣᠷᠳᠤᠭ᠎ᠠ ᠪᠣᠯᠭᠠᠬᠤ᠂ ᠰᠠᠭᠤᠷᠢ ᠮᠠᠲ᠋ᠧᠷᠢᠶᠠᠯ ᠪᠣᠯᠭᠠᠬᠤ᠂ ᠲᠦᠭᠦᠬᠡᠶ ᠮᠠᠲ᠋ᠧᠷᠢᠶᠠᠯ ᠪᠣᠯᠭᠠᠬᠤ᠂ ᠲᠦᠯᠡᠰᠢᠵᠢᠭᠦᠯᠬᠦ ︽ᠲᠠᠪᠤᠨ ᠲᠠᠯ᠎ᠠ ᠶᠢᠨ︾ ᠶᠡᠷᠦᠩᠬᠡᠶᠢᠯᠡᠨ ᠠᠰᠢᠭᠯᠠᠬᠤ ᠶᠢ ᠥᠷᠭᠡᠨ ᠢᠶᠠᠷ ᠥᠷᠨᠢᠭᠦᠯᠵᠦ᠂ ᠲᠠᠷᠢᠶᠠᠯᠠᠩ ᠤᠨ ᠦᠷ᠎ᠡ ᠠᠰᠢᠭ ᠢ ᠨᠡᠮᠡᠭᠳᠡᠭᠦᠯᠬᠦ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠶᠢ ᠠᠬᠢᠭᠤᠯᠵᠤ᠂ ︽ᠠᠮᠢ ᠠᠬᠤᠶ ᠶᠢᠨ ᠳᠠᠷᠤᠭᠠᠰᠤ︾ ᠶᠢ ︽ᠰᠢᠵᠢᠷ ᠠᠯᠲᠠᠨ ᠡᠳ᠋ ᠪᠠᠶᠠᠯᠢᠭ︾ ᠪᠣᠯᠭᠠᠨ ᠬᠤᠪᠢᠷᠠᠭᠤᠯᠵᠤ᠂ ᠵᠢᠵᠢᠭ ᠡᠰᠢ ᠰᠦᠷᠡᠯ ᠤᠨ ᠶᠡᠭᠡ ᠦᠢᠯᠡᠳᠦᠯ ᠢ ᠪᠠᠳᠠᠷᠠᠭᠤᠯᠪᠠ᠃
 
ᠢᠷᠡᠯᠲᠡ᠄ ᠬᠢᠩᠭᠠᠨ ᠤ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号