ᠠᠶᠢᠮᠠᠭ ᠤᠨ ᠨᠠᠮ ᠤᠨ ᠬᠤᠷᠢᠶ᠎ᠠ ᠶᠢᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ  ᠲᠤᠭᠤᠰᠢᠯᠠᠭᠤᠯᠬᠤ ᠲᠤᠰᠬᠠᠶ ᠰᠡᠳᠦᠪᠲᠦ ᠨᠣᠮ ᠤᠩᠰᠢᠬᠤ ᠠᠩᠭᠢ ᠵᠢᠴᠢ ᠠᠶᠢᠮᠠᠭ ᠤᠨ ᠨᠠᠮ ᠤᠨ ᠬᠤᠷᠢᠶ᠎ᠠ ᠶᠢᠨ ᠣᠨᠣᠯ ᠰᠤᠷᠤᠯᠴᠠᠬᠤ ᠭᠤᠤᠯ ᠳᠤᠭᠤᠶᠢᠯᠠᠩ ᠤᠨ ᠬᠠᠮᠲᠤ ᠶᠢᠨ ᠰᠤᠷᠤᠯᠴᠠᠯᠭ᠎ᠠ ᠶᠢᠨ ᠰᠤᠳᠤᠯᠤᠨ ᠶᠠᠷᠢᠯᠴᠠᠬᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2022/11/17
         11 ᠰᠠᠷ᠎ᠠ ᠶᠢᠨ 15 ᠤ ᠡᠳᠦᠷ᠂ ᠠᠶᠢᠮᠠᠭ ᠤᠨ ᠨᠠᠮ ᠤᠨ ᠬᠤᠷᠢᠶ᠎ᠠ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠲᠤᠰᠬᠠᠶ ᠰᠡᠳᠦᠪᠲᠦ ᠨᠣᠮ ᠤᠩᠰᠢᠬᠤ ᠠᠩᠭᠢ ᠵᠢᠴᠢ ᠠᠶᠢᠮᠠᠭ ᠤᠨ ᠨᠠᠮ ᠤᠨ ᠬᠤᠷᠢᠶ᠎ᠠ ᠶᠢᠨ ᠣᠨᠣᠯ ᠰᠤᠷᠤᠯᠴᠠᠬᠤ ᠭᠤᠤᠯ ᠳᠤᠭᠤᠶᠢᠯᠠᠩ ᠤᠨ ᠬᠠᠮᠲᠤ ᠶᠢᠨ ᠰᠤᠷᠤᠯᠴᠠᠯᠭ᠎ᠠ ᠶᠢᠨ ᠰᠤᠳᠤᠯᠤᠨ ᠶᠠᠷᠢᠯᠴᠠᠬᠤ ᠬᠤᠷᠠᠯ ᠡᠷᠭᠢᠯᠡᠵᠦ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ  ᠲᠤᠭᠤᠰᠢᠯᠠᠭᠤᠯᠬᠤ  ᠶᠢᠨ ᠲᠣᠭᠤᠷᠢᠨ ᠳᠤ ᠰᠤᠳᠤᠯᠤᠨ ᠶᠠᠷᠢᠯᠴᠠᠵᠤ ᠰᠣᠯᠢᠯᠴᠠᠭ᠎ᠠ ᠥᠷᠨᠢᠭᠦᠯᠪᠡ᠃ ᠠᠶᠢᠮᠠᠭ ᠤᠨ ᠨᠠᠮ ᠤᠨ ᠬᠤᠷᠢᠶ᠎ᠠ ᠶᠢᠨ ᠱᠦᠵᠢ ᠵᠠᠩ ᠰᠢᠶᠤᠤ ᠪᠢᠩ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠶ᠃            ᠠᠶᠢᠮᠠᠭ ᠤᠨ ᠱᠠᠲᠤᠨ ᠤ ᠤᠳᠤᠷᠢᠳᠤᠯᠭ᠎ᠠ᠂ ᠡᠯ᠎ᠡ ᠬᠤᠰᠢᠭᠤ ᠰᠢᠶᠠᠨ ᠬᠤᠲᠠ ᠪᠣᠯᠤᠨ ᠠᠶᠢᠮᠠᠭ ᠤᠨ ᠠᠲᠠᠷ ᠬᠠᠭᠠᠯᠪᠤᠷᠢᠯᠠᠯᠲᠠ ᠶᠢᠨ ᠪᠦᠯᠦᠭᠯᠡᠯ ᠤᠨ ᠭᠤᠤᠯ ᠬᠠᠷᠢᠭᠤᠴᠠᠯᠭᠠᠲᠠᠨ ᠨᠥᠬᠦᠳ ᠬᠤᠷᠠᠯ ᠠᠴᠠ ᠡᠮᠦᠨ᠎ᠡ ᠬᠤᠶᠠᠷ ᠡᠳᠦᠷ ᠥᠪᠡᠰᠦᠪᠡᠨ ᠰᠤᠷᠤᠯᠴᠠᠵᠤ᠂ ᠣᠯᠠᠨ ᠢᠶᠠᠷ ᠢᠶᠠᠨ ᠪᠣᠳᠠᠲᠠᠶ ᠲᠠᠢ ᠪᠠᠨ ᠤᠶᠠᠯᠳᠤᠭᠤᠯᠤᠨ ᠭᠦᠨᠵᠡᠭᠡᠶ ᠰᠡᠳᠬᠢᠨ ᠪᠣᠳᠣᠯᠬᠢᠯᠠᠵᠤ᠂ ᠰᠤᠷᠤᠯᠴᠠᠭᠰᠠᠨ ᠲᠥᠷᠥᠭᠳᠡᠯ ᠢᠶᠠᠨ ᠨᠠᠷᠢᠨ ᠬᠢᠨᠠᠮᠠᠭᠠᠶ ᠪᠢᠴᠢᠭᠰᠡᠨ ᠪᠥᠭᠡᠳ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠳᠡᠭᠡᠷ᠎ᠡ ᠰᠠᠨᠠᠯ ᠢᠶᠠᠨ ᠰᠣᠯᠢᠯᠴᠠᠵᠤ ᠶᠠᠷᠢᠶ᠎ᠠ ᠲᠠᠯᠪᠢᠪᠠ᠃         ᠬᠤᠷᠠᠯ ᠠᠴᠠ ᠵᠢᠭᠠᠵᠦ ᠭᠠᠷᠭᠠᠭᠰᠠᠨ ᠨᠢ᠂ ᠨᠠᠮ ᠤᠨ ᠬᠤᠷᠢᠳᠤᠭᠠᠷ ᠶᠡᠭᠡ ᠬᠤᠷᠠᠯ ᠠᠴᠠ ᠤᠯᠤᠰ ᠲᠦᠷᠦ ᠶᠢᠨ ᠲᠠᠯ᠎ᠠ ᠪᠠᠷ᠂ ᠤᠨᠤᠯ ᠤᠨ ᠲᠠᠯ᠎ᠠ ᠪᠠᠷ᠂ ᠦᠢᠯᠡᠳᠦᠯᠭᠡ ᠶᠢᠨ ᠲᠠᠯ᠎ᠠ ᠪᠠᠷ ᠠᠯᠢ ᠤᠯᠠᠨ ᠴᠢᠬᠤᠯᠠ ᠶᠡᠭᠡ ᠦᠷ᠎ᠡ ᠪᠦᠲᠦᠭᠡᠯ ᠣᠯᠵᠤ᠂ ᠰᠢᠨ᠎ᠡ ᠴᠠᠭ ᠦᠶ᠎ᠡ ᠶᠢᠨ ᠰᠢᠨ᠎ᠡ ᠠᠶᠠᠨ ᠳᠠᠬᠢ ᠨᠠᠮ ᠪᠣᠯᠤᠨ ᠤᠯᠤᠰ ᠤᠨ ᠦᠢᠯᠡᠰ ᠤᠨ ᠬᠥᠭᠵᠢᠯᠲᠡ ᠳᠤ ᠤᠷᠤᠭᠰᠢᠯᠠᠯᠲᠠ ᠶᠢᠨ ᠴᠢᠭᠯᠡᠯ ᠢ ᠵᠢᠭᠠᠵᠤ᠂ ᠠᠵᠢᠯᠯᠠᠭᠠᠨ ᠤ ᠵᠦᠭᠯᠡᠭᠦᠷ ᠢ ᠲᠣᠭᠲᠠᠭᠠᠵᠠᠢ᠃ ᠪᠦᠬᠦ ᠠᠶᠢᠮᠠᠭ ᠤᠨ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠬᠡᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠰᠤᠷᠤᠯᠴᠠᠵᠤ᠂ ᠪᠦᠬᠦ ᠲᠠᠯ᠎ᠠ ᠪᠠᠷ ᠡᠵᠡᠮᠰᠢᠵᠦ᠂ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠦᠵᠡᠯ ᠰᠠᠨᠠᠭ᠎ᠠ ᠪᠣᠯᠤᠨ ᠦᠢᠯᠡ ᠠᠵᠢᠯᠯᠠᠭ᠎ᠠ ᠪᠠᠨ ᠦᠨᠡᠨᠬᠦ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠳᠡᠭᠡᠷ᠎ᠡ ᠨᠢᠭᠡᠳᠬᠡᠵᠦ᠂ ᠤᠶᠤᠨ ᠤᠬᠠᠭᠠᠨ ᠪᠣᠯᠤᠨ ᠬᠦᠴᠦᠨ ᠴᠢᠳᠠᠯ ᠢᠶᠠᠨ ᠶᠡᠭᠡ ᠬᠤᠷᠠᠯ ᠠᠴᠠ ᠲᠣᠭᠲᠠᠭᠠᠭᠰᠠᠨ ᠬᠠᠷᠠᠯᠲᠠ ᠡᠭᠦᠷᠭᠡ ᠳᠡᠭᠡᠷ᠎ᠡ ᠨᠢᠭᠲᠠᠷᠠᠭᠤᠯᠵᠤ᠂ ᠨᠡᠩ ᠡᠷᠡᠰ ᠪᠠᠲᠤ ᠤᠯᠤᠰ ᠲᠦᠷᠦ ᠶᠢᠨ ᠤᠬᠠᠮᠰᠠᠷ᠂ ᠨᠡᠩ ᠲᠡᠭᠦᠯᠳᠡᠷ ᠤᠶᠤᠨ ᠰᠠᠨᠠᠭᠠᠨ ᠤ ᠳᠦᠷᠰᠦ ᠪᠠᠶᠢᠳᠠᠯ᠂ ᠨᠡᠩ ᠪᠣᠳᠠᠲᠠᠢ ᠶᠢ ᠡᠷᠬᠢᠮᠯᠡᠭᠰᠡᠨ ᠠᠵᠢᠯ ᠤᠨ ᠠᠷᠭ᠎ᠠ ᠬᠡᠮᠵᠢᠶ᠎ᠡ ᠪᠠᠷ ᠪᠦᠬᠦ ᠠᠶᠢᠮᠠᠭ ᠤᠨ ᠡᠯ᠎ᠡ ᠵᠦᠢᠯ ᠤᠨ ᠦᠢᠯᠡᠰ ᠢ ᠲᠠᠰᠤᠷᠠᠯᠲᠠ ᠦᠭᠡᠢ ᠠᠬᠢᠭᠤᠯᠬᠤ ᠬᠡᠷᠡᠭᠲᠡᠢ ᠭᠡᠪᠠ᠃       ᠬᠤᠷᠠᠯ ᠠᠴᠠ ᠴᠢᠩᠭᠠᠳᠬᠠᠭᠰᠠᠨ ᠨᠢ᠂ ︽ᠬᠤᠶᠠᠷ ᠢ ᠲᠣᠭᠲᠠᠭᠠᠬᠤ︾ ᠶᠢ ᠭᠤᠶᠢᠪᠢᠰᠢ ᠦᠭᠡᠢ ᠪᠠᠷᠢᠮᠲᠠᠯᠠᠵᠤ᠂ ᠤᠯᠤᠰ ᠲᠦᠷᠦ ᠶᠢᠨ ᠮᠠᠭᠠᠳᠯᠠᠬᠤ ᠴᠢᠳᠠᠪᠤᠷᠢ᠂ ᠤᠯᠤᠰ ᠲᠦᠷᠦ ᠶᠢᠨ ᠣᠶᠢᠯᠠᠭᠠᠬᠤ ᠴᠢᠳᠠᠪᠤᠷᠢ᠂ ᠤᠯᠤᠰ ᠲᠦᠷᠦ ᠶᠢᠨ ᠬᠡᠷᠡᠭᠵᠢᠭᠦᠯᠬᠦ ᠬᠦᠴᠦᠨ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠦᠵᠡᠯ ᠰᠠᠨᠠᠭ᠎ᠠ ᠤᠯᠤᠰ ᠲᠦᠷᠦ ᠦᠢᠯᠡ ᠠᠵᠢᠯᠯᠠᠭ᠎ᠠ ᠶᠢᠨ ᠲᠠᠯ᠎ᠠ ᠪᠠᠷ ᠢᠮᠠᠭᠲᠠ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ  ᠬᠤᠷᠢᠶ᠎ᠠ ᠲᠠᠢ ᠳᠡᠭᠡᠳᠦ ᠬᠡᠮᠵᠢᠶ᠎ᠡ ᠪᠠᠷ ᠨᠢᠭᠡᠳᠦᠯᠲᠡᠢ ᠪᠠᠶᠢᠬᠤ ᠬᠡᠷᠡᠭᠲᠡᠢ᠃ ᠲᠠᠪᠤᠨ ᠶᠡᠭᠡ ᠡᠭᠦᠷᠭᠡ ᠶᠢ ᠪᠡᠶᠡᠯᠡᠭᠦᠯᠵᠦ ᠦᠷ᠎ᠡ ᠪᠦᠲᠦᠮᠵᠢ ᠭᠠᠷᠭᠠᠬᠤ᠂ ᠳᠦᠷᠦᠯ ᠵᠦᠢᠯᠴᠢᠯᠡᠬᠦ᠂ ᠨᠠᠷᠢᠨ ᠳᠠᠩᠰᠠᠴᠢᠯᠠᠬᠤ᠂ ᠪᠣᠳᠠᠲᠠᠶᠢᠵᠢᠭᠤᠯᠤᠨ ᠡᠯ᠎ᠡ ᠳᠦᠷᠦᠯ ᠤᠨ ᠠᠵᠢᠯ ᠤᠨ ᠨᠠᠶᠢᠳᠠᠪᠤᠷᠢᠵᠢᠭᠤᠯᠤᠯᠲᠠ ᠶᠢ ᠠᠬᠢᠭᠤᠯᠬᠤ ᠶᠢ ᠡᠷᠡᠰ ᠭᠤᠶᠢᠪᠢᠰᠢ ᠦᠬᠡᠢ ᠠᠬᠢᠭᠤᠯᠵᠤ᠂ ᠶᠡᠷᠦᠩᠬᠡᠢ ᠱᠦᠵᠢ ᠰᠢ ᠶᠢᠨ ᠫᠢᠩ  ᠤᠨ ᠥᠪᠥᠷ ᠮᠣᠩᠭᠤᠯ ᠳᠤ ᠥᠭᠭᠦᠭᠰᠡᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠪᠣᠳᠠᠲᠠᠢ ᠠᠵᠢᠯᠯᠠᠭ᠎ᠠ ᠪᠠ ᠠᠮᠢᠳᠤᠯᠢᠭ ᠦᠢᠯᠡᠳᠦᠯᠭᠡ ᠪᠣᠯᠭᠠᠨ ᠬᠤᠪᠢᠷᠠᠭᠤᠯᠬᠤ ᠶᠢ ᠦᠨᠡᠨᠬᠦ ᠠᠬᠢᠭᠤᠯᠬᠤ ᠬᠡᠷᠡᠭᠲᠡᠢ᠃ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢ ᠡᠷᠡᠰ ᠭᠤᠶᠢᠪᠢᠰᠢ ᠥᠬᠡᠶ ᠴᠢᠩᠭᠠᠳᠬᠠᠵᠤ᠂ ᠬᠠᠮᠠᠭᠠᠯᠠᠬᠤ᠂ ᠵᠠᠰᠠᠬᠤ᠂ ᠬᠤᠪᠢᠷᠠᠭᠤᠯᠬᠤ ᠭᠤᠷᠪᠠᠨ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ︽ᠤᠯᠤᠰ ᠤᠨ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠠᠶᠢᠮᠠᠭ︾ ︽ᠬᠥᠬᠡᠮᠳᠦᠭ ᠨᠣᠭᠤᠭᠠᠨ ᠠᠭᠤᠯᠠ ᠤᠰᠤ ᠪᠣᠯ ᠳᠠᠷᠤᠶ ᠠᠯᠲᠠᠨ ᠠᠭᠤᠯᠠ ᠮᠥᠩᠭᠦᠨ ᠠᠭᠤᠯᠠ ᠮᠥᠨ︾ ᠭᠡᠬᠦ  ᠦᠢᠯᠡᠳᠦᠯᠭᠡ ᠶᠢᠨ ᠰᠢᠨ᠎ᠡ ᠶᠢ ᠡᠭᠦᠳᠬᠦ ᠰᠠᠭᠤᠷᠢᠨ ᠭᠠᠵᠠᠷ ᠤᠨ ᠨᠡᠷ᠎ᠡ ᠶᠢᠨ ᠬᠠᠭᠤᠳᠠᠰᠤ ᠶᠢ ᠦᠨᠡᠨ ᠬᠦ ᠲᠣᠳᠣᠷᠬᠠᠶ ᠪᠣᠯᠭᠠᠬᠤ ᠬᠡᠷᠡᠭᠲᠡᠶ᠃ ᠴᠢᠨᠠᠷ ᠰᠠᠶᠢᠲᠠᠢ ᠬᠥᠭᠵᠢᠯᠲᠡ ᠶᠢ ᠭᠤᠶᠢᠪᠢᠰᠢ ᠦᠭᠡᠢ ᠠᠬᠢᠭᠤᠯᠵᠤ᠂ ᠠᠮᠤ ᠪᠤᠳᠠᠭᠠᠨ ᠤ ᠦᠢᠯᠡᠳᠪᠦᠷᠢᠯᠡᠯ᠂ ᠰᠦ ᠶᠢᠨ ᠦᠢᠯᠡᠰ ᠤᠨ ᠬᠥᠭᠵᠢᠯᠲᠡ᠂ ᠴᠡᠪᠡᠷ ᠡᠨᠧᠷᠭᠢ᠂ ᠵᠤᠭᠠᠴᠠᠯ ᠤᠨ ᠦᠢᠯᠡᠰ᠂ ᠤᠯᠠᠮᠵᠢᠯᠠᠯᠲᠤ ᠠᠵᠤ ᠦᠢᠯᠡᠰ ᠤᠨ ᠳᠡᠰ ᠳᠡᠪᠰᠢᠬᠦ᠂ ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ᠂ ᠡᠬᠢ ᠪᠠᠶᠠᠯᠢᠭ ᠢ ᠠᠷᠪᠢᠯᠠᠵᠤ ᠡᠷᠴᠢᠮᠵᠢᠭᠦᠯᠦᠨ ᠠᠰᠢᠭᠯᠠᠬᠤ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠵᠡᠷᠭᠡ ᠡᠯ᠎ᠡ ᠵᠦᠢᠯ ᠤᠨ ᠭᠤᠣᠯᠳᠠᠯᠭ᠎ᠠ ᠲᠠᠢ ᠡᠭᠦᠷᠭᠡ ᠶᠢ ᠦᠷᠭᠦᠯᠵᠢᠯᠡᠨ ᠬᠦᠴᠦᠯᠡᠨ ᠰᠠᠶᠢᠲᠤᠷ ᠠᠳᠬᠤᠵᠤ᠂ ᠠᠵᠤ ᠠᠬᠤᠢ ᠶᠢᠨ ᠶᠠᠰᠤ ᠴᠢᠨᠠᠷ ᠢ ᠪᠦᠲᠦᠮᠵᠢᠲᠡᠢ ᠳᠡᠭᠡᠭᠰᠢᠯᠡᠭᠦᠯᠬᠦ ᠪᠠ  ᠬᠡᠮᠵᠢᠶ᠎ᠡ ᠶᠢ ᠵᠣᠬᠢᠰᠲᠠᠢ ᠨᠡᠮᠡᠭᠳᠡᠭᠦᠯᠬᠦ ᠶᠢ ᠠᠬᠢᠭᠤᠯᠬᠤ ᠬᠡᠷᠡᠭᠲᠡᠢ᠃ ᠠᠷᠠᠳ ᠤᠨ ᠠᠮᠢᠳᠤᠷᠠᠯ ᠤᠨ ᠪᠠᠲᠤᠯᠠᠭ᠎ᠠ ᠪᠠ ᠦᠨᠳᠦᠰᠦᠲᠡᠨ ᠤ ᠪᠦᠯᠬᠦᠮᠳᠡᠯ ᠢ ᠭᠤᠶᠢᠪᠢᠰᠢ ᠦᠭᠡᠶ ᠰᠠᠶᠢᠲᠤᠷ ᠠᠳᠬᠤᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠶᠢ ᠦᠷᠭᠦᠯᠵᠢᠯᠡᠨ ᠠᠬᠢᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠴᠠᠭ ᠲᠤᠬᠠᠶ ᠳᠤᠨᠢ ᠲᠣᠬᠢᠷᠠᠭᠤᠯᠤᠨ ᠰᠢᠯᠢᠳᠡᠭᠵᠢᠭᠦᠯᠵᠦ᠂ ᠠᠷᠠᠳ ᠣᠯᠠᠨ ᠤ ᠠᠩᠬᠠᠷᠴᠤ ᠪᠠᠶᠢᠭ᠎ᠠ ᠪᠠᠴᠢᠮ ᠪᠡᠷᠬᠡ ᠵᠣᠪᠠᠨᠢᠯ ᠬᠦᠰᠡᠯ ᠤᠨ ᠠᠰᠠᠭᠤᠳᠠᠯ ᠢ ᠰᠡᠳᠬᠢᠯᠭᠡ ᠪᠠᠷ ᠢᠶᠠᠨ ᠰᠠᠶᠢᠲᠤᠷ ᠰᠢᠢᠳᠪᠦᠷᠢᠯᠡᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠵᠢᠱᠢᠶ᠎ᠡ ᠦᠵᠡᠭᠦᠯᠬᠦ ᠠᠶᠢᠮᠠᠭ ᠢ ᠬᠦᠴᠦᠯᠡᠨ ᠪᠠᠶᠢᠭᠤᠯᠵᠤ᠂ ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠬᠢᠵᠢᠭᠦᠯᠬᠦ ᠳᠤ ᠢᠳᠡᠪᠬᠢᠲᠡᠶ ᠬᠤᠪᠢ ᠨᠡᠮᠡᠷᠢ ᠦᠵᠡᠭᠦᠯᠬᠦ ᠬᠡᠷᠡᠭᠲᠡᠶ᠃ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠭᠤᠶᠢᠪᠢᠰᠢ ᠦᠭᠡᠢ ᠠᠬᠢᠭᠤᠯᠵᠤ᠂ ᠤᠨᠤᠯ ᠢᠶᠠᠷ ᠵᠡᠪᠰᠡᠭᠯᠡᠬᠦ ᠶᠢ ᠴᠥᠬᠦᠷᠡᠰᠢ ᠦᠭᠡᠢ ᠴᠢᠩᠭᠠᠳᠬᠠᠵᠤ᠂ ᠤᠯᠤᠰ ᠲᠦᠷᠦ ᠶᠢᠨ ᠬᠢᠨᠠᠯᠲᠠ ᠶᠢ ᠬᠦᠴᠦᠯᠡᠨ ᠴᠢᠩᠭᠠᠳᠬᠠᠵᠤ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ ᠶᠢᠨ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠰᠤᠷᠲᠠᠯ ᠢ ᠲᠥᠪ ᠪᠣᠯᠭᠠᠨ ᠰᠠᠬᠢᠯᠭ᠎ᠠ ᠪᠠᠲᠤ ᠶᠢ ᠴᠢᠩᠳᠠᠯᠠᠵᠤ ᠢᠯᠵᠢᠷᠡᠯ ᠢ ᠡᠰᠡᠷᠭᠦᠴᠡᠬᠦ ᠶᠢ ᠴᠥᠬᠦᠷᠡᠰᠢ ᠦᠭᠡᠢ ᠪᠠᠷᠢᠮᠲᠠᠯᠠᠵᠤ᠂ ᠺᠠᠳ᠋ᠷᠴᠤᠳ ᠤᠨ ᠬᠠᠷᠢᠭᠤᠴᠠᠯᠭ᠎ᠠ ᠡᠭᠦᠷᠭᠡᠯᠡᠨ ᠠᠵᠢᠯ ᠦᠢᠯᠡᠰ ᠪᠦᠲᠦᠭᠡᠬᠦ ᠶᠢ ᠴᠢᠨᠠᠭᠰᠢᠳᠠ ᠵᠣᠷᠢᠭᠵᠢᠭᠤᠯᠵᠤ᠂ ᠡᠯ᠎ᠡ ᠵᠦᠢᠯ ᠤᠨ ᠦᠢᠯᠡᠰ ᠤᠨ ᠬᠥᠭᠵᠢᠯᠲᠡ ᠶᠢ ᠠᠬᠢᠭᠤᠯᠬᠤ ᠳᠤ ᠪᠠᠲᠤ ᠴᠢᠩᠭ᠎ᠠ ᠪᠠᠲᠤᠯᠠᠭ᠎ᠠ ᠬᠠᠩᠭᠠᠬᠤ ᠬᠡᠷᠡᠭᠲᠡᠢ᠃    ᠬᠤᠷᠠᠯ ᠠᠴᠠ ᠪᠠᠰᠠ ᠵᠢᠯ ᠤᠨ ᠡᠴᠦᠰ ᠤᠨ ᠡᠭᠦᠷᠭᠡ ᠶᠢ ᠰᠠᠶᠢᠲᠤᠷ ᠳᠠᠭᠤᠰᠬᠠᠬᠤ᠂ ᠢᠷᠡᠬᠦ ᠵᠢᠯ ᠤᠨ ᠠᠵᠢᠯ ᠢ ᠤᠷᠢᠳᠴᠢᠯᠠᠨ ᠲᠥᠯᠥᠪᠵᠢᠭᠦᠯᠬᠦ ᠲᠤᠬᠠᠢ ᠲᠤᠬᠢᠷᠠᠭᠤᠯᠤᠯᠲᠠ ᠪᠠᠶᠢᠷᠢᠯᠠᠭᠤᠯᠤᠯᠲᠠ ᠬᠢᠵᠡᠢ᠃
 
ᠢᠷᠡᠯᠲᠡ᠄ ᠬᠢᠩᠭᠠᠨ ᠤ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号